ᠯᠢᠣ ᠵᠢᠩ ᠹᠦ᠋
ᠨᠡᠶᠢᠲᠡᠯᠡᠭᠰᠡᠨ ᠴᠠᠭ᠄
2018-06-28
    ᠯᠢᠣ ᠵᠢᠩ ᠹᠦ᠋     ᠳᠣᠰᠢᠶᠠᠯ᠄ ᠬᠤᠣᠯᠢᠩᠭᠤᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ     ᠬᠤᠪᠢᠶᠠᠷᠢᠯᠠᠭᠰᠠᠨ ᠠᠵᠢᠯ     ᠬᠤᠳᠠ ᠶᠢᠨ ᠳᠠᠷᠤᠭ᠎ᠠ ᠶᠢ ᠬᠠᠪᠰᠣᠷᠣᠨ ᠬᠤᠳᠠ ᠶᠢᠨ ᠳᠦᠯᠦᠪᠵᠢᠬᠦᠯᠬᠡ᠂ ᠵᠠᠮ ᠬᠠᠷᠢᠯᠴᠠᠭ᠎ᠠ᠂ ᠬᠤᠳᠠ ᠶᠢᠨ ᠵᠡᠬᠡᠯᠢ ᠭᠤᠳᠣᠮᠵᠢ᠂ ᠠᠷᠠᠳ ᠤᠨ ᠠᠭᠠᠷ ᠤᠨ ᠰᠡᠷᠬᠡᠶᠢᠯᠡᠯᠳᠡ᠂ ᠭᠤᠣᠯ ᠤᠨ ᠵᠡᠬᠦᠨᠳᠡᠬᠢ ᠰᠢᠨ᠎ᠡ ᠳᠣᠭᠤᠷᠢᠭ᠂ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ᠂ ᠨᠢᠰᠬᠡᠯ ᠤᠨ ᠺᠣᠮᠫᠠᠨᠢ ᠵᠡᠷᠬᠡ ᠳᠠᠯ᠎ᠠ ᠶᠢᠨ ᠠᠵᠢᠯ ᠢ ᠬᠠᠷᠢᠭᠤᠴᠠᠵᠣ ᠪᠠᠶᠢᠨ᠎ᠠ᠃ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠣᠯᠳᠠ ᠶᠢᠨ ᠳᠣᠪᠴᠢᠶ᠎ᠠ᠂ ᠳᠦᠯᠦᠪᠵᠢᠬᠦᠯᠬᠡ ᠶᠢᠨ ᠠᠯᠪᠠᠨ ᠭᠡᠷ᠂ ᠬᠤᠳᠠ ᠶᠢᠨ ᠬᠠᠮᠢᠶᠠᠷᠣᠯᠳᠠ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠳᠣᠪᠴᠢᠶ᠎ᠠ᠂ ᠵᠠᠮ ᠳᠡᠬᠡᠬᠡᠪᠦᠷᠢ ᠶᠢᠨ ᠳᠣᠪᠴᠢᠶ᠎ᠠ᠂ ᠮᠦᠰᠣᠳᠠᠢ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠪᠣᠷᠣᠬᠤᠵᠢᠷ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠵᠦᠰᠬᠤᠸᠠ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠰᠢᠷ᠎ᠠ ᠬᠦᠣᠷ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠯᠪᠠᠨ ᠬᠡᠷ᠂ ᠨᠡᠶᠢᠳᠡ ᠶᠢᠨ ᠶᠠᠪᠣᠳᠠᠯ ᠤᠨ ᠦᠢᠯᠡᠴᠢᠯᠡᠬᠡᠨ ᠤ ᠳᠦᠪ᠂ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠤ ᠵᠦᠪᠯᠡᠯ ᠤᠨ ᠠᠯᠪᠠᠨ ᠬᠡᠷ᠂ ᠦᠪᠦᠷ ᠮᠣᠩᠭᠤᠯ ᠤᠨ ᠬᠤᠣᠯᠢᠩᠭᠤᠣᠯ ᠬᠤᠳᠠ ᠶᠢᠨ ᠠᠷᠠᠳ ᠤᠨ ᠠᠭᠠᠷ ᠤᠨ ᠨᠢᠰᠬᠡᠯ ᠤᠨ ᠬᠢᠵᠠᠭᠠᠷᠳᠣ ᠺᠣᠮᠫᠠᠨᠢ᠂ ᠵᠠᠮ ᠬᠠᠷᠢᠯᠴᠠᠭᠠᠨ ᠤ ᠪᠡᠯᠡ ᠣᠷᠣᠭᠤᠯᠣᠯᠳᠠ ᠶᠢᠨ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ᠂ ᠳᠦᠬᠡᠬᠡᠯ ᠣᠰᠣᠨ ᠤ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ᠂ ᠳᠣᠯᠠᠭᠠᠯᠠᠯᠭ᠎ᠠ ᠶᠢᠨ ᠬᠠᠷᠢᠭᠤᠴᠠᠯᠭᠠᠳᠣ ᠺᠣᠮᠫᠠᠨᠢ ᠵᠡᠷᠭᠡ ᠶᠢ ᠬᠤᠪᠢᠶᠠᠷᠢᠯᠠᠨ ᠬᠠᠮᠢᠶᠠᠷᠣᠨ᠎ᠠ    ᠬᠤᠯᠪᠣᠭ᠎ᠠ᠄ ᠬᠤᠳᠠ ᠶᠢᠨ ᠴᠢᠯᠠᠭᠤᠨ ᠳᠣᠰᠣᠨ ᠤ ᠺᠣᠮᠫᠠᠨᠢ᠂ ᠨᠠᠪᠴᠢᠨ ᠳᠠᠮᠠᠬᠢ ᠶᠢᠨ ᠺᠣᠮᠫᠠᠨᠢ᠂ ᠬᠠᠷᠢᠶᠠᠳᠣ ᠶᠢᠨ ᠬᠤᠯᠪᠣᠭᠠᠳᠣ ᠬᠤᠷᠠᠯ ︵ᠨᠢᠬᠡᠳᠦᠮᠡᠯ ᠹᠷᠣᠨᠲ ᠤᠨ ᠳᠠᠰᠤᠭ︶᠂ ᠰᠢᠣᠳᠠᠨ ᠬᠤᠯᠪᠣᠭ᠎ᠠ ᠶᠢᠨ ᠺᠣᠮᠫᠠᠨᠢ᠂ ᠰᠢᠯᠵᠢᠮᠡᠯ ᠬᠤᠯᠪᠣᠭ᠎ᠠ ᠶᠢᠨ ᠺᠣᠮᠫᠠᠨᠢ᠂ ᠨᠢᠬᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠮᠡᠳᠡᠭᠡ ᠶᠢᠨ ᠺᠣᠮᠫᠠᠨᠢ᠂ ᠦᠪᠦᠷ ᠮᠣᠩᠭᠤᠯ ᠤᠨ ᠬᠤᠣᠯᠢᠩᠭᠤᠣᠯ ᠬᠤᠳᠠ ᠶᠢᠨ ᠨᠢᠰᠬᠡᠯ ᠤᠨ ᠪᠠᠭᠤᠳᠠᠯ ᠤᠨ ᠬᠠᠮᠢᠶᠠᠷᠣᠯᠳᠠ ᠶᠢᠨ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ᠂ ᠠᠶᠠᠨᠴᠢᠨ ᠤ ᠳᠡᠭᠡᠭᠡᠪᠦᠷᠢ ᠶᠢᠨ ᠦᠷᠳᠡᠭᠡ᠂ ᠬᠤᠣᠯᠢᠩᠭᠤᠣᠯ ᠭᠠᠯᠳᠣ ᠳᠡᠷᠬᠡᠨ ᠤ ᠦᠷᠳᠡᠭᠡ᠂ ᠵᠦᠰᠬᠤᠸᠠ ᠭᠠᠯᠳᠣ ᠳᠡᠷᠭᠡᠨ ᠤ ᠦᠷᠳᠡᠭᠡ ᠶᠢᠨ ᠡᠯ᠎ᠡ ᠦᠷᠳᠡᠭᠡ     ᠳᠣᠪᠴᠢ ᠳᠠᠨᠢᠯᠴᠠᠭᠤᠯᠭ᠎ᠠ     ᠯᠢᠣ ᠵᠢᠩ ᠹᠦ᠋᠂ ᠡᠷᠡᠭᠳᠡᠢ᠂ ᠮᠣᠩᠭᠤᠯ ᠦᠨᠳᠦᠰᠦᠳᠠᠨ᠂ 1967 ᠣᠨ ᠤ 2 ᠰᠠᠷ᠎ᠠ ᠳᠤ ᠳᠦᠷᠦᠪᠡ᠂ ᠣᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠬᠦᠮᠦᠨ᠂ 1992 ᠣᠨ ᠤ 9 ᠰᠠᠷ᠎ᠠ ᠳᠤ ᠠᠵᠢᠯ ᠳᠤ ᠭᠠᠷᠴᠣ᠂ 1999 ᠣᠨ ᠤ 6 ᠰᠠᠷ᠎ᠠ ᠳᠤ ᠡᠪ ᠬᠠᠮᠳᠣ ᠨᠠᠮ ᠳᠤ ᠡᠯᠰᠡᠭᠳᠡᠵᠣ᠂ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ ᠲᠠᠢ᠃ ᠣᠳᠣ ᠬᠤᠣᠯᠢᠩᠭᠤᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠶᠢᠨ ᠳᠣᠰᠢᠶᠠᠯ ᠬᠠᠷᠢᠭᠤᠴᠠᠵᠣ ᠪᠠᠶᠢᠨ᠎ᠠ᠃
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号