ᠨᠢᠶᠧ ᠸᠧᠨ ᠾᠦᠢ
ᠨᠡᠶᠢᠲᠡᠯᠡᠭᠰᠡᠨ ᠴᠠᠭ᠄
2018-06-28
     ᠨᠢᠶᠧ ᠸᠧᠨ ᠾᠦᠢ      ᠡᠬᠦᠷᠬᠡ ᠳᠣᠰᠢᠶᠠᠯ᠄ ᠬᠤᠣᠯᠢᠩᠭᠤᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ      ᠬᠤᠪᠢᠶᠠᠷᠢᠯᠠᠭᠰᠠᠨ ᠠᠵᠢᠯ᠄      ᠬᠤᠳᠠ ᠶᠢᠨ ᠳᠠᠷᠤᠭ᠎ᠠ ᠶᠢ ᠬᠠᠪᠰᠣᠷᠣᠨ ᠠᠵᠣ ᠦᠢᠯᠡᠳᠪᠦᠷᠢ᠂ ᠠᠵᠣ ᠠᠬᠤᠢ᠂ ᠣᠷᠴᠢᠨ ᠳᠣᠭᠤᠷᠢᠨ᠂ ᠠᠮᠣᠷ ᠢ ᠬᠠᠮᠠᠭᠠᠯᠠᠬᠤ᠂ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ᠂ ᠬᠤᠳᠠᠯᠳᠣᠭᠠᠨ ᠤ ᠶᠠᠪᠣᠳᠠᠯ ᠠᠮᠣ ᠪᠣᠳᠠᠭ᠎ᠠ᠂ ᠡᠨᠧᠷᠬᠢ ᠴᠠᠬᠢᠯᠭᠠᠨ ᠤ ᠬᠦᠴᠦᠨ ᠵᠡᠷᠬᠡ ᠳᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠠᠵᠣ ᠠᠬᠤᠢ ᠪᠠ ᠮᠡᠳᠡᠭᠡ ᠵᠠᠩᠭᠢᠴᠢᠯᠡᠯᠳᠡ ᠶᠢᠨ ᠳᠣᠪᠴᠢᠶ᠎ᠠ ︵ᠣᠯᠣᠰ ᠤᠨ ᠦᠮᠴᠢᠯᠡᠯᠳᠣ ᠡᠳ᠋ ᠬᠦᠷᠦᠩᠭᠡ ᠶᠢᠨ ᠬᠢᠨᠠᠯᠳᠠ ᠬᠠᠮᠢᠶᠠᠷᠣᠯᠳᠠ ᠶᠢᠨ ᠳᠣᠪᠴᠢᠶ᠎ᠠ︶᠂ ᠣᠷᠴᠢᠨ ᠳᠣᠭᠤᠷᠢᠨ ᠤ ᠬᠠᠮᠠᠭᠠᠯᠠᠯᠳᠠ ᠶᠢᠨ ᠳᠣᠪᠴᠢᠶ᠎ᠠ᠂ ᠠᠶᠣᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠳᠣᠪᠴᠢᠶ᠎ᠠ᠂ ᠠᠵᠣ ᠦᠢᠯᠡᠳᠪᠦᠷᠢ ᠶᠢᠨ ᠬᠦᠷᠢᠶᠡᠯᠡᠩ ᠳᠣᠭᠤᠷᠢᠭ ᠤᠨ ᠬᠠᠮᠢᠶᠠᠷᠣᠯᠳᠠ ᠶᠢᠨ ᠵᠦᠪᠯᠡᠯ᠂ ᠠᠵᠣ ᠠᠬᠤᠶᠢᠯᠠᠯ ᠤᠨ ᠬᠠᠮᠢᠶᠠᠷᠣᠯᠳᠠ ᠶᠢᠨ ᠦᠢᠯᠡᠴᠢᠯᠡᠬᠡᠨ ᠤ ᠳᠦᠪ ᠂ ᠬᠤᠳᠠᠯᠳᠣᠭᠠᠴᠢᠨ ᠣᠷᠢᠬᠤ ᠦᠢᠯᠡᠴᠢᠯᠡᠬᠡᠨ ᠤ ᠳᠦᠪ᠂ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠳᠣᠪᠴᠢᠶ᠎ᠠ ︵ᠦᠯᠣ ᠬᠦᠳᠡᠯᠬᠦ ᠡᠳ᠋ ᠬᠦᠷᠦᠩᠭᠡ ᠶᠢ ᠳᠠᠩᠰᠠᠯᠠᠭᠤᠯᠬᠤ ᠳᠣᠪᠴᠢᠶ᠎ᠠ︶᠂ ᠬᠤᠳᠠᠯᠳᠣᠭᠠᠨ ᠤ ᠶᠠᠪᠣᠳᠠᠯ ᠪᠠ ᠠᠮᠣ ᠪᠣᠳᠠᠭ᠎ᠠ ᠶᠢᠨ ᠳᠣᠪᠴᠢᠶ᠎ᠠ ᠶᠢ ᠬᠤᠪᠢᠶᠠᠷᠢᠯᠠᠨ ᠬᠠᠮᠢᠶᠠᠷᠣᠨ᠎ᠠ᠃       ᠬᠤᠯᠪᠣᠭ᠎ᠠ᠄ ᠣᠯᠣᠰ ᠤᠨ ᠳᠣᠣᠷ ᠤᠨ ᠦᠪᠦᠷ ᠮᠣᠩᠭᠤᠯ ᠤᠨ ᠵᠡᠬᠦᠨ ᠬᠡᠰᠡᠭ ᠤᠨ ᠬᠤᠣᠯᠢᠩᠭᠤᠣᠯ ᠬᠤᠳᠠ  ᠶᠢᠨ ᠴᠠᠬᠢᠯᠭᠠᠨ ᠬᠠᠩᠭᠠᠬᠤ ᠬᠢᠵᠠᠭᠠᠷᠳᠣ ᠺᠣᠮᠫᠠᠨᠢ᠂ ᠦᠢᠯᠡᠳᠪᠦᠷᠢ ᠬᠤᠳᠠᠯᠳᠣᠭᠠᠨ ᠤ ᠬᠤᠯᠪᠣᠭᠠᠳᠣ ᠬᠤᠷᠠᠯ᠂ ᠣᠯᠣᠰ  ᠤᠨ ᠴᠠᠬᠢᠯᠭᠠᠨ ᠤ ᠪᠡᠯᠡ ᠣᠷᠣᠭᠤᠯᠣᠯᠳᠠ ᠶᠢᠨ ᠦᠪᠦᠷ ᠮᠣᠩᠭᠤᠯ ᠤᠨ ᠵᠡᠬᠦᠨ ᠬᠡᠰᠡᠭ ᠤᠨ ᠡᠨᠧᠷᠬᠢ ᠶᠢᠨ ᠪᠦᠯᠦᠭᠯᠡᠯ  ᠤᠨ ᠺᠣᠮᠫᠠᠨᠢ᠂ ᠬᠤᠣᠯᠢᠩᠭᠤᠣᠯ ᠨᠡᠬᠦᠷᠡᠰᠣᠨ ᠪᠦᠯᠦᠭᠯᠡᠯ ᠤᠨ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ᠂ ᠲᠢᠶᠧ ᠱᠧᠩ ᠪᠦᠯᠦᠭᠯᠡᠯ ᠤᠨ ᠬᠤᠳᠠ ᠳᠤ ᠰᠠᠭᠤᠭ᠎ᠠ ᠡᠯ᠎ᠡ ᠬᠤᠪᠢᠶᠠᠷᠢ ᠺᠣᠮᠫᠠᠨᠢ᠂ ᠦᠪᠦᠷ ᠮᠣᠩᠭᠤᠯ ᠤᠨ ᠵᠡᠬᠦᠨ ᠬᠡᠰᠡᠭ  ᠤᠨ ᠬᠦᠩᠭᠡᠨᠴᠠᠭᠠᠨ ᠵᠢᠴᠢ ᠰᠢᠨ᠎ᠡ ᠮᠠᠲ᠋ᠧᠷᠢᠶᠠᠯ ᠤᠨ ᠠᠵᠣ ᠦᠢᠯᠡᠳᠪᠦᠷᠢ ᠶᠢᠨ ᠮᠡᠷᠬᠡᠵᠢᠯ ᠤᠨ ᠰᠣᠳᠣᠯᠭᠠᠨ ᠤ ᠬᠦᠷᠢᠶᠡᠯᠡᠩ᠂ ᠦᠪᠦᠷ ᠮᠣᠩᠭᠤᠯ ᠤᠨ ᠵᠡᠬᠦᠨ ᠬᠡᠰᠡᠭ ᠤᠨ ᠬᠦᠩᠭᠡᠨᠴᠠᠭᠠᠨ ᠵᠢᠴᠢ ᠬᠦᠩᠭᠡᠨᠴᠠᠭᠠᠨ ᠡᠳ᠋ᠰᠢᠬᠦᠯᠬᠦ ᠠᠵᠣ ᠦᠢᠯᠡᠰ ᠤᠨ ᠮᠡᠷᠭᠡᠵᠢᠯ ᠤᠨ ᠰᠢᠨ᠎ᠡ ᠶᠢ ᠡᠬᠦᠳᠬᠦ ᠪᠠᠶᠢᠯᠳᠣᠬᠤ ᠪᠣᠳᠣᠯᠭ᠎ᠠ ᠶᠢᠨ ᠬᠤᠯᠪᠣᠭ᠎ᠠ᠂ ᠬᠠᠳᠠᠭᠤ ᠪᠡᠶᠡᠳᠣ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠠᠰᠢᠭᠯᠠᠬᠤ ᠠᠺᠠᠳᠧᠮᠢᠴᠢ ᠳᠣᠰᠬᠠᠢ ᠮᠡᠷᠬᠡᠵᠢᠯᠳᠡᠨ ᠤ ᠠᠵᠢᠯᠯᠠᠬᠤ ᠦᠷᠳᠡᠭᠡ᠂ ᠬᠦᠩᠭᠡᠨᠴᠠᠭᠠᠨ ᠤ ᠬᠠᠶᠢᠯᠣᠰᠢ ᠶᠢᠨ ᠮᠠᠲ᠋ᠧᠷᠢᠶᠠᠯ ᠢ ᠡᠳ᠋ᠰᠢᠬᠦᠯᠬᠦ ᠵᠢᠴᠢ ᠢᠨᠵᠧᠨᠧᠷᠢᠩ ᠤᠨ ᠬᠡᠷᠡᠭᠯᠡᠬᠡᠨ ᠤ ᠠᠺᠠᠳᠧᠮᠢᠴᠢ ᠳᠣᠰᠬᠠᠢ ᠮᠡᠷᠬᠡᠵᠢᠯᠳᠡᠨ ᠤ ᠠᠵᠢᠯ ᠤᠨ ᠦᠷᠳᠡᠭᠡ᠃       ᠳᠦᠬᠦᠮ ᠳᠠᠨᠢᠯᠴᠠᠭᠤᠯᠭ᠎ᠠ᠄      ᠨᠢᠶᠧ ᠸᠧᠨ ᠾᠦᠢ᠂ ᠡᠷᠡᠭᠳᠡᠢ᠂ ᠮᠣᠩᠭᠤᠯ ᠦᠨᠳᠦᠰᠦᠳᠠᠨ᠂ 1977 ᠣᠨ ᠤ 1 ᠰᠠᠷ᠎ᠠ ᠳᠤ ᠳᠦᠷᠦᠪᠡ᠂ 1998 ᠣᠨ ᠤ 6 ᠰᠠᠷ᠎ᠠ ᠳᠤ ᠠᠵᠢᠯ ᠳᠤ ᠭᠠᠷᠪᠠ᠃ ᠳᠣᠮᠳᠠᠳᠣ ᠣᠯᠣᠰ ᠤᠨ ᠡᠪ ᠬᠠᠮᠳᠣ ᠨᠠᠮ ᠤᠨ ᠬᠡᠰᠢᠬᠦᠨ᠂ ᠠᠰᠫᠢᠷᠠᠨᠲ ᠤᠨ ᠰᠣᠷᠣᠯᠭ᠎ᠠ ᠶᠢᠨ ᠨᠠᠮᠳᠠᠷ ᠲᠠᠢ᠃ ᠣᠳᠣ ᠬᠤᠣᠯᠢᠩᠭᠤᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠶᠢᠨ ᠳᠣᠰᠢᠶᠠᠯ  ᠬᠠᠷᠢᠭᠤᠴᠠᠵᠣ ᠪᠠᠶᠢᠨ᠎ᠠ᠃
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号