ᠳᠦᠩᠯᠢᠶᠤᠤ ᠶᠢᠨ ᠬᠤᠤᠯᠢᠩᠭᠤᠤᠯ ᠠᠭᠤᠷᠬᠠᠢ ᠶᠢᠨ ᠠᠮᠠᠰᠠᠷ ᠤᠨ ᠴᠠᠬᠢᠯᠭᠠᠨ ᠭᠠᠷᠭᠠᠬᠤ ᠬᠢᠵᠠᠭᠠᠷᠳᠤ ᠺᠤᠮᠫᠠᠨᠢ
ᠨᠡᠶᠢᠲᠡᠯᠡᠭᠰᠡᠨ ᠴᠠᠭ᠄
2018-07-12
    ᠳᠦᠩᠯᠢᠶᠤᠤ ᠶᠢᠨ ᠬᠤᠤᠯᠢᠩᠭᠤᠤᠯ ᠠᠭᠤᠷᠬᠠᠢ ᠶᠢᠨ ᠠᠮᠠᠰᠠᠷ ᠤᠨ ᠴᠠᠬᠢᠯᠭᠠᠨ ᠭᠠᠷᠭᠠᠬᠤ ᠬᠢᠵᠠᠭᠠᠷᠳᠤ ᠺᠤᠮᠫᠠᠨᠢ  ᠨᠢ ᠴᠠᠬᠢᠯᠭᠠᠨ ᠡᠬᠦᠰᠬᠡᠭᠴᠢ ᠶᠢᠨ ᠪᠠᠶᠢᠭᠤᠯᠤᠯᠳᠠ᠂ ᠴᠠᠬᠢᠯᠭᠠᠨ ᠬᠦᠴᠦᠨ ᠤ ᠦᠢᠯᠡᠳᠪᠤᠷᠢᠯᠡᠯ ᠵᠢᠴᠢ ᠪᠤᠷᠤᠯᠠᠭᠤᠯᠬᠤ  ᠪᠠᠷ ᠭᠤᠤᠯ ᠪᠤᠯᠭᠠᠭᠰᠠᠨ ᠴᠠᠬᠢᠯᠭᠠᠨ ᠺᠤᠮᠫᠠᠨᠢ ᠪᠤᠯᠤᠨ᠎ᠠ᠃ 2005 ᠤᠨ ᠤ 3 ᠰᠠᠷ᠎ᠠ ᠶᠢᠨ 3 ᠤ ᠡᠳᠤᠷ ᠺᠤᠮᠫᠠᠨᠢ ᠪᠠᠶᠢᠭᠤᠯᠤᠭᠳᠠᠵᠤ᠂ ᠦᠪᠤᠷ ᠮᠤᠩᠭᠤᠯ ᠤᠨ ᠵᠡᠬᠦᠨ ᠬᠡᠰᠡᠭ ᠤᠨ ᠡᠨᠧᠷᠬᠢ ᠶᠢᠨ ᠪᠦᠯᠦᠭᠯᠡᠯ ᠤᠨ ᠺᠤᠮᠫᠠᠨᠢ ᠶᠢᠨ ᠶᠡᠭᠡ ᠬᠡᠯᠪᠡᠷᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠨᠢᠬᠡ ᠨᠢ ᠪᠤᠯᠤᠨ᠎ᠠ᠃ ᠴᠠᠬᠢᠯᠭᠠᠨ ᠬᠦᠴᠦᠨ ᠤ ᠬᠠᠩᠭᠠᠯᠭ᠎ᠠ ᠨᠢ ᠭᠤᠤᠯᠳᠠᠭᠤ ᠵᠡᠬᠦᠨ ᠬᠤᠶᠢᠳᠤ ᠤᠷᠤᠨ ᠤ ᠳᠠᠭᠠᠭᠠᠴᠠ ᠶᠢᠨ ᠳᠦᠪ ᠪᠤᠯᠬᠤ ᠯᠢᠶᠤᠤᠨᠢᠩ ᠮᠤᠵᠢ ᠳᠤ ᠬᠦᠷᠬᠡᠵᠤ ᠪᠠᠶᠢᠨ᠎ᠠ᠃ ᠳᠤᠰ ᠳᠦᠷᠦᠯ ᠵᠦᠢᠯ ᠤᠨ  ᠶᠡᠷᠤᠩᠬᠡᠢ ᠪᠡᠯᠡ ᠤᠷᠤᠭᠤᠯᠤᠯᠳᠠ ᠶᠢ 106 ᠳ᠋ᠦᠩᠰᠢᠭᠤᠷ ᠳᠦᠬᠦᠷᠢᠭ ᠢᠶᠠᠷ ᠳᠦᠯᠦᠪᠯᠡᠵᠤ᠂ ᠬᠤᠤᠯᠢᠩᠭᠤᠤᠯ ᠨᠡᠬᠦᠷᠡᠰᠤᠨ ᠤ ᠪᠦᠯᠦᠭᠯᠡᠯ ᠪᠤᠯᠤᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠶᠡᠷᠤᠩᠬᠡᠢ ᠺᠤᠮᠫᠠᠨᠢ ᠳᠤᠰ ᠳᠤᠰ 50% ᠪᠠᠷ ᠪᠡᠯᠡ ᠤᠷᠤᠭᠤᠯᠵᠤ᠂ ᠡᠬᠦᠨ ᠤ ᠳᠤᠳᠤᠷ᠎ᠠ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠺᠤᠮᠫᠠᠨᠢ ᠶᠢᠨ ᠰᠲ᠋ᠤᠺ ᠤᠨ ᠡᠷᠬᠡ ᠶᠢᠨ ᠬᠠᠷᠢᠴᠠᠯ ᠨᠢ 20% ᠶᠢ ᠡᠵᠡᠯᠡᠵᠤ᠂ ᠳᠤᠮᠳᠠᠳᠤ ᠤᠯᠤᠰ  ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠦᠪᠦᠷ ᠮᠣᠩᠭᠤᠯ ᠤᠨ ᠵᠡᠬᠦᠨ ᠬᠡᠰᠡᠭ ᠤᠨ ᠡᠨᠧᠷᠬᠢ ᠶᠢᠨ ᠪᠦᠯᠦᠭᠯᠡᠯ ᠤᠨ ᠺᠤᠮᠫᠠᠨᠢ ᠶᠢᠨ ᠰᠲ᠋ᠤᠺ ᠤᠨ ᠡᠷᠬᠡ ᠶᠢᠨ ᠬᠠᠷᠢᠴᠠᠯ 80% ᠶᠢ ᠡᠵᠡᠯᠡᠨ᠎ᠡ᠃ ᠳᠤᠰ ᠳᠦᠷᠦᠯ ᠵᠦᠢᠯ ᠢ 2006 ᠤᠨ ᠤ 5 ᠰᠠᠷ᠎ᠠ ᠳᠤ ᠤᠯᠤᠰ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠵᠦᠪᠯᠡᠯ ᠠᠴᠠ ᠵᠦᠪᠰᠢᠶᠡᠷᠡᠵᠤ᠂ ᠪᠦᠳᠦᠬᠡᠨ ᠪᠠᠶᠢᠭᠤᠯᠬᠤ ᠬᠦᠷᠢᠶ᠎ᠡ ᠬᠡᠪᠴᠢᠶ᠎ᠡ ᠨᠢ 4 × 60 ᠳᠦᠮᠡᠨ ᠺᠢᠯᠤᠸᠠᠲ ᠤᠨ ᠴᠠᠬᠢᠯᠭᠠᠨ ᠦᠢᠯᠡᠳᠪᠤᠷᠢ᠂ ᠬᠤᠶᠠᠷ ᠬᠤᠭᠤᠴᠠᠭᠠᠨ ᠤ ᠪᠠᠷᠢᠯᠭ᠎ᠠ ᠶᠢᠨ ᠪᠦᠳᠦᠬᠡᠨ ᠪᠠᠶᠢᠭᠤᠯᠣᠯᠳᠠ ᠬᠢᠵᠣ᠂ ᠨᠢᠬᠡᠳᠤᠭᠡᠷ ᠬᠤᠭᠤᠴᠠᠭᠠᠨ ᠤ ᠪᠦᠳᠦᠬᠡᠨ ᠪᠠᠶᠢᠭᠤᠯᠣᠯᠳᠠ ᠨᠢ 2 × 600MW ᠳᠡᠳ᠋ ᠵᠠᠭᠠᠭ ᠤᠨ ᠠᠭᠠᠷ ᠢᠶᠠᠷ ᠬᠦᠢᠳᠡᠨ ᠳᠣᠬᠢᠷᠠᠭᠤᠯᠬᠤ ᠮᠠᠰᠢᠨ ᠢ ᠪᠡᠶᠡᠯᠡᠬᠦᠯᠬᠦ ᠶᠢᠨ ᠬᠠᠮᠳᠤ ᠬᠦᠬᠦᠷ ᠦᠬᠡᠶᠢᠳᠡᠬᠦᠯᠬᠦ ᠶᠢ ᠪᠠᠶᠢᠭᠤᠯᠵᠤ᠂ ᠤᠳᠤᠬᠠᠨ ᠳᠤ ᠨᠢᠬᠡᠨᠳᠡ ᠬᠤᠳᠠᠯᠳᠤᠭᠠᠨ ᠳᠤ ᠳᠡᠬᠡᠬᠡᠪᠤᠷᠢᠯᠡᠨ ᠡᠵᠡᠩᠨᠡᠵᠤ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠡᠮᠤᠨᠡᠬᠢ ᠠᠵᠢᠯ ᠢᠶᠠᠨ ᠢᠳᠡᠪᠬᠢᠳᠡᠢ ᠪᠠᠷ ᠬᠢᠵᠤ ᠪᠠᠶᠢᠨ᠎ᠠ᠃
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号