ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ ᠪᠠᠶᠢᠨ᠎ᠠ᠃ ᠦᠶᠡᠷ ᠢ ᠰᠡᠷᠬᠡᠶᠢᠯᠡᠬᠦ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠦᠶᠡᠷ ᠢ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠳᠦᠰᠦᠪ ᠢ | ᠳᠤᠭᠳᠠᠭᠠᠵᠤ᠂ ᠦᠶᠡᠷ ᠢ ᠰᠡᠷᠬᠡᠶᠢᠯᠡᠬᠦ ᠳᠤᠰᠬᠠᠢ ᠰᠡᠳᠤᠪᠳᠤ ᠬᠤᠷᠠᠯ ᠬᠤᠷᠠᠯᠳᠣᠵᠣ᠂ ᠡᠬᠦᠷᠬᠡ ᠬᠠᠷᠢᠭᠤᠴᠠᠯᠭ᠎ᠠ ᠪᠠᠨ | ᠳᠤᠳᠤᠷᠬᠠᠢ ᠬᠤᠪᠢᠶᠠᠷᠢᠯᠠᠨ᠂ ᠦᠶᠡᠷ ᠢ ᠰᠡᠷᠬᠡᠶᠢᠯᠡᠬᠦ ᠡᠳ᠋ ᠪᠠᠷᠠᠭ᠎ᠠ ᠬᠠᠳᠠᠭᠠᠯᠠᠬᠤ ᠠᠵᠢᠯ ᠢ ᠰᠠᠶᠢᠳᠤᠷ ᠬᠢᠵᠤ ᠪᠠᠶᠢᠨ᠎ᠠ | ᠃ | ᠤᠬᠠᠭᠤᠯᠭ᠎ᠠ ᠶᠢᠨ ᠬᠦᠴᠦᠴᠡ ᠪᠠᠨ ᠨᠡᠮᠡᠭᠳᠡᠬᠦᠯᠵᠤ᠂ ᠦᠶᠡᠷ ᠢ ᠰᠡᠷᠬᠡᠶᠢᠯᠡᠬᠦ ᠠᠭᠤᠷ ᠠᠮᠢᠰᠬᠤᠯ ᠢ ᠪᠤᠢ | ᠪᠤᠯᠭᠠᠵᠠᠢ᠃ ᠰᠠ᠊ᠭᠤᠭᠠᠯᠢ ᠠᠷᠠᠳ ᠤᠨ ᠸᠢᠴᠠᠲ ᠤᠨ ᠬᠤᠯᠪᠤᠭ᠎ᠠ᠂ ᠸᠢᠴᠠᠲ ᠤᠨ ᠤᠯᠠᠨ ᠨᠡᠶᠢᠳᠡ ᠶᠢᠨ ᠳᠠᠪᠴᠠᠩ | ᠵᠡᠷᠬᠡ ᠪᠠᠷ ᠳᠠᠮᠵᠢᠨ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠰᠬᠢᠬᠦ ᠶᠡᠷᠤ ᠶᠢᠨ ᠮᠡᠳᠡᠯᠬᠡ ᠶᠢ ᠦᠷᠬᠡᠨ | ᠢᠶᠠᠷ ᠤᠬᠠᠭᠤᠯᠵᠤ᠂ ᠳᠤᠭᠰᠢᠨ ᠪᠤᠷᠤᠭᠠᠨ ᠤ ᠠᠶᠤᠯᠬᠦᠢ ᠶᠢᠨ ᠰᠠᠨᠠᠭᠤᠯᠤᠮᠵᠢ ᠨᠡᠶᠢᠳᠡᠯᠡᠵᠤ᠂ ᠬᠠᠷᠢᠶᠠᠳᠤ ᠤᠷᠤᠨ ᠤ | ᠰᠠᠭᠤᠭᠠᠯᠢ ᠠᠷᠠᠳ ᠢ ᠰᠠᠨᠠᠭᠤᠯᠤᠨ ᠠᠶᠤᠯᠬᠦᠢ ᠶᠢᠨ ᠰᠡᠷᠬᠡᠶᠢᠯᠡᠯᠳᠡ ᠶᠢᠨ ᠠᠵᠢᠯ ᠢ ᠰᠠᠶᠢᠳᠤᠷ ᠬᠢᠵᠤ᠂ ᠪᠦᠬᠦ ᠠᠷᠠᠳ | ᠤᠷᠤᠯᠴᠠᠭᠰᠠᠨ ᠦᠶᠡᠷ ᠢ ᠰᠡᠷᠬᠡᠶᠢᠯᠡᠬᠦ ᠠᠵᠢᠯ ᠤᠨ ᠰᠠᠶᠢᠨ ᠰᠠᠶᠢᠬᠠᠨ ᠨᠡᠶᠢᠬᠡᠮ ᠤᠨ ᠤᠷᠴᠢᠨ ᠳᠤᠭᠤᠷᠢᠨ ᠢ ᠪᠤᠢ | ᠪᠤᠯᠭᠠᠵᠠᠢ᠃ | ᠦᠶᠡᠷ ᠤᠨ ᠬᠤᠭᠤᠴᠠᠭᠠᠨ ᠤ ᠵᠢᠵᠢᠬᠦᠷᠯᠡᠬᠦ ᠶᠢ ᠴᠢᠩᠭᠠᠷᠠᠭᠤᠯᠵᠤ᠂ ᠦᠶᠡᠷ ᠤᠨ ᠪᠠᠶᠢᠳᠠᠯ ᠢ ᠴᠠᠭ ᠳᠤᠬᠠᠢ | ᠳᠤᠨᠢ ᠡᠵᠡᠮᠰᠢᠵᠤ ᠪᠠᠶᠢᠨ᠎ᠠ᠃ ᠦᠶᠡᠷ ᠢ ᠰᠡᠷᠬᠡᠶᠢᠯᠡᠬᠦ ᠵᠢᠵᠢᠬᠦᠷ ᠤᠨ ᠬᠦᠰᠦᠨᠦᠭᠳᠤ ᠶᠢ ᠵᠤᠬᠢᠶᠠᠵᠤ᠂ ᠵᠢᠵᠢᠬᠦᠷᠯᠡᠬᠦ | ᠳ᠋ᠢᠶᠠᠩᠬᠤᠸᠠ ᠶᠢᠨ ᠨᠤᠮᠧᠷ ᠢ ᠨᠡᠪᠳᠡᠷᠡᠬᠦᠯᠵᠤ᠂ 24 ᠴᠠᠭ ᠤᠨ ᠵᠢᠵᠢᠬᠦᠷᠯᠡᠬᠦ ᠳᠦᠷᠢᠮ ᠢ ᠪᠠᠷᠢᠮᠳᠠᠯᠠᠨ᠂ ᠴᠠᠭ ᠠᠭᠤᠷ | ᠤᠨ ᠬᠤᠪᠢᠷᠠᠯᠳᠠ ᠪᠤᠯᠤᠨ ᠦᠶᠡᠷ ᠢ ᠰᠡᠷᠬᠡᠶᠢᠯᠡᠬᠦ ᠰᠣᠷᠠᠭ ᠵᠠᠩᠬᠢ ᠶᠢ ᠴᠠᠭ ᠳᠤᠬᠠᠢ ᠳᠤᠨᠢ ᠡᠵᠡᠮᠰᠢᠵᠤ᠂ ᠦᠶᠡᠷ ᠤᠨ | ᠪᠠᠶᠢᠳᠠᠯ ᠢ ᠳᠡᠷᠡ ᠳᠠᠷᠤᠢ ᠳᠤᠨᠢ ᠰᠢᠭᠤᠳ ᠳᠠᠮᠵᠢᠭᠤᠯᠬᠤ ᠶᠢ ᠪᠠᠳᠤᠯᠠᠨ᠎ᠠ᠃ | ᠦᠶᠡᠷ ᠢ ᠰᠡᠷᠬᠡᠶᠢᠯᠡᠬᠦ ᠠᠶᠤᠯ ᠳᠦᠭᠰᠢᠬᠦᠷᠢ ᠶᠢᠨ ᠪᠠᠶᠢᠴᠠᠭᠠᠯᠳᠠ ᠶᠢ ᠦᠷᠨᠢᠬᠦᠯᠵᠤ᠂ ᠴᠠᠭ ᠳᠤᠬᠠᠢ ᠳᠤᠨᠢ | ᠠᠶᠤᠯ ᠳᠦᠭᠰᠢᠬᠦᠷᠳᠤ ᠪᠠᠶᠢᠳᠠᠯ ᠢ ᠠᠷᠢᠯᠭᠠᠨ᠎ᠠ᠃ ᠠᠶᠤᠯ ᠳᠦᠭᠰᠢᠬᠦᠷᠢ ᠲᠠᠢ ᠬᠡᠷ ᠪᠠᠶᠢᠰᠢᠩ ᠪᠤᠯᠤᠨ ᠭᠤᠤᠯᠳᠠᠯᠭ᠎ᠠ | ᠲᠠᠢ ᠳᠠᠯᠠᠪᠤᠷ ᠤᠨ ᠦᠶᠡᠷ ᠢ ᠰᠡᠷᠬᠡᠶᠢᠯᠡᠬᠦ ᠠᠶᠤᠯ ᠳᠦᠭᠰᠢᠬᠦᠷᠢ ᠳᠤ ᠪᠠᠶᠢᠴᠠᠭᠠᠯᠳᠠ ᠬᠢᠵᠤ᠂ ᠬᠤᠳᠳᠤᠭ ᠤᠨ | ᠠᠮᠠᠰᠠᠷ᠂ ᠵᠠᠷ ᠮᠡᠳᠡᠭᠡᠨ ᠤ ᠫᠠᠶᠢᠰᠠ ᠢᠯᠡᠷᠬᠡᠶᠢᠯᠡᠯ᠂ ᠴᠠᠬᠢᠯᠭᠠᠨ ᠤᠳᠠᠰᠤ᠂ ᠬᠤᠳᠤᠭᠤᠷ ᠭᠠᠵᠠᠷ ᠵᠡᠷᠬᠡ ᠶᠢᠨ ᠭᠤᠤᠯ | ᠠᠶᠤᠯ ᠳᠦᠭᠰᠢᠬᠦᠷᠢ ᠪᠤᠯᠤᠨ ᠠᠰᠠᠭᠤᠳᠠᠯ ᠲᠠᠢ ᠭᠠᠵᠠᠷ ᠢᠶᠠᠷ ᠪᠠᠶᠢᠴᠠᠭᠠᠨ ᠵᠠᠰᠠᠵᠤ᠂ ᠪᠠᠶᠢᠴᠠᠭᠠᠨ ᠭᠠᠷᠭᠠᠭᠰᠠᠨ ᠠᠶᠤᠯ | ᠳᠦᠭᠰᠢᠬᠦᠷᠢ ᠪᠤᠯᠤᠨ ᠠᠰᠠᠭᠤᠳᠠᠯ ᠢ ᠳᠠᠩᠰᠠ ᠪᠠᠶᠢᠭᠤᠯᠤᠨ ᠳᠤᠰᠬᠠᠢ ᠬᠦᠮᠦᠨ ᠳᠤᠮᠢᠯᠠᠨ ᠮᠦᠷᠳᠡᠨ ᠪᠠᠶᠢᠴᠠᠭᠠᠵᠤ᠂ | ᠳᠤᠭᠳᠠᠭᠰᠠᠨ ᠬᠤᠭᠤᠴᠠᠭᠠᠨ ᠳᠤ ᠴᠡᠭᠴᠡᠯᠡᠨ ᠦᠬᠡᠷᠡᠴᠢᠯᠡᠵᠤ᠂ ᠦᠶᠡᠷ ᠢ ᠰᠡᠷᠬᠡᠶᠢᠯᠡᠬᠦ ᠠᠵᠢᠯ ᠢ ᠣᠭᠳᠣᠬᠠᠨ ᠴᠣ᠋ | ᠠᠯᠳᠠᠭ᠎ᠠ ᠭᠠᠷᠬᠤ ᠦᠬᠡᠢ ᠶᠢ ᠪᠠᠳᠣᠯᠠᠨ᠎ᠠ᠃ | |