ᠮᠦᠰᠤᠳᠡᠢ ᠵᠡᠬᠡᠯᠢ ᠭᠤᠳᠤᠮᠵᠢ ᠶᠢᠨ ᠦᠨᠳᠦᠰᠦᠨ ᠪᠠᠶᠢᠳᠠᠯ
ᠨᠡᠶᠢᠲᠡᠯᠡᠭᠰᠡᠨ ᠴᠠᠭ᠄
2018-07-06
    ᠮᠦᠰᠤᠳᠡᠢ ᠵᠡᠬᠡᠯᠢ ᠭᠤᠳᠤᠮᠵᠢ ᠪᠤᠯ 1993 ᠤᠨ ᠤ 6 ᠰᠠᠷ᠎ᠠ ᠳᠤ ᠪᠠᠶᠢᠭᠤᠯᠤᠭᠳᠠᠵᠤ᠂ ᠬᠠᠷᠢᠶᠠᠳᠤ ᠤᠷᠤᠨ  ᠨᠢ ᠡᠮᠤᠨ᠎ᠡ ᠠᠴᠠ ᠵᠦᠰᠬᠤᠸᠠ ᠶᠡᠭᠡ ᠵᠡᠬᠡᠯᠢ ᠠᠴᠠ ᠵᠢᠶᠠᠨ ᠶᠧ ᠵᠢᠵᠢᠭ ᠳᠤᠭᠤᠷᠢᠭ ᠤᠨ ᠬᠤᠶᠢᠨ᠎ᠠ ᠵᠡᠬᠡᠯᠢ ᠬᠦᠷᠳᠡᠯ᠎ᠡ ᠂ ᠪᠠᠷᠠᠭᠤᠨᠰᠢ ᠪᠠᠨ ᠶᠠᠨ ᠱᠠᠨ ᠵᠠᠮ ᠲᠠᠢ ᠨᠡᠶᠢᠯᠡᠵᠤ᠂ ᠵᠡᠬᠦᠨᠰᠢ ᠪᠠᠨ ᠰᠠᠨ ᠡᠾᠧ ᠵᠠᠮ ᠬᠦᠷᠦᠨ᠎ᠡ᠂ ᠪᠦᠬᠦᠳᠡ ᠳᠠᠯᠠᠪᠠᠢ ᠨᠢ 5.34 ᠳᠡᠭᠰᠢ ᠳᠦᠷᠪᠡᠯᠵᠢᠨ ᠺᠢᠯᠤᠮᠧᠲᠷ᠂ ᠬᠦᠮᠦᠨ ᠠᠮᠠᠨ ᠳᠤᠭ᠎ᠠ 45960 ᠬᠦᠮᠦᠨ ᠪᠠᠶᠢᠵᠤ᠂ ᠪᠦᠬᠦ ᠬᠤᠳᠠ ᠶᠢᠨ ᠬᠦᠮᠦᠨ ᠳᠤᠭ᠎ᠠ ᠶᠢᠨ 41.7% ᠶᠢ ᠡᠵᠡᠯᠡᠨ᠎ᠡ᠃ ᠵᠡᠬᠡᠯᠢ ᠭᠤᠳᠤᠮᠵᠢ ᠶᠢᠨ ᠨᠠᠮ ᠤᠨ ᠠᠵᠢᠯ  ᠤᠨ ᠬᠤᠷᠢᠶ᠎ᠠ ᠶᠢ ᠨᠦᠬᠦᠷᠯᠡᠯ᠂ ᠮᠢᠩ ᠱᠧᠩ᠂ ᠬᠤᠤ ᠯᠢᠨ᠂ ᠢ ᠪᠢᠨ᠂ ᠵᠧᠨ ᠰᠢᠩ᠂  ᠪᠠᠶᠢᠭᠤᠯᠭ᠎ᠠ᠂ ᠳᠤᠮᠢᠯᠠᠭᠰᠠᠨ ᠰᠠᠯᠪᠤᠷᠢ ᠵᠡᠷᠬᠡ 7 ᠨᠠᠮ ᠤᠨ ᠡᠬᠦᠷ ᠪᠠᠶᠢᠭᠤᠯᠵᠤ᠂ 286 ᠨᠠᠮ ᠤᠨ ᠬᠡᠰᠢᠬᠦᠨ ᠲᠠᠢ᠃     ᠮᠠᠨ ᠤ ᠬᠤᠳᠠ ᠶᠢᠨ ᠠᠵᠤ ᠠᠬᠤᠢ ᠨᠡᠶᠢᠬᠡᠮ ᠤᠨ ᠳᠦᠷᠬᠡᠨ ᠬᠦᠭᠵᠢᠯᠳᠡ ᠶᠢ ᠳᠠᠭᠠᠯᠳᠤᠨ᠂ ᠵᠡᠬᠡᠯᠢ ᠭᠤᠳᠤᠮᠵᠢ  ᠳᠤ ᠨᠡᠶᠢᠬᠡᠮ ᠳᠤᠭᠤᠷᠢᠭ ᠤᠨ ᠰᠠᠭᠤᠭᠠᠯᠢ ᠠᠷᠠᠳ ᠤᠨ ᠪᠦᠳᠦᠴᠡ ᠤᠯᠠᠮ ᠤᠯᠠᠨ ᠶᠠᠩᠵᠤ ᠲᠠᠢ᠂ ᠤᠯᠠᠨ ᠳᠦᠮᠡᠨ ᠤ ᠰᠡᠳᠬᠢᠬᠦᠢ ᠤᠯᠠᠮ ᠬᠦᠭᠵᠢᠶᠡᠨᠳᠡᠢ᠂ ᠠᠰᠢᠭ ᠬᠤᠨᠵᠢᠪᠤᠷᠢ ᠶᠢᠨ ᠪᠦᠳᠦᠴᠡ ᠤᠯᠠᠮ ᠪᠤᠳᠤᠯᠢᠶᠠᠨᠳᠠᠢ᠂ ᠡᠳ᠋ ᠪᠤᠳᠠᠰ ᠰᠤᠶᠤᠯ ᠤᠨ ᠱᠠᠭᠠᠷᠳᠠᠯᠭ᠎ᠠ ᠤᠯᠠᠮ ᠤᠯᠠᠨ ᠡᠰᠢᠵᠢᠬᠦᠯᠦᠭᠰᠡᠨ ᠵᠡᠷᠬᠡ ᠶᠢᠨ ᠰᠢᠨ᠎ᠡ ᠪᠠᠶᠢᠳᠠᠯ ᠰᠢᠨ᠎ᠡ ᠬᠤᠪᠢᠷᠠᠯᠳᠠ ᠳᠤᠯᠭᠠᠷᠠᠵᠤ ᠪᠠᠶᠢᠨ᠎ᠠ᠃ ᠵᠡᠬᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠠᠴᠠ ᠬᠤᠳᠠ ᠶᠢᠨ ᠨᠠᠮ ᠤᠨ ᠬᠤᠷᠢᠶ᠎ᠠ ᠠᠴᠠ ᠳᠤᠷᠠᠳᠤᠭᠰᠠᠨ ︽ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠤᠯᠤᠰ ᠳᠦᠷᠦ  ᠢᠶᠠᠷ ᠳᠠᠭᠠᠭᠤᠯᠬᠤ ᠴᠢᠳᠠᠪᠤᠷᠢ ᠶᠢ ᠳᠤᠪᠤᠶᠢᠯᠭᠠᠵᠤ᠂ ᠤᠯᠠᠨ ᠳᠦᠮᠡᠨ ᠤ ᠭᠤᠤᠯ ᠳᠦᠰᠢᠭ ᠪᠠ ᠳᠠᠭᠠᠭᠤᠯᠤᠭᠴᠢ ᠪᠤᠯᠬᠤ︾ ᠱᠠᠭᠠᠷᠳᠠᠯᠭ᠎ᠠ ᠪᠠᠷ ᠮᠦᠰᠤᠳᠡᠢ ᠵᠡᠬᠡᠯᠢ ᠭᠤᠳᠤᠮᠵᠢ ︽1366︾ ᠨᠠᠮ ᠤᠨ ᠪᠠᠶᠢᠭᠤᠯᠤᠯᠳᠠ ᠶᠢᠨ ᠠᠵᠢᠯ  ᠤᠨ ᠠᠷᠭ᠎ᠠ ᠪᠤᠳᠤᠯᠭ᠎ᠠ ᠶᠢ ᠳᠤᠭᠳᠠᠭᠠᠵᠠᠢ᠃ ᠡᠨᠡ ᠨᠢ ︽ᠬᠦᠮᠦᠨ︾ ᠢᠶᠠᠷ ᠭᠤᠤᠯ ᠪᠤᠯᠭᠠᠬᠤ ᠶᠢ ᠠᠳᠬᠤᠵᠤ᠂ ︽ᠨᠠᠮ ᠤᠨ ᠰᠡᠳᠬᠢᠯ ᠢ ᠨᠢᠭᠳᠠᠷᠠᠭᠤᠯᠤᠨ᠂ ᠠᠷᠠᠳ ᠤᠨ ᠰᠡᠳᠬᠢᠯ ᠢ  ᠪᠦᠬᠡᠮᠨᠡᠷᠡᠬᠦᠯᠵᠤ᠂ ᠬᠠᠶᠢᠷᠠᠯᠠᠬᠤ ᠰᠡᠳᠬᠢᠯ ᠢᠶᠠᠨ ᠮᠡᠳᠡᠬᠦᠯᠬᠦ︾ ᠭᠤᠷᠪᠠᠨ ᠰᠡᠳᠬᠢᠯ ᠤᠨ ᠢᠨᠵᠧᠨᠧᠷᠢᠩ ᠶᠢ ᠬᠡᠷᠡᠭᠵᠢᠬᠦᠯᠵᠤ᠂ ᠨᠠᠮ ᠤᠨ ᠪᠠᠶᠢᠭᠤᠯᠤᠯᠳᠠ ᠶᠢ ᠪᠠᠳᠤᠯᠠᠬᠤ᠂ ᠬᠠᠮᠳᠤᠪᠡᠷ ᠪᠦᠳᠦᠬᠡᠨ ᠪᠠᠶᠢᠭᠤᠯᠬᠤ᠂ ᠬᠠᠶᠢᠷ᠎ᠠ ᠰᠡᠳᠬᠢᠯᠬᠡ ᠢᠶᠠᠷ ᠬᠠᠷᠢᠯᠴᠠᠬᠤ᠂ ᠬᠠᠮᠳᠤ ᠪᠠᠷ ᠵᠦᠪᠳᠡᠯᠴᠡᠬᠦ᠂ ᠬᠠᠷᠢᠴᠠᠭ᠎ᠠ ᠬᠤᠯᠪᠤᠭ᠎ᠠ ᠠᠪᠤᠯᠴᠠᠬᠤ᠂ ᠠᠷᠠᠳ ᠲᠤ ᠦᠢᠯᠡᠴᠢᠯᠡᠬᠦ ᠵᠡᠷᠬᠡ ᠶᠢᠨ ᠵᠢᠷᠭᠤᠭᠠᠨ ᠶᠡᠭᠡ ᠪᠠᠶᠢᠭᠤᠯᠤᠮᠵᠢ ᠶᠢ ᠪᠠᠶᠢᠭᠤᠯᠵᠤ᠂ ᠵᠡᠬᠡᠯᠢ ᠭᠤᠳᠤᠮᠵᠢ ᠶᠢᠨ ᠰᠠᠭᠤᠭᠠᠯᠢ ᠠᠷᠠᠳ ᠤᠨ ᠵᠤᠬᠢᠶᠠᠨ ᠪᠠᠶᠢᠭᠤᠯᠤᠯᠳᠠ ᠶᠢᠨ ᠨᠢᠭᠳᠠᠷᠠᠭᠤᠯᠬᠤ ᠬᠦᠴᠦᠨ᠂ ᠨᠠᠮ ᠤᠨ ᠪᠠᠶᠢᠭᠤᠯᠤᠯᠳᠠ ᠶᠢᠨ ᠬᠠᠮᠳᠤᠷᠠᠬᠤ ᠬᠦᠴᠦᠨ᠂ ᠬᠤᠪᠢᠰᠬᠠᠯᠳᠤ ᠳᠠᠳᠠᠬᠤ ᠬᠦᠴᠦᠨ᠂ ᠰᠠᠴᠤᠷᠠᠭ  ᠢᠶᠠᠷ ᠳᠠᠶᠢᠴᠢᠯᠠᠬᠤ ᠬᠦᠴᠦᠨ᠂ ᠠᠷᠠᠳ ᠲᠤ ᠠᠰᠢᠭ ᠬᠦᠷᠳᠡᠬᠡᠬᠦ ᠪᠠᠷ ᠴᠢᠷᠮᠠᠶᠢᠬᠤ ᠬᠦᠴᠦᠨ ᠪᠤᠯᠤᠨ ᠤᠯᠠᠨ ᠳᠦᠮᠡᠨ  ᠤ ᠬᠠᠨᠤᠮᠵᠢ ᠵᠡᠷᠬᠡ ᠶᠢ ᠳᠡᠬᠡᠭᠰᠢᠯᠡᠬᠦᠯᠬᠦ ᠶᠢ ᠴᠢᠷᠮᠠᠶᠢᠨ ᠪᠡᠶᠡᠯᠡᠬᠦᠯᠦᠨ᠎ᠡ᠃ ᠡᠨᠡᠬᠦ ᠠᠵᠢᠯ ᠤᠨ ᠰᠡᠳᠬᠢᠮᠵᠢ ᠪᠠᠷ ᠮᠦᠰᠤᠳᠡᠢ ᠵᠡᠬᠡᠯᠢ ᠭᠤᠳᠤᠮᠵᠢ ᠦᠨᠳᠤᠷ ᠪᠠᠷᠢᠮᠵᠢᠶ᠎ᠠ ᠪᠠᠷ ᠨᠠᠮ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢ ᠬᠡᠷᠡᠭᠵᠢᠬᠦᠯᠵᠤ᠂ ᠦᠨᠳᠤᠷ ᠡᠬᠢᠯᠡᠯᠳᠡ ᠪᠠᠷ ᠵᠡᠬᠡᠯᠢ ᠭᠤᠳᠤᠮᠵᠢ ᠨᠡᠶᠢᠬᠡᠮ ᠳᠤᠭᠤᠷᠢᠭ ᠤᠨ ᠠᠵᠢᠯ ᠢᠶᠠᠨ ᠳᠦᠯᠦᠪᠯᠡᠵᠣ᠂ ᠳᠡᠬᠡᠳᠤ ᠴᠢᠨᠠᠷ ᠴᠢᠨᠰᠠᠭ᠎ᠠ ᠲᠠᠢ ᠪᠠᠷ ᠨᠠᠮ ᠤᠨ ᠬᠡᠰᠢᠬᠦᠨ ᠤᠯᠠᠨ ᠳᠦᠮᠡᠨ ᠳᠤ ᠦᠢᠯᠡᠴᠢᠯᠡᠵᠤ᠂ ᠵᠡᠬᠡᠯᠢ ᠭᠤᠳᠤᠮᠵᠢ ᠨᠡᠶᠢᠬᠡᠮ ᠳᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠭᠤᠤᠯᠯᠠᠬᠤ ᠦᠢᠯᠡᠳᠤᠯ ᠢ ᠢᠯᠡᠳᠳᠡ ᠴᠢᠩᠭᠠᠷᠠᠭᠤᠯᠵᠤ᠂ ᠦᠢᠯᠡᠴᠢᠯᠡᠬᠡᠨ ᠤ ᠴᠢᠳᠠᠪᠤᠷᠢ ᠪᠤᠯᠤᠨ ᠨᠡᠶᠢᠬᠡᠮ ᠤᠨ ᠵᠠᠰᠠᠯᠳᠠ ᠶᠢ ᠢᠯᠡᠳᠳᠡ ᠳᠡᠬᠡᠭᠰᠢᠯᠡᠬᠦᠯᠵᠤ᠂ ᠨᠠᠮ ᠤᠨ ᠬᠡᠰᠢᠬᠦᠨ ᠤ ᠳᠠᠷᠢᠬᠦᠨ ᠤ ᠵᠢᠱᠢᠶᠡᠴᠢ ᠦᠢᠯᠡᠳᠤᠯ ᠢ ᠨᠡᠩ ᠳᠤᠪᠤᠶᠢᠮ᠎ᠠ ᠪᠠᠳᠠᠷᠠᠭᠤᠯᠤᠨ᠎ᠠ
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号