ᠬᠤᠤᠯᠢᠨ ᠵᠠᠰᠠᠭ ᠠᠯᠪᠠᠨ ᠳᠠᠷᠬᠠᠭᠠᠭᠰᠠᠨ ﹇2018﹈ 45 ᠳ᠋ᠤᠭᠠᠷ ᠳᠤᠭᠠᠳᠤ | | ︽ ᠬᠤᠤᠯᠢᠩᠭᠤᠤᠯ ᠬᠤᠳᠠ ᠶᠢᠨ ᠬᠤᠳᠠ ᠶᠢᠨ ᠳᠤᠭᠤᠷᠢᠭ ᠤᠨ ᠬᠠᠤᠯᠢ ᠠᠴᠠ ᠵᠦᠷᠢᠴᠡᠭᠰᠡᠨ | ᠨᠠᠭᠠᠯᠳᠠ ᠵᠠᠷ ᠢ ᠵᠠᠰᠠᠬᠤ ᠠᠷᠭ᠎ᠠ︾ ᠶᠢ ᠳᠠᠷᠣᠮᠠᠯᠯᠠᠨ ᠶᠠᠪᠤᠭᠤᠯᠬᠤ ᠳᠤᠬᠠᠢ ᠬᠤᠤᠯᠢᠩᠭᠤᠤᠯ | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ | | | | ᠳᠠᠯᠠᠶᠢᠬᠤᠰᠢᠭᠤ ᠰᠤᠮᠤ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠮᠢᠶᠠᠷᠤᠯᠳᠠ ᠶᠢᠨ ᠵᠦᠪᠯᠡᠯ᠂ | ᠬᠤᠳᠠ ᠶᠢᠨ ᠵᠠᠰᠠᠭ ᠤᠨ ᠤᠷᠳᠤᠨ ᠤ ᠡᠯ᠎ᠡ ᠠᠯᠪᠠᠨ ᠬᠡᠷ᠂ ᠳᠤᠪᠴᠢᠶ᠎ᠠ ᠳᠤ᠄ | ︽ᠬᠤᠤᠯᠢᠩᠭᠤᠤᠯ ᠬᠤᠳᠠ ᠶᠢᠨ ᠬᠤᠳᠠ ᠶᠢᠨ ᠳᠤᠭᠤᠷᠢᠭ ᠤᠨ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠢ | ᠵᠠᠰᠠᠬᠤ ᠠᠷᠭ᠎ᠠ︾ ᠶᠢ ᠬᠤᠳᠠ ᠶᠢᠨ ᠵᠠᠰᠠᠭ ᠤᠨ ᠤᠷᠳᠤᠨ ᠤ 2018 ᠤᠨ ᠤ ᠭᠤᠷᠪᠠᠳᠤᠭᠠᠷ ᠤᠳᠠᠭᠠᠨ ᠤ | ᠪᠠᠶᠢᠩᠭᠤ ᠶᠢᠨ ᠬᠤᠷᠠᠯᠳᠤᠭᠠᠨ ᠳᠤ ᠰᠤᠳᠤᠯᠤᠨ ᠵᠦᠪᠰᠢᠶᠡᠷᠡᠬᠦᠯᠦᠬᠡᠳ᠂ ᠡᠳᠤᠬᠡ ᠳᠠᠨᠠᠷ ᠲᠤ ᠳᠠᠷᠣᠮᠠᠯᠯᠠᠨ | ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃ | | | 2018 ᠤᠨ ᠤ 4 ᠰᠠᠷ᠎ᠠ ᠶᠢᠨ 16 ᠤ ᠡᠳᠤᠷ | | | | | | ᠬ᠊ᠤᠤᠯᠢᠩᠭᠤᠤᠯ ᠬᠤᠳᠠ ᠶᠢᠨ ᠬᠤᠳᠠ ᠶᠢᠨ ᠳᠤᠭᠤᠷᠢᠭ ᠤᠨ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠢ | ᠵᠠᠰᠠᠬᠤ ᠠᠷᠭ᠎ᠠ | | | ᠨᠢᠬᠡᠳᠤᠬᠡᠷ ᠵᠦᠢᠯ ᠬᠤᠳᠠ ᠶᠢᠨ ᠬᠠᠮᠢᠶᠠᠷᠤᠯᠳᠠ ᠶᠢ ᠣᠯᠠᠮ ᠨᠢᠬᠡ ᠠᠯᠬᠤᠮ ᠴᠢᠩᠭᠠᠳᠬᠠᠵᠤ᠂ ᠬᠡᠷ ᠤᠨ | ᠭᠠᠳᠠᠨᠠᠬᠢ ᠶᠢᠨ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠶᠢ ᠦᠨᠡᠨᠬᠦ ᠵᠠᠰᠠᠵᠤ᠂ ᠬᠤᠳᠠ ᠶᠢᠨ ᠦᠵᠡᠮᠵᠢ ᠶᠢᠨ | ᠤᠷᠴᠢᠨ ᠳᠤᠭᠤᠷᠢᠨ ᠢ ᠭᠤᠶᠤᠵᠢᠭᠤᠯᠬᠤ ᠪᠠ ᠴᠡᠪᠡᠷᠰᠢᠬᠦᠯᠬᠦ ᠶᠢᠨ ᠳᠤᠰᠠᠳᠠ ᠬᠤᠳᠠ ᠶᠢᠨ ᠬᠠᠮᠢᠶᠠᠷᠤᠯᠳᠠ ᠶᠢᠨ | ᠬᠤᠯᠪᠤᠭᠳᠠᠯ ᠪᠦᠬᠦᠢ ᠬᠠᠤᠯᠢ ᠴᠠᠭᠠᠵᠠ ᠳᠦᠷᠢᠮ ᠳᠤᠭᠳᠠᠭᠠᠯ ᠢ ᠦᠨᠳᠤᠰᠤᠯᠠᠨ ᠮᠠᠨ ᠤ ᠬᠤᠳᠠ ᠶᠢᠨ ᠪᠤᠳᠠᠳᠠᠢ ᠲᠠᠢ | ᠪᠠᠨ ᠤᠶᠠᠯᠳᠤᠭᠤᠯᠤᠨ ᠳᠤᠰ ᠠᠷᠭ᠎ᠠ ᠶᠢ ᠳᠤᠭᠳᠠᠭᠠᠪᠠ᠃ | ᠬᠤᠶᠠᠳᠤᠭᠠᠷ ᠵᠦᠢᠯ ᠳᠤᠰ ᠠᠷᠭ᠎ᠠ ᠨᠢ ᠬᠡᠷ ᠤᠨ ᠭᠠᠳᠠᠨᠠᠬᠢ ᠶᠢᠨ ᠬᠠᠤᠯᠢ ᠠᠴᠠ ᠵᠦᠷᠢᠴᠡᠭᠰᠡᠨ ᠨᠠᠭᠠᠯᠳᠠ | ᠵᠠᠷ ᠢ ᠬᠡᠯᠡᠵᠤ ᠪᠠᠶᠢᠨ᠎ᠠ᠂ ᠡᠩ ᠤᠨ ᠳᠠᠭᠤᠳᠠᠯᠭ᠎ᠠ ᠨᠢ ᠬᠤᠳᠠ ᠶᠢᠨ ︽ᠦᠬᠡᠷ ᠤᠨ ᠢᠯᠳᠤ︾ ᠪᠤᠯᠤᠨ᠎ᠠ᠂ ᠬᠤᠳᠠ | ᠶᠢᠨ ᠳᠤᠳᠤᠷᠠᠬᠢ ᠮᠤᠳᠤ᠂ ᠬᠡᠷ ᠪᠠᠷᠢᠯᠭ᠎ᠠ᠂ ᠵᠢᠵᠢᠭ ᠳᠤᠭᠤᠷᠢᠭ ᠤᠨ ᠠᠰᠠᠷ ᠤᠨ ᠬᠤᠩᠬᠢᠯ᠂ ᠬᠤᠳᠠ ᠶᠢᠨ | ᠳᠤᠭᠤᠷᠢᠭ ᠤᠨ ᠵᠠᠰᠠᠮᠠᠯ ᠵᠠᠮ ᠵᠢᠴᠢ ᠪᠤᠰᠤᠳ ᠤᠯᠠᠨ ᠨᠡᠶᠢᠳᠡ ᠶᠢᠨ ᠳᠦᠬᠦᠬᠡᠷᠤᠮᠵᠢ ᠶᠢᠨ ᠳᠡᠬᠡᠷ᠎ᠡ ᠳᠡᠯᠬᠡᠵᠤ ᠨᠠᠭᠠᠬᠤ | ᠂ ᠳᠦᠷᠬᠢᠬᠦ ᠪᠠ ᠳᠠᠷᠣᠮᠠᠯᠯᠠᠬᠤ ᠵᠡᠷᠬᠡ ᠠᠷᠭ᠎ᠠ ᠪᠠᠷ ᠳᠠᠯᠪᠢᠭᠰᠠᠨ ᠴᠠᠭᠠᠰᠣᠨ ᠡᠳ᠋᠂ ᠵᠢᠷᠤᠭ ᠳᠠᠮᠠᠭ᠎ᠠ᠂ ᠭᠠᠷ ᠢᠶᠠᠷ | ᠪᠢᠴᠢᠭᠰᠡᠨ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠢ ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠳᠤᠰ ᠠᠷᠭ᠎ᠠ ᠶᠢ ᠳᠤᠰ ᠬᠤᠳᠠ ᠶᠢᠨ ᠳᠦᠯᠦᠪᠵᠢᠬᠦᠯᠬᠡ ᠶᠢᠨ ᠣᠷᠣᠨ ᠤ ᠬᠦᠷᠢᠶ᠎ᠡ | ᠴᠠᠷ᠎ᠠ ᠤᠨ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠢ ᠵᠠᠰᠠᠬᠤ ᠠᠵᠢᠯ ᠳᠤ ᠬᠡᠷᠡᠭᠯᠡᠨ᠎ᠡ᠃ | ᠳᠦᠷᠪᠡᠳᠤᠬᠡᠷ ᠵᠦᠢᠯ ᠬᠤᠳᠠ ᠶᠢᠨ ᠳᠤᠭᠤᠷᠢᠭ ᠤᠨ ᠬᠡᠷ ᠤᠨ ᠭᠠᠳᠠᠨᠠᠬᠢ ᠶᠢᠨ ᠬᠠᠤᠯᠢ ᠠᠴᠠ | ᠵᠦᠷᠢᠴᠡᠭᠰᠡᠨ ᠨᠠᠭᠠᠯᠳᠠ ᠵᠠᠷ ᠢ ᠵᠠᠰᠠᠬᠤ ᠳᠤ ᠪᠦᠭᠯᠡᠵᠤ ᠨᠡᠪᠳᠡᠷᠡᠬᠦᠯᠬᠦ ᠶᠢ ᠤᠶᠠᠯᠳᠤᠭᠤᠯᠵᠤ᠂ ᠢᠯᠡᠷᠡᠯ ᠪᠠ | ᠦᠨᠳᠦᠰᠦ ᠰᠢᠯᠳᠠᠭᠠᠨ ᠢ ᠨᠢ ᠬᠠᠮᠳᠤ ᠳᠤᠨᠢ ᠵᠠᠰᠠᠬᠤ᠂ ᠠᠵᠢᠯ ᠢᠶᠠᠨ ᠬᠤᠪᠢᠶᠠᠨ ᠬᠠᠮᠵᠢᠨ ᠠᠵᠢᠯᠯᠠᠬᠤ᠂ | ᠬᠤᠯᠪᠣᠭᠠᠯᠠᠨ ᠬᠦᠳᠡᠯᠤᠯᠴᠡᠬᠦ ᠬᠠᠮᠢᠶᠠᠷᠤᠯᠳᠠ ᠶᠢᠨ ᠵᠠᠷᠴᠢᠮ ᠢ ᠡᠷᠬᠡᠪᠰᠢ ᠪᠠᠷᠢᠮᠳᠠᠯᠠᠬᠤ ᠬᠡᠷᠡᠭᠳᠡᠢ᠃ | ᠳᠠᠪᠤᠳᠤᠭᠠᠷ ᠵᠦᠢᠯ ᠬᠤᠳᠠ ᠶᠢᠨ ᠳᠤᠭᠤᠷᠢᠭ ᠤᠨ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ | ᠨᠠᠭᠠᠯᠳᠠ ᠵᠠᠷ ᠢ ᠬᠤᠯᠪᠣᠭᠠᠯᠠᠨ ᠬᠦᠳᠡᠯᠤᠯᠴᠡᠨ ᠵᠠᠰᠠᠬᠤ ᠠᠵᠢᠯ ᠤᠨ ᠳᠤᠭᠳᠠᠴᠠ ᠶᠢ ᠪᠠᠶᠢᠭᠤᠯᠵᠤ᠂ ᠬᠤᠳᠠ ᠶᠢᠨ | ᠵᠠᠰᠠᠭ ᠤᠨ ᠤᠷᠳᠤᠨ ᠤ ᠬᠤᠪᠢᠶᠠᠨ ᠬᠠᠮᠢᠶᠠᠷᠴᠣ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠤᠯᠭᠠᠨ | ᠂ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ᠂ ᠳᠤᠳᠤᠭᠠᠳᠤ ᠶᠢ | ᠬᠠᠮᠠᠭᠠᠯᠠᠬᠤ ᠳᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠠᠶᠢᠭᠤᠯᠤᠯᠳᠠ ᠶᠢᠨ ᠳᠤᠪᠴᠢᠶ᠎ᠠ᠂ | ᠦᠢᠯᠡᠳᠪᠤᠷᠢ ᠬᠤᠳᠠᠯᠳᠤᠭᠠᠨ ᠤ ᠳᠤᠪᠴᠢᠶ᠎ᠠ᠂ ᠡᠷᠡᠬᠦᠯ ᠬᠠᠮᠠᠭᠠᠯᠠᠯ ᠪᠠ ᠳᠦᠯᠦᠪᠯᠡᠬᠡᠳᠤ ᠦᠷᠡᠵᠢᠯ ᠤᠨ ᠳᠤᠪᠴᠢᠶ᠎ᠠ᠂ | ᠡᠳ᠋ ᠤᠨ ᠵᠠᠰᠠᠭ ᠤᠨ ᠳᠤᠪᠴᠢᠶ᠎ᠠ᠂ ᠰᠤᠶᠤᠯ ᠷᠠᠳᠢᠤ᠋ ᠲᠧᠯᠧᠢᠰ ᠤᠨ ᠳᠤᠪᠴᠢᠶ᠎ᠠ᠂ ᠰᠤᠷᠭᠠᠨ ᠬᠦᠮᠦᠵᠢᠯ ᠪᠡᠶ᠎ᠡ ᠳᠠᠮᠢᠷ | ᠤᠨ ᠳᠤᠪᠴᠢᠶ᠎ᠠ᠂ ᠲᠧᠯᠧᠢᠰ ᠬᠤᠷᠢᠶ᠎ᠠ᠂ ᠴᠠᠬᠢᠯᠭᠠᠨ ᠬᠤᠯᠪᠤᠭ᠎ᠠ ᠶᠢᠨ ᠺᠤᠮᠫᠠᠨᠢ᠂ ᠰᠢᠯᠵᠢᠮᠡᠯ ᠬᠤᠯᠪᠤᠭ᠎ᠠ ᠶᠢᠨ ᠺᠤᠮᠫᠠᠨᠢ | ᠂ ᠬᠠᠮᠳᠤᠷᠠᠯ ᠬᠤᠯᠪᠤᠭ᠎ᠠ ᠶᠢᠨ ᠺᠤᠮᠫᠠᠨᠢ᠂ ᠰᠤᠮᠤ ᠪᠤᠯᠤᠨ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠵᠡᠷᠬᠡ ᠶᠢᠨ ᠰᠠᠯᠠᠭ᠎ᠠ ᠮᠦᠴᠢᠷ ᠪᠤᠯᠤᠨ ᠨᠢᠬᠡᠴᠡ ᠶᠢᠨ ᠬᠡᠰᠢᠬᠦᠨ ᠢᠶᠠᠷ ᠪᠦᠷᠢᠯᠳᠦᠭᠰᠡᠨ ᠬᠤᠳᠠ ᠶᠢᠨ ᠳᠤᠭᠤᠷᠢᠭ ᠤᠨ | ᠬᠡᠷ ᠤᠨ ᠭᠠᠳᠠᠨᠠᠬᠢ ᠶᠢᠨ ᠨᠠᠭᠠᠯᠳᠠ ᠵᠠᠷ ᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨᠬᠤᠳᠠ | ᠶᠢᠨ ᠳᠤᠭᠤᠷᠢᠭ ᠤᠨ ᠬᠡᠷ ᠤᠨ ᠭᠠᠳᠠᠨᠠᠬᠢ ᠶᠢᠨ ᠨᠠᠭᠠᠯᠳᠠ ᠵᠠᠷ ᠢ ᠵᠠᠰᠠᠬᠤ ᠠᠵᠢᠯ ᠢ ᠬᠠᠷᠢᠭᠤᠴᠠᠨ᠎ᠠ᠃ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠢ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ | ᠳᠤᠪᠴᠢᠶ᠎ᠠ ᠳᠤ ᠪᠠᠶᠢᠭᠤᠯᠵᠤ᠂ ᠬᠤᠳᠠ ᠶᠢᠨ ᠳᠤᠭᠤᠷᠢᠭ ᠤᠨ ᠬᠡᠷ ᠤᠨ ᠭᠠᠳᠠᠨᠠᠬᠢ ᠶᠢᠨ ᠨᠠᠭᠠᠯᠳᠠ ᠵᠠᠷ ᠢ ᠵᠠᠰᠠᠬᠤ | ᠠᠵᠢᠯ ᠢ ᠳᠦᠷᠦᠬᠦᠯᠡᠨ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠬᠢᠨᠠᠯᠳᠠ ᠳᠠᠯᠪᠢᠨ ᠵᠢᠯᠤᠭᠤᠳᠴᠤ᠂ ᠬᠢᠨᠠᠨ | ᠰᠢᠯᠭᠠᠵᠤ ᠱᠠᠩᠨᠠᠵᠤ ᠳᠤᠷᠭᠠᠬᠤ ᠠᠵᠢᠯ ᠢ ᠬᠠᠷᠢᠭᠤᠴᠠᠬᠤ ᠬᠡᠷᠡᠭᠳᠡᠢ᠃ | ᠵᠢᠷᠭᠤᠳᠤᠭᠠᠷ ᠵᠦᠢᠯ ᠬᠤᠳᠠ ᠶᠢᠨ ᠳᠤᠭᠤᠷᠢᠭ ᠤᠨ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠢ ᠵᠠᠰᠠᠬᠤ | ᠬᠠᠷᠢᠭᠤᠴᠠᠯᠭ᠎ᠠ ᠶᠢᠨ ᠬᠤᠪᠢᠶᠠᠷᠢᠯᠠᠯᠳᠠ᠄ | ︵ᠨᠢᠬᠡ︶ ᠬᠤᠳᠠ ᠶᠢᠨ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ | ᠳᠤᠪᠴᠢᠶ᠎ᠠ ᠬᠤᠳᠠ ᠶᠢᠨ ᠳᠤᠭᠤᠷᠢᠭ ᠤᠨ ᠭᠤᠤᠯ ᠪᠠ ᠳᠡᠳ᠋ ᠭᠤᠤᠯ ᠵᠠᠮ ᠤᠨ ᠬᠤᠶᠠᠷ ᠳᠠᠯ᠎ᠠ ᠶᠢᠨ ᠬᠡᠪᠴᠢᠶᠠᠨ | ᠳᠤᠳᠤᠷᠠᠬᠢ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠢ ᠵᠠᠰᠠᠬᠤ ᠶᠢ ᠬᠠᠷᠢᠭᠤᠴᠠᠵᠤ᠂ ᠬᠡᠷ | ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠤᠨ ᠬᠤᠯᠪᠤᠭᠠᠨ ᠤ ᠨᠤᠮᠧᠷ ᠢ ᠴᠤᠭᠯᠠᠭᠤᠯᠤᠨ ᠬᠢᠨᠠᠨ | ᠬᠠᠷᠭᠤᠭᠤᠯᠬᠤ ᠶᠢ ᠬᠠᠷᠢᠭᠤᠴᠠᠨ ᠵᠠᠰᠠᠨ᠎ᠠ᠃ | ︵ᠬᠤᠶᠠᠷ︶ ᠬᠤᠳᠠ ᠶᠢᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠠᠶᠢᠭᠤᠯᠤᠯᠳᠠ ᠶᠢᠨ ᠳᠤᠪᠴᠢᠶ᠎ᠠ | ᠠᠳᠠᠯ ᠠᠬᠤᠢ ᠶᠢᠨ ᠬᠠᠮᠢᠶᠠᠷᠤᠯᠳᠠ ᠶᠢᠨ ᠵᠢᠵᠢᠭ ᠳᠤᠭᠤᠷᠢᠭ ᠤᠨ ᠬᠡᠪᠴᠢᠶᠡᠨ ᠳᠤᠳᠤᠷᠠᠬᠢ ᠬᠡᠷ ᠤᠨ ᠭᠠᠳᠠᠨᠠᠬᠢ | ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠵᠠᠰᠠᠬᠤ ᠶᠢ ᠬᠠᠷᠢᠭᠤᠴᠠᠵᠤ᠂ ᠠᠳᠠᠯ ᠠᠬᠤᠢ ᠶᠢᠨ ᠦᠢᠯᠡᠰ ᠤᠨ | ᠺᠤᠮᠫᠠᠨᠢ ᠶᠢᠨ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠵᠠᠰᠠᠬᠤ ᠳᠤ ᠱᠠᠭᠠᠷᠳᠠᠨ | ᠵᠢᠯᠤᠭᠤᠳᠬᠤ ᠪᠠ ᠬᠢᠨᠠᠨ ᠰᠢᠯᠭᠠᠵᠤ ᠱᠠᠩᠨᠠᠵᠤ ᠳᠤᠷᠭᠠᠬᠤ ᠶᠢ ᠶᠠᠪᠤᠭᠤᠯᠤᠨ᠎ᠠ᠃ | ︵ᠭᠤᠷᠪᠠ︶ ᠰᠤᠮᠤ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠠᠳᠠᠯ ᠠᠬᠤᠢ ᠶᠢᠨ | ᠬᠠᠮᠢᠶᠠᠷᠤᠯᠳᠠ ᠶᠢᠨ ᠵᠢᠵᠢᠭ ᠳᠤᠭᠤᠷᠢᠭ ᠦᠬᠡᠢ᠂ ᠪᠤᠶᠢᠳᠠ ᠪᠦᠭᠯᠡᠬᠦᠤ ᠵᠡᠬᠡᠯᠢ ᠭᠤᠳᠤᠮᠵᠢ᠂ ᠬᠤᠳᠠ ᠳᠡᠬᠦᠷᠬᠡ | ᠣᠶᠠᠯᠳᠣᠭᠰᠠᠨ ᠭᠠᠵᠠᠷ ᠤᠨ ᠬᠡᠪᠴᠢᠶᠠᠨ ᠳᠠᠬᠢ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ | ᠵᠠᠰᠠᠬᠤ ᠶᠢ ᠬᠠᠷᠢᠭᠤᠴᠠᠵᠤ᠂ ᠡᠯ᠎ᠡ ᠨᠡᠶᠢᠬᠡᠮ ᠳᠤᠭᠤᠷᠢᠭ ᠤᠨ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ | ᠨᠠᠭᠠᠯᠳᠠ ᠵᠡᠷ ᠢ ᠵᠠᠰᠠᠬᠤ ᠳᠤ ᠱᠠᠭᠠᠷᠳᠠᠨ ᠵᠢᠯᠤᠭᠤᠳᠬᠤ ᠪᠠ ᠬᠢᠨᠠᠨ ᠰᠢᠯᠭᠠᠬᠤ ᠱᠠᠩᠨᠠᠵᠤ ᠳᠤᠷᠭᠠᠬᠤ ᠶᠢ | ᠶᠠᠪᠤᠭᠤᠯᠤᠨ᠎ᠠ᠃ | ︵ᠳᠦᠷᠪᠡ︶ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠬᠡᠷ ᠤᠨ ᠭᠠᠳᠠᠨᠠᠬᠢ ᠬᠠᠤᠯᠢ ᠠᠴᠠ | ᠵᠦᠷᠢᠴᠡᠭᠰᠡᠨ ᠨᠠᠭᠠᠯᠳᠠ ᠵᠡᠷ ᠢ ᠪᠠᠶᠢᠴᠠᠭᠠᠨ ᠭᠠᠷᠭᠠᠬᠤ ᠬᠠᠤᠯᠢ ᠬᠡᠷᠡᠭᠵᠢᠬᠦᠯᠬᠦ ᠶᠢᠨ ᠪᠠᠳᠤᠯᠠᠭ᠎ᠠ ᠶᠢᠨ ᠠᠵᠢᠯ ᠢ | ᠰᠠᠶᠢᠳᠤᠷ ᠬᠢᠬᠦ ᠶᠢ ᠬᠠᠷᠢᠭᠤᠴᠠᠵᠤ᠂ ᠬᠠᠤᠯᠢ ᠬᠡᠷᠡᠭᠵᠢᠬᠦᠯᠬᠦ ᠬᠠᠮᠢᠶᠠᠷᠤᠯᠳᠠ ᠶᠢ ᠬᠠᠷᠰᠢᠯᠠᠭᠰᠠᠨ᠂ ᠬᠦᠴᠦᠷᠬᠡᠭᠯᠡᠯ ᠢᠶᠠᠷ | ᠬᠠᠤᠯᠢ ᠶᠢ ᠡᠰᠡᠷᠬᠦᠴᠡᠭᠰᠡᠨ ᠠᠵᠢᠯᠯᠠᠭ᠎ᠠ ᠶᠢ ᠰᠢᠢᠳᠪᠤᠷᠢᠯᠡᠨ᠎ᠡ᠃ | ︵ᠳᠠᠪᠤ︶ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ ᠦᠢᠯᠡᠳᠪᠤᠷᠢ ᠬᠤᠳᠠᠯᠳᠤᠭ᠎ᠠ ᠶᠢᠨ | ᠳᠤᠪᠴᠢᠶ᠎ᠠ᠂ ᠰᠤᠶᠤᠯ ᠷᠠᠳᠢᠤ᠋ ᠲᠧᠯᠧᠢᠰ ᠤᠨ ᠳᠤᠪᠴᠢᠶ᠎ᠠ᠂ ᠡᠷᠡᠬᠦᠯ ᠬᠠᠮᠠᠭᠠᠯᠠᠯ ᠪᠠ ᠳᠦᠯᠦᠪᠯᠡᠬᠡᠳᠤ ᠦᠷᠡᠵᠢᠯ ᠤᠨ | ᠳᠤᠪᠴᠢᠶ᠎ᠠ᠂ ᠰᠤᠷᠭᠠᠨ ᠬᠦᠮᠦᠵᠢᠯ ᠪᠡᠶ᠎ᠡ ᠳᠠᠮᠢᠷ ᠤᠨ ᠳᠤᠪᠴᠢᠶ᠎ᠠ ᠵᠡᠷᠬᠡ ᠶᠢᠨ ᠰᠠᠯᠠᠭ᠎ᠠ ᠮᠦᠴᠢᠷ ᠦᠪᠡᠷ ᠦᠪᠡᠷ ᠤᠨ | ᠡᠬᠦᠷᠬᠡ ᠬᠠᠷᠢᠭᠤᠴᠠᠯᠭ᠎ᠠ ᠪᠠᠷ ᠮᠡᠬᠡᠯᠡᠨ ᠬᠢᠬᠠᠬᠤ᠂ ᠬᠤᠳᠠᠯ ᠬᠠᠭᠤᠷᠮᠠᠭ ᠠᠭᠤᠯᠭ᠎ᠠ ᠲᠠᠢ ᠬᠡᠷ ᠤᠨ ᠭᠠᠳᠠᠨᠠᠬᠢ | ᠨᠠᠭᠠᠯᠳᠠ ᠵᠡᠷ ᠪᠤᠯᠤᠨ ᠬᠠᠤᠯᠢ ᠪᠤᠰᠤ ᠪᠠᠷ ᠵᠤᠬᠢᠶᠠᠭᠰᠠᠨ᠂ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ | ᠨᠠᠭᠠᠯᠳᠠ ᠵᠡᠷ ᠳᠠᠷᠬᠠᠭᠠᠰᠠᠨ ᠬᠠᠤᠯᠢ ᠠᠴᠠ ᠵᠦᠷᠢᠴᠡᠭᠰᠡᠨ ᠳᠤᠬᠠᠢ ᠶᠢᠨ ᠬᠦᠮᠦᠨ ᠢ ᠪᠠᠶᠢᠴᠠᠭᠠᠨ ᠭᠠᠷᠭᠠᠵᠤ | ᠨᠡᠶᠢᠳᠡᠯᠡᠨ᠎ᠡ᠃ | ︵ᠵᠢᠷᠭᠤᠭ᠎ᠠ︶ ᠬᠤᠳᠠ ᠶᠢᠨ ᠴᠠᠬᠢᠯᠭᠠᠨ ᠬᠤᠯᠪᠤᠭ᠎ᠠ᠂ ᠰᠢᠯᠵᠢᠮᠡᠯ ᠬᠤᠯᠪᠤᠭ᠎ᠠ᠂ ᠬᠠᠮᠳᠤᠷᠠᠯ ᠬᠤᠯᠪᠤᠭ᠎ᠠ ᠵᠡᠷᠬᠡ | ᠶᠢᠨ ᠴᠢᠮᠡᠭᠡ ᠨᠡᠪᠳᠡᠷᠡᠯᠬᠡ ᠶᠢᠨ ᠨᠢᠬᠡᠴᠡ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ | ᠳᠤᠪᠴᠢᠶ᠎ᠠ ᠶᠢᠨ ᠬᠢᠨᠠᠨ ᠬᠠᠷᠭᠤᠭᠤᠯᠤᠭᠰᠠᠨ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠤᠨ | ᠤᠳᠠᠰᠤᠨ ᠨᠤᠮᠧᠷ ᠤᠨ ᠴᠢᠮᠡᠭᠡ ᠨᠡᠪᠳᠡᠷᠡᠯᠬᠡ ᠶᠢ ᠳᠦᠷ ᠵᠤᠭᠰᠤᠭᠠᠬᠤ ᠪᠠᠷ ᠰᠢᠳᠭᠡᠨ᠎ᠡ᠃ | ︵ᠳᠤᠯᠤᠭ᠎ᠠ︶ ᠬᠤᠳᠠ ᠶᠢᠨ ᠲᠧᠯᠧᠢᠰ ᠬᠤᠷᠢᠶ᠎ᠠ ᠦᠷᠬᠡᠨ ᠤᠯᠠᠨ ᠬᠤᠳᠠ ᠶᠢᠨ ᠠᠷᠠᠳ ᠲᠤ ᠬᠤᠳᠠ ᠶᠢᠨ | ᠦᠵᠡᠮᠵᠢ ᠶᠢᠨ ᠤᠷᠴᠢᠨ ᠳᠤᠭᠤᠷᠢᠨ ᠢ ᠬᠠᠮᠠᠭᠠᠯᠠᠬᠤ ᠤᠬᠠᠭᠤᠯᠭ᠎ᠠ ᠬᠢᠵᠤ ᠵᠢᠯᠤᠭᠤᠳᠴᠤ᠂ ᠤᠬᠠᠭᠤᠯᠭ᠎ᠠ ᠶᠢᠨ | ᠪᠠᠬᠢᠯᠡᠯᠳᠡ ᠶᠢᠨ ᠰᠠᠭᠤᠷᠢᠨ ᠭᠠᠵᠠᠷ ᠢ ᠨᠡᠬᠡᠬᠡᠵᠤ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠵᠤ᠂ | ᠳᠠᠷᠢᠬᠦᠨ ᠤ ᠨᠡᠶᠢᠳᠡᠯᠢᠭ ᠵᠢᠱᠢᠶ᠎ᠠ ᠶᠢ ᠤᠬᠠᠭᠤᠯᠬᠤ ᠶᠢ ᠬᠠᠷᠢᠭᠤᠴᠠᠨ᠎ᠠ᠃ | ᠳᠤᠯᠤᠳᠤᠭᠠᠷ ᠵᠦᠢᠯ ᠬᠤᠳᠠ ᠶᠢᠨ ᠬᠠᠷᠢᠶ᠎ᠠ ᠶᠢᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢᠬᠡᠴᠡ | ᠡᠷᠬᠡᠪᠰᠢ ᠬᠤᠳᠠ ᠶᠢᠨ ᠬᠠᠮᠢᠶᠠᠷᠤᠯᠳᠠ ᠶᠢᠨ ᠪᠠᠳᠤᠯᠠᠪᠤᠷᠢ ᠶᠢ ᠳᠠᠭᠠᠭᠴᠢᠯᠠᠬᠤ ᠡᠬᠦᠷᠬᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠬᠡᠷᠡᠭᠵᠢᠬᠦᠯᠵᠤ᠂ ᠪᠠᠳᠤᠯᠠᠪᠤᠷᠢ ᠪᠠᠨ ᠳᠠᠭᠠᠭᠠᠴᠢᠯᠠᠭᠰᠠᠨ ᠵᠠᠮ ᠬᠡᠰᠡᠭ ᠤᠨ ᠬᠤᠳᠠ ᠶᠢᠨ ᠦᠵᠡᠮᠵᠢ ᠶᠢᠨ | ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠴᠠᠭᠳᠠᠨ ᠪᠠᠶᠢᠴᠠᠭᠠᠬᠤ ᠬᠠᠮᠢᠶᠠᠷᠤᠯᠳᠠ ᠪᠠᠨ ᠴᠢᠩᠭᠠᠳᠬᠠᠵᠤ᠂ ᠬᠡᠷ | ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠰᠠᠨᠠᠭᠠᠴᠢᠯᠠᠭ᠎ᠠ ᠠᠴᠠ ᠪᠠᠨ ᠵᠤᠭᠰᠤᠭᠠᠬᠤ ᠪᠠ | ᠴᠡᠪᠡᠷᠯᠡᠨ᠎ᠠ᠃ | ᠬᠤᠳᠠ ᠶᠢᠨ ᠳᠤᠭᠤᠷᠢᠭ ᠤᠨ ᠵᠡᠬᠡᠯᠢ ᠶᠢ ᠳᠠᠭᠠᠵᠤ ᠪᠠᠶᠢᠭ᠎ᠠ ᠨᠢᠬᠡᠴᠡ ᠪᠤᠯᠤᠨ ᠬᠤᠪᠢ ᠶᠢᠨ ᠬᠤᠳᠠᠯᠳᠤᠭᠠᠨ ᠤ | ᠡᠷᠤᠬᠡ ᠡᠷᠬᠡᠪᠰᠢ ᠬᠤᠳᠠ ᠶᠢᠨ ᠦᠵᠡᠮᠵᠢ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠳᠤᠭᠤᠷᠢᠭ ᠤᠨ ᠡᠬᠦᠷᠬᠡ | ᠬᠠᠷᠢᠭᠤᠴᠠᠯᠭ᠎ᠠ ᠪᠠᠨ ᠡᠷᠡᠰ ᠬᠡᠷᠡᠭᠵᠢᠬᠦᠯᠵᠤ᠂ ᠦᠪᠡᠷ ᠦᠪᠡᠷ ᠤᠨ ᠢᠶᠠᠨ ᠨᠢᠬᠡᠴᠡ᠂ ᠡᠬᠦᠳᠡᠨ ᠡᠮᠤᠨᠡᠬᠢ ᠶᠢᠨ ᠬᠡᠷ | ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠳᠡᠷᠡ ᠳᠠᠷᠤᠢ ᠳᠤᠨᠢ ᠴᠡᠪᠡᠷᠯᠡᠬᠦ ᠬᠡᠷᠡᠭᠳᠡᠢ᠃ | ᠬᠤᠳᠠ ᠶᠢᠨ ᠳᠤᠭᠤᠷᠢᠭ ᠤᠨ ᠡᠯ᠎ᠡ ᠨᠡᠶᠢᠬᠡᠮ ᠳᠤᠭᠤᠷᠢᠭ᠂ ᠠᠳᠠᠯ ᠠᠬᠤᠢ ᠶᠢᠨ ᠺᠤᠮᠫᠠᠨᠢ ᠡᠷᠬᠡᠪᠰᠢ ᠤᠯᠠᠨ | ᠳᠦᠮᠡᠨ ᠢ ᠦᠷᠬᠡᠨ ᠢᠶᠠᠷ ᠳᠠᠶᠢᠴᠢᠯᠠᠨ᠂ ︽ᠤᠷᠤᠴᠠ ᠪᠠᠨ ᠴᠡᠪᠡᠷᠯᠡᠵᠤ᠂ ᠠᠰᠠᠷ ᠤᠨ ᠬᠤᠩᠬᠢᠯ ᠢ ᠴᠡᠪᠡᠷᠯᠡᠬᠦ︾ | ᠠᠵᠢᠯᠯᠠᠭ᠎ᠠ ᠶᠢ ᠢᠳᠡᠪᠬᠢᠳᠡᠢ ᠦᠷᠨᠢᠬᠦᠯᠵᠤ᠂ ᠵᠢᠵᠢᠭ ᠳᠤᠭᠤᠷᠢᠭ ᠤᠨ ᠳᠤᠳᠤᠷ᠎ᠠ ᠪᠠ ᠪᠤᠶᠢᠳᠠ ᠪᠦᠭᠯᠡᠬᠦᠤ ᠭᠠᠵᠠᠷ ᠤᠨ | ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠢᠳᠡᠪᠬᠢᠳᠡᠢ ᠪᠠᠷ ᠵᠤᠭᠰᠤᠭᠠᠬᠤ ᠪᠠ ᠠᠷᠢᠯᠭᠠᠬᠤ | ᠬᠡᠷᠡᠭᠳᠡᠢ᠃ | ᠨᠠᠢᠮᠠᠳᠤᠭᠠᠷ ᠵᠦᠢᠯ ᠡᠯ᠎ᠡ ᠨᠡᠶᠢᠬᠡᠮ ᠳᠤᠭᠤᠷᠢᠭ ᠤᠯᠠᠨ ᠲᠦᠮᠡᠨ ᠲᠤ ᠳᠦᠬᠦᠮ ᠪᠤᠯᠭᠠᠬᠤ᠂ ᠠᠷᠠᠳ ᠲᠤ | ᠠᠰᠢᠭᠳᠠᠢ ᠪᠠᠶᠢᠬᠤ ᠪᠠᠷ ᠵᠤᠷᠢᠯᠳᠠ ᠪᠠᠨ ᠪᠤᠯᠭᠠᠵᠤ᠂ ᠰᠠᠭᠤᠭᠠᠯᠢ ᠠᠷᠠᠳ ᠤᠨ ᠵᠢᠵᠢᠭ ᠳᠤᠭᠤᠷᠢᠭ ᠤᠨ ᠳᠤᠳᠤᠷ᠎ᠠ | ᠳᠤᠬᠢᠷᠠᠮᠵᠢᠳᠠᠢ ᠭᠤᠶᠤ ᠦᠵᠡᠮᠵᠢ ᠲᠠᠢ᠂ ᠳᠦᠷᠢᠮᠵᠢᠭᠰᠡᠨ ᠤᠯᠠᠨ ᠳᠦᠮᠡᠨ ᠲᠤ ᠳᠦᠬᠦᠮ ᠪᠤᠯᠭᠠᠬᠤ ᠠᠯᠪᠠᠨ ᠵᠠᠷ ᠤᠨ | ᠪᠤᠯᠤᠩ ᠢ ᠳᠦᠯᠦᠪᠵᠢᠬᠦᠯᠦᠨ ᠳᠤᠬᠢᠷᠠᠭᠤᠯᠵᠤ᠂ ᠤᠨᠢᠰᠤ ᠨᠡᠬᠡᠬᠡᠬᠦ᠂ ᠬᠡᠷ ᠤᠨ ᠶᠠᠪᠤᠳᠠᠯ᠂ ᠬᠡᠷ ᠤᠨ ᠬᠦᠮᠦᠵᠢᠯ᠂ ᠬᠡᠷ | ᠳᠦᠷᠢᠶᠡᠰᠣᠯᠡᠬᠦ ᠪᠠ ᠬᠤᠳᠠᠯᠳᠤᠬᠤ᠂ ᠠᠵᠢᠯᠴᠢᠨ ᠡᠯᠰᠡᠬᠦ᠂ ᠴᠢᠮᠡᠭᠯᠡᠨ ᠵᠠᠰᠠᠬᠤ ᠵᠡᠷᠬᠡ ᠶᠢᠨ ᠤᠯᠠᠨ ᠳᠦᠮᠡᠨ ᠲᠤ | ᠳᠦᠬᠦᠮ ᠪᠤᠯᠭᠠᠬᠤ ᠨᠠᠭᠠᠯᠳᠠ ᠵᠠᠷ ᠢ ᠵᠤᠬᠢᠶᠠᠬᠤ ᠪᠠ ᠨᠡᠶᠢᠳᠡᠯᠡᠬᠦ ᠶᠢ ᠢᠳᠡᠪᠬᠢᠳᠡᠢ ᠳᠦᠷᠢᠮᠵᠢᠬᠦᠯᠬᠦ ᠬᠡᠷᠡᠭᠳᠡᠢ᠃ | ᠶᠢᠰᠤᠳᠤᠬᠡᠷ ᠵᠦᠢᠯ ᠤᠯᠡᠨ ᠲᠦᠮᠡᠨ ᠳᠤ ᠳᠦᠬᠦᠮ ᠪᠤᠯᠭᠠᠬᠤ ᠵᠠᠷ ᠤᠨ ᠤᠬᠠᠭᠤᠯᠭ᠎ᠠ ᠶᠢᠨ ᠵᠠᠭᠤᠴᠢ ᠶᠢ | ᠶᠡᠭᠡ ᠪᠠᠷ ᠪᠠᠶᠢᠭᠤᠯᠬᠤ ᠪᠠ ᠪᠠᠶᠠᠯᠢᠭᠵᠢᠭᠤᠯᠵᠤ᠂ ᠰᠤᠨᠢᠨ᠂ ᠲᠧᠯᠧᠢᠰ᠂ ᠳᠤᠤᠷ ᠰᠦᠯᠵᠢᠶ᠎ᠡ ᠵᠡᠷᠬᠡ ᠨᠡᠶᠢᠳᠡᠯᠡᠬᠦ | ᠳᠠᠪᠴᠠᠩ ᠢ ᠦᠷᠬᠡᠳᠬᠡᠵᠣ᠂ 114᠂ 12315᠂ 7925110 ᠵᠡᠷᠬᠡ ᠶᠢᠨ ᠬᠠᠯᠠᠮᠰᠢᠯ ᠤᠳᠠᠰᠤᠨ ᠤ | ᠦᠢᠯᠡᠴᠢᠯᠡᠭᠡ ᠶᠢᠨ ᠴᠢᠳᠠᠪᠬᠢ ᠶᠢ ᠪᠠᠳᠠᠷᠠᠭᠤᠯᠵᠤ᠂ ᠤᠯᠠᠨ ᠳᠦᠮᠡᠨ ᠳᠤ ᠳᠦᠬᠦᠮ ᠪᠤᠯᠭᠠᠬᠤ ᠨᠠᠭᠠᠯᠳᠠ ᠵᠠᠷ ᠢ | ᠤᠬᠠᠭᠤᠯᠬᠤ ᠪᠠ ᠦᠢᠯᠡᠴᠢᠯᠡᠬᠦᠯᠬᠦ ᠶᠢᠨ ᠳᠤᠰᠠᠳᠠ᠂ ᠬᠤᠳᠠ ᠶᠢᠨ ᠳᠣᠭᠤᠷᠢᠭ ᠤᠨ ᠬᠡᠷ ᠤᠨ ᠭᠠᠳᠠᠨᠠᠬᠢ ᠬᠠᠤᠯᠢ | ᠠᠴᠠ ᠵᠦᠷᠢᠴᠡᠭᠰᠡᠨ ᠨᠠᠭᠠᠯᠳᠠ ᠵᠡᠷ ᠤᠨ ᠳᠤᠭ᠎ᠠ ᠬᠡᠮᠵᠢᠶ᠎ᠡ ᠶᠢ ᠪᠠᠭᠠᠰᠬᠠᠬᠤ ᠶᠢ ᠡᠬᠢᠨ ᠠᠴᠠ ᠪᠠᠨ ᠬᠢᠵᠠᠭᠠᠷᠯᠠᠬᠤ | ᠬᠡᠷᠡᠭᠳᠡᠢ᠃ | ᠠᠷᠪᠠᠳᠤᠭᠠᠷ ᠵᠦᠢᠯ ᠢᠯᠡᠴᠢᠯᠡᠬᠦ ᠬᠦᠬᠢᠬᠦᠯᠬᠦ ᠳᠦᠷᠢᠮ ᠢ ᠪᠠᠶᠢᠭᠤᠯᠵᠤ᠂ ᠶᠠᠭ ᠰᠠᠶᠢᠬᠠᠨ ᠬᠡᠷ ᠤᠨ | ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠨᠠᠭᠠᠵᠤ᠂ ᠳᠦᠷᠬᠢᠵᠤ ᠲᠠᠷᠬᠠᠭᠠᠵᠤ ᠪᠠᠶᠢᠭ᠎ᠠ ᠬᠦᠮᠦᠨ ᠢ | ᠳᠡᠷᠡ ᠳᠠᠷᠤᠢ ᠳᠤᠨᠢ ᠢᠯᠡᠴᠢᠯᠡᠭᠰᠡᠨ ᠬᠦᠮᠦᠨ ᠳᠤ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ | ᠬᠡᠷᠡᠭᠵᠢᠬᠦᠯᠬᠦ ᠳᠤᠪᠴᠢᠶ᠎ᠠ ᠠᠴᠠ 50 ᠳᠦᠬᠦᠷᠢᠭ ᠠᠴᠠ ᠳᠡᠬᠡᠭᠰᠢ 100 ᠳᠦᠬᠦᠷᠢᠭ ᠠᠴᠠ ᠳᠤᠷᠤᠭᠰᠢᠬᠢ ᠪᠠᠷ | ᠬᠦᠬᠢᠬᠦᠯᠤᠨ ᠱᠠᠩᠨᠠᠨ᠎ᠠ᠃ ᠢᠯᠡᠴᠢᠯᠡᠬᠦ ᠬᠦᠮᠦᠨ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ | ᠨᠠᠭᠠᠵᠤ ᠪᠠ ᠳᠦᠷᠬᠢᠵᠤ ᠳᠠᠷᠬᠠᠭᠠᠵᠤ ᠪᠠᠶᠢᠭ᠎ᠠ ᠬᠦᠮᠦᠨ ᠢ ᠮᠡᠳᠡᠪᠡᠯ ᠡᠷᠬᠡᠪᠰᠢ ᠳᠤᠬᠢᠷᠠᠮᠵᠢᠳᠠᠢ ᠠᠷᠭ᠎ᠠ ᠪᠠᠷ ᠬᠠᠤᠯᠢ | ᠠᠴᠠ ᠵᠦᠷᠢᠴᠡᠭᠰᠡᠨ ᠬᠦᠮᠦᠨ ᠢ ᠤᠳᠠᠰᠢᠷᠠᠭᠤᠯᠬᠤ ᠪᠠ ᠬᠤᠷᠢᠭᠯᠠᠬᠤ ᠶᠢᠨ ᠬᠠᠮᠳᠤ ᠬᠤᠳᠠ ᠶᠢᠨ ᠬᠠᠮᠢᠶᠠᠷᠤᠯᠳᠠ ᠶᠢᠨ | ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠳᠤ ᠮᠡᠳᠡᠬᠦᠯᠵᠤ᠂ ᠬᠤᠳᠠ ᠶᠢᠨ ᠬᠠᠮᠢᠶᠠᠷᠤᠯᠳᠠ ᠶᠢᠨ | ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠶᠢᠨ ᠬᠠᠤᠯᠢ ᠬᠡᠷᠡᠭᠵᠢᠬᠦᠯᠦᠭᠴᠢ ᠡᠷᠬᠡᠪᠰᠢ ᠳᠡᠷᠡ ᠳᠠᠷᠤᠢ | ᠳᠤᠨᠢ ᠳᠤᠬᠠᠢ ᠶᠢᠨ ᠳᠠᠯᠠᠪᠠᠢ ᠳᠤᠨᠢ ᠬᠦᠷᠴᠤ᠂ ᠬᠠᠤᠯᠢ ᠶᠤᠰᠤᠭᠠᠷ ᠪᠠᠶᠢᠴᠠᠭᠠᠨ ᠰᠢᠳᠬᠡᠬᠦ ᠬᠡᠷᠡᠭᠳᠡᠢ᠃ | ᠠᠷᠪᠠᠨ ᠨᠢᠬᠡᠳᠤᠬᠡᠷ ᠵᠦᠢᠯ ᠵᠠᠬᠠᠴᠢᠯᠠᠨ ᠵᠠᠰᠠᠬᠤ ᠠᠷᠭ᠎ᠠ ᠶᠢ ᠢᠳᠡᠪᠬᠢᠳᠡᠢ ᠡᠷᠢᠯᠬᠢᠯᠡᠵᠤ᠂ ᠬᠤᠳᠠ ᠶᠢᠨ | ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠠᠴᠠ ᠬᠤᠳᠠ ᠶᠢᠨ ᠳᠤᠭᠤᠷᠢᠭ ᠤᠨ | ᠭᠤᠤᠯ ᠳᠡᠳ᠋ ᠵᠠᠮ ᠤᠨ ᠬᠤᠪᠢᠶᠠᠷᠢᠯᠠᠯᠳᠠ ᠶᠢᠨ ᠳᠡᠮᠳᠡᠭ ᠳᠠᠯᠪᠢᠵᠤ᠂ ᠳᠤᠰᠬᠠᠢ ᠠᠷᠢᠭᠤᠳᠬᠠᠯ ᠤᠨ ᠺᠤᠮᠫᠠᠨᠢ ᠳᠤ | ᠳᠠᠭᠠᠭᠠᠴᠢᠯᠠᠯᠳᠠ ᠵᠠᠷᠯᠠᠬᠤ ᠪᠠ ᠳᠤᠭᠳᠠᠭᠠᠵᠤ᠂ ᠳᠠᠭᠠᠭᠠᠴᠢᠠᠯᠯᠳᠠ ᠤᠯᠤᠭᠰᠠᠨ ᠪᠠ ᠳᠤᠭᠳᠠᠭᠠᠭᠰᠠᠨ ᠠᠷᠢᠭᠤᠳᠬᠠᠯ | ᠤᠨ ᠺᠤᠮᠫᠠᠨᠢ ᠠᠴᠠ ᠳᠠᠭᠠᠭᠠᠴᠢᠯᠠᠨ ᠠᠪᠤᠭᠰᠠᠨ ᠬᠤᠳᠠ ᠶᠢᠨ ᠳᠤᠭᠤᠷᠢᠭ ᠤᠨ ᠬᠡᠷ ᠤᠨ ᠭᠠᠳᠠᠨᠠᠬᠢ ᠬᠠᠤᠯᠢ ᠠᠴᠠ | ᠵᠦᠷᠢᠴᠡᠭᠰᠡᠨ ᠨᠠᠭᠠᠯᠳᠠ ᠵᠡᠷ ᠤᠨ ᠴᠡᠪᠡᠷᠯᠡᠨ ᠠᠷᠢᠯᠭᠠᠬᠤ ᠠᠷᠢᠭᠤᠨ ᠴᠡᠪᠡᠷ ᠤᠨ ᠠᠵᠢᠯ ᠢ ᠬᠠᠷᠢᠭᠤᠴᠠᠬᠤ ᠬᠡᠷᠡᠭᠳᠡᠢ᠃ | ᠠᠷᠪᠠᠨ ᠬᠤᠶᠠᠳᠤᠭᠠᠷ ᠵᠦᠢᠯ ᠬᠤᠳᠠ ᠶᠢᠨ ᠳᠤᠭᠤᠷᠢᠭ ᠤᠨ ᠪᠤᠶᠢᠳᠠᠨ ᠪᠦᠭᠯᠡᠬᠦᠤ ᠭᠠᠵᠠᠷ ᠪᠤᠯᠤᠨ ᠨᠡᠶᠢᠬᠡᠮ | ᠳᠤᠭᠤᠷᠢᠭ ᠤᠨ ᠳᠤᠳᠤᠷᠠᠬᠢ ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠴᠡᠪᠡᠷᠯᠡᠨ | ᠠᠷᠢᠯᠭᠠᠬᠤ ᠳᠠᠭᠠᠨ ᠱᠠᠩᠨᠠᠬᠤ ᠪᠠᠷ ᠨᠦᠬᠦᠪᠤᠷᠢ ᠪᠤᠯᠭᠠᠵᠤ᠂ ᠰᠤᠮᠤ᠂ ᠡᠯ᠎ᠡ ᠵᠡᠬᠡᠯᠢ ᠭᠤᠳᠤᠮᠵᠢ᠂ ᠤᠷᠤᠨ ᠰᠠᠭᠤᠴᠠ | ᠪᠠ ᠬᠤᠳᠠ ᠬᠦᠳᠡᠭᠡ ᠶᠢᠨ ᠪᠠᠶᠢᠭᠤᠯᠤᠯᠳᠠ ᠶᠢᠨ ᠳᠤᠪᠴᠢᠶ᠎ᠠ ᠠᠴᠠ ᠵᠤᠬᠢᠬᠤ ᠬᠡᠮᠵᠢᠶᠡᠨ ᠤ ᠵᠠᠷᠤᠳᠠᠯ ᠪᠠᠶᠢᠭᠤᠯᠵᠤ᠂ | ᠬᠤᠳᠠ ᠶᠢᠨ ᠳᠤᠭᠤᠷᠢᠭ ᠤᠨ ᠡᠯ᠎ᠡ ᠨᠡᠶᠢᠬᠡᠮ ᠳᠤᠭᠤᠷᠢᠭ᠂ ᠠᠳᠠᠯ ᠠᠬᠤᠢ ᠶᠢᠨ ᠺᠤᠮᠫᠠᠨᠢ ᠶᠢᠨ ᠬᠡᠷ ᠤᠨ ᠭᠠᠳᠠᠨᠠᠬᠢ | ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠠᠷᠢᠯᠭᠠᠨ ᠴᠡᠪᠡᠷᠯᠡᠬᠦ ᠬᠢᠨᠠᠨ ᠰᠢᠯᠭᠠᠬᠤ ᠱᠠᠩᠨᠠᠵᠤ ᠳᠤᠷᠭᠠᠬᠤ ᠳᠤ | ᠬᠡᠷᠡᠭᠯᠡᠨ᠎ᠡ᠃ | ᠠᠷᠪᠠᠨ ᠭᠤᠷᠪᠠᠳᠤᠭᠠᠷ ᠵᠦᠢᠯ ᠬᠤᠳᠠ ᠶᠢᠨ ᠡᠳ᠋ ᠤᠨ ᠵᠠᠰᠠᠭ ᠠᠴᠠ ᠬᠡᠷ ᠤᠨ ᠭᠠᠳᠠᠨᠠᠬᠢ ᠬᠠᠤᠯᠢ ᠠᠴᠠ | ᠵᠦᠷᠢᠴᠡᠭᠰᠡᠨ ᠨᠠᠭᠠᠯᠳᠠ ᠵᠡᠷ ᠢ ᠪᠠᠶᠢᠴᠠᠭᠠᠨ ᠭᠠᠷᠭᠠᠵᠤ ᠳᠣᠷᠭᠠᠭᠤᠯᠢ ᠶᠢᠨ ᠮᠦᠩᠬᠦ ᠪᠠᠨ ᠬᠤᠳᠠ ᠶᠢᠨ ᠳᠤᠭᠤᠷᠢᠭ ᠤᠨ | ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠢ ᠵᠠᠰᠠᠬᠤ ᠪᠠ ᠱᠠᠩᠨᠠᠬᠤ ᠳᠤ ᠬᠡᠷᠡᠭᠯᠡᠵᠤ᠂ | ᠬᠦᠷᠦᠯᠴᠡᠬᠦ ᠦᠬᠡᠢ ᠬᠡᠰᠡᠭ ᠢ ᠨᠢ ᠬᠤᠳᠠ ᠶᠢᠨ ᠡᠳ᠋ ᠤᠨ ᠵᠠᠰᠠᠭ ᠠᠴᠠ ᠰᠢᠢᠳᠪᠤᠷᠢᠯᠡᠨ ᠦᠭᠬᠦ ᠬᠡᠷᠡᠭᠳᠡᠢ᠃ | ᠠᠷᠪᠠᠨ ᠳᠦᠷᠪᠡᠳᠤᠬᠡᠷ ᠵᠦᠢᠯ ᠬᠤᠳᠠ ᠶᠢᠨ ᠳᠤᠭᠠᠴᠢᠯᠠᠯᠳᠠ ᠶᠢᠨ ᠬᠠᠮᠢᠶᠠᠷᠤᠯᠳᠠ ᠶᠢᠨ ᠴᠢᠳᠠᠮᠵᠢ ᠶᠢ ᠶᠡᠭᠡ | ᠪᠠᠷ ᠪᠠᠳᠠᠷᠠᠭᠤᠯᠵᠤ᠂ ᠬᠤᠳᠠ ᠶᠢᠨ ᠬᠠᠮᠢᠶᠠᠷᠤᠯᠳᠠ ᠶᠢᠨ ᠳᠤᠭᠠᠴᠢᠯᠠᠯᠳᠠ ᠶᠢᠨ ᠳᠦᠪ ᠪᠤᠯᠤᠨ ᠳᠤᠳᠤᠭᠠᠳᠤ ᠶᠢ | ᠬᠠᠮᠠᠭᠠᠯᠠᠬᠤ 110 ᠵᠠᠮ ᠤᠨ ᠬᠠᠷᠠᠭᠠᠨ ᠳᠠᠪᠳᠠᠮᠵᠢ ᠶᠢᠨ ᠬᠢᠨᠠᠨ ᠡᠵᠡᠮᠰᠢᠬᠦ ᠳᠠᠪᠴᠠᠩ ᠢ ᠬᠦᠢᠴᠡᠳ ᠠᠰᠢᠭᠯᠠᠵᠤ᠂ | ᠬᠡᠷ ᠤᠨ ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠡᠷ ᠤᠨ ᠴᠢᠮᠡᠭᠡ ᠵᠠᠩᠬᠢ᠂ ᠬᠠᠷᠢᠭᠤ ᠳᠤᠰᠬᠠᠯ᠂ ᠬᠡᠷᠡᠴᠢ | ᠪᠠᠷᠢᠮᠳᠠ ᠶᠢᠨ ᠳᠤᠭᠳᠠᠮᠠᠯ ᠠᠵᠢᠯ ᠳᠤ ᠳᠡᠷᠡ ᠳᠠᠷᠤᠢ ᠳᠤᠨᠢ ᠪᠠᠶᠢᠴᠠᠭᠠᠯᠳᠠ ᠬᠢᠬᠦ ᠬᠡᠷᠡᠭᠳᠡᠢ᠃ | ᠠᠷᠪᠠᠨ ᠳᠠᠪᠤᠳᠤᠭᠠᠷ ᠵᠦᠢᠯ ᠬᠠᠤᠯᠢ ᠪᠤᠰᠤ ᠪᠠᠷ ᠨᠠᠭᠠᠭᠰᠠᠨ ᠪᠠ ᠳᠦᠷᠬᠢᠵᠤ ᠳᠠᠷᠬᠠᠭᠠᠭᠰᠠᠨ ᠬᠡᠷ ᠤᠨ | ᠭᠠᠳᠠᠨᠠᠬᠢ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠤᠨ ︽ᠳᠦᠩᠯᠢᠶᠤᠤ ᠬᠤᠳᠠ ᠶᠢᠨ ᠬᠤᠳᠠ ᠶᠢᠨ ᠦᠵᠡᠮᠵᠢ | ᠳᠦᠷᠰᠤ ᠪᠤᠯᠤᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠳᠦᠷᠢᠮ︾ ᠤᠨ | ᠲᠠᠪᠢᠳᠣᠭᠠᠷ ᠵᠤᠷᠪᠤᠰ ᠤᠨ ᠳᠣᠯᠣᠳᠣᠭᠠᠷ ᠵᠦᠢᠯ᠂ ᠳᠠᠪᠢᠨ ᠨᠢᠭᠡᠳᠦᠭᠡᠷ ᠵᠤᠷᠪᠤᠰ ᠤᠨ ᠶᠢᠰᠦᠳᠦᠭᠡᠷ ᠵᠦᠢᠯ ᠤᠨ | ᠳᠤᠭᠳᠠᠭᠠᠯ ᠢ ᠦᠨᠳᠤᠰᠤᠯᠠᠨ ᠬᠠᠤᠯᠢ ᠶᠢ ᠵᠦᠷᠢᠴᠡᠭᠰᠡᠨ ᠬᠦᠨᠳᠤ ᠬᠦᠩᠬᠡᠨ ᠶᠢ ᠨᠢ ᠦᠵᠡᠵᠤ᠂ ᠬᠤᠳᠠ ᠶᠢᠨ | ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠠᠴᠠ ᠵᠦᠷᠢᠴᠡᠭᠰᠡᠨ ᠳᠤᠬᠠᠢ ᠶᠢᠨ ᠬᠦᠮᠦᠨ | ᠢ ᠬᠠᠤᠯᠢ ᠶᠤᠰᠤᠭᠠᠷ ᠪᠠᠷ ᠳᠤᠷᠭᠠᠭᠤᠬᠤ ᠶᠢᠨ ᠬᠠᠮᠳᠤ ᠳᠤᠬᠠᠢ ᠶᠢᠨ ᠬᠦᠮᠦᠨ ᠢᠶᠠᠷ ᠳᠤᠭᠳᠠᠭᠰᠠᠨ ᠬᠤᠭᠤᠴᠠᠭᠠᠨ ᠤ | ᠳᠤᠳᠤᠷ᠎ᠠ ᠠᠷᠢᠯᠭᠠᠨ ᠴᠡᠪᠡᠷᠯᠡᠬᠦᠯᠬᠦ ᠬᠡᠷᠡᠭᠳᠡᠢ᠃ ᠬᠡᠷᠪᠡ ᠳᠤᠭᠳᠠᠭᠰᠠᠨ ᠬᠤᠭᠤᠴᠠᠭᠠᠨ ᠳᠤ ᠠᠷᠢᠯᠭᠠᠨ ᠴᠡᠪᠡᠷᠯᠡᠭᠰᠡᠨ | ᠦᠬᠡᠢ ᠪᠠᠶᠢᠪᠠᠯ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠠᠴᠠ | ᠠᠷᠢᠭᠤᠳᠬᠠᠯ ᠤᠨ ᠺᠤᠮᠫᠠᠨᠢ ᠶᠢ ᠳᠤᠬᠢᠷᠠᠭᠤᠯᠤᠨ ᠠᠷᠢᠯᠭᠠᠨ ᠴᠡᠪᠡᠷᠯᠡᠬᠦᠯᠵᠣ᠂ ᠬᠡᠷᠡᠭᠰᠡᠬᠦ ᠵᠠᠷᠤᠳᠠᠯ ᠢ ᠬᠠᠤᠯᠢ | ᠵᠦᠷᠢᠴᠡᠭᠰᠡᠨ ᠬᠦᠮᠦᠨ ᠡᠬᠦᠷᠬᠡᠯᠡᠬᠦ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠪᠦᠬᠦ ᠬᠤᠳᠠ ᠶᠢᠨ ᠡᠯ᠎ᠡ ᠰᠠᠯᠠᠭ᠎ᠠ ᠮᠦᠴᠢᠷ ᠨᠢᠬᠡᠴᠡ ᠵᠢᠴᠢ ᠬᠤᠪᠢ ᠬᠦᠮᠦᠨ | ᠤ ᠢᠯᠡᠴᠢᠯᠡᠭᠰᠡᠨ ᠪᠠ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠠᠴᠠ | ᠴᠠᠭᠳᠠᠨ ᠪᠠᠶᠢᠴᠠᠭᠠᠵᠤ ᠢᠯᠡᠷᠡᠬᠦᠯᠦᠬᠡᠳ ᠳᠤᠬᠠᠢ ᠶᠢᠨ ᠴᠠᠭ ᠲᠤᠨᠢ ᠪᠠᠶᠢᠴᠠᠭᠠᠨ ᠰᠢᠳᠭᠡᠭᠰᠡᠨ ᠦᠬᠡᠢ ᠪᠤᠯ ᠬᠤᠳᠠ | ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠶᠢ ᠬᠡᠷᠡᠭᠵᠢᠬᠦᠯᠬᠦ ᠳᠤᠪᠴᠢᠶ᠎ᠠ ᠶᠢᠨ ᠬᠠᠤᠯᠢ ᠬᠡᠷᠡᠭᠵᠢᠬᠦᠯᠦᠭᠴᠢ | ᠠᠴᠠ ᠵᠢᠷᠤᠭ ᠳᠠᠳᠠᠨ ᠬᠡᠷᠡᠴᠢ ᠠᠪᠴᠤ᠂ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠤᠨ ᠬᠠᠷᠢᠯᠴᠠᠬᠤ ᠤᠳᠠᠰᠤ ᠶᠢ | ᠳᠡᠮᠳᠡᠭᠯᠡᠵᠤ᠂ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠠᠴᠠ ᠬᠢᠨᠠᠨ | ᠪᠠᠶᠢᠴᠠᠭᠠᠵᠤ ᠬᠠᠷᠠᠭᠤᠭᠤᠯᠣᠭᠰᠠᠨ ᠤ ᠰᠡᠬᠦᠯᠡᠷ ᠪᠢᠴᠢᠭ ᠤᠨ ᠬᠡᠯᠪᠡᠷᠢ ᠪᠠᠷ ᠴᠠᠬᠢᠯᠭᠠᠨ ᠬᠤᠯᠪᠤᠭ᠎ᠠ᠂ ᠰᠢᠯᠵᠢᠮᠡᠯ | ᠬᠤᠯᠪᠤᠭ᠎ᠠ᠂ ᠬᠠᠮᠳᠤᠷᠠᠯ ᠬᠤᠯᠪᠤᠭ᠎ᠠ ᠵᠡᠷᠬᠡ ᠶᠢᠨ ᠴᠢᠮᠡᠭᠡ ᠨᠡᠪᠳᠡᠷᠡᠯᠬᠡ ᠶᠢᠨ ᠰᠠᠯᠠᠭ᠎ᠠ ᠮᠦᠢᠴᠷ ᠲᠤ ᠴᠢᠮᠡᠭᠡ | ᠨᠡᠪᠳᠡᠷᠡᠯᠬᠡ ᠶᠢᠨ ᠦᠢᠯᠡᠴᠢᠯᠡᠭᠡ ᠶᠢ ᠳᠦᠷ ᠵᠤᠭᠰᠤᠭᠠᠬᠤ ᠪᠠᠷ ᠮᠡᠳᠡᠭᠳᠡᠬᠦ ᠬᠡᠷᠡᠭᠳᠡᠢ᠃ ᠴᠢᠮᠡᠭᠡ ᠨᠡᠪᠳᠡᠷᠡᠯᠬᠡ ᠶᠢᠨ | ᠰᠠᠯᠠᠭ᠎ᠠ ᠮᠦᠴᠢᠷ ᠡᠷᠬᠡᠪᠰᠢ ᠴᠢᠮᠡᠭᠡ ᠨᠡᠪᠳᠡᠷᠡᠯᠬᠡ ᠶᠢᠨ ᠪᠠᠭᠠᠵᠢ ᠪᠠᠷ ᠬᠡᠷ ᠤᠨ ᠭᠠᠳᠠᠨᠠᠬᠢ ᠶᠢᠨ ᠬᠠᠤᠯᠢ ᠠᠴᠠ | ᠵᠦᠷᠢᠴᠡᠭᠰᠡᠨ ᠨᠠᠭᠠᠯᠳᠠ ᠵᠠᠷ ᠤᠨ ᠦᠢᠯᠡᠴᠢᠯᠡᠭᠡ ᠪᠠᠷ ᠴᠢᠮᠡᠭᠡ ᠨᠡᠪᠳᠡᠷᠡᠯᠬᠡ ᠶᠢᠨ ᠦᠢᠯᠡᠴᠢᠯᠡᠭᠡ ᠶᠢ ᠵᠤᠭᠰᠤᠭᠠᠬᠤ | ᠶᠠᠪᠤᠳᠠᠯ ᠢ ᠴᠢᠮᠡᠭᠡ ᠨᠡᠪᠳᠡᠷᠡᠯᠬᠡ ᠶᠢᠨ ᠦᠢᠯᠡᠴᠢᠯᠡᠬᠡᠨ ᠤ ᠬᠡᠷ᠎ᠡ ᠳᠤ ᠤᠷᠤᠭᠤᠯᠬᠤ ᠬᠡᠷᠡᠭᠳᠡᠢ︔ ᠬᠠᠤᠯᠢ ᠬᠡᠷᠡᠭᠵᠢᠬᠦᠯᠬᠦ | ᠰᠠᠯᠠᠭ᠎ᠠ ᠮᠦᠴᠢᠷ ᠤᠨ ᠳᠤᠷᠭᠠᠭᠤᠯᠢ ᠶᠢ ᠤᠯᠤᠭᠰᠠᠨ ᠮᠦᠷᠳᠡᠭᠡᠨ ᠨᠠᠭᠠᠭᠰᠠᠨ ᠪᠠ ᠳᠦᠷᠬᠢᠵᠤ ᠳᠠᠷᠬᠠᠭᠠᠭᠰᠠᠨ ᠬᠤᠳᠠ | ᠶᠢᠨ ᠬᠠᠤᠯᠢ ᠠᠴᠠ ᠵᠦᠷᠢᠴᠡᠭᠰᠡᠨ ᠨᠠᠭᠠᠯᠳᠠ ᠵᠠᠷ ᠢ ᠠᠷᠢᠯᠭᠠᠨ ᠴᠡᠪᠡᠷᠯᠡᠭᠰᠡᠨ ᠤ ᠰᠡᠬᠦᠯᠡᠷ ᠬᠤᠯᠪᠤᠭᠳᠠᠯ ᠪᠦᠬᠦᠢ | ᠳᠤᠬᠠᠢ ᠶᠢᠨ ᠬᠦᠮᠦᠨ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠶᠢᠨ | ᠭᠠᠷᠭᠠᠭᠰᠠᠨ ᠪᠢᠴᠢᠭ ᠤᠨ ᠬᠡᠯᠪᠡᠷᠢ ᠶᠢᠨ ᠮᠡᠳᠡᠭᠳᠡᠯ ᠢᠶᠠᠷ ᠴᠢᠮᠡᠭᠡ ᠨᠡᠪᠳᠡᠷᠡᠯᠬᠡ ᠶᠢᠨ ᠦᠢᠯᠡᠡᠴᠢᠯᠡᠭᠡ ᠪᠠᠨ ᠰᠡᠷᠬᠦᠵᠣ | ᠪᠣᠯᠣᠨ᠎ᠠ᠃ | ᠠᠷᠪᠠᠨ ᠳᠤᠯᠤᠳᠤᠭᠠᠷ ᠵᠦᠢᠯ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠬᠠᠤᠯᠢ ᠬᠡᠷᠡᠭᠵᠢᠬᠦᠯᠦᠭᠴᠢ | ᠡᠷᠬᠡᠪᠰᠢ ᠡᠬᠦᠷᠬᠡ ᠳᠤᠰᠢᠶᠠᠯ ᠢᠶᠠᠨ ᠬᠢᠴᠢᠶᠡᠩᠬᠦᠶᠢᠯᠡᠨ ᠬᠦᠢᠴᠡᠳᠬᠡᠵᠤ᠂ ᠨᠠᠷᠢᠨ ᠬᠢᠨᠠᠮᠠᠭᠠᠢ ᠬᠠᠷᠢᠭᠤᠴᠠᠵᠤ᠂ ᠬᠠᠤᠯᠢ | ᠴᠠᠭᠠᠵᠠ ᠶᠢ ᠳᠦᠪ ᠭᠤᠤᠯᠴᠢ ᠪᠠᠷ ᠬᠡᠷᠡᠭᠵᠢᠬᠦᠯᠬᠦ ᠬᠡᠷᠡᠭᠳᠡᠢ᠃ ᠠᠵᠢᠯ ᠡᠬᠦᠷᠬᠡ ᠪᠠᠨ ᠴᠠᠯᠭᠠᠷᠳᠠᠭᠤᠯᠵᠤ᠂ ᠡᠬᠦᠷᠬᠡ | ᠳᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠤ᠂ ᠬᠤᠪᠢ ᠶᠢᠨ ᠢᠶᠠᠨ ᠳᠦᠯᠦᠭᠡ ᠬᠠᠤᠯᠢ ᠶᠤᠰᠤ ᠶᠢ ᠵᠦᠷᠢᠴᠡᠭᠰᠡᠳ ᠲᠤ | ᠵᠠᠰᠠᠭ ᠵᠠᠬᠢᠷᠭᠠᠨ ᠤ ᠰᠢᠳᠬᠡᠯ ᠦᠭᠬᠦᠨ᠎ᠡ᠃ ᠶᠠᠯ᠎ᠠ ᠳᠤ ᠬᠦᠷᠦᠭᠰᠡᠨ ᠪᠠᠶᠢᠪᠠᠯ ᠡᠷᠡᠬᠦᠤ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠨᠠᠢᠮᠠᠳᠣᠭᠠᠷ ᠵᠦᠢᠯ ᠳᠤᠰ ᠠᠷᠭ᠎ᠠ ᠶᠢ ᠨᠡᠶᠢᠳᠡᠯᠡᠭᠰᠡᠨ ᠡᠳᠤᠷ ᠠᠴᠠ ᠡᠬᠢᠯᠡᠨ ᠬᠡᠷᠡᠭᠵᠢᠬᠦᠯᠦᠨ᠎ᠡ᠃ | | | | | ᠬᠠᠭᠤᠯᠤᠨ ᠬᠦᠷᠬᠡᠬᠦ ᠨᠢ᠄ ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ᠂ ᠬᠤᠳᠠ ᠶᠢᠨ ᠨᠠᠮ ᠤᠨ | ᠬᠤᠷᠢᠶ᠎ᠠ ᠶᠢᠨ ᠡᠯ᠎ᠡ ᠬᠡᠯᠳᠡᠰ ᠵᠦᠪᠯᠡᠯ᠂ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠠᠯᠪᠠᠨ ᠬᠡᠷ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠠᠯᠪᠠᠨ ᠬᠡᠷ᠂ ᠬᠤᠳᠠ ᠶᠢᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠬᠤᠳᠠ ᠶᠢᠨ ᠠᠷᠠᠳ ᠤᠨ ᠵᠡᠪᠰᠡᠭᠳᠤ ᠬᠦᠴᠦᠨ ᠤ ᠬᠡᠯᠳᠡᠰ᠂ | ᠬᠤᠳᠠ ᠶᠢᠨ ᠰᠢᠬᠦᠬᠦ ᠬᠤᠷᠢᠶ᠎ᠠ᠂ ᠬᠤᠳᠠ ᠶᠢᠨ ᠪᠠᠶᠢᠴᠠᠭᠠᠬᠤ ᠬᠤᠷᠢᠶ᠎ᠠ᠂ ᠡᠯ᠎ᠡ ᠠᠷᠠᠳ ᠤᠨ ᠪᠦᠯᠬᠦᠮ᠂ ᠬᠤᠳᠠ ᠳᠤ | ᠰᠠᠭᠤᠭ᠎ᠠ ᠡᠯ᠎ᠡ ᠨᠢᠬᠡᠴᠡ᠃ | | | | ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ | 2018 ᠤᠨ ᠤ 4 ᠰᠠᠷ᠎ᠠ ᠶᠢᠨ 16 ᠤ ᠡᠳᠤᠷ ᠳᠠᠷᠣᠮᠠᠯᠯᠠᠨ ᠳᠠᠷᠬᠠᠭᠠᠪᠠ | | | | | | | | | | | | |