ᠬᠤᠤᠯᠢᠨ ᠵᠠᠰᠠᠭ ᠦᠰᠦᠭ ﹇2018﹈ 75 ᠳ᠋ᠤᠭᠠᠷ ᠳᠣᠭᠠᠳᠣ | ︽ᠬᠤᠤᠯᠢᠩᠭᠤᠤᠯ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ | ᠶᠢᠨ ᠳᠣᠰᠬᠠᠢ ᠳᠦᠷᠦᠯ ᠳᠤ ᠴᠡᠭᠴᠡᠯᠡᠨ ᠵᠠᠰᠠᠯᠳᠠ ᠦᠷᠨᠢᠬᠦᠯᠬᠦ ᠳᠤᠬᠠᠢ ᠬᠡᠷᠡᠭᠵᠢᠬᠦᠯᠬᠦ ᠳᠦᠰᠦᠯ︾ ᠢ ᠳᠠᠷᠤᠮᠠᠯᠯᠠᠨ | ᠶᠠᠪᠤᠭᠤᠯᠬᠤ ᠳᠤᠬᠠᠢ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ | | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢᠬᠡᠴᠡ ᠳᠤ᠄ | ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠬᠡᠳ ︽ᠬᠤᠤᠯᠢᠩᠭᠤᠤᠯ ᠬᠤᠳᠠ ᠶᠢᠨ | ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ ᠶᠢᠨ ᠳᠣᠰᠬᠠᠢ ᠳᠦᠷᠦᠯ ᠳᠤ | ᠴᠡᠭᠴᠡᠯᠡᠨ ᠵᠠᠰᠠᠯᠳᠠ ᠦᠷᠨᠢᠬᠦᠯᠬᠦ ᠳᠤᠬᠠᠢ ᠬᠡᠷᠡᠭᠵᠢᠬᠦᠯᠬᠦ ᠳᠦᠰᠦᠯ︾ ᠢ ᠡᠳᠤᠬᠡ ᠳᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠤᠰᠤᠭᠠᠷ ᠬᠢᠨᠠᠮᠠᠭᠠᠢ ᠳᠤᠤᠱᠯᠠᠭᠤᠯᠤᠨ | ᠨᠠᠶᠢᠳᠠᠪᠤᠷᠢᠵᠢᠭᠤᠯᠳᠤᠭᠠᠢ᠃ | 2018 ᠤᠨ ᠤ 5 ᠳ᠋ᠤᠭᠠᠷ ᠰᠠᠷ᠎ᠠ ᠶᠢᠨ 31 ᠤ ᠡᠳᠤᠷ | ᠬᠤᠤᠯᠢᠩᠭᠤᠤᠯ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ | ᠶᠢᠨ ᠳᠣᠰᠬᠠᠢ ᠳᠦᠷᠦᠯ ᠳᠤ ᠴᠡᠭᠴᠡᠯᠡᠨ ᠵᠠᠰᠠᠯᠳᠠ ᠦᠷᠨᠢᠬᠦᠯᠬᠦ ᠳᠤᠬᠠᠢ ᠬᠡᠷᠡᠭᠵᠢᠬᠦᠯᠬᠦ ᠳᠦᠰᠦᠯ | ᠮᠠᠨ ᠤ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠤᠨ ᠡᠵᠡᠩᠨᠡᠯᠳᠡ ᠶᠢᠨ ᠡᠮᠬᠢ ᠲᠢᠭᠯᠢᠮ ᠢ | ᠳᠦᠷᠢᠮᠵᠢᠬᠦᠯᠵᠤ᠂ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠠᠵᠢᠯ ᠳᠦᠷᠦᠯ ᠤᠨ ᠦᠪᠡᠷ ᠢ ᠪᠠᠨ | ᠱᠠᠭᠠᠷᠳᠠᠬᠤ ᠤᠬᠠᠮᠰᠠᠷ ᠪᠤᠯᠤᠨ ᠠᠵᠢᠯᠯᠠᠠᠭᠰᠡᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠬᠡᠭᠰᠢᠯᠡᠬᠦᠯᠵᠤ᠂ ᠳᠠᠬᠢᠨ | ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠰᠢᠰᠲ᠋ᠧᠮ ᠢ ᠡᠷᠡᠬᠦᠯ ᠢᠶᠠᠷ ᠬᠦᠭᠵᠢᠬᠦᠯᠬᠦ ᠶᠢᠨ ᠳᠦᠯᠦᠬᠡ ︽ᠳᠠᠬᠢᠨ | ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠬᠠᠮᠢᠶᠠᠷᠤᠯᠳᠠ ᠶᠢᠨ ᠠᠷᠭ᠎ᠠ︾ ︵ᠬᠤᠳᠠᠯᠳᠤᠭ᠎ᠠ ᠶᠠᠪᠤᠳᠠᠯ ᠶᠠᠮᠤᠨ | ᠵᠠᠷᠯᠢᠭ ﹇2007﹈ 8 ᠳ᠋ᠤᠭᠠᠷ︶᠂ ︽ᠬᠤᠤᠯᠢᠩᠭᠤᠤᠯ ᠬᠤᠳᠠ ᠶᠢᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ | ᠢ ᠶᠡᠷᠤᠩᠬᠡᠶᠢᠯᠡᠨ ᠵᠠᠰᠠᠬᠤ ᠤᠷᠳᠤ ᠬᠤᠭᠤᠴᠠᠭ᠎ᠠ ᠬᠦᠴᠦᠨ ᠲᠠᠢ ᠬᠠᠮᠢᠶᠠᠷᠤᠯᠳᠠ ᠶᠢᠨ ᠬᠡᠷᠡᠭᠵᠢᠬᠦᠯᠬᠦ ᠳᠦᠰᠦᠯ︾ ︵ | ᠬᠤᠤᠯᠢᠨ ᠨᠠᠮ ᠠᠯᠪᠠᠨ ᠦᠰᠦᠭ ﹇2016﹈ 74 ᠳ᠋ᠤᠭᠠᠷ︶ ᠵᠡᠷᠬᠡ ᠶᠢᠨ ᠪᠢᠴᠢᠭ ᠮᠠᠲ᠋ᠧᠷᠢᠶᠠᠯ ᠤᠨ ᠵᠤᠷᠢᠭ | ᠰᠠᠨᠠᠭ᠎ᠠ ᠶᠢ ᠦᠨᠳᠤᠰᠤᠯᠠᠨ᠂ ᠶᠠᠷᠢᠯᠴᠠᠨ ᠳᠤᠭᠳᠠᠭᠠᠬᠤ ᠢᠶᠠᠷ ᠳᠠᠮᠵᠢᠨ 2018 ᠤᠨ ᠤ 5 ᠳ᠋ᠤᠭᠠᠷ ᠰᠠᠷ᠎ᠠ ᠶᠢᠨ 1 | ᠤ ᠡᠳᠤᠷ ᠠᠴᠠ 5 ᠳ᠋ᠤᠭᠠᠷ ᠰᠠᠷ᠎ᠠ ᠶᠢᠨ 30 ᠡᠳᠤᠷ ᠬᠦᠷᠳᠡᠯ᠎ᠡ ᠪᠦᠬᠦ ᠬᠤᠳᠠ ᠶᠢᠨ ᠬᠡᠪᠴᠢᠶᠡᠨ ᠳᠤ ᠳᠠᠬᠢᠨ ᠡᠬᠦᠰᠬᠦ | ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ ᠶᠢᠨ ᠳᠣᠰᠬᠠᠢ ᠳᠦᠷᠦᠯ ᠢ ᠴᠡᠭᠴᠡᠯᠡᠨ ᠵᠠᠰᠠᠬᠤ | ᠠᠵᠢᠯᠯᠠᠭ᠎ᠠ ᠦᠷᠨᠢᠬᠦᠯᠬᠦ ᠪᠠᠷ ᠳᠤᠤᠷᠠᠬᠢ ᠳᠦᠰᠦᠯ ᠢ ᠣᠨᠴᠠᠭᠠᠶᠢᠯᠠᠨ ᠳᠤᠭᠳᠠᠭᠠᠪᠠ᠃ | ᠨᠢᠬᠡ᠂ ᠶᠡᠷᠤᠩᠬᠡᠢ ᠬᠠᠷᠠᠯᠳᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︽ᠬᠤᠶᠠᠷ ᠬᠤᠳᠠ ᠶᠢ ᠬᠠᠮᠳᠤ ᠪᠠᠷ ᠡᠬᠦᠳᠬᠦ︾ ᠪᠠᠷ ᠠᠵᠠ | ᠳᠤᠬᠢᠶᠠᠯ ᠪᠤᠯᠭᠠᠨ᠂ ᠬᠤᠳᠠ ᠳᠤᠭᠤᠷᠢᠭ ᠤᠨ ᠬᠠᠮᠢᠶᠠᠷᠤᠯᠳᠠ ᠶᠢ ᠴᠢᠩᠭᠠᠷᠠᠭᠤᠯᠵᠤ᠂ ᠬᠤᠳᠠ ᠳᠤᠭᠤᠷᠢᠭ ᠤᠨ | ᠤᠷᠴᠢᠨ ᠳᠤᠭᠤᠷᠢᠨ ᠢ ᠴᠡᠪᠡᠷᠰᠢᠬᠦᠯᠬᠦ ᠪᠠᠷ ᠬᠠᠷᠠᠯᠳᠠ ᠪᠠᠨ ᠪᠤᠯᠭᠠᠨ᠂ ︽ᠬᠠᠮᠢᠶᠠᠳᠠᠭᠤᠯᠤᠨ ᠬᠠᠮᠢᠶᠠᠷᠬᠤ᠂ ᠰᠠᠯᠠᠭ᠎ᠠ | ᠮᠦᠴᠢᠷ ᠬᠠᠮᠵᠢᠯᠴᠠᠬᠤ᠂ ᠬᠠᠮᠳᠤᠷᠠᠨ ᠬᠠᠤᠯᠢ ᠬᠡᠷᠡᠭᠵᠢᠬᠦᠯᠬᠦ︾ ᠠᠵᠢᠯ ᠤᠨ ᠵᠠᠷᠴᠢᠮ ᠢᠶᠠᠷ ᠬᠦᠴᠦᠴᠡ ᠪᠠᠨ | ᠨᠡᠮᠡᠭᠳᠡᠬᠦᠯᠵᠤ᠂ ᠬᠦᠴᠦᠨ ᠢᠶᠠᠨ ᠳᠦᠪᠯᠡᠷᠡᠬᠦᠯᠦᠨ ᠮᠠᠨ ᠤ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ | ᠬᠤᠷᠢᠶᠠᠨ ᠠᠪᠬᠤ ᠦᠷᠳᠡᠭᠡ ︵ᠭᠠᠵᠠᠷ︶ ᠳᠤ ᠴᠡᠭᠴᠯᠡᠨ ᠵᠠᠰᠠᠯᠳᠠ ᠶᠠᠪᠤᠭᠤᠯᠵᠤ᠂ ᠱᠠᠭᠠᠷᠳᠠᠯᠭ᠎ᠠ ᠳᠤ ᠨᠡᠶᠢᠴᠡᠬᠦ | ᠦᠬᠡᠢ ᠶᠢ ᠨᠢ ᠡᠷᠡᠰ ᠬᠦᠴᠦᠨ ᠦᠬᠡᠢ ᠪᠤᠯᠭᠠᠵᠤ᠂ ᠪᠦᠬᠦ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ | ᠠᠪᠬᠤ ᠠᠵᠢᠯ ᠳᠦᠷᠦᠯ ᠢ ᠵᠤᠷᠢᠭᠵᠢᠭᠤᠯᠤᠨ ᠳᠡᠮᠵᠢᠵᠤ ᠵᠢᠯᠤᠭᠤᠳᠤᠨ ᠡᠮᠬᠢ ᠵᠢᠷᠤᠮ ᠲᠠᠢ ᠪᠠᠷ ᠡᠾᠧᠩ ᠶᠠᠩ ᠳᠠᠬᠢᠨ | ᠡᠬᠦᠰᠬᠦ ᠡᠬᠢ ᠪᠠᠶᠠᠯᠢᠭ ᠤᠨ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠳᠤᠭᠤᠷᠢᠭ ᠲᠤ ᠨᠡᠬᠦᠨ ᠰᠢᠯᠵᠢᠬᠦᠯᠵᠤ᠂ | ᠠᠯᠬᠤᠮ ᠠᠯᠬᠤᠮ ᠢᠶᠠᠷ ᠨᠢᠬᠡᠳᠤᠯᠳᠡᠢ ᠳᠦᠷᠢᠮᠵᠢᠭᠰᠡᠨ᠂ ᠡᠷᠡᠬᠦᠯ ᠬᠠᠮᠠᠭᠠᠯᠠᠯ ᠠᠷᠢᠭᠤᠨ ᠴᠡᠪᠡᠷ᠂ ᠪᠤᠯᠪᠠᠰᠤᠨ ᠡᠮᠬᠢ | ᠳᠢᠭᠯᠢᠮ ᠲᠠᠢ ᠳᠠᠬᠢᠨ ᠡᠬᠦᠰᠬᠦ ᠡᠬᠢ ᠪᠠᠶᠠᠯᠢᠭ ᠤᠨ ᠬᠤᠷᠢᠶᠠᠨ ᠠᠪᠬᠤ ᠡᠵᠡᠩᠨᠡᠯᠳᠡ ᠶᠢᠨ ᠰᠢᠰᠲ᠋ᠧᠮ ᠢ | ᠪᠦᠷᠢᠯᠳᠦᠬᠦᠯᠵᠤ᠂ ᠡᠯ᠎ᠡ ᠵᠡᠬᠡᠯᠢ ᠭᠤᠳᠤᠮᠵᠢ᠂ ᠰᠤᠮᠤ᠂ ᠨᠡᠶᠢᠬᠡᠮ ᠳᠤᠭᠤᠷᠢᠭ ᠤᠨ ᠬᠠᠶᠠᠭᠳᠠᠮᠠᠯ ᠪᠣᠳᠠᠰ ᠢ | ᠬᠤᠳᠠᠯᠳᠤᠨ ᠠᠪᠬᠤ ᠦᠷᠳᠡᠭᠡ ︵ᠭᠠᠵᠠᠷ︶ ᠶᠢᠨ ᠪᠣᠵᠠᠷ᠂ ᠰᠠᠮᠠᠭᠤᠨ᠂ ᠮᠠᠭᠤ᠂ ᠰᠤᠯᠠ ᠪᠠᠶᠢᠬᠤ ᠦᠩᠬᠡ ᠳᠦᠷᠰᠤ | ᠶᠢ ᠦᠨᠡᠨᠬᠦ ᠰᠠᠶᠢᠵᠢᠷᠠᠭᠤᠯᠵᠤ᠂ ᠪᠦᠬᠦ ᠬᠤᠳᠠ ᠶᠢᠨ ᠤᠷᠴᠢᠨ ᠳᠤᠭᠤᠷᠢᠨ ᠤ ᠶᠡᠷᠤᠩᠬᠡᠶᠢᠯᠡᠨ ᠵᠠᠰᠠᠬᠤ ᠠᠵᠢᠯᠯᠠᠭ᠎ᠠ | ᠪᠤᠯᠤᠨ ᠤᠷᠳᠤ ᠬᠤᠭᠤᠴᠠᠭᠠᠨ ᠤ ᠬᠢᠨᠠᠨ ᠬᠠᠮᠢᠶᠠᠷᠬᠤ ᠠᠵᠢᠯ ᠤᠨ ᠳᠤᠭᠳᠠᠴᠠ ᠳᠤ ᠪᠠᠳᠤ ᠪᠠᠬᠢ ᠰᠠᠭᠤᠷᠢ ᠶᠢ | ᠳᠠᠯᠪᠢᠵᠤ ᠦᠭᠬᠦᠨ᠎ᠡ᠃ | ᠬᠤᠶᠠᠷ᠂ ᠴᠡᠭᠴᠡᠯᠡᠨ ᠵᠠᠰᠠᠬᠤ ᠠᠭᠤᠯᠭ᠎ᠠ | ᠬᠤᠳᠠ ᠶᠢᠨ ᠵᠠᠰᠠᠭ ᠤᠨ ᠤᠷᠳᠤᠨ ᠤ ᠨᠢᠬᠡᠳᠤᠯᠳᠡᠢ ᠪᠠᠶᠢᠷᠢᠰᠢᠭᠤᠯᠤᠯᠳᠠ ᠳᠦᠯᠦᠪᠵᠢᠬᠦᠯᠬᠡ ᠪᠠᠷ ᠳᠠᠬᠢᠨ | ᠡᠬᠦᠰᠬᠦ ᠡᠬᠢ ᠪᠠᠶᠠᠯᠢᠭ ᠤᠨ ᠠᠵᠢᠯ ᠳᠦᠷᠦᠯ ᠤᠨ ᠠᠯᠤᠰ ᠬᠡᠳᠤ ᠶᠢᠨ ᠳᠦᠷᠢᠮᠵᠢᠬᠦᠯᠦᠯᠳᠡ ᠬᠦᠭᠵᠢᠬᠦᠯᠦᠯᠳᠡ ᠶᠢ | ᠠᠬᠢᠭᠤᠯᠵᠤ᠂ ᠬᠤᠳᠠ ᠶᠢᠨ ᠳᠤᠳᠤᠷᠠᠬᠢ ᠳᠠᠬᠢᠨ ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ ︵ | ᠠᠭᠤᠯᠭ᠎ᠠ︶ ᠳᠤ ᠪᠦᠬᠦ ᠳᠠᠯ᠎ᠠ ᠶᠢᠨ ᠴᠡᠪᠡᠷᠯᠡᠯᠳᠡ ᠵᠠᠰᠠᠯᠳᠠ ᠶᠢᠨ ᠠᠵᠢᠯ ᠢ ᠦᠷᠨᠢᠬᠦᠯᠵᠤ᠂ ᠭᠤᠤᠯ ᠤᠨ ᠵᠡᠬᠦᠨᠳᠡᠬᠢ | ᠰᠢᠨ᠎ᠡ ᠳᠤᠭᠤᠷᠢᠭ ᠤᠨ ᠡᠾᠧᠩ ᠶᠠᠩ ᠳᠠᠬᠢᠨ ᠡᠬᠦᠰᠬᠦ ᠡᠬᠢ ᠪᠠᠶᠠᠯᠢᠭ ᠤᠨ ᠡᠳ᠋ ᠪᠠᠷᠠᠭᠠᠨ ᠤ ᠬᠦᠢᠯᠬᠡᠬᠡᠨ ᠤ | ᠬᠦᠷᠢᠶᠡᠯᠡᠩ ᠳᠤᠭᠤᠷᠢᠭ ᠢᠶᠠᠷ ᠡᠵᠡᠩᠨᠡᠬᠦᠯᠬᠦ ᠪᠠᠷ ᠨᠢᠬᠡᠳᠤᠯᠳᠡᠢ ᠳᠦᠯᠦᠪᠯᠡᠵᠤ᠂ ᠬᠤᠳᠠ ᠳᠤᠭᠤᠷᠢᠭ ᠤᠨ ᠳᠤᠳᠤᠷ᠎ᠠ | ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ ᠪᠠᠶᠢᠯᠭᠠᠬᠤ ᠦᠬᠡᠢ ᠶᠢ ᠦᠨᠡᠨᠬᠦ | ᠪᠠᠳᠤᠯᠠᠨ᠎ᠠ᠃ | ᠭᠤᠷᠪᠠ᠂ ᠡᠬᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯᠳᠠ | 1. ᠬᠤᠳᠠ ᠶᠢᠨ ᠬᠤᠳᠠᠯᠳᠤᠭᠠᠨ ᠤ ᠶᠠᠪᠤᠳᠠᠯ ᠪᠤᠯᠤᠨ ᠠᠮᠤ ᠪᠤᠳᠠᠭᠠᠨ ᠤ ᠳᠤᠪᠴᠢᠶ᠎ᠠ᠄ ᠠᠵᠢᠯ ᠳᠦᠷᠦᠯ ᠤᠨ | ᠬᠢᠨᠠᠨ ᠬᠠᠮᠢᠶᠠᠷᠤᠯᠳᠠ ᠪᠠᠨ ᠤᠯᠠᠮ ᠨᠢᠬᠡ ᠴᠢᠩᠭᠠᠳᠬᠠᠵᠤ᠂ ︽ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ | ᠬᠠᠮᠢᠶᠠᠷᠤᠯᠳᠠ ᠶᠢᠨ ᠠᠷᠭ᠎ᠠ︾ ᠶᠢ ᠦᠨᠳᠤᠰᠤᠯᠡᠨ ᠡᠾᠧᠩ ᠶᠠᠩ ᠳᠠᠬᠢᠨ ᠡᠬᠦᠰᠬᠦ ᠡᠨᠧᠷᠬᠢ ᠶᠢᠨ ᠡᠳ᠋ ᠪᠠᠷᠠᠭᠠᠨ ᠤ | ᠬᠦᠢᠯᠬᠡᠬᠡᠨ ᠤ ᠬᠦᠷᠢᠶᠡᠯᠡᠩ ᠳᠤᠭᠤᠷᠢᠭ ᠲᠤ ᠤᠷᠤᠵᠤ ᠰᠠᠭᠤᠬᠤ ᠳᠠᠬᠢᠨ ᠡᠬᠦᠰᠬᠦ ᠡᠬᠢ ᠪᠠᠶᠠᠯᠢᠭ ᠤᠨ ᠠᠵᠤ | ᠠᠬᠤᠶᠢᠯᠠᠯ ᠵᠢᠴᠢ ᠦᠷᠳᠡᠭᠡ ︵ᠭᠠᠵᠠᠷ︶ ᠶᠢ ᠳᠡᠮᠳᠡᠭᠯᠡᠨ ᠳᠠᠩᠰᠠᠯᠠᠬᠤ ᠠᠵᠢᠯ ᠢ ᠬᠢᠨ᠎ᠡ᠃ | 2. ᠬᠤᠳᠠ ᠶᠢᠨ ᠠᠵᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ᠄ ᠪᠠᠳᠤᠯᠠᠪᠤᠷᠢ ᠪᠢᠴᠢᠭ ᠦᠬᠡᠢ᠂ | ᠬᠡᠪᠴᠢᠶ᠎ᠡ ᠠᠴᠠ ᠪᠠᠨ ᠬᠡᠳᠤᠷᠡᠬᠦᠯᠦᠨ ᠡᠵᠡᠩᠨᠡᠵᠤ ᠪᠠᠶᠢᠬᠤ᠂ ᠡᠵᠡᠩᠨᠡᠯᠳᠡ ᠶᠢᠨ ᠤᠷᠤᠨ ᠭᠠᠵᠠᠷ ᠨᠢ ᠨᠡᠶᠢᠴᠡᠬᠦ ᠦᠬᠡᠢ | ᠵᠡᠷᠬᠡ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠬᠦᠴᠦᠨ ᠦᠬᠡᠢ ᠪᠤᠯᠭᠠᠬᠤ ᠶᠢ | ᠬᠠᠷᠢᠭᠤᠴᠠᠨ᠎ᠠ᠃ ᠬᠤᠳᠠ ᠶᠢᠨ ᠳᠤᠳᠤᠷᠠᠬᠢ ᠳᠠᠬᠢᠨ ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ | ︵ᠭᠠᠵᠠᠷ︶ ᠶᠢ ᠱᠠᠭᠠᠷᠳᠠᠵᠤ ᠡᠷᠬᠡᠪᠰᠢ ᠬᠦᠷᠢᠶᠡᠯᠡᠩ ᠳᠤᠭᠤᠷᠢᠭ ᠤᠨ ᠳᠤᠳᠤᠷ᠎ᠠ ᠡᠵᠡᠩᠨᠡᠬᠦᠯᠵᠤ᠂ ᠳᠠᠬᠢᠨ ᠡᠬᠦᠰᠬᠦ | ᠡᠬᠢ ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ ︵ ᠭᠠᠵᠠᠷ︶ ᠶᠢᠨ ᠡᠵᠡᠩᠨᠡᠯᠳᠡ ᠶᠢᠨ ᠦᠨᠡᠮᠯᠡᠯ ᠤᠨ ᠬᠠᠶ᠋ᠢᠭ | ᠢ ᠬᠤᠪᠢᠷᠠᠭᠠᠬᠤ ᠠᠵᠢᠯ ᠢ ᠢᠳᠡᠪᠬᠢᠳᠡᠢ ᠠᠬᠢᠭᠤᠯᠵᠤ᠂ ᠬᠤᠪᠢᠷᠠᠭᠠᠭᠰᠠᠨ ᠬᠠᠶ᠋ᠢᠭ ᠨᠢ ᠡᠷᠬᠡᠪᠰᠢ ᠡᠾᠧᠩ ᠶᠠᠩ ᠳᠠᠬᠢᠨ | ᠡᠬᠦᠰᠬᠦ ᠡᠨᠧᠷᠬᠢ ᠶᠢᠨ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠳᠤᠭᠤᠷᠢᠭ ᠪᠤᠯᠭᠠᠨ᠎ᠠ᠃ ᠬᠦᠷᠢᠶᠡᠯᠡᠩ | ᠳᠤᠭᠤᠷᠢᠭ ᠤᠨ ᠳᠤᠳᠤᠷ᠎ᠠ ᠤᠷᠤᠵᠤ ᠡᠵᠡᠩᠨᠡᠭᠰᠡᠨ ᠦᠬᠡᠢ ᠳᠠᠬᠢᠨ ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ | ᠵᠢᠴᠢ ᠦᠷᠳᠡᠭᠡ ︵ᠭᠠᠵᠠᠷ︶ ᠶᠢ ᠬᠤᠳᠠ ᠶᠢᠨ ᠵᠠᠰᠠᠭ ᠤᠨ ᠤᠷᠳᠤᠨ ᠤ ᠨᠢᠬᠡᠳᠤᠯᠳᠡᠢ ᠳᠦᠯᠦᠪᠵᠢᠬᠦᠯᠬᠡ | ᠪᠠᠶᠢᠷᠢᠰᠢᠭᠤᠯᠤᠯᠳᠠ ᠶᠤᠰᠤᠭᠠᠷ ᠡᠵᠡᠩᠨᠡᠯᠳᠡ ᠶᠢᠨ ᠪᠠᠳᠤᠯᠠᠪᠤᠷᠢ ᠪᠢᠴᠢᠭ ᠢ ᠨᠢ ᠬᠤᠷᠢᠶᠠᠨ ᠠᠪᠴᠤ ᠬᠦᠴᠦᠨ ᠦᠬᠡᠢ | ᠪᠤᠯᠭᠠᠨ᠎ᠠ᠃ ᠬᠤᠳᠠ ᠶᠢᠨ ᠳᠤᠳᠤᠷ᠎ᠠ ᠳᠠᠬᠢᠨ ᠡᠬᠦᠰᠬᠦ ᠡᠬᠢ ᠪᠠᠶᠠᠯᠢᠭ ᠤᠨ ᠡᠵᠡᠩᠨᠡᠯᠳᠡ ᠶᠢᠨ ᠪᠠᠳᠤᠯᠠᠪᠤᠷᠢ ᠪᠢᠴᠢᠭ ᠢ | ᠳᠠᠬᠢᠨ ᠵᠦᠪᠰᠢᠶᠡᠷᠡᠵᠤ ᠪᠤᠯᠬᠤ ᠦᠬᠡᠢ᠂ ᠭᠤᠤᠯ ᠬᠤᠳᠠ ᠶᠢᠨ ᠳᠤᠭᠤᠷᠢᠭ ᠤᠨ ᠳᠤᠳᠤᠷ᠎ᠠ ᠳᠠᠬᠢᠨ ᠡᠬᠦᠰᠬᠦ ᠡᠬᠢ | ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ ᠪᠠᠶᠢᠯᠭᠠᠬᠤ ᠦᠬᠡᠢ ᠶᠢ ᠪᠠᠳᠤᠯᠠᠬᠤ ᠬᠡᠷᠡᠭᠳᠡᠢ᠃ | 3. ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠄ ︽ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ | ᠠᠪᠬᠤ ᠬᠠᠮᠢᠶᠠᠷᠤᠯᠳᠠ ᠶᠢᠨ ᠠᠷᠭ᠎ᠠ︾ ᠶᠢ ᠦᠨᠳᠤᠰᠤᠯᠡᠨ᠂ ᠬᠤᠷᠢᠶᠠᠨ ᠠᠪᠬᠤ ᠦᠢᠯᠡᠳᠪᠤᠷᠢᠯᠡᠯ ᠤᠨ ᠴᠢᠨᠠᠷᠳᠠᠢ | ᠬᠠᠭᠤᠴᠢᠨ ᠬᠠᠶᠠᠭᠳᠠᠮᠠᠯ ᠲᠡᠮᠦᠷᠯᠢᠭ ᠤᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠠᠵᠤ ᠠᠬᠤᠶᠢᠯᠠᠯ | ᠪᠤᠯᠤᠨ ᠬᠤᠷᠢᠶᠠᠨ ᠠᠪᠬᠤ ᠦᠢᠯᠡᠳᠪᠤᠷᠢᠯᠡᠯ ᠤᠨ ᠪᠤᠰᠤ ᠴᠢᠨᠠᠷᠳᠠᠢ ᠬᠠᠭᠤᠴᠢᠨ ᠬᠠᠶᠠᠭᠳᠠᠮᠠᠯ ᠳᠡᠮᠦᠷᠯᠢᠭ ᠤᠨ ᠳᠠᠬᠢᠨ | ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠡᠵᠡᠩᠨᠡᠭᠴᠢᠳ ᠢ ᠳᠠᠩᠰᠠᠨ ᠳᠤ ᠳᠡᠮᠳᠡᠭᠯᠡᠵᠤ᠂ ᠳᠠᠬᠢᠨ ᠡᠬᠦᠰᠬᠦ ᠡᠬᠢ | ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ ︵ ᠭᠠᠵᠠᠷ︶ ᠶᠢ ᠳᠡᠮᠳᠡᠭᠯᠡᠨ ᠳᠠᠩᠰᠠᠯᠠᠬᠤ ᠳᠤ ᠡᠵᠡᠩᠨᠡᠯᠳᠡ ᠶᠢᠨ | ᠬᠠᠶ᠋ᠢᠭ ᠢ ᠡᠾᠧᠩ ᠶᠠᠩ ᠳᠠᠬᠢᠨ ᠡᠬᠦᠰᠬᠦ ᠡᠨᠧᠷᠬᠢ ᠶᠢᠨ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ | ᠲᠤ ᠪᠠᠶᠢᠯᠭᠠᠬᠤ ᠬᠡᠷᠡᠭᠳᠡᠢ᠃ ᠳᠠᠬᠢᠨ ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ ︵ᠭᠠᠵᠠᠷ︶ | ᠶᠢᠨ ᠠᠮᠤᠷ ᠢ ᠬᠠᠮᠠᠭᠠᠯᠠᠬᠤ ᠬᠠᠮᠢᠶᠠᠷᠤᠯᠳᠠ᠂ ᠭᠠᠯ ᠤᠨ ᠰᠡᠷᠬᠡᠶᠢᠯᠡᠯᠳᠡ ᠶᠢᠨ ᠠᠮᠣᠷ ᠳᠦᠪᠰᠢᠨ᠂ ᠬᠠᠭᠤᠴᠢᠨ | ᠬᠠᠶᠠᠭᠳᠠᠮᠠᠯ ᠳᠡᠮᠦᠷᠯᠢᠭ ᠬᠤᠳᠠᠯᠳᠤᠨ ᠠᠪᠬᠤ ᠳᠤᠭᠳᠠᠭᠠᠯ ᠢ ᠵᠦᠷᠢᠴᠡᠭᠰᠡᠨ᠂ ᠬᠠᠤᠯᠢ ᠠᠴᠠ ᠵᠦᠷᠢᠴᠡᠨ ᠶᠠᠯ᠎ᠠ | ᠬᠢᠭᠰᠡᠨ ᠪᠠ ᠵᠠᠰᠠᠬᠤ ᠠᠵᠢᠯ ᠢ ᠬᠠᠷᠰᠢᠯᠠᠭᠰᠠᠨ ᠵᠡᠷᠬᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ ᠪᠣᠵᠠᠷ ᠡᠳ᠋ ᠢ | ᠬᠤᠷᠢᠶᠠᠬᠤ᠂ ᠠᠵᠤ ᠦᠢᠯᠡᠳᠪᠤᠷᠢ ᠶᠢᠨ ᠳᠦᠬᠦᠬᠡᠢ ᠮᠠᠲ᠋ᠧᠷᠢᠶᠠᠯ ᠢ ᠬᠤᠯᠠᠭᠠᠶᠢᠯᠠᠬᠤ᠂ ᠦᠢᠯᠡᠳᠪᠤᠷᠢᠯᠡᠯ ᠤᠨ | ᠳᠦᠬᠦᠬᠡᠷᠤᠮᠵᠢ ᠶᠢ ᠡᠪᠳᠡᠯᠬᠦ ᠵᠡᠷᠬᠡ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠡᠷᠡᠰ ᠴᠤᠬᠢᠯᠳᠠ ᠦᠭᠴᠦ᠂ | ᠳᠦᠷᠢᠮ ᠠᠴᠠ ᠵᠦᠷᠢᠴᠡᠨ ᠡᠵᠡᠩᠨᠡᠭᠰᠡᠨ ᠳᠠᠬᠢᠨ ᠡᠬᠦᠰᠬᠦ ᠡᠬᠢ ᠪᠠᠶᠠᠯᠢᠭ ᠬᠤᠷᠢᠶᠠᠨ ᠠᠪᠬᠤ ᠦᠷᠳᠡᠭᠡ ︵ᠭᠠᠵᠠᠷ︶ | ᠶᠢ ᠬᠦᠴᠦᠨ ᠦᠬᠡᠢ ᠪᠤᠯᠭᠠᠬᠤ ᠬᠡᠷᠡᠭᠳᠡᠢ᠃ | 4. ᠬᠤᠳᠠ ᠶᠢᠨ ᠤᠷᠴᠢᠨ ᠳᠤᠭᠤᠷᠢᠨ ᠢ ᠬᠠᠮᠠᠭᠠᠯᠠᠬᠤ ᠳᠤᠪᠴᠢᠶ᠎ᠠ᠄ ᠬᠤᠳᠠ ᠶᠢᠨ ᠳᠤᠳᠤᠷᠠᠬᠢ ᠳᠠᠬᠢᠨ | ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ ︵ᠭᠠᠵᠠᠷ︶ ᠶᠢ ᠪᠠᠶᠢᠴᠠᠭᠠᠨ ᠰᠢᠢᠳᠪᠦᠷᠢᠯᠡᠬᠦ | ᠬᠦᠴᠦᠴᠡ ᠪᠠᠨ ᠨᠡᠮᠡᠭᠳᠡᠬᠦᠯᠵᠤ᠂ ᠳᠠᠬᠢᠨ ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ ︵ᠭᠠᠵᠠᠷ | ︶ ᠶᠢᠨ ᠤᠷᠴᠢᠨ ᠳᠤᠭᠤᠷᠢᠨ ᠢ ᠬᠠᠮᠠᠭᠠᠯᠠᠬᠤ ᠪᠠᠶᠢᠳᠠᠯ ᠢ ᠪᠠᠶᠢᠴᠠᠭᠠᠵᠤ᠂ ᠬᠠᠤᠯᠢ ᠠᠴᠠ ᠵᠦᠷᠢᠴᠡᠨ ᠤᠷᠴᠢᠨ | ᠳᠤᠭᠤᠷᠢᠨ ᠢ ᠪᠤᠬᠢᠷᠳᠤᠭᠤᠯᠤᠭᠰᠠᠨ ᠬᠠᠤᠯᠢ ᠳᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ | ᠪᠠᠶᠢᠴᠠᠭᠠᠨ ᠭᠠᠷᠭᠠᠬᠤ ᠬᠡᠷᠡᠭᠳᠡᠢ᠃ | 5. ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤᠪᠴᠢᠶ᠎ᠠ᠄ | ᠳᠠᠬᠢᠨ ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ ᠵᠢᠴᠢ ᠦᠷᠳᠡᠭᠡ ︵ᠭᠠᠵᠠᠷ︶ ᠶᠢᠨ ᠳᠦᠷᠢᠮ ᠠᠴᠠ | ᠵᠦᠷᠢᠴᠡᠭᠰᠡᠨ ᠪᠠᠷᠢᠯᠭ᠎ᠠ᠂ ᠵᠠᠮ ᠢ ᠡᠵᠡᠯᠡᠨ ᠡᠵᠡᠩᠨᠡᠭᠰᠡᠨ᠂ ᠳᠦᠷᠢᠮᠵᠢᠯ ᠦᠬᠡᠢ ᠪᠠᠷ ᠳᠤᠬᠢᠷᠠᠭᠤᠯᠤᠭᠰᠠᠨ ᠫᠠᠶᠢᠰᠠ | ᠢᠯᠡᠷᠬᠡᠶᠢᠯᠡᠯ ᠵᠢᠴᠢ ᠬᠦᠷᠢᠶ᠎ᠡ ᠬᠡᠷᠡᠮ᠂ ᠣᠶᠢᠷ᠎ᠠ ᠳᠣᠭᠤᠷᠢᠨ ᠤ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ | ᠪᠠᠶᠢᠴᠠᠭᠠᠯᠳᠠ ᠬᠢᠨᠠᠨ ᠬᠠᠮᠢᠶᠠᠷᠤᠯᠳᠠ ᠶᠢ ᠬᠠᠷᠢᠭᠤᠴᠠᠵᠤ᠂ ᠬᠤᠳᠠ ᠶᠢᠨ ᠳᠦᠷᠢ ᠳᠦᠷᠬᠦ ᠶᠢᠨ ᠬᠠᠮᠢᠶᠠᠷᠤᠯᠳᠠ ᠶᠢᠨ | ᠳᠤᠭᠳᠠᠭᠠᠯ ᠠᠴᠠ ᠵᠦᠷᠢᠴᠡᠭᠰᠡᠨ᠂ ᠬᠤᠳᠠ ᠶᠢᠨ ᠳᠦᠷᠰᠤ ᠪᠠᠶᠢᠳᠠᠯ ᠢ ᠬᠠᠷᠰᠢᠯᠠᠵᠤ᠂ ᠪᠣᠵᠠᠷ ᠰᠠᠮᠠᠭᠤᠨ ᠢᠶᠠᠷ ᠠᠷᠠᠳ | ᠢ ᠦᠢᠮᠡᠬᠦᠯᠵᠤ ᠪᠠᠶᠢᠭ᠎ᠠ ᠦᠷᠳᠡᠭᠡ ︵ᠭᠠᠵᠠᠷ︶ ᠶᠢ ᠴᠡᠪᠡᠷᠯᠡᠬᠦ᠂ ᠨᠤᠷᠠᠭᠠᠬᠤ ᠪᠠ ᠬᠦᠴᠦᠨ ᠦᠬᠡᠢ ᠪᠤᠯᠭᠠᠬᠤ | ᠬᠡᠷᠡᠭᠳᠡᠢ᠃ | 6. ᠬᠤᠳᠠ ᠶᠢᠨ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠳᠤᠪᠴᠢᠶ᠎ᠠ᠂ ᠤᠯᠤᠰ ᠤᠨ ᠭᠠᠶᠢᠯᠢ | ᠶᠢᠨ ᠳᠤᠪᠴᠢᠶ᠎ᠠ᠂ ᠤᠷᠤᠨ ᠨᠤᠳᠤᠭ ᠤᠨ ᠭᠠᠶᠢᠯᠢ ᠶᠢᠨ ᠳᠤᠪᠴᠢᠶ᠎ᠠ ᠵᠡᠷᠬᠡ ᠰᠠᠯᠠᠭ᠎ᠠ ᠮᠦᠴᠢᠷ᠄ ᠦᠪᠡᠷ ᠦᠪᠡᠷ ᠤᠨ | ᠡᠬᠦᠷᠬᠡ ᠬᠠᠷᠢᠭᠤᠴᠠᠯᠭ᠎ᠠ ᠪᠤᠯᠤᠨ ᠬᠠᠮᠢᠶ᠎ᠠ ᠪᠦᠬᠦᠢ ᠬᠠᠤᠯᠢ ᠳᠦᠷᠢᠮ ᠢᠶᠠᠷ ᠳᠠᠬᠢᠨ ᠡᠬᠦᠰᠬᠦ ᠡᠬᠢ ᠪᠠᠶᠠᠯᠢᠭ ᠤᠨ ᠠᠵᠢᠯ | ᠳᠦᠷᠦᠯ ᠤᠨ ᠳᠦᠷᠢᠮᠵᠢᠬᠦᠯᠦᠯᠳᠡ ᠬᠠᠮᠢᠶᠠᠷᠤᠯᠳᠠ ᠶᠢ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠵᠢᠯᠴᠠᠨ ᠳᠠᠬᠢᠨ ᠡᠬᠦᠰᠬᠦ ᠡᠬᠢ ᠪᠠᠶᠠᠯᠢᠭ ᠬᠤᠷᠢᠶᠠᠨ ᠠᠪᠬᠤ ᠦᠷᠳᠡᠭᠡ ︵ᠭᠠᠵᠠᠷ︶ ᠶᠢᠨ ᠳᠣᠰᠬᠠᠢ ᠳᠦᠷᠣᠯ ᠢ | ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ | 7. ᠡᠯ᠎ᠡ ᠵᠡᠬᠡᠯᠢ ᠭᠤᠳᠤᠮᠵᠢ᠂ ᠰᠤᠮᠤ ᠳᠠᠷᠢᠬᠦᠯᠦᠨ ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ᠂ ᠠᠵᠤ | ᠦᠢᠯᠡᠳᠪᠤᠷᠢ ᠬᠤᠳᠠᠯᠳᠤᠭᠠᠨ ᠤ ᠳᠤᠪᠴᠢᠶ᠎ᠠ᠂ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ ᠤᠷᠴᠢᠨ ᠳᠤᠭᠤᠷᠢᠨ ᠤ | ᠬᠠᠮᠠᠭᠠᠯᠠᠯᠳᠠ ᠶᠢᠨ ᠳᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠳᠤᠪᠴᠢᠶᠠᠬᠠᠮᠳᠤᠷᠠᠯᠴᠠᠨ ᠳᠠᠬᠢᠨ ᠡᠬᠦᠰᠬᠦ ᠡᠬᠢ | ᠪᠠᠶᠠᠯᠢᠭ ᠢ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠬᠤᠳᠠ ᠳᠤᠭᠤᠷᠢᠭ ᠤᠨ ᠠᠯᠢ ᠤᠯᠠᠨ | ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ ᠶᠢ ᠪᠠᠶᠢᠴᠠᠭᠠᠨ ᠵᠠᠰᠠᠬᠤ ᠠᠵᠢᠯ | ᠦᠷᠨᠢᠬᠦᠯᠵᠤ᠂ ᠬᠠᠤᠯᠢ ᠳᠤᠭᠳᠠᠭᠠᠯ ᠪᠤᠯᠤᠨ ᠡᠯ᠎ᠡ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠡᠬᠦᠷᠬᠡ | ᠬᠠᠷᠢᠭᠤᠴᠠᠯᠭ᠎ᠠ ᠵᠢᠴᠢ ︽ᠬᠠᠷᠢᠶᠠᠳᠤ ᠤᠷᠤᠨ ᠤ ᠬᠠᠮᠢᠶᠠᠷᠤᠯᠳᠠ︾ ᠶᠢᠨ ᠵᠠᠷᠴᠢᠮ ᠢᠶᠠᠷ ᠦᠨᠡᠮᠯᠡᠯ ᠪᠠᠳᠤᠯᠠᠪᠤᠷᠢ ᠨᠢ | ᠪᠦᠷᠢᠨ ᠪᠠᠶᠢᠪᠠᠴᠤ ᠳᠦᠷᠢᠮ ᠠᠴᠠ ᠵᠦᠷᠢᠴᠡᠭᠰᠡᠨ ᠠᠰᠠᠭᠤᠳᠠᠯ ᠤᠷᠤᠰᠢᠵᠤ ᠪᠠᠶᠢᠭ᠎ᠠ ᠶᠢ ᠨᠢ 5 ᠰᠠᠷ᠎ᠠ ᠶᠢᠨ 25 ᠤ | ᠡᠳᠤᠷ ᠠᠴᠠ ᠡᠮᠤᠨ᠎ᠡ ᠴᠡᠭᠴᠡᠯᠡᠨ ᠰᠠᠶᠢᠵᠢᠷᠠᠭᠤᠯᠵᠤ᠂ ᠳᠤᠭᠳᠠᠭᠰᠠᠨ ᠬᠤᠭᠤᠴᠠᠭᠠᠨ ᠳᠤ ᠰᠢᠯᠭᠠᠨ ᠠᠪᠬᠤ ᠳᠤ ᠬᠢᠷᠢ | ᠳᠡᠩᠴᠡᠭᠰᠡᠨ ᠦᠬᠡᠢ ᠪᠤᠯ ᠲᠡᠷᠡ ᠳᠠᠷᠤᠢ ᠳᠤᠨᠢ ᠵᠤᠭᠰᠤᠭᠠᠬᠠᠤ ᠬᠡᠷᠡᠭᠳᠡᠢ︔ ᠦᠨᠡᠮᠯᠠᠯ ᠪᠠᠳᠤᠯᠠᠪᠤᠷᠢ ᠪᠦᠷᠢᠨ | ᠪᠠᠶᠢᠪᠠᠴᠤ ᠬᠠᠤᠯᠢ ᠠᠴᠠ ᠵᠦᠷᠢᠴᠡᠭᠰᠡᠨ ᠠᠰᠠᠭᠤᠳᠠᠯ ᠣᠷᠣᠰᠢᠪᠠᠯ ᠳᠡᠷᠡ ᠳᠠᠷᠤᠢ ᠳᠤᠨᠢ ᠬᠦᠴᠦᠨ ᠦᠬᠡᠢ ᠪᠤᠯᠭᠠᠬᠤ | ᠶᠢᠨ ᠬᠠᠮᠳᠤ ᠡᠵᠡᠩᠨᠡᠯᠳᠡ ᠶᠢᠨ ᠪᠠᠳᠤᠯᠠᠪᠤᠷᠢ ᠪᠢᠴᠢᠭ ᠪᠤᠯᠤᠨ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ | ᠬᠦᠴᠦᠨ ᠦᠬᠡᠢ ᠪᠤᠯᠭᠠᠬᠤ ᠬᠡᠷᠡᠭᠳᠡᠢ︔ ᠡᠵᠡᠩᠨᠡᠯᠳᠡ ᠶᠢᠨ ᠤᠷᠤᠨ ᠭᠠᠵᠠᠷ ᠨᠢ ᠨᠡᠶᠢᠴᠡᠬᠦ ᠦᠬᠡᠢ ᠪᠠᠶᠢᠪᠠᠯ | ᠡᠵᠡᠩᠨᠡᠯᠳᠡ ᠶᠢᠨ ᠪᠠᠳᠤᠯᠠᠪᠤᠷᠢ ᠪᠢᠴᠢᠭ ᠢ ᠬᠤᠷᠢᠶᠠᠨ ᠠᠪᠴᠤ ᠬᠦᠴᠦᠨ ᠦᠬᠡᠢ ᠪᠤᠯᠭᠠᠬᠤ ᠬᠡᠷᠡᠭᠳᠡᠢ︔ ᠦᠨᠡᠮᠯᠡᠯ | ᠦᠬᠡᠢ ᠡᠵᠡᠩᠨᠡᠵᠤ ᠪᠠᠶᠢᠪᠠᠯ ᠳᠡᠷᠡ ᠳᠠᠷᠤᠢ ᠳᠤᠨᠢ ᠡᠬᠦᠳᠡ ᠶᠢ ᠨᠢ ᠬᠠᠭᠠᠵᠤ ᠵᠤᠭᠰᠤᠭᠠᠬᠤ ᠬᠡᠷᠡᠭᠳᠡᠢ᠃ | ᠳᠦᠷᠪᠡ᠂ ᠬᠡᠷᠡᠭᠵᠢᠬᠦᠯᠬᠦ ᠠᠯᠬᠤᠮ ᠳᠠᠷᠠᠭ᠎ᠠ | ᠳᠤᠰ ᠤᠳᠠᠭᠠᠨ ᠤ ᠳᠣᠰᠬᠠᠢ ᠳᠦᠷᠦᠯ ᠤᠨ ᠴᠡᠭᠴᠡᠯᠡᠨ ᠵᠠᠰᠠᠬᠤ ᠠᠵᠢᠯ ᠢ 2018 ᠤᠨ ᠤ 5 ᠰᠠᠷ᠎ᠠ ᠶᠢᠨ | 1 ᠤ ᠡᠳᠤᠷ ᠠᠴᠠ 2018 ᠤᠨ ᠤ 5 ᠰᠠᠷ᠎ᠠ ᠶᠢᠨ 30 ᠤ ᠡᠳᠤᠷ ᠪᠤᠯᠳᠠᠯ᠎ᠠ᠂ ᠨᠡᠶᠢᠳᠡ ᠭᠤᠷᠪᠠᠨ ᠱᠠᠳᠤ | ᠬᠤᠪᠢᠶᠠᠨ ᠬᠡᠷᠡᠭᠵᠢᠬᠦᠯᠦᠨ᠎ᠡ᠃ | ︵ᠨᠢᠬᠡ︶ ᠪᠠᠶᠢᠷᠢᠰᠢᠭᠤᠯᠤᠯᠳᠠ ᠶᠢᠨ ᠱᠠᠳᠤ ︵5 ᠰᠠᠷ᠎ᠠ ᠶᠢᠨ 1 ᠠᠴᠠ 5 ᠰᠠᠷ᠎ᠠ ᠶᠢᠨ 5 ᠤ ᠡᠳᠤᠷ | ᠪᠤᠯᠳᠠᠯ᠎ᠠ︶᠃ ᠪᠦᠬᠦ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠠᠵᠤ ᠠᠬᠤᠶᠢᠯᠠᠯ ᠤᠨ | ᠦᠷᠳᠡᠭᠡ ︵ᠭᠠᠵᠠᠷ︶ ᠶᠢ ᠴᠡᠪᠡᠷᠯᠡᠨ ᠴᠡᠭᠴᠡᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠴᠡᠭᠴᠡᠯᠡᠨ ᠵᠠᠰᠠᠬᠤ | ᠠᠵᠢᠯ ᠤᠨ ᠭᠤᠤᠯᠳᠠᠯᠭ᠎ᠠ᠂ ᠬᠠᠷᠠᠯᠳᠠ ᠵᠢᠴᠢ ᠭᠤᠤᠯ ᠡᠬᠦᠷᠬᠡ ᠪᠠᠨ ᠳᠤᠬᠢᠷᠠᠭᠤᠯᠤᠨ ᠪᠠᠶᠢᠷᠢᠰᠢᠭᠤᠯᠤᠨ᠎ᠠ᠃ ᠡᠯ᠎ᠡ | ᠵᠡᠬᠡᠯᠢ ᠭᠤᠳᠤᠮᠵᠢ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ ᠦᠪᠡᠷ ᠤᠨ ᠡᠬᠦᠷᠬᠡ ᠬᠠᠷᠢᠭᠤᠴᠠᠯᠭ᠎ᠠ ᠶᠢᠨ | ᠶᠤᠰᠤᠭᠠᠷ ᠮᠠᠨ ᠤ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠠᠵᠤ ᠠᠬᠤᠶᠢᠯᠠᠯ᠂ | ᠦᠷᠳᠡᠭᠡ ︵ᠭᠠᠵᠠᠷ︶ ᠶᠢᠨ ᠴᠡᠪᠡᠷᠯᠡᠨ ᠴᠡᠭᠴᠡᠯᠡᠬᠦ ᠪᠠ ᠳᠦᠷᠢᠮᠵᠢᠬᠦᠯᠦᠨ ᠬᠠᠮᠢᠶᠠᠷᠬᠤ ᠠᠵᠢᠯ ᠢ ᠦᠨᠡᠨᠬᠦ ᠰᠠᠶᠢᠳᠤᠷ | ᠠᠳᠬᠤᠵᠤ᠂ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠬᠡᠨ ᠤ ᠤᠷᠴᠢᠨ ᠢ ᠪᠤᠢ | ᠪᠤᠯᠭᠠᠨ᠎ᠠ᠃ | ︵ᠬᠤᠶᠠᠷ︶ ᠴᠡᠭᠴᠡᠯᠡᠨ ᠵᠠᠰᠠᠬᠤ ᠱᠠᠳᠤ ︵5 ᠰᠠᠷ᠎ᠠ ᠶᠢᠨ 6 ᠤ ᠡᠳᠤᠷ ᠠᠴᠠ 5 ᠰᠠᠷ᠎ᠠ ᠶᠢᠨ 25 ᠤ ᠡᠳᠤᠷ | ᠪᠤᠯᠳᠠᠯ᠎ᠠ︶᠃ ᠡᠯ᠎ᠡ ᠵᠡᠬᠡᠯᠢ ᠭᠤᠳᠤᠮᠵᠢ᠂ ᠰᠤᠮᠤ᠂ ᠬᠠᠮᠢᠶ᠎ᠠ ᠪᠦᠬᠦᠢ ᠰᠠᠯᠠᠭ᠎ᠠ ᠮᠦᠴᠢᠷ ᠬᠠᠤᠯᠢ ᠳᠤᠭᠳᠠᠭᠠᠯ ᠪᠤᠯᠤᠨ | ᠡᠯ᠎ᠡ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠡᠬᠦᠷᠬᠡ ᠬᠠᠷᠢᠭᠤᠴᠠᠯᠭ᠎ᠠ ᠪᠠ ︽ ᠬᠠᠷᠢᠶᠠᠳᠤ ᠤᠷᠤᠨ ᠤ | ᠬᠠᠮᠢᠶᠠᠷᠤᠯᠳᠠ︾ ᠶᠢᠨ ᠵᠠᠷᠴᠢᠮ ᠢᠶᠠᠷ ᠪᠦᠬᠦ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠤᠨ ᠠᠵᠤ ᠠᠬᠤᠶᠢᠯᠠᠯ | ᠵᠢᠴᠢ ᠦᠷᠳᠡᠭᠡ ︵ ᠭᠠᠵᠠᠷ︶ ᠶᠢ ᠵᠢᠯᠭᠤᠳᠬᠤ ᠠᠵᠢᠯ ᠬᠢᠵᠤ᠂ ᠨᠡᠬᠦᠬᠡᠳᠤᠢ ᠦᠷᠳᠡᠭᠡ ︵ᠭᠠᠵᠠᠷ︶ ᠳᠤ | ᠳᠤᠭᠳᠠᠭᠰᠠᠨ ᠬᠤᠭᠤᠴᠠᠭ᠎ᠠ ᠲᠠᠢ ᠨᠡᠬᠦᠯᠬᠡᠬᠦ ᠶᠢᠨ ᠬᠠᠮᠳᠤ ᠬᠤᠷᠢᠶᠠᠨ ᠠᠪᠬᠤ ᠠᠵᠤ ᠠᠬᠤᠶᠢᠯᠠᠯ ᠦᠷᠳᠡᠭᠡ ︵ᠭᠠᠵᠠᠷ︶ | ᠶᠢ ᠳᠠᠶᠢᠴᠢᠯᠠᠬᠤ ᠪᠠ ᠵᠢᠯᠤᠭᠤᠳᠤᠨ ᠡᠾᠧᠩ ᠶᠠᠩ ᠳᠠᠬᠢᠨ ᠡᠬᠦᠰᠬᠦ ᠡᠨᠧᠷᠬᠢ ᠶᠢᠨ ᠡᠳ᠋ ᠪᠠᠷᠠᠭᠠᠨ ᠤ ᠬᠦᠢᠯᠬᠡᠬᠡᠨ ᠤ | ᠬᠦᠷᠢᠶᠡᠯᠡᠩ ᠲᠤᠭᠤᠷᠢᠭ ᠤᠨ ᠳᠦᠪᠯᠡᠷᠡᠬᠦᠯᠦᠭᠰᠡᠨ ᠬᠡᠪᠴᠢᠶᠡᠨ ᠳᠤ ᠡᠵᠡᠩᠨᠡᠬᠦᠯᠵᠤ᠂ ᠳᠤᠭᠳᠠᠭᠰᠠᠨ ᠬᠤᠭᠤᠴᠠᠭᠠᠨ ᠳᠤ | ᠨᠡᠬᠦᠬᠦ ᠦᠬᠡᠢ ᠪᠤᠯ ᠬᠤᠳᠠ ᠶᠢᠨ ᠠᠵᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠠᠴᠠ ᠡᠵᠡᠩᠨᠡᠯᠳᠡ ᠶᠢᠨ | ᠪᠠᠳᠤᠯᠠᠪᠤᠷᠢ ᠪᠢᠴᠢᠭ ᠶᠢ ᠨᠢ ᠬᠤᠷᠢᠶᠠᠨ ᠠᠪᠴᠤ ᠬᠦᠴᠦᠨ ᠦᠬᠡᠢ ᠪᠤᠯᠭᠠᠨ᠎ᠠ᠃ ᠡᠨᠡ ᠤᠳᠠᠭᠠᠨ ᠤ ᠳᠣᠰᠬᠠᠢ | ᠳᠦᠷᠦᠯ ᠢ ᠴᠡᠭᠴᠡᠯᠡᠨ ᠵᠠᠰᠠᠬᠤ ᠠᠵᠢᠯ ᠢ ᠬᠤᠳᠠ ᠶᠢᠨ ᠬᠤᠳᠠᠯᠳᠤᠭᠠᠨ ᠤ ᠶᠠᠪᠤᠳᠠᠯ ᠪᠤᠯᠤᠨ ᠠᠮᠤ ᠪᠤᠳᠠᠭᠠᠨ ᠤ | ᠳᠤᠪᠴᠢᠶ᠎ᠠ ᠨᠢᠬᠡᠳᠤᠯᠳᠡᠢ ᠬᠠᠮᠳᠤᠷᠠᠯᠴᠠᠵᠤ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ ᠤ ᠨᠢᠬᠡᠴᠡ | ᠡᠷᠬᠡᠪᠰᠢ ᠬᠠᠷᠢᠯᠴᠠᠨ ᠬᠠᠮᠳᠤᠷᠠᠯᠴᠠᠬᠤ ᠪᠠᠨ ᠴᠢᠩᠭᠠᠳᠬᠠᠵᠤ᠂ ᠨᠡᠶᠢᠯᠡᠯ ᠬᠦᠴᠦᠨ ᠢᠶᠠᠨ ᠪᠦᠷᠢᠯᠳᠦᠬᠦᠯᠵᠤ᠂ ᠪᠦᠬᠦ | ᠬᠤᠳᠠ ᠶᠢᠨ ᠬᠠᠶᠠᠭᠳᠠᠮᠠᠯ ᠡᠳ᠋ ᠬᠤᠷᠢᠶᠠᠨ ᠠᠪᠬᠤ ᠦᠷᠳᠡᠭᠡ ︵ᠭᠠᠵᠠᠷ︶ ᠳᠤ ᠴᠡᠪᠡᠷᠯᠡᠯᠳᠡ ᠴᠡᠭᠴᠡᠯᠡᠯᠳᠡ | ᠶᠠᠪᠤᠭᠤᠯᠤᠨ᠎ᠠ᠃ | ︵ᠭᠤᠷᠪᠠ︶ ᠳ᠋ᠦᠩᠨᠡᠨ ᠰᠢᠯᠭᠠᠨ ᠠᠪᠬᠤ ᠱᠠᠳᠤ ︵5 ᠰᠠᠷ᠎ᠠ ᠶᠢᠨ 26 ᠤ ᠡᠳᠤᠷ ᠠᠴᠠ 5 ᠰᠠᠷ᠎ᠠ ᠶᠢᠨ 30 | ᠡᠳᠤᠷ ᠪᠤᠯᠳᠠᠯ᠎ᠠ︶᠃ ᠡᠯ᠎ᠡ ᠵᠡᠬᠡᠯᠢ ᠭᠤᠳᠤᠮᠵᠢ᠂ ᠰᠤᠮᠤ᠂ ᠬᠠᠮᠢᠶ᠎ᠠ ᠪᠦᠬᠦᠢ ᠰᠠᠯᠠᠭ᠎ᠠ ᠮᠦᠴᠢᠷ ᠦᠩᠬᠡ ᠦᠨᠳᠤᠰᠤ | ᠶᠢ ᠨᠢ ᠬᠠᠮᠳᠣ ᠳᠤ ᠨᠢ ᠵᠠᠰᠠᠬᠤ ᠠᠷᠭ᠎ᠠ ᠠᠪᠴᠤ᠂ ᠤᠷᠳᠤ ᠬᠤᠭᠤᠴᠠᠭ᠎ᠠ ᠪᠠᠷ ᠬᠦᠴᠦᠨ ᠲᠠᠢ ᠬᠠᠮᠢᠶᠠᠷᠤᠯᠳᠠ ᠶᠢᠨ | ᠳᠤᠭᠳᠠᠴᠠ ᠶᠢ ᠪᠠᠶᠢᠭᠤᠯᠵᠤ᠂ ᠦᠷ᠎ᠡ ᠪᠦᠳᠦᠮᠵᠢ ᠪᠠᠨ ᠪᠠᠬᠢᠵᠢᠬᠦᠯᠵᠤ᠂ ᠡᠯ᠎ᠡ ᠵᠡᠬᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠰᠤᠮᠤ ᠠᠴᠠ ᠴᠡᠪᠡᠷᠯᠡᠨ ᠴᠡᠭᠴᠡᠯᠡᠭᠰᠡᠨ ᠪᠠᠶᠢᠳᠠᠯ ᠢᠶᠠᠨ ᠰᠠᠷ᠎ᠠ ᠪᠦᠷᠢ ᠳᠤ ᠨᠢᠬᠡ ᠣᠳᠠᠭ᠎ᠠ | ᠮᠡᠳᠡᠬᠦᠯᠵᠤ᠂ ᠴᠡᠭᠴᠡᠯᠡᠨ ᠵᠠᠰᠠᠬᠤ ᠠᠵᠢᠯᠯᠠᠭ᠎ᠠ ᠳᠠᠭᠤᠰᠤᠭᠰᠠᠨ ᠤ ᠰᠡᠬᠦᠯᠡᠷ ᠬᠤᠳᠠ ᠶᠢᠨ ᠬᠤᠳᠠᠯᠳᠤᠭᠠᠨ ᠤ ᠶᠠᠪᠤᠳᠠᠯ | ᠪᠤᠯᠤᠨ ᠠᠮᠤ ᠪᠤᠳᠠᠭᠠᠨ ᠤ ᠳᠤᠪᠴᠢᠶ᠎ᠠ ᠠᠴᠠ ᠶᠡᠷᠤᠩᠬᠡᠶᠢᠯᠡᠨ ᠬᠤᠷᠢᠶᠠᠩᠭᠤᠶᠢᠯᠠᠵᠤ᠂ ᠳᠤᠷᠰᠢᠯᠭ᠎ᠠ ᠪᠠᠨ ᠬᠢᠨᠠᠮᠠᠭᠠᠢ | ᠳ᠋ᠦᠩᠨᠡᠵᠤ᠂ ᠳᠠᠬᠢᠨ ᠬᠠᠷᠢᠬᠤ ᠶᠢ ᠰᠡᠷᠬᠡᠶᠢᠯᠡᠵᠤ᠂ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠠᠵᠤ | ᠠᠬᠤᠶᠢᠯᠠᠯ ᠵᠢᠴᠢ ᠦᠷᠳᠡᠭᠡ ︵ᠭᠠᠵᠠᠷ︶ ᠶᠢᠨ ᠬᠢᠨᠠᠯᠳᠠ ᠬᠠᠮᠢᠶᠠᠷᠤᠯᠳᠠ ᠶᠢᠨ ᠤᠷᠳᠤ ᠬᠤᠭᠤᠴᠠᠭᠠᠨ ᠳᠤ ᠬᠦᠴᠦᠨ | ᠲᠠᠢ ᠳᠤᠭᠳᠠᠴᠠ ᠶᠢ ᠪᠦᠷᠢᠯᠳᠦᠬᠦᠯᠦᠨ᠎ᠡ᠃ | ᠳᠠᠪᠤ᠂ ᠠᠵᠢᠯ ᠤᠨ ᠱᠠᠭᠠᠷᠳᠠᠯᠭ᠎ᠠ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ᠃ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠬᠡᠰᠢᠬᠦᠨ ᠤ ᠨᠢᠬᠡᠴᠡ ᠳᠤᠰ ᠤᠳᠠᠭᠠᠨ ᠤ ᠳᠣᠰᠬᠠᠢ ᠳᠦᠷᠦᠯ ᠢ ᠴᠡᠭᠴᠡᠯᠡᠨ | ᠵᠠᠰᠠᠬᠤ ᠠᠵᠢᠯᠯᠠᠭ᠎ᠠ ᠶᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠢ ᠵᠤᠬᠢᠶᠠᠨ ᠪᠠᠶᠢᠭᠤᠯᠵᠤ᠂ ᠨᠢᠭᠳᠠ | ᠬᠠᠮᠵᠢᠯᠴᠠᠵᠤ᠂ ᠨᠢᠬᠡᠳᠤᠯᠳᠡᠢ ᠬᠦᠳᠡᠯᠤᠯᠴᠡᠵᠤ᠂ ᠬᠠᠮᠳᠤᠷᠠᠨ ᠬᠠᠤᠯᠢ ᠬᠡᠷᠡᠭᠵᠢᠬᠦᠯᠵᠤ᠂ ᠦᠨᠡᠨᠴᠢ ᠰᠢᠳᠣᠷᠭᠤ᠂ | ᠬᠠᠷᠢᠭᠤᠴᠠᠯᠭ᠎ᠠ ᠡᠬᠦᠷᠬᠡᠯᠡᠬᠦ ᠵᠤᠷᠢᠭ ᠰᠠᠨᠠᠭ᠎ᠠ ᠪᠠᠷ ᠬᠢᠨᠠᠨ ᠬᠠᠮᠢᠶᠠᠷᠬᠤ ᠡᠬᠦᠷᠬᠡ ᠬᠠᠷᠢᠭᠤᠴᠠᠯᠭ᠎ᠠ ᠶᠢ ᠦᠨᠡᠨᠬᠦ | ᠡᠬᠦᠷᠬᠡᠯᠡᠬᠦ ᠬᠡᠷᠡᠭᠳᠡᠢ᠃ | ︵ᠬᠤᠶᠠᠷ︶ ᠴᠡᠭᠴᠡᠯᠡᠨ ᠵᠠᠰᠠᠯᠳᠠ ᠶᠢ ᠡᠷᠡᠰ ᠴᠢᠩᠭ᠎ᠠ ᠪᠠᠶᠢᠴᠠᠭᠠᠬᠤ ᠬᠡᠷᠡᠭᠳᠡᠢ᠃ ᠴᠡᠭᠴᠡᠯᠡᠨ ᠵᠠᠰᠠᠬᠤ | ᠠᠭᠤᠯᠭ᠎ᠠ ᠶᠤᠰᠤᠭᠠᠷ ᠪᠠᠶᠢᠴᠠᠭᠠᠬᠤ ᠱᠠᠭᠠᠷᠳᠠᠯᠭ᠎ᠠ ᠳᠤ ᠨᠡᠶᠢᠴᠡᠬᠦ ᠦᠬᠡᠢ ᠶᠢ ᠨᠢ ᠡᠷᠬᠡᠪᠰᠢ ᠳᠤᠭᠳᠠᠭᠰᠠᠨ | ᠬᠤᠭᠤᠴᠠᠭᠠᠨ ᠳᠤ ᠵᠠᠰᠠᠵᠤ ᠳᠠᠭᠤᠰᠬᠠᠬᠤ ᠬᠡᠷᠡᠭᠳᠡᠢ᠂ ᠴᠡᠭᠴᠡᠯᠡᠨ ᠵᠠᠰᠠᠭᠠᠳ ᠪᠠᠷᠢᠮᠵᠢᠶ᠎ᠠ ᠳᠤ ᠬᠦᠷᠦᠭᠰᠡᠨ ᠶᠢ ᠬᠡᠯᠪᠡᠷᠢ | ᠶᠢ ᠨᠢ ᠬᠤᠪᠢᠷᠠᠭᠤᠯᠤᠨ ᠬᠦᠭᠵᠢᠬᠦᠯᠬᠦ ᠪᠠᠷ ᠬᠦᠳᠤᠯᠬᠦ ᠪᠠ ᠡᠷᠡᠰ ᠬᠦᠴᠦᠨ ᠦᠬᠡᠢ ᠪᠤᠯᠭᠠᠬᠤ ᠬᠡᠷᠡᠭᠳᠡᠢ᠃ ᠡᠯ᠎ᠡ | ᠬᠠᠮᠢᠶ᠎ᠠ ᠪᠦᠬᠦᠢ ᠰᠠᠯᠠᠭ᠎ᠠ ᠮᠦᠴᠢᠷ ᠨᠢᠬᠡᠨᠳᠡ ᠳᠤᠳᠤᠷᠬᠠᠢ ᠪᠣᠯᠣᠭᠰᠠᠨ ᠡᠬᠦᠷᠬᠡ ᠬᠤᠪᠢᠶᠠᠷᠢ ᠶᠢ ᠬᠠᠷᠢᠯᠴᠠᠨ | ᠰᠢᠯᠳᠠᠭᠠᠯᠠᠨ ᠲᠦᠯᠬᠢᠴᠡᠵᠤ ᠪᠤᠯᠬᠤ ᠦᠬᠡᠢ᠂ ᠴᠡᠭᠴᠡᠯᠡᠨ ᠵᠠᠰᠠᠬᠤ ᠶᠠᠪᠤᠴᠠ ᠶᠢᠨ ᠨᠢᠬᠡᠳᠤᠯᠳᠡᠢ ᠪᠠᠷᠢᠮᠵᠢᠶ᠎ᠠ ᠶᠢ | ᠪᠠᠷᠢᠮᠳᠠᠯᠠᠵᠤ᠂ ᠡᠯ᠎ᠡ ᠳᠦᠷᠦᠯ ᠤᠨ ᠠᠵᠢᠯ ᠤᠨ ᠡᠷᠬᠡ ᠳᠡᠭᠰᠢ᠂ ᠳᠦᠪ ᠭᠤᠤᠯᠴᠢ ᠪᠠᠶᠢᠬᠤ ᠶᠢ ᠦᠨᠡᠨᠬᠦ ᠪᠠᠳᠤᠯᠠᠬᠤ | ᠬᠡᠷᠡᠭᠳᠡᠢ᠃ | ︵ᠭᠤᠷᠪᠠ︶ ᠪᠤᠳᠠᠳᠠᠢ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ᠳᠣᠰᠬᠠᠢ ᠳᠦᠷᠦᠯ ᠢ ᠴᠡᠭᠴᠡᠯᠡᠨ | ᠵᠠᠰᠠᠬᠤ ᠶᠠᠪᠤᠴᠠ ᠶᠢᠨ ᠳᠤᠮᠳᠠ ᠬᠠᠤᠯᠢ ᠳᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠳᠤᠷᠭᠤᠭᠠᠬᠤ ᠳᠤ | ᠡᠷᠬᠡᠪᠰᠢ ᠵᠠᠷᠴᠢᠮ ᠢ ᠪᠠᠷᠢᠮᠳᠠᠯᠠᠨ᠂ ᠬᠠᠤᠯᠢ ᠳᠤᠭᠳᠠᠭᠠᠯ ᠶᠤᠰᠤᠭᠠᠷ ᠰᠢᠢᠳᠪᠤᠷᠢᠯᠡᠵᠤ᠂ ᠪᠠᠶᠢᠴᠠᠭᠠᠯᠳᠠ ᠶᠢ | ᠵᠣᠷᠢᠭᠤᠳᠠ ᠬᠠᠷᠰᠢᠯᠠᠬᠤ ᠪᠤᠶᠤ ᠡᠷᠡᠰ ᠢᠶᠠᠷ ᠴᠡᠭᠴᠡᠯᠡᠨ ᠵᠠᠰᠠᠬᠤ ᠦᠬᠡᠢ ᠪᠤᠯ ᠳᠠᠭᠠᠷᠢᠨ ᠤᠷᠤᠬᠤ ᠪᠤᠶᠤ ᠵᠠᠭᠤᠴᠢ | ᠪᠠᠷ ᠳᠠᠮᠵᠢᠨ ᠢᠯᠡᠴᠢᠯᠡᠬᠦ ᠬᠡᠷᠡᠭᠳᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠤᠯᠢ ᠬᠡᠷᠡᠭᠵᠢᠬᠦᠯᠬᠦ ᠶᠠᠪᠤᠴᠠ | ᠳᠤᠮᠳᠠ ᠨᠡᠪᠳᠡᠷᠡᠬᠦᠯᠬᠦ ᠪᠦᠭᠯᠡᠬᠦ ᠶᠢ ᠤᠶᠠᠯᠳᠤᠭᠤᠯᠵᠤ᠂ ᠬᠠᠮᠢᠶᠠᠷᠤᠯᠳᠠ ᠬᠢᠬᠡᠳ ᠦᠢᠯᠡᠴᠢᠯᠬᠡ ᠶᠢ ᠬᠠᠮᠳᠤ ᠠᠳᠬᠤᠵᠤ | ᠂ ᠠᠰᠠᠭᠤᠳᠠᠯ ᠤᠨ ᠵᠦᠷᠢᠴᠡᠯ ᠢ ᠪᠦᠳᠦᠮᠵᠢᠳᠡᠢ ᠡᠶᠡᠳᠡᠬᠦᠯᠵᠣ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠳᠦᠮᠵᠢ | ᠶᠢ ᠦᠨᠡᠨᠬᠦ ᠪᠠᠳᠤᠯᠠᠬᠤ ᠬᠡᠷᠡᠭᠳᠡᠢ᠃ ᠵᠠᠰᠠᠭ ᠤᠨ ᠤᠷᠳᠤᠨ ᠤ ᠱᠠᠯᠠᠪᠳᠠᠭᠤᠯᠤᠨ ᠪᠠᠶᠢᠴᠠᠭᠠᠬᠤ ᠠᠯᠪᠠᠨ ᠬᠡᠷ ᠠᠴᠠ | ᠳᠤᠭᠳᠠᠭᠰᠠᠨ ᠬᠤᠭᠤᠴᠠᠭ᠎ᠠ ᠲᠠᠢ ᠪᠠᠶᠢᠴᠠᠭᠠᠬᠤ᠂ ᠬᠡᠨᠡᠳᠳᠡ ᠶᠢᠨ ᠪᠠ ᠰᠤᠩᠭᠤᠨ ᠪᠠᠶᠢᠴᠠᠭᠠᠬᠤ ᠵᠡᠷᠬᠡ ᠶᠢᠨ ᠬᠡᠯᠪᠡᠷᠢ | ᠶᠢ ᠠᠪᠴᠤ᠂ ᠡᠯ᠎ᠡ ᠰᠠᠯᠠᠭ᠎ᠠ ᠮᠦᠴᠢᠷ ᠤᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ | ︶ ᠶᠢᠨ ᠳᠣᠰᠬᠠᠢ ᠳᠦᠷᠦᠯ ᠢ ᠴᠡᠭᠴᠡᠯᠡᠨ ᠵᠠᠰᠠᠭᠰᠠᠨ ᠪᠠᠶᠢᠳᠠᠯ ᠢ ᠪᠦᠬᠦ ᠳᠠᠯ᠎ᠠ ᠪᠠᠷ ᠱᠠᠯᠠᠪᠳᠠᠨ ᠪᠠᠶᠢᠴᠠᠭᠠᠵᠤ᠂ ᠠᠵᠢᠯ | ᠢ ᠪᠣᠳᠠᠳᠠᠢ ᠨᠠᠶᠢᠳᠠᠪᠤᠷᠢᠵᠢᠭᠤᠯᠤᠭᠰᠠᠨ ᠦᠬᠡᠢ ᠪᠠᠶᠢᠳᠠᠯ ᠢ ᠵᠠᠷᠯᠠᠨ ᠨᠡᠶᠢᠳᠡᠯᠡᠬᠦ ᠬᠡᠷᠡᠭᠳᠡᠢ᠃ | ᠳᠠᠭᠠᠯᠳᠤᠭᠤᠯᠤᠯ᠄ ᠬᠤᠤᠯᠢᠩᠭᠤᠤᠯ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ | ᠦᠷᠳᠡᠭᠡ ︵ᠭᠠᠵᠠᠷ︶ ᠶᠢᠨ ᠳᠣᠰᠬᠠᠢ ᠳᠦᠷᠦᠯ ᠢ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠵᠢᠴᠢ ᠠᠯᠪᠠᠨ | ᠬᠡᠷ ᠤᠨ ᠪᠦᠷᠢᠯᠳᠦᠬᠦᠨ ᠬᠡᠰᠢᠬᠦᠨ | ᠳᠠᠭᠠᠯᠳᠤᠭᠤᠯᠤᠯ | ᠬᠤᠤᠯᠢᠩᠭᠤᠤᠯ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ | ᠶᠢᠨ ᠳᠣᠰᠬᠠᠢ ᠳᠦᠷᠦᠯ ᠢ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ ᠤᠨ ᠪᠦᠷᠢᠯᠳᠦᠬᠦᠨ | ᠬᠡᠰᠢᠬᠦᠨ | ᠪᠦᠬᠦ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠳᠣᠰᠬᠠᠢ ᠳᠦᠷᠦᠯ ᠢ ᠴᠡᠭᠴᠡᠯᠡᠨ | ᠵᠠᠰᠠᠬᠤ ᠵᠤᠬᠢᠶᠡᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠳᠠᠬᠢᠨ ᠡᠬᠦᠰᠬᠦ ᠡᠬᠢ ᠪᠠᠶᠠᠯᠢᠭ ᠢ | ᠬᠤᠷᠢᠶᠠᠨ ᠠᠪᠬᠤ ᠦᠷᠳᠡᠭᠡ ︵ᠭᠠᠵᠠᠷ︶ ᠶᠢᠨ ᠳᠣᠰᠬᠠᠢ ᠳᠦᠷᠦᠯ ᠢ ᠴᠡᠭᠴᠡᠯᠡᠨ ᠵᠠᠰᠠᠬᠤ ᠠᠵᠢᠯ ᠤᠨ ᠡᠷᠡᠬᠦᠯ ᠢᠶᠠᠷ | ᠡᠮᠬᠢ ᠳᠢᠭᠯᠢᠮ ᠲᠠᠢ ᠠᠬᠢᠭᠤᠯᠬᠤ ᠶᠢᠨ ᠳᠤᠰᠠᠳᠠ ᠬᠤᠳᠠ ᠶᠢᠨ ᠵᠠᠰᠠᠭ ᠤᠨ ᠤᠷᠳᠤᠨ ᠠᠴᠠ ᠪᠦᠬᠦ ᠬᠤᠳᠠ ᠶᠢᠨ | ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠭᠠᠵᠠᠷ︶ ᠶᠢᠨ ᠳᠣᠰᠬᠠᠢ ᠳᠦᠷᠦᠯ ᠢ ᠴᠡᠭᠴᠡᠯᠡᠨ | ᠵᠠᠰᠠᠬᠤ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠶᠠᠷᠢᠯᠴᠠᠨ ᠳᠤᠭᠳᠠᠭᠠᠪᠠ᠂ ᠪᠦᠷᠢᠯᠳᠤᠬᠦᠨ ᠬᠡᠰᠢᠬᠦᠨ ᠨᠢ | ᠳᠤᠤᠷᠠᠬᠢ ᠮᠡᠳᠤ᠄ | ᠨᠢᠬᠡ᠂ ᠳᠣᠰᠬᠠᠢ ᠳᠦᠷᠦᠯ ᠢ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠵᠠᠩ ᠬᠤᠩ ᠹᠦ᠋ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠵᠠᠰᠠᠭ ᠤᠨ ᠤᠷᠳᠤᠨ ᠤ ᠬᠤᠳᠠ ᠶᠢᠨ ᠳᠠᠷᠤᠭ᠎ᠠ | ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠄ ᠵᠠᠩ ᠴᠢᠨ ᠡᠾᠦ᠋ᠢ ᠬᠤᠳᠠ ᠶᠢᠨ ᠵᠠᠰᠠᠭ ᠤᠨ | ᠤᠷᠳᠤᠨ ᠤ ᠳᠡᠳ᠋ ᠬᠤᠳᠠ ᠶᠢᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠸᠠᠩ ᠯᠢ ᠳ᠋ᠠ ᠬᠤᠳᠠ ᠶᠢᠨ ᠬᠤᠳᠠᠯᠳᠤᠭᠠᠨ ᠤ ᠶᠠᠪᠤᠳᠠᠯ ᠪᠤᠯᠤᠨ ᠠᠮᠤ | ᠪᠤᠳᠠᠭᠠᠨ ᠤ ᠳᠤᠪᠴᠢᠶ᠎ᠠ ᠶᠢᠨ ᠳᠤᠪᠴᠢᠶᠠᠨ ᠳᠠᠷᠤᠭ᠎ᠠ | ᠶᠠᠩ ᠶᠠᠩ ᠬᠤᠳᠠ ᠶᠢᠨ ᠠᠵᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠶᠢᠨ ᠳᠤᠪᠴᠢᠶᠠᠨ ᠳᠠᠷᠤᠭ᠎ᠠ | ᠱᠤᠸᠠᠩ ᠯᠦᠩ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ ᠳᠤᠪᠴᠢᠶᠠᠨ ᠳᠠᠷᠤᠭ᠎ᠠ | ᠳᠦᠩ ᠹᠦ᠋ ᠮᠢᠩ ᠬᠤᠳᠠ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠪᠴᠢᠶ᠎ᠠ ᠶᠢᠨ ᠳᠤᠪᠴᠢᠶᠠᠨ | ᠳᠠᠷᠤᠭ᠎ᠠ | ᠸᠠᠩ ᠵᠠᠨ ᠵᠢᠶᠦ᠋ᠨ ᠬᠤᠳᠠ ᠶᠢᠨ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠳᠤᠪᠴᠢᠶ᠎ᠠ ᠶᠢᠨ | ᠳᠤᠪᠴᠢᠶᠠᠨ ᠳᠠᠷᠤᠭ᠎ᠠ | ᠭᠤᠤ ᠸᠧᠢ ᠺᠦᠢ ᠬᠤᠳᠠ ᠶᠢᠨ ᠤᠯᠤᠰ ᠤᠨ ᠭᠠᠶᠢᠯᠢ ᠶᠢᠨ ᠳᠤᠪᠴᠢᠶ᠎ᠠ ᠶᠢᠨ ᠳᠤᠪᠴᠢᠶᠠᠨ ᠳᠠᠷᠤᠭ᠎ᠠ | ᠼᠦᠢ ᠬᠤᠩ ᠬᠠᠢ ᠬᠤᠳᠠ ᠶᠢᠨ ᠤᠷᠤᠨ ᠨᠤᠳᠤᠭ ᠤᠨ ᠭᠠᠶᠢᠯᠢ ᠶᠢᠨ ᠳᠤᠪᠴᠢᠶ᠎ᠠ ᠶᠢᠨ ᠳᠤᠪᠴᠢᠶᠠᠨ | ᠳᠠᠷᠤᠭ᠎ᠠ | ᠵᠠᠢ ᠲᠦᠸᠧ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠳᠤᠪᠴᠢᠶᠠᠨ ᠳᠠᠷᠤᠭ᠎ᠠ | ᠰᠢᠶᠠ ᡁᠢ ᠮᠢᠩ ᠳᠠᠯᠠᠶᠢᠬᠤᠰᠢᠭᠤ ᠰᠤᠮᠤ ᠶᠢᠨ ᠰᠤᠮᠤ ᠶᠢᠨ ᠳᠠᠷᠤᠭ᠎ᠠ | ᠹᠠᠨ ᠰᠢᠶᠤᠤ ᠯᠢ ᠵᠦᠰᠬᠤᠸᠠ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠮᠢᠨ ᠰᠢᠷ᠎ᠠ ᠬᠦᠤᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠮᠧᠩ ᠹᠠᠨ ᠡᠾᠦ᠋ᠢ ᠮᠦᠰᠤᠳᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠵᠢᠶᠦ᠋ᠨ ᠭᠦᠸᠧ ᠪᠤᠷᠤᠬᠤᠵᠢᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢ ᠮᠢᠨ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ ᠤᠨ ᠳᠡᠳ᠋ ᠡᠷᠬᠢᠯᠡᠭᠴᠢ | ᠯᠢᠤ ᠬᠠᠢ ᠨᠠ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ ᠤᠨ ᠳᠡᠳ᠋ ᠡᠷᠬᠢᠯᠡᠭᠴᠢ | ᠪᠦᠷᠢᠯᠳᠤᠬᠦᠨ ᠬᠡᠰᠢᠬᠦᠨ᠄ ᠯᠢ ᠵᠢᠶᠠᠨ ᠵᠢᠶᠦ᠋ᠨ ᠳᠠᠯᠠᠶᠢᠬᠤᠰᠢᠭᠤ ᠰᠤᠮᠤ ᠶᠢᠨ ᠨᠠᠮ ᠤᠨ ᠬᠤᠷᠢᠶ᠎ᠠ ᠶᠢᠨ ᠳᠡᠳ᠋ | ᠱᠦᠵᠢ | ᠱᠤᠸᠠᠩ ᠴᠢᠤᠸᠠᠨ ᠬᠤᠳᠠ ᠶᠢᠨ ᠬᠤᠳᠠᠯᠳᠤᠭᠠᠨ ᠤ ᠶᠠᠪᠤᠳᠠᠯ ᠪᠤᠯᠤᠨ ᠠᠮᠤ ᠪᠤᠳᠠᠭᠠᠨ ᠤ ᠳᠤᠪᠴᠢᠶ᠎ᠠ ᠶᠢᠨ | ᠳᠡᠳ᠋ ᠳᠤᠪᠴᠢᠶᠠᠨ ᠳᠠᠷᠤᠭ᠎ᠠ | ᠮᠡᠳᠡᠯᠳᠤ ᠮᠦᠰᠤᠳᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠭᠤᠤ ᠪᠦᠸᠧ ᠬᠤᠳᠠ ᠶᠢᠨ ᠠᠮᠤᠷ ᠢ ᠬᠠᠮᠠᠭᠠᠯᠠᠬᠤ ᠶᠡᠭᠡ ᠠᠩᠬᠢ ᠶᠢᠨ ᠶᠡᠭᠡ ᠠᠩᠬᠢ ᠶᠢᠨ ᠳᠠᠷᠤᠭ᠎ᠠ | ᠪᠤᠤ ᠯᠧᠢ ᠰᠢᠷ᠎ᠠ ᠬᠦᠤᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠯᠢᠤ ᠵᠢᠩ ᠵᠢᠩ ᠬᠤᠳᠠ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠪᠴᠢᠶ᠎ᠠ ᠶᠢᠨ ᠳᠡᠳ᠋ | ᠳᠤᠪᠴᠢᠶᠠᠨ ᠳᠠᠷᠤᠭ᠎ᠠ | ᠸᠠᠩ ᠽᠧ ᠬᠤᠤ ᠮᠦᠰᠤᠳᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ᠡᠷᠬᠢᠯᠡᠭᠴᠢ | ᠴᠧᠩ ᠵᠢᠶᠠᠨ ᠪᠤᠷᠤᠬᠤᠵᠢᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠰᠢᠤᠢ ᠸᠧᠨ ᠡᠤ ᠬᠤᠳᠠ ᠶᠢᠨ ᠤᠷᠤᠨ ᠨᠤᠳᠤᠭ ᠤᠨ ᠭᠠᠶᠢᠯᠢ ᠶᠢᠨ ᠳᠤᠪᠴᠢᠶ᠎ᠠ ᠶᠢᠨ ᠳᠤᠪᠴᠢᠶᠠᠨ | ᠳᠠᠷᠤᠭ᠎ᠠ | ᠯᠢᠤᠢ ᠬᠤᠩ ᠨᠠᠨ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ ᠳᠠᠯᠠᠶᠢᠬᠤᠰᠢᠭᠤ ᠰᠤᠮᠤ | ᠶᠢᠨ ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠰᠢᠤᠢ ᠪᠢᠨ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ ᠵᠦᠰᠬᠤᠸᠠ ᠳᠠᠬᠢ | ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠶᠠᠩ ᠴᠧᠩ ᠢᠤᠢ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ ᠰᠢᠷ᠎ᠠ ᠬᠦᠤᠷ ᠲᠠᠬᠢ | ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠬᠠᠨ ᠯᠢᠶᠠᠩ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ ᠮᠦᠰᠤᠳᠤ ᠳᠠᠬᠢ | ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠵᠠᠩ ᠰᠢᠶᠠ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ ᠪᠤᠷᠤᠬᠤᠵᠢᠷ ᠲᠠᠬᠢ | ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠮᠦᠩᠬᠦᠨᠴᠡᠴᠡᠭ ᠬᠤᠳᠠ ᠶᠢᠨ ᠨᠢᠬᠡᠳᠤᠬᠡᠷ ᠠᠵᠤ ᠦᠢᠯᠡᠳᠪᠤᠷᠢ ᠬᠤᠳᠠᠯᠳᠤᠭᠠᠨ ᠤ ᠭᠠᠵᠠᠷ ᠤᠨ ᠭᠠᠵᠠᠷ ᠤᠨ | ᠳᠠᠷᠤᠭ᠎ᠠ | ᠸᠠᠩ ᡁᠢ ᠸᠧᠢ ᠬᠤᠳᠠ ᠶᠢᠨ ᠬᠤᠶᠠᠳᠤᠭᠠᠷ ᠠᠵᠤ ᠦᠢᠯᠡᠳᠪᠤᠷᠢ ᠬᠤᠳᠠᠯᠳᠤᠭᠠᠨ ᠤ ᠭᠠᠵᠠᠷ ᠤᠨ ᠭᠠᠵᠠᠷ | ᠤᠨ ᠳᠠᠷᠤᠭ᠎ᠠ | ᠡᠤ ᠪᠠᠭᠠᠨ᠎ᠠ ᠬᠤᠳᠠ ᠶᠢᠨ ᠭᠤᠷᠪᠠᠳᠤᠭᠠᠷ ᠠᠵᠤ ᠦᠢᠯᠡᠳᠪᠤᠷᠢ ᠬᠤᠳᠠᠯᠳᠤᠭᠠᠨ ᠤ ᠭᠠᠵᠠᠷ ᠤᠨ ᠭᠠᠵᠠᠷ ᠤᠨ | ᠳᠠᠷᠤᠭ᠎ᠠ | ᠴᠢ ᠹᠧᠩ ᠳ᠋ᠦᠩ ᠬᠤᠳᠠ ᠶᠢᠨ ᠳᠠᠯᠠᠶᠢᠬᠤᠰᠢᠭᠤ ᠰᠤᠮᠤ ᠶᠢᠨ ᠳᠤᠮᠢᠯᠠᠭᠰᠠᠨ ᠰᠠᠯᠪᠤᠷᠢ ᠶᠢᠨ ᠰᠠᠯᠪᠤᠷᠢ ᠶᠢᠨ | ᠳᠠᠷᠤᠭ᠎ᠠ | ᠰᠢᠤᠢ ᡁᠢ ᠬᠤᠸᠠ ᠬᠤᠳᠠ ᠶᠢᠨ ᠵᠦᠰᠬᠤᠸᠠ ᠳᠠᠬᠢ ᠳᠤᠮᠢᠯᠠᠭᠰᠠᠨ ᠰᠠᠯᠪᠤᠷᠢ ᠶᠢᠨ ᠰᠠᠯᠪᠤᠷᠢ ᠶᠢᠨ ᠳᠠᠷᠤᠭ᠎ᠠ | ᠸᠠᠩ ᠶᠦᠩ ᠵᠢᠢ ᠬᠤᠳᠠ ᠶᠢᠨ ᠰᠢᠷ᠎ᠠ ᠬᠦᠤᠷ ᠲᠠᠬᠢ ᠳᠤᠮᠢᠯᠠᠭᠰᠠᠨ ᠰᠠᠯᠪᠤᠷᠢ ᠶᠢᠨ ᠰᠠᠯᠪᠤᠷᠢ ᠶᠢᠨ | ᠳᠠᠷᠤᠭ᠎ᠠ | ᠭᠤᠤ ᠶᠠ ᠵᠢᠶᠦ᠋ᠨ ᠬᠤᠳᠠ ᠶᠢᠨ ᠮᠦᠰᠤᠳᠤ ᠳᠠᠬᠢ ᠳᠤᠮᠢᠯᠠᠭᠰᠠᠨ ᠰᠠᠯᠪᠤᠷᠢ ᠶᠢᠨ ᠰᠠᠯᠪᠤᠷᠢ ᠶᠢᠨ ᠳᠠᠷᠤᠭ᠎ᠠ | ᠸᠠᠩ ᠴᠠᠩ ᠳ᠋ᠧ ᠬᠤᠳᠠ ᠶᠢᠨ ᠪᠤᠷᠤᠬᠤᠵᠢᠷ ᠲᠠᠬᠢ ᠳᠤᠮᠢᠯᠠᠭᠰᠠᠨ ᠰᠠᠯᠪᠤᠷᠢ ᠶᠢᠨ ᠰᠠᠯᠪᠤᠷᠢ ᠶᠢᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠳᠠ ᠶᠢᠨ ᠬᠤᠳᠠᠯᠳᠤᠭᠠᠨ ᠤ ᠶᠠᠪᠤᠳᠠᠯ ᠪᠤᠯᠤᠨ ᠠᠮᠤ | ᠪᠤᠳᠠᠭᠠᠨ ᠤ ᠳᠤᠪᠴᠢᠶ᠎ᠠ ᠳᠤ ᠪᠠᠶᠢᠭᠤᠯᠵᠤ᠂ ᠪᠦᠬᠦ ᠬᠤᠳᠠ ᠶᠢᠨ ᠳᠠᠬᠢᠨ ᠡᠬᠦᠰᠬᠦ ᠡᠬᠢ ᠪᠠᠶᠠᠯᠢᠭ ᠢ ᠬᠤᠷᠢᠶᠠᠨ | ᠠᠪᠬᠤ ᠦᠷᠳᠡᠭᠡ ︵ᠭᠠᠵᠠᠷ︶ ᠶᠢᠨ ᠳᠣᠰᠬᠠᠢ ᠳᠦᠷᠦᠯ ᠢ ᠴᠡᠭᠴᠡᠯᠡᠨ ᠵᠠᠰᠠᠬᠤ ᠠᠵᠢᠯ ᠤᠨ ᠵᠤᠬᠢᠶᠠᠨ ᠪᠠᠶᠢᠭᠤᠯᠤᠯᠳᠠ | ᠶᠢ ᠳᠤᠬᠢᠷᠠᠭᠤᠯᠤᠨ ᠬᠠᠷᠢᠭᠤᠴᠠᠵᠤ᠂ ᠠᠯᠪᠠᠨ ᠬᠡᠷ ᠤᠨ ᠡᠷᠬᠢᠯᠡᠭᠴᠢ ᠶᠢ ᠬᠤᠳᠠ ᠶᠢᠨ ᠬᠤᠳᠠᠯᠳᠤᠭᠠᠨ ᠤ ᠶᠠᠪᠤᠳᠠᠯ | ᠪᠤᠯᠤᠨ ᠠᠮᠤ ᠪᠤᠳᠠᠭᠠᠨ ᠤ ᠳᠤᠪᠴᠢᠶ᠎ᠠ ᠶᠢᠨ ᠳᠤᠪᠴᠢᠶᠠᠨ ᠳᠠᠷᠤᠭ᠎ᠠ ᠸᠠᠩ ᠯᠢ ᠳ᠋ᠠ ᠬᠠᠪᠰᠣᠷᠭᠠᠨ ᠬᠠᠷᠢᠭᠤᠴᠠᠵᠤ᠂ | ᠳᠡᠳ᠋ ᠡᠷᠬᠢᠯᠡᠭᠴᠢ ᠶᠢ ᠱᠤᠸᠠᠩ ᠴᠢᠤᠸᠠᠨ᠂ ᠵᠠᠢ ᠲᠦᠸᠧ᠂ ᠯᠢᠤ ᠵᠢᠩ ᠵᠢᠩ᠂ ᠭᠤᠤ ᠪᠦᠸᠧ ᠬᠠᠪᠰᠤᠷᠭᠠᠨ | ᠬᠠᠷᠢᠭᠤᠴᠠᠨ᠎ᠠ᠃ | ᠬᠤᠶᠠᠷ᠂ ᠳᠠᠬᠢᠨ ᠡᠬᠦᠰᠬᠦ ᠡᠬᠢ ᠪᠠᠶᠠᠯᠢᠭ ᠢ ᠴᠡᠭᠴᠡᠯᠡᠨ ᠵᠠᠰᠠᠬᠤ ᠠᠬᠢᠭᠤᠯᠤᠯᠳᠠ ᠶᠢᠨ ᠠᠵᠢᠯ ᠤᠨ | ᠳᠤᠭᠤᠶᠢᠯᠠᠩ ᠪᠠᠶᠢᠭᠤᠯᠤᠨ᠎ᠠ | ᠤᠳᠤᠷᠢᠳᠬᠤ ᠳᠤᠭᠤᠶᠢᠯᠠᠩ ᠢ ᠳᠠᠯᠠᠶᠢᠬᠤᠰᠢᠭᠤ ᠰᠤᠮᠤ ᠶᠢᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ᠂ | ᠵᠦᠰᠬᠤᠸᠠ ᠶᠢᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ᠂ ᠰᠢᠷ᠎ᠠ ᠬᠦᠤᠷ ᠤᠨ ᠠᠬᠢᠭᠤᠯᠤᠯᠳᠠ ᠶᠢᠨ ᠠᠵᠢᠯ | ᠤᠨ ᠳᠤᠭᠤᠶᠢᠯᠠᠩ᠂ ᠮᠦᠰᠤᠳᠤ ᠶᠢᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ᠂ ᠪᠤᠷᠤᠬᠤᠵᠢᠷ ᠤᠨ | ᠠᠬᠢᠭᠤᠯᠤᠯᠳᠠ ᠶᠢᠨ ᠠᠵᠢᠯ ᠤᠨ ᠳᠤᠭᠤᠶᠢᠯᠠᠩ ᠬᠡᠵᠤ ᠪᠠᠶᠢᠭᠤᠯᠤᠨ᠎ᠠ᠃ | ︵ᠨᠢᠬᠡ︶ ᠳᠠᠯᠠᠶᠢᠬᠤᠰᠢᠭᠤ ᠰᠤᠮᠤ ᠶᠢᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠰᠢᠶᠠ ᡁᠢ ᠮᠢᠩ ᠳᠠᠯᠠᠶᠢᠬᠤᠰᠢᠭᠤ ᠰᠤᠮᠤ ᠶᠢᠨ ᠰᠤᠮᠤᠨ ᠳᠠᠷᠤᠭ᠎ᠠ | ᠪᠦᠷᠢᠯᠳᠦᠬᠦᠨ ᠬᠡᠰᠢᠬᠦᠨ᠄ ᠯᠢ ᠵᠢᠶᠠᠨ ᠵᠢᠶᠦ᠋ᠨ ᠳᠠᠯᠠᠶᠢᠬᠤᠰᠢᠭᠤ ᠰᠤᠮᠤ ᠶᠢᠨ ᠨᠠᠮ ᠤᠨ ᠬᠤᠷᠢᠶ᠎ᠠ ᠶᠢᠨ | ᠳᠡᠳ᠋ ᠱᠦᠵᠢ | ᠯᠢᠤᠢ ᠬᠤᠩ ᠨᠠᠨ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ | ᠶᠢᠨ ᠳᠠᠯᠠᠶᠢᠬᠤᠰᠢᠭᠤ ᠰᠤᠮᠤ ᠶᠢᠨ ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠰᠢᠤᠢ ᠸᠧᠨ ᠡᠤ ᠬᠤᠳᠠ ᠶᠢᠨ ᠭᠠᠶᠢᠯᠢ ᠶᠢᠨ ᠳᠤᠪᠴᠢᠶ᠎ᠠ ᠶᠢᠨ ᠳᠡᠳ᠋ | ᠳᠤᠪᠴᠢᠶᠠᠨ ᠳᠠᠷᠤᠭ᠎ᠠ | ᠴᠢ ᠹᠧᠩ ᠳ᠋ᠦᠩ ᠬᠤᠳᠠ ᠶᠢᠨ ᠳᠠᠯᠠᠶᠢᠬᠤᠰᠢᠭᠤ ᠰᠤᠮᠤ ᠶᠢᠨ ᠳᠤᠮᠢᠯᠠᠭᠰᠠᠨ | ᠰᠠᠯᠪᠤᠷᠢ ᠶᠢᠨ ᠰᠠᠯᠪᠤᠷᠢ ᠶᠢᠨ ᠳᠠᠷᠤᠭ᠎ᠠ | ︵ᠬᠤᠶᠠᠷ︶ ᠵᠦᠰᠬᠤᠸᠠ ᠶᠢᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠹᠠᠨ ᠰᠢᠶᠤᠤ ᠯᠢ ᠵᠦᠰᠬᠤᠸᠠ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ | ᠪᠦᠷᠢᠯᠳᠤᠬᠦᠨ ᠬᠡᠰᠢᠬᠦᠨ᠄ ᠮᠡᠳᠡᠯᠳᠤ ᠵᠦᠰᠬᠤᠸᠠ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠳᠡᠳ᠋ ᠡᠷᠬᠢᠯᠡᠭᠴᠢ | ᠰᠢᠤᠢ ᠪᠢᠨ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ | ᠵᠦᠰᠬᠤᠸᠠ ᠳᠠᠬᠢ ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠸᠠᠩ ᡁᠢ ᠸᠧᠢ ᠬᠤᠳᠠ ᠶᠢᠨ ᠬᠤᠶᠠᠳᠤᠭᠠᠷ ᠠᠵᠤ ᠦᠢᠯᠡᠳᠪᠤᠷᠢ ᠬᠤᠳᠠᠯᠳᠤᠭᠠᠨ | ᠤ ᠭᠠᠵᠠᠷ ᠤᠨ ᠭᠠᠵᠠᠷ ᠤᠨ ᠳᠠᠷᠤᠭ᠎ᠠ | ᠰᠢᠤᠢ ᡁᠢ ᠬᠤᠸᠠ ᠬᠤᠳᠠ ᠶᠢᠨ ᠵᠦᠰᠬᠤᠸᠠ ᠳᠠᠬᠢ ᠳᠤᠮᠢᠯᠠᠭᠰᠠᠨ ᠰᠠᠯᠪᠤᠷᠢ ᠶᠢᠨ ᠰᠠᠯᠪᠤᠷᠢ ᠶᠢᠨ | ᠳᠠᠷᠤᠭ᠎ᠠ | ︵ᠭᠤᠷᠪᠠ︶ ᠰᠢᠷ᠎ᠠ ᠬᠦᠤᠷ ᠤᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠸᠠᠩ ᠮᠢᠨ ᠰᠢᠷ᠎ᠠ ᠬᠦᠤᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ | ᠪᠦᠷᠢᠯᠳᠦᠬᠦᠨ ᠬᠡᠰᠢᠬᠦᠨ᠄ ᠪᠤᠤ ᠯᠧᠢ ᠰᠢᠷ᠎ᠠ ᠬᠦᠤᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠤᠨ ᠳᠡᠳ᠋ ᠡᠷᠬᠢᠯᠡᠭᠴᠢ | ᠶᠠᠩ ᠴᠧᠩ ᠢᠤᠢ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ | ᠶᠢᠨ ᠰᠢᠷ᠎ᠠ ᠬᠦᠤᠷ ᠲᠠᠬᠢ ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠸᠠᠩ ᠶᠦᠩ ᠵᠢᠢ ᠬᠤᠳᠠ ᠶᠢᠨ ᠰᠢᠷ᠎ᠠ ᠬᠦᠤᠷ ᠤᠨ ᠳᠤᠮᠢᠯᠠᠭᠰᠠᠨ ᠰᠠᠯᠪᠤᠷᠢ | ᠶᠢᠨ ᠰᠠᠯᠪᠤᠷᠢ ᠶᠢᠨ ᠳᠠᠷᠤᠭ᠎ᠠ | ︵ᠳᠦᠷᠪᠡ︶ ᠮᠦᠰᠤᠳᠤ ᠶᠢᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠮᠧᠩ ᠹᠠᠨ ᠡᠾᠦ᠋ᠢ ᠮᠦᠰᠤᠳᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ | ᠪᠦᠷᠢᠯᠳᠦᠬᠦᠨ ᠬᠡᠰᠢᠬᠦᠨ᠄ ᠸᠠᠩ ᠽᠧ ᠬᠤᠤ ᠮᠦᠰᠤᠳᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠤᠨ ᠡᠷᠬᠢᠯᠡᠭᠴᠢ | ᠭᠤᠤ ᠪᠦᠸᠧ ᠬᠤᠳᠠ ᠶᠢᠨ ᠠᠮᠤᠷ ᠢ ᠬᠠᠮᠠᠭᠠᠯᠠᠬᠤ ᠶᠡᠭᠡ ᠠᠩᠬᠢ ᠶᠢᠨ ᠶᠡᠭᠡ | ᠠᠩᠬᠢ ᠶᠢᠨ ᠳᠠᠷᠤᠭ᠎ᠠ | ᠬᠠᠨ ᠯᠢᠶᠠᠩ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ | ᠮᠦᠰᠤᠳᠤ ᠳᠠᠬᠢ ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠡᠤ ᠪᠠᠭᠠᠨ᠎ᠠ ᠬᠤᠳᠠ ᠶᠢᠨ ᠭᠤᠷᠪᠠᠳᠤᠭᠠᠷ ᠠᠵᠤ ᠦᠢᠯᠡᠳᠪᠤᠷᠢ ᠬᠤᠳᠠᠯᠳᠤᠭᠠᠨ ᠤ ᠭᠠᠵᠠᠷ ᠤᠨ | ᠭᠠᠵᠠᠷ ᠤᠨ ᠳᠠᠷᠤᠭ᠎ᠠ | ᠭᠤᠤ ᠶᠠ ᠵᠢᠶᠦ᠋ᠨ ᠬᠤᠳᠠ ᠶᠢᠨ ᠮᠦᠰᠤᠳᠤ ᠳᠠᠬᠢ ᠳᠤᠮᠢᠯᠠᠭᠰᠠᠨ ᠰᠠᠯᠪᠤᠷᠢ ᠶᠢᠨ ᠰᠠᠯᠪᠤᠷᠢ | ᠶᠢᠨ ᠳᠠᠷᠤᠭ᠎ᠠ | ︵ᠳᠠᠪᠤ︶ ᠪᠤᠷᠤᠬᠤᠵᠢᠷ ᠤᠨ ᠠᠬᠢᠭᠤᠯᠤᠯᠳᠠ ᠶᠢᠨ ᠠᠵᠢᠯ ᠤᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠸᠠᠩ ᠵᠢᠶᠦ᠋ᠨ ᠭᠦᠸᠧ ᠪᠤᠷᠤᠬᠤᠵᠢᠷ ᠵᠡᠬᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠡᠷᠬᠢᠯᠡᠭᠴᠢ | ᠪᠦᠷᠢᠯᠳᠦᠬᠦᠨ ᠬᠡᠰᠢᠬᠦᠨ᠄ ᠴᠧᠩ ᠵᠢᠶᠠᠨ ᠪᠤᠷᠤᠬᠤᠵᠢᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠤᠨ ᠡᠷᠬᠢᠯᠡᠭᠴᠢ | ᠵᠠᠩ ᠰᠢᠶᠠ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢᠨ | ᠪᠤᠷᠤᠬᠤᠵᠢᠷ ᠲᠠᠬᠢ ᠬᠤᠪᠢᠶᠠᠷᠢ ᠳᠤᠪᠴᠢᠶ᠎ᠠ ᠶᠢᠨ ᠳᠤᠪᠴᠢᠶᠠᠨ ᠳᠠᠷᠤᠭ᠎ᠠ | ᠯᠢᠤ ᠵᠢᠩ ᠵᠢᠩ ᠬᠤᠳᠠ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ | ᠳᠤᠪᠴᠢᠶ᠎ᠠ ᠶᠢᠨ ᠳᠡᠳ᠋ ᠳᠤᠪᠴᠢᠶᠠᠨ ᠳᠠᠷᠤᠭ᠎ᠠ | ᠮᠦᠩᠬᠦᠨᠴᠡᠴᠡᠭ ᠬᠤᠳᠠ ᠶᠢᠨ ᠨᠢᠬᠡᠳᠤᠬᠡᠷ ᠠᠵᠤ ᠦᠢᠯᠡᠳᠪᠤᠷᠢ ᠬᠤᠳᠠᠯᠳᠤᠭᠠᠨ | ᠤ ᠭᠠᠵᠠᠷ ᠤᠨ ᠭᠠᠵᠠᠷ ᠤᠨ ᠳᠠᠷᠤᠭ᠎ᠠ | ᠸᠠᠩ ᠴᠠᠩ ᠳ᠋ᠧ ᠬᠤᠳᠠ ᠶᠢᠨ ᠪᠤᠷᠤᠬᠤᠵᠢᠷ ᠲᠠᠬᠢ ᠳᠤᠮᠢᠯᠠᠭᠰᠠᠨ ᠰᠠᠯᠪᠤᠷᠢ | ᠶᠢᠨ ᠰᠠᠯᠪᠤᠷᠢ ᠶᠢᠨ ᠳᠠᠷᠤᠭ᠎ᠠ |