ᠬᠤᠣᠯᠢᠨ ᠵᠠᠰᠠᠭ ᠠᠯᠪᠠᠨ ᠦᠰᠦᠭ ﹇2018﹈ 43 ᠳ᠋ᠣᠭᠠᠷ | ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠰᠠᠯᠠᠭ᠎ᠠ ᠮᠦᠴᠢᠷ᠄ | ︽ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠡᠯᠳᠡᠰ᠂ ᠭᠡᠷ ᠪᠠᠶᠢᠰᠢᠩ ᠣᠷᠣᠨ ᠰᠠᠭᠤᠴᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠬᠤ ᠬᠡᠯᠳᠡᠰ ᠠᠴᠠ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠪᠠ ᠣᠷᠣᠨ | ᠰᠠᠭᠤᠴᠠ ᠶᠢᠨ ᠰᠣᠯᠢᠯᠴᠠᠭᠠᠨ ᠤ ᠬᠠᠮᠢᠶᠠᠷᠣᠯᠳᠠ ᠶᠢᠨ ᠵᠠᠯᠭᠠᠯᠳᠠ ᠶᠢ ᠵᠢᠯᠣᠭᠤᠳᠬᠤ ᠰᠠᠨᠠᠯ︾ ︵ᠣᠯᠣᠰ ᠭᠠᠵᠠᠷ | ᠲᠠᠷᠬᠠᠭᠠᠭᠰᠠᠨ ﹇2015﹈ 90 ᠳ᠋ᠣᠭᠠᠷ ᠳᠣᠭᠠᠳᠣ ᠪᠣᠯᠣᠨ ︽ᠦᠪᠦᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠶᠢ ᠬᠡᠷᠡᠭᠵᠢᠬᠦᠯᠬᠦ ᠠᠷᠭ᠎ᠠ︾ ︵ᠦᠪᠦᠷ ᠵᠠᠰᠠᠭ | ᠲᠠᠷᠬᠠᠭᠠᠭᠰᠠᠨ ﹇2017﹈ 8 ᠳ᠋ᠣᠭᠠᠷ ᠳᠣᠭᠠᠳᠣ︶ ᠤᠨ ᠠᠵᠢᠯ ᠤᠨ ᠪᠠᠶᠢᠷᠢᠰᠢᠭᠤᠯᠣᠯᠳᠠ᠂ ︽ᠬᠤᠣᠯᠢᠩᠭᠤᠣᠯ | ᠬᠤᠳᠠ ᠶᠢᠨ ︿ᠨᠢᠭᠡ ᠣᠳᠠᠭ᠎ᠠ ᠳᠤ ᠰᠢᠢᠳᠪᠦᠷᠢᠯᠡᠬᠦ﹀ ᠦᠭᠡᠷᠡᠴᠢᠯᠡᠯᠳᠡ ᠶᠢᠨ ᠬᠡᠷᠡᠭᠵᠢᠬᠦᠯᠬᠦ ᠲᠦᠰᠦᠯ︾ ︵ | ᠬᠤᠣᠯᠢᠨ ᠨᠠᠮ ᠠᠯᠪᠠᠨ ᠦᠰᠦᠭ ﹇2018﹈ 13 ᠳ᠋ᠣᠭᠠᠷ ᠳᠣᠭᠠᠳᠣ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ | ᠲᠣᠣᠱᠯᠠᠭᠤᠯᠣᠨ ᠨᠠᠶᠢᠳᠠᠪᠣᠷᠢᠵᠢᠭᠤᠯᠵᠣ᠂ ᠦᠯᠦ ᠬᠦᠳᠡᠯᠬᠦ ᠬᠦᠷᠦᠩᠬᠡ ᠶᠢᠨ ᠰᠣᠯᠢᠯᠴᠠᠭ᠎ᠠ᠂ ᠭᠠᠶᠢᠯᠢ᠂ ᠲᠠᠩᠰᠠᠯᠠᠬᠤ | ᠪᠠᠶᠢᠭᠤᠯᠣᠮᠵᠢ ᠶᠢ ᠦᠬᠡᠷᠡᠴᠢᠯᠡᠨ ᠰᠢᠨ᠎ᠡ ᠶᠢ ᠡᠭᠦᠳᠬᠦ ᠶᠢ ᠲᠦᠷᠭᠡᠳᠭᠡᠨ ᠠᠬᠢᠭᠤᠯᠵᠣ᠂ ᠶᠠᠪᠣᠳᠠᠯ ᠰᠢᠢᠳᠪᠦᠷᠢᠯᠡᠬᠦ | ᠶᠠᠪᠣᠴᠠ ᠶᠢ ᠪᠠᠭᠠᠰᠬᠠᠵᠣ᠂ ᠰᠢᠢᠳᠪᠦᠷᠢᠯᠡᠬᠦ ᠴᠣᠪᠣᠷᠠᠯ ᠢ ᠰᠢᠯᠢᠳᠡᠭᠵᠢᠬᠦᠯᠵᠦ᠂ ᠪᠦᠬᠦ ᠬᠤᠳᠠ ᠶᠢᠨ ᠦᠯᠦ ᠬᠦᠳᠡᠯᠬᠦ | ᠬᠦᠷᠦᠩᠬᠡ ᠶᠢ ᠲᠠᠩᠰᠠᠯᠠᠬᠤ ᠶᠢ ︽ᠨᠢᠭᠡ ᠴᠣᠩᠬᠤᠪᠴᠢ ᠪᠠᠷ ᠬᠦᠢᠴᠡᠳᠭᠡᠬᠦ︾ ᠶᠢ ᠪᠡᠶᠡᠯᠡᠬᠦᠯᠬᠦ ᠶᠢ ᠪᠠᠳᠣᠯᠠᠵᠣ᠂ | ᠠᠵᠣ ᠠᠬᠤᠶᠢᠯᠠᠯ ᠪᠣᠯᠣᠨ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠠ ᠪᠠᠷ ᠲᠦᠬᠦᠮ ᠦᠵᠡᠬᠦᠯᠵᠦ᠂ ᠮᠠᠨ ᠤ | ᠬᠤᠳᠠ ᠶᠢᠨ ᠪᠣᠳᠠᠳᠣ ᠪᠠᠶᠢᠳᠠᠯ ᠲᠠᠢ ᠣᠶᠠᠯᠳᠣᠭᠤᠯᠵᠣ ᠲᠣᠣᠷᠠᠬᠢ ᠬᠡᠷᠡᠭᠵᠢᠬᠦᠯᠬᠦ ᠲᠦᠰᠦᠯ ᠢ ᠲᠣᠭᠳᠠᠭᠠᠭᠰᠠᠨ | ᠪᠠᠶᠢᠨ᠎ᠠ᠃ | ᠨ᠊ᠵᠭᠡ᠂ ᠵᠢᠯᠣᠭᠤᠳᠬᠤ ᠦᠵᠡᠯ ᠰᠠᠨᠠᠭ᠎ᠠ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠲᠣᠣᠱᠯᠠᠭᠤᠯᠵᠣ᠂ ︽ᠠᠵᠣ ᠠᠬᠤᠶᠢᠯᠠᠯ ᠤᠨ ᠶᠠᠪᠣᠳᠠᠯ ᠳᠤ ᠰᠠᠭᠠᠳ ᠦᠭᠡᠢ᠂ ᠣᠯᠠᠨ ᠲᠦᠮᠡᠨ ᠤ ᠶᠠᠪᠣᠳᠠᠯ ᠳᠤ | ᠬᠠᠷᠰᠢ ᠦᠭᠡᠢ︾ ᠬᠠᠷᠠᠯᠳᠠ ᠶᠢ ᠪᠡᠶᠡᠯᠡᠬᠦᠯᠵᠦ᠂ ᠮᠠᠨ ᠤ ᠬᠤᠳᠠ ᠶᠢᠨ ︽ᠨᠢᠬᠡ ᠣᠳᠠᠭ᠎ᠠ ᠳᠤ ᠰᠢᠢᠳᠪᠦᠷᠢᠯᠡᠬᠦ︾ | ᠦᠭᠡᠷᠡᠴᠢᠯᠡᠯᠳᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠬᠤᠳᠠ ᠶᠢᠨ ᠵᠠᠰᠠᠭ ᠤᠨ ᠶᠠᠪᠣᠳᠠᠯ ᠤᠨ | ᠦᠢᠯᠡᠴᠢᠯᠡᠭᠡᠨ ᠤ ᠲᠦᠪ ᠲᠤ ᠶᠡᠷᠦᠩᠬᠡᠶᠢᠯᠡᠭᠰᠡᠨ ᠲᠣᠰᠬᠠᠢ ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠵᠣ᠂ ︽ | ᠣᠷᠢᠳᠠᠪᠠᠷ ᠶᠡᠷᠦᠩᠬᠡᠶᠢᠯᠡᠨ ᠰᠢᠢᠳᠪᠦᠷᠢᠯᠡᠵᠦ᠂ ᠲᠠᠷᠠᠭ᠎ᠠ ᠨᠢ ᠠᠩᠬᠢᠯᠠᠨ ᠬᠢᠨᠠᠵᠣ᠂ ᠴᠣᠩᠬᠤᠪᠴᠢ ᠶᠢᠨ ᠭᠠᠷᠳᠠᠮ ᠢ | ᠨᠢᠭᠡᠳᠭᠡᠬᠦ︾ ᠬᠢᠨᠠᠨ ᠵᠦᠪᠰᠢᠶᠡᠷᠡᠬᠦ ᠵᠠᠭᠪᠣᠷ ᠢ ᠬᠡᠷᠡᠭᠵᠢᠬᠦᠯᠦᠨ᠎ᠡ᠃ ᠡᠨᠡ ᠨᠢ ᠣᠯᠠᠨ ᠴᠣᠩᠬᠤᠪᠴᠢ ᠠᠴᠠ ᠭᠠᠭᠴᠠ | ᠴᠣᠩᠬᠤᠪᠴᠢ ᠳᠤ ᠬᠦᠢᠴᠡᠳᠭᠡᠵᠦ᠂ ᠣᠯᠠᠨ ᠣᠳᠠᠭ᠎ᠠ ᠳᠤ ᠬᠦᠢᠴᠡᠳᠭᠡᠬᠦ ᠪᠠᠶᠢᠭᠰᠠᠨ ᠠᠴᠠ ︽ᠬᠠᠮᠤᠭ ᠣᠯᠠᠨ | ᠳᠠᠭᠠᠨ ᠨᠢᠭᠡ ᠣᠳᠠᠭ᠎ᠠ ᠳᠤ ᠬᠦᠢᠴᠡᠳᠭᠡᠬᠦ︾ ᠪᠣᠯᠵᠣ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠶᠢᠨ ᠪᠦᠳᠦᠮᠵᠢ ᠶᠢ | ᠦᠨᠡᠨᠬᠦ ᠲᠡᠭᠡᠭᠰᠢᠯᠡᠬᠦᠯᠦᠭᠰᠡᠨ ᠪᠠᠶᠢᠨ᠎ᠠ᠃ | ᠬᠤᠶᠠᠷ᠂ ᠠᠵᠢᠯ ᠤᠨ ᠬᠠᠷᠠᠯᠳᠠ | ︵ᠨᠢᠭᠡ︶ ︽ᠨᠢᠭᠡ ᠴᠣᠩᠬᠤᠪᠴᠢ ᠪᠠᠷ ᠬᠦᠢᠴᠡᠳᠭᠡᠬᠦ︾ ᠶᠢ ᠪᠡᠶᠡᠯᠡᠬᠦᠯᠬᠦ᠃ ︽ᠨᠢᠭᠡ ᠴᠣᠩᠬᠤᠪᠴᠢ ᠪᠠᠷ | ᠬᠦᠢᠴᠡᠳᠭᠡᠬᠦ︾ ᠭᠡᠳᠡᠭ ᠨᠢ ᠭᠠᠭᠴᠠ ᠴᠣᠩᠬᠤᠪᠴᠢ ᠳᠤ ᠦᠯᠦ ᠬᠦᠳᠡᠯᠬᠦ ᠬᠦᠷᠦᠩᠭᠡ ᠵᠢᠴᠢ ᠭᠡᠷ ᠪᠠᠶᠢᠰᠢᠩ ᠤᠨ | ᠠᠷᠠᠯᠵᠢᠶ᠎ᠠ᠂ ᠭᠠᠶᠢᠯᠢ ᠶᠢᠨ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠭᠠᠷ ᠬᠦᠢᠴᠡᠳᠭᠡᠯ ᠢ ᠨᠢᠭᠡᠳᠦᠯᠳᠡᠢ ᠰᠢᠢᠳᠪᠦᠷᠢᠯᠡᠵᠦ᠂ | ᠰᠠᠯᠠᠭ᠎ᠠ ᠮᠦᠴᠢᠷ ᠤᠨ ᠬᠤᠭᠤᠷᠣᠨᠳᠣᠬᠢ ᠮᠡᠳᠡᠭᠡ ᠵᠠᠩᠬᠢ ᠶᠢ ᠬᠠᠮᠳᠣ ᠬᠡᠷᠡᠭᠯᠡᠬᠦ ᠪᠣᠯᠣᠨ ᠠᠵᠢᠯ ᠶᠠᠪᠣᠳᠠᠯ ᠤᠨ | ᠬᠠᠮᠵᠢᠯᠭ᠎ᠠ ᠪᠠᠷ ᠲᠠᠮᠵᠢᠵᠣ᠂ ᠠᠵᠣ ᠠᠬᠤᠶᠢᠯᠠᠯ ᠪᠣᠯᠣᠨ ᠣᠯᠠᠨ ᠲᠦᠮᠡᠨ ᠳᠤ ᠲᠦᠪᠯᠡᠷᠡᠭᠰᠡᠨ ᠦᠢᠯᠡᠴᠢᠯᠡᠭᠡ | ᠬᠠᠩᠭᠠᠵᠣ᠂ ᠠᠵᠣ ᠠᠬᠤᠶᠢᠯᠠᠯ ᠪᠣᠯᠣᠨ ᠣᠯᠠᠨ ᠲᠦᠮᠡᠨ ᠢ ᠨᠢᠭᠡ ᠯᠡ ᠲᠡᠭᠡᠷ᠎ᠡ ᠮᠠᠲ᠋ᠧᠷᠢᠶᠠᠯ ᠬᠠᠩᠭᠠᠪᠠᠯ᠂ ᠲᠠᠷᠣᠢ | ᠦᠯᠦ ᠬᠦᠳᠡᠯᠬᠦ ᠬᠦᠷᠦᠩᠭᠡ ᠶᠢᠨ ᠦᠮᠴᠢᠯᠡᠬᠦ ᠡᠷᠬᠡ ᠶᠢᠨ ᠦᠨᠡᠮᠯᠡᠯ ᠢ ᠣᠯᠴᠢᠬᠠᠬᠤ ᠶᠢ ᠵᠢᠭᠠᠵᠣ ᠪᠣᠢ᠃ 2018 | ᠣᠨ ᠤ 5 ᠰᠠᠷ᠎ᠠ ᠶᠢᠨ 5 ᠤ ᠡᠳᠦᠷ ᠠᠴᠠ ᠡᠮᠦᠨ᠎ᠡ᠂ ᠪᠦᠬᠦ ᠬᠤᠳᠠ ᠠᠴᠠ ᠭᠡᠷ ᠪᠠᠶᠢᠰᠢᠩ ᠤᠨ ᠠᠷᠠᠯᠵᠢᠶ᠎ᠠ᠂ | ᠭᠠᠶᠢᠯᠢ ᠶᠢᠨ ᠶᠠᠪᠣᠳᠠᠯ᠂ ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢ ︽ᠨᠢᠭᠡ ᠴᠣᠩᠬᠤᠪᠴᠢ ᠪᠠᠷ | ᠬᠦᠢᠴᠡᠳᠭᠡᠬᠦ︾ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ | ︵ᠬᠤᠶᠠᠷ︶ ᠰᠢᠢᠳᠪᠦᠷᠢᠯᠡᠬᠦ ᠴᠠᠭ ᠢ ᠪᠠᠭᠠᠰᠬᠠᠬᠤ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ | ᠤ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠳᠤ ᠬᠡᠷᠡᠭᠵᠢᠬᠦᠯᠬᠦ ᠠᠷᠭ᠎ᠠ︾ ︵ᠦᠪᠦᠷ ᠵᠠᠰᠠᠭ ᠲᠠᠷᠬᠠᠭᠠᠭᠰᠠᠨ ﹇ | 2017﹈ 8 ᠳ᠋ᠣᠭᠠᠷ ᠳᠣᠭᠠᠳᠣ︶ ᠪᠣᠯᠣᠨ ︽ᠬᠤᠣᠯᠢᠩᠭᠤᠣᠯ ᠬᠤᠳᠠ ᠶᠢᠨ ︽ᠬᠠᠮᠤᠭ ᠣᠯᠠᠨ ᠳᠠᠭᠠᠨ ᠨᠢᠬᠡ | ᠣᠳᠠᠭ᠎ᠠ ᠳᠤ ᠬᠦᠢᠴᠡᠳᠭᠡᠬᠦ︾ ᠦᠭᠡᠷᠡᠴᠢᠯᠡᠯᠳᠡ ᠶᠢᠨ ᠬᠡᠷᠡᠭᠵᠢᠬᠦᠯᠬᠦ ᠲᠦᠰᠦᠯ︾ ︵ᠬᠤᠣᠯᠢᠨ ᠨᠠᠮ ᠠᠯᠪᠠᠨ ﹇ | 2018﹈ 13 ᠳ᠋ᠣᠭᠠᠷ ᠳᠣᠭᠠᠳᠣ︶ ᠳᠠᠬᠢ ᠦᠯᠦ ᠬᠦᠳᠡᠯᠬᠦ ᠬᠦᠷᠦᠩᠭᠡ ᠶᠢᠨ ᠲᠠᠩᠰᠠᠯᠠᠬᠤ ᠶᠢ ᠬᠦᠢᠴᠡᠳᠭᠡᠬᠦ ᠴᠠᠭ | ᠤᠨ ᠬᠠᠮᠢᠶ᠎ᠠ ᠪᠦᠬᠦᠢ ᠬᠠᠷᠠᠯᠳᠠ ᠪᠣᠯᠣᠨ ᠱᠠᠭᠠᠷᠳᠠᠯᠭ᠎ᠠ ᠶᠢ ᠲᠣᠶᠢᠯᠪᠣᠷᠢᠳᠠᠢ ᠨᠠᠶᠢᠳᠠᠪᠣᠷᠢᠵᠢᠭᠤᠯᠣᠨ ᠲᠣᠣᠱᠯᠠᠭᠤᠯᠵᠣ᠂ | ᠦᠯᠦ ᠬᠦᠳᠡᠯᠬᠦ ᠬᠦᠷᠦᠩᠬᠡ ᠶᠢᠨ ᠲᠠᠩᠰᠠᠯᠠᠯᠳᠠ ᠶᠢ ᠬᠠᠣᠯᠢ ᠶᠣᠰᠣᠨ ᠤ᠂ ᠲᠦᠷᠢᠮᠵᠢᠭᠰᠡᠨ᠂ ᠵᠦᠪ ᠣᠨᠣᠪᠴᠢᠳᠠᠢ | ᠪᠣᠯᠭᠠᠬᠤ ᠶᠢᠨ ᠣᠷᠢᠳᠠᠯ ᠲᠣᠣᠷ᠎ᠠ᠂ ᠠᠵᠢᠯ ᠤᠨ ᠪᠦᠳᠦᠮᠵᠢ ᠪᠠᠨ ᠣᠯᠠᠮ ᠨᠢᠭᠡ ᠠᠯᠬᠤᠮ ᠲᠡᠭᠡᠭᠰᠢᠯᠡᠬᠦᠯᠵᠦ᠂ | ᠲᠠᠩᠰᠠᠯᠠᠬᠤ ᠴᠠᠭ ᠢ ᠵᠣᠬᠢᠰᠳᠠᠢ ᠪᠠᠷ ᠪᠠᠭᠠᠰᠬᠠᠵᠣ᠂ 5 ᠠᠵᠢᠯ ᠤᠨ ᠡᠳᠦᠷ ᠲᠤ ᠬᠦᠢᠴᠡᠳᠭᠡᠬᠦ ᠪᠠᠷ ᠴᠢᠷᠮᠠᠶᠢᠵᠣ ᠪᠣᠢ᠃ | | ᠬ᠋᠊ᠣᠷᠪᠠ᠂ ᠭᠤᠣᠯ ᠡᠭᠦᠷᠭᠡ | ︵ᠨᠢᠭᠡ︶ ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢ ᠰᠢᠢᠳᠪᠦᠷᠢᠯᠡᠬᠦ ᠶᠡᠷᠦᠩᠬᠡᠢ ᠦᠢᠯᠡᠴᠢᠯᠡᠭᠡᠨ ᠤ | ᠴᠣᠩᠬᠤᠪᠴᠢ ᠶᠢ ᠲᠣᠬᠢᠷᠠᠭᠤᠯᠵᠣ᠂ ᠬᠦᠢᠴᠡᠳᠭᠡᠬᠦ ᠴᠣᠪᠣᠷᠠᠯ ᠢᠶᠠᠨ ᠰᠢᠯᠢᠳᠡᠭᠵᠢᠬᠦᠯᠦᠨ᠎ᠡ᠃ ᠦᠢᠯᠡᠴᠢᠯᠡᠭᠡᠨ ᠤ | ᠴᠣᠩᠬᠤᠪᠴᠢ ᠶᠢᠨ ᠲᠣᠬᠢᠷᠠᠭᠤᠯᠣᠯᠳᠠ ᠶᠢ ᠲᠠᠬᠢᠨ ᠲᠦᠰᠦᠪᠯᠡᠵᠦ᠂ ᠮᠠᠨ ᠤ ᠬᠤᠳᠠ ᠶᠢᠨ ᠦᠯᠦ ᠬᠦᠳᠡᠯᠬᠦ ᠬᠦᠷᠦᠩᠭᠡ | ᠶᠢᠨ ᠲᠠᠩᠰᠠᠯᠠᠯᠳᠠ ᠶᠢᠨ ᠪᠣᠳᠠᠳᠣ ᠪᠠᠶᠢᠳᠠᠯ ᠢ ᠦᠨᠳᠦᠰᠦᠯᠡᠨ᠂ ᠴᠣᠩᠬᠤᠪᠴᠢ ᠶᠢᠨ ᠲᠤᠭ᠎ᠠ ᠬᠡᠮᠵᠢᠶ᠎ᠡ ᠪᠠᠨ | ᠲᠣᠭᠳᠠᠭᠠᠵᠣ᠂ ᠪᠣᠳᠠᠳᠠᠢ ᠲᠣᠬᠢᠷᠠᠭᠤᠯᠣᠯᠳᠠ᠂ ᠣᠴᠢᠷ ᠶᠠᠪᠣᠳᠠᠯ ᠤᠨ ᠡᠮᠬᠢᠯᠡᠯ᠂ ᠠᠵᠢᠯᠳᠠᠨ ᠤ ᠲᠣᠮᠢᠯᠠᠯᠳᠠ᠂ | ᠲᠦᠬᠦᠭᠡᠷᠦᠮᠵᠢ ᠶᠢᠨ ᠲᠣᠬᠢᠷᠠᠭᠤᠯᠣᠯᠳᠠ ᠵᠡᠷᠭᠡ ᠠᠰᠠᠭᠤᠳᠠᠯ ᠢ ᠬᠤᠳᠠ ᠶᠢᠨ ᠵᠠᠰᠠᠭ ᠤᠨ ᠶᠠᠪᠣᠳᠠᠯ ᠤᠨ | ᠦᠢᠯᠡᠴᠢᠯᠡᠭᠡᠨ ᠤ ᠲᠦᠪ ᠠᠴᠠ ᠬᠤᠳᠠ ᠶᠢᠨ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ᠂ | ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠣᠷᠣᠨ ᠨᠣᠳᠤᠭ ᠤᠨ ᠭᠠᠶᠢᠯᠢ ᠶᠠᠪᠣᠳᠠᠯ ᠤᠨ ᠲᠣᠪᠴᠢᠶ᠎ᠠ ᠲᠠᠢ | ᠬᠠᠮᠳᠣᠷᠠᠨ ᠬᠠᠮᠤᠭ ᠡᠴᠦᠰ ᠤᠨ ᠪᠠᠳᠣᠯᠠᠯᠳᠠ ᠬᠢᠨ᠎ᠡ᠃ ᠡᠬᠦᠨ ᠤ ᠬᠠᠮᠳᠣ᠂ ᠡᠯ᠎ᠡ ᠰᠠᠯᠠᠭ᠎ᠠ ᠮᠦᠴᠢᠷ ᠤᠨ ᠠᠵᠢᠯ | ᠶᠠᠪᠣᠳᠠᠯ ᠤᠨ ᠴᠣᠪᠣᠷᠠᠯ ᠳᠤ ᠵᠣᠬᠢᠴᠠᠭᠤᠯᠣᠨ᠂ ︽ᠨᠢᠭᠡ ᠯᠠ ᠴᠣᠩᠬᠤᠪᠴᠢ ᠳᠤ ᠬᠦᠢᠴᠡᠳᠭᠡᠬᠦ︾ ᠶᠢ ᠪᠡᠶᠡᠯᠡᠬᠦᠯᠵᠦ᠂ | ᠲᠦᠷᠦᠯ ᠬᠤᠪᠢᠶᠠᠨ ᠬᠢᠨᠠᠵᠣ᠂ ᠬᠤᠯᠪᠣᠭᠠᠯᠠᠨ ᠬᠦᠢᠴᠡᠳᠭᠡᠵᠦ᠂ ᠦᠢᠯᠡᠴᠢᠯᠡᠭᠡ ᠶᠢ ᠲᠦᠪᠯᠡᠷᠡᠬᠦᠯᠵᠦ᠂ ᠢᠳᠡᠪᠬᠢᠳᠡᠢ | ᠪᠠᠷ ᠨᠦᠬᠦᠴᠡᠯ ᠡᠭᠦᠳᠴᠦ᠂ ︽ᠨᠢᠭᠡ ᠴᠣᠩᠬᠤᠪᠴᠢ ᠪᠠᠷ ᠬᠦᠢᠴᠡᠳᠭᠡᠬᠦ︾ ᠦᠢᠯᠡᠴᠢᠯᠡᠭᠡ ᠶᠢ ᠬᠡᠷᠡᠭᠵᠢᠬᠦᠯᠦᠨ᠎ᠡ᠃ | ᠶᠡᠷᠦᠩᠬᠡᠶᠢᠯᠡᠨ ᠬᠦᠢᠴᠡᠳᠭᠡᠬᠦ ᠴᠣᠩᠬᠤᠪᠴᠢ ᠠᠴᠠ ︽ᠡᠮᠦᠨ᠎ᠡ ᠲᠠᠯ᠎ᠠ ᠳᠤ ᠨᠢᠭᠡᠳᠦᠯᠳᠡᠢ ᠰᠢᠢᠳᠪᠦᠷᠢᠯᠡᠵᠦ᠂ ᠠᠷᠣ | ᠲᠠᠯ᠎ᠠ ᠲᠦᠷᠦᠯ ᠬᠤᠪᠢᠶᠠᠨ ᠬᠢᠨᠠᠵᠣ᠂ ᠴᠣᠩᠬᠤᠪᠴᠢ ᠳᠤ ᠬᠡᠷᠡᠭᠰᠡᠬᠦ ᠮᠠᠲ᠋ᠧᠷᠢᠶᠠᠯ ᠢ ᠨᠢᠭᠡᠳᠭᠡᠬᠦ︾ ᠵᠠᠰᠠᠭ ᠤᠨ | ᠶᠠᠪᠣᠳᠠᠯ ᠤᠨ ᠦᠢᠯᠡᠴᠢᠯᠡᠭᠡᠨ ᠤ ᠵᠠᠭᠪᠣᠷ ᠢ ᠬᠡᠷᠡᠭᠵᠢᠬᠦᠯᠵᠦ᠂ ᠬᠢᠨᠠᠯᠳᠠ ᠶᠢᠨ ᠴᠣᠪᠣᠷᠠᠯ ᠢ ᠲᠦᠬᠦᠮ ᠨᠠᠷᠢᠯᠢᠭ | ᠪᠣᠯᠭᠠᠵᠣ᠂ ᠬᠦᠢᠴᠡᠳᠭᠡᠬᠦ ᠠᠯᠬᠤᠮ ᠢ ᠪᠠᠭᠠᠰᠬᠠᠵᠣ᠂ ᠣᠣᠯ ᠤᠨ ᠣᠭᠰᠠᠷᠠᠭ᠎ᠠ ᠬᠡᠯᠪᠡᠷᠢ ᠶᠢᠨ ᠬᠢᠨᠠᠯᠳᠠ ᠶᠢᠨ ᠵᠠᠭᠪᠣᠷ | ᠢᠶᠠᠨ ᠬᠤᠪᠢᠷᠠᠭᠤᠯᠵᠣ᠂ ᠬᠢᠨᠠᠨ ᠵᠦᠪᠰᠢᠶᠡᠷᠡᠬᠦ ᠴᠠᠭ ᠢ ᠪᠠᠭᠠᠰᠬᠠᠵᠣ᠂ ᠶᠠᠪᠣᠳᠠᠯ ᠰᠢᠢᠳᠪᠦᠷᠢᠯᠡᠬᠦ ᠦᠷ᠎ᠡ ᠪᠦᠳᠦᠮᠵᠢ ᠶᠢ | ᠲᠡᠭᠡᠭᠰᠢᠯᠡᠬᠦᠯᠵᠦ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠵᠦ᠂ ᠣᠯᠠᠨ | ᠲᠦᠮᠡᠨ ᠤ ᠬᠦᠷᠳᠡᠮᠵᠢ ᠶᠢᠨ ᠲᠦᠷᠦᠭᠳᠡᠯ ᠪᠣᠯᠣᠨ ᠵᠢᠷᠭᠠᠯᠳᠣ ᠲᠦᠷᠦᠭᠳᠡᠯ ᠢ ᠨᠡᠮᠡᠭᠳᠡᠬᠦᠯᠦᠭᠰᠡᠨ ᠪᠠᠶᠢᠨ᠎ᠠ᠃ | ︵ᠬᠤᠶᠠᠷ︶ ᠭᠤᠶᠣᠴᠢᠯᠠᠭᠠ ᠶᠢᠨ ᠮᠠᠲ᠋ᠧᠷᠢᠶᠠᠯ ᠢ ᠪᠦᠬᠦ ᠲᠠᠯ᠎ᠠ ᠪᠠᠷ ᠡᠮᠬᠢᠯᠡᠨ ᠲᠦᠬᠦᠮ ᠨᠠᠷᠢᠯᠢᠭ ᠪᠣᠯᠭᠠᠨ᠎ᠠ᠃ | ᠬᠠᠣᠯᠢ ᠴᠠᠭᠠᠵᠠ ᠬᠠᠣᠯᠢ ᠲᠦᠷᠢᠮ ᠤᠨ ᠱᠠᠭᠠᠷᠳᠠᠯᠭ᠎ᠠ ᠶᠢ ᠡᠷᠡᠰ ᠵᠢᠷᠣᠮᠯᠠᠵᠣ᠂ ᠦᠯᠦ ᠬᠦᠳᠡᠯᠬᠦ ᠬᠦᠷᠦᠩᠭᠡ ᠶᠢᠨ | ᠰᠣᠯᠢᠯᠴᠠᠭ᠎ᠠ᠂ ᠭᠠᠶᠢᠯᠢ ᠬᠤᠷᠢᠶᠠᠬᠤ᠂ ᠲᠠᠩᠰᠠᠯᠠᠬᠤ ᠠᠵᠢᠯ ᠳᠤ ᠬᠡᠷᠡᠭᠰᠡᠬᠦ ᠭᠤᠶᠣᠴᠢᠯᠠᠭᠠ ᠶᠢᠨ ᠮᠠᠲ᠋ᠧᠷᠢᠶᠠᠯ ᠢ | ᠲᠠᠬᠢᠨ ᠡᠮᠬᠢᠯᠡᠵᠦ᠂ ᠭᠤᠶᠣᠴᠢᠯᠠᠨ ᠮᠡᠳᠡᠬᠦᠯᠬᠦ ᠮᠠᠲ᠋ᠧᠷᠢᠶᠠᠯ ᠢᠶᠠᠨ ᠨᠢᠭᠡᠳᠭᠡᠵᠦ ᠢᠯᠡ ᠨᠡᠶᠢᠳᠡᠯᠡᠨ᠎ᠡ᠃ ᠭᠡᠭᠦ ᠳᠡᠭᠡᠨ | ᠲᠠᠪᠬᠤᠴᠠᠭᠤᠯᠬᠤ ᠦᠭᠡᠢ᠂ ᠭᠤᠭᠤᠵᠢᠭᠳᠠᠭᠤᠯᠬᠤ ᠦᠭᠡᠢ ᠪᠠᠶᠢᠬᠤ ᠵᠠᠷᠴᠢᠮ ᠢ ᠴᠢᠩᠭ᠎ᠠ ᠪᠠᠷᠢᠮᠳᠠᠯᠠᠵᠣ᠂ | ᠭᠤᠶᠣᠴᠢᠯᠠᠭᠠ ᠶᠢᠨ ᠮᠠᠲ᠋ᠧᠷᠢᠶᠠᠯ ᠤᠨ ᠲᠦᠷᠦᠯ ᠵᠦᠢᠯ ᠪᠣᠯᠣᠨ ᠬᠦᠷᠢᠶ᠎ᠡ ᠬᠡᠪᠴᠢᠶ᠎ᠡ ᠶᠢ ᠲᠣᠷ᠎ᠠ ᠪᠠᠷ ᠢᠶᠠᠨ | ᠦᠷᠭᠡᠳᠭᠡᠵᠦ ᠪᠣᠯᠬᠤ ᠦᠭᠡᠢ᠃ ᠬᠠᠣᠯᠢ ᠴᠠᠭᠠᠵᠠ ᠬᠠᠣᠯᠢ ᠲᠦᠷᠢᠮ ᠤᠨ ᠦᠨᠳᠦᠰᠦᠯᠡᠯ ᠦᠭᠡᠢ ᠮᠠᠲ᠋ᠧᠷᠢᠶᠠᠯ ᠪᠦᠬᠦᠨ | ᠢ ᠬᠦᠴᠦᠨ ᠦᠭᠡᠢ ᠪᠣᠯᠭᠠᠵᠣ᠂ ᠰᠢᠰᠲ᠋ᠧᠮ ᠢᠶᠠᠷ ᠪᠠᠶᠢᠴᠠᠭᠠᠨ ᠯᠠᠪᠯᠠᠵᠣ᠂ ᠲᠣᠳᠣᠭᠠᠳᠣ ᠳᠠᠭᠠᠨ ᠪᠡᠶᠡᠯᠡᠬᠦᠯᠵᠦ ᠲᠡᠶᠢᠯᠬᠦ | ᠪᠦᠬᠦᠨ ᠢ ᠲᠠᠬᠢᠨ ᠮᠠᠲ᠋ᠧᠷᠢᠶᠠᠯ ᠲᠣᠰᠢᠶᠠᠯᠭᠠᠬᠤ ᠪᠠᠷ ᠱᠠᠭᠠᠷᠳᠠᠵᠣ ᠪᠣᠯᠬᠤ ᠦᠭᠡᠢ᠃ ᠭᠤᠶᠣᠴᠢᠯᠠᠭᠴᠢ ᠠᠴᠠ | ᠮᠠᠲ᠋ᠧᠷᠢᠶᠠᠯ ᠢᠶᠠᠨ ᠲᠣᠰᠢᠶᠠᠭᠰᠠᠨ ᠤ ᠲᠠᠷᠠᠭ᠎ᠠ᠂ ᠰᠢᠢᠳᠪᠦᠷᠢᠯᠡᠭᠴᠢ ᠠᠴᠠ ᠠᠩᠬ᠎ᠠ ᠣᠳᠠᠭ᠎ᠠ ᠬᠢᠨᠠᠵᠣ᠂ ᠰᠢᠷᠪᠢᠵᠣ᠂ | ᠡᠯᠧᠺᠲᠷᠦᠨ ᠮᠠᠲ᠋ᠧᠷᠢᠶᠠᠯ ᠪᠣᠯᠭᠠᠭᠰᠠᠨ ᠤ ᠲᠠᠷᠠᠭ᠎ᠠ᠂ ᠡᠯ᠎ᠡ ᠰᠠᠯᠠᠭ᠎ᠠ ᠮᠦᠴᠢᠷ ᠲᠤ ᠬᠦᠷᠭᠡᠵᠦ᠂ ᠬᠠᠮᠳᠣ ᠬᠡᠷᠡᠭᠯᠡᠨ᠂ | ᠬᠢᠨᠡᠯᠳᠡ ᠬᠢᠯᠭᠡᠨ᠎ᠡ᠃ ᠶᠠᠪᠣᠳᠠᠯ ᠰᠢᠢᠳᠪᠦᠷᠢᠯᠡᠬᠦ ᠵᠦᠭᠯᠡᠬᠦᠷ ᠢ ᠣᠯᠠᠮ ᠨᠢᠭᠡ ᠠᠯᠬᠤᠮ ᠰᠢᠯᠢᠳᠡᠭᠵᠢᠬᠦᠯᠵᠦ᠂ | ᠮᠠᠲ᠋ᠧᠷᠢᠶᠠᠯ ᠤᠨ ᠨᠡᠷᠡᠶᠢᠳᠦᠯ᠂ ᠴᠢᠨᠠᠷ᠂ ᠲᠤᠭ᠎ᠠ ᠬᠡᠮᠵᠢᠶ᠎ᠡ᠂ ᠢᠷᠡᠯᠳᠡ ᠵᠡᠷᠭᠡ ᠮᠡᠳᠡᠭᠡ ᠵᠠᠩᠬᠢ ᠶᠢ ᠵᠢᠭᠠᠨ | ᠲᠣᠳᠣᠷᠬᠠᠶᠢᠯᠠᠵᠣ᠂ ᠠᠷᠠᠳ ᠲᠦᠮᠡᠨ ᠢ ᠣᠶᠢᠯᠠᠭᠠᠨ ᠮᠡᠳᠡᠵᠦ᠂ ᠣᠴᠢᠷ ᠶᠠᠪᠣᠳᠠᠯ ᠢᠶᠠᠨ ᠰᠢᠢᠳᠪᠦᠷᠢᠯᠡᠬᠦ ᠳᠤ ᠲᠦᠬᠦᠮ | ᠪᠣᠯᠭᠠᠭᠰᠠᠨ ᠪᠠᠶᠢᠨ᠎ᠠ᠃ | ︵ᠭᠤᠷᠪᠠ︶ ᠠᠷᠣ ᠲᠠᠯ᠎ᠠ ᠶᠢᠨ ᠲᠠᠩᠰᠠ ᠡᠪᠬᠡᠮᠡᠯ ᠤᠨ ᠪᠠᠶᠢᠴᠠᠭᠠᠯᠳᠠ ᠪᠠᠷ ᠭᠠᠳᠠᠨᠠᠬᠢ ᠶᠠᠪᠣᠴᠠ ᠶᠢ ᠪᠠᠭᠠᠰᠬᠠᠪᠠ | ᠃ ᠰᠢᠢᠳᠪᠦᠷᠢᠯᠡᠬᠦ ᠶᠠᠪᠣᠴᠠ ᠳᠤ ᠲᠠᠩᠰᠠ ᠡᠪᠬᠡᠮᠡᠯ ᠮᠠᠲ᠋ᠧᠷᠢᠶᠠᠯ ᠪᠠᠶᠢᠴᠠᠭᠠᠬᠤ ᠴᠢᠬᠤᠯᠠᠳᠠᠢ ᠪᠣᠯ ᠰᠣᠯᠢᠯᠴᠠᠭ᠎ᠠ᠂ | ᠲᠠᠩᠰᠠᠯᠠᠬᠤ᠂ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠠᠴᠠ ᠬᠦᠯᠢᠶᠡᠨ ᠠᠪᠴᠣ ᠰᠢᠢᠳᠪᠦᠷᠢᠯᠡᠬᠦ ᠪᠦᠭᠡᠳ | ᠬᠢᠨᠠᠭᠴᠢ ᠠᠴᠠ ᠲᠣᠳᠣᠭᠠᠳᠣ ᠳᠠᠭᠠᠨ ᠠᠪᠣᠴᠠᠯᠳᠣᠭᠤᠯᠵᠣ᠂ ᠰᠢᠰᠲ᠋ᠧᠮ ᠤᠨ ᠪᠠᠶᠢᠴᠠᠭᠠᠯᠳᠠ ᠪᠠᠷ ᠲᠠᠮᠵᠢᠵᠣ | ᠪᠠᠶᠢᠴᠠᠭᠠᠯᠳᠠ ᠶᠢᠨ ᠦᠷ᠎ᠡ ᠳ᠋ᠦᠩ ᠢ ᠲᠣᠳᠣᠭᠠᠳᠣ ᠳᠠᠭᠠᠨ ᠲᠠᠮᠵᠢᠭᠤᠯᠵᠣ᠂ ᠬᠡᠷᠡᠭ ᠶᠠᠪᠣᠳᠠᠯ ᠢ ᠪᠠᠶᠢᠴᠠᠭᠠᠬᠤ ᠳᠤ | ᠵᠢᠭᠰᠠᠬᠤ ᠠᠯᠬᠤᠮ ᠢ ᠪᠠᠭᠠᠰᠬᠠᠭᠰᠠᠨ ᠪᠠᠶᠢᠨ᠎ᠠ᠃ | ︵ᠲᠦᠷᠪᠡ︶ ᠰᠢᠢᠳᠪᠦᠷᠢᠯᠡᠬᠦ ᠴᠠᠭ ᠢ ᠨᠢᠭᠡᠳᠦᠯᠳᠡᠢ ᠪᠣᠯᠭᠠᠵᠣ᠂ ᠬᠤᠯᠪᠣᠭᠠᠯᠠᠵᠣ ᠪᠠᠶᠢᠭᠠᠳ ᠭᠠᠳᠠᠭᠠᠳᠣ ᠳᠤ | ᠨᠡᠶᠢᠳᠡᠯᠡᠨ᠎ᠡ᠃ ᠰᠣᠯᠢᠯᠴᠠᠭ᠎ᠠ᠂ ᠭᠠᠶᠢᠯᠢ ᠶᠢᠨ ᠶᠠᠪᠣᠳᠠᠯ᠂ ᠲᠠᠩᠰᠠᠯᠠᠬᠤ ᠰᠠᠯᠠᠭ᠎ᠠ ᠮᠦᠴᠢᠷ ᠠᠴᠠ ᠠᠷᠣ ᠲᠠᠯ᠎ᠠ ᠵᠢᠴᠢ | ᠬᠤᠯᠪᠣᠭᠠᠯᠠᠨ ᠰᠢᠢᠳᠪᠦᠷᠢᠯᠡᠬᠦ ᠵᠠᠷᠴᠢᠮ ᠢᠶᠠᠷ ᠰᠢᠢᠳᠪᠦᠷᠢᠯᠡᠬᠦ ᠬᠡᠷᠡᠭ ᠶᠠᠪᠣᠳᠠᠯ ᠢ ᠬᠠᠣᠯᠢ ᠶᠣᠰᠣᠭᠠᠷ ᠲᠣᠭᠳᠠᠭᠠᠵᠣ᠂ | ᠶᠠᠪᠣᠳᠠᠯ ᠰᠢᠢᠳᠪᠦᠷᠢᠯᠡᠬᠦ ᠴᠣᠪᠣᠷᠠᠯ ᠢ ᠲᠦᠬᠦᠮᠴᠢᠯᠡᠵᠦ᠂ ᠶᠠᠪᠣᠳᠠᠯ ᠰᠢᠢᠳᠪᠦᠷᠢᠯᠡᠬᠦ ᠦᠷ᠎ᠡ ᠪᠦᠳᠦᠮᠵᠢ ᠪᠠᠨ | ᠲᠡᠭᠡᠭᠰᠢᠯᠡᠬᠦᠯᠵᠦ᠂ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠵᠦ᠂ ᠰᠢᠢᠳᠪᠦᠷᠢᠯᠡᠬᠦ ᠴᠠᠭ ᠤᠨ ᠬᠢᠵᠠᠭᠠᠷ ᠪᠣᠯᠣᠨ | ᠨᠡᠶᠢᠭᠡᠮ ᠤᠨ ᠨᠡᠶᠢᠳᠡᠯᠡᠯ᠂ ᠠᠮᠠᠯᠠᠯᠳᠠ ᠶᠢ ᠬᠠᠮᠳᠣᠪᠠᠷ ᠵᠦᠪᠳᠡᠨ ᠲᠣᠭᠳᠠᠭᠠᠨ᠎ᠠ᠃ | ︵ᠲᠠᠪᠤ︶ ᠭᠠᠶᠢᠯᠢ ᠶᠢᠨ ᠰᠦᠢᠳᠭᠡᠯ ᠬᠤᠷᠢᠶᠠᠵᠣ ᠲᠣᠰᠢᠶᠠᠬᠤ ᠳᠤ ᠣᠷᠢᠳᠴᠢᠯᠠᠨ ᠣᠷᠣᠯᠠᠵᠣ ᠲᠣᠰᠢᠶᠠᠬᠤ᠂ | ᠲᠦᠷᠭᠡᠨ ᠬᠦᠷᠭᠡᠯᠳᠡ ᠶᠢᠨ ᠦᠢᠯᠡᠴᠢᠯᠡᠭᠡ ᠶᠢ ᠬᠡᠷᠡᠭᠵᠢᠬᠦᠯᠦᠨ᠎ᠡ᠃ ᠲᠠᠩᠰᠠᠯᠠᠯᠳᠠ ᠶᠢᠨ ᠬᠠᠮᠢᠶ᠎ᠠ ᠪᠦᠬᠦᠢ ᠰᠦᠢᠳᠭᠡᠯ ᠢ | ᠬᠠᠣᠯᠢ ᠶᠣᠰᠣᠭᠠᠷ ᠲᠣᠰᠢᠶᠠᠬᠤ ᠴᠢᠬᠤᠯᠠᠳᠠᠢ ᠪᠣᠯ᠂ ᠠᠵᠣ ᠠᠬᠤᠶᠢᠯᠠᠯ ᠪᠣᠯᠣᠨ ᠣᠯᠠᠨ ᠲᠦᠮᠡᠨ ᠬᠡᠷᠡᠭ ᠶᠠᠪᠣᠳᠠᠯ | ᠬᠦᠢᠴᠡᠳᠭᠡᠬᠦ ᠲᠡᠷᠡ ᠲᠠᠷᠣᠢ ᠳᠤᠨᠢ ᠲᠣᠰᠢᠶᠠᠬᠤ ᠪᠣᠶᠣ ᠲᠦᠷᠭᠡᠨ ᠬᠦᠷᠭᠡᠯᠳᠡ᠂ ᠰᠦᠯᠵᠢᠶᠡᠨ ᠲᠡᠭᠡᠷ᠎ᠡ ᠲᠣᠭᠠᠴᠠᠭ᠎ᠠ | ᠬᠢᠬᠦ ᠵᠡᠷᠭᠡ ᠠᠷᠭ᠎ᠠ ᠬᠡᠯᠪᠡᠷᠢ ᠶᠢ ᠰᠣᠩᠭᠤᠵᠣ ᠪᠣᠯᠣᠨ᠎ᠠ᠃ ᠬᠠᠣᠯᠢ ᠶᠣᠰᠣᠭᠠᠷ ᠲᠣᠰᠢᠶᠠᠬᠤ ᠴᠢᠬᠤᠯᠠᠳᠠᠢ ᠬᠠᠮᠢᠶ᠎ᠠ | ᠪᠦᠬᠦᠢ ᠭᠠᠶᠢᠯᠢ ᠰᠦᠢᠳᠭᠡᠯ ᠢ ᠦᠢᠯᠡᠴᠢᠯᠡᠭᠡᠨ ᠤ ᠴᠣᠩᠬᠤᠪᠴᠢ ᠬᠦᠯᠢᠶᠡᠨ ᠠᠪᠴᠣ ᠰᠢᠢᠳᠪᠦᠷᠢᠯᠡᠭᠰᠡᠨ ᠤ ᠲᠠᠷᠠᠭ᠎ᠠ᠂ | ᠮᠡᠳᠡᠭᠡ ᠵᠠᠩᠬᠢ ᠪᠠᠨ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠲᠤ ᠲᠠᠮᠵᠢᠭᠤᠯᠣᠨ ᠮᠡᠳᠡᠭᠦᠯᠵᠦ᠂ ᠭᠠᠶᠢᠯᠢ | ᠲᠣᠰᠢᠶᠠᠨ᠎ᠠ᠃ ᠦᠢᠯᠡᠴᠢᠯᠡᠭᠡᠨ ᠤ ᠶᠡᠭᠡ ᠲᠢᠩᠬᠢᠮ ᠳᠤ ᠲᠦᠷᠭᠡᠨ ᠲᠠᠮᠵᠢᠭᠤᠯᠣᠯᠳᠠ ᠶᠢᠨ ᠦᠢᠯᠡᠴᠢᠯᠡᠭᠡᠨ ᠤ | ᠰᠦᠯᠵᠢᠶᠡᠨ ᠴᠢᠭ ᠢ ᠨᠡᠮᠡᠨ ᠲᠣᠬᠢᠷᠠᠭᠤᠯᠵᠣ᠂ ᠬᠡᠷᠡᠭ ᠶᠠᠪᠣᠳᠠᠯ ᠤᠨ ᠳ᠋ᠦᠢᠰᠢᠶᠠᠩ ᠳᠤ ᠨᠠᠶᠢᠳᠠᠯᠭ᠎ᠠ ᠶᠢᠨ ᠲᠦᠷᠭᠡᠨ | ᠲᠠᠮᠵᠢᠭᠤᠯᠣᠯᠳᠠ ᠶᠢᠨ ᠦᠨᠡᠮᠯᠡᠯ ᠪᠢᠴᠢᠭ ᠢ ᠬᠠᠩᠭᠠᠨ᠎ᠠ᠃ | ︵ᠵᠢᠷᠭᠤᠭ᠎ᠠ︶ ᠪᠦᠷᠢᠨ ᠪᠣᠰᠣ ᠲᠣᠳᠠᠭᠰᠠᠨ ᠢ ᠬᠦᠯᠢᠶᠡᠨ ᠠᠪᠴᠣ ᠰᠢᠢᠳᠪᠦᠷᠢᠯᠡᠬᠦ ᠶᠢ ᠬᠡᠷᠡᠭᠵᠢᠬᠦᠯᠵᠦ᠂ | ᠣᠯᠠᠨ ᠲᠦᠮᠡᠨ ᠳᠤ ᠲᠦᠬᠦᠮ ᠦᠵᠡᠬᠦᠯᠦᠨ᠎ᠡ᠃ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠶᠠᠪᠣᠳᠠᠯ ᠢ | ᠰᠢᠢᠳᠪᠦᠷᠢᠯᠡᠬᠦ ᠳᠡᠭᠡᠨ ᠦᠨᠳᠦᠰᠦᠨ ᠨᠦᠬᠦᠴᠡᠯ ᠢᠶᠠᠨ ᠪᠡᠯᠡᠳᠭᠡᠵᠦ᠂ ᠭᠤᠣᠯ ᠭᠤᠶᠣᠴᠢᠯᠠᠭᠠ ᠶᠢᠨ ᠮᠠᠲ᠋ᠧᠷᠢᠶᠠᠯ ᠨᠢ | ᠪᠦᠷᠢᠨ ᠪᠦᠭᠡᠳ ᠬᠠᠣᠯᠢ ᠶᠣᠰᠣᠨ ᠳᠤ ᠨᠡᠶᠢᠴᠡᠬᠦ ᠪᠣᠯᠪᠠᠴᠣ ᠲᠡᠳ᠋ ᠨᠦᠬᠦᠴᠡᠯ ᠪᠣᠶᠣ ᠭᠠᠷ ᠬᠦᠢᠴᠡᠳᠭᠡᠯ ᠲᠣᠳᠠᠭᠤ | ᠵᠠᠰᠠᠭ ᠤᠨ ᠶᠠᠪᠣᠳᠠᠯ ᠢ ᠭᠤᠶᠣᠴᠢᠯᠠᠭᠴᠢ ᠠᠴᠠ ᠲᠠᠬᠢᠨ ᠲᠠᠪᠳᠠᠨ ᠠᠮᠠᠯᠠᠯᠳᠠ ᠬᠢᠭᠰᠡᠨ ᠤ ᠲᠠᠷᠠᠭ᠎ᠠ ᠬᠦᠯᠢᠶᠡᠨ ᠠᠪᠴᠣ | ᠰᠢᠢᠳᠪᠦᠷᠢᠯᠡᠬᠦ ᠰᠠᠯᠠᠭ᠎ᠠ ᠮᠦᠴᠢᠷ ᠠᠴᠠ ᠣᠷᠢᠳᠠᠪᠠᠷ ᠰᠢᠢᠳᠪᠦᠷᠢᠯᠡᠵᠦ᠂ ᠨᠦᠬᠦᠵᠦ ᠲᠣᠰᠢᠶᠠᠬᠤ ᠴᠢᠬᠤᠯᠠᠳᠠᠢ | ᠮᠠᠲ᠋ᠧᠷᠢᠶᠠᠯ᠂ ᠴᠠᠭ ᠠᠴᠠ ᠪᠠᠨ ᠬᠡᠳᠦᠷᠡᠭᠰᠡᠨ ᠢ ᠰᠢᠢᠳᠪᠦᠷᠢᠯᠡᠬᠦ ᠠᠷᠭ᠎ᠠ ᠵᠡᠷᠭᠡ ᠶᠢ ᠨᠢᠭᠡᠯᠡ ᠣᠳᠠᠭ᠎ᠠ ᠳᠤ ᠪᠦᠬᠦᠨ ᠢ | ᠬᠡᠯᠡᠵᠦ ᠰᠠᠨᠠᠭᠤᠯᠣᠨ᠂ ᠬᠢᠨᠠᠨ ᠪᠠᠶᠢᠴᠠᠭᠠᠯᠳᠠ ᠬᠢᠨ᠎ᠡ᠃ ᠭᠤᠶᠣᠴᠢᠯᠠᠭᠴᠢ ᠪᠦᠬᠦ ᠮᠠᠲ᠋ᠧᠷᠢᠶᠠᠯ ᠢᠶᠠᠨ ᠨᠦᠬᠦᠪᠦᠷᠢᠯᠡᠵᠦ | ᠪᠦᠷᠢᠳᠭᠡᠭᠰᠡᠨ ᠤ ᠲᠠᠷᠠᠭ᠎ᠠ᠂ ᠠᠮᠠᠯᠳᠠᠭᠰᠠᠨ ᠴᠠᠭ ᠬᠤᠭᠤᠴᠠᠭᠠᠨ ᠲᠣᠳᠣᠷ᠎ᠠ ᠲᠠᠷᠣᠢ ᠲᠦᠷᠭᠡᠨ ᠰᠢᠢᠳᠪᠦᠷᠢᠯᠡᠵᠦ᠂ | ᠦᠷ᠎ᠡ ᠳ᠋ᠦᠩ ᠭᠠᠷᠭᠠᠵᠣ᠂ ᠬᠠᠮᠢᠶ᠎ᠠ ᠪᠦᠬᠦᠢ ᠵᠦᠪᠰᠢᠶᠡᠷᠡᠯ ᠤᠨ ᠪᠢᠴᠢᠭ᠂ ᠬᠡᠷᠡᠴᠢ ᠦᠨᠡᠮᠯᠡᠯ ᠢ ᠲᠠᠷᠬᠠᠭᠠᠨ᠎ᠠ᠃ | ︵ᠲᠣᠯᠤᠭ᠎ᠠ︶ ᠰᠢᠰᠲ᠋ᠧᠮ ᠤᠨ ᠵᠠᠯᠭᠠᠯᠳᠠ ᠬᠢᠵᠦ᠂ ᠮᠡᠳᠡᠭᠡ ᠵᠠᠩᠬᠢ ᠶᠢ ᠬᠠᠮᠳᠣᠪᠠᠷ ᠬᠡᠷᠡᠭᠯᠡᠬᠦ ᠪᠣᠯᠣᠨ ᠲᠤᠭ᠎ᠠ | ᠪᠠᠷᠢᠮᠳᠠ ᠰᠣᠯᠢᠯᠴᠠᠬᠤ ᠶᠢ ᠪᠡᠶᠡᠯᠡᠬᠦᠯᠦᠨ᠎ᠡ᠃ ᠮᠠᠲ᠋ᠧᠷᠢᠶᠠᠯ ᠰᠢᠯᠵᠢᠬᠦᠯᠦᠨ ᠲᠣᠰᠢᠶᠠᠬᠤ ᠪᠠ ᠬᠠᠳᠠᠭᠠᠯᠠᠭᠰᠠᠨ ᠬᠡᠮᠵᠢᠶ᠎ᠡ | ᠶᠢᠨ ᠲᠤᠭ᠎ᠠ ᠪᠠᠷᠢᠮᠳᠠ ᠶᠢ ᠡᠮᠬᠢᠳᠭᠡᠬᠦ ᠶᠢ ᠲᠦᠷᠭᠡᠳᠭᠡᠵᠦ᠂ ᠰᠦᠯᠵᠢᠶᠡᠨ ᠲᠡᠭᠡᠷ᠎ᠡ ᠪᠣᠯᠵᠣᠬᠤ᠂ ᠣᠷᠢᠳᠴᠢᠯᠠᠨ | ᠭᠤᠶᠣᠴᠢᠯᠠᠬᠤ ᠪᠣᠯᠣᠨ ᠣᠷᠢᠳᠴᠢᠯᠡᠨ ᠬᠦᠯᠢᠶᠡᠨ ᠠᠪᠴᠣ ᠰᠢᠢᠳᠪᠦᠷᠢᠯᠡᠬᠦ ᠶᠢ ᠠᠭᠠᠵᠢᠮ ᠢᠶᠠᠷ ᠪᠡᠶᠡᠯᠡᠬᠦᠯᠦᠨ᠎ᠡ᠃ | ᠰᠣᠯᠢᠯᠴᠠᠭ᠎ᠠ᠂ ᠭᠠᠶᠢᠯᠢ ᠶᠢᠨ ᠶᠠᠪᠣᠳᠠᠯ᠂ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠵᠡᠷᠭᠡ ᠰᠠᠯᠠᠭ᠎ᠠ ᠮᠦᠴᠢᠷ | ᠠᠴᠠ ᠮᠡᠳᠡᠭᠡ ᠵᠠᠩᠬᠢ ᠶᠢ ᠬᠠᠮᠳᠣᠪᠠᠷ ᠡᠳ᠋ᠯᠡᠬᠦ ᠬᠠᠮᠢᠶ᠎ᠠ ᠪᠦᠬᠦᠢ ᠲᠣᠭᠳᠠᠭᠠᠯ ᠶᠣᠰᠣᠭᠠᠷ᠂ ᠮᠡᠳᠡᠭᠡ ᠵᠠᠩᠬᠢ ᠶᠢ | ᠰᠣᠯᠢᠯᠴᠠᠬᠤ ᠠᠷᠭ᠎ᠠ ᠶᠢ ᠰᠣᠳᠣᠯᠣᠨ ᠡᠭᠦᠳᠴᠦ᠂ ᠣᠶᠣᠨᠴᠢᠯᠠᠭᠰᠠᠨ ᠲᠤᠭ᠎ᠠ ᠪᠠᠷᠢᠮᠳᠠ ᠶᠢᠨ ᠰᠣᠯᠢᠯᠴᠠᠭᠠᠨ ᠤ ᠮᠠᠰᠢᠨ | ᠤ ᠰᠢᠰᠲ᠋ᠧᠮ ᠢᠶᠠᠷ ᠲᠠᠮᠵᠢᠨ᠂ ᠲᠤᠭ᠎ᠠ ᠪᠠᠷᠢᠮᠳᠠ ᠪᠠᠨ ᠰᠣᠯᠢᠵᠣ᠂ 2018 ᠣᠨ ᠤ 6 ᠰᠠᠷ᠎ᠠ ᠶᠢᠨ ᠡᠴᠦᠰ | ᠪᠣᠯᠳᠠᠯ᠎ᠠ᠂ ᠮᠡᠳᠡᠭᠡ ᠵᠠᠩᠬᠢ ᠶᠢ ᠬᠠᠮᠳᠣᠪᠠᠷ ᠡᠳ᠋ᠯᠡᠬᠦ᠂ ᠬᠡᠷᠡᠭ ᠶᠠᠪᠣᠳᠠᠯ ᠰᠢᠢᠳᠪᠦᠷᠢᠯᠡᠬᠦ ᠨᠣᠷᠮ᠎ᠠ ᠪᠣᠯᠣᠨ | ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠬᠦᠯᠬᠦ ᠶᠢ ᠪᠠᠶᠠᠯᠠᠬᠦᠯᠦᠨ᠎ᠡ᠃ | ︵ᠨᠠᠢᠮᠠ︶ ᠲᠣᠨᠤᠭ ᠲᠦᠬᠦᠭᠡᠷᠦᠮᠵᠢ ᠪᠠᠨ ᠲᠡᠭᠦᠯᠳᠡᠷᠵᠢᠬᠦᠯᠵᠦ᠂ ᠬᠠᠮᠢᠶ᠎ᠠ ᠪᠦᠬᠦᠢ ᠬᠢᠷᠢ ᠬᠡᠮ ᠲᠠᠢ | ᠵᠠᠭᠤᠴᠢᠯᠠᠭᠴᠢ ᠪᠠᠶᠢᠭᠤᠯᠣᠮᠵᠢ ᠶᠢ ᠦᠢᠯᠡᠴᠢᠯᠡᠭᠡᠨ ᠤ ᠲᠢᠩᠬᠢᠮ ᠳᠤ ᠲᠣᠬᠢᠷᠠᠭᠤᠯᠵᠣ᠂ ᠠᠵᠣ ᠠᠬᠤᠶᠢᠯᠠᠯ᠂ ᠣᠯᠠᠨ | ᠲᠦᠮᠡᠨ ᠤ ᠬᠡᠷᠡᠭ ᠶᠠᠪᠣᠳᠠᠯ ᠬᠦᠢᠴᠡᠳᠭᠡᠬᠦ ᠳᠤ ᠲᠦᠬᠦᠮ ᠦᠵᠡᠬᠦᠯᠦᠨ᠎ᠡ᠃ ᠠᠵᠣ ᠠᠬᠤᠶᠢᠯᠠᠯ᠂ ᠣᠯᠠᠨ ᠲᠦᠮᠡᠨ | ᠠᠴᠠ ᠦᠯᠦ ᠬᠦᠳᠡᠯᠬᠦ ᠬᠦᠷᠦᠩᠬᠡ ᠶᠢ ᠲᠠᠩᠰᠠᠯᠠᠬᠤ ᠠᠵᠢᠯ ᠢ ᠬᠦᠢᠴᠡᠳᠭᠡᠬᠦ ᠲᠣᠮᠳᠠ᠂ ᠦᠨᠡᠯᠡᠬᠦ᠂ ᠬᠡᠮᠵᠢᠨ | ᠵᠢᠷᠣᠭᠯᠠᠬᠤ ᠵᠡᠷᠭᠡ ᠠᠵᠢᠯ ᠢ ᠬᠢᠬᠦ ᠴᠢᠬᠤᠯᠠᠳᠠᠢ ᠪᠠᠶᠢᠵᠣ᠂ ᠬᠤᠳᠠ ᠶᠢᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ | ᠲᠦᠪ ᠠᠴᠠ ᠬᠠᠮᠢᠶ᠎ᠠ ᠪᠦᠬᠦᠢ ᠪᠠᠶᠢᠭᠤᠯᠣᠮᠵᠢ ᠶᠢ ᠦᠢᠯᠡᠴᠢᠯᠡᠭᠡᠨ ᠤ ᠲᠢᠩᠬᠢᠮ ᠳᠡᠭᠡᠨ ᠲᠣᠬᠢᠷᠠᠭᠤᠯᠵᠣ᠂ ᠲᠣᠰᠬᠠᠢ | ᠠᠵᠢᠯᠳᠠᠨ ᠲᠣᠮᠢᠯᠠᠵᠣ᠂ ᠦᠢᠯᠡᠴᠢᠯᠡᠭᠡᠨ ᠤ ᠲᠢᠩᠬᠢᠮ ᠤᠨ ᠨᠢᠭᠡᠳᠦᠯᠳᠡᠢ ᠬᠠᠮᠢᠶᠠᠷᠣᠯᠳᠠ ᠪᠣᠯᠣᠨ ᠲᠣᠬᠢᠷᠠᠭᠤᠯᠣᠯᠳᠠ ᠶᠢ | ᠬᠦᠯᠢᠶᠡᠨ᠎ᠡ᠃ | ᠲ᠊ᠦ᠋ᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯᠳᠡ ᠲᠠᠨᠢᠯᠳᠠ ᠪᠠᠨ ᠨᠢᠭᠡᠳᠭᠡᠵᠦ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ | ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ ᠠᠴᠠ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠶᠢᠨ ︽ᠨᠢᠭᠡ | ᠴᠣᠩᠬᠤᠪᠴᠢ ᠪᠠᠷ ᠬᠦᠢᠴᠡᠳᠭᠡᠬᠦ︾ ᠠᠵᠢᠯ ᠢ ᠴᠢᠬᠤᠯᠠᠴᠢᠯᠠᠨ ᠦᠵᠡᠵᠦ᠂ ᠠᠷᠠᠳ ᠲᠦᠮᠡᠨ ᠢᠶᠠᠷ ᠲᠦᠪᠯᠡᠬᠦ | ᠦᠨᠳᠦᠷᠴᠡ ᠪᠠᠷ ᠦᠵᠡᠯ ᠰᠠᠨᠠᠭ᠎ᠠ ᠪᠣᠯᠣᠨ ᠠᠵᠢᠯᠯᠠᠭ᠎ᠠ ᠪᠠᠨ ᠲᠠᠷᠣᠢ ᠲᠦᠷᠭᠡᠨ ᠨᠢᠭᠡᠳᠭᠡᠵᠦ᠂ ᠬᠠᠷᠢᠭᠤᠴᠠᠯᠭᠠᠳᠣ | ᠲᠦᠷᠦᠭᠳᠡᠯ ᠪᠠᠴᠢᠮᠳᠠᠯᠳᠣ ᠲᠦᠷᠦᠭᠳᠡᠯ ᠢ ᠦᠨᠡᠩᠬᠦ ᠲᠡᠭᠡᠭᠰᠢᠯᠡᠬᠦᠯᠵᠦ᠂ ᠬᠤᠳᠠ ᠶᠢᠨ ᠵᠠᠰᠠᠭ ᠤᠨ ᠶᠠᠪᠣᠳᠠᠯ ᠤᠨ | ᠦᠢᠯᠡᠴᠢᠯᠡᠭᠡᠨ ᠤ ᠲᠦᠪ ᠠᠴᠠ ᠲᠦᠷᠦᠬᠦᠯᠡᠨ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ᠂ | ᠭᠠᠶᠢᠯᠢ ᠶᠢᠨ ᠶᠠᠪᠤᠳᠠᠯ᠂ ᠣᠷᠣᠨ ᠰᠠᠭᠤᠴᠠ ᠬᠢᠭᠡᠳ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ | ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ ᠬᠠᠣᠯᠢ ᠲᠦᠷᠢᠮᠵᠢᠯ ᠵᠡᠷᠭᠡ ᠰᠠᠯᠠᠭ᠎ᠠ ᠮᠦᠴᠢᠷ ᠢᠶᠠᠷ | ᠪᠦᠷᠢᠯᠳᠦᠭᠰᠡᠨ᠂ ᠦᠭᠡᠷᠡᠴᠢᠯᠡᠯᠳᠡ ᠶᠢᠨ ᠠᠵᠢᠯ ᠢ ᠣᠳᠣᠷᠢᠳᠬᠤ ᠲᠣᠭᠤᠶᠢᠯᠠᠩ ᠢ ᠪᠠᠶᠢᠭᠤᠯᠵᠣ᠂ ᠠᠵᠢᠯ ᠤᠨ | ᠲᠦᠰᠦᠯ ᠢ ᠲᠣᠭᠳᠠᠭᠠᠨ᠂ ᠡᠭᠦᠷᠭᠡ ᠪᠠᠨ ᠬᠤᠪᠢᠶᠠᠵᠣ᠂ ᠬᠠᠷᠢᠭᠤᠴᠠᠯᠭ᠎ᠠ ᠪᠠᠨ ᠲᠣᠭᠳᠠᠭᠠᠨ᠂ ᠠᠵᠢᠯ ᠢᠶᠠᠨ | ᠬᠠᠮᠳᠣᠪᠠᠷ ᠠᠬᠢᠭᠤᠯᠣᠨ᠎ᠠ᠃ ᠪᠦᠷᠢᠨ ᠲᠡᠭᠦᠯᠳᠡᠷ ᠪᠠᠳᠣᠯᠠᠭ᠎ᠠ ᠶᠢᠨ ᠪᠠᠶᠢᠭᠤᠯᠣᠮᠵᠢ ᠶᠢ ᠪᠠᠶᠢᠭᠤᠯᠵᠣ᠂ ᠠᠵᠢᠯ ᠤᠨ | ᠲᠣᠬᠢᠷᠠᠭᠤᠯᠣᠯᠳᠠ ᠪᠠᠨ ᠨᠠᠷᠢᠨ ᠬᠢᠨᠠᠮᠠᠭᠠᠢ ᠲᠣᠣᠱᠯᠠᠭᠤᠯᠣᠨ ᠪᠡᠶᠡᠯᠡᠬᠦᠯᠦᠨ᠎ᠡ᠃ | ︵ᠬᠤᠶᠠᠷ︶ ᠠᠵᠢᠯ ᠤᠨ ᠪᠠᠶᠢᠭᠤᠯᠣᠮᠵᠢ ᠶᠢ ᠪᠠᠶᠢᠭᠤᠯᠵᠣ᠂ ᠡᠯ᠎ᠡ ᠰᠠᠯᠠᠭ᠎ᠠ ᠮᠦᠴᠢᠷ ᠨᠢᠭᠳᠠ ᠬᠠᠮᠵᠢᠯᠴᠠᠨ᠎ᠠ᠃ | ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠶᠢᠨ ︽ᠨᠢᠭᠡ ᠴᠣᠩᠬᠤᠪᠴᠢ ᠪᠠᠷ ᠬᠦᠢᠴᠡᠳᠭᠡᠬᠦ︾ ᠦᠭᠡᠷᠡᠴᠢᠯᠡᠯᠳᠡ | ᠨᠢ ᠬᠤᠳᠠ ᠶᠢᠨ ᠵᠠᠰᠠᠭ ᠤᠨ ᠣᠷᠳᠣᠨ ᠤ ᠣᠳᠣᠷᠢᠳᠣᠯᠭ᠎ᠠ ᠲᠣᠣᠷ᠎ᠠ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ | ᠶᠡᠭᠡ ᠲᠠᠯ᠎ᠠ ᠶᠢᠨ ᠣᠬᠠᠮᠰᠠᠷ ᠪᠣᠯᠣᠨ ᠪᠦᠬᠦ ᠲᠠᠯ᠎ᠠ ᠶᠢᠨ ᠦᠵᠡᠯᠳᠡ ᠶᠢ ᠪᠠᠳᠣ ᠪᠠᠶᠢᠭᠤᠯᠵᠣ᠂ ᠭᠤᠣᠯ ᠣᠳᠣᠷᠢᠳᠣᠯᠭ᠎ᠠ | ᠨᠢ ᠪᠡᠶ᠎ᠡ ᠪᠠᠷ ᠢᠶᠠᠨ ᠴᠢᠬᠤᠯᠠᠴᠢᠯᠠᠨ ᠠᠳᠬᠤᠵᠣ᠂ ᠨᠢᠭᠳᠠ ᠬᠠᠮᠵᠢᠯᠴᠠᠨ᠂ ᠲᠡᠭᠡᠷ᠎ᠡ ᠲᠣᠣᠷᠠᠬᠢ ᠲᠠᠢ ᠰᠠᠶᠢᠳᠣᠷ | ᠬᠠᠷᠢᠯᠴᠠᠨ᠎ᠠ᠃ ︽ᠨᠢᠭᠡ ᠴᠣᠩᠬᠤᠪᠴᠢ ᠪᠠᠷ ᠬᠦᠢᠴᠡᠳᠭᠡᠬᠦ︾ ᠠᠵᠢᠯ ᠤᠨ ᠶᠣᠰᠣᠭᠠᠷ᠂ ᠦᠢᠯᠡᠴᠢᠯᠡᠭᠡᠨ ᠤ | ᠴᠣᠩᠬᠤᠪᠴᠢ ᠶᠢ ᠲᠦᠷᠭᠡᠨ ᠲᠣᠬᠢᠷᠠᠭᠤᠯᠵᠣ᠂ ᠠᠵᠢᠯᠳᠠᠨ ᠲᠣᠮᠢᠯᠠᠨ᠎ᠠ᠃ ᠦᠯᠦ ᠬᠦᠳᠡᠯᠬᠦ ᠬᠦᠷᠦᠩᠭᠡ ᠶᠢ | ᠲᠠᠩᠰᠠᠯᠠᠬᠤ ᠶᠢ ︽ᠨᠢᠭᠡ ᠴᠣᠩᠬᠤᠪᠴᠢ ᠪᠠᠷ ᠬᠦᠢᠴᠡᠳᠭᠡᠬᠦ︾ ᠠᠵᠢᠯ ᠤᠨ ᠲᠦᠷᠦᠯ ᠬᠡᠯᠪᠡᠷᠢ ᠵᠢᠴᠢ ᠭᠤᠶᠣᠴᠢᠯᠠᠬᠤ | ᠮᠠᠲ᠋ᠧᠷᠢᠶᠠᠯ ᠤᠨ ᠨᠡᠷ᠎ᠡ ᠶᠢ ᠲᠣᠭᠳᠠᠭᠠᠬᠤ ᠶᠢᠨ ᠬᠠᠮᠳᠣ ᠨᠡᠶᠢᠳᠡᠯᠡᠨ᠎ᠡ᠃ ᠠᠷᠣ ᠲᠠᠯ᠎ᠠ ᠶᠢᠨ ᠦᠢᠯᠡᠴᠢᠯᠡᠭᠡᠨ ᠤ | ᠲᠠᠪᠴᠠᠩ ᠠᠴᠠ ᠬᠤᠯᠪᠣᠭᠠᠯᠠᠨ ᠬᠦᠢᠴᠡᠳᠭᠡᠬᠦ ᠱᠠᠭᠠᠷᠳᠠᠯᠭ᠎ᠠ ᠶᠣᠰᠣᠭᠠᠷ ᠰᠣᠯᠢᠯᠴᠠᠭ᠎ᠠ᠂ ᠭᠠᠶᠢᠯᠢ ᠶᠢᠨ ᠶᠠᠪᠣᠳᠠᠯ᠂ | ᠲᠠᠩᠰᠠᠯᠠᠬᠤ ᠵᠡᠷᠭᠡ ᠶᠢᠨ ᠬᠤᠯᠪᠣᠭᠠᠯᠠᠭᠰᠠᠨ ᠠᠵᠢᠯ ᠤᠨ ᠴᠣᠪᠣᠷᠠᠯ ᠢ ᠲᠠᠷᠣᠢ ᠲᠦᠷᠭᠡᠨ ᠲᠦᠯᠦᠪᠯᠡᠨ᠎ᠡ᠃ | ︵ᠭᠤᠷᠪᠠ︶ ᠵᠢᠯᠣᠭᠤᠳᠣᠯᠭ᠎ᠠ ᠬᠢᠨᠡᠯᠳᠡ ᠪᠠᠨ ᠴᠢᠩᠭᠠᠳᠬᠠᠵᠣ᠂ ᠪᠠᠳᠣᠯᠠᠭ᠎ᠠ ᠶᠢᠨ ᠮᠠᠰᠢᠨᠵᠢᠯᠠᠯ ᠢ | ᠲᠡᠭᠦᠯᠳᠡᠷᠵᠢᠬᠦᠯᠦᠨ᠎ᠡ᠃ ᠦᠯᠦ ᠬᠦᠳᠡᠯᠬᠦ ᠬᠦᠷᠦᠩᠭᠡ ᠲᠠᠩᠰᠠᠯᠠᠬᠤ ᠶᠢ ︽ᠨᠢᠭᠡ ᠴᠣᠩᠬᠤᠪᠴᠢ ᠪᠠᠷ ᠬᠦᠢᠴᠡᠳᠭᠡᠬᠦ︾ | ᠨᠢ ᠦᠭᠡᠷᠡᠴᠢᠯᠡᠯᠳᠡ ᠶᠢᠨ ᠠᠵᠢᠯ ᠢ ᠣᠳᠣᠷᠢᠳᠬᠤ ᠲᠣᠭᠤᠶᠢᠯᠠᠩ ᠤᠨ ᠠᠯᠪᠠᠨ ᠭᠡᠷ ᠠᠴᠠ ᠦᠯᠦ ᠬᠦᠳᠡᠯᠬᠦ | ᠬᠦᠷᠦᠩᠭᠡ ᠶᠢ ᠲᠠᠩᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢ ᠦᠷᠨᠢᠬᠦᠯᠬᠦ ᠲᠣᠰᠬᠠᠢ ᠲᠦᠰᠦᠯ | ᠢ ᠬᠢᠨᠠᠨ ᠪᠠᠶᠢᠴᠠᠭᠠᠬᠤ ᠶᠢᠨ ᠲᠣᠭᠤᠷᠢᠨ ᠳᠤ ᠨᠡᠶᠢᠳᠡᠯᠡᠨ ᠵᠠᠷᠯᠠᠬᠤ ᠲᠦᠷᠢᠮ ᠢ ᠪᠠᠶᠢᠭᠤᠯᠵᠣ᠂ ᠬᠤᠭᠤᠴᠠᠭ᠎ᠠ | ᠲᠣᠭᠳᠠᠭᠠᠨ ᠠᠵᠢᠯ ᠤᠨ ᠪᠠᠶᠢᠳᠠᠯ ᠢ ᠵᠠᠷᠯᠠᠨ ᠨᠡᠶᠢᠳᠡᠯᠡᠨ᠎ᠡ᠃ ᠡᠯ᠎ᠡ ᠰᠠᠯᠠᠭ᠎ᠠ ᠮᠦᠴᠢᠷ ᠠᠴᠠ ᠬᠠᠮᠵᠢᠯᠴᠠᠵᠣ᠂ ᠬᠢᠨᠠᠨ | ᠪᠠᠶᠢᠴᠠᠭᠠᠯᠳᠠ ᠶᠢᠨ ᠲᠣᠮᠳᠠ ᠢᠯᠡᠷᠡᠬᠦᠯᠦᠭᠰᠡᠨ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠨ᠎ᠡ᠃ | ︵ᠲᠦᠷᠪᠡ︶ ᠣᠬᠠᠭᠤᠯᠣᠨ ᠵᠢᠯᠣᠭᠤᠳᠬᠤ ᠪᠠᠨ ᠴᠢᠩᠭᠠᠳᠬᠠᠵᠣ᠂ ᠰᠠᠶᠢᠨ ᠰᠠᠶᠢᠬᠠᠨ ᠣᠷᠴᠢᠨ ᠲᠣᠭᠤᠷᠢᠨ ᠢ | ᠪᠦᠷᠢᠯᠳᠦᠬᠦᠯᠦᠨ᠎ᠡ᠃ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠤᠨ ᠠᠰᠠᠭᠤᠨ ᠯᠠᠪᠯᠠᠬᠤ ᠳᠤ | ᠦᠢᠯᠡᠴᠢᠯᠡᠬᠦ ᠠᠵᠢᠯ ᠢ ᠴᠢᠩᠭᠠᠳᠬᠠᠵᠣ᠂ ᠣᠯᠠᠨ ᠲᠦᠮᠡᠨ ᠳᠤ ᠲᠠᠶᠢᠯᠪᠣᠷᠢᠯᠠᠨ ᠲᠣᠳᠣᠷᠬᠠᠶᠢᠯᠠᠬᠤ ᠳᠠᠭᠠᠨ | ᠬᠦᠯᠢᠴᠡᠩᠬᠦᠢ ᠪᠠᠶᠢᠵᠣ᠂ ᠣᠯᠠᠨ ᠲᠦᠮᠡᠨ ᠤ ᠬᠡᠷᠡᠭ ᠶᠠᠪᠣᠳᠠᠯ ᠬᠦᠢᠴᠡᠳᠭᠡᠬᠦ ᠳᠤ ᠠᠮᠣᠷ ᠲᠣᠭᠳᠠᠭᠤᠨ ᠪᠠᠶᠢᠳᠠᠯ ᠢ | ᠬᠠᠩᠭᠠᠨ᠎ᠠ᠃ ᠰᠣᠨᠢᠨ᠂ ᠲᠧᠯᠸᠢᠰ᠂ ᠰᠦᠯᠵᠢᠶ᠎ᠡ ᠪᠣᠯᠣᠨ ᠰᠢᠨ᠎ᠡ ᠵᠠᠭᠤᠴᠢᠯᠠᠭᠤᠷ ᠤᠨ ᠦᠢᠯᠡᠳᠦᠯ ᠢ ᠬᠦᠢᠴᠡᠳ | ᠪᠠᠳᠠᠷᠠᠭᠤᠯᠵᠣ᠂ ᠦᠯᠦ ᠬᠦᠳᠡᠯᠬᠦ ᠬᠦᠷᠦᠩᠬᠡ ᠶᠢ ᠲᠠᠩᠰᠠᠯᠠᠬᠤ ᠶᠢᠨ ︽ᠨᠢᠭᠡ ᠴᠣᠩᠬᠤᠪᠴᠢ ᠪᠠᠷ ᠬᠦᠢᠴᠡᠳᠭᠡᠬᠦ︾ | ᠠᠵᠢᠯ ᠢ ᠦᠷᠭᠡᠨ ᠢᠶᠠᠷ ᠣᠬᠠᠭᠤᠯᠣᠨ ᠲᠠᠷᠬᠠᠭᠠᠵᠣ᠂ ᠬᠠᠮᠢᠶ᠎ᠠ ᠪᠦᠬᠦᠢ ᠮᠡᠳᠡᠭᠡ ᠵᠠᠩᠬᠢ ᠪᠣᠯᠣᠨ ᠲᠦᠷᠦ ᠶᠢᠨ | ᠪᠣᠳᠣᠯᠭ᠎ᠠ ᠬᠠᠣᠯᠢ ᠲᠦᠷᠢᠮ ᠤᠨ ᠲᠠᠶᠢᠯᠣᠮᠵᠢ ᠶᠢ ᠴᠠᠭ ᠲᠣᠬᠠᠢ ᠳᠤᠨᠢ ᠵᠦᠪ ᠣᠨᠣᠪᠴᠢᠳᠠᠢ ᠨᠡᠶᠢᠳᠡᠯᠡᠨ ᠲᠠᠷᠬᠠᠭᠠᠬᠤ | ᠶᠢ ᠦᠷᠨᠢᠬᠦᠯᠦᠨ᠂ ᠨᠡᠶᠢᠭᠡᠮ ᠢ ᠵᠦᠪ ᠣᠨᠣᠪᠴᠢᠳᠠᠢ ᠬᠦᠳᠦᠯᠦᠨ᠂ ᠨᠡᠶᠢᠭᠡᠮ ᠤᠨ ᠬᠠᠯᠠᠮᠵᠢᠯᠠᠯ ᠢ ᠢᠳᠡᠪᠬᠢᠳᠡᠢ | ᠲᠣᠰᠬᠠᠵᠣ᠂ ᠨᠡᠶᠢᠭᠡᠮ ᠤᠨ ᠣᠷᠣᠯᠴᠠᠬᠤ ᠮᠠᠰᠢᠨᠵᠢᠯᠠᠯ ᠢ ᠡᠭᠦᠳᠴᠦ᠂ ᠣᠯᠠᠨ ᠨᠡᠶᠢᠳᠡ ᠶᠢᠨ ᠣᠷᠣᠯᠴᠠᠬᠤ ᠠᠷᠭ᠎ᠠ ᠵᠠᠮ | ᠢ ᠦᠷᠭᠡᠳᠭᠡᠬᠦ ᠶᠢᠨ ᠬᠠᠮᠳᠣ᠂ ᠡᠯ᠎ᠡ ᠲᠠᠯ᠎ᠠ ᠶᠢᠨ ᠨᠡᠶᠢᠳᠡ ᠶᠢᠨ ᠣᠬᠠᠮᠰᠠᠷ ᠢ ᠨᠢᠭᠳᠠᠷᠠᠭᠤᠯᠵᠣ᠂ ᠰᠠᠶᠢᠨ ᠰᠠᠶᠢᠬᠠᠨ | ᠣᠷᠴᠢᠨ ᠢ ᠪᠣᠢ ᠪᠣᠯᠭᠠᠬᠤ ᠪᠠᠷ ᠴᠢᠷᠮᠠᠶᠢᠵᠣ ᠪᠣᠢ᠃ |