ᠰᠢᠷ᠎ᠠ ᠬᠦᠤᠷ ᠵᠡᠬᠡᠯᠢ ᠭᠤᠳᠤᠮᠵᠢ ᠶᠢᠨ ᠦᠨᠳᠤᠰᠤᠨ ᠪᠠᠶᠢᠳᠠᠯ
ᠨᠡᠶᠢᠲᠡᠯᠡᠭᠰᠡᠨ ᠴᠠᠭ᠄
2018-07-06
      ᠰᠢᠷ᠎ᠠ ᠬᠦᠤᠷ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯ 1984 ᠤᠨ ᠳᠤ ᠪᠠᠶᠢᠭᠤᠯᠤᠭᠳᠠᠵᠤ ᠂ 1993 ᠤᠨ ᠳᠤ ᠰᠢᠷ᠎ᠠ ᠬᠦᠤᠷ ᠪᠠᠯᠭᠠᠰᠤ ᠪᠣᠯᠭᠠᠨ ᠬᠤᠪᠢᠷᠠᠭᠤᠯᠵᠣ᠂ 2006 ᠤᠨ ᠳᠤ ᠳᠠᠬᠢᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠭᠠᠵᠠᠢ᠃ ᠬᠤᠳᠠ ᠶᠢᠨ ᠳᠤᠭᠤᠷᠢᠭ ᠠᠴᠠ ᠡᠮᠤᠨ᠎ᠡ 16 ᠺᠢᠯᠤᠮᠧᠲᠷ ᠵᠠᠶᠢᠳᠠᠢ ᠪᠠᠶᠢᠷᠢᠯᠡᠵᠤ᠂ ᠬᠠᠷᠢᠶᠠᠳᠤ ᠤᠷᠤᠨ ᠤ ᠶᠡᠷᠤᠩᠬᠡᠢ ᠳᠠᠯᠠᠪᠠᠢ ᠨᠢ 88.7 ᠳᠡᠭᠰᠢ ᠳᠦᠷᠪᠡᠯᠵᠢᠨ ᠺᠢᠯᠤᠮᠧᠲᠷ ᠪᠠᠶᠢᠵᠤ᠂ ᠤᠳᠤ ᠳᠤ 3 ᠨᠡᠶᠢᠬᠡᠮ ᠳᠤᠭᠤᠷᠢᠭ ︵ᠬᠤᠳᠠ ᠶᠢᠨ ᠨᠡᠶᠢᠬᠡᠮ ᠳᠤᠭᠤᠷᠢᠭ ᠤᠨ ᠡᠮᠤᠨ᠎ᠡ ᠬᠦᠷᠢᠶᠡᠯᠡᠩ ᠤᠨ ᠨᠡᠶᠢᠬᠡᠮ ᠳᠤᠭᠤᠷᠢᠭ ᠪᠤᠯᠤᠨ ᠰᠢᠷ᠎ᠠ ᠤᠪᠤᠭ᠎ᠠ᠂ ᠵᠦᠩᠳᠡᠬᠤᠸᠠ 2 ᠳᠠᠷᠢᠶᠠᠯᠠᠩ ᠳᠤ ᠬᠤᠯᠪᠤᠭᠳᠠᠭᠰᠠᠨ ᠨᠡᠶᠢᠬᠡᠮ ᠳᠤᠭᠤᠷᠭ︶ ᠬᠠᠷᠢᠶᠠᠯᠠᠭᠳᠠᠵᠤ᠂ 3477 ᠡᠷᠤᠬᠡ᠂ ᠶᠡᠷᠤᠩᠬᠡᠢ ᠬᠦᠮᠦᠨ ᠠᠮᠠᠨ ᠳᠤᠭ᠎ᠠ ᠨᠢ 11000 ᠬᠦᠮᠦᠨ ᠪᠠᠶᠢᠨ᠎ᠠ᠃ ᠤᠳᠤ ᠶᠢᠨ ᠨᠤᠳᠤᠭ ᠳᠡᠪᠢᠰᠬᠡᠷ 42950 ᠮᠤ᠋ ᠪᠠᠶᠢᠵᠤ᠂ ᠡᠬᠦᠨ ᠤ ᠳᠤᠳᠤᠷ᠎ᠠ ᠳᠠᠷᠢᠶᠠᠨ ᠭᠠᠵᠠᠷ 11000 ᠮᠤ᠋᠂ ᠤᠢ ᠰᠢᠭᠤᠢ ᠶᠢᠨ ᠭᠠᠵᠠᠷ 9450 ᠮᠤ᠋᠂ ᠡᠪᠡᠰᠤᠨ ᠭᠠᠵᠠᠷ 2250 ᠮᠤ᠋ ᠪᠠᠶᠢᠨ᠎ᠠ᠃      ᠰᠢᠷ᠎ᠠ ᠬᠦᠤᠷ ᠵᠡᠬᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ ᠳᠤ ᠳᠠᠪᠤᠨ ᠨᠠᠮ ᠤᠨ ᠡᠬᠦᠷ ᠲᠠᠢ᠂ ᠳᠤᠰ ᠳᠤᠰ ᠪᠠᠶᠢᠭᠤᠯᠭ᠎ᠠ ᠶᠢᠨ ᠨᠠᠮ ᠤᠨ ᠡᠬᠦᠷ᠂ ᠡᠮᠤᠨ᠎ᠡ ᠬᠦᠷᠢᠶᠡᠯᠡᠩ ᠤᠨ ᠨᠡᠶᠢᠬᠡᠮ ᠳᠤᠭᠤᠷᠢᠭ ᠤᠨ ᠨᠠᠮ ᠤᠨ ᠡᠬᠦᠷ᠂ ᠰᠢᠷ᠎ᠠ ᠤᠪᠤᠭ᠎ᠠ ᠨᠡᠶᠢᠬᠡᠮ ᠳᠤᠭᠤᠷᠢᠭ ᠤᠨ ᠨᠠᠮ ᠤᠨ ᠡᠬᠦᠷ᠂ ᠵᠦᠩᠳᠡᠬᠤᠸᠠ ᠨᠡᠶᠢᠬᠡᠮ ᠳᠤᠭᠤᠷᠢᠭ ᠤᠨ ᠨᠠᠮ  ᠤᠨ ᠡᠬᠦᠷ᠂ ᠰᠢᠷ᠎ᠠ ᠬᠦᠤᠷ ᠳᠤᠮᠢᠯᠠᠭᠰᠠᠨ ᠰᠠᠯᠪᠤᠷᠢ ᠶᠢᠨ ᠨᠠᠮ ᠤᠨ ᠡᠬᠦᠷ ᠲᠠᠢ ᠪᠠᠶᠢᠵᠤ᠂ ᠨᠠᠮ ᠤᠨ ᠬᠡᠰᠢᠬᠦᠨ ᠨᠡᠶᠢᠳᠡ 170 ᠬᠦᠮᠦᠨ ᠪᠠᠶᠢᠨ᠎ᠠ᠃      ᠵᠡᠬᠡᠯᠢ ᠭᠤᠳᠤᠮᠵᠢ ᠶᠢᠨ ᠠᠵᠢᠯᠳᠠᠨ ᠨᠡᠶᠢᠳᠡ 78 ᠬᠦᠮᠦᠨ ᠪᠠᠶᠢᠨ᠎ᠠ᠃ ᠳᠤᠳᠤᠭᠠᠳᠤ ᠳᠠᠭᠠᠨ ᠨᠠᠮ ᠵᠠᠰᠠᠭ  ᠤᠨ ᠶᠡᠷᠤᠩᠬᠡᠶᠢᠯᠡᠭᠰᠡᠨ ᠠᠯᠪᠠᠨ ᠬᠡᠷ᠂ ᠵᠡᠪᠰᠡᠭᠳᠤ ᠬᠦᠴᠦᠨ ᠤ ᠬᠡᠯᠳᠡᠰ᠂ ᠨᠡᠶᠢᠬᠡᠮ ᠤᠨ ᠶᠠᠪᠤᠳᠠᠯ ᠤᠨ ᠠᠯᠪᠠᠨ ᠬᠡᠷ᠂ ᠵᠠᠬᠢᠳᠠᠯ ᠰᠤᠷᠪᠤᠯᠵᠢᠯᠭ᠎ᠠ ᠶᠢᠨ ᠠᠯᠪᠠᠨ ᠬᠡᠷ᠂ ᠳᠠᠷᠢᠶᠠᠯᠠᠩ ᠮᠠᠯᠵᠢᠯ ᠤᠨ ᠠᠯᠪᠠᠨ ᠬᠡᠷ᠂ ᠠᠷᠠᠳ ᠤᠨ ᠶᠠᠪᠤᠳᠠᠯ ᠤᠨ ᠠᠯᠪᠠᠨ ᠬᠡᠷ᠂ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠠᠯᠪᠠᠨ ᠬᠡᠷ᠂ ᠡᠳ᠋ ᠤᠨ ᠵᠠᠰᠠᠭ ᠤᠨ ᠭᠠᠵᠠᠷ᠂  ᠭᠠᠵᠠᠷ ᠰᠢᠷᠤᠢ ᠳᠠᠳᠠᠪᠤᠷᠢᠯᠠᠨ ᠨᠤᠷᠠᠭᠠᠵᠤ ᠨᠡᠬᠦᠯᠬᠡᠬᠦ ᠠᠯᠪᠠᠨ ᠬᠡᠷ ᠬᠡᠵᠤ ᠪᠠᠶᠢᠭᠤᠯᠵᠠᠢ᠃ ᠭᠤᠤᠯᠳᠠᠭᠤ ᠨᠢ ᠨᠠᠮ ᠤᠨ ᠪᠦᠳᠦᠬᠡᠨ ᠪᠠᠶᠢᠭᠤᠯᠤᠯᠳᠠ᠂ ᠭᠠᠵᠠᠷ ᠰᠢᠷᠤᠢ ᠳᠠᠳᠠᠪᠤᠷᠢᠯᠠᠬᠤ᠂ ᠨᠤᠷᠠᠭᠠᠵᠤ ᠨᠡᠬᠦᠯᠬᠡᠬᠦ᠂ ᠵᠠᠬᠢᠳᠠᠯ ᠰᠤᠷᠪᠤᠯᠵᠢᠯᠭ᠎ᠠ ᠶᠢᠨ ᠳᠤᠭᠳᠠᠭᠤᠨ ᠢ ᠬᠠᠮᠠᠭᠠᠯᠠᠬᠤ᠂ ᠬᠤᠳᠠ ᠶᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠡᠨᠡ ᠵᠢᠯ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠪᠤᠯᠤᠨ᠎ᠠ᠃      ᠰᠢᠷ᠎ᠠ ᠬᠦᠤᠷ ᠵᠡᠬᠡᠯᠢ ᠭᠤᠳᠤᠮᠵᠢ ᠪᠤᠰᠤᠳ ᠳᠦᠷᠪᠡᠨ ᠵᠡᠬᠡᠯᠢ ᠭᠤᠳᠤᠮᠵᠢ ᠲᠠᠢ ᠠᠳᠠᠯᠢ ᠦᠬᠡᠢ᠂ ᠳᠤᠤᠷᠠᠬᠢ ᠮᠡᠳᠤ ᠳᠦᠷᠪᠡᠨ ᠤᠨᠴᠠᠯᠢᠭ ᠲᠠᠢ᠄ ᠨᠢᠬᠡ ᠳᠤ᠂ ᠤᠷᠤᠨ ᠳᠤᠭᠤᠷᠢᠭ ᠤᠨ ᠦᠢᠯᠡᠳᠤᠯ ᠨᠢ ᠬᠠᠷᠢᠴᠠᠩᠭᠤᠢ ᠳᠤᠰᠠᠭᠠᠷ ᠪᠠᠶᠢᠳᠠᠭ᠃ ᠰᠢᠷ᠎ᠠ ᠬᠦᠤᠷ ᠵᠡᠬᠡᠯᠢ ᠭᠤᠳᠤᠮᠵᠢ ᠬᠤᠳᠠ ᠶᠢᠨ ᠳᠤᠭᠤᠷᠢᠭ ᠠᠴᠠ ᠪᠠᠷᠤᠭ 17 ᠺᠢᠯᠤᠮᠧᠲᠷ ᠵᠠᠶᠢᠳᠠᠢ ᠪᠠᠶᠢᠳᠠᠭ᠃ ᠳᠡᠬᠦᠨ ᠤ ᠬᠤᠳᠠ ᠶᠢᠨ ᠦᠢᠯᠡᠴᠢᠯᠡᠬᠡᠨ ᠤ ᠦᠢᠯᠡᠳᠤᠯ᠂ ᠤᠯᠠᠨ ᠨᠡᠶᠢᠳᠡ ᠶᠢᠨ ᠦᠢᠯᠡᠴᠢᠯᠡᠬᠡᠨ ᠤ ᠦᠢᠯᠡᠳᠤᠯ ᠪᠤᠯᠤᠨ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠦᠢᠯᠡᠴᠢᠯᠡᠬᠡᠨ ᠤ ᠦᠢᠯᠡᠳᠤᠯ ᠨᠢ ᠬᠠᠷᠢᠴᠠᠩᠭᠤᠢ ᠳᠤᠰᠠᠭᠠᠷ ᠪᠠᠶᠢᠳᠠᠭ᠃ ᠬᠤᠶᠠᠷ ᠲᠤ᠂ ᠦᠢᠯᠡᠴᠢᠯᠡᠬᠡᠨ ᠤ ᠡᠳᠡᠬᠡᠳ ᠨᠢ ᠤᠠᠴᠠᠭᠠᠢ ᠪᠠᠶᠢᠳᠠᠭ᠃ ︽ᠭᠤᠷᠪᠠᠨ ᠶᠡᠭᠡ ᠳᠦᠷᠦᠯ ᠤᠨ ᠬᠠᠮᠳᠤᠯᠢᠭ︾ ᠲᠠᠢ᠃ ᠨᠢᠬᠡᠳᠤᠬᠡᠷ ᠲᠤ᠂ ︽3500 ᠡᠷᠤᠬᠡ ᠶᠢᠨ ᠴᠡᠷᠢᠭ︾ ᠢᠶᠠᠷ ᠭᠤᠤᠯ ᠴᠤᠭᠴᠠ ᠪᠤᠯᠭᠠᠭᠰᠠᠨ ᠡᠮᠤᠨ᠎ᠡ ᠵᠠᠳᠠᠭᠠᠢ ᠠᠭᠤᠷᠬᠠᠢ ᠶᠢᠨ ᠠᠵᠢᠯᠳᠠᠨ ᠵᠢᠴᠢ ᠬᠡᠷ ᠪᠦᠯᠢ᠂ ᠠᠵᠢᠯ ᠠᠴᠠ ᠪᠠᠨ ᠠᠮᠠᠷᠠᠭᠰᠠᠨ ᠠᠵᠢᠯᠴᠢᠨ ᠠᠵᠢᠯᠳᠠᠨ ᠵᠡᠷᠬᠡ ᠶᠢᠨ ᠬᠠᠮᠳᠤᠯᠢᠭ᠃ ᠬᠤᠶᠠᠳᠤᠭᠠᠷ ᠲᠤ᠂ ᠮᠠᠯᠴᠢᠨ ᠳᠠᠷᠢᠶᠠᠴᠢᠨ ᠢᠶᠠᠷ ᠭᠤᠤᠯ ᠴᠤᠭᠴᠠ ᠪᠤᠯᠭᠠᠭᠰᠠᠨ ᠬᠦᠳᠡᠭᠡ ᠳᠤᠰᠬᠤᠨ ᠤ ᠬᠡᠷ ᠲᠡᠭᠡᠨ ᠬᠤᠴᠤᠷᠤᠭᠰᠠᠨ ᠬᠦᠭᠰᠢᠨ ᠵᠡᠮᠳᠡᠭ ᠶᠠᠳᠠᠷ ᠳᠤᠷᠤᠢ ᠵᠡᠷᠬᠡ ᠶᠢᠨ ᠮᠠᠯᠴᠢᠨ ᠳᠠᠷᠢᠶᠠᠴᠢᠨ ᠤ ᠬᠠᠮᠳᠤᠯᠢᠭ᠃ ᠭᠤᠷᠪᠠᠳᠤᠭᠠᠷ ᠲᠤ᠂ ᠨᠡᠬᠦᠳᠡᠯ ᠬᠦᠮᠦᠨ ᠠᠮᠠ ᠪᠠᠷ ᠭᠤᠤᠯ ᠴᠤᠭᠴᠠ ᠪᠤᠯᠭᠠᠭᠰᠠᠨ ᠠᠳᠠᠯ ᠪᠤᠰᠬᠠᠭᠴᠢ᠂ ᠭᠠᠳᠠᠨ᠎ᠠ ᠭᠠᠵᠠᠷ ᠤᠨ ᠠᠵᠢᠯ ᠬᠢᠭᠰᠡᠳ ᠤᠨ ᠬᠠᠮᠳᠤᠯᠢᠭ ᠪᠤᠯᠤᠨ᠎ᠠ᠃ ᠭᠤᠷᠪᠠ ᠳᠤ᠂ ᠬᠦᠭᠵᠢᠯᠳᠡ ᠶᠢᠨ ᠨᠢᠭᠤᠭᠳᠠᠮᠠᠯ ᠬᠦᠴᠦᠨ ᠯᠣᠳᠤ ᠶᠡᠭᠡ ᠪᠠᠶᠢᠨ᠎ᠠ᠃ ᠰᠢᠷ᠎ᠠ ᠬᠦᠤᠷ ᠵᠡᠬᠡᠯᠢ ᠭᠤᠳᠤᠮᠵᠢ ᠶᠢᠨ ᠭᠠᠵᠠᠷ ᠪᠤᠯ ᠳᠦᠩᠯᠢᠶᠤᠤ ᠬᠤᠳᠠ ᠶᠢᠨ ᠶᠡᠷᠤᠩᠬᠡᠶᠢᠯᠡᠭᠰᠡᠨ ᠡᠬᠢ ᠰᠤᠷᠪᠤᠯᠵᠢ ᠶᠢᠨ ᠡᠷᠬᠢᠯᠳᠡᠳᠤ ᠠᠵᠤ ᠠᠬᠤᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ ABCD ᠤᠷᠤᠨ ᠳᠤᠭᠤᠷᠢᠭ  ᠤᠨ ᠳᠦᠪ ᠤᠷᠤᠨ ᠪᠤᠯᠤᠨ᠎ᠠ᠃ ᠡᠬᠦᠨ ᠤ ᠳᠤᠳᠤᠷ᠎ᠠ ᠨᠢ ᠡᠮᠤᠨ᠎ᠡ ᠵᠠᠳᠠᠭᠠᠢ ᠨᠡᠬᠦᠷᠡᠰᠤᠨ ᠠᠭᠤᠷᠬᠠᠢ᠂ ᠪᠤᠯᠪᠠᠰᠤᠷᠠᠭᠤᠯᠬᠤ ᠺᠤᠮᠫᠠᠨᠢ᠂ ᠬᠤᠩ ᠵᠢᠶᠦ᠋ᠨ ᠬᠦᠩᠬᠡᠨᠴᠠᠭᠠᠨ ᠴᠠᠬᠢᠯᠭᠠᠨ᠂ ᠶᠢᠨ ᠯᠢᠶᠠᠨ᠂ ᠯᠢᠶᠠᠨ ᠱᠧᠩ᠂ ᠡᠾᠦ᠋ᠸᠧ ᠨᠢᠩ ᠨᠡᠬᠦᠷᠡᠰᠦᠳᠦ᠋ᠷᠦᠭᠴᠢ ᠵᠡᠷᠬᠡ ᠶᠢᠨ 67 ᠶᠡᠭᠡ ᠵᠢᠵᠢᠭ ᠬᠡᠯᠪᠡᠷᠢ ᠶᠢᠨ ᠠᠵᠤ ᠠᠬᠤᠶᠢᠯᠠᠯ ᠪᠠᠶᠢᠨ᠎ᠠ᠃ ᠤᠨᠴᠠᠭᠠᠶᠢᠯᠠᠨ ᠤᠷᠴᠢᠮ ᠤᠨ ᠬᠡᠳᠤᠨ ᠵᠢᠯ ᠳᠤ ᠶᠢᠨ ᠯᠢᠶᠠᠨ᠂ ᠯᠢᠶᠠᠨ ᠱᠧᠩ᠂ ᠴᠤᠸᠠᠩ ᠶᠤᠸᠠᠨ᠂ ᠵᠦᠩ ᠳᠢᠶᠧ ᠵᠡᠷᠬᠡ ᠳᠤᠮᠤ ᠠᠵᠤ ᠠᠬᠤᠶᠢᠯᠠᠯ ᠤᠨ ᠳᠣᠮᠣ ᠳᠦᠷᠦᠯ ᠵᠦᠢᠯ  ᠰᠢᠷ᠎ᠠ ᠬᠦᠤᠷ ᠤᠨ ᠤᠶᠢᠷᠠᠯᠴᠠᠭ᠎ᠠ ᠵᠠᠯᠭᠠᠭ᠎ᠠ ᠪᠠᠷ ᠰᠠᠭᠤᠷᠢᠰᠢᠬᠤ ᠶᠢ ᠳᠠᠭᠠᠯᠳᠣᠨ᠂ ᠡᠮᠤᠨ᠎ᠡ ᠳᠤᠭᠤᠷᠢᠭ ᠤᠨ ︽ᠳᠡᠳ᠋ ᠳᠦᠪ ᠬᠤᠳᠠ︾ ᠶᠢᠨ ᠦᠢᠯᠡᠳᠤᠯ ᠡᠳᠤᠷ ᠢᠷᠡᠬᠦᠶ᠎ᠡ ᠢᠯᠡᠳᠳᠡ ᠪᠤᠯᠵᠤ᠂ ᠬᠦᠭᠵᠢᠯᠳᠡ ᠶᠢᠨ ᠳᠤᠬᠢᠶᠠᠯ ᠨᠡᠩ ᠰᠠᠶᠢᠨ ᠪᠤᠯᠵᠤ ᠪᠠᠶᠢᠨ᠎ᠠ᠃
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号