ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠪᠠ᠃ ᠵᠡᠬᠡᠯᠢ ᠭᠤᠳᠣᠮᠵᠢ ᠶᠢᠨ ᠦᠶᠡᠷ ᠢ | ᠰᠡᠷᠬᠡᠶᠢᠯᠡᠬᠦ ᠵᠢᠯᠣᠭᠤᠳᠬᠤ ᠭᠠᠵᠠᠷ ᠢᠶᠠᠨ ᠬᠦᠢᠴᠡᠳ ᠳᠣᠬᠢᠷᠠᠭᠤᠯᠵᠣ᠂ ᠡᠯ᠎ᠡ ᠪᠦᠷᠢᠯᠳᠦᠬᠦᠨ ᠬᠡᠰᠢᠬᠦᠳ ᠤᠨ ᠡᠬᠦᠷᠬᠡ | ᠬᠠᠷᠢᠭᠤᠴᠠᠯᠭ᠎ᠠ ᠪᠠᠨ ᠳᠣᠳᠣᠷᠬᠠᠢ ᠪᠣᠯᠭᠠᠵᠣ᠂ ᠦᠶᠡᠷ ᠢ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠬᠤ | ᠳᠣᠭᠳᠠᠯᠴᠠᠭ᠎ᠠ ᠶᠢ ᠪᠠᠶᠢᠭᠤᠯᠵᠣ᠂ ᠣᠨᠴᠠᠭᠠᠶᠢᠯᠠᠨ ᠬᠡᠨᠡᠳᠳᠡ ᠡᠬᠦᠰᠬᠦ ᠦᠶᠡᠷ ᠣᠰᠣᠳᠠᠯ ᠤᠨ ᠭᠠᠮᠰᠢᠭ ᠢ | ᠣᠷᠢᠳᠴᠢᠯᠠᠨ ᠰᠡᠷᠡᠮᠵᠢᠯᠡᠬᠦᠯᠬᠦ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠣ᠂ ᠳᠣᠰ ᠣᠷᠣᠨ ᠪᠠ ᠠᠵᠢᠯ | ᠳᠦᠷᠦᠯ ᠤᠨ ᠦᠶᠡᠷ ᠢ ᠰᠡᠷᠬᠡᠶᠢᠯᠡᠬᠦ ᠪᠡᠯᠡᠳᠬᠡᠯ ᠠᠵᠢᠯ ᠢᠶᠠᠨ ᠰᠠᠶᠢᠳᠣᠷ ᠬᠢᠵᠣ ᠪᠠᠶᠢᠨ᠎ᠠ᠃ | ᠳᠦᠷᠪᠠᠨ ᠵᠦᠢᠯ ᠤᠨ ᠳᠦᠷᠢᠮ ᠢ ᠨᠠᠶᠢᠳᠠᠪᠣᠷᠢᠵᠢᠭᠤᠯᠪᠠ᠃ ᠳᠣᠣᠷᠵᠢᠭᠤᠯᠣᠯᠳᠠ ᠬᠠᠮᠢᠶᠠᠷᠣᠯᠳᠠ ᠶᠢᠨ ᠳᠦᠷᠢᠮ | ᠂ ᠦᠶᠡᠷ ᠢ ᠰᠡᠷᠬᠡᠶᠢᠯᠡᠬᠦ ᠵᠢᠵᠢᠬᠦᠷᠯᠡᠬᠦ ᠳᠦᠷᠢᠮ᠂ ᠭᠤᠣᠯ ᠤᠨ ᠳᠠᠷᠤᠭ᠎ᠠ ᠶᠢᠨ ᠳᠦᠷᠢᠮ᠂ ᠴᠠᠭᠳᠠᠨ ᠪᠠᠶᠢᠴᠠᠭᠠᠬᠤ | ᠳᠦᠷᠢᠮ ᠵᠡᠷᠬᠡ ᠳᠦᠷᠦᠯ ᠤᠨ ᠦᠶᠡᠷ ᠢ ᠰᠡᠷᠬᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠪᠦᠬᠦ ᠳᠠᠯ᠎ᠠ ᠪᠠᠷ | ᠨᠠᠶᠢᠳᠠᠪᠣᠷᠢᠵᠢᠭᠤᠯᠵᠠᠢ᠃ ᠬᠤᠣᠯᠢᠨ ᠭᠤᠣᠯ ᠤᠨ ᠰᠢᠷ᠎ᠠ ᠬᠦᠣᠷ ᠳᠠᠬᠢ ᠭᠤᠣᠯ ᠤᠨ ᠬᠡᠰᠡᠭ ᠪᠠ ᠴᠠᠭᠳᠠᠭ᠎ᠠ | ᠭᠤᠣᠯ ᠤᠨ ᠶᠣᠸᠠᠨ ᠶᠣᠸᠠᠨ ᠣᠰᠣᠨ ᠴᠦᠬᠦᠷᠣᠮ ᠤᠨ ᠳᠣᠣᠷᠠᠳᠣ ᠣᠷᠣᠰᠬᠠᠯ ᠤᠨ ᠦᠶᠡᠷ ᠤᠨ ᠣᠰᠣ ᠶᠢ | ᠭᠠᠳᠠᠭᠰᠢᠯᠠᠭᠤᠯᠬᠤ ᠰᠣᠪᠠᠭ ᠤᠨ ᠬᠡᠰᠡᠭ ᠤᠨ ᠬᠠᠷᠢᠭᠤᠴᠠᠬᠤ ᠬᠦᠮᠦᠨ ᠪᠠ ᠳᠣᠰᠬᠠᠶᠢᠯᠠᠨ ᠬᠠᠮᠢᠶᠠᠷᠬᠤ ᠠᠵᠢᠯᠳᠠᠨ ᠤ | ᠠᠵᠢᠯ ᠤᠨ ᠪᠠᠶᠢᠷᠢ ᠶᠢ ᠳᠣᠳᠣᠷᠬᠠᠢ ᠪᠣᠯᠭᠠᠵᠣ᠂ ᠦᠶᠡᠷ ᠤᠨ ᠬᠤᠭᠤᠴᠠᠭᠠᠨ ᠳᠤ ᠬᠤᠷᠢᠨ ᠳᠦᠷᠪᠡᠨ ᠴᠠᠭ ᠲᠤ | ᠵᠢᠵᠢᠬᠦᠷᠯᠡᠬᠦ ᠬᠦᠮᠦᠨ ᠲᠠᠢ᠂ ᠮᠡᠳᠡᠭᠡ ᠴᠢᠮᠡᠭᠡ ᠨᠡᠪᠳᠡᠷᠡᠯᠴᠡᠬᠦ ᠶᠢ ᠪᠠᠳᠣᠯᠠᠵᠣ ᠪᠠᠶᠢᠨ᠎ᠠ᠃ | ᠦᠶᠡᠷ ᠢ ᠰᠡᠷᠬᠡᠶᠢᠯᠡᠬᠦ ᠠᠶᠤᠯ ᠬᠡᠮ ᠤᠨ ᠪᠠᠶᠢᠴᠠᠭᠠᠯᠳᠠ ᠶᠢ ᠦᠷᠨᠢᠬᠦᠯᠪᠡ᠃ ᠬᠦᠮᠦᠨ ᠢᠶᠠᠨ ᠵᠣᠬᠢᠶᠠᠨ | ᠪᠠᠶᠢᠭᠤᠯᠵᠣ ᠦᠶᠡᠷ ᠢ ᠰᠡᠷᠬᠡᠶᠢᠯᠡᠬᠦ ᠠᠶᠣᠯᠬᠦᠢ ᠶᠢᠨ ᠠᠶᠣᠯ ᠬᠡᠮ ᠢ ᠪᠠᠶᠢᠴᠠᠭᠠᠬᠤ ᠬᠦᠳᠡᠯᠬᠡᠬᠡᠨ ᠦᠷᠨᠢᠬᠦᠯᠵᠠᠢ᠃ | ᠬᠠᠷᠢᠶᠠᠳᠣ ᠣᠷᠣᠨ ᠤ ᠬᠡᠪᠴᠢᠶᠡᠨ ᠳᠠᠬᠢ ᠬᠡᠷ ᠪᠠᠶᠢᠰᠢᠩ᠂ ᠠᠰᠠᠷ ᠤᠨ ᠣᠷᠣᠢ ᠶᠢᠨ ᠳᠠᠪᠬᠤᠷᠭ᠎ᠠ ᠵᠡᠷᠭᠡ ᠶᠢᠨ | ᠠᠮᠠᠷᠬᠠᠨ ᠣᠰᠣ ᠭᠤᠭᠤᠵᠢᠬᠤ ᠭᠤᠣᠯᠳᠠᠯᠭᠠᠳᠣ ᠬᠡᠷ ᠪᠠᠶᠢᠰᠢᠩ ᠳᠤ ᠣᠷᠣᠵᠣ ᠨᠠᠷᠢᠨ ᠨᠢᠭᠳᠠ ᠪᠠᠶᠢᠴᠠᠭᠠᠯᠳᠠ ᠬᠢᠵᠣ᠂ | ᠪᠠᠶᠢᠴᠠᠭᠠᠨ ᠭᠠᠷᠭᠠᠭᠰᠠᠨ ᠠᠰᠠᠭᠤᠳᠠᠯ ᠢ ᠳᠡᠮᠳᠡᠭᠯᠡᠨ ᠳᠡᠪᠳᠡᠷ ᠵᠣᠬᠢᠶᠠᠵᠣ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠪᠠᠬᠢᠵᠢᠬᠦᠯᠣᠨ ᠡᠯ᠎ᠡ ᠳᠦᠷᠦᠯ ᠵᠦᠢᠯ ᠢ ᠠᠭᠠᠵᠢᠮ ᠢᠶᠠᠷ ᠨᠠᠶᠢᠳᠠᠪᠣᠷᠢᠵᠢᠭᠤᠯᠪᠠ᠃ | |