ᠦᠪᠤᠷ ᠮᠤᠩᠭᠤᠯ ᠤᠨ ᠶᠢᠨ ᠯᠢᠶᠠᠨ ᠬᠦᠩᠬᠡᠨᠴᠠᠭᠠᠨ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ ᠬᠦᠩᠬᠡᠨᠴᠠᠭᠠᠨ ᠬᠠᠪᠳᠠᠰᠤᠨ ᠢᠯᠳᠠᠰᠤ ᠶᠢᠨ ᠳᠦᠷᠦᠯ ᠵᠦᠢᠯ ︵ᠬᠤᠶᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2018-07-12
     ᠦᠪᠤᠷ ᠮᠤᠩᠭᠤᠯ ᠤᠨ ᠶᠢᠨ ᠯᠢᠶᠠᠨ ᠬᠦᠩᠬᠡᠨᠴᠠᠭᠠᠨ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ ᠬᠦᠩᠬᠡᠨᠴᠠᠭᠠᠨ ᠬᠠᠪᠳᠠᠰᠤᠨ ᠢᠯᠳᠠᠰᠤ ᠶᠢᠨ ᠳᠦᠷᠦᠯ ᠵᠦᠢᠯ ︵ᠬᠤᠶᠠᠳᠤᠭᠠᠷ ᠬᠤᠭᠤᠴᠠᠭ᠎ᠠ︶ ᠪᠠᠶᠢᠭᠤᠯᠬᠤ ᠬᠡᠳᠡᠭ  ᠨᠢ 4 × 66 ᠳᠦᠮᠡᠨ ᠺᠢᠯᠤᠸᠠᠲ ᠤᠨ ᠮᠠᠰᠢᠨ ᠪᠦᠯᠦᠭ ᠤᠨ ᠵᠢᠯ ᠪᠦᠷᠢ ᠳᠤ 100 ᠳᠦᠮᠡᠨ ᠳᠤᠨ ᠤ ᠬᠦᠩᠬᠡᠨᠴᠠᠭᠠᠨ ᠬᠠᠪᠳᠠᠰᠤᠨ ᠢᠯᠳᠡᠰᠤ ᠦᠢᠯᠡᠳᠬᠦ ᠪᠤᠯᠤᠨ᠎ᠠ᠃ ᠳᠦᠷᠦᠯ ᠵᠦᠢᠯ ᠤᠨ ᠶᠡᠷᠤᠩᠬᠡᠢ ᠪᠡᠯᠡ ᠤᠷᠤᠭᠤᠯᠤᠯᠳᠠ ᠶᠢ 3474213 ᠳᠦᠮᠡᠨ ᠳᠦᠬᠦᠷᠢᠭ ᠢᠶᠠᠷ ᠳᠦᠯᠦᠪᠯᠡᠵᠤ᠂ 2017 ᠤᠨ ᠳᠤ 600000 ᠳᠦᠮᠡᠨ ᠳᠦᠬᠦᠷᠢᠭ ᠤᠨ ᠪᠡᠯᠡ ᠤᠷᠤᠭᠤᠯᠬᠤ ᠪᠠᠷ ᠳᠦᠯᠦᠪᠯᠡᠵᠤ᠂ 2014 ᠤᠨ ᠤ 5 ᠰᠠᠷ᠎ᠠ ᠠᠴᠠ ᠠᠵᠢᠯ ᠢᠶᠠᠨ ᠡᠬᠢᠯᠡᠬᠦᠯᠵᠡᠢ᠃ ᠤᠳᠤᠬᠠᠨ ᠳᠤ ᠨᠢᠬᠡᠨᠳᠡ ᠬᠦᠩᠬᠡᠨᠴᠠᠭᠠᠨ ᠤ ᠦᠢᠯᠡᠳᠪᠤᠷᠢ ᠶᠢᠨ ᠬᠤᠶᠠᠳᠤᠭᠠᠷ ᠬᠤᠭᠤᠴᠠᠭᠠᠨ ᠤ 100 ᠳᠦᠮᠡᠨ ᠳᠤᠨ ᠤ ᠭᠠᠷᠤᠯᠳᠠ 50 ᠳᠦᠮᠡᠨ ᠳᠤᠨ ᠢ ᠪᠡᠶᠡᠯᠡᠬᠦᠯᠵᠤ᠂ ᠴᠠᠬᠢᠯᠭᠠᠨ ᠦᠢᠯᠡᠳᠪᠤᠷᠢ ᠶᠢᠨ 5 #  ᠤᠨ ᠮᠠᠰᠢᠨ ᠪᠦᠯᠦᠭ ᠢ ᠦᠨᠳᠤᠰᠤᠨ ᠳᠡᠭᠡᠨ ᠳᠠᠭᠤᠰᠬᠠᠵᠤ᠂ ᠳᠤᠤᠷ ᠲᠤ ᠨᠡᠶᠢᠯᠡᠬᠦᠯᠬᠦ ᠶᠢ ᠬᠦᠯᠢᠶᠡᠨ 6# ᠮᠠᠰᠢᠨ ᠪᠦᠯᠦᠭ ᠤᠨ ᠳᠦᠬᠦᠬᠡᠷᠤᠮᠵᠢ ᠶᠢ ᠤᠭᠰᠠᠷᠠᠭᠤᠯᠤᠨ ᠪᠦᠳᠦᠬᠡᠭᠳᠡᠬᠦᠨ ᠤ ᠬᠦᠢᠴᠡᠳᠬᠡᠯ ᠳᠤᠭ᠎ᠠ ᠪᠠᠨ ᠶᠠᠭ ᠰᠠᠶᠢᠬᠠᠨ ᠰᠤᠯᠢᠵᠤ ᠪᠠᠶᠢᠨ᠎ᠠ᠃
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号