ᠰᠢᠨ᠎ᠡ ᠡᠬᠡᠯᠵᠢ ᠶᠢᠨ ᠳᠠᠷᠢᠶᠠᠯᠠᠬᠤ ᠶᠢ ᠵᠣᠭᠰᠣᠭᠠᠵᠣ ᠡᠪᠡᠰᠣ ᠪᠡᠯᠴᠢᠬᠡᠷ ᠢ ᠰᠡᠷᠬᠦᠬᠡᠬᠦ ᠠᠵᠢᠯ ᠢ ᠰᠠᠶᠢᠳᠣᠷ | ᠬᠢᠬᠦ ᠶᠢᠨ ᠳᠦᠯᠦᠬᠡ᠂ ᠰᠢᠷ᠎ᠠ ᠬᠦᠣᠷ ᠵᠡᠬᠡᠯᠢ ᠭᠤᠳᠣᠮᠵᠢ ᠨᠢ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ᠂ ᠣᠯᠠᠨ | ᠠᠷᠭ᠎ᠠ ᠬᠡᠮᠵᠢᠶ᠎ᠠ ᠶᠢ ᠵᠡᠷᠬᠡ ᠪᠠᠷ ᠬᠡᠷᠡᠭᠯᠡᠵᠣ᠂ ᠰᠢᠨ᠎ᠡ ᠡᠬᠡᠯᠵᠢ ᠶᠢᠨ ᠳᠠᠷᠢᠶᠠᠯᠠᠬᠤ ᠶᠢ ᠵᠣᠭᠰᠣᠭᠠᠵᠣ ᠡᠪᠡᠰᠣ | ᠪᠡᠯᠴᠢᠬᠡᠷ ᠢ ᠰᠡᠷᠬᠦᠬᠡᠬᠦ ᠠᠵᠢᠯ ᠢ ᠯᠠᠪᠳᠠᠭᠤᠨ ᠳᠦᠯᠬᠢᠨ ᠠᠬᠢᠭᠤᠯᠣᠭᠰᠠᠨ ᠪᠠᠶᠢᠨ᠎ᠠ᠃ | ᠳᠠᠶᠢᠴᠢᠯᠠᠯᠳᠠ ᠶᠢᠨ ᠬᠤᠷᠠᠯ ᠬᠤᠷᠠᠯᠳᠣᠭᠤᠯᠵᠣ᠂ ᠣᠬᠠᠭᠤᠯᠬᠤ ᠠᠵᠢᠯᠯᠠᠭ᠎ᠠ ᠶᠠᠪᠣᠭᠳᠠᠭᠤᠯᠪᠠ᠃ ᠡᠬᠦᠷᠬᠡ ᠶᠢᠨ | ᠳᠣᠬᠢᠷᠠᠭᠤᠯᠣᠯᠳᠠ᠂ ᠨᠦᠬᠦᠪᠦᠷᠢ ᠶᠢᠨ ᠳᠦᠷᠦ ᠶᠢᠨ ᠪᠣᠳᠣᠯᠭ᠎ᠠ᠂ ᠠᠵᠢᠯᠳᠠᠨ ᠤ ᠳᠣᠬᠢᠷᠠᠭᠤᠯᠣᠯᠳᠠ᠂ ᠠᠵᠢᠯ ᠤᠨ | ᠱᠠᠭᠠᠷᠳᠠᠯᠭ᠎ᠠ ᠵᠡᠷᠬᠡ ᠳᠤ ᠪᠦᠬᠦ ᠳᠠᠯ᠎ᠠ ᠶᠢᠨ ᠪᠠᠶᠢᠷᠢᠰᠢᠭᠤᠯᠣᠯᠳᠠ ᠬᠢᠵᠠᠢ᠃ ᠬᠠᠮᠢᠶ᠎ᠠ ᠪᠦᠬᠦᠢ ᠳᠦᠷᠦ ᠶᠢᠨ | ᠪᠣᠳᠣᠯᠭ᠎ᠠ ᠶᠢᠨ ᠣᠬᠠᠭᠤᠯᠬᠤ ᠬᠠᠭᠤᠳᠠᠰᠣ ᠪᠠ ᠠᠩᠬᠠᠷᠬᠤ ᠵᠦᠢᠯ ᠢ ᠳᠠᠷᠢᠶᠠᠯᠠᠬᠤ ᠡᠷᠦᠬᠡ ᠳᠤ ᠳᠠᠷᠬᠠᠭᠠᠨ ᠦᠭᠬᠦ ᠶᠢᠨ | ᠬᠠᠮᠳᠣ ᠨᠠᠷᠢᠨ ᠨᠢᠭᠳᠠ ᠳᠠᠶᠢᠯᠪᠣᠷᠢᠯᠠᠵᠣ᠂ ᠣᠬᠠᠭᠤᠯᠣᠨ ᠳᠠᠶᠢᠴᠢᠯᠠᠬᠤ ᠠᠵᠢᠯ ᠢ ᠰᠠᠶᠢᠳᠣᠷ ᠬᠢᠨ᠎ᠡ᠃ | ᠣᠳᠣᠷᠢᠳᠬᠤ ᠪᠠᠭ᠎ᠠ ᠳᠣᠭᠤᠶᠢᠯᠠᠩ ᠪᠠᠶᠢᠭᠤᠯᠵᠣ᠂ ᠳᠣᠰᠬᠠᠢ ᠬᠠᠷᠢᠭᠤᠴᠠᠬᠤ ᠬᠦᠮᠦᠨ ᠳᠣᠬᠢᠷᠠᠭᠤᠯᠣᠨ᠎ᠠ᠃ | ᠳᠠᠷᠢᠶᠠᠯᠠᠬᠤ ᠶᠢ ᠵᠣᠭᠰᠣᠭᠠᠵᠣ ᠡᠪᠡᠰᠣ ᠪᠡᠯᠴᠢᠬᠡᠷ ᠢ ᠰᠡᠷᠬᠦᠬᠡᠬᠦ ᠠᠵᠢᠯ ᠤᠨ ᠳᠣᠭᠤᠶᠢᠯᠠᠩ ᠢ ᠪᠠᠶᠢᠭᠤᠯᠵᠣ᠂ | ᠠᠵᠢᠯᠳᠠᠨ ᠢ ᠳᠣᠰᠬᠤᠨ ᠤ ᠡᠷᠦᠬᠡ ᠳᠤ ᠰᠣᠩᠭᠤᠨ ᠰᠢᠯᠵᠢᠬᠦᠯᠵᠣ ᠳᠠᠷᠢᠶᠠᠯᠠᠬᠤ ᠶᠢ ᠵᠣᠭᠰᠣᠭᠠᠵᠣ ᠡᠪᠡᠰᠣ ᠪᠡᠯᠴᠢᠬᠡᠷ ᠢ | ᠰᠡᠷᠬᠦᠬᠡᠬᠦ ᠳᠦᠷᠦ ᠶᠢᠨ ᠪᠣᠳᠣᠯᠭ᠎ᠠ ᠶᠢ ᠣᠬᠠᠭᠤᠯᠬᠤ᠂ ᠨᠣᠳᠤᠭ ᠳᠡᠪᠢᠰᠬᠡᠷ ᠤᠨ ᠳᠠᠯᠠᠪᠠᠢ ᠶᠢ ᠬᠡᠮᠵᠢᠬᠦ᠂ ᠬᠡᠷ᠎ᠡ | ᠳᠣᠭᠳᠠᠬᠤ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠵᠢᠯ ᠦᠷᠨᠢᠬᠦᠯᠵᠣ᠂ ᠪᠣᠳᠠᠳᠠᠢ ᠠᠵᠢᠯ ᠪᠠ | ᠬᠠᠷᠢᠭᠤᠴᠠᠯᠭ᠎ᠠ ᠶᠢ ᠳᠣᠰᠬᠠᠢ ᠬᠦᠮᠦᠨ ᠳᠤ ᠭᠦᠷᠭᠡᠬᠦ ᠶᠢ ᠪᠠᠳᠣᠯᠠᠨ᠎ᠠ᠃ | ᠳᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠦᠷᠨᠢᠬᠦᠯᠵᠣ᠂ ᠡᠯ᠎ᠡ ᠳᠦᠷᠦᠯ ᠤᠨ ᠠᠷᠭ᠎ᠠ ᠬᠡᠮᠵᠢᠶ᠎ᠠ ᠶᠢ | ᠪᠣᠳᠠᠳᠠᠶᠢᠵᠢᠭᠤᠯᠣᠨ᠎ᠠ᠃ ᠨᠡᠶᠢᠬᠡᠮ ᠳᠣᠭᠤᠷᠢᠭ ᠤᠨ ᠠᠵᠢᠯᠳᠠᠨ ᠢ ᠳᠣᠰᠬᠠᠢ ᠵᠣᠬᠢᠶᠠᠨ ᠪᠠᠶᠢᠭᠤᠯᠬᠤ ᠪᠠ ᠳᠠᠷᠢᠶᠠᠯᠠᠬᠤ | ᠡᠷᠦᠬᠡ ᠳᠤ ᠳᠣᠬᠠᠶᠢᠯᠠᠭᠰᠠᠨ ᠠᠵᠢᠯ ᠤᠨ ᠪᠣᠯᠪᠠᠰᠣᠷᠠᠯ ᠬᠢᠵᠣ᠂ ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠪᠠ | ᠮᠡᠷᠬᠡᠵᠢᠯ ᠤᠨ ᠠᠵᠢᠯᠯᠠᠭᠠᠨ ᠤ ᠳᠦᠷᠢᠮ ᠳᠤ ᠭᠤᠣᠯᠳᠠᠯᠭ᠎ᠠ ᠲᠠᠢ ᠳᠠᠶᠢᠯᠪᠣᠷᠢᠯᠠᠯ ᠬᠢᠵᠠᠢ᠃ | ᠦᠨᠦᠳᠦᠷ ᠪᠣᠯᠳᠠᠯ᠎ᠠ᠂ ᠵᠠᠰᠠᠮᠠᠯ ᠵᠠᠮ ᠤᠨ ᠬᠤᠶᠠᠷ ᠬᠠᠵᠠᠭᠤ ᠪᠠᠷ ᠭᠠᠵᠠᠷ ᠰᠢᠷᠣᠢ ᠪᠠᠶᠢᠬᠤ ᠰᠠᠭᠤᠭᠠᠯᠢ ᠠᠷᠠᠳ | ᠲᠠᠢ ᠬᠡᠷ᠎ᠡ ᠳᠣᠭᠳᠠᠵᠣ ᠭᠠᠷ ᠤᠨ ᠦᠰᠦᠭ ᠵᠢᠷᠣᠬᠤ ᠠᠵᠢᠯ ᠤᠨ 90% ᠶᠢ ᠪᠡᠶᠡᠯᠡᠬᠦᠯᠵᠣ᠂ 50 ᠭᠠᠷᠣᠢ | ᠰᠠᠭᠤᠭᠠᠯᠢ ᠠᠷᠠᠳ ᠢ ᠵᠣᠬᠢᠶᠠᠨ ᠪᠠᠶᠢᠭᠤᠯᠵᠣ ᠡᠪᠡᠰᠣᠨ ᠦᠷ᠎ᠡ ᠳᠠᠷᠢᠬᠤ ᠮᠡᠷᠬᠡᠵᠢᠯ ᠤᠨ ᠪᠣᠯᠪᠠᠰᠣᠷᠠᠯ ᠤᠨ ᠠᠩᠬᠢ | ᠡᠷᠬᠢᠯᠡᠵᠣ᠂ 3000 ᠭᠠᠷᠣᠢ ᠵᠢᠩ ᠤᠨ ᠴᠠᠷᠭᠠᠰᠣ᠂ ᠬᠢᠶᠠᠭ ᠤᠨ ᠦᠷ᠎ᠡ ᠳᠠᠷᠬᠠᠭᠠᠵᠣ᠂ ᠡᠯ᠎ᠡ ᠳᠠᠯ᠎ᠠ ᠶᠢᠨ ᠠᠵᠢᠯ ᠢ | ᠣᠷᠣᠭᠰᠢᠳᠠᠢ ᠳᠦᠯᠬᠢᠨ ᠠᠬᠢᠭᠤᠯᠵᠣ ᠪᠠᠶᠢᠨ᠎ᠠ᠃ |