ᠬᠤᠣᠯᠢᠩᠭᠤᠣᠯ ᠬᠤᠳᠠ ᠶᠢᠨ ᠳᠣᠶᠢᠮᠣ ᠪᠠᠶᠢᠳᠠᠯ
ᠨᠡᠶᠢᠲᠡᠯᠡᠭᠰᠡᠨ ᠴᠠᠭ᠄
2018-06-01
     ᠬᠤᠣᠯᠢᠩᠭᠤᠣᠯ ᠬᠤᠳᠠ ᠪᠣᠯ ᠲᠦᠩᠯᠢᠶᠣᠣ ᠬᠤᠳᠠ ᠶᠢᠨ ᠣᠮᠠᠷᠠᠳᠣ ᠬᠡᠰᠡᠭ᠂ ᠣᠯᠠᠭᠠᠨᠬᠤᠳᠠ ᠬᠤᠳᠠ ᠶᠢᠨ ᠪᠠᠷᠠᠭᠤᠨ ᠬᠡᠰᠡᠭ᠂ ᠶᠡᠭᠡ ᠬᠢᠩᠭᠠᠨ ᠳᠠᠪᠠᠭᠠᠨ ᠤ ᠡᠮᠣᠨᠡᠳᠣ ᠬᠡᠰᠡᠭ᠂ ᠵᠡᠬᠦᠨ᠂ ᠡᠮᠦᠨ᠎ᠡ᠂ ᠪᠠᠷᠠᠭᠤᠨ ᠡᠮᠦᠨ᠎ᠡ ᠳᠠᠯ᠎ᠠ ᠪᠠᠷ ᠢᠶᠠᠨ ᠲᠦᠩᠯᠢᠶᠣᠣ ᠬᠤᠳᠠ ᠶᠢᠨ ᠵᠠᠷᠣᠳ ᠬᠤᠰᠢᠭᠤᠨ ᠤ ᠠᠭᠤᠯᠵᠠᠷ᠂ ᠪᠠᠷᠠᠭᠤᠨ᠂ ᠪᠠᠷᠠᠭᠤᠨ ᠬᠤᠶᠢᠨ᠎ᠠ᠂ ᠬᠤᠶᠢᠨ᠎ᠠ ᠳᠠᠯ᠎ᠠ ᠪᠠ ᠰᠢᠯᠢ ᠶᠢᠨ ᠭᠤᠣᠯ ᠠᠶᠢᠮᠠᠭ ᠤᠨ ᠵᠡᠬᠦᠨ ᠦᠵᠦᠮᠦᠴᠢᠨ ᠬᠤᠰᠢᠭᠤᠨ ᠤ ᠠᠭᠤᠯᠵᠠᠷ᠂ ᠬᠤᠶᠢᠨ᠎ᠠ  ᠪᠠᠨ ᠮᠣᠩᠭᠤᠯ ᠣᠯᠣᠰ ᠠᠴᠠ 120 ᠺᠢᠯᠣᠮᠧᠲᠷ ᠵᠠᠢ ᠲᠠᠢ ᠭᠠᠵᠠᠷ ᠲᠤ ᠪᠠᠶᠢᠷᠢᠰᠢᠵᠣ ᠪᠠᠶᠢᠨ᠎ᠠ᠃ ᠬᠤᠣᠯᠢᠩᠭᠤᠣᠯ ᠦᠷᠬᠡᠨ ᠳᠠᠯᠠᠪᠠᠢ ᠲᠠᠢ ᠡᠯᠪᠡᠭ ᠪᠠᠶᠠᠯᠢᠭ ᠨᠡᠬᠦᠷᠡᠰᠣᠨ ᠡᠬᠢ ᠰᠣᠷᠪᠣᠯᠵᠢ ᠬᠤᠷᠠᠮᠳᠣᠭᠰᠠᠨ ᠢᠶᠠᠷ ᠢᠶᠠᠨ ᠠᠯᠳᠠᠷᠰᠢᠵᠣ᠂ ᠣᠶᠢᠷ᠎ᠠ ᠶᠢᠨ ᠵᠢᠯ ᠳᠤ ᠨᠡᠬᠦᠷᠡᠰᠣ᠂ ᠴᠠᠬᠢᠯᠭᠠᠨ᠂ ᠬᠦᠩᠭᠡᠨᠴᠠᠭᠠᠨ ᠤ ᠳᠣᠮᠣ ᠬᠡᠯᠪᠡᠷᠢ ᠶᠢᠨ ᠠᠵᠣ ᠦᠢᠯᠡᠳᠪᠦᠷᠢ ᠳᠦᠷᠬᠡᠨ ᠬᠦᠭᠵᠢᠵᠣ᠂ ᠦᠪᠦᠷ ᠮᠣᠩᠭᠤᠯ ᠤᠨ ᠵᠡᠬᠦᠨ ᠬᠡᠰᠡᠭ ᠪᠠ ᠵᠡᠬᠦᠨ ᠬᠤᠶᠢᠳᠣ ᠬᠡᠰᠡᠭ ᠤᠨ ᠴᠢᠬᠤᠯᠠ ᠡᠬᠢ ᠰᠣᠷᠪᠣᠯᠵᠢ ᠶᠢᠨ ᠰᠠᠭᠤᠷᠢᠨ ᠭᠠᠵᠠᠷ ᠪᠣᠯᠣᠭᠰᠠᠨ ᠪᠠᠶᠢᠨ᠎ᠠ᠃ ᠡᠬᠦᠨ ᠤ ᠬᠠᠮᠳᠣ᠂ ᠬᠤᠣᠯᠢᠩᠭᠤᠣᠯ ᠬᠤᠳᠠ ᠶᠢᠨ ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢ ᠳᠠᠭᠠᠯᠳᠣᠨ᠂ ᠣᠳᠣ ︽ᠳᠣᠮᠳᠠᠳᠣ ᠣᠯᠣᠰ ᠤᠨ ᠰᠢᠯᠢᠳᠡᠭ ᠵᠢᠭᠤᠯᠴᠢᠯᠠᠯ ᠤᠨ ᠬᠤᠳᠠ︾ ᠭᠡᠵᠣ ᠨᠡᠷᠡᠯᠡᠭᠳᠡᠵᠠᠢ᠃     ᠪᠦᠬᠦ ᠬᠤᠳᠠ ᠨᠢ 1390 ᠳᠡᠭᠰᠢ ᠳᠦᠷᠪᠡᠯᠵᠢᠨ ᠺᠢᠯᠣᠮᠧᠲᠷ ᠶᠡᠷᠦᠩᠭᠡᠢ ᠳᠠᠯᠠᠪᠠᠢ ᠲᠠᠢ᠂ 1 ᠰᠣᠮᠣ᠂ 4 ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ 1 ᠴᠡᠷᠢᠭ ‍ᠤ᠊‍ᠨ ᠠᠭᠳᠠ ᠶᠢᠨ ᠳᠠᠯᠠᠪᠠᠢ ᠶᠢᠨ ᠠᠮᠢ ᠠᠬᠤᠢ  ᠶᠢᠨ ᠬᠠᠮᠢᠶᠠᠷᠣᠯᠳᠠ ᠶᠢᠨ ᠵᠦᠪᠯᠡᠯ ᠲᠠᠢ ᠪᠠᠶᠢᠵᠤ᠂ 12 ᠳᠦᠮᠡᠨ ᠶᠡᠷᠦᠩᠭᠡᠢ ᠬᠦᠮᠦᠨ ᠠᠮᠠ ᠲᠠᠢ᠃ 1975 ᠣᠨ  ᠳᠤ᠂ ᠵᠸᠣ ᠡᠸ᠋ᠨ ᠯᠠᠢ ᠶᠡᠷᠦᠩᠭᠡᠢ ᠰᠠᠶᠢᠳ ᠬᠤᠣᠯᠢᠩᠭᠤᠣᠯ ᠬᠤᠳᠠ ᠶᠢᠨ ᠨᠡᠬᠦᠷᠡᠰᠣᠨ ᠠᠢ ᠰᠠᠪᠠ ᠶᠢ ᠨᠡᠭᠡᠭᠡᠨ ᠬᠦᠭᠵᠢᠬᠦᠯᠵᠣ ᠪᠦᠳᠦᠬᠡᠨ ᠪᠠᠶᠢᠭᠤᠯᠬᠤ ᠴᠢᠬᠤᠯᠠ ᠴᠣᠬᠤᠯᠠᠪᠣᠷᠢ ᠬᠢᠵᠣ᠂ ᠬᠤᠣᠯᠢᠩᠭᠤᠣᠯ ᠢ ᠨᠡᠭᠡᠭᠡᠨ ᠬᠦᠭᠵᠢᠬᠦᠯᠦᠨ ᠪᠦᠳᠦᠬᠡᠨ ᠪᠠᠶᠢᠭᠤᠯᠬᠤ ᠬᠦᠰᠢᠬᠡ ᠶᠢ ᠰᠡᠬᠦᠬᠡᠵᠠᠢ᠃ 1985 ᠣᠨ ᠳᠤ ᠳᠦᠷᠦ ᠶᠢᠨ ᠶᠠᠪᠣᠳᠠᠯ ᠤᠨ ᠬᠤᠷᠢᠶᠠᠨ ᠤ ᠵᠦᠪᠰᠢᠶᠡᠷᠡᠯ ᠢᠶᠠᠷ ᠬᠤᠣᠯᠢᠩᠭᠤᠣᠯ ᠬᠤᠳᠠ ᠵᠢᠩᠭᠢᠨᠢ ᠪᠠᠷ ᠪᠠᠶᠢᠭᠤᠯᠤᠭᠳᠠᠪᠠ᠃      ᠬᠤᠣᠯᠢᠩᠭᠤᠣᠯ ᠬᠤᠳᠠ ᠲᠦᠢᠯ ᠤᠨ ᠴᠢᠬᠤᠯᠠ ᠪᠠᠶᠢᠯᠳᠣᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ᠃ 304 ᠣᠯᠣᠰ ᠤᠨ ᠵᠠᠮ᠂ 101 ᠮᠣᠵᠢ ᠶᠢᠨ ᠵᠠᠮ ᠪᠣᠯᠣᠨ ᠬᠤᠣᠯᠢᠩᠭᠤᠣᠯ— ᠪᠠᠶᠠᠨᠬᠤᠸᠠ ᠳᠡᠮᠦᠷ ᠵᠠᠮ᠂ ᠬᠤᠣᠯᠢᠩᠭᠤᠣᠯ— ᠠᠯᠳᠠᠷ ᠵᠡᠷᠬᠡ ᠨᠢᠭᠡᠳᠦᠭᠡᠷ ᠳᠡᠰ ᠤᠨ ᠵᠠᠮ ᠨᠢ ᠬᠢᠯᠢ ᠶᠢᠨ ᠳᠣᠳᠣᠨᠠᠬᠢ ᠠᠭᠤᠯᠵᠠᠷ ᠬᠡᠰᠡᠭ ᠲᠤ ᠪᠠᠶᠢᠷᠢᠰᠢᠵᠣ᠂ ᠲᠦᠩᠯᠢᠶᠣᠣ—ᠬᠤᠣᠯᠢᠩᠭᠤᠣᠯ ᠳᠡᠮᠦᠷ ᠵᠠᠮ᠂ ᠵᠡᠬᠦᠨ ᠬᠠᠳᠠᠪᠴᠢ — ᠵᠦᠰᠬᠤᠸᠠ ᠳᠡᠮᠦᠷ ᠵᠠᠮ᠂ ᠰᠢᠯᠢ ᠶᠢᠨ ᠭᠤᠣᠯ — ᠦᠵᠦᠮᠦᠴᠢᠨ ᠬᠦᠷᠬᠦ ᠳᠡᠮᠦᠷ ᠵᠠᠮ ᠵᠠᠯᠭᠠᠯᠳᠣᠨ ᠨᠡᠪᠳᠡᠷᠡᠵᠣ᠂ ᠬᠤᠣᠯᠢᠩᠭᠤᠣᠯ ᠨᠢᠰᠬᠡᠯ ᠤᠨ ᠪᠠᠭᠤᠳᠠᠯ ᠵᠢᠩᠭᠢᠨᠢ ᠪᠠᠷ ᠠᠰᠢᠭᠯᠠᠯᠳᠠ ᠳᠤ ᠣᠷᠣᠵᠣ᠂ ᠵᠦᠷᠢᠯᠢᠭ ᠵᠠᠮ ᠬᠠᠷᠢᠯᠴᠠᠭᠠᠨ ᠤ ᠪᠠᠶᠢᠷᠢᠭᠤᠯᠣᠯᠣᠳᠠ ᠨᠢ ᠦᠨᠳᠦᠰᠦᠨ ᠳᠤ ᠪᠠᠨ ᠪᠦᠷᠢᠯᠳᠣᠵᠣ᠂ ᠲᠦᠩᠯᠢᠶᠣᠣ ᠶᠢᠨ ᠬᠤᠶᠢᠳᠣ ᠬᠡᠰᠡᠭ ᠴᠢᠨᠠᠭᠰᠢᠯᠠᠨ ᠦᠪᠦᠷ ᠮᠣᠩᠭᠤᠯ ᠤᠨ ᠵᠡᠬᠦᠨ ᠣᠷᠣᠨ ᠤ ᠴᠢᠬᠤᠯᠠ ᠵᠠᠮ ᠬᠠᠷᠢᠯᠴᠠᠭᠠᠨ ᠤ ᠬᠤᠯᠪᠣᠭᠠᠰᠣ ᠪᠣᠯᠵᠣ ᠪᠠᠶᠢᠨ᠎ᠠ᠃     ᠬᠤᠣᠯᠢᠩᠭᠤᠣᠯ ᠬᠤᠳᠠ ᠡᠯᠪᠡᠭ ᠪᠠᠶᠠᠯᠢᠭ ᠪᠠᠶᠢᠭᠠᠯᠢ ᠶᠢᠨ ᠡᠬᠢ ᠰᠣᠷᠪᠣᠯᠵᠢ ᠲᠠᠢ᠃ ᠨᠡᠬᠦᠷᠡᠰᠣᠨ ᠠᠢ ᠰᠠᠪᠠ  ᠶᠢᠨ ᠳᠠᠯᠠᠪᠠᠢ ᠨᠢ 540 ᠳᠡᠭᠰᠢ ᠳᠦᠷᠪᠡᠯᠵᠢᠨ ᠺᠢᠯᠣᠮᠧᠲᠷ ᠪᠠᠶᠢᠵᠣ᠂ 119.2 ᠳ᠋ᠦᠩᠰᠢᠭᠤᠷ ᠬᠠᠳᠠᠭᠠᠯᠠᠮᠵᠢ ᠲᠠᠢ᠂ ᠣᠯᠣᠰ ᠤᠨ ᠳᠦᠯᠦᠪᠵᠢᠬᠦᠯᠬᠡ ᠶᠢᠨ ᠳ᠋ᠦᠩᠰᠢᠭᠤᠷ ᠲᠣᠨ ᠤ ᠳᠡᠰ ᠤᠨ ᠨᠡᠬᠦᠷᠡᠰᠣᠨ ᠤ ᠰᠠᠭᠤᠷᠢᠨ ᠭᠠᠵᠠᠷ᠂ ᠴᠢᠬᠤᠯᠠ ᠡᠬᠢ ᠪᠠᠶᠠᠯᠢᠭ ᠤᠨ ᠵᠠᠯᠭᠠᠮᠵᠢ ᠰᠠᠭᠤᠷᠢᠨ ᠭᠠᠵᠠᠷ ᠪᠤᠯᠤᠨ᠎ᠠ᠃ ᠬᠤᠳᠠ ᠶᠢᠨ ᠬᠡᠪᠴᠢᠶᠡᠨ ᠳᠤ ᠣᠯᠠᠨ ᠵᠦᠢᠯ ᠤᠨ ᠵᠡᠷᠯᠢᠭ ᠠᠮᠢᠳᠠᠨ᠂ ᠣᠷᠭᠤᠮᠠᠯ ᠬᠤᠴᠢᠯᠭ᠎ᠠ ᠢᠭᠴᠤ ᠰᠠᠬᠤᠯᠢᠭ ᠪᠠᠶᠢᠵᠣ᠂ ᠳᠡᠯᠡᠭᠡᠢ ᠳᠡᠬᠡᠷ᠎ᠡ ᠨᠡᠯᠢᠶᠡᠳ ᠪᠦᠷᠢᠨ ᠪᠦᠳᠦᠨ ᠬᠠᠳᠠᠭᠠᠯᠠᠭᠳᠠᠵᠣ ᠪᠠᠶᠢᠭ᠎ᠠ ᠪᠠᠯᠠᠷ ᠳᠠᠯ᠎ᠠ ᠨᠣᠳᠤᠭ᠂ ᠭᠧᠯᠣᠬᠢ ᠨᠢ ᠭᠠᠶᠢᠬᠠᠮᠰᠢᠭ ᠲᠠᠢ ᠪᠦᠬᠡᠳ ᠮᠦᠰᠦᠳᠦᠯᠬᠡ ᠶᠢᠨ ᠦᠯᠡᠳᠡᠭᠳᠡᠯ᠂ ᠠᠯᠳᠠᠨ ᠣᠯᠣᠰ ᠤᠨ ᠬᠢᠯᠢ ᠶᠢᠨ ᠬᠡᠷᠡᠮ ᠪᠠ ᠡᠷᠳᠡᠨ ᠤ ᠳᠦᠷᠪᠡᠯᠵᠢᠨ ᠬᠤᠳᠠ ᠵᠡᠷᠬᠡ ᠳᠡᠣᠬᠡᠨ ᠦᠯᠡᠳᠡᠭᠳᠠᠯ ᠲᠠᠢ᠃      ᠣᠯᠣᠰ ᠤᠨ ᠭᠤᠣᠯᠳᠠᠯᠭᠠᠳᠣ ᠳᠡᠷᠢᠬᠦᠨ ᠳᠡᠰ ᠤᠨ ᠬᠦᠩᠭᠡᠨᠴᠠᠭᠠᠨ ᠤ ᠮᠠᠲ᠋ᠧᠷᠢᠶᠠᠯ ᠤᠨ ᠠᠵᠣ ᠦᠢᠯᠡᠰ ᠤᠨ ᠰᠦᠷᠦᠭᠵᠢᠯ ᠪᠣᠯᠣᠭᠰᠠᠨ ᠤ ᠬᠤᠪᠢ ᠳᠤ᠂ ᠬᠤᠣᠯᠢᠩᠭᠤᠣᠯ ᠬᠤᠳᠠ ᠡᠯᠪᠡᠭ ᠪᠠᠶᠠᠯᠢᠭ ᠨᠡᠬᠦᠷᠡᠰᠣᠨ ᠡᠬᠢ ᠰᠣᠷᠪᠣᠯᠵᠢ ᠳᠤ ᠪᠠᠨ ᠳᠦᠰᠢᠭᠯᠡᠨ᠂ ᠨᠡᠬᠦᠷᠡᠰᠣ ᠶᠢ ᠳᠣᠬᠠᠢ ᠶᠢᠨ ᠭᠠᠵᠠᠷ ᠲᠤ ᠪᠠᠨ ᠬᠤᠪᠢᠷᠠᠭᠤᠯᠬᠤ᠂ ᠴᠠᠬᠢᠯᠭᠠᠨ ᠬᠦᠴᠦ ᠶᠢ ᠣᠯᠠᠨ ᠡᠰᠢᠵᠢᠬᠦᠯᠬᠦ᠂ ᠣᠣᠯ ᠤᠨ ᠬᠦᠩᠭᠡᠨᠴᠠᠭᠠᠨ ᠢ ᠨᠠᠷᠢᠯᠢᠭ ᠡᠳ᠋ᠰᠢᠯᠡᠬᠦᠯᠬᠦ᠂ ᠰᠢᠨᠵᠢᠯᠡᠭᠡ ᠮᠡᠷᠭᠡᠵᠢᠯ ᠢ ᠰᠣᠳᠣᠯᠣᠨ ᠬᠡᠷᠡᠭᠯᠡᠬᠦ ᠵᠡᠷᠭᠡ ᠳᠠᠯ᠎ᠠ ᠪᠠᠷ ᠦᠷᠬᠦᠯᠵᠢᠳᠡ ᠬᠦᠭᠵᠢᠭᠦᠯᠵᠣ᠂ ᠣᠯᠣᠰ ᠤᠨ ᠴᠠᠬᠢᠯᠭᠠᠨ ᠤ ᠪᠡᠯᠡ ᠣᠷᠣᠭᠤᠯᠣᠯᠳᠠ ᠶᠢ ᠣᠷᠣᠭᠤᠯᠵᠣ᠂ ᠬᠠᠩᠵᠸᠣ ᠶᠢᠨ ᠶᠢᠨ ᠵᠢᠶᠠᠩ ᠪᠦᠯᠦᠭᠯᠡᠯ᠂ ᠱᠠᠨᠳᠦ᠋ᠩ ᠤᠨ ᠰᠢᠨ᠎ᠡ ᠶᠢ ᠡᠬᠦᠳᠬᠦ ᠪᠦᠯᠦᠭᠯᠡᠯ ᠵᠡᠷᠭᠡ ᠶᠢᠨ ᠨᠢᠬᠡ ᠪᠦᠯᠦᠭ ᠳᠠᠭᠠᠭᠤᠯᠬᠤ ᠠᠵᠣ ᠦᠢᠯᠡᠰ ᠠᠪᠴᠢᠷᠠᠨ᠂ ᠪᠡᠯᠡ ᠣᠷᠣᠭᠤᠯᠣᠨ ᠦᠢᠯᠡᠰ ᠪᠣᠰᠬᠠᠵᠣ᠂ ᠨᠡᠬᠦᠷᠡᠰᠣ᠂ ᠴᠠᠬᠢᠯᠭᠠᠨ᠂ ᠬᠦᠩᠭᠡᠨᠴᠠᠭᠠᠨ ᠤ ᠦᠢᠯᠡᠰ ᠤᠨ ᠦᠷᠬᠦᠯᠵᠢᠳᠡ ᠳᠡᠰ ᠳᠠᠪᠰᠢᠬᠦ ᠶᠢ ᠪᠦᠬᠦ ᠳᠠᠯ᠎ᠠ ᠪᠠᠷ ᠳᠦᠯᠬᠢᠨ ᠠᠬᠢᠭᠤᠯᠵᠣ᠂ ᠨᠡᠬᠦᠷᠡᠰᠣ ᠴᠠᠬᠢᠯᠭᠠᠨ ᠢ ᠨᠢᠬᠡ ᠴᠣᠭᠴᠠᠵᠢᠭᠤᠯᠬᠤ ᠪᠠᠷ ᠭᠤᠣᠯ ᠪᠦᠳᠦᠴᠠ ᠪᠣᠯᠭᠠᠭᠰᠠᠨ ︽ᠬᠤᠣᠯᠢᠩᠭᠤᠣᠯ ᠵᠠᠭᠪᠣᠷ︾ ᠨᠢ ᠦᠪᠡᠷᠳᠡᠬᠡᠨ ᠵᠠᠰᠠᠬᠤ ᠣᠷᠣᠨ ᠤ ᠦᠨᠡᠯᠡᠯᠳᠡ ᠶᠢ ᠣᠯᠵᠣ᠂ ᠬᠤᠣᠯᠢᠩᠭᠤᠣᠯ ᠣᠷᠣᠨ ︽ᠪᠦᠬᠦ ᠣᠯᠣᠰ ᠤᠨ ᠨᠡᠬᠦᠷᠡᠰᠣ ᠴᠠᠬᠢᠯᠭᠠᠨ ᠬᠦᠩᠭᠡᠨᠴᠠᠭᠠᠨ ᠤ ᠠᠵᠣ ᠦᠢᠯᠡᠰ ᠢ ᠬᠦᠭᠵᠢᠬᠦᠯᠬᠦ ᠬᠠᠮᠤᠭ ᠤᠨ ᠳᠣᠬᠢᠷᠠᠮᠵᠢᠳᠠᠢ ᠣᠷᠣᠨ︾ ᠢᠶᠠᠷ ᠨᠡᠷᠡᠶᠢᠳᠡᠭᠳᠡᠵᠡᠢ᠃ ︽ᠨᠡᠬᠦᠷᠡᠰᠣ ᠴᠠᠬᠢᠯᠭᠠᠨ ᠳᠣᠣᠷ ᠬᠦᠩᠭᠡᠨᠴᠠᠭᠠᠨ ᠪᠣᠯᠪᠠᠰᠣᠷᠠᠭᠤᠯᠬᠤ︾ ᠠᠵᠣ ᠦᠢᠯᠡᠰ ᠤᠨ ᠠᠩᠬᠠᠨ ᠤ ᠬᠡᠯᠪᠡᠷᠢ ᠪᠠ ᠦᠷᠢᠰᠦᠯᠳᠦᠬᠡᠨ ᠤ ᠳᠠᠪᠠᠭᠤᠯᠢᠭ ᠳᠠᠯ᠎ᠠ ᠨᠢ ᠦᠨᠳᠦᠰᠦᠨ ᠳᠤ ᠪᠠᠨ ᠳᠣᠭᠳᠠᠭᠠᠪᠠ᠃ ᠣᠳᠣᠬᠠᠨ ᠳᠤ 3500 ᠳᠦᠮᠡᠨ ᠲᠣᠨ ᠨᠡᠬᠦᠷᠡᠰᠣ᠂ 440 ᠳᠦᠮᠡᠨ ᠺᠢᠯᠣᠸᠠᠲ ᠴᠠᠬᠢᠯᠭᠠᠨ ᠬᠦᠴᠦᠨ ᠤ ᠠᠴᠢᠶᠠᠯᠠᠪᠣᠷᠢ ᠮᠠᠰᠢᠨ᠂ 143 ᠳᠦᠮᠡᠨ ᠳᠣᠨ ᠤ ᠣᠣᠷ ᠬᠦᠩᠭᠡᠨᠴᠠᠭᠠᠨ ᠂ 107 ᠳᠣᠨ ᠬᠦᠩᠭᠡᠨᠴᠠᠭᠠᠨ ᠪᠣᠯᠪᠠᠰᠣᠷᠠᠭᠤᠯᠬᠤ ᠦᠢᠯᠡᠳᠪᠦᠷᠢᠯᠡᠯ ᠤᠨ ᠬᠦᠴᠦᠨ ᠪᠣᠯᠣᠨ ᠪᠦᠷᠢᠯᠳᠦᠵᠠᠢ᠃ ᠬᠤᠣᠯᠢᠩᠭᠤᠣᠯ ᠶᠠᠭ ᠰᠠᠶ᠋ᠢᠬᠠᠨ ᠦᠪᠦᠷ ᠮᠣᠩᠭᠤᠯ ᠤᠨ ᠵᠡᠬᠦᠨ ᠬᠡᠰᠡᠭ ᠴᠢᠨᠠᠭᠰᠢᠯᠠᠨ ᠵᠡᠬᠦᠨ ᠬᠤᠶᠢᠳᠣ ᠣᠷᠣᠨ ᠤ ᠬᠦᠭᠵᠢᠯᠳᠡ ᠶᠢᠨ ᠬᠤᠷᠳᠣᠴᠠ ᠬᠠᠮᠤᠭ ᠤᠨ ᠬᠤᠷᠳᠣᠨ᠂ ᠬᠦᠭᠵᠢᠯᠳᠡ ᠶᠢᠨ ᠬᠦᠴᠦᠨ ᠬᠠᠮᠤᠭ ᠤᠨ ᠴᠢᠩᠭ᠎ᠠ᠂ ᠬᠦᠭᠵᠢᠯᠳᠡ ᠶᠢᠨ ᠨᠢᠭᠤᠭᠳᠠᠮᠠᠯ ᠬᠦᠴᠦᠨ ᠬᠠᠮᠤᠭ ᠤᠨ ᠶᠡᠭᠡ ᠣᠷᠣᠨ ᠤ ᠨᠢᠬᠡ ᠨᠢ ᠪᠣᠯᠣᠭᠰᠠᠨ ᠪᠠᠶᠢᠨ᠎ᠠ᠃ 2016 ᠣᠨ ᠳᠤ ᠳᠦᠷᠣ ᠶᠢᠨ ᠶᠠᠪᠣᠳᠠᠯ ᠤᠨ ᠬᠤᠷᠢᠶᠠᠨ ᠤ ᠶᠡᠭᠡ ᠱᠠᠯᠠᠪᠳᠠᠨ ᠪᠠᠶᠢᠴᠠᠭᠠᠬᠤ ᠬᠤᠶᠠᠳᠣᠭᠠᠷ ᠣᠳᠠᠭᠠᠨ ᠤ ᠭᠤᠷᠪᠠᠳᠣᠭᠠᠷ ᠪᠦᠯᠦᠭ ᠤᠨ ᠱᠠᠯᠠᠪᠳᠠᠠ ᠪᠠᠶᠢᠴᠠᠭᠠᠯᠳᠠ ᠳᠤ ᠰᠠᠶᠢᠰᠢᠶᠠᠭᠳᠠᠵᠤ᠂ ᠣᠯᠣᠰ ᠤᠨ ᠨᠣᠳᠤᠭ ᠳᠡᠪᠢᠰᠬᠡᠷ ᠤᠨ ᠡᠬᠢ ᠰᠣᠷᠪᠣᠯᠵᠢ ᠶᠢ ᠠᠷᠪᠢᠯᠠᠬᠤ ᠵᠢᠱᠢᠶᠡᠴᠢ ᠰᠢᠶᠠᠨ ︵ᠬᠤᠳᠠ︶ ᠤ ᠢᠷᠠᠭᠤ ᠠᠯᠳᠠᠷ ᠶᠢ ᠬᠦᠷᠳᠡᠵᠣ᠂ ᠣᠯᠣᠰ ᠤᠨ ᠦᠢᠯᠡᠳᠪᠦᠷᠢᠯᠡᠯ ᠤᠨ ᠬᠤᠳᠠ ᠠᠭᠤᠰᠣᠯᠴᠠᠭᠰᠠᠨ ᠵᠢᠱᠢᠶ᠎ᠠ ᠦᠵᠡᠬᠦᠯᠬᠦ ᠳᠣᠭᠤᠷᠢᠭ ᠢ ᠡᠬᠦᠳᠣᠨ ᠪᠠᠶᠢᠭᠤᠯᠬᠤ ᠣᠷᠣᠨ ᠳᠤ ᠠᠮᠵᠢᠯᠳᠠ‌‍ᠲ᠋ᠠᠢ ᠵᠢᠭᠰᠠᠭᠠᠭᠳᠠᠵᠣ᠂ ᠡᠷᠬᠢᠯᠳᠠᠳᠣ ᠠᠵᠣ ᠠᠬᠤᠢ ᠶᠢᠨ ᠢᠨᠵᠧᠨᠧᠷᠢᠭ ᠤᠨ ︽ᠣᠯᠣᠰ ᠤᠨ ᠰᠢᠯᠢᠳᠡᠭ ᠢᠨᠵᠧᠨᠧᠷᠢᠭ ᠤᠨ ᠱᠠᠩᠨᠠᠯ︾ ᠢ ᠬᠦᠷᠳᠡᠵᠣ᠂ ᠦᠪᠡᠷᠳᠡᠭᠡᠨ ᠵᠠᠰᠠᠬᠤ ᠣᠷᠣᠨ ᠤ ᠪᠣᠯᠪᠠᠰᠣᠨ ᠬᠤᠳᠠ᠂ ᠡᠷᠡᠬᠦᠯ ᠬᠠᠮᠠᠭᠠᠯᠠᠯ ᠤᠨ ᠬᠤᠳᠠ ᠪᠠ ᠴᠡᠴᠡᠷᠯᠢᠭᠵᠢᠬᠦᠯᠬᠡ ᠶᠢᠨ ᠬᠤᠳᠠ ᠶᠢ ᠠᠮᠵᠢᠯᠳᠠ ᠲᠠᠢ ᠡᠬᠦᠳᠣᠨ ᠪᠠᠶᠢᠭᠤᠯᠵᠣ᠂ ᠶᠡᠷᠦᠩᠬᠡᠶᠢᠯᠡᠭᠰᠡᠨ ᠪᠣᠳᠠᠳᠣ ᠬᠦᠴᠦᠨ ᠨᠢ ᠪᠦᠬᠦ ᠣᠯᠣᠰ ᠤᠨ ᠳᠣᠮᠳᠠ ᠪᠠᠭ᠎ᠠ ᠬᠤᠳᠠ ᠶᠢᠨ ᠰᠢᠨᠵᠢᠯᠡᠬᠦ ᠣᠬᠠᠭᠠᠨ ᠤ ᠬᠦᠭᠵᠢᠯᠳᠡ ᠶᠢᠨ ᠵᠠᠭᠤᠨ ᠬᠦᠴᠦᠷᠬᠡᠭ ᠰᠢᠶᠠᠨ ︵ᠬᠤᠳᠠ︶ ᠤ 75 ᠳ᠋ᠣᠭᠠᠷ ᠲᠤ ᠣᠷᠣᠵᠣ᠂ ᠪᠡᠯᠡ ᠣᠷᠣᠭᠤᠯᠣᠯᠳᠠ ᠪᠠᠷ ᠬᠠᠮᠤᠭ ᠤᠨ ᠰᠠᠶᠢᠨ ᠨᠢᠭᠤᠭᠳᠠᠮᠠᠯ ᠬᠦᠴᠦᠨ ᠲᠠᠢ ᠳᠣᠮᠳᠠ ᠪᠠᠭ᠎ᠠ ᠬᠤᠳᠠ ᠶᠢᠨ ᠵᠠᠭᠤᠨ ᠬᠦᠴᠦᠷᠭᠡᠭ ᠰᠢᠶᠠᠨ ︵ᠬᠤᠳᠠ︶ ᠤ 42 ᠳ᠋ᠣᠭᠠᠷ ᠲᠤ ᠵᠢᠭᠰᠠᠭᠠᠭᠳᠠᠵᠣ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号