ᠬᠤᠤᠯᠢᠨ ᠵᠠᠰᠠᠭ ᠠᠯᠪᠠᠨ ᠦᠰᠦᠭ ﹇2018﹈ 77 ᠳ᠋ᠤᠭᠠᠷ ᠨᠤᠮᠧᠷᠳᠤ | | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢᠬᠡᠴᠡ ᠳᠤ᠄ | ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠬᠡᠳ ︽ᠬᠤᠤᠯᠢᠩᠭᠤᠤᠯ ᠬᠤᠳᠠ ᠶᠢᠨ | ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠬᠠᠮᠳᠤᠷᠠᠨ ᠵᠤᠯᠭᠠᠯᠴᠠᠭᠤᠯᠬᠤ ᠶᠢᠨ ᠬᠡᠷᠡᠭᠵᠢᠬᠦᠯᠬᠦ | ᠳᠦᠰᠦᠯ︾ ᠢ ᠡᠳᠤᠬᠡ ᠳᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠳᠤᠤᠱᠯᠠᠭᠤᠯᠤᠨ ᠬᠡᠷᠡᠭᠵᠢᠬᠦᠯᠳᠦᠬᠡᠢ᠃ | | | 2018 ᠤᠨ ᠤ 6 ᠰᠠᠷ᠎ᠠ ᠶᠢᠨ 22 ᠤ ᠡᠳᠤᠷ | | ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠢ ᠬᠠᠮᠳᠤᠷᠠᠨ | ᠵᠤᠯᠭᠠᠯᠴᠠᠭᠤᠯᠬᠤ ᠶᠢᠨ ᠬᠡᠷᠡᠭᠵᠢᠬᠦᠯᠬᠦ ᠳᠦᠰᠦᠯ | ᠮᠠᠨ ᠤ ᠬᠤᠳᠠ ᠶᠢᠨ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠬᠠᠮᠳᠤᠷᠠᠨ | ᠵᠤᠯᠭᠠᠯᠴᠠᠭᠤᠯᠬᠤ ᠤᠷᠳᠤ ᠬᠤᠭᠤᠴᠠᠭ᠎ᠠ ᠬᠦᠴᠦᠨ ᠲᠠᠢ ᠠᠵᠢᠯ ᠤᠨ ᠳᠤᠭᠳᠠᠴᠠ ᠶᠢ ᠪᠠᠶᠢᠭᠤᠯᠵᠤ᠂ ᠮᠦᠩᠬᠦᠨ | ᠬᠦᠢᠯᠬᠡᠬᠡ ᠶᠢᠨ ᠪᠤᠳᠠᠳᠤ ᠴᠤᠭᠴᠠᠳᠤ ᠠᠵᠤ ᠠᠬᠤᠢ ᠶᠢ ᠳᠡᠮᠵᠢᠬᠦ ᠬᠦᠴᠦᠴᠡ ᠪᠠᠨ ᠶᠡᠬᠡᠰᠬᠡᠵᠣ᠂ ᠠᠵᠤ ᠠᠬᠤᠶᠢᠯᠠᠯ ᠢ | ᠬᠠᠪᠰᠤᠷᠤᠨ ᠪᠡᠯᠡ ᠳᠤᠬᠢᠷᠠᠭᠤᠯᠭ᠎ᠠ ᠶᠢᠨ ᠪᠤᠭᠤᠮᠢ ᠠᠰᠠᠭᠤᠳᠠᠯ ᠢ ᠰᠢᠢᠳᠪᠤᠷᠢᠯᠡᠵᠤ᠂ ᠮᠦᠩᠬᠦᠨ ᠬᠦᠢᠯᠬᠡᠬᠡ ᠠᠵᠤ | ᠠᠬᠤᠶᠢᠯᠠᠯ ᠬᠠᠮᠳᠤ ᠪᠠᠷ ᠢᠯᠠᠬᠤ ᠬᠦᠭᠵᠢᠯᠳᠡ ᠶᠢ ᠪᠡᠶᠡᠯᠡᠬᠦᠯᠬᠦ ᠶᠢᠨ ᠳᠤᠰᠠᠳᠠ ᠤᠨᠴᠠᠭᠠᠶᠢᠯᠠᠨ ᠳᠤᠰ ᠬᠡᠷᠡᠭᠵᠢᠬᠦᠯᠬᠦ | ᠳᠦᠰᠦᠯ ᠢ ᠳᠤᠭᠳᠠᠭᠠᠪᠠ᠃ | ᠨᠢᠬᠡ᠂ ᠵᠢᠯᠤᠭᠤᠳᠬᠤ ᠦᠵᠡᠯ ᠰᠠᠨᠠᠭ᠎ᠠ ᠪᠤᠯᠤᠨ ᠠᠵᠢᠯ ᠤᠨ ᠬᠠᠷᠠᠯᠳᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠨᠡᠶᠢᠬᠡᠮ ᠵᠢᠷᠤᠮ ᠤᠨ ᠦᠵᠡᠯ ᠰᠠᠨᠠᠭ᠎ᠠ | ᠪᠤᠯᠤᠨ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ | ᠮᠦᠩᠬᠦᠨ ᠬᠦᠢᠯᠬᠡᠬᠡᠨ ᠤ ᠠᠵᠢᠯ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠳᠦᠪ ᠤᠨ ᠪᠠ ᠦᠪᠤᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠮᠦᠩᠬᠦᠨ ᠬᠦᠢᠯᠬᠡᠬᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ | ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠳᠤᠯᠤᠳᠤᠭᠠᠷ ᠬᠤᠭᠤᠴᠠᠭᠠᠨ ᠤ | ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠦᠨᠳᠤᠰᠤᠯᠡᠨ ᠠᠵᠤ ᠦᠢᠯᠡᠰ ᠤᠨ ᠳᠦᠷᠦ ᠶᠢᠨ ᠪᠤᠳᠤᠯᠭ᠎ᠠ ᠪᠤᠯᠤᠨ ᠮᠦᠩᠬᠦᠨ ᠬᠦᠢᠯᠬᠡᠬᠡᠨ | ᠤ ᠳᠦᠷᠦ ᠶᠢᠨ ᠪᠤᠳᠤᠯᠭ᠎ᠠ ᠶᠢ ᠤᠷᠭᠠᠨᠢᠭ ᠢᠶᠠᠷ ᠤᠶᠠᠯᠳᠤᠭᠤᠯᠵᠤ᠂ ᠠᠵᠤ ᠠᠬᠤᠶᠢᠯᠠᠯ ᠤᠨ ᠳᠦᠷᠦᠯ ᠵᠦᠢᠯ ᠪᠤᠯᠤᠨ | ᠮᠦᠩᠬᠦᠨ ᠬᠦᠢᠯᠬᠡᠬᠡᠨ ᠤ ᠡᠬᠢ ᠪᠠᠶᠠᠯᠢᠭ ᠢ ᠬᠦᠴᠦᠨ ᠲᠠᠢ ᠵᠤᠯᠭᠠᠯᠴᠠᠭᠤᠯᠬᠤ ᠪᠠᠷ ᠦᠨᠳᠤᠰᠤᠨ ᠬᠠᠷᠠᠯᠳᠠ ᠪᠤᠯᠭᠠᠬᠤ | ᠶᠢ ᠠᠬᠢᠭᠤᠯᠵᠤ᠂ ︽ᠵᠠᠰᠠᠭ ᠤᠨ ᠤᠷᠳᠤᠨ ᠳᠠᠪᠴᠠᠩ ᠭᠠᠷᠠᠭᠠᠵᠤ᠂ ᠳᠦᠷᠦ ᠶᠢᠨ ᠪᠤᠳᠤᠯᠭ᠎ᠠ ᠪᠠᠷ ᠬᠦᠳᠦᠯᠦᠨ | ᠳᠠᠭᠠᠭᠤᠯᠵᠤ᠂ ᠵᠠᠬ᠎ᠠ ᠳᠡᠯᠬᠡᠬᠦᠷ ᠢᠶᠠᠷ ᠡᠷᠬᠢᠯᠳᠦᠬᠦᠯᠵᠤ᠂ ᠮᠦᠩᠬᠦᠨ ᠬᠦᠢᠯᠬᠡᠬᠡ ᠠᠵᠤ ᠠᠬᠤᠶᠢᠯᠠᠯ ᠬᠠᠮᠳᠤ ᠪᠠᠷ | ᠢᠯᠠᠬᠤ︾ ᠪᠠᠷ ᠶᠡᠷᠤᠩᠬᠡᠢ ᠱᠠᠭᠠᠷᠳᠠᠯᠭ᠎ᠠ ᠪᠤᠯᠭᠠᠵᠤ᠂ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ | ᠤᠨ ᠵᠤᠯᠭᠠᠴᠠᠭᠤᠯᠤᠯᠳᠠ ᠶᠢᠨ ᠳᠦᠬᠦᠮᠴᠢᠯᠡᠯᠳᠡ᠂ ᠪᠠᠶᠢᠩᠭᠤᠵᠢᠯᠠᠯᠳᠠ ᠶᠢᠨ ᠳᠤᠭᠳᠠᠴᠠ ᠶᠢ ᠪᠠᠶᠢᠭᠤᠯᠬᠤ ᠶᠢᠨ ᠬᠠᠮᠳᠤ | ᠳᠠᠰᠤᠷᠠᠯᠳᠠ ᠦᠬᠡᠢ ᠳᠡᠬᠦᠯᠳᠡᠷᠵᠢᠬᠦᠯᠵᠤ᠂ ᠮᠦᠩᠬᠦᠨ ᠬᠦᠢᠯᠬᠡᠬᠡᠨ ᠤ ᠦᠢᠯᠡᠴᠢᠯᠡᠭᠡ ᠶᠢᠨ ᠪᠤᠳᠠᠳᠤ ᠴᠤᠭᠴᠠᠳᠤ ᠠᠵᠤ | ᠠᠬᠤᠢ ᠶᠢᠨ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠷᠠᠭᠤᠯᠤᠨ᠎ᠠ᠃ | ᠬᠤᠶᠠᠷ᠂ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠬᠠᠮᠵᠢᠯᠴᠠᠭ᠎ᠠ ᠶᠢᠨ ︽ | ᠵᠢᠷᠭᠤᠭᠠᠨ ᠠᠷᠭ᠎ᠠ ᠬᠡᠮᠵᠢᠶ᠎ᠡ︾ ᠶᠢ ᠳᠦᠷᠬᠡᠳᠬᠡᠨ ᠠᠬᠢᠭᠤᠯᠤᠨ᠎ᠠ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠦᠬᠦ ᠬᠤᠳᠠ ᠶᠢᠨ ᠵᠠᠰᠠᠭ | ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠵᠤᠯᠭᠠᠯᠴᠠᠭᠤᠯᠬᠤ ᠠᠵᠢᠯ ᠢ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠨᠢᠬᠡᠳᠤᠯᠳᠡᠢ ᠵᠢᠯᠤᠭᠤᠳᠤᠯᠭ᠎ᠠ ᠶᠢᠨ ᠳᠤᠤᠷ᠎ᠠ ᠶᠠᠪᠤᠭᠳᠠᠭᠤᠯᠤᠨ᠎ᠠ᠂ ᠬᠤᠳᠠ ᠶᠢᠨ | ᠵᠠᠰᠠᠭ ᠤᠨ ᠤᠷᠳᠤᠨ ᠤ ᠬᠤᠪᠢᠶᠠᠨ ᠬᠠᠮᠢᠶᠠᠷᠴᠤ ᠪᠠᠶᠢᠭ᠎ᠠ ᠬᠤᠳᠠ ᠶᠢᠨ ᠳᠡᠳ᠋ ᠳᠠᠷᠤᠭ᠎ᠠ ᠪᠠᠷ ᠳᠦᠷᠦᠬᠦᠯᠡᠨ᠂ ᠬᠤᠳᠠ | ᠶᠢᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ᠂ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ | ᠰᠠᠯᠪᠤᠷᠢ ᠪᠠᠩᠬᠢ ᠠᠴᠠ ᠪᠤᠳᠠᠳᠠᠢ ᠵᠤᠬᠢᠶᠠᠨ ᠪᠠᠶᠢᠭᠤᠯᠤᠨ ᠳᠤᠬᠢᠷᠠᠭᠤᠯᠤᠨ᠎ᠠ᠂ ᠬᠤᠳᠠ ᠶᠢᠨ ᠠᠵᠤ ᠠᠬᠤᠢ ᠪᠠ | ᠴᠢᠮᠡᠭᠡ ᠵᠠᠩᠬᠢᠴᠢᠯᠠᠯᠳᠠ ᠶᠢᠨ ᠳᠤᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ᠂ ᠠᠵᠤ | ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠡᠷᠬᠡ ᠰᠠᠯᠠᠭ᠎ᠠ ᠮᠦᠴᠢᠷ ᠵᠢᠴᠢ ᠪᠠᠩᠬᠢ ᠶᠢᠨ ᠦᠢᠯᠡᠰ ᠤᠨ ᠮᠦᠩᠬᠦᠨ | ᠬᠦᠢᠯᠬᠡᠬᠡᠨ ᠤ ᠪᠠᠶᠢᠭᠤᠯᠤᠮᠵᠢ ᠢᠳᠡᠪᠬᠢᠳᠡᠢ ᠬᠠᠮᠳᠤᠷᠠᠯᠴᠠᠨᠠ᠃ ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ | ᠮᠦᠩᠬᠦᠨ ᠬᠦᠢᠯᠬᠡᠬᠡ ᠠᠵᠤ ᠠᠬᠤᠶᠢᠯᠠᠯ ᠤᠨ ᠵᠤᠯᠭᠠᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ | ᠳᠠᠭᠠᠯᠳᠤᠭᠤᠯᠤᠯ᠂ ᠳᠤᠤᠷ᠎ᠠ ᠤᠳᠤᠷᠢᠳᠬᠤ ᠳᠤᠭᠤᠶᠢᠯᠠᠩ ᠬᠡᠵᠤ ᠳᠦᠬᠦᠮᠴᠢᠯᠡᠨ᠎ᠡ︶ ᠢ ᠪᠠᠶᠢᠭᠤᠯᠤᠨ᠎ᠠ᠂ | ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠤᠨ ᠳᠤᠭᠳᠠᠴᠠ ᠶᠢ | ᠪᠠᠶᠢᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢᠬᠡᠴᠡ ᠶᠢᠨ ᠡᠬᠦᠷᠬᠡ ᠬᠠᠷᠢᠭᠤᠴᠠᠯᠭ᠎ᠠ ᠶᠢ ᠳᠤᠳᠤᠷᠬᠠᠢ | ᠪᠤᠯᠭᠠᠵᠤ᠂ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠬᠠᠮᠵᠢᠯᠴᠠᠭ᠎ᠠ ᠶᠢ ᠬᠠᠮᠳᠤ ᠪᠠᠷ | ᠠᠬᠢᠭᠤᠯᠤᠨ᠎ᠠ᠃ ︵ᠬᠠᠷᠢᠭᠤᠴᠠᠬᠤ ᠨᠢᠬᠡᠴᠡ᠄ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ᠂ ᠮᠦᠩᠬᠦᠨ | ᠬᠦᠢᠯᠬᠡᠬᠡᠨ ᠤ ᠦᠢᠯᠡᠴᠢᠯᠡᠬᠡᠨ ᠤ ᠳᠦᠪ︔ ᠬᠠᠮᠳᠤᠷᠠᠯᠴᠠᠬᠤ ᠨᠢᠬᠡᠴᠡ᠄ ᠠᠷᠠᠳ ᠤᠨ ᠪᠠᠩᠬᠢ ᠶᠢᠨ ᠬᠤᠤᠯᠢᠩᠭᠤᠤᠯ | ᠬᠤᠳᠠ ᠶᠢᠨ ᠰᠠᠯᠪᠤᠷᠢ ᠪᠠᠩᠬᠢ︶ | ︵ᠬᠤᠶᠠᠷ︶ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠵᠤᠯᠭᠠᠯᠴᠠᠭᠤᠯᠬᠤ | ᠬᠤᠯᠪᠤᠭᠠᠳᠤ ᠬᠤᠷᠠᠯ ᠤᠨ ᠳᠦᠷᠢᠮ ᠢ ᠪᠠᠶᠢᠭᠤᠯᠤᠨ᠎ᠠ᠃ ᠬᠤᠳᠠ ᠶᠢᠨ ᠵᠠᠰᠠᠭ ᠤᠨ ᠤᠷᠳᠤᠨ ᠮᠦᠩᠬᠦᠨ ᠬᠦᠢᠯᠬᠡᠬᠡ | ᠠᠵᠤ ᠠᠬᠤᠶᠢᠯᠠᠯ ᠤᠨ ᠵᠤᠯᠭᠠᠯᠴᠠᠭᠤᠯᠬᠤ ᠬᠤᠯᠪᠤᠭᠠᠳᠤ ᠬᠤᠷᠠᠯ ᠢ ᠤᠳᠤᠷᠢᠳᠬᠤ ᠳᠤᠭᠤᠶᠢᠯᠠᠩ ᠢ ᠳᠦᠷᠦᠬᠦᠯᠡᠨ | ᠵᠤᠬᠢᠶᠠᠨ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠬᠤᠷᠠᠯ ᠡᠷᠬᠢᠯᠠᠵᠤ᠂ ᠬᠤᠳᠠ | ᠶᠢᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ ᠪᠤᠳᠠᠳᠠᠢ ᠬᠠᠷᠢᠭᠤᠴᠠᠨ᠎ᠠ᠂ ᠵᠠᠷᠴᠢᠮ ᠳᠡᠬᠡᠷ᠎ᠡ ᠪᠠᠨ ᠤᠯᠠᠷᠢᠯ | ᠨᠢᠬᠡᠪᠤᠷᠢ ᠳᠤ ᠬᠠᠮᠤᠭ ᠪᠠᠭ᠎ᠠ ᠳᠠᠭᠠᠨ ᠨᠢᠬᠡ ᠤᠳᠠᠭᠠᠨ ᠤ ᠬᠤᠷᠠᠯ ᠬᠤᠷᠠᠯᠳᠤᠵᠤ᠂ ᠤᠳᠤᠷᠢᠳᠬᠤ ᠳᠤᠭᠤᠶᠢᠯᠠᠩ ᠤᠨ | ᠡᠯ᠎ᠡ ᠪᠦᠷᠢᠯᠳᠦᠬᠦᠨ ᠬᠡᠰᠢᠬᠦᠨ ᠤ ᠨᠢᠬᠡᠴᠡ ᠪᠤᠯᠤᠨ ᠡᠯ᠎ᠡ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ | ᠪᠠᠶᠢᠭᠤᠯᠤᠮᠵᠢ ᠪᠠᠷ ᠳᠤᠭᠳᠠᠭᠰᠠᠨ ᠤᠷᠤᠯᠴᠠᠬᠤ ᠨᠢᠬᠡᠴᠡ ᠪᠤᠯᠭᠠᠨ᠎ᠠ᠃ ᠬᠤᠯᠪᠤᠭᠠᠳᠤ ᠬᠤᠷᠠᠯ ᠤᠨ ᠭᠤᠤᠯ ᠵᠦᠪᠯᠡᠬᠦ | ᠵᠦᠢᠯ᠄ ᠳᠡᠬᠡᠷ᠎ᠡ ᠤᠳᠠᠭᠠᠨ ᠤ ᠮᠦᠩᠬᠦᠨ ᠬᠦᠢᠯᠬᠡᠬᠡ ᠠᠵᠤ ᠠᠬᠤᠶᠢᠯᠠᠯ ᠤᠨ ᠵᠦᠪᠳᠡᠨ ᠬᠡᠯᠡᠯᠴᠡᠵᠤ ᠬᠡᠷ᠎ᠡ | ᠳᠤᠭᠳᠠᠭᠰᠠᠨ ᠢ ᠨᠠᠶᠢᠳᠠᠪᠤᠷᠢᠵᠢᠭᠤᠯᠤᠭᠰᠠᠨ ᠪᠠᠶᠢᠳᠠᠯ︔ ᠪᠦᠬᠦ ᠬᠤᠳᠠ ᠶᠢᠨ ᠭᠤᠤᠯᠳᠠᠯᠭ᠎ᠠ ᠲᠠᠢ ᠳᠦᠷᠦᠯ ᠵᠦᠢᠯ ᠤᠨ | ᠠᠵᠤ ᠠᠬᠤᠶᠢᠯᠠᠯ ᠤᠨ ᠠᠬᠢᠴᠠ ᠪᠤᠯᠤᠨ ᠪᠡᠯᠡ ᠳᠤᠬᠢᠷᠠᠯᠴᠠᠭᠠ ᠶᠢᠨ ᠪᠠᠶᠢᠳᠠᠯ︔ ᠪᠦᠬᠦ ᠬᠤᠳᠠ ᠶᠢᠨ ᠪᠠᠩᠬᠢ ᠶᠢᠨ | ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠵᠢᠬᠡᠯᠡᠯᠬᠡ ᠶᠢᠨ ᠬᠠᠨᠳᠤᠯᠭ᠎ᠠ ᠶᠢᠨ ᠪᠠᠶᠢᠳᠠᠯ︔ ᠤᠯᠤᠰ | ᠤᠨ ᠠᠵᠤ ᠦᠢᠯᠡᠰ ᠤᠨ ᠳᠦᠷᠦ ᠶᠢᠨ ᠪᠤᠳᠤᠯᠭ᠎ᠠ᠂ ᠵᠤᠭᠤᠰ ᠤᠨ ᠳᠦᠷᠦ ᠶᠢᠨ ᠪᠤᠳᠤᠯᠭ᠎ᠠ ᠶᠢᠨ ᠠᠵᠤ ᠠᠬᠤᠶᠢᠯᠠᠯ | ᠤᠨ ᠳᠦᠷᠦᠯ ᠵᠦᠢᠯ ᠤᠨ ᠪᠡᠯᠡ ᠳᠤᠬᠢᠷᠠᠯᠴᠠᠭᠠ ᠶᠢᠨ ᠨᠦᠯᠦᠬᠡ ᠪᠠ ᠬᠠᠷᠢᠭᠤᠴᠠᠬᠤ ᠪᠤᠳᠤᠯᠭ᠎ᠠ ᠶᠢ ᠰᠤᠷᠤᠯᠴᠠᠨ | ᠰᠤᠳᠤᠯᠠᠨᠠ︔ ᠱᠠᠭᠠᠷᠳᠠᠯᠭ᠎ᠠ ᠶᠢ ᠦᠨᠳᠤᠰᠤᠯᠡᠨ ᠪᠠᠩᠬᠢ ᠠᠵᠤ ᠠᠬᠤᠶᠢᠯᠠᠯ ᠤᠨ ᠵᠦᠪᠳᠡᠨ ᠬᠡᠯᠡᠯᠴᠡᠬᠦ ᠪᠤᠶᠤ | ᠳᠦᠪᠯᠡᠷᠡᠬᠦᠯᠦᠨ ᠬᠡᠷ᠎ᠡ ᠳᠤᠭᠳᠠᠬᠤ ᠠᠵᠢᠯᠯᠠᠭ᠎ᠠ ᠶᠠᠪᠤᠭᠤᠯᠬᠤ ᠶᠢ ᠰᠤᠳᠤᠯᠤᠨ᠎ᠠ︔ ᠪᠤᠰᠤᠳ ᠴᠢᠬᠤᠯᠠ ᠲᠠᠢ | ᠰᠤᠳᠤᠯᠤᠨ ᠵᠦᠪᠯᠡᠬᠦ ᠵᠦᠢᠯ ᠪᠠᠭᠳᠠᠨ᠎ᠠ᠃ ᠬᠤᠷᠠᠯ ᠤᠨ ᠳᠠᠷᠠᠭ᠎ᠠ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ | ᠬᠤᠷᠠᠯ ᠤᠨ ᠪᠠᠶᠢᠳᠠᠯ ᠢᠶᠠᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠳᠡᠷᠡ ᠳᠠᠷᠤᠢ ᠳᠤᠨᠢ ᠮᠡᠳᠡᠬᠦᠯᠦᠨ᠎ᠡ᠃ | ︵ᠬᠠᠷᠢᠭᠤᠴᠠᠬᠤ ᠨᠢᠬᠡᠴᠡ᠄ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ᠂ ᠠᠷᠠᠳ ᠤᠨ ᠪᠠᠩᠬᠢ ᠶᠢᠨ | ᠬᠤᠤᠯᠢᠩᠭᠤᠤᠯ ᠤᠨ ᠰᠠᠯᠪᠤᠷᠢ ᠪᠠᠩᠬᠢ︔ ᠬᠠᠮᠳᠤᠷᠠᠯᠴᠠᠬᠤ ᠨᠢᠬᠡᠴᠡ᠄ ᠵᠠᠰᠠᠭ ᠤᠨ ᠤᠷᠳᠤᠨ ᠮᠦᠩᠬᠦᠨ ᠬᠦᠢᠯᠬᠡᠬᠡ | ᠠᠵᠤ ᠠᠬᠤᠶᠢᠯᠠᠯ ᠤᠨ ᠵᠤᠯᠭᠠᠯᠴᠠᠭᠤᠯᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ ᠤ ᠨᠢᠬᠡᠴᠡ︶ | ︵ᠭᠤᠷᠪᠠ︶ ᠪᠠᠶᠢᠩᠭᠤᠵᠢᠭᠰᠠᠨ ᠵᠤᠯᠭᠠᠯᠴᠠᠭᠤᠯᠬᠤ ᠠᠵᠢᠯᠯᠠᠭ᠎ᠠ ᠶᠢ ᠶᠠᠪᠤᠭᠤᠯᠤᠨ᠎ᠠ᠃ ᠬᠤᠳᠠ ᠶᠢᠨ ᠮᠦᠩᠬᠦᠨ | ᠬᠦᠢᠯᠬᠡᠬᠡᠨ ᠤ ᠦᠢᠯᠡᠴᠢᠯᠡᠬᠡᠨ ᠤ ᠳᠦᠪ᠂ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ | ᠳᠦᠷᠦᠬᠦᠯᠡᠨ ᠵᠢᠯ ᠨᠢᠬᠡᠪᠤᠷᠢ ᠳᠤ 2—3 ᠤᠳᠠᠭᠠᠨ ᠤ ᠳᠤᠰᠬᠠᠶᠢᠯᠠᠨ ᠵᠤᠯᠭᠠᠯᠴᠠᠭᠤᠯᠬᠤ ᠠᠵᠢᠯᠯᠠᠭ᠎ᠠ ᠶᠠᠪᠤᠭᠤᠯᠵᠤ | ᠂ ᠭᠤᠤᠯᠳᠠᠯᠭ᠎ᠠ ᠲᠠᠢ ᠳᠦᠷᠦᠯ ᠵᠦᠢᠯ ᠤᠨ ᠠᠵᠤ ᠠᠬᠤᠶᠢᠯᠠᠯ ᠪᠠ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ | ᠤ ᠪᠠᠶᠢᠭᠤᠯᠤᠮᠵᠢ ᠶᠢᠨ ᠬᠦᠨᠵᠡᠬᠡᠢ ᠵᠤᠯᠭᠠᠯᠴᠠᠭᠤᠯᠬᠤ ᠶᠢ ᠠᠬᠢᠭᠤᠯᠵᠤ᠂ ᠪᠠᠰᠠ ᠴᠢᠬᠤᠯᠠ ᠲᠠᠢ ᠦᠶ᠎ᠡ ᠳᠤ | ᠳᠤᠭᠳᠠᠭᠰᠠᠨ ᠪᠤᠰᠤ ᠬᠤᠭᠤᠴᠠᠭ᠎ᠠ ᠲᠠᠢ ᠪᠠᠷ ᠳᠤᠰᠬᠠᠶᠢᠯᠠᠨ ᠵᠤᠯᠭᠠᠯᠴᠠᠭᠤᠯᠬᠤ ᠠᠵᠢᠯᠯᠠᠭ᠎ᠠ ᠶᠠᠪᠤᠭᠤᠯᠤᠨ᠎ᠠ᠃ | 1. ᠳᠦᠪᠯᠡᠷᠡᠬᠦᠯᠦᠨ ᠵᠤᠯᠭᠠᠯᠴᠠᠭᠤᠯᠬᠤ᠃ ᠵᠤᠯᠭᠠᠯᠴᠠᠭᠤᠯᠬᠤ ᠬᠦᠷᠢᠶ᠎ᠡ ᠴᠠᠷᠠᠭ᠎ᠠ ᠳᠤ ᠨᠡᠶᠢᠴᠡᠭᠰᠡᠨ ᠠᠵᠤ | ᠠᠬᠤᠶᠢᠯᠠᠯ ᠢ ᠨᠢᠬᠡ ᠯᠡ ᠤᠳᠠᠭ᠎ᠠ ᠳᠤ ᠳᠦᠪᠯᠡᠷᠡᠬᠦᠯᠦᠨ ᠵᠤᠯᠭᠠᠴᠠᠭᠤᠯᠤᠨᠠ᠃ | 2. ᠳᠤᠰᠬᠠᠶᠢᠯᠠᠨ ᠵᠤᠯᠭᠠᠯᠴᠠᠭᠤᠯᠬᠤ᠃ ᠠᠵᠤ ᠠᠬᠤᠶᠢᠯᠠᠯ ᠤᠨ ᠬᠡᠪᠴᠢᠶᠡᠵᠢᠯ᠂ ᠠᠵᠢᠯ ᠳᠦᠷᠦᠯ᠂ ᠪᠡᠯᠡ | ᠳᠤᠬᠢᠷᠠᠯᠴᠠᠭᠠ ᠶᠢᠨ ᠬᠡᠷᠡᠭᠴᠡᠭᠡ ᠵᠢᠴᠢ ᠡᠯ᠎ᠡ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ | ᠮᠦᠩᠬᠦᠨ ᠬᠦᠢᠯᠬᠡᠬᠡᠨ ᠤ ᠪᠦᠳᠦᠬᠡᠭᠳᠡᠬᠦᠨ ᠢ ᠦᠨᠳᠤᠰᠤᠯᠡᠨ ᠳᠤᠰᠬᠠᠶᠢᠯᠠᠨ ᠵᠤᠯᠭᠠᠯᠴᠠᠭᠤᠯᠤᠨ᠎ᠠ᠃ | ︵ᠳᠦᠷᠪᠡ︶ ᠠᠵᠤ ᠠᠬᠤᠶᠢᠯᠠᠯ ᠵᠢᠴᠢ ᠪᠠᠩᠬᠢ ᠶᠢᠨ ᠬᠤᠭᠤᠷᠤᠨᠳᠤ ᠶᠢᠨ ᠴᠢᠮᠡᠭᠡ ᠵᠠᠩᠬᠢ ᠶᠢᠨ ᠬᠠᠷᠢᠯᠴᠠᠨ | ᠨᠡᠪᠳᠡᠷᠡᠯᠴᠡᠬᠦ ᠳᠠᠪᠴᠠᠩ ᠪᠠᠶᠢᠭᠤᠯᠤᠨ᠎ᠠ | 1. ᠠᠵᠤ ᠠᠬᠤᠶᠢᠯᠠᠯ ᠤᠨ ᠮᠦᠩᠬᠦᠨ ᠬᠦᠢᠯᠬᠡᠬᠡᠨ ᠤ ᠪᠡᠯᠡ ᠳᠤᠬᠢᠷᠠᠯᠴᠠᠭᠠ ᠶᠢᠨ ᠬᠡᠷᠡᠭᠴᠡᠭᠡ ᠶᠢᠨ | ᠬᠦᠳᠡᠯᠤᠩᠬᠦᠢ ᠪᠠᠶᠢᠳᠠᠯ ᠤᠨ ᠳ᠋ᠠᠶᠢᠲ᠋ᠠ ᠶᠢᠨ ᠬᠦᠮᠦᠷᠬᠡ ᠪᠠᠶᠢᠭᠤᠯᠤᠨ᠎ᠠ᠃ ᠮᠦᠩᠬᠦᠨ ᠬᠦᠢᠯᠬᠡᠬᠡᠨ ᠤ ᠦᠢᠯᠡᠴᠢᠯᠡᠬᠡᠨ ᠤ | ᠳᠦᠪ᠂ ᠬᠤᠳᠠ ᠶᠢᠨ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶ᠎ᠠ᠂ ᠠᠵᠤ ᠠᠬᠤᠢ ᠪᠠ ᠴᠢᠮᠡᠭᠡ | ᠵᠠᠩᠬᠢᠴᠢᠯᠠᠯᠳᠠ ᠶᠢᠨ ᠳᠤᠪᠴᠢᠶ᠎ᠠ᠂ ᠠᠵᠤ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠡᠷᠬᠡ ᠶᠢᠨ ᠰᠠᠯᠠᠭ᠎ᠠ ᠮᠦᠴᠢᠷ | ᠬᠠᠮᠳᠤᠷᠠᠯᠴᠠᠵᠤ᠂ ᠰᠠᠷ᠎ᠠ ᠨᠢᠬᠡᠪᠤᠷᠢ ᠶᠢᠨ 25 ᠤ ᠡᠳᠤᠷ ᠠᠴᠠ ᠡᠮᠤᠨ᠎ᠡ ᠪᠦᠬᠦ ᠬᠤᠳᠠ ᠶᠢᠨ ᠦᠨᠳᠤᠰᠤᠨ ᠪᠦᠳᠦᠬᠡᠨ | ᠪᠠᠶᠢᠭᠤᠯᠤᠯᠳᠠ ᠶᠢᠨ ᠳᠦᠷᠦᠯ ᠵᠦᠢᠯ᠂ ᠭᠤᠤᠯᠳᠠᠯᠭᠠᠳᠤ ᠠᠵᠤ ᠠᠬᠤᠶᠢᠯᠠᠯ᠂ ᠰᠢᠨ᠎ᠡ ᠪᠠᠷ ᠪᠠᠶᠢᠭᠤᠯᠤᠭᠰᠠᠨ ᠳᠦᠷᠦᠯ | ᠵᠦᠢᠯ᠂ ᠳᠤᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ ᠤᠨ ᠪᠠᠶᠢᠳᠠᠯ ᠤᠨ ᠳᠤᠭ᠎ᠠ ᠪᠦᠷᠢᠳᠬᠡᠯ ᠤᠨ ᠮᠡᠳᠡᠬᠦᠯᠬᠦ | ᠬᠦᠰᠦᠨᠦᠭᠳᠤ ︵ᠦᠨᠳᠤᠰᠤᠨ ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ ᠤᠨ ᠳᠤᠶᠢᠮᠤ ᠪᠠᠶᠢᠳᠠᠯ᠂ ᠠᠵᠤ | ᠠᠬᠤᠶᠢᠯᠠᠯ ᠤᠨ ᠦᠨᠳᠤᠰᠤᠨ ᠪᠠᠶᠢᠳᠠᠯ᠂ ᠠᠵᠤ ᠠᠬᠤᠶᠢᠯᠠᠯ ᠤᠨ ᠳᠦᠷᠦᠯ ᠵᠦᠢᠯ ᠤᠨ ᠳᠤᠶᠢᠮᠤ ᠪᠠᠶᠢᠳᠠᠯ᠂ ᠳᠦᠷᠦᠯ | ᠵᠦᠢᠯ ᠤᠨ ᠪᠡᠯᠡ ᠳᠤᠬᠢᠷᠠᠭᠤᠯᠭ᠎ᠠ ᠶᠢᠨ ᠬᠡᠷᠡᠭᠴᠡᠭᠡ᠂ ᠠᠵᠤ ᠠᠬᠤᠶᠢᠯᠠᠯ ᠤᠨ ᠡᠳ᠋ ᠤᠨ ᠵᠠᠰᠠᠭ ᠤᠨ ᠪᠠᠶᠢᠳᠠᠯ᠂ | ᠬᠠᠷᠢᠯᠴᠠᠬᠤ ᠬᠦᠮᠦᠨ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠬᠡ︶ ᠬᠢᠵᠤ᠂ ᠪᠦᠬᠦ ᠬᠤᠳᠠ ᠶᠢᠨ ᠠᠵᠤ ᠠᠬᠤᠶᠢᠯᠠᠯ | ᠤᠨ ᠵᠢᠬᠡᠯᠡᠯᠬᠡ ᠶᠢᠨ ᠬᠡᠷᠡᠭᠴᠡᠭᠡ ᠶᠢᠨ ᠳ᠋ᠠᠶᠢᠲ᠋ᠠ ᠬᠦᠮᠦᠷᠬᠡ ᠶᠢᠨ ᠰᠢᠨᠵᠢᠯᠡᠬᠦ ᠤᠬᠠᠭᠠᠨᠴᠢ ᠪᠠᠷ ᠬᠢᠨᠠᠨ ᠬᠡᠮᠵᠢᠬᠦ ᠪᠠ | ᠬᠦᠳᠡᠯᠤᠩᠬᠦᠢ ᠪᠠᠶᠢᠳᠠᠯ ᠤᠨ ᠬᠠᠮᠢᠶᠠᠷᠤᠯᠳᠠ ᠶᠢ ᠪᠡᠶᠡᠯᠡᠬᠦᠯᠵᠤ᠂ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ | ᠪᠠᠶᠢᠭᠤᠯᠤᠮᠵᠢ ᠶᠢᠨ ᠮᠠᠨ ᠤ ᠬᠤᠳᠠ ᠶᠢᠨ ᠠᠵᠤ ᠠᠬᠤᠶᠢᠯᠠᠯ ᠤᠨ ᠬᠦᠭᠵᠢᠯᠳᠡ ᠶᠢᠨ ᠪᠠᠶᠢᠳᠠᠯ ᠪᠤᠯᠤᠨ ᠪᠡᠯᠡ | ᠳᠤᠬᠢᠷᠠᠭᠤᠯᠭ᠎ᠠ ᠶᠢᠨ ᠬᠡᠷᠡᠭᠴᠡᠭᠡ ᠶᠢ ᠳᠠᠷᠤᠢ ᠳᠦᠷᠬᠡᠨ ᠦᠢᠯᠠᠭᠠᠬᠤ ᠳᠤ ᠳᠦᠬᠦᠮ ᠪᠤᠯᠭᠠᠨ᠎ᠠ᠃ | 2. ᠮᠦᠩᠬᠦᠨ ᠬᠦᠢᠯᠬᠡᠬᠡᠨ ᠤ ᠢᠳᠡᠬᠡᠮᠵᠢᠳᠤ ᠵᠢᠬᠡᠯᠡᠯᠡᠭᠡ ᠶᠢᠨ ᠪᠦᠳᠦᠬᠡᠭᠳᠡᠬᠦᠨ ᠤ ᠴᠢᠮᠡᠭᠡ ᠵᠠᠩᠬᠢ ᠶᠢᠨ | ᠬᠦᠮᠦᠷᠬᠡ ᠶᠢ ᠪᠠᠶᠢᠭᠤᠯᠤᠨ᠎ᠠ᠃ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ | ᠳᠦᠷᠦᠬᠦᠯᠡᠨ ᠡᠯ᠎ᠡ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠲᠠᠢ ᠬᠠᠮᠳᠤᠷᠠᠯᠴᠠᠨ᠂ | ᠬᠤᠳᠠ ᠳᠤ ᠰᠠᠭᠤᠭ᠎ᠠ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠢᠳᠡᠬᠡᠮᠵᠢᠳᠤ | ᠵᠢᠬᠡᠯᠡᠯᠬᠡ ᠶᠢᠨ ᠪᠦᠳᠦᠬᠡᠭᠳᠡᠬᠦᠨ ᠤ ᠴᠢᠮᠡᠭᠡ ᠵᠠᠩᠬᠢ ᠶᠢ ᠳᠡᠷᠡ ᠳᠠᠷᠤᠢ ᠳᠤᠨᠢ ᠰᠢᠨᠡᠳᠬᠡᠨ ᠬᠤᠷᠢᠶᠠᠩᠭᠤᠶᠢᠯᠠᠵᠤ᠂ | ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ ᠤᠨ ᠰᠠᠷ᠎ᠠ ᠨᠢᠬᠡᠪᠤᠷᠢ ᠶᠢᠨ 25 ᠤ ᠡᠳᠤᠷ ᠠᠴᠠ ᠡᠮᠤᠨ᠎ᠡ | ᠨᠡᠶᠢᠳᠡᠯᠡᠬᠦ ᠮᠡᠳᠡᠬᠡᠯᠡᠯ ᠳᠤ ᠤᠷᠤᠭᠤᠯᠤᠨ᠎ᠠ᠂ ᠮᠠᠨ ᠤ ᠬᠤᠳᠠ ᠶᠢᠨ ᠭᠤᠤᠯᠳᠠᠯᠭᠠᠳᠤ ᠠᠵᠤ ᠠᠬᠤᠶᠢᠯᠠᠯ᠂ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠮᠦᠩᠬᠦᠨ ᠬᠦᠢᠯᠬᠡᠬᠡᠨ ᠤ ᠢᠳᠡᠬᠡᠮᠵᠢᠳᠤ ᠵᠢᠬᠡᠯᠡᠯᠬᠡ ᠶᠢᠨ ᠪᠦᠳᠦᠬᠡᠭᠳᠡᠬᠦᠨ ᠤ ᠴᠢᠮᠡᠭᠡ | ᠵᠠᠩᠬᠢ ᠶᠢᠨ ᠪᠠᠶᠢᠳᠠᠯ ᠢ ᠳᠦᠷᠦᠬᠦᠤ ᠴᠠᠭ ᠲᠤ ᠡᠵᠡᠮᠰᠢᠵᠤ᠂ ᠮᠦᠩᠬᠦᠨ ᠬᠦᠢᠯᠬᠡᠬᠡ ᠠᠵᠤ ᠠᠬᠤᠶᠢᠯᠠᠯ ᠤᠨ ᠴᠢᠮᠡᠭᠡ | ᠵᠠᠩᠬᠢ ᠬᠠᠷᠢᠯᠴᠠᠨ ᠨᠡᠪᠳᠡᠷᠡᠬᠦ ᠵᠠᠮ ᠢ ᠨᠡᠪᠳᠡᠷᠡᠬᠦᠯᠵᠤ᠂ ᠴᠢᠮᠡᠭᠡ ᠵᠠᠩᠬᠢ ᠶᠢᠨ ᠬᠡᠮ ᠲᠠᠢ ᠪᠤᠭᠤᠮᠢ ᠠᠰᠠᠭᠤᠳᠠᠯ ᠢ | ᠰᠢᠢᠳᠪᠦᠷᠢᠯᠡᠨ᠎ᠡ᠃ | 3. ᠬᠤᠳᠠ ᠶᠢᠨ ᠳᠤᠰ ᠳᠡᠰ ᠤᠨ ᠢᠳᠡᠬᠡᠮᠵᠢ ᠶᠢᠨ ᠳᠠᠩᠰᠠ ᠶᠢ ᠪᠠᠶᠢᠭᠤᠯᠤᠨ᠎ᠠ᠃ ᠬᠤᠳᠠ ᠶᠢᠨ ᠠᠵᠤ | ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠪᠤᠯᠤᠨ ᠰᠢᠬᠦᠬᠦ ᠬᠤᠷᠢᠶ᠎ᠠ ᠠᠴᠠ ︽ᠬᠤᠤᠯᠢᠩᠭᠤᠤᠯ ᠬᠤᠳᠠ ᠶᠢᠨ | ᠠᠵᠤ ᠠᠬᠤᠶᠢᠯᠠᠯ ᠤᠨ ᠬᠠᠷ᠎ᠠ ᠳᠠᠩᠰᠠ︾᠂ ︽ᠬᠤᠳᠠ ᠳᠤ ᠰᠠᠭᠤᠭ᠎ᠠ ᠠᠵᠤ ᠠᠬᠤᠶᠢᠯᠠᠯ ᠵᠢᠴᠢ ᠬᠠᠤᠯᠢ ᠶᠢᠨ | ᠡᠷᠬᠡᠳᠠᠨ ᠤ ᠢᠳᠡᠬᠡᠯ ᠢᠶᠠᠨ ᠠᠯᠳᠠᠭᠰᠠᠨ ᠳᠠᠩᠰᠠ︾ ᠶᠢ ᠬᠤᠷᠢᠶᠠᠩᠭᠤᠶᠢᠯᠠᠨ ᠡᠮᠬᠢᠨᠯᠵᠤ᠂ ᠠᠷᠠᠳ ᠤᠨ ᠪᠠᠩᠬᠢ ᠶᠢᠨ | ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ ᠳᠤ ᠮᠡᠳᠡᠬᠦᠯᠦᠨ ᠬᠦᠷᠬᠡᠵᠤ᠂ ᠠᠷᠠᠳ ᠤᠨ ᠪᠠᠩᠬᠢ ᠶᠢᠨ | ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ ᠠᠴᠠ ᠪᠠᠩᠬᠢ ᠶᠢᠨ ᠮᠦᠩᠬᠦᠨ ᠬᠦᠢᠯᠬᠡᠬᠡᠨ ᠤ ᠦᠢᠯᠡᠰ ᠤᠨ | ᠮᠦᠩᠬᠦᠨ ᠬᠦᠢᠯᠬᠡᠬᠡᠨ ᠤ ᠪᠠᠶᠢᠭᠤᠯᠤᠮᠵᠢ ᠳᠤᠭᠳᠠᠭᠰᠠᠨ ᠬᠤᠭᠤᠴᠠᠭ᠎ᠠ ᠪᠠᠷ ᠢᠳᠡᠬᠡᠮᠵᠢ ᠪᠠᠨ ᠠᠯᠳᠠᠭᠰᠠᠨ ᠠᠵᠤ | ᠠᠬᠤᠶᠢᠯᠠᠯ ᠤᠨ ᠬᠠᠷ᠎ᠠ ᠳᠠᠩᠰᠠ ᠶᠢ ᠨᠡᠶᠢᠳᠡᠯᠡᠵᠤ᠂ ᠵᠢᠬᠡᠯᠡᠯᠬᠡ ᠶᠢᠨ ᠳᠦᠭᠰᠢᠬᠦᠷᠢ ᠭᠠᠷᠬᠤ ᠨᠤᠷᠮ᠎ᠠ ᠶᠢ ᠬᠦᠴᠦᠨ ᠲᠠᠢ | ᠬᠢᠵᠠᠭᠠᠷᠯᠠᠨ᠎ᠠ᠃ | ︵ᠳᠠᠪᠤ︶ ᠬᠠᠷᠢᠭᠤ ᠳᠤᠰᠬᠠᠬᠤ ᠶᠢ ᠮᠦᠷᠳᠡᠨ ᠳᠠᠭᠠᠬᠤ ᠳᠤᠭᠳᠠᠴᠠ ᠶᠢ ᠪᠠᠶᠢᠭᠤᠯᠤᠨ᠎ᠠ᠃ ᠵᠠᠰᠠᠭ ᠤᠨ | ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠬᠠᠮᠳᠤᠷᠠᠨ ᠵᠤᠯᠭᠠᠯᠴᠠᠭᠤᠯᠬᠤ ᠳᠠᠪᠴᠠᠩ ᠤᠨ ᠬᠡᠷ᠎ᠡ ᠳᠤᠭᠳᠠᠬᠤ | ᠠᠵᠢᠯ ᠤᠨ ᠬᠠᠷᠢᠭᠤ ᠳᠤᠰᠬᠠᠬᠤ ᠶᠢ ᠮᠦᠷᠳᠡᠨ ᠳᠠᠭᠠᠬᠤ ᠳᠤᠭᠳᠠᠴᠠ ᠶᠢ ᠪᠠᠶᠢᠭᠤᠯᠵᠤ᠂ ᠪᠠᠩᠬᠢ ᠶᠢᠨ ᠦᠢᠯᠡᠰ ᠤᠨ | ᠮᠦᠩᠬᠦᠨ ᠬᠦᠢᠯᠬᠡᠬᠡᠨ ᠤ ᠪᠠᠶᠢᠭᠤᠯᠤᠮᠵᠢ ᠠᠴᠠ ᠬᠡᠷ᠎ᠡ ᠳᠤᠭᠳᠠᠬᠤ ᠠᠵᠤ ᠠᠬᠤᠶᠢᠯᠠᠯ ᠪᠤᠯᠤᠨ ᠳᠦᠷᠦᠯ ᠵᠦᠢᠯ ᠤᠨ | ᠪᠡᠯᠡ ᠮᠦᠩᠬᠦ ᠳᠠᠯᠪᠢᠬᠤ ᠠᠵᠢᠯ ᠢ ᠰᠠᠶᠢᠳᠤᠷ ᠬᠢᠵᠤ᠂ ᠰᠠᠷ᠎ᠠ ᠨᠢᠬᠡᠪᠤᠷᠢ ᠶᠢᠨ 25 ᠤ ᠡᠳᠤᠷ ᠠᠴᠠ ᠡᠮᠤᠨ᠎ᠡ | ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ᠂ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ | ᠰᠠᠯᠪᠤᠷᠢ ᠪᠠᠩᠬᠢ ᠳᠤ ᠬᠡᠷ᠎ᠡ ᠳᠤᠭᠳᠠᠭᠰᠠᠨ ᠪᠠᠶᠢᠳᠠᠯ ᠢᠶᠠᠨ ᠮᠡᠳᠡᠬᠦᠯᠦᠨ᠎ᠡ᠃ ᠬᠤᠳᠠ ᠶᠢᠨ ᠮᠦᠩᠬᠦᠨ ᠬᠦᠢᠯᠬᠡᠬᠡᠨ ᠤ | ᠦᠢᠯᠡᠴᠢᠯᠡᠬᠡᠨ ᠤ ᠳᠦᠪ᠂ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ ᠰᠠᠷ᠎ᠠ | ᠨᠢᠬᠡᠪᠤᠷᠢ ᠶᠢᠨ 30 ᠤ ᠡᠳᠤᠷ ᠠᠴᠠ ᠡᠮᠤᠨ᠎ᠡ ᠳᠤᠰᠬᠠᠢ ᠮᠡᠳᠡᠬᠦᠯᠦᠯᠳᠡ ᠶᠢᠨ ᠬᠡᠯᠪᠡᠷᠢ ᠪᠠᠷ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠤᠨ ᠵᠢᠴᠢ ᠳᠦᠩᠯᠢᠶᠤᠤ ᠬᠤᠳᠠ ᠶᠢᠨ ᠮᠦᠩᠬᠦᠨ ᠬᠦᠢᠯᠬᠡᠬᠡᠨ ᠤ ᠠᠯᠪᠠᠨ ᠬᠡᠷ᠂ ᠠᠷᠠᠳ | ᠤᠨ ᠪᠠᠩᠬᠢ ᠶᠢᠨ ᠳᠦᠩᠯᠢᠶᠤᠤ ᠬᠤᠳᠠ ᠶᠢᠨ ᠳᠦᠪ ᠤᠨ ᠰᠠᠯᠪᠤᠷᠢ ᠪᠠᠩᠬᠢ ᠳᠤ ᠳᠤᠰ ᠳᠤᠰ ᠮᠡᠳᠡᠬᠦᠯᠦᠨ ᠬᠦᠷᠬᠡᠨ᠎ᠡ᠃ | | ︵ᠵᠢᠷᠭᠤᠭ᠎ᠠ︶ ᠱᠠᠩᠨᠠᠵᠤ ᠤᠷᠮᠠᠰᠢᠭᠤᠯᠬᠤ ᠳᠤᠭᠳᠠᠴᠠ ᠶᠢ ᠪᠠᠶᠢᠭᠤᠯᠤᠨ᠎ᠠ᠃ ︽ᠦᠪᠤᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠮᠦᠩᠬᠦᠨ ᠬᠦᠢᠯᠬᠡᠬᠡᠨ ᠤ ᠠᠵᠢᠯ ᠤᠨ ᠱᠠᠩᠨᠠᠨ ᠬᠦᠬᠢᠬᠦᠯᠬᠦ ᠠᠷᠭ᠎ᠠ︾ ᠶᠢ | ᠦᠨᠳᠤᠰᠤᠯᠡᠨ᠂ ᠵᠢᠯ ᠨᠢᠬᠡᠪᠤᠷᠢ ᠶᠢᠨ 3 ᠰᠠᠷ᠎ᠠ ᠶᠢᠨ ᠰᠡᠬᠦᠯᠴᠢ ᠠᠴᠠ ᠡᠮᠤᠨ᠎ᠡ ᠳᠡᠬᠡᠷ᠎ᠡ ᠨᠢᠬᠡ ᠵᠢᠯ ᠤᠨ ᠪᠦᠬᠦ | ᠬᠤᠳᠠ ᠶᠢᠨ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠠᠵᠢᠯ ᠤᠨ ᠦᠷᠨᠢᠬᠦᠯᠦᠭᠰᠡᠨ | ᠪᠠᠶᠢᠳᠠᠯ ᠤᠨ ᠬᠦᠬᠢᠬᠦᠯᠬᠦ ᠪᠠᠨ ᠮᠡᠳᠡᠬᠦᠯᠦᠨ᠎ᠡ᠂ ᠵᠢᠷᠭᠤᠭᠠᠨ ᠬᠦᠬᠢᠬᠦᠯᠬᠦ ᠵᠦᠢᠯ ᠪᠠᠶᠢᠭᠤᠯᠵᠠᠢ᠄ ᠳᠤᠮᠤ ᠶᠡᠭᠡ ᠲᠦᠷᠦᠯ | ᠵᠦᠢᠯ ᠤᠨ ᠭᠤᠤᠯᠳᠠᠯᠭᠠᠳᠤ ᠠᠵᠢᠯ ᠤᠨ ᠮᠦᠩᠬᠦᠨ ᠬᠦᠢᠯᠬᠡᠬᠡ ᠪᠠᠷ ᠳᠡᠮᠵᠢᠬᠦ ᠳᠤ ᠬᠤᠪᠢ ᠨᠡᠮᠡᠷᠢ ᠦᠵᠡᠬᠦᠯᠦᠭᠰᠡᠨ | ᠱᠠᠩᠨᠠᠯ᠂ ︽ᠭᠤᠷᠪᠠᠨ ᠳᠠᠷᠢᠶᠠᠯᠠᠩ᠂ ᠭᠤᠷᠪᠠᠨ ᠮᠠᠯᠵᠢᠯ︾ ᠤᠨ ᠮᠦᠩᠬᠦᠨ ᠬᠦᠢᠯᠬᠡᠬᠡ ᠪᠠᠷ ᠳᠡᠮᠵᠢᠭᠰᠡᠨ᠂ ᠳᠤᠮᠳᠠ | ᠪᠠᠭ᠎ᠠ ᠠᠵᠤ ᠠᠬᠤᠶᠢᠯᠠᠯ ᠤᠨ ᠮᠦᠩᠬᠦᠨ ᠬᠦᠢᠯᠬᠡᠬᠡ ᠪᠠᠷ ᠳᠡᠮᠵᠢᠬᠦ ᠳᠤ ᠬᠤᠪᠢ ᠨᠡᠮᠡᠷᠢ ᠦᠵᠡᠬᠦᠯᠦᠭᠰᠡᠨ ᠱᠠᠩᠨᠠᠯ᠂ | ᠠᠵᠤ ᠠᠬᠤᠶᠢᠯᠠᠯ ᠤᠨ ᠮᠦᠩᠬᠦᠨ ᠬᠦᠢᠯᠬᠡᠬᠡ ᠪᠠᠷ ᠳᠡᠮᠵᠢᠨ ᠬᠦᠴᠢᠷ ᠠᠴᠠ ᠨᠢ ᠠᠩᠬᠢᠵᠢᠷᠠᠭᠤᠯᠵᠤ ᠬᠡᠯᠪᠡᠷᠢ ᠶᠢ ᠨᠢ | ᠬᠤᠪᠢᠷᠠᠭᠤᠯᠬᠤ ᠳᠤ ᠬᠤᠪᠢ ᠨᠡᠮᠡᠷᠢ ᠦᠵᠡᠬᠦᠯᠦᠭᠰᠡᠨ ᠱᠠᠩᠨᠠᠯ᠂ ᠮᠦᠩᠬᠦᠨ ᠬᠦᠢᠯᠬᠡᠬᠡ ᠶᠢᠨ ᠳᠦᠬᠡᠮᠡᠯ ᠬᠦᠷᠳᠡᠬᠡᠬᠦ | ᠳᠤ ᠬᠤᠪᠢ ᠨᠡᠮᠡᠷᠢ ᠦᠵᠡᠬᠦᠯᠦᠭᠰᠡᠨ ᠱᠠᠩᠨᠠᠯ᠂ ᠤᠷᠤᠨ ᠨᠤᠳᠤᠭ ᠤᠨ ᠮᠦᠩᠬᠦᠨ ᠬᠦᠢᠯᠬᠡᠬᠡᠨ ᠤ ᠠᠮᠢ ᠠᠬᠤᠢ ᠶᠢᠨ | ᠤᠷᠴᠢᠨ ᠳᠤᠭᠤᠷᠢᠨ ᠢ ᠬᠠᠮᠠᠭᠠᠯᠠᠭᠰᠠᠨ ᠱᠠᠩᠨᠠᠯ ᠪᠤᠯᠤᠨ᠎ᠠ᠃ ᠡᠯ᠎ᠡ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ | ᠤ ᠪᠠᠶᠢᠭᠤᠯᠤᠮᠵᠢ ᠶᠢ ᠤᠷᠮᠠᠰᠢᠭᠤᠯᠤᠨ ᠪᠡᠯᠡ ᠳᠤᠬᠢᠷᠠᠭᠤᠯᠤᠯᠭ᠎ᠠ ᠶᠢᠨ ᠬᠦᠷᠢᠶ᠎ᠡ ᠬᠡᠪᠴᠢᠶ᠎ᠡ ᠶᠢ ᠤᠯᠠᠮ ᠦᠷᠬᠡᠳᠬᠡᠵᠤ᠂ | ᠮᠦᠩᠬᠦᠨ ᠬᠦᠢᠯᠬᠡᠬᠡᠨ ᠤ ᠦᠢᠯᠡᠴᠢᠯᠡᠭᠡ ᠶᠢ ᠰᠠᠶᠢᠵᠢᠷᠠᠭᠤᠯᠵᠤ᠂ ᠮᠦᠩᠬᠦᠨ ᠬᠦᠢᠯᠬᠡᠬᠡᠨ ᠤ ᠰᠢᠨ᠎ᠡ ᠶᠢ ᠡᠬᠦᠳᠬᠦ ᠶᠢ | ᠳᠦᠷᠬᠡᠳᠬᠡᠵᠤ᠂ ᠮᠠᠨ ᠤ ᠬᠤᠳᠠ ᠶᠢᠨ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦᠯᠬᠦ ᠶᠢ ᠳᠦᠯᠬᠢᠨ | ᠠᠬᠢᠭᠤᠯᠬᠤ ᠳᠤ ᠨᠡᠩ ᠴᠢᠬᠤᠯᠠ ᠦᠢᠯᠡᠳᠤᠯ ᠢ ᠪᠠᠳᠠᠷᠠᠭᠤᠯᠬᠤ ᠬᠡᠷᠡᠭᠳᠡᠢ᠃ | ᠭᠤᠷᠪᠠ᠂ ᠪᠠᠶᠢᠭᠤᠯᠤᠮᠵᠢ ᠶᠢᠨ ᠳᠤᠭᠳᠠᠴᠠ ᠶᠢ ᠬᠠᠮᠠᠭᠠᠯᠠᠬᠤ ᠪᠠ ᠬᠢᠨᠠᠨ ᠳᠠᠯᠪᠢᠨ ᠨᠠᠶᠢᠳᠠᠪᠤᠷᠢᠵᠢᠭᠤᠯᠬᠤ | ᠬᠦᠴᠦᠴᠡ ᠶᠢ ᠨᠡᠮᠡᠭᠳᠡᠬᠦᠯᠤᠨ᠎ᠡ | ︵ᠨᠢᠬᠡ︶ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠢ ᠳᠦᠷᠬᠡᠨ ᠪᠠᠶᠢᠷᠢᠯᠠᠭᠤᠯᠬᠤ ᠬᠡᠷᠡᠭᠳᠡᠢ᠃ ᠵᠠᠰᠠᠭ | ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠬᠠᠮᠳᠤᠷᠠᠯᠴᠠᠬᠤ ᠤᠷᠳᠤ ᠬᠤᠭᠤᠴᠠᠭ᠎ᠠ ᠳᠤ ᠬᠦᠴᠦᠨ | ᠲᠠᠢ ᠳᠤᠭᠳᠠᠴᠠ ᠶᠢ ᠪᠠᠶᠢᠭᠤᠯᠬᠤ ᠪᠤᠯ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ | ᠬᠠᠮᠳᠤᠷᠠᠯᠴᠠᠬᠤ ᠶᠢ ᠪᠡᠶᠡᠯᠡᠬᠦᠯᠬᠦ ᠬᠦᠴᠦᠨ ᠲᠠᠢ ᠬᠡᠯᠪᠡᠷᠢ ᠪᠠ ᠴᠢᠬᠤᠯᠠ ᠳᠠᠪᠴᠠᠩ ᠪᠤᠯᠤᠨ᠎ᠠ᠂ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠪᠤᠯᠤᠨ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠳᠡᠬᠡᠳᠤ ᠬᠡᠮᠵᠢᠶ᠎ᠡ | ᠪᠠᠷ ᠴᠢᠬᠤᠯᠠᠴᠢᠯᠠᠵᠤ᠂ ᠡᠯ᠎ᠡ ᠰᠠᠯᠠᠭ᠎ᠠ ᠮᠦᠴᠢᠷ ᠵᠢᠴᠢ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ | ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠳᠠᠨ ᠨᠢ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ | ᠤᠨ ᠵᠤᠯᠭᠠᠯᠴᠠᠭᠤᠯᠬᠤ ᠠᠵᠢᠯ ᠤᠨ ᠳᠦᠷᠦᠬᠦᠤ ᠬᠠᠷᠢᠭᠤᠴᠠᠯᠭᠠᠳᠠᠨ ᠪᠤᠯᠭᠠᠵᠤ᠂ ᠳᠦᠰᠦᠯ ᠤᠨ ᠵᠤᠷᠢᠭ ᠰᠠᠨᠠᠭ᠎ᠠ ᠶᠢ | ᠳᠦᠷᠬᠡᠨ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ | ᠵᠤᠯᠭᠠᠯᠴᠠᠭᠤᠯᠬᠤ ᠠᠵᠢᠯ ᠢ ᠡᠳᠤᠷ ᠳᠤᠳᠤᠮ ᠤᠨ ᠵᠦᠪᠯᠡᠬᠦ ᠠᠵᠢᠯ ᠳᠠᠭᠠᠨ ᠤᠷᠤᠭᠤᠯᠵᠤ᠂ ᠵᠠᠰᠠᠭ ᠤᠨ ᠤᠷᠳᠤᠨ | ᠮᠦᠩᠬᠦᠨ ᠬᠦᠢᠯᠬᠡᠬᠡ ᠠᠵᠤ ᠠᠬᠤᠶᠢᠯᠠᠯ ᠤᠨ ᠪᠡᠯᠡ ᠳᠤᠬᠢᠷᠠᠭᠤᠯᠭ᠎ᠠ ᠶᠢ ᠵᠤᠯᠭᠠᠯᠴᠠᠭᠤᠯᠬᠤ ᠠᠵᠢᠯᠯᠠᠭ᠎ᠠ ᠶᠢ | ᠶᠠᠪᠤᠭᠤᠯᠬᠤ ᠪᠠᠷ ᠪᠡᠯᠡ ᠳᠤᠬᠢᠷᠠᠭᠤᠯᠭ᠎ᠠ ᠶᠢᠨ ᠬᠦᠴᠢᠷ ᠠᠰᠠᠭᠤᠳᠠᠯ ᠳᠠᠶᠢᠯᠠᠬᠤ ᠪᠠᠷ ᠭᠤᠤᠯ ᠪᠤᠯᠭᠠᠨ᠂ ᠠᠰᠠᠭᠤᠳᠠᠯ | ᠤᠨ ᠤᠳᠤᠷᠢᠳᠤᠮᠵᠢ ᠶᠢ ᠪᠤᠢ ᠪᠤᠯᠭᠠᠵᠤ᠂ ᠴᠢᠮᠡᠭᠡ ᠵᠠᠩᠬᠢ ᠶᠢᠨ ᠪᠠᠬᠢᠯᠡᠯᠳᠡ ᠶᠢ ᠠᠷᠢᠯᠭᠠᠵᠤ᠂ ᠡᠯ᠎ᠡ ᠪᠡᠯᠡ | ᠳᠤᠬᠢᠷᠠᠭᠤᠯᠭ᠎ᠠ ᠶᠢᠨ ᠬᠡᠷᠡᠭᠴᠡᠭᠡ ᠲᠠᠢ ᠠᠵᠤ ᠠᠬᠤᠶᠢᠯᠠᠯ ᠵᠢᠴᠢ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ | ᠪᠠᠶᠢᠭᠤᠯᠤᠮᠵᠢ ᠶᠢ ᠦᠢᠯᠠᠭᠠᠬᠤ ᠪᠠ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠬᠦ ᠬᠡᠷᠡᠭᠳᠡᠢ᠃ | ︵ᠬᠤᠶᠠᠷ︶ ᠬᠠᠮᠳᠤᠷᠠᠯᠴᠠᠭ᠎ᠠ ᠪᠠᠨ ᠴᠢᠩᠭᠠᠳᠬᠠᠵᠤ᠂ ᠨᠢᠭᠳᠠ ᠬᠠᠮᠵᠢᠯᠴᠠᠬᠤ ᠬᠡᠷᠡᠭᠳᠡᠢ᠃ ᠵᠠᠰᠠᠭ ᠤᠨ ᠤᠷᠳᠤᠨ | ᠮᠦᠩᠬᠦᠨ ᠬᠦᠢᠯᠬᠡᠬᠡ ᠠᠵᠤ ᠠᠬᠤᠶᠢᠯᠠᠯ ᠬᠠᠮᠳᠤᠷᠠᠨ ᠠᠵᠢᠯᠯᠠᠬᠤ ᠪᠤᠯ ᠨᠢᠬᠡᠨ ᠵᠦᠢᠯ ᠤᠨ ᠰᠢᠰᠲ᠋ᠧᠮᠳᠤ ᠢᠨᠵᠧᠨᠧᠷᠢᠩ | ᠪᠤᠯᠤᠨ᠎ᠠ᠂ ᠵᠠᠰᠠᠭ ᠤᠨ ᠤᠷᠳᠤᠨ᠂ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠪᠤᠯᠤᠨ | ᠠᠵᠤ ᠠᠬᠤᠶᠢᠯᠠᠯ ᠭᠤᠷᠪᠠ ᠳᠠᠯ᠎ᠠ ᠬᠠᠮᠳᠤᠷᠠᠨ ᠬᠦᠳᠡᠯᠤᠯᠴᠡᠬᠦ ᠴᠢᠬᠤᠯᠠ ᠲᠠᠢ᠂ ᠬᠤᠳᠠ ᠶᠢᠨ ᠮᠦᠩᠬᠦᠨ ᠬᠦᠢᠯᠬᠡᠬᠡᠨ | ᠤ ᠦᠢᠯᠡᠴᠢᠯᠡᠬᠡᠨ ᠤ ᠳᠦᠪ᠂ ᠠᠷᠠᠳ ᠤᠨ ᠪᠠᠩᠬᠢ᠂ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ᠂ ᠠᠵᠤ | ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠡᠷᠬᠡ ᠶᠢᠨ ᠰᠠᠯᠠᠭ᠎ᠠ ᠮᠦᠴᠢᠷ ᠬᠦᠴᠦᠨ ᠢᠶᠠᠨ ᠬᠠᠮᠳᠤᠳᠬᠠᠨ | ᠬᠤᠷᠰᠢᠵᠤ᠂ ᠨᠢᠭᠳᠠ ᠬᠠᠮᠵᠢᠯᠴᠠᠵᠤ᠂ ᠨᠡᠶᠢᠯᠡᠯ ᠬᠦᠴᠦᠨ ᠢᠶᠠᠨ ᠪᠦᠷᠢᠯᠳᠦᠬᠦᠯᠵᠤ᠂ ᠠᠵᠤ ᠠᠬᠤᠶᠢᠯᠠᠯ ᠢ ᠬᠦᠳᠦᠯᠦᠨ | ᠮᠦᠩᠬᠦᠨ ᠬᠦᠢᠯᠬᠡᠬᠡ ᠠᠵᠤ ᠠᠬᠤᠶᠢᠯᠠᠯ ᠤᠨ ᠵᠤᠯᠭᠠᠯᠴᠠᠭᠤᠯᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠭᠤᠯᠤᠨ᠎ᠠ᠃ | ᠡᠯ᠎ᠡ ᠳᠤᠮᠳᠠ ᠪᠠᠭ᠎ᠠ ᠠᠵᠤ ᠠᠬᠤᠶᠢᠯᠠᠯ ᠢ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠲᠠᠢ | ᠢᠳᠡᠪᠬᠢᠳᠡᠢ ᠬᠠᠷᠢᠯᠴᠠᠬᠤ ᠶᠢ ᠴᠢᠩᠭᠠᠳᠬᠠᠵᠤ᠂ ᠬᠢᠨ᠋ᠨᠯᠳᠠ ᠪᠠ ᠬᠠᠮᠢᠶᠠᠷᠤᠯᠳᠠ ᠶᠢ ᠬᠦᠯᠢᠶᠡᠨ ᠠᠪᠴᠤ᠂ | ᠳᠤᠬᠠᠶᠢᠯᠠᠭᠰᠠᠨ ᠠᠵᠢᠯ ᠤᠨ ᠬᠡᠪ ᠴᠢᠨᠠᠷ ᠦᠨᠳᠤᠷ᠂ ᠬᠠᠷᠢᠭᠤᠴᠠᠯᠭᠠᠳᠤ ᠰᠡᠳᠬᠢᠯᠬᠡ ᠪᠠᠷ ᠴᠢᠩᠭ᠎ᠠ ᠠᠵᠢᠯᠳᠠᠠ ᠢᠶᠠᠷ | ᠬᠠᠷᠢᠯᠴᠠᠭᠤᠯᠵᠤ᠂ ᠮᠦᠩᠬᠦᠨ ᠬᠦᠢᠯᠬᠡᠬᠡ ᠠᠵᠤ ᠠᠬᠤᠶᠢᠯᠠᠯ ᠤᠨ ᠬᠤᠭᠤᠷᠤᠨᠳᠤ ᠶᠢᠨ ᠴᠢᠮᠡᠭᠡ ᠵᠠᠩᠬᠢ ᠶᠢᠨ | ᠨᠡᠪᠳᠡᠷᠡᠯᠬᠡ ᠶᠢᠨ ᠠᠵᠢᠯ ᠤᠨ ᠳᠤᠬᠢᠷᠠᠯᠴᠠᠭᠠ ᠶᠢ ᠪᠠᠳᠤᠯᠠᠬᠤ ᠬᠡᠷᠡᠭᠳᠡᠢ᠃ | ︵ᠭᠤᠷᠪᠠ︶ ᠬᠡᠷ᠎ᠡ ᠪᠠᠨ ᠪᠡᠶᠡᠯᠡᠬᠦᠯᠬᠦ ᠶᠢ ᠴᠢᠩᠭᠠᠷᠠᠭᠤᠯᠵᠤ᠂ ᠪᠤᠳᠠᠳᠤ ᠪᠦᠳᠦᠮᠵᠢ ᠤᠯᠬᠤ ᠬᠡᠷᠡᠭᠳᠡᠢ᠃ ᠡᠯ᠎ᠡ | ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠮᠦᠩᠬᠦᠨ ᠬᠦᠢᠯᠬᠡᠬᠡ ᠠᠵᠤ ᠠᠬᠤᠶᠢᠯᠠᠯ ᠤᠨ | ᠵᠤᠯᠭᠠᠯᠴᠠᠭᠤᠯᠬᠤ ᠠᠵᠢᠯᠯᠠᠭ᠎ᠠ ᠶᠢᠨ ᠠᠵᠢᠯ ᠤᠨ ᠡᠬᠡ ᠳᠠᠩᠰᠠ ᠪᠠᠶᠢᠭᠤᠯᠵᠤ᠂ ᠠᠵᠤ ᠠᠬᠤᠶᠢᠯᠠᠯ ᠢᠶᠠᠷ | ᠰᠤᠷᠪᠤᠯᠵᠢᠯᠠᠬᠤ ᠳᠦᠷᠢᠮ ᠪᠤᠯᠤᠨ ᠠᠰᠠᠭᠤᠳᠠᠯ ᠢ ᠨᠠᠶᠢᠳᠠᠪᠤᠷᠢᠵᠢᠭᠤᠯᠤᠭᠰᠠᠨ ᠮᠡᠳᠡᠬᠦᠯᠦᠯᠳᠡ ᠶᠢᠨ ᠳᠦᠷᠢᠮ ᠢ | ᠪᠠᠶᠢᠭᠤᠯᠬᠤ ᠬᠡᠷᠡᠭᠳᠡᠢ᠃ ᠬᠤᠳᠠ ᠶᠢᠨ ᠮᠦᠩᠬᠦᠨ ᠬᠦᠢᠯᠬᠡᠬᠡᠨ ᠤ ᠳᠦᠪ᠂ ᠠᠷᠠᠳ ᠤᠨ ᠪᠠᠩᠬᠢ ᠮᠦᠩᠬᠦᠨ ᠬᠦᠢᠯᠬᠡᠬᠡ | ᠠᠵᠤ ᠠᠬᠤᠶᠢᠯᠠᠯ ᠵᠤᠯᠭᠠᠯᠴᠠᠭᠤᠯᠬᠤ ᠠᠵᠢᠯᠯᠠᠭ᠎ᠠ ᠶᠢᠨ ᠬᠡᠷ᠎ᠡ ᠪᠠᠨ ᠪᠡᠶᠡᠯᠡᠬᠦᠯᠬᠦ ᠪᠠᠶᠢᠳᠠᠯ ᠤᠨ ᠪᠠᠶᠢᠴᠠᠭᠠᠯᠳᠠ ᠬᠢᠵᠤ | ᠱᠠᠭᠠᠷᠳᠠᠨ ᠰᠢᠢᠳᠪᠤᠷᠢᠯᠡᠬᠦ ᠶᠢ ᠴᠢᠩᠭᠠᠳᠬᠠᠵᠤ᠂ ᠳᠤᠭᠳᠠᠭᠰᠠᠨ ᠬᠤᠭᠤᠴᠠᠭ᠎ᠠ ᠲᠠᠢ ᠪᠠᠷ ᠬᠠᠮᠳᠤᠷᠠᠭᠰᠠᠨ ᠬᠤᠷᠠᠯ ᠢ | ᠵᠤᠬᠢᠶᠠᠨ ᠪᠠᠶᠢᠭᠤᠯᠵᠤ᠂ ᠡᠯ᠎ᠡ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠵᠤᠬᠢᠶᠠᠨ | ᠪᠠᠶᠢᠭᠤᠯᠤᠨ ᠳᠤᠷᠰᠢᠯᠳᠠ ᠪᠠᠨ ᠳ᠋ᠦᠩᠨᠡᠵᠤ᠂ ᠰᠢᠯᠳᠠᠭᠠᠨ ᠢᠶᠠᠨ ᠰᠢᠨᠵᠢᠵᠤ᠂ ᠳᠦᠷᠦ ᠶᠢᠨ ᠪᠤᠳᠤᠯᠭ᠎ᠠ ᠪᠠᠨ | ᠰᠤᠳᠤᠯᠵᠤ᠂ ᠬᠡᠷ᠎ᠡ ᠪᠠᠨ ᠶᠠᠪᠤᠭᠤᠯᠬᠤ ᠶᠢᠨ ᠪᠠᠶᠢᠳᠠᠯ ᠳᠤᠮᠳᠠᠬᠢ ᠤᠷᠤᠰᠢᠵᠤ ᠪᠠᠶᠢᠭ᠎ᠠ ᠠᠰᠠᠭᠤᠳᠠᠯ ᠢ ᠦᠨᠡᠨᠬᠦ | ᠰᠢᠢᠳᠪᠤᠷᠢᠯᠡᠵᠤ᠂ ᠬᠡᠷ᠎ᠡ ᠪᠠᠨ ᠶᠠᠪᠤᠭᠤᠯᠬᠤ ᠨᠤᠷᠮ᠎ᠠ ᠶᠢ ᠳᠡᠬᠡᠭᠰᠢᠯᠡᠬᠦᠯᠵᠤ᠂ ᠪᠤᠳᠠᠳᠤ ᠴᠤᠭᠴᠠᠳᠤ ᠠᠵᠤ ᠠᠬᠤᠢ ᠶᠢᠨ | ᠳᠦᠷᠬᠡᠨ ᠢᠶᠠᠷ ᠬᠦᠭᠵᠢᠬᠦ ᠶᠢ ᠠᠬᠢᠭᠤᠯᠵᠤ᠂ ᠢᠳᠡᠬᠡᠮᠵᠢᠳᠤ ᠵᠢᠬᠡᠯᠡᠯᠬᠡ ᠶᠢᠨ ᠪᠡᠯᠡ ᠮᠦᠩᠬᠦ ᠶᠢᠨ ᠦᠷ᠎ᠡ ᠠᠰᠢᠭ ᠢ | ᠬᠠᠮᠤᠭ ᠶᠬᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠳᠡᠢ᠃ | ᠳᠠᠭᠠᠯᠳᠤᠭᠤᠯᠤᠯ᠄ ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ | ᠤᠨ ᠵᠤᠯᠭᠠᠯᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ | ᠨᠢᠬᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ | ᠳᠤᠭᠤᠶᠢᠯᠠᠩ ᠤᠨ ᠳᠠᠷᠤᠭ᠎ᠠ᠄ ᠵᠠᠩ ᠴᠢᠨ ᠡᠾᠦ᠋ᠢ ᠬᠤᠳᠠ ᠶᠢᠨ ᠵᠠᠰᠠᠭ ᠤᠨ ᠤᠷᠳᠤᠨ ᠤ ᠳᠡᠳ᠋ ᠬᠤᠳᠠ | ᠶᠢᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠯᠢᠤ ᠬᠠᠢ ᠨᠠ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ | ᠤᠨ ᠳᠡᠳ᠋ ᠡᠷᠬᠢᠯᠡᠭᠴᠢ᠂ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ ᠤᠨ ᠡᠷᠬᠢᠯᠡᠭᠴᠢ | ᠲᠤᠤ ᠭᠧ ᠰᠢᠨ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ ᠶᠢᠨ ᠪᠠᠩᠬᠢ | ᠶᠢᠨ ᠳᠠᠷᠤᠭ᠎ᠠ | ᠪᠦᠷᠢᠯᠳᠦᠬᠦᠨ ᠬᠡᠰᠢᠬᠦᠨ᠄ ᠡᠤ ᠴᠠᠩ ᠶᠦᠨ ᠬᠤᠳᠠ ᠶᠢᠨ ᠠᠵᠤ ᠦᠢᠯᠡᠳᠪᠤᠷᠢ ᠬᠤᠳᠠᠯᠳᠤᠭᠠᠨ ᠤ | ᠬᠤᠯᠪᠤᠭ᠎ᠠ ᠶᠢᠨ ᠳᠡᠷᠢᠬᠦᠯᠡᠭᠴᠢ | ᠶᠠᠩ ᠶᠠᠩ ᠬᠤᠳᠠ ᠶᠢᠨ ᠠᠵᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠶᠢᠨ ᠳᠤᠪᠴᠢᠶᠠᠨ ᠳᠠᠷᠤᠭ᠎ᠠ | ᠼᠠᠢ ᠰᠢᠨ ᠶᠧ ᠬᠤᠤᠯᠢᠩᠭᠤᠤᠯ ᠬᠤᠳᠠ ᠶᠢᠨ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ | ᠬᠠᠮᠢᠶᠠᠷᠤᠯᠳᠠ ᠶᠢᠨ ᠵᠦᠪᠯᠡᠯ ᠤᠨ ᠳᠡᠳ᠋ ᠡᠷᠬᠢᠯᠡᠭᠴᠢ | ᠳ᠋ᠦᠩ ᠳ᠋ᠠᠨ ᠬᠤᠳᠠ ᠶᠢᠨ ᠬᠦᠭᠵᠢᠬᠦᠯᠦᠯᠳᠡ ᠦᠬᠡᠷᠡᠴᠢᠯᠡᠯᠳᠡ ᠶᠢᠨ ᠳᠤᠪᠴᠢᠶ᠎ᠠ ᠶᠢᠨ ᠳᠡᠳ᠋ ᠳᠤᠪᠴᠢᠶᠠᠨ | ᠳᠠᠷᠤᠭ᠎ᠠ | ᠳ᠋ᠠᠢ ᠳ᠋ᠦᠩ ᠱᠧᠩ ᠬᠤᠳᠠ ᠶᠢᠨ ᠠᠵᠤ ᠠᠬᠤᠢ ᠪᠠ ᠴᠢᠮᠡᠭᠡ ᠵᠠᠩᠬᠢᠴᠢᠯᠠᠯᠳᠠ ᠶᠢᠨ ᠳᠤᠪᠴᠢᠶ᠎ᠠ ᠶᠢᠨ ᠳᠡᠳ᠋ | ᠳᠤᠪᠴᠢᠶᠠᠨ ᠳᠠᠷᠤᠭ᠎ᠠ | ᠶᠢᠨ ᠵᠠᠨ ᠭᠦᠸᠧ ᠬᠤᠳᠠ ᠶᠢᠨ ᠰᠢᠬᠦᠬᠦ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ | ᠬᠠᠨ ᠭᠤᠸᠠᠩ ᠬᠤᠳᠠ ᠶᠢᠨ ᠳᠤᠮᠤ ᠶᠡᠭᠡ ᠳᠦᠷᠦᠯ ᠵᠦᠢᠯ ᠤᠨ ᠠᠯᠪᠠᠨ ᠬᠡᠷ ᠤᠨ ᠠᠵᠢᠯᠳᠠᠨ | ᠰᠢᠶᠠ ᠵᠢᠢ ᠯᠢ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ ᠶᠢᠨ ᠳᠡᠳ᠋ | ᠪᠠᠩᠬᠢ ᠶᠢᠨ ᠳᠠᠷᠤᠭ᠎ᠠ | ᠴᠢᠤᠢ ᠸᠧᠨ ᠵᠠᠩ ᠠᠵᠤ ᠦᠢᠯᠡᠳᠪᠤᠷᠢ ᠬᠤᠳᠠᠯᠳᠤᠭᠠᠨ ᠤ ᠪᠠᠩᠬᠢ ᠶᠢᠨ ᠬᠤᠤᠯᠢᠩᠭᠤᠤᠯ ᠤᠨ ᠰᠠᠯᠪᠤᠷᠢ | ᠪᠠᠩᠬᠢ ᠶᠢᠨ ᠪᠠᠩᠬᠢ ᠶᠢᠨ ᠳᠠᠷᠤᠭ᠎ᠠ | ᠭᠧᠩ ᠯᠢ ᠵᠦᠩ ᠳᠠᠷᠢᠶᠠᠯᠠᠩ ᠤᠨ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ ᠶᠢᠨ ᠪᠠᠩᠬᠢ ᠶᠢᠨ | ᠳᠠᠷᠤᠭ᠎ᠠ | ᠯᠢᠤ ᠲᠦᠩ ᠳᠤᠮᠳᠠᠳᠤ ᠤᠯᠤᠰ ᠤᠨ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ ᠶᠢᠨ ᠪᠠᠩᠬᠢ | ᠶᠢᠨ ᠳᠠᠷᠤᠭ᠎ᠠ | ᠭᠤᠸᠠᠨ ᠰᠢᠤ ᠵᠢᠶᠧ ᠪᠦᠳᠦᠬᠡᠨ ᠪᠠᠶᠢᠭᠤᠯᠤᠯᠳᠠ ᠶᠢᠨ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ | ᠶᠢᠨ ᠪᠠᠩᠬᠢ ᠶᠢᠨ ᠳᠠᠷᠤᠭ᠎ᠠ | ᠵᠧᠩ ᠬᠤᠩ ᠳ᠋ᠠ ᠳᠠᠷᠢᠶᠠᠯᠠᠩ ᠤᠨ ᠬᠦᠭᠵᠢᠯᠳᠡ ᠶᠢᠨ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ | ᠶᠢᠨ ᠪᠠᠩᠬᠢ ᠶᠢᠨ ᠳᠠᠷᠤᠭ᠎ᠠ | ᠸᠠᠩ ᠴᠢ ᠦᠪᠤᠷ ᠮᠤᠩᠭᠤᠯ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ ᠶᠢᠨ ᠪᠠᠩᠬᠢ ᠶᠢᠨ | ᠳᠠᠷᠤᠭ᠎ᠠ | ᠸᠠᠩ ᠬᠤᠩ ᠪᠤᠤ ᠱᠠᠩ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ ᠶᠢᠨ ᠪᠠᠩᠬᠢ ᠶᠢᠨ ᠳᠠᠷᠤᠭ᠎ᠠ | ᠴᠧᠨ ᠵᠢᠶᠠᠨ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ ᠶᠢᠨ | ᠪᠠᠩᠬᠢ ᠶᠢᠨ ᠳᠠᠷᠤᠭ᠎ᠠ | ᠯᠢ ᠵᠢᠶᠦ᠋ᠨ ᠬᠤᠤᠯᠢᠩᠭᠤᠤᠯ ᠤᠨ ᠮᠧᠩ ᠶᠢᠨ ᠳᠤᠰᠬᠤᠨ ᠪᠠᠯᠭᠠᠰᠤᠨ ᠤ ᠪᠠᠩᠬᠢ ᠶᠢᠨ ᠬᠡᠷᠡᠭ ᠮᠡᠳᠡᠭᠴᠢᠳ | ᠤᠨ ᠳᠠᠷᠤᠭ᠎ᠠ | ᠵᠠᠩ ᠶᠦᠸᠧ ᠬᠤᠤᠯᠢᠩᠭᠤᠤᠯ ᠬᠤᠳᠠ ᠶᠢᠨ ᠢᠳᠡᠬᠡᠮᠵᠢ ᠶᠢᠨ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ | ᠳᠠᠷᠤᠭ᠎ᠠ | ᠯᠢ ᠰᠡᠴᠡᠨ ᠬᠤᠳᠠ ᠶᠢᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ ᠤᠨ ᠠᠵᠢᠯᠳᠠᠨ | ᠬᠤᠩ ᠷᠦᠢ ᠶᠢᠩ ᠬᠤᠳᠠ ᠶᠢᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ ᠤᠨ ᠠᠵᠢᠯᠳᠠᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠳᠠ ᠶᠢᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ | ᠳᠦᠪ ᠲᠤ ᠪᠠᠶᠢᠭᠤᠯᠵᠤ᠂ ᠠᠯᠪᠠᠨ ᠬᠡᠷ ᠤᠨ ᠡᠷᠬᠢᠯᠡᠭᠴᠢ ᠶᠢ ᠯᠢᠤ ᠬᠠᠢ ᠨᠠ ᠨᠦᠬᠦᠷ ᠬᠠᠪᠰᠤᠷᠭᠠᠨ ᠬᠠᠷᠢᠭᠤᠴᠠᠵᠤ᠂ | ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠵᠤᠯᠭᠠᠯᠴᠠᠭᠤᠯᠬᠤ ᠬᠤᠷᠠᠯ ᠤᠨ ᠡᠯ᠎ᠡ ᠵᠦᠢᠯ ᠤᠨ ᠪᠡᠯᠡᠳᠬᠡᠯ | ᠠᠵᠢᠯ ᠢ ᠬᠠᠷᠢᠭᠤᠴᠠᠨ ᠳᠤᠬᠢᠷᠠᠭᠤᠯᠤᠨ᠎ᠠ᠃ | ᠬᠤᠶᠠᠷ᠂ ᠤᠳᠤᠷᠢᠳᠬᠤ ᠳᠤᠭᠤᠶᠢᠯᠠᠩ ᠤᠨ ᠪᠦᠷᠢᠯᠳᠤᠬᠦᠨ ᠬᠡᠰᠢᠬᠦᠨ ᠤ ᠨᠢᠬᠡᠴᠡ ᠶᠢᠨ ᠡᠬᠦᠷᠬᠡ ᠬᠠᠷᠢᠭᠤᠴᠠᠯᠭ᠎ᠠ | ᠶᠢᠨ ᠬᠤᠪᠢᠶᠠᠷᠢᠯᠠᠯᠳᠠ | ︵ᠨᠢᠬᠡ︶ ᠵᠠᠰᠠᠭ ᠤᠨ ᠤᠷᠳᠤᠨ ᠤ ᠰᠠᠯᠠᠭ᠎ᠠ ᠮᠦᠴᠢᠷ | 1. ᠬᠤᠳᠠ ᠶᠢᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ᠃ ᠠᠵᠤ ᠠᠬᠤᠶᠢᠯᠠᠯ ᠵᠢᠴᠢ ᠪᠠᠩᠬᠢ ᠶᠢᠨ | ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠵᠤᠯᠭᠠᠯᠴᠠᠭᠤᠯᠬᠤ ᠳᠤᠮᠳᠠᠬᠢ ᠶᠢᠨ ᠪᠤᠳᠠᠳᠠᠢ ᠠᠰᠠᠭᠤᠳᠠᠯ ᠢ | ᠬᠠᠷᠢᠭᠤᠴᠠᠨ ᠳᠤᠬᠢᠷᠠᠭᠤᠯᠤᠨ᠎ᠠ︔ ᠠᠵᠤ ᠠᠬᠤᠶᠢᠯᠠᠯ ᠤᠨ ᠴᠢᠮᠡᠭᠡ ᠵᠠᠩᠬᠢ ᠶᠢ ᠨᠡᠶᠢᠳᠡᠯᠡᠬᠦ᠂ ᠪᠡᠯᠡ ᠳᠤᠬᠢᠷᠠᠭᠤᠯᠭ᠎ᠠ | ᠶᠢᠨ ᠬᠡᠷᠡᠭᠴᠡᠭᠡ ᠵᠢᠴᠢ ᠪᠠᠩᠬᠢ ᠶᠢᠨ ᠢᠳᠡᠬᠡᠮᠵᠢᠳᠤ ᠵᠢᠬᠡᠯᠡᠯᠬᠡ ᠶᠢᠨ ᠳᠦᠷᠦ ᠶᠢᠨ ᠪᠤᠳᠤᠯᠭ᠎ᠠ᠂ ᠢᠳᠡᠬᠡᠮᠵᠢᠳᠤ | ᠵᠢᠬᠡᠯᠡᠯᠬᠡ ᠶᠢᠨ ᠪᠦᠳᠦᠬᠡᠭᠳᠡᠬᠦᠨ ᠤ ᠴᠢᠮᠡᠭᠡ ᠵᠠᠩᠬᠢ ᠶᠢ ᠬᠤᠷᠢᠶᠠᠩᠭᠤᠶᠢᠯᠠᠨ ᠡᠮᠬᠢᠳᠬᠡᠨ᠎ᠡ︔ ᠬᠠᠮᠢᠶ᠎ᠠ ᠪᠦᠬᠦᠢ | ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠪᠠᠶᠢᠴᠠᠭᠠᠨ ᠰᠤᠳᠤᠯᠤᠨ ᠰᠤᠷᠪᠤᠯᠵᠢᠯᠠᠬᠤ ᠠᠵᠢᠯ ᠢ ᠦᠷᠨᠢᠬᠦᠯᠦᠨ᠎ᠡ︔ | ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠵᠤᠯᠭᠠᠯᠴᠠᠭᠤᠯᠬᠤ ᠬᠤᠷᠠᠯ ᠢ ᠵᠤᠬᠢᠶᠠᠨ | ᠪᠠᠶᠢᠭᠤᠯᠤᠨ ᠬᠡᠷᠡᠭᠵᠢᠬᠦᠯᠦᠨ᠎ᠡ︔ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ | ᠵᠤᠯᠭᠠᠯᠴᠠᠭᠤᠯᠬᠤ ᠬᠤᠷᠠᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠶᠢᠳᠡᠯᠡᠨ᠎ᠡ᠃ | 2. ᠬᠤᠳᠠ ᠶᠢᠨ ᠠᠵᠤ ᠠᠬᠤᠢ ᠪᠠ ᠴᠢᠮᠡᠭᠡ ᠵᠠᠩᠬᠢᠴᠢᠯᠠᠯᠳᠠ ᠶᠢᠨ ᠳᠤᠪᠴᠢᠶ᠎ᠠ᠃ ᠤᠯᠤᠰ ᠤᠨ ᠠᠵᠤ ᠦᠢᠯᠡᠰ | ᠤᠨ ᠳᠦᠷᠦ ᠶᠢᠨ ᠪᠤᠳᠤᠯᠭ᠎ᠠ ᠶᠢ ᠴᠤᠭᠯᠠᠭᠤᠯᠤᠨ ᠡᠮᠬᠢᠯᠡᠵᠤ᠂ ᠳᠠᠶᠢᠯᠪᠤᠷᠢᠯᠠᠵᠤ ᠦᠭᠬᠦ ᠶᠢ ᠬᠠᠷᠢᠭᠤᠴᠠᠨ᠎ᠠ᠃ | 3. ᠬᠤᠳᠠ ᠶᠢᠨ ᠠᠵᠤ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠃ ᠪᠦᠬᠦ ᠬᠤᠳᠠ ᠶᠢᠨ ᠳᠤᠮᠳᠠ ᠪᠠᠭ᠎ᠠ | ᠠᠵᠤ ᠠᠬᠤᠶᠢᠯᠠᠯ ᠤᠨ ᠪᠡᠯᠡ ᠳᠤᠬᠢᠷᠠᠭᠤᠯᠭ᠎ᠠ ᠶᠢᠨ ᠬᠡᠷᠡᠭᠴᠡᠭᠡ ᠶᠢᠨ ᠳ᠋ᠠᠶᠢᠲ᠋ᠠ ᠪᠠᠶᠢᠭᠤᠯᠵᠤ᠂ ᠳᠤᠮᠳᠠ ᠪᠠᠭ᠎ᠠ ᠠᠵᠤ | ᠠᠬᠤᠶᠢᠯᠠᠯ ᠤᠨ ᠪᠡᠯᠡ ᠮᠦᠩᠬᠦ ᠶᠢᠨ ᠬᠡᠷᠡᠭᠴᠡᠭᠡ ᠶᠢ ᠬᠤᠷᠢᠶᠠᠩᠭᠤᠶᠢᠯᠠᠵᠤ᠂ ᠠᠵᠤ ᠠᠬᠤᠶᠢᠯᠠᠯ ᠤᠨ ᠬᠠᠮᠢᠶ᠎ᠠ ᠪᠦᠬᠦᠢ | ᠴᠢᠮᠡᠭᠡ ᠵᠠᠩᠬᠢ ᠪᠠᠨ ᠳᠠᠷᠤᠢ ᠲᠦᠷᠬᠡᠨ ᠳᠡᠬᠡᠭᠰᠢ ᠮᠡᠳᠡᠬᠦᠯᠬᠦ ᠶᠢ ᠱᠠᠭᠠᠷᠳᠠᠵᠤ᠂ ᠮᠦᠩᠬᠦᠨ ᠬᠦᠢᠯᠬᠡᠬᠡᠨ ᠤ | ᠦᠢᠯᠡᠴᠢᠯᠡᠬᠡᠨ ᠤ ᠳᠦᠪ ᠲᠤ ᠬᠤᠷᠢᠶᠠᠩᠭᠤᠶᠢᠯᠠᠨ ᠮᠡᠳᠡᠬᠦᠯᠬᠦ ᠶᠢ ᠬᠠᠷᠢᠭᠤᠴᠠᠨ᠎ᠠ᠃ | 4. ᠬᠤᠳᠠ ᠶᠢᠨ ᠳᠤᠮᠤ ᠶᠡᠭᠡ ᠳᠦᠷᠦᠯ ᠵᠦᠢᠯ ᠤᠨ ᠠᠯᠪᠠᠨ ᠬᠡᠷ᠃ ᠪᠦᠬᠦ ᠬᠤᠳᠠ ᠶᠢᠨ ᠬᠤᠳᠠᠯᠳᠤᠭᠠᠴᠢᠨ | ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠳᠦᠷᠦᠯ ᠵᠦᠢᠯ ᠤᠨ ᠠᠬᠢᠯᠳᠠ ᠶᠢᠨ ᠪᠠᠶᠢᠳᠠᠯ᠂ ᠪᠡᠯᠡ ᠮᠦᠩᠬᠦ | ᠶᠢᠨ ᠬᠡᠷᠡᠭᠴᠡᠭᠡ ᠶᠢ ᠬᠤᠷᠢᠶᠠᠩᠭᠤᠶᠢᠯᠠᠬᠤ ᠶᠢᠨ ᠬᠠᠮᠳᠤ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠦᠪ ᠲᠤ | ᠮᠡᠳᠡᠬᠦᠯᠦᠨ ᠬᠦᠷᠬᠡᠬᠦ ᠶᠢ ᠬᠠᠷᠢᠭᠤᠴᠠᠨ᠎ᠠ᠃ | 5. ᠬᠤᠳᠠ ᠶᠢᠨ ᠠᠵᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠪᠤᠯᠤᠨ ᠰᠢᠬᠦᠬᠦ ᠬᠤᠷᠢᠶ᠎ᠠ᠃ ︽ᠠᠵᠤ | ᠠᠬᠤᠶᠢᠯᠠᠯ ᠤᠨ ᠨᠡᠷ᠎ᠡ ᠶᠢᠨ ᠬᠠᠷ᠎ᠠ ᠳᠠᠩᠰᠠ︾ ᠪᠤᠯᠤᠨ ︽ᠬᠤᠳᠠ ᠳᠤ ᠰᠠᠭᠤᠭ᠎ᠠ ᠠᠵᠤ ᠠᠬᠤᠶᠢᠯᠠᠯ ᠵᠢᠴᠢ ᠬᠠᠤᠯᠢ | ᠶᠢᠨ ᠡᠷᠬᠡᠳᠡᠨ ᠤ ᠢᠳᠡᠬᠡᠮᠵᠢ ᠪᠠᠨ ᠠᠯᠳᠠᠭᠰᠠᠨ ᠳᠠᠩᠰᠠ︾ ᠶᠢ ᠡᠮᠬᠢᠳᠬᠡᠬᠦ ᠶᠢᠨ ᠬᠠᠮᠳᠤ ᠠᠷᠠᠳ ᠤᠨ ᠪᠠᠩᠬᠢ ᠶᠢᠨ | ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ ᠳᠤ ᠬᠤᠷᠢᠶᠠᠩᠭᠤᠶᠢᠯᠠᠨ ᠮᠡᠳᠡᠬᠦᠯᠦᠨ ᠬᠦᠷᠬᠡᠬᠦ ᠶᠢ ᠬᠠᠷᠢᠭᠤᠴᠠᠨ᠎ᠠ᠃ | 6. ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ᠃ ᠪᠦᠬᠦ ᠬᠤᠳᠠ ᠶᠢᠨ ᠬᠦᠷᠢᠶᠡᠯᠡᠩ ᠳᠤᠭᠤᠷᠢᠭ ᠤᠨ | ᠠᠵᠤ ᠠᠬᠤᠶᠢᠯᠠᠯ ᠤᠨ ᠪᠡᠯᠡ ᠳᠤᠬᠢᠷᠠᠭᠤᠯᠭ᠎ᠠ ᠶᠢᠨ ᠬᠡᠷᠡᠭᠴᠡᠭᠡ ᠶᠢᠨ ᠳ᠋ᠠᠶᠢᠲ᠋ᠠ ᠪᠠᠶᠢᠭᠤᠯᠵᠤ᠂ ᠬᠦᠷᠶᠡᠯᠡᠩ ᠳᠤᠭᠤᠷᠢᠭ | ᠤᠨ ᠠᠵᠤ ᠠᠬᠤᠶᠢᠯᠠᠯ ᠤᠨ ᠪᠡᠯᠡ ᠮᠦᠩᠬᠦ ᠶᠢᠨ ᠬᠡᠷᠡᠭᠴᠡᠭᠡ ᠶᠢ ᠬᠤᠷᠢᠶᠠᠩᠭᠤᠶᠢᠯᠠᠵᠤ᠂ ᠠᠵᠤ ᠠᠬᠤᠶᠢᠯᠠᠯ ᠢ | ᠱᠠᠭᠠᠷᠳᠠᠨ ᠬᠠᠮᠢᠶ᠎ᠠ ᠪᠦᠬᠦᠢ ᠴᠢᠮᠡᠭᠡ ᠵᠠᠩᠬᠢ ᠶᠢ ᠳᠠᠷᠤᠢ ᠳᠦᠷᠬᠡᠨ ᠳᠡᠬᠡᠭᠰᠢ ᠮᠡᠳᠡᠬᠦᠯᠵᠤ᠂ ᠮᠦᠩᠬᠦᠨ ᠬᠦᠢᠯᠬᠡᠬᠡᠨ ᠤ | ᠦᠢᠯᠡᠴᠢᠯᠡᠬᠡᠨ ᠤ ᠳᠦᠪ ᠲᠤ ᠬᠤᠷᠢᠶᠠᠩᠭᠤᠶᠢᠯᠠᠨ ᠮᠡᠳᠡᠬᠦᠯᠦᠨ ᠬᠦᠷᠬᠡᠨ᠎ᠡ᠃ | ︵ᠬᠤᠶᠠᠷ︶ ᠮᠦᠩᠬᠦᠨ ᠬᠦᠢᠯᠬᠡᠬᠡᠨ ᠤ ᠬᠢᠨᠠᠨ ᠬᠠᠮᠢᠶᠠᠷᠤᠯᠳᠠ ᠪᠠ ᠦᠢᠯᠡᠴᠢᠯᠡᠬᠡᠨ ᠤ ᠪᠠᠶᠢᠭᠤᠯᠤᠮᠵᠢ | 1. ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ ᠶᠢᠨ ᠰᠠᠯᠪᠤᠷᠢ ᠪᠠᠩᠬᠢ᠃ ᠤᠯᠤᠰ ᠤᠨ ᠮᠦᠩᠬᠦᠨ | ᠬᠦᠢᠯᠬᠡᠬᠡᠨ ᠤ ᠢᠳᠡᠬᠡᠮᠵᠢᠳᠤ ᠵᠢᠬᠡᠯᠡᠯᠬᠡ ᠶᠢᠨ ᠳᠦᠷᠦ ᠶᠢᠨ ᠪᠤᠳᠤᠯᠭ᠎ᠠ ᠶᠢ ᠴᠤᠭᠯᠠᠭᠤᠯᠤᠨ ᠬᠤᠷᠢᠶᠠᠩᠭᠤᠶᠢᠯᠠᠵᠤ᠂ | ᠳᠠᠶᠢᠯᠪᠤᠷᠢᠯᠠᠨ ᠦᠭᠴᠦ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠮᠦᠩᠬᠦᠨ ᠬᠦᠢᠯᠬᠡᠬᠡᠨ ᠤ | ᠳᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢ ᠬᠦᠳᠦᠯᠬᠦ ᠪᠠ ᠱᠠᠭᠠᠷᠳᠠᠠ ᠪᠠᠶᠢᠴᠠᠭᠠᠨ᠎ᠠ︔ ᠮᠦᠩᠬᠦᠨ | ᠬᠦᠢᠯᠬᠡᠬᠡᠨ ᠤ ᠦᠢᠯᠡᠴᠢᠯᠡᠬᠡᠨ ᠤ ᠳᠦᠪ ᠲᠠᠢ ᠬᠠᠮᠳᠤᠷᠠᠯᠴᠠᠨ ᠬᠡᠷ᠎ᠡ ᠳᠤᠭᠳᠠᠬᠤ ᠠᠵᠢᠯᠯᠠᠭ᠎ᠠ ᠶᠢᠨ ᠪᠡᠯᠡᠳᠬᠡᠯ ᠠᠵᠢᠯ | ᠢ ᠰᠠᠶᠢᠳᠤᠷ ᠬᠢᠨ᠎ᠡ︔ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ ᠵᠤᠯᠭᠠᠯᠴᠠᠭᠤᠯᠬᠤ ᠠᠵᠢᠯ | ᠳᠤ ᠢᠳᠡᠪᠬᠢᠳᠡᠢ ᠤᠷᠤᠯᠴᠠᠵᠤ᠂ ᠬᠤᠳᠠ ᠳᠤ ᠰᠠᠭᠤᠭ᠎ᠠ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ | ᠪᠠᠶᠢᠭᠤᠯᠤᠮᠵᠢ ᠶᠢᠨ ᠢᠳᠡᠬᠡᠮᠵᠢᠳᠤ ᠵᠢᠬᠡᠯᠡᠯᠬᠡ ᠶᠢᠨ ᠪᠦᠳᠦᠬᠡᠭᠳᠡᠬᠦᠨ ᠤ ᠴᠢᠮᠡᠭᠡ ᠵᠠᠩᠬᠢ ᠶᠢ ᠰᠢᠨᠡᠳᠬᠡᠬᠦ ᠶᠢ ᠰᠠᠶᠢᠳᠤᠷ | ᠬᠢᠵᠤ᠂ ᠳᠡᠷᠡ ᠳᠠᠷᠤᠢ ᠳᠤᠨᠢ ᠬᠤᠷᠢᠶᠠᠩᠭᠤᠶᠢᠯᠠᠨ ᠳᠡᠬᠡᠭᠰᠢ ᠮᠡᠳᠡᠬᠦᠯᠬᠦ ᠠᠵᠢᠯ ᠢ ᠰᠠᠶᠢᠳᠤᠷ ᠬᠢᠨ᠎ᠡ︔ ᠬᠤᠳᠠ ᠳᠤ | ᠰᠠᠭᠤᠭ᠎ᠠ ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠳᠤ ︽ᠠᠵᠤ ᠠᠬᠤᠶᠢᠯᠠᠯ ᠤᠨ | ᠬᠠᠷ᠎ᠠ ᠳᠠᠩᠰᠠ︾ ᠪᠤᠯᠤᠨ ︽ᠬᠤᠳᠠ ᠳᠤ ᠰᠠᠭᠤᠭ᠎ᠠ ᠠᠵᠤ ᠠᠬᠤᠶᠢᠯᠠᠯ ᠵᠢᠴᠢ ᠬᠠᠤᠯᠢ ᠶᠢᠨ ᠡᠷᠬᠡᠳᠡᠨ ᠤ ᠢᠳᠡᠬᠡᠮᠵᠢ | ᠶᠢᠨ ᠳᠠᠩᠰᠠ︾ ᠶᠢ ᠨᠡᠶᠢᠳᠡᠯᠡᠨ᠎ᠡ᠃ | 2. ᠪᠠᠩᠬᠢ ᠶᠢᠨ ᠦᠢᠯᠡᠰ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ᠃ ᠵᠠᠰᠠᠭ ᠤᠨ ᠤᠷᠳᠤᠨ ᠮᠦᠩᠬᠦᠨ | ᠬᠦᠢᠯᠬᠡᠬᠡ ᠠᠵᠤ ᠠᠬᠤᠶᠢᠯᠠᠯ ᠤᠨ ᠵᠤᠯᠭᠠᠯᠴᠠᠭᠤᠯᠬᠤ ᠠᠵᠢᠯ ᠳᠤ ᠢᠳᠡᠪᠬᠢᠳᠡᠢ ᠤᠷᠤᠯᠴᠠᠵᠤ᠂ ᠳᠦᠷᠦᠯ ᠵᠦᠢᠯ᠂ | ᠠᠵᠤ ᠠᠬᠤᠶᠢᠯᠠᠯ ᠤᠨ ᠬᠠᠮᠢᠶ᠎ᠠ ᠪᠦᠬᠦᠢ ᠢᠳᠡᠬᠡᠮᠵᠢᠳᠤ ᠵᠢᠬᠡᠯᠡᠯᠬᠡ ᠶᠢᠨ ᠳᠦᠷᠦ ᠶᠢᠨ ᠪᠤᠳᠤᠯᠭ᠎ᠠ᠂ ᠭᠤᠤᠯᠳᠠᠭᠤ | ᠢᠳᠡᠬᠡᠮᠵᠢᠳᠤ ᠵᠢᠬᠡᠯᠡᠯᠬᠡ ᠶᠢᠨ ᠪᠦᠳᠦᠬᠡᠭᠳᠡᠬᠦᠨ ᠤ ᠪᠠᠶᠢᠳᠠᠯ᠂ ᠬᠡᠪᠴᠢᠶ᠎ᠡ ᠵᠢᠴᠢ ᠤᠷᠤᠭᠤᠯᠬᠤ ᠨᠦᠬᠦᠴᠡᠯ ᠢ | ᠳᠠᠨᠢᠯᠴᠠᠭᠤᠯᠬᠤ ᠵᠡᠷᠬᠡ ᠶᠢ ᠬᠠᠷᠢᠭᠤᠴᠠᠨ᠎ᠠ᠃ ᠬᠡᠷ᠎ᠡ ᠳᠤᠭᠳᠠᠬᠤ ᠳᠦᠷᠦᠯ ᠵᠦᠢᠯ ᠤᠨ ᠪᠡᠯᠡ ᠮᠦᠩᠬᠦ ᠶᠢ ᠳᠠᠯᠪᠢᠨ | ᠭᠠᠷᠭᠠᠬᠤ ᠶᠢ ᠰᠠᠶᠢᠳᠤᠷ ᠬᠢᠬᠦ ᠶᠢᠨ ᠬᠠᠮᠳᠤ ᠳᠡᠷᠡ ᠳᠠᠷᠤᠢ ᠳᠤᠨᠢ ᠠᠷᠠᠳ ᠤᠨ ᠪᠠᠩᠬᠢ ᠶᠢᠨ ᠬᠤᠤᠯᠢᠩᠭᠤᠤᠯ ᠬᠤᠳᠠ | ᠶᠢᠨ ᠰᠠᠯᠪᠤᠷᠢ ᠪᠠᠩᠬᠢ ᠳᠤ ᠳᠦᠷᠦᠯ ᠵᠦᠢᠯ ᠤᠨ ᠡᠵᠡᠩᠨᠡᠨ ᠪᠤᠷᠤᠯᠠᠭᠤᠯᠵᠤ ᠪᠠᠶᠢᠭ᠎ᠠ ᠠᠬᠢᠴᠠ ᠶᠢᠨ ᠪᠠᠶᠢᠳᠠᠯ᠂ | ᠡᠵᠡᠩᠨᠡᠨ ᠪᠤᠷᠤᠯᠠᠭᠤᠯᠤᠭᠰᠠᠨ ᠦᠷ᠎ᠡ ᠪᠦᠳᠦᠮᠵᠢ᠂ ᠳᠦᠷᠦᠯ ᠵᠦᠢᠯ ᠤᠨ ᠬᠡᠷ᠎ᠡ ᠳᠤᠭᠳᠠᠭᠰᠠᠨ᠂ ᠳᠦᠷᠦᠯ ᠵᠦᠢᠯ ᠤᠨ | ᠢᠳᠡᠬᠡᠮᠵᠢᠳᠤ ᠵᠢᠬᠡᠯᠡᠯᠬᠡ ᠶᠢᠨ ᠠᠬᠢᠴᠠ ᠵᠡᠷᠬᠡ ᠶᠢᠨ ᠪᠠᠶᠢᠳᠠᠯ ᠢ ᠬᠠᠷᠢᠭᠤ ᠳᠤᠰᠬᠠᠨ᠎ᠠ᠃ | ︵ᠭᠤᠷᠪᠠ︶ ᠪᠡᠯᠡ ᠳᠤᠬᠢᠷᠠᠭᠤᠯᠭ᠎ᠠ ᠶᠢᠨ ᠭᠤᠤᠯ ᠴᠤᠭᠴᠠ | ᠠᠵᠤ ᠠᠬᠤᠶᠢᠯᠠᠯ ᠡᠷᠬᠡᠪᠰᠢ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠤᠨ | ᠵᠤᠯᠭᠠᠯᠴᠠᠭᠤᠯᠬᠤ ᠠᠵᠢᠯ ᠳᠤ ᠢᠳᠡᠪᠬᠢᠳᠡᠢ ᠤᠷᠤᠯᠴᠠᠵᠤ᠂ ᠳᠦᠷᠦᠯ ᠵᠦᠢᠯ ᠤᠨ ᠪᠠᠶᠢᠳᠠᠯ᠂ ᠠᠵᠤ ᠠᠬᠤᠶᠢᠯᠠᠯ ᠤᠨ | ᠳᠤᠶᠢᠮᠤ ᠪᠠᠶᠢᠳᠠᠯ᠂ ᠬᠦᠭᠵᠢᠯᠳᠡ ᠶᠢᠨ ᠴᠢᠭᠯᠡᠯ᠂ ᠪᠡᠯᠡ ᠤᠷᠤᠭᠤᠯᠤᠯᠳᠠ ᠶᠢᠨ ᠳᠦᠯᠦᠪᠯᠡᠭᠡ᠂ ᠡᠳ᠋ ᠤᠨ ᠶᠠᠪᠤᠳᠠᠯ ᠤᠨ | ᠬᠦᠰᠦᠨᠦᠭᠳᠤ ᠪᠤᠯᠤᠨ ᠪᠡᠯᠡ ᠳᠤᠬᠢᠷᠠᠭᠤᠯᠭ᠎ᠠ ᠶᠢᠨ ᠬᠡᠷᠡᠭᠴᠡᠭᠡ ᠵᠡᠷᠬᠡ ᠪᠤᠳᠠᠳᠠᠢ ᠦᠷ᠎ᠡ ᠠᠰᠢᠭ ᠲᠠᠢ ᠴᠢᠮᠡᠭᠡ ᠵᠠᠩᠬᠢ | ᠶᠢᠨ ᠳᠠᠨᠢᠯᠴᠠᠭᠤᠯᠭ᠎ᠠ ᠶᠢ ᠰᠠᠶᠢᠳᠤᠷ ᠬᠢᠬᠦ ᠬᠡᠷᠡᠭᠳᠡᠢ︔ ᠪᠡᠯᠡ ᠮᠦᠩᠬᠦ ᠶᠢᠨ ᠳᠤᠬᠢᠷᠠᠯᠴᠠᠭᠠ ᠶᠢᠨ ᠳᠦᠷᠦᠯ ᠵᠦᠢᠯ ᠤᠨ | ᠮᠡᠳᠡᠬᠦᠯᠦᠯᠳᠡ ᠶᠢᠨ ᠠᠵᠢᠯ ᠢ ᠰᠠᠶᠢᠳᠤᠷ ᠬᠢᠵᠤ᠂ ᠳᠡᠷᠡ ᠳᠠᠷᠤᠢ ᠳᠤᠨᠢ ᠵᠤᠬᠢᠬᠤ ᠬᠡᠮᠵᠢᠶᠡᠨ ᠤ ᠭᠠᠷ ᠬᠦᠢᠴᠡᠳᠬᠡᠯ | ᠬᠢᠬᠦ ᠬᠡᠷᠡᠭᠳᠡᠢ᠃ ᠦᠨᠡᠨᠴᠢ ᠪᠠᠷ ᠡᠵᠡᠩᠨᠡᠬᠦ ᠶᠢ ᠪᠠᠷᠢᠮᠳᠠᠯᠠᠵᠤ᠂ ᠬᠠᠤᠯᠢ ᠳᠤᠭᠳᠠᠭᠠᠯ ᠤᠨ ᠱᠠᠭᠠᠷᠳᠠᠯᠭ᠎ᠠ ᠶᠤᠰᠤᠭᠠᠷ᠂ | ᠬᠡᠷ᠎ᠡ ᠶᠢᠨ ᠵᠤᠷᠪᠤᠰ ᠶᠤᠰᠤᠭᠠᠷ ᠳᠤᠭᠳᠠᠭᠰᠠᠨ ᠬᠤᠭᠤᠴᠠᠭ᠎ᠠ ᠲᠠᠢ ᠵᠢᠬᠡᠯᠡᠯᠬᠡ ᠪᠠᠨ ᠳᠦᠯᠦᠬᠦ ᠬᠠᠷᠢᠭᠤᠴᠠᠯᠭ᠎ᠠ ᠪᠠᠨ | ᠬᠦᠢᠴᠡᠳᠬᠡᠬᠦ ᠬᠡᠷᠡᠭᠳᠡᠢ᠃ |