ᠨᠢᠬᠡ ᠳᠤ᠂ ᠬᠠᠤᠯᠢ ᠳᠦᠷᠢᠮ ᠤᠨ ᠬᠦᠮᠦᠵᠢᠯ ᠢ ᠴᠢᠩᠭᠠᠳᠬᠠᠵᠤ᠂ ᠰᠠᠭᠤᠭᠠᠯᠢ ᠠᠷᠠᠳ ᠤᠨ ᠬᠠᠤᠯᠢ ᠴᠠᠭᠠᠵᠠ | ᠶᠢᠨ ᠬᠡᠪ ᠴᠢᠨᠠᠷ ᠶᠢ ᠪᠦᠬᠦᠯᠢ ᠴᠣᠭᠴᠠ ᠳᠤ ᠨᠢ ᠳᠡᠬᠡᠭᠰᠢᠯᠡᠬᠦᠯᠬᠦ ᠶᠢ ᠪᠡᠶᠡᠯᠡᠬᠦᠯᠦᠨ᠎ᠡ᠃ ᠬᠠᠤᠯᠢ ᠴᠠᠭᠠᠵᠠ ᠶᠤᠰᠤ | ᠰᠤᠷᠳᠠᠬᠤᠨ ᠤ ᠳᠠᠶᠢᠯᠤᠮᠵᠢ᠂ ᠬᠠᠤᠯᠢ ᠳᠦᠷᠢᠮ ᠤᠨ ᠬᠦᠮᠦᠵᠢᠯ ᠤᠨ ᠤᠷᠳᠤ ᠬᠤᠩᠬᠢᠯ᠂ ᠭᠤᠤᠯ ᠰᠡᠳᠤᠪᠳᠤ | ᠰᠤᠷᠭᠠᠨ ᠬᠦᠮᠦᠵᠢᠯ ᠤᠨ ᠳᠡᠯᠬᠡᠨ ᠦᠵᠡᠬᠦᠯᠬᠦ ᠳᠢᠩᠬᠢᠮ ᠵᠡᠷᠬᠡ ᠪᠠᠷ ᠬᠠᠤᠯᠢ ᠳᠦᠷᠢᠮ ᠤᠨ ᠤᠬᠠᠭᠤᠯᠬᠤ ᠬᠦᠮᠦᠵᠢᠯ | ᠤᠨ ᠰᠠᠭᠤᠷᠢᠨ ᠭᠠᠵᠠᠷ ᠪᠤᠯᠭᠠᠵᠤ᠂ ᠬᠠᠤᠯᠢ ᠰᠤᠷᠬᠤ ᠰᠤᠷᠭᠠᠨ ᠬᠦᠮᠦᠵᠢᠯ ᠤᠨ ᠳᠠᠪᠴᠠᠩ ᠪᠠᠶᠢᠭᠤᠯᠵᠤ᠂ ᠨᠡᠶᠢᠬᠡᠮ | ᠳᠤᠭᠤᠷᠢᠭ ᠤᠨ ᠬᠠᠤᠯᠢ ᠰᠤᠷᠬᠤ ᠳᠦᠷᠢᠮ ᠳᠤᠭᠳᠠᠭᠠᠯ ᠢ ᠪᠠᠶᠢᠭᠤᠯᠤᠨ ᠳᠡᠬᠦᠯᠳᠡᠷᠵᠢᠬᠦᠯᠵᠤ᠂ ᠬᠠᠤᠯᠢ ᠳᠦᠷᠢᠮ ᠤᠨ | ᠮᠡᠳᠡᠯᠬᠡ ᠳᠦᠬᠡᠮᠡᠯᠵᠢᠬᠦᠯᠬᠦ ᠢ ᠤᠯᠠᠨ ᠳᠦᠮᠡᠨ ᠤ ᠰᠤᠶᠤᠯ ᠤᠨ ᠠᠮᠢᠳᠤᠷᠠᠯ ᠳᠤ ᠨᠡᠪᠴᠢᠬᠦᠯᠬᠦ ᠪᠠ ᠨᠡᠶᠢᠯᠡᠬᠦᠯᠬᠦ ᠶᠢ | ᠴᠢᠬᠤᠯᠴᠢᠯᠠᠨ᠂ ᠬᠠᠤᠯᠢ ᠪᠠᠷ ᠵᠠᠰᠠᠬᠤ ᠰᠤᠶᠤᠯ ᠤᠯᠠᠮᠵᠢᠯᠠᠬᠤ ᠶᠢ ᠴᠢᠩᠭᠠᠳᠬᠠᠨ᠎ᠠ᠃ | ᠬᠤᠶᠠᠷ ᠲᠤ᠂ ᠳᠤᠤᠷ ᠤᠨ ᠰᠡᠷᠡᠯᠵᠢ ᠳᠤᠤᠷᠵᠢᠭᠤᠯᠤᠯᠳᠠ ᠪᠠᠷ ᠬᠠᠤᠯᠢ ᠴᠠᠭᠠᠵᠠ ᠶᠢᠨ ᠮᠡᠳᠡᠯᠬᠡ ᠶᠢ | ᠳᠦᠬᠡᠮᠡᠯᠵᠢᠬᠦᠯᠬᠦ ᠶᠢ ᠠᠬᠢᠭᠤᠯᠤᠨ᠎ᠠ᠃ ᠬᠠᠤᠯᠢ ᠳᠦᠷᠢᠮ ᠤᠨ ᠤᠬᠠᠭᠤᠯᠭ᠎ᠠ ᠬᠦᠮᠦᠵᠢᠬᠦᠯᠬᠡ ᠶᠢ ᠪᠦᠬᠦ ᠳᠠᠯ᠎ᠠ ᠪᠠᠷ | ᠪᠦᠷᠬᠦᠬᠦᠯᠦᠨ᠎ᠡ᠃ ᠳᠤᠤᠷᠵᠢᠭᠤᠯᠤᠯᠳᠠ ᠪᠠᠷ ᠬᠠᠤᠯᠢ ᠴᠠᠭᠠᠵᠠ ᠶᠢᠨ ᠮᠡᠳᠡᠯᠬᠡ ᠶᠢ ᠳᠦᠬᠡᠮᠡᠯᠵᠢᠬᠦᠯᠬᠦ ᠰᠢᠨ᠎ᠡ ᠬᠡᠪ | ᠵᠠᠭᠪᠤᠷ ᠢ ᠪᠠᠶᠢᠭᠤᠯᠵᠤ᠂ ᠳᠤᠤᠷ ᠬᠠᠮᠢᠶᠠᠷᠬᠤ ᠳᠠᠷᠤᠭ᠎ᠠ ᠪᠤᠯᠤᠨ ᠬᠠᠤᠯᠢ ᠴᠠᠭᠠᠵᠠ ᠶᠢᠨ ᠮᠡᠳᠡᠯᠬᠡ ᠶᠢ | ᠳᠦᠬᠡᠮᠡᠯᠵᠢᠬᠦᠯᠬᠦ ᠤᠬᠠᠭᠤᠯᠤᠭᠴᠢ ᠢᠶᠠᠷ ᠳᠠᠮᠵᠢᠨ ᠬᠠᠤᠯᠢ ᠳᠦᠷᠢᠮ ᠤᠨ ᠤᠬᠠᠭᠤᠯᠭ᠎ᠠ ᠬᠦᠮᠦᠵᠢᠯ ᠢ ᠳᠤᠭᠤᠷᠢᠭ ᠲᠤ | ᠬᠠᠷᠢᠶᠠᠯᠠᠭᠳᠠᠵᠤ ᠪᠠᠶᠢᠭ᠎ᠠ ᠡᠯ᠎ᠡ ᠪᠤᠯᠤᠩ ᠳᠤ ᠬᠦᠷᠬᠡᠵᠤ᠂ ᠳᠤᠤᠷᠵᠢᠭᠤᠯᠤᠯᠳᠠ ᠶᠢᠨ ᠬᠠᠮᠢᠶᠠᠷᠤᠯᠳᠠ ᠶᠢ ᠡᠷᠤᠬᠡ | ᠪᠤᠯᠭᠠᠨ ᠳᠤ ᠤᠷᠤᠭᠤᠯᠵᠤ᠂ ᠬᠠᠤᠯᠢ ᠴᠠᠭᠠᠵᠠ ᠶᠢᠨ ᠮᠡᠳᠡᠯᠬᠡ ᠶᠢᠨ ᠳᠦᠬᠡᠮᠡᠯᠵᠢᠬᠦᠯᠦᠯᠳᠡ ᠪᠠᠷ ᠵᠢᠭᠤᠷᠠᠯᠳᠤᠭᠠᠨ ᠢ | ᠰᠢᠢᠳᠪᠦᠷᠢᠯᠡᠵᠣ᠂ ᠨᠡᠶᠢᠬᠡᠮ ᠳᠤᠭᠤᠷᠢᠭ ᠤᠨ ᠬᠠᠮᠢᠶᠠᠷᠤᠯᠳᠠ ᠲᠠᠢ ᠨᠢᠭᠳᠠ ᠤᠶᠠᠯᠳᠤᠭᠤᠯᠬᠤ ᠶᠢ ᠴᠢᠩᠭᠠᠳᠬᠠᠵᠤ᠂ | ᠬᠠᠤᠯᠢ ᠴᠠᠭᠠᠵᠠ ᠶᠢᠨ ᠮᠡᠳᠡᠯᠬᠡ ᠳᠦᠬᠡᠮᠡᠯᠵᠢᠬᠦᠯᠬᠦ ᠠᠵᠢᠯ ᠢ ᠪᠤᠳᠠᠳᠠᠢ ᠭᠠᠵᠠᠷ ᠲᠤᠨᠢ ᠬᠢᠬᠦ ᠶᠢ ᠦᠨᠡᠨᠬᠦ | ᠪᠡᠶᠡᠯᠡᠬᠦᠯᠦᠨ᠎ᠡ᠃ | ᠭᠤᠷᠪᠠ ᠳᠤ᠂ ᠦᠨᠳᠤᠰᠤᠨ ᠱᠠᠳᠤᠨ ᠤ ᠬᠠᠮᠢᠶᠠᠷᠤᠯᠳᠠ ᠶᠢ ᠬᠦᠨᠵᠡᠬᠡᠶᠢᠷᠡᠬᠦᠯᠵᠤ᠂ ᠠᠷᠠᠳᠴᠢᠯᠠᠯ ᠤᠨ | ᠬᠠᠤᠯᠢᠵᠢᠭᠤᠯᠤᠯᠳᠠ ᠶᠢᠨ ᠬᠢᠷᠢ ᠬᠡᠮᠵᠢᠶ᠎ᠡ ᠶᠢ ᠳᠠᠰᠤᠷᠠᠯᠳᠠ ᠦᠬᠡᠢ ᠳᠡᠬᠡᠭᠰᠢᠯᠡᠬᠦᠯᠬᠦ ᠶᠢ ᠪᠡᠶᠡᠯᠡᠬᠦᠯᠦᠨ᠎ᠡ᠃ | ᠠᠷᠠᠳᠴᠢᠯᠠᠯ ᠤᠨ ᠳᠦᠷᠢᠮ ᠢ ᠳᠡᠬᠦᠯᠳᠡᠷᠵᠢᠬᠦᠯᠵᠤ᠂ ᠳᠤᠭᠳᠠᠭᠰᠠᠨ ᠬᠤᠭᠤᠴᠠᠭ᠎ᠠ ᠲᠠᠢ ᠪᠠᠷ ᠨᠠᠮ ᠤᠨ ᠬᠡᠰᠢᠬᠦᠳ ᠤᠨ | ᠬᠤᠷᠠᠯ᠂ ᠬᠤᠶᠠᠷ ᠵᠦᠪᠯᠡᠯ ᠤᠨ ᠬᠠᠮᠳᠤᠷᠠᠭᠰᠠᠨ ᠬᠤᠷᠠᠯ᠂ ᠰᠠᠭᠤᠭᠠᠯᠢ ᠠᠷᠠᠳ ᠤᠨ ᠳᠦᠯᠦᠬᠡᠯᠡᠭᠴᠢᠳ ᠤᠨ ᠬᠤᠷᠠᠯ ᠢ | ᠬᠢᠵᠤ᠂ ᠠᠷᠠᠳᠴᠢᠯᠠᠯ ᠤᠨ ᠬᠠᠤᠯᠢᠵᠢᠭᠤᠯᠤᠯᠳᠠ ᠶᠢᠨ ᠪᠦᠳᠦᠬᠡᠨ ᠪᠠᠶᠢᠭᠤᠯᠬᠤ ᠡᠯ᠎ᠡ ᠳᠦᠷᠦᠯ ᠤᠨ ᠠᠵᠢᠯ ᠤᠨ | ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠠᠷᠠᠳᠴᠢᠯᠠᠯ ᠤᠨ ᠪᠠᠶᠢᠯᠳᠤᠬᠤ ᠪᠤᠳᠤᠯᠭ᠎ᠠ᠂ ᠠᠷᠠᠳᠴᠢᠯᠠᠯ ᠤᠨ | ᠬᠠᠮᠢᠶᠠᠷᠤᠯᠳᠠ ᠶᠢ ᠪᠡᠶᠡᠯᠡᠬᠦᠯᠦᠨ᠎ᠡ᠃ ᠤᠯᠠᠨ ᠳᠦᠮᠡᠨ ᠳᠤ ᠳᠦᠬᠦᠮ ᠦᠵᠡᠬᠦᠯᠬᠦ ᠪᠠ ᠳᠤᠰᠠ ᠦᠵᠡᠬᠦᠯᠬᠦ ᠶᠢᠨ | ᠳᠦᠯᠦᠬᠡ ᠨᠡᠶᠢᠬᠡᠮ ᠳᠤᠭᠤᠷᠢᠭ ᠳᠤ ᠠᠷᠠᠳ ᠤᠨ ᠶᠠᠪᠤᠳᠠᠯ᠂ ᠬᠦᠳᠡᠯᠮᠤᠷᠢ ᠶᠢᠨ ᠪᠠᠳᠤᠯᠠᠭ᠎ᠠ᠂ ᠶᠡᠷᠤᠩᠬᠡᠶᠢᠯᠡᠨ ᠵᠠᠰᠠᠬᠤ | ᠵᠡᠷᠬᠡ ᠠᠷᠠᠳ ᠲᠤ ᠦᠢᠯᠡᠴᠢᠯᠡᠬᠦ ᠴᠣᠩᠬᠤᠪᠴᠢ ᠶᠢ ᠪᠠᠶᠢᠭᠤᠯᠵᠤ᠂ ᠶᠡᠭᠡ ᠪᠠᠭ᠎ᠠ ᠤᠴᠢᠷ ᠢ ᠨᠡᠶᠢᠬᠡᠮ ᠳᠤᠭᠤᠷᠢᠭ ᠤᠨ | ᠳᠤᠳᠤᠷ᠎ᠠ ᠪᠠᠨ ᠡᠶᠡᠯᠳᠤᠬᠦᠯᠦᠨ ᠰᠢᠢᠳᠪᠤᠷᠢᠯᠡᠬᠦ ᠶᠢ ᠪᠡᠶᠡᠯᠡᠬᠦᠯᠦᠨ᠎ᠡ᠃ |