ᠦᠪᠤᠷ ᠮᠤᠩᠭᠤᠯ ᠤᠨ ᠯᠢ ᠵᠦᠩ ᠬᠤᠤᠯᠢᠩᠭᠤᠤᠯ ᠨᠡᠬᠦᠷᠡᠰᠤᠨ ᠤ ᠳᠡᠷᠬᠡ ᠶᠢᠨ ᠬᠦᠷᠳᠤ ᠦᠢᠯᠡᠳᠬᠦ ᠬᠢᠵᠠᠭᠠᠷᠳᠤ ᠺᠤᠮᠫᠠᠨᠢ
ᠨᠡᠶᠢᠲᠡᠯᠡᠭᠰᠡᠨ ᠴᠠᠭ᠄
2018-07-12
    ᠳᠤᠰ ᠳᠦᠷᠦᠯ ᠵᠦᠢᠯ ᠢ ᠦᠪᠤᠷ ᠮᠤᠩᠭᠤᠯ ᠤᠨ ᠬᠤᠤᠯᠢᠩᠭᠤᠤᠯ ᠨᠡᠬᠦᠷᠡᠰᠤᠨ ᠤ ᠦᠢᠯᠡᠰ ᠤᠨ ᠪᠦᠯᠦᠭᠯᠡᠯ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ᠂ ᠳᠢᠶᠠᠨᠵᠢᠨ ᠤ ᠯᠢ ᠵᠦᠩ ᠳᠡᠷᠬᠡ ᠶᠢᠨ ᠬᠦᠷᠳᠤ ᠶᠢᠨ ᠬᠢᠵᠠᠭᠠᠷᠳᠤ ᠺᠤᠮᠫᠠᠨᠢ᠂ ᠰᠢᠩᠭᠠᠪᠤᠷ ᠤᠨ ᠡᠾᠦ᠋ᠢ ᠵᠢᠩ ᠬᠢᠵᠠᠭᠠᠷᠳᠤ ᠺᠤᠮᠫᠠᠨᠢ ᠬᠠᠮᠳᠤ ᠪᠠᠷ ᠪᠡᠯᠡ ᠤᠷᠤᠭᠤᠯᠤᠨ ᠪᠠᠶᠢᠭᠤᠯᠤᠭᠰᠠᠨ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠬᠦᠯᠦᠨ ᠡᠵᠡᠩᠨᠡᠭᠰᠡᠨ ᠺᠤᠮᠫᠠᠨᠢ ᠪᠤᠯᠤᠨ᠎ᠠ᠃ ᠳᠦᠷᠦᠯ ᠵᠦᠢᠯ ᠤᠨ ᠶᠡᠷᠤᠩᠬᠡᠢ ᠳᠦᠯᠦᠪᠵᠢᠬᠦᠯᠬᠡ ᠪᠤᠯ ᠮᠠᠰᠢᠨ ᠳᠡᠷᠬᠡᠨ ᠤ ᠬᠦᠷᠳᠤ ᠶᠢ ᠵᠢᠯ ᠳᠤ 230 ᠳᠦᠮᠡ ᠬᠢᠨ᠎ᠡ᠃ ᠡᠬᠦᠨ ᠤ ᠳᠤᠳᠤᠷ᠎ᠠ᠄ ᠨᠢᠬᠡᠳᠤᠬᠡᠷ ᠬᠤᠭᠤᠴᠠᠭᠠᠨ ᠳᠤ 180 ᠳᠦᠮᠡ ᠬᠢᠵᠤ᠂ ᠬᠤᠶᠠᠳᠤᠭᠠᠷ ᠬᠤᠭᠤᠴᠠᠭᠠᠨ ᠳᠤ 50 ᠳᠦᠮᠡ ᠬᠢᠨ᠎ᠡ᠂ ᠳᠦᠷᠦᠯ ᠵᠦᠢᠯ ᠤᠨ ᠶᠡᠷᠤᠩᠬᠡᠢ ᠪᠡᠯᠡ ᠤᠷᠤᠭᠤᠯᠤᠯᠳᠠ ᠶᠢ 2.7 ᠳ᠋ᠦᠩᠰᠢᠭᠤᠷ ᠳᠦᠬᠦᠷᠢᠭ ᠢᠶᠠᠷ ᠳᠦᠯᠦᠪᠯᠡᠵᠡᠢ᠃ ᠰᠢᠨ᠎ᠡ ᠪᠠᠷ ᠪᠠᠶᠢᠭᠤᠯᠤᠭᠰᠠᠨ ᠬᠤᠷᠰᠢᠨ ᠡᠵᠡᠩᠨᠡᠭᠰᠡᠨ ᠺᠤᠮᠫᠠᠨᠢ ᠶᠢᠨ ᠳᠠᠩᠰᠠᠯᠠᠭᠰᠠᠨ ᠬᠦᠷᠦᠩᠬᠡ ᠶᠢᠨ ᠶᠡᠷᠤᠩᠬᠡᠢ ᠳᠤᠭ᠎ᠠ12700 ᠳᠦᠮᠡᠨ ᠳᠦᠬᠦᠷᠢᠭ ᠪᠤᠯᠤᠨ᠎ᠠ᠃ ᠳᠤᠰ ᠳᠦᠷᠦᠯ ᠵᠦᠢᠯ ᠢ 2009 ᠤᠨ ᠤ 10 ᠰᠠᠷ᠎ᠠ ᠶᠢᠨ 8  ᠤ ᠡᠳᠤᠷ ᠳᠤᠷᠰᠢᠨ ᠦᠢᠯᠡᠳᠪᠤᠷᠢᠯᠡᠬᠡᠳ ᠠᠮᠵᠢᠯᠳᠠ ᠤᠯᠵᠤ᠂ 10 ᠰᠠᠷ᠎ᠠ ᠶᠢᠨ 29 ᠤ ᠡᠳᠤᠷ ᠵᠢᠩᠬᠢᠨᠢ ᠪᠠᠷ ᠠᠰᠢᠭᠯᠠᠯᠳᠠ ᠳᠤ ᠤᠷᠤᠪᠠ᠃ ᠦᠢᠯᠡᠳᠬᠦᠨ ᠤ ᠭᠠᠷᠤᠯᠳᠠ ᠶᠢᠨ ᠬᠠᠷᠠᠯᠳᠠ ᠨᠢ ᠶᠡᠭᠡ ᠬᠡᠮ ᠬᠡᠮᠵᠢᠶ᠎ᠡ ᠲᠠᠢ ᠬᠦᠩᠬᠡᠨᠴᠠᠭᠠᠨ ᠤ ᠬᠠᠶᠢᠯᠤᠰᠢ ᠶᠢᠨ ᠴᠢᠳᠬᠤᠮᠠᠯ ᠳᠡᠷᠬᠡᠨ ᠬᠦᠷᠳᠤ ᠪᠤᠯᠤᠨ᠎ᠠ᠂ ᠦᠪᠤᠷ ᠮᠤᠩᠭᠤᠯ ᠤᠨ ᠯᠢ ᠵᠦᠩ ᠬᠤᠤᠯᠢᠩᠭᠤᠤᠯ ᠨᠡᠬᠦᠷᠡᠰᠤᠨ ᠤ ᠳᠡᠷᠬᠡᠨ ᠬᠦᠷᠳᠤ ᠦᠢᠯᠡᠳᠬᠦ ᠬᠢᠵᠠᠭᠠᠷᠳᠤ ᠺᠤᠮᠫᠠᠨᠢ ᠨᠢ ᠮᠠᠨ ᠤ ᠤᠯᠤᠰ ᠤᠨ ᠦᠪᠤᠷ ᠮᠤᠩᠭᠤᠯ ᠤᠨ ᠵᠡᠬᠦᠨ ᠬᠤᠶᠢᠳᠣ ᠬᠡᠰᠡᠭ ᠤᠨ ᠭᠠᠵᠠᠷ ᠤᠷᠤᠨ ᠤ ᠬᠠᠮᠤᠭ ᠤᠨ ᠶᠡᠭᠡ ᠬᠦᠩᠬᠡᠨᠴᠠᠭᠠᠨ ᠤ ᠬᠠᠶᠢᠯᠤᠰᠢ  ᠶᠢᠨ ᠳᠡᠷᠬᠡᠨ ᠬᠦᠷᠳᠤ ᠦᠢᠯᠡᠳᠬᠦ ᠠᠵᠤ ᠠᠬᠤᠶᠢᠯᠠᠯ ᠤᠨ ᠨᠢᠬᠡ ᠨᠢ ᠪᠤᠯᠵᠠᠢ᠃
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号