︽ᠡᠯ᠎ᠡ ᠳᠦᠷᠦᠯ ᠤᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠬᠠᠮᠢᠶ᠎ᠠ ᠪᠦᠬᠦᠢ ᠶᠠᠪᠤᠳᠠᠯ ᠢ ᠳᠦᠷᠢᠮᠵᠢᠬᠦᠯᠬᠦ ᠳᠤᠬᠠᠢ ᠳᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ︾ ᠢ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠤᠯᠠᠮᠵᠢᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2019-01-10
                      ᠬᠤᠤᠯᠢᠨ ᠵᠠᠰᠠᠭ ᠠᠯᠪᠠᠨ ᠦᠰᠦᠭ  ﹇2018﹈ 188 ᠳ᠋ᠤᠭᠠᠷ ᠨᠤᠮᠧᠷᠳᠤ ᠳᠠᠯᠠᠶᠢᠬᠤᠰᠢᠭᠤ ᠰᠤᠮᠤ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠮᠢᠶᠠᠷᠤᠯᠳᠠ ᠶᠢᠨ ᠵᠦᠪᠯᠡᠯ᠂ ᠬᠤᠳᠠ ᠶᠢᠨ ᠵᠠᠰᠠᠭ ᠤᠨ ᠤᠷᠳᠤᠨ ᠤ ᠡᠯ᠎ᠡ ᠠᠯᠪᠠᠨ ᠭᠡᠷ᠂ ᠳᠤᠪᠴᠢᠶ᠎ᠠ ᠳᠤ᠄     ︽ᠡᠯ᠎ᠡ ᠳᠦᠷᠦᠯ ᠤᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠬᠠᠮᠢᠶ᠎ᠠ ᠪᠦᠬᠦᠢ ᠶᠠᠪᠤᠳᠠᠯ ᠢ ᠳᠦᠷᠢᠮᠵᠢᠬᠦᠯᠬᠦ ᠳᠤᠬᠠᠢ ᠳᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ︾ ︵ᠳᠦᠩᠯᠢᠶᠤᠤ ᠵᠠᠰᠠᠭ ᠠᠯᠪᠠᠨ ᠦᠰᠦᠭ ﹇2018﹈ 241 ᠳ᠋ᠣᠬᠡᠷ︶ ᠢ ᠡᠳᠤᠬᠡ ᠳᠠᠨᠠᠷ ᠲᠤ ᠤᠯᠠᠮᠵᠢᠯᠠᠨ ᠶᠠᠪᠤᠭᠤᠯᠤᠯ᠎ᠠ᠂ ᠡᠯ᠎ᠡ ᠰᠠᠯᠠᠭ᠎ᠠ ᠮᠦᠴᠢᠷ ᠨᠢᠬᠡᠴᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠳᠤᠰ ᠨᠢᠬᠡᠴᠡ ᠳᠤ ᠬᠤᠯᠪᠤᠭᠳᠠᠵᠤ ᠪᠠᠶᠢᠭ᠎ᠠ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠳᠡᠭᠡᠷ᠎ᠡ ᠱᠠᠳᠤᠨ ᠤ ᠭᠤᠤᠯ ᠬᠠᠮᠢᠶᠠᠷᠴᠤ ᠪᠠᠶᠢᠭ᠎ᠠ ᠨᠢᠬᠡᠴᠡ᠂ ᠪᠤᠳᠠᠳᠠᠢ ᠪᠠᠶᠢᠭᠤᠯᠤᠮᠵᠢ ᠶᠢᠨ ᠨᠡᠷ᠎ᠡ᠂ ᠠᠵᠢᠯ ᠤᠨ ᠡᠬᠦᠷᠬᠡ ᠬᠠᠷᠢᠭᠤᠴᠠᠯᠭ᠎ᠠ ᠵᠢᠴᠢ ᠳᠦᠷᠢᠮ᠂ ᠬᠦᠮᠦᠨ ᠤ ᠤᠷᠤᠨ ᠳᠤᠭ᠎ᠠ ᠶᠢᠨ ᠪᠠᠶᠢᠭᠤᠯᠤᠮᠵᠢ ᠶᠢᠨ ᠴᠢᠨᠠᠷᠳᠠᠢ᠂ ᠬᠠᠯᠠᠮᠰᠢᠯ ᠤᠳᠠᠰᠤᠨ ᠨᠤᠮᠧᠷ᠂ ᠬᠠᠷᠢᠭᠤᠴᠠᠬᠤ ᠤᠳᠤᠷᠢᠳᠤᠯᠭ᠎ᠠ ᠵᠢᠴᠢ ᠣᠳᠠᠰᠣᠨ ᠨᠤᠮᠧᠷ ᠵᠡᠷᠬᠡ ᠶᠢᠨ ᠴᠢᠮᠡᠭᠡ ᠵᠠᠩᠬᠢ ᠪᠠᠨ 2018 ᠤᠨ ᠤ 12 ᠰᠠᠷ᠎ᠠ ᠶᠢᠨ 18 ᠤ ᠡᠳᠤᠷ ᠠᠴᠠ ᠡᠮᠤᠨ᠎ᠡ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ ᠤᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠳᠠᠰᠤᠭ ︵ᠭᠤᠤᠯ ᠤᠨ ᠵᠡᠬᠦᠨᠳᠡᠬᠢ ᠰᠢᠨ᠎ᠡ ᠳᠤᠭᠤᠷᠢᠭ ᠤᠨ ᠵᠠᠰᠠᠭ ᠵᠠᠬᠢᠷᠭᠠᠨ ᠤ ᠳᠦᠪ ᠤᠨ 1502 ᠬᠡᠷ︶ ᠪᠠᠨ ᠮᠡᠳᠡᠬᠦᠯᠵᠤ᠂ ᠢᠮᠧᠯ hlglzwgk@163.com ᠳᠤ ᠶᠠᠪᠣᠭᠤᠯᠣᠨ᠎ᠠ᠃     ᠬᠠᠷᠢᠯᠴᠠᠬᠤ ᠬᠦᠮᠦᠨ᠄ ᠢᠤᠢ ᠴᠢᠶᠠᠨ᠂ ᠬᠠᠷᠢᠯᠴᠠᠬᠤ ᠤᠳᠠᠰᠤ᠄ 0475 —7966095  ᠡᠯ᠎ᠡ ᠳᠦᠷᠦᠯ ᠤᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠬᠠᠮᠢᠶ᠎ᠠ ᠪᠦᠬᠦᠢ ᠶᠠᠪᠤᠳᠠᠯ ᠢ ᠳᠦᠷᠢᠮᠵᠢᠬᠦᠯᠬᠦ ᠳᠤᠬᠠᠢ ᠳᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ                        ᠳᠦᠩᠯᠢᠶᠤᠤ ᠵᠠᠰᠠᠭ ᠠᠯᠪᠠᠨ ᠦᠰᠦᠭ ﹇2018﹈ 241 ᠳ᠋ᠤᠬᠡᠷ ᠳᠤᠭᠠᠳᠤᠡᠯ᠎ᠡ ᠬᠤᠰᠢᠭᠤ ᠰᠢᠶᠠᠨ ᠬᠤᠳᠠ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠨᠡᠬᠡᠬᠡᠯᠳᠡ ᠶᠢᠨ ᠳᠤᠭᠤᠷᠢᠭ  ᠤᠨ ᠬᠠᠮᠢᠶᠠᠷᠤᠯᠳᠠ ᠶᠢᠨ ᠵᠦᠪᠯᠡᠯ᠂ ᠬᠤᠳᠠ ᠶᠢᠨ ᠵᠠᠰᠠᠭ ᠤᠨ ᠤᠷᠳᠤᠨ ᠤ ᠡᠯ᠎ᠡ ᠵᠦᠪᠯᠡᠯ ᠠᠯᠪᠠᠨ ᠳᠤᠪᠴᠢᠶ᠎ᠠ᠂ ᠬᠤᠯᠪᠤᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠳᠤ᠄    ︽ᠡᠯ᠎ᠡ ᠳᠦᠷᠦᠯ ᠤᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠬᠠᠮᠢᠶ᠎ᠠ ᠪᠦᠬᠦᠢ ᠶᠠᠪᠤᠳᠠᠯ ᠢ ᠴᠡᠪᠡᠷᠯᠡᠨ ᠨᠢᠬᠡᠳᠤᠬᠦᠯᠬᠦ ᠶᠢ ᠳᠦᠷᠬᠡᠨ ᠠᠬᠢᠭᠤᠯᠬᠤ ᠳᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ︾ ︵ᠦᠪᠤᠷ ᠵᠠᠰᠠᠭ ᠠᠯᠪᠠᠨ ᠦᠰᠦᠭ ﹇2018﹈ 73 ᠳ᠋ᠤᠭᠠᠷ ᠳᠤᠭᠠᠳᠤ︶ ᠤᠨ ᠱᠠᠭᠠᠷᠳᠠᠯᠭ᠎ᠠ ᠶᠤᠰᠤᠭᠠᠷ ᠬᠡᠰᠡᠭ ᠭᠠᠵᠠᠷ ᠤᠷᠤᠨ ᠤ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤ ᠶᠢᠨ ︽ᠨᠡᠪᠳᠡᠷᠡᠬᠦ ᠦᠬᠡᠢ᠂ ᠬᠦᠯᠢᠶᠡᠨ ᠠᠪᠬᠤ ᠬᠦᠮᠦᠨ ᠦᠬᠡᠢ᠂ ᠤᠪᠤᠷ ᠮᠠᠭᠤ᠂ ᠦᠬᠡ ᠨᠢ ᠦᠢᠯᠠᠭᠠᠭᠳᠠᠬᠤ ᠦᠬᠡᠢ︾ ᠵᠡᠷᠬᠡ ᠶᠢᠨ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠵᠤ᠂ ᠪᠦᠬᠦ ᠬᠤᠳᠠ ᠶᠢᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠡᠷᠡᠬᠦᠯ ᠬᠦᠭᠵᠢᠯᠳᠡ ᠶᠢ ᠠᠬᠢᠭᠤᠯᠬᠤ ᠶᠢᠨ ᠳᠤᠰᠠᠳᠠ ᠳᠦᠩᠯᠢᠶᠤᠤ ᠬᠤᠳᠠ ᠶᠢᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠠᠵᠢᠯ ᠤᠨ ᠪᠤᠳᠠᠳᠠᠢ ᠪᠠᠶᠢᠳᠠᠯ ᠲᠠᠢ  ᠪᠠᠨ ᠤᠶᠠᠯᠳᠤᠭᠤᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠳᠤᠤᠷ᠎ᠠ ᠮᠡᠳᠡᠭᠳᠡᠶ᠎ᠡ᠄    ᠨᠢᠬᠡ᠂ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠠᠵᠢᠯ ᠢ ᠰᠠᠶᠢᠳᠤᠷ ᠬᠢᠬᠦ ᠴᠢᠬᠤᠯᠠ ᠴᠢᠨᠠᠷ ᠤᠨ ᠳᠠᠨᠢᠯᠳᠠ ᠶᠢ ᠤᠯᠠᠮ ᠨᠢᠬᠡ ᠠᠯᠬᠤᠮ ᠳᠡᠬᠡᠭᠰᠢᠯᠡᠬᠦᠯᠵᠤ᠂ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠠᠵᠢᠯ  ᠢ ᠵᠠᠰᠠᠭ ᠤᠨ ᠶᠠᠪᠤᠳᠠᠯ ᠤᠨ ᠢᠯᠡ ᠪᠠᠶᠢᠯᠭᠠᠬᠤ ᠠᠵᠢᠯ ᠤᠨ ᠦᠨᠳᠤᠰᠤᠨ ᠠᠭᠤᠯᠭ᠎ᠠ ᠪᠤᠯᠭᠠᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠤ᠂ ᠠᠵᠢᠯ ᠤᠨ ᠳᠤᠭᠳᠠᠴᠠ ᠪᠠᠨ ᠳᠡᠬᠦᠯᠳᠡᠷᠵᠢᠬᠦᠯᠵᠤ᠂ ᠠᠵᠢᠯ ᠤᠨ ᠳᠦᠷᠢᠮ ᠢᠶᠠᠨ ᠰᠠᠶᠢᠵᠢᠷᠠᠭᠤᠯᠵᠤ᠂ ᠢᠳᠡᠪᠬᠢᠳᠡᠢ ᠪᠦᠳᠦᠮᠵᠢᠳᠡᠢ ᠠᠷᠭ᠎ᠠ ᠬᠡᠮᠵᠢᠶ᠎ᠠ ᠠᠪᠴᠤ᠂ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠠᠵᠢᠯ ᠢ ᠳᠦᠷᠢᠮᠵᠢᠯ ᠲᠠᠢ ᠡᠮᠬᠢ ᠳᠢᠭᠯᠢᠮ ᠲᠠᠢ ᠦᠷᠨᠢᠬᠦᠯᠬᠦ ᠶᠢ ᠠᠬᠢᠭᠤᠯᠵᠤ ᠂ ᠡᠯ᠎ᠡ ᠬᠠᠮᠢᠶ᠎ᠠ ᠪᠦᠬᠦᠢ ᠭᠠᠵᠠᠷ ᠤᠷᠤᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠭᠤᠤᠯ ᠬᠠᠮᠢᠶᠠᠷᠴᠤ ᠪᠠᠶᠢᠭ᠎ᠠ ᠡᠬᠦᠷᠬᠡ ᠬᠠᠷᠢᠭᠤᠴᠠᠯᠭ᠎ᠠ ᠪᠠᠨ ᠦᠨᠡᠨᠬᠦ ᠬᠡᠷᠡᠭᠵᠢᠬᠦᠯᠵᠤ᠂ ᠳᠤᠭᠳᠠᠭᠰᠠᠨ ᠳᠤᠰᠬᠠᠢ ᠪᠠᠶᠢᠭᠤᠯᠤᠮᠵᠢ ᠪᠤᠯᠤᠨ ᠬᠦᠮᠦᠨ  ᠢᠶᠠᠷ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠠᠵᠢᠯ ᠢ ᠬᠠᠷᠢᠭᠤᠴᠠᠭᠤᠯᠬᠤ ᠶᠢᠨ ᠬᠠᠮᠳᠤ ᠠᠯᠪᠠᠨ ᠬᠡᠷ ᠳᠤᠬᠢᠷᠠᠭᠤᠯᠬᠤ ᠠᠯᠪᠠᠨ ᠵᠠᠷᠤᠳᠠᠯ ᠵᠡᠷᠬᠡ ᠶᠢᠨ ᠳᠠᠯ᠎ᠠ ᠪᠠᠷ ᠳᠡᠮᠵᠢᠬᠦ ᠶᠢ ᠪᠠᠳᠤᠯᠠᠬᠤ ᠬᠡᠷᠡᠭᠳᠡᠢ᠃    ᠬᠤᠶᠠᠷ᠂ ᠳᠦᠷᠢᠮᠵᠢᠭᠰᠡᠨ ᠡᠯ᠎ᠡ ᠳᠦᠷᠦᠯ ᠤᠨ ᠵᠠᠭᠤᠴᠢ᠂ ᠳᠠᠪᠴᠠᠩ ᠳᠡᠬᠡᠷᠡᠬᠢ ᠢᠯᠡ ᠪᠠᠶᠢᠬᠤ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤ ᠨᠢ ᠨᠢᠬᠡᠨᠳᠡ ᠬᠤᠪᠢᠷᠠᠭᠰᠠᠨ ᠪᠠᠶᠢᠪᠠᠯ ᠳᠡᠷᠤᠢ ᠳᠦᠷᠬᠡᠨ ᠳᠤᠬᠢᠷᠠᠭᠤᠯᠵᠤ᠂ ᠣᠳᠠᠰᠣ ᠬᠦᠯᠢᠶᠡᠨ ᠠᠪᠬᠤ ᠬᠦᠮᠦᠨ ᠲᠠᠢ ᠪᠠᠶᠢᠬᠤ ᠶᠢ ᠪᠠᠳᠤᠯᠠᠵᠤ᠂ ᠤᠯᠠᠨ ᠳᠦᠮᠡᠨ ᠠᠴᠠ ᠢᠷᠡᠬᠦᠯᠦᠭᠰᠡᠨ ᠤᠳᠠᠰᠤ  ᠶᠢ ᠬᠦᠯᠢᠶᠡᠨ ᠠᠪᠬᠤ᠂ ᠰᠢᠢᠳᠪᠤᠷᠢᠯᠡᠬᠦ᠂ ᠬᠠᠷᠢᠭᠤ ᠳᠤᠰᠬᠠᠬᠤ ᠳᠤᠭᠳᠠᠴᠠ ᠶᠢ ᠪᠦᠷᠢᠨ ᠳᠦᠬᠦᠷ ᠪᠠᠶᠢᠭᠤᠯᠵᠤ᠂ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤ ᠶᠢ ᠳᠦᠪᠯᠡᠷᠡᠬᠦᠯᠦᠨ ᠬᠠᠮᠢᠶᠠᠷᠬᠤ᠂ ᠨᠢᠬᠡᠳᠤᠯᠳᠡᠢ ᠬᠦᠯᠢᠶᠡᠨ ᠠᠪᠬᠤ᠂ ᠡᠬᠦᠷᠬᠡ ᠶᠤᠰᠤᠭᠠᠷ ᠤᠯᠠᠮᠵᠢᠯᠠᠨ ᠰᠢᠢᠳᠪᠤᠷᠢᠯᠡᠬᠦ᠂ ᠬᠤᠭᠤᠴᠠᠭ᠎ᠠ ᠳᠤᠭᠳᠠᠭᠠᠨ ᠰᠢᠢᠳᠪᠤᠷᠢᠯᠡᠵᠤ ᠳᠠᠭᠤᠰᠬᠠᠬᠤ ᠶᠢ ᠪᠠᠶᠢᠭᠤᠯᠤᠨ ᠳᠡᠬᠦᠯᠳᠡᠷᠵᠢᠬᠦᠯᠵᠤ᠂ ᠨᠢᠬᠡᠳᠤᠯᠳᠡᠢ ᠳᠦᠯᠦᠪᠯᠡᠨ ᠳᠤᠬᠢᠷᠠᠭᠤᠯᠬᠤ ᠬᠦᠴᠦᠴᠡ ᠪᠠᠨ ᠴᠢᠩᠭᠠᠳᠬᠠᠵᠤ᠂ ᠢᠷᠡᠬᠦᠯᠦᠭᠰᠡᠨ ᠤᠳᠠᠰᠤ ᠶᠢ ᠤᠯᠠᠮᠵᠢᠯᠠᠨ ᠰᠢᠢᠳᠪᠤᠷᠢᠯᠡᠬᠦ ᠶᠠᠪᠤᠴᠠ ᠶᠢ ᠳᠦᠷᠢᠮᠵᠢᠬᠦᠯᠵᠤ᠂ ︽ᠰᠢᠯᠳᠠᠭᠠᠯᠠᠨ ᠳᠦᠯᠬᠢᠯᠴᠡᠬᠦ︾ ᠵᠡᠷᠬᠡ ᠶᠢᠨ ᠠᠰᠠᠭᠤᠳᠠᠯ ᠭᠠᠷᠬᠤ ᠠᠴᠠ ᠵᠠᠶᠢᠯᠠᠰᠬᠢᠵᠤ᠂ ᠤᠯᠠᠨ ᠳᠦᠮᠡᠨ ᠠᠴᠠ ᠢᠷᠡᠬᠦᠯᠡᠨ ᠳᠤᠰᠬᠠᠭᠰᠠᠨ ᠶᠠᠪᠤᠳᠠᠯ ᠢ ︽ᠤᠴᠢᠷ ᠪᠤᠯᠭᠠᠨ ᠨᠢ ᠰᠤᠷᠠᠭ ᠲᠠᠢ᠂ ᠬᠡᠷᠡᠭ ᠪᠤᠯᠭᠠᠨ ᠨᠢ ᠬᠠᠷᠢᠭᠤ ᠲᠠᠢ︾ ᠪᠠᠶᠢᠬᠤ ᠶᠢ ᠪᠠᠳᠤᠯᠠᠵᠤ᠂ ᠤᠯᠠᠨ ᠨᠡᠶᠢᠳᠡ ᠳᠤ ᠦᠨᠳᠤᠷ ᠪᠦᠳᠦᠮᠵᠢᠳᠡᠢ ᠵᠦᠪ ᠤᠨᠤᠪᠴᠢᠳᠠᠢ ᠦᠢᠯᠡᠴᠢᠯᠡᠬᠡᠨ ᠢ ᠬᠠᠩᠭᠠᠵᠤ᠂ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠪᠤᠳᠠᠳᠠᠢ ᠠᠵᠢᠯᠳᠠᠨ ᠢ ᠳᠤᠰ ᠨᠢᠬᠡᠴᠡ ᠶᠢᠨ ᠳᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶᠡᠨ ᠤ ᠳᠤᠳᠤᠷ᠎ᠡ ᠡᠯ᠎ᠡ ᠳᠦᠷᠦᠯ ᠤᠨ ᠳᠦᠷᠢᠮ ᠳᠤᠭᠳᠠᠭᠠᠯ ᠢ ᠪᠤᠯᠪᠠᠰᠤᠷᠠᠩᠭᠤᠢ ᠡᠵᠡᠮᠰᠢᠵᠤ᠂ ᠬᠡᠷᠡᠭ ᠰᠢᠢᠳᠪᠤᠷᠢᠯᠡᠬᠦ ᠶᠠᠪᠤᠴᠠ ᠶᠢᠨ ᠪᠤᠳᠠᠳᠠᠢ ᠱᠠᠭᠠᠷᠳᠠᠯᠭ᠎ᠠ ᠪᠠᠷ ︽ᠦᠨᠡᠨ ᠠᠴᠠ ᠮᠦᠨ ᠢ ᠡᠷᠢᠬᠦ︾ ᠂ ︽ᠠᠰᠠᠭᠤᠭᠰᠠᠨ ᠪᠦᠬᠦᠨ ᠢ ᠬᠠᠷᠢᠭᠤᠯᠵᠤ ᠴᠢᠳᠠᠬᠤ︾ ᠪᠤᠯᠭᠠᠬᠤ ᠬᠡᠷᠡᠭᠳᠡᠢ᠃    ᠭᠤᠷᠪᠠ᠂ ᠬᠢᠨᠠᠨ ᠰᠢᠯᠭᠠᠵᠤ ᠬᠢᠨᠠᠯᠳᠠ ᠳᠠᠯᠪᠢᠬᠤ ᠦᠨᠡᠯᠡᠯᠳᠡ ᠬᠢᠬᠦ ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠬᠦ ᠬᠡᠷᠡᠭᠳᠡᠢ᠃ ᠣᠳᠠᠰᠣ ᠬᠦᠯᠢᠶᠡᠨ ᠠᠪᠬᠤ ᠦᠢᠯᠡᠴᠢᠯᠡᠭᠡ᠂ ᠰᠢᠢᠳᠪᠤᠷᠢᠯᠡᠭᠰᠡᠨ ᠴᠠᠭ ᠬᠤᠭᠤᠴᠠᠭ᠎ᠠ᠂ ᠬᠠᠷᠢᠭᠤᠯᠳᠠ ᠦᠭᠬᠦ ᠴᠢᠨᠠᠷ ᠴᠢᠨᠰᠠᠭ᠎ᠠ ᠵᠡᠷᠬᠡ ᠶᠢᠨ ᠬᠢᠨᠠᠨ ᠰᠢᠯᠭᠠᠬᠤ ᠪᠠᠷᠢᠮᠵᠢᠶ᠎ᠡ ᠶᠢ ᠳᠤᠭᠳᠠᠭᠠᠵᠤ᠂ ᠰᠢᠨᠵᠢᠯᠡᠬᠦ ᠤᠬᠠᠭᠠᠨᠴᠢ ᠪᠠᠷ ᠦᠨᠡᠯᠡᠬᠦ ᠰᠢᠰᠲ᠋ᠧᠮ ᠢ ᠪᠠᠶᠢᠭᠤᠯᠵᠤ᠂ ᠳᠤᠳᠤᠭᠠᠳᠤ ᠶᠢᠨ ᠰᠢᠯᠭᠠᠯᠳᠠ ᠪᠤᠯᠤᠨ ᠭᠠᠳᠠᠭᠠᠳᠤ ᠶᠢᠨ ᠦᠨᠡᠯᠡᠯᠳᠡ ᠶᠢ ᠬᠠᠷᠢᠯᠴᠠᠨ ᠤᠶᠠᠯᠳᠤᠭᠤᠯᠤᠭᠰᠠᠨ ᠬᠡᠯᠪᠡᠷᠢ ᠶᠢ ᠠᠪᠴᠤ᠂ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤᠨ ᠤ ᠦᠢᠯᠡᠴᠢᠯᠡᠭᠡ ᠳᠤ ᠬᠢᠨᠠᠯᠳᠠ ᠦᠨᠡᠯᠡᠯᠳᠡ ᠶᠠᠪᠤᠭᠤᠯᠬᠤ ᠬᠡᠷᠡᠭᠳᠡᠢ᠃ ᠤᠯᠠᠨ ᠳᠦᠮᠡᠨ ᠠᠴᠠ ᠢᠷᠡᠬᠦᠯᠦᠭᠰᠡᠨ ᠯᠠᠪᠯᠠᠯᠭ᠎ᠠ ᠵᠢᠴᠢ ᠬᠠᠷᠢᠭᠤᠯᠳᠠ ᠶᠢᠨ ᠠᠭᠤᠯᠭ᠎ᠠ ᠶᠢ ᠳᠤᠭᠳᠠᠭᠰᠠᠨ ᠬᠤᠭᠤᠴᠠᠭᠠᠨ ᠳᠤ ᠡᠮᠬᠢᠯᠡᠨ ᠳᠡᠭᠰᠢᠯᠡᠬᠦ ᠬᠡᠷᠡᠭᠳᠡᠢ᠃ ᠣᠳᠠᠰᠣ ᠵᠠᠯᠭᠠᠨ ᠬᠦᠯᠢᠶᠡᠨ ᠠᠪᠬᠤ ᠬᠦᠮᠦᠨ ᠤ ᠪᠤᠯᠪᠠᠰᠤᠷᠠᠯ ᠢ ᠦᠨᠡᠨᠬᠦ ᠴᠢᠩᠭᠠᠳᠬᠠᠵᠤ᠂ ᠬᠦᠯᠢᠶᠡᠨ ᠠᠪᠬᠤ ᠪᠠᠷᠢᠮᠵᠢᠶ᠎ᠠ ᠪᠠᠷ ᠨᠢᠬᠡᠳᠤᠯᠳᠡᠢ ᠦᠢᠯᠡᠴᠢᠯᠡᠵᠤ᠂ ᠬᠦᠯᠢᠶᠡᠨ ᠠᠪᠬᠤ ᠠᠶᠠᠯᠭ᠎ᠠ᠂ ᠦᠰᠦᠭ ᠪᠢᠴᠢᠭ ᠢ ᠰᠢᠢᠳᠪᠤᠷᠢᠯᠡᠬᠦ ᠬᠤᠷᠳᠤᠴᠠ᠂ ᠦᠢᠯᠡᠴᠢᠯᠡᠬᠦ ᠤᠪᠤᠷ᠂ ᠦᠢᠯᠡᠴᠢᠯᠡᠬᠦ ᠳᠤ ᠬᠡᠷᠡᠭᠯᠡᠬᠦ ᠦᠬᠡ᠂ ᠰᠢᠢᠳᠪᠤᠷᠢᠯᠡᠬᠦ ᠳᠡᠰ ᠳᠠᠷᠠᠭ᠎ᠠ ᠵᠡᠷᠬᠡ ᠳᠠᠯ᠎ᠠ ᠪᠠᠷ ᠳᠤᠳᠤᠷᠬᠠᠢ ᠱᠠᠭᠠᠷᠳᠠᠯᠭ᠎ᠠ ᠳᠤᠷᠠᠳᠴᠤ᠂ ᠳᠤᠬᠠᠶᠢᠯᠠᠭᠰᠠᠨ ᠠᠵᠢᠯ ᠤᠨ ᠴᠢᠳᠠᠪᠤᠷᠢ ᠪᠤᠯᠤᠨ ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠳᠠᠰᠤᠷᠠᠯᠳᠠ ᠦᠬᠡᠢ ᠳᠡᠭᠡᠭᠰᠢᠯᠡᠬᠦᠯᠵᠤ᠂ ᠠᠵᠤ ᠠᠬᠤᠶᠢᠯᠠᠯ ᠪᠤᠯᠤᠨ ᠤᠯᠠᠨ ᠳᠦᠮᠡᠨ ᠤ ᠯᠠᠪᠯᠠᠯᠭ᠎ᠠ ᠪᠠ ᠬᠡᠷᠡᠭ ᠰᠢᠢᠳᠪᠤᠷᠢᠯᠡᠬᠦ ᠦᠢᠯᠠᠭᠠᠯᠳᠠ ᠶᠢ ᠦᠨᠡᠨᠬᠦ ᠳᠡᠬᠡᠭᠰᠢᠯᠡᠬᠦᠯᠵᠤ᠂ ᠬᠠᠯᠠᠮᠰᠢᠯ ᠤᠳᠠᠰᠤ  ᠶᠢ ᠰᠠᠨᠠᠭᠠᠴᠢᠯᠠᠭ᠎ᠠ ᠠᠴᠠ ᠪᠠᠨ ᠬᠠᠷᠢᠭᠤᠯᠬᠤ ᠵᠢᠴᠢ ᠳᠠᠭᠤᠳᠠᠭᠴᠢ ᠪᠠᠨ ᠰᠢᠯᠵᠢᠬᠦᠯᠬᠦ ᠵᠡᠷᠬᠡ ᠶᠢᠨ ᠬᠠᠷᠢᠭᠤᠯᠬᠤ ᠬᠡᠯᠪᠡᠷᠢ ᠶᠢ ᠠᠪᠴᠤ ᠪᠤᠯᠬᠤ ᠦᠬᠡᠢ᠂ ᠡᠷᠬᠡᠪᠰᠢ ᠴᠢᠬᠤᠯᠠ ᠲᠠᠢ ᠳᠠᠮᠵᠢᠭᠤᠯᠤᠨ ᠵᠠᠯᠭᠠᠬᠤ ᠦᠢᠯᠡᠴᠢᠯᠡᠭᠡ ᠶᠢ ᠬᠠᠩᠭᠠᠨ ᠦᠭᠬᠦ ᠬᠡᠷᠡᠭᠳᠡᠢ᠃    ᠳᠦᠷᠪᠡ᠂ ᠡᠯ᠎ᠡ ᠭᠠᠵᠠᠷ ᠤᠷᠤᠨ᠂ ᠰᠠᠯᠠᠭ᠎ᠠ ᠮᠦᠴᠢᠷ ᠵᠢᠴᠢ ᠨᠢᠬᠡᠴᠡ ᠳᠤᠰ ᠤᠷᠤᠨ᠂ ᠳᠤᠰ ᠨᠢᠬᠡᠴᠡ ᠳᠤ ᠬᠤᠯᠪᠤᠭᠳᠠᠵᠤ ᠪᠠᠶᠢᠭ᠎ᠠ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤ ᠶᠢᠨ ᠳᠡᠬᠡᠷ᠎ᠡ ᠱᠠᠳᠤᠨ ᠤ ᠭᠤᠤᠯ ᠬᠠᠮᠢᠶᠠᠷᠴᠤ ᠪᠠᠶᠢᠭ᠎ᠠ ᠨᠢᠬᠡᠴᠡ᠂ ᠪᠤᠳᠠᠳᠠᠢ ᠪᠠᠶᠢᠭᠤᠯᠤᠮᠵᠢ ᠶᠢᠨ ᠨᠡᠷ᠎ᠡ᠂ ᠠᠵᠢᠯ ᠤᠨ ᠡᠬᠦᠷᠬᠡ ᠬᠠᠷᠢᠭᠤᠴᠠᠯᠭ᠎ᠠ ᠵᠢᠴᠢ ᠳᠦᠷᠢᠮ᠂ ᠬᠦᠮᠦᠨ ᠤ ᠤᠷᠤᠨ ᠳᠤᠭ᠎ᠠ ᠶᠢᠨ ᠪᠠᠶᠢᠭᠤᠯᠤᠮᠵᠢ ᠶᠢᠨ ᠰᠢᠨᠵᠢ ᠴᠢᠨᠠᠷ ᠲᠠᠢ᠂ ᠬᠠᠯᠠᠮᠰᠢᠯ ᠤᠳᠠᠰᠤᠨ ᠤ ᠨᠤᠮᠧᠷ ᠲᠠᠢ᠂ ᠬᠠᠷᠢᠭᠤᠴᠠᠬᠤ ᠤᠳᠤᠷᠢᠳᠤᠯᠭ᠎ᠠ ᠵᠢᠴᠢ ᠣᠳᠠᠰᠣᠨ ᠨᠤᠮᠧᠷ ᠢᠶᠠᠨ2018 ᠤᠨ ᠤ 12 ᠰᠠᠷ᠎ᠠ ᠶᠢᠨ 18 ᠤ ᠡᠳᠤᠷ  ᠠᠴᠠ ᠡᠮᠤᠨ᠎ᠡ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ ᠲᠤ ᠮᠡᠳᠡᠬᠦᠯᠬᠦ ᠬᠡᠷᠡᠭᠳᠡᠢ᠃   ᠬᠠᠷᠢᠯᠴᠠᠬᠤ ᠬᠦᠮᠦᠨ᠄ ᠴᠢᠶᠠᠨ ᠬᠤᠩ ᠪᠢᠨ᠂ ᠬᠠᠷᠢᠯᠴᠠᠬᠤ ᠤᠳᠠᠰᠤ᠄ 04758836043                                    2018 ᠤᠨ ᠤ 12 ᠰᠠᠷ᠎ᠠ ᠶᠢᠨ 17 ᠤ ᠡᠳᠤᠷ
 
ᠢᠷᠡᠯᠲᠡ᠄ ᠬᠣᠣᠯᠢᠩᠭᠣᠣᠯ ᠬᠣᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号