ᠵᠠᠰᠠᠭ ᠤᠨ ᠤᠷᠳᠤᠨ ᠤ ᠠᠵᠢᠯ ᠤᠨ ᠢᠯᠡᠳᠬᠡᠯ | | 2017 ᠤᠨ ᠤ 11 ᠰᠠᠷ᠎ᠠ ᠶᠢᠨ 23 ᠤ ᠡᠳᠤᠷ ᠬᠤᠤᠯᠢᠩᠭᠤᠤᠯ ᠬᠤᠳᠠ ᠶᠢᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠬᠡᠷ᠎ᠡ | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠳᠠᠷᠤᠭ᠎ᠠ ᠵᠠᠩ ᠬᠤᠩ ᠹᠦ᠋ | ᠳᠦᠯᠦᠬᠡᠯᠡᠭᠴᠢᠳ ᠡ᠄ | ᠤᠳᠤ᠂ ᠪᠢ ᠬᠤᠳᠠ ᠶᠢᠨ ᠳᠤᠯᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠢ | ᠳᠦᠯᠦᠬᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠡ᠂ ᠬᠢᠨᠡᠨ ᠵᠦᠪᠯᠡᠬᠦ ᠪᠤᠯᠪᠠᠤ᠂ ᠳᠡᠷᠡᠴᠢᠯᠡᠨ ᠬᠤᠳᠠ ᠶᠢᠨ | ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ | ᠳᠤᠷᠠᠳᠬᠤ ᠪᠤᠯᠪᠠᠤ᠃ | ᠨᠢᠬᠡ᠂ ᠦᠩᠬᠡᠷᠡᠭᠰᠡᠨ ᠳᠠᠪᠤᠨ ᠵᠢᠯ ᠤᠨ ᠠᠵᠢᠯ ᠪᠠ ᠬᠦᠭᠵᠢᠯᠳᠡ ᠬᠤᠪᠢᠷᠠᠯᠳᠠ | ᠦᠩᠬᠡᠷᠡᠭᠰᠡᠨ ᠳᠠᠪᠤᠨ ᠵᠢᠯ ᠪᠤᠯ ᠠᠵᠠ ᠳᠤᠬᠢᠶᠠᠯ ᠪᠤᠯᠤᠨ ᠦᠷᠢᠰᠤᠯᠳᠤᠬᠡᠨ᠂ ᠬᠦᠰᠡᠯ ᠡᠷᠡᠮᠡᠯᠵᠡᠯ ᠪᠤᠯᠤᠨ | ᠬᠦᠴᠢᠷᠳᠡᠯ ᠬᠠᠮᠳᠤ ᠪᠠᠷ ᠤᠷᠤᠰᠢᠭᠰᠠᠨ ᠳᠠᠪᠤᠨ ᠵᠢᠯ ᠪᠤᠯᠤᠨ᠎ᠠ᠃ ᠠᠵᠤ ᠠᠬᠤᠢ ᠶᠢᠨ ᠬᠦᠭᠵᠢᠯᠳᠡ ᠰᠢᠨ᠎ᠡ ᠬᠡᠪ | ᠪᠠᠶᠢᠳᠠᠯ ᠳᠤ ᠤᠷᠤᠭᠰᠠᠨ ᠵᠡᠷᠬᠡ ᠠᠯᠢ ᠤᠯᠠᠨ ᠬᠦᠨᠵᠡᠬᠡᠢ ᠬᠤᠪᠢᠷᠠᠯᠳᠠ ᠶᠢᠨ ᠡᠮᠤᠨ᠎ᠡ ᠬᠦᠴᠢᠷ ᠢ ᠰᠦᠷᠦᠨ | ᠤᠷᠤᠭᠰᠢᠯᠠᠵᠤ᠂ ᠪᠠᠶᠢᠳᠠᠯ ᠢ ᠠᠰᠢᠭᠯᠠᠨ ᠵᠠᠰᠠᠭᠠᠳ ᠬᠦᠮᠦᠰ ᠤᠨ ᠰᠡᠳᠬᠢᠯ ᠢ ᠬᠦᠳᠡᠯᠬᠡᠮ᠎ᠡ ᠠᠮᠵᠢᠯᠳᠠ ᠪᠦᠳᠦᠮᠵᠢ | ᠤᠯᠪᠠ᠃ ᠳᠠᠪᠤᠨ ᠵᠢᠯ ᠤᠨ ᠳᠤᠷᠰᠢ᠂ ᠪᠢᠳᠡ ︽ᠳᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ | ᠪᠠᠶᠢᠷᠢᠯᠠᠭᠤᠯᠤᠯᠳᠠ ᠶᠢ ᠨᠢᠬᠡᠳᠤᠯᠳᠡᠢ ᠳᠦᠯᠦᠪᠵᠢᠬᠦᠯᠦᠨ ᠠᠬᠢᠭᠤᠯᠤᠭᠰᠠᠨ ᠪᠠ ︽ᠳᠦᠷᠪᠡᠨ ᠪᠦᠬᠦ ᠳᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠠᠬᠢᠭᠤᠯᠵᠤ᠂ ᠠᠵᠤ ᠠᠬᠤᠢ ᠳᠤᠷᠪᠢ ᠮᠠᠭᠤᠳᠠᠢ | ᠳᠠᠷᠤᠯᠳᠠ ᠶᠢᠨ ᠳᠤᠤᠷ᠎ᠠ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠪᠤᠯᠤᠨ ᠠᠷᠠᠳ | ᠤᠨ ᠳᠦᠯᠦᠬᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠬᠢᠨᠠᠯᠳᠠ ᠳᠡᠮᠵᠢᠯᠬᠡ | ᠶᠢᠨ ᠳᠤᠤᠷ᠎ᠠ᠂ ᠪᠦᠬᠦ ᠬᠤᠳᠠ ᠶᠢᠨ ᠡᠯ᠎ᠡ ᠦᠨᠳᠤᠰᠤᠳᠡᠨ ᠤ ᠺᠠᠳ᠋ᠷ ᠤᠯᠠᠨ ᠳᠦᠮᠡᠨ ᠢ ᠳᠠᠶᠢᠴᠢᠯᠠᠨ ᠠᠵᠤ ᠠᠬᠤᠢ | ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠳᠡᠢ ᠵᠤᠬᠢᠴᠠᠭᠤᠯᠵᠤ᠂ ᠤᠷᠤᠨ ᠨᠤᠳᠤᠭ ᠤᠨ ᠠᠵᠤ | ᠠᠬᠤᠢ ᠶᠢᠨ ᠦᠷᠬᠦᠯᠵᠢᠯᠡᠨ ᠡᠷᠡᠬᠦᠯ ᠢᠶᠠᠷ ᠨᠡᠮᠡᠭᠳᠡᠬᠦᠯᠬᠦ ᠶᠢ ᠪᠠᠷᠢᠮᠳᠠᠯᠠᠵᠤ᠂ ᠦᠵᠡᠰᠬᠦᠯᠡᠩᠳᠤ ᠰᠠᠶᠢᠬᠠᠨ ᠬᠦᠭᠵᠢᠯᠳᠡ | ᠶᠢ ᠬᠠᠮᠳᠤ ᠪᠠᠷ ᠢᠯᠠᠬᠤ ᠠᠯᠬᠤᠴᠠ ᠪᠠᠨ ᠳᠦᠷᠬᠡᠳᠬᠡᠵᠤ᠂ ᠬᠠᠮᠤᠭ ᠤᠬᠤᠷᠬᠠᠨ ᠬᠤᠭᠤᠴᠠᠭᠠᠨ ᠳᠤ ᠬᠤᠤᠯᠢᠩᠭᠤᠤᠯ | ᠤᠨ ᠬᠦᠭᠵᠢᠯᠳᠡ ᠶᠢᠨ ᠳᠡᠤᠬᠡᠨ ᠳᠤ ᠦᠬᠡᠢ ᠬᠠᠮᠤᠭ ᠪᠡᠷᠬᠡ ᠵᠠᠮ ᠢ ᠳᠤᠭᠤᠯᠵᠤ᠂ ︽ᠬᠤᠣᠯᠢᠩᠭᠤᠣᠯ ᠤᠨ ᠠᠵᠢᠯ | ᠦᠢᠯᠡᠰ ᠢᠶᠠᠨ ᠳᠠᠬᠢᠨ ᠡᠬᠦᠳᠬᠦ︾ ᠰᠢᠨ᠎ᠡ ᠠᠶᠠᠯᠠᠯ ᠢᠶᠠᠨ ᠨᠡᠬᠡᠬᠡᠪᠡ᠃ | ᠦᠩᠬᠡᠷᠡᠭᠰᠡᠨ ᠳᠠᠪᠤᠨ ᠵᠢᠯ ᠳᠤ᠂ ᠪᠢᠳᠡ ᠳᠤᠭᠳᠠᠭᠤᠨ ᠢᠶᠠᠷ ᠤᠷᠤᠭᠰᠢᠯᠠᠨ ᠳᠠᠪᠰᠢᠬᠤ ᠠᠵᠢᠯ ᠤᠨ ᠶᠡᠷᠤᠩᠬᠡᠢ | ᠬᠦᠭ ᠠᠶᠠᠰ ᠢ ᠢᠮᠠᠭᠳᠠ ᠪᠠᠷᠢᠮᠳᠠᠯᠠᠵᠤ᠂ ᠪᠠᠶᠢᠯᠳᠤᠬᠤ ᠪᠤᠳᠤᠯᠭ᠎ᠠ ᠢᠶᠠᠷ ᠳᠤᠭᠳᠠᠭᠠᠬᠤ ᠶᠢ ᠪᠠᠷᠢᠮᠳᠠᠯᠠᠵᠤ᠂ ᠵᠤᠪᠠᠭᠤᠷᠢ | ᠵᠦᠳᠡᠬᠦᠷᠢ ᠶᠢ ᠳᠡᠰᠪᠤᠷᠢᠯᠡᠵᠤ᠂ ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠪᠦᠳᠦᠮᠵᠢ ᠶᠢᠨ ᠬᠤᠤᠰ | ᠳᠡᠬᠡᠭᠰᠢᠯᠡᠯᠳᠡ ᠶᠢ ᠪᠡᠶᠡᠯᠡᠬᠦᠯᠵᠡᠢ᠃ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ 300 | ᠳ᠋ᠦᠩᠰᠢᠭᠤᠷ ᠲᠦᠬᠦᠷᠢᠭ ᠤᠷᠴᠢᠮ ᠤᠨ ᠪᠤᠭᠤᠮᠳᠠ ᠶᠢ ᠳᠠᠪᠠᠵᠤ᠂ ᠵᠢᠯ ᠳᠤᠮᠳᠠᠴᠢ ᠪᠠᠷ ᠵᠠᠭᠤᠨ ᠤ ᠬᠠᠷᠢᠴᠠᠯ ᠢᠶᠠᠷ | 8.2 ᠬᠤᠪᠢ ᠨᠡᠮᠡᠭᠳᠡᠪᠡ᠃ ᠡᠳ᠋ ᠤᠨ ᠵᠰᠠᠭ ᠭᠠᠶᠢᠯᠢ ᠶᠢᠨ ᠤᠷᠤᠯᠭ᠎ᠠ 32 ᠳ᠋ᠦᠩᠰᠢᠭᠤᠷ ᠳᠦᠬᠦᠷᠢᠭ ᠤᠷᠴᠢᠮ ᠢ | ᠪᠠᠶᠡᠯᠡᠬᠦᠯᠵᠤ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ ᠠᠷᠠᠳ ᠤᠨ ᠳᠤᠮᠳᠠᠬᠢ ᠪᠡᠯᠡ | ᠤᠷᠤᠭᠤᠯᠤᠯᠳᠠ ᠶᠢᠨ ᠠᠮᠢᠵᠢᠷᠠᠯ ᠤᠨ ᠬᠦᠴᠦᠨ ᠢ ᠬᠦᠭᠵᠢᠬᠡᠵᠤ᠂ ᠨᠢᠬᠡ ᠪᠦᠯᠦᠭ ᠠᠵᠤ ᠠᠬᠤᠶᠢᠯᠠᠯ ᠪᠠᠶᠢᠭᠤᠯᠤᠭᠳᠠᠨ | ᠠᠰᠢᠭᠯᠠᠯᠳᠠ ᠳᠤ ᠤᠷᠤᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ | ᠪᠤᠯᠬᠤ ᠤᠷᠤᠯᠭ᠎ᠠ 40500 ᠳᠦᠬᠦᠷᠢᠭ ᠲᠤ ᠬᠦᠷᠴᠤ᠂ ᠳᠠᠪᠤᠨ ᠵᠢᠯ ᠤᠨ ᠡᠮᠤᠨᠡᠬᠢ ᠠᠴᠠ ᠪᠠᠨ 1.5 ᠳᠠᠬᠢᠨ | ᠢᠶᠠᠷ ᠨᠡᠮᠡᠭᠳᠡᠵᠡᠢ᠃ ᠬᠤᠪᠢ ᠬᠦᠮᠦᠨ ᠤ ᠳᠡᠷᠬᠡ 15000 ᠪᠠᠶᠢᠵᠤ᠂ ᠵᠠᠭᠤᠨ ᠤ ᠬᠠᠷᠢᠴᠠᠯ ᠢᠶᠠᠷ 37.5 ᠬᠤᠪᠢ | ᠶᠢ ᠡᠵᠡᠯᠡᠵᠤ᠂ ᠪᠦᠬᠦ ᠤᠯᠤᠰ ᠤᠨ ᠬᠢᠷᠢ ᠬᠡᠮᠵᠢᠶ᠎ᠡ ᠠᠴᠠ ᠵᠠᠭᠤᠨ ᠤ ᠬᠠᠷᠢᠴᠠᠯ ᠢᠶᠠᠷ 10 ᠬᠡᠳᠤᠷᠡᠵᠤ ᠪᠠᠶᠢᠨ᠎ᠠ᠃ | ᠬᠦᠮᠦᠨ ᠳᠤᠮᠳᠠᠴᠢ ᠶᠢᠨ ᠤᠷᠤᠨ ᠰᠠᠭᠤᠴᠠ ᠶᠢᠨ ᠳᠠᠯᠠᠪᠠᠢ 25 ᠳᠡᠭᠰᠢ ᠳᠦᠷᠪᠡᠯᠵᠢᠨ ᠮᠧᠲᠷ ᠪᠠᠶᠢᠭᠰᠠᠨ ᠠᠴᠠ ᠪᠠᠨ | 40 ᠳᠡᠭᠰᠢ ᠳᠦᠷᠪᠡᠯᠵᠢᠨ ᠮᠧᠲᠷ ᠪᠤᠯᠤᠨ ᠨᠡᠮᠡᠭᠳᠡᠵᠡᠢ᠃ ᠬᠡᠷᠡᠭᠯᠡᠬᠡᠨ ᠤ ᠬᠡᠪ ᠮᠠᠶ᠋ᠢᠭ ᠨᠡᠩ ᠣᠯᠠᠨ ᠡᠰᠢᠵᠢᠵᠣ᠂ | ᠨᠡᠶᠢᠬᠡᠮ ᠤᠨ ᠬᠡᠷᠡᠭᠯᠡᠬᠡᠨ ᠤ ᠡᠳ᠋ᠯᠡᠯ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠳᠤᠭ᠎ᠠ 43 ᠳ᠋ᠦᠩᠰᠢᠭᠤᠷ ᠳᠦᠬᠦᠷᠢᠭ | ᠢ ᠪᠡᠶᠡᠯᠡᠬᠦᠯᠵᠡᠢ᠃ ᠰᠠᠭᠤᠭᠠᠯᠢ ᠠᠷᠠᠳ ᠤᠨ ᠬᠠᠳᠠᠭᠠᠯᠠᠭᠰᠠᠨ ᠬᠠᠳᠠᠭᠠᠯᠠᠮᠵᠢ ᠶᠢᠨ ᠦᠯᠡᠳᠠᠪᠤᠷᠢ ᠪᠠᠷᠤᠭ 84 | ᠳ᠋ᠦᠩᠰᠢᠭᠤᠷ ᠤᠨ ᠪᠤᠭᠤᠮᠳᠠ ᠶᠢ ᠳᠠᠪᠠᠵᠤ᠂ ᠳᠠᠪᠤᠨ ᠵᠢᠯ ᠤᠨ ᠡᠮᠤᠨᠡᠬᠢ ᠠᠴᠠ ᠪᠠᠨ 28% ᠪᠠᠷ ᠨᠡᠮᠡᠭᠳᠡᠵᠤ᠂ | ᠠᠷᠠᠳ ᠤᠨ ᠠᠮᠢᠳᠤᠷᠠᠯ ᠨᠡᠩ ᠴᠢᠨᠡᠬᠡᠯᠢᠭ ᠪᠤᠯᠵᠠᠢ᠃ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠤᠷᠢ ᠶᠢᠨ | ᠨᠡᠮᠡᠯᠳᠡ ᠦᠷᠳᠡᠭ 8% ᠪᠠᠷ ᠨᠡᠮᠡᠭᠳᠡᠬᠦᠯᠬᠦ ᠶᠢ ᠪᠠᠳᠤᠯᠠᠪᠠ᠃ ᠬᠤᠤᠯᠢᠩᠭᠤᠤᠯ ᠤᠨ ᠶᠡᠷᠤᠩᠬᠡᠢ ᠪᠤᠳᠠᠳᠤ ᠬᠦᠴᠦᠨ | ᠢᠯᠡᠳᠳᠡ ᠳᠡᠬᠡᠭᠰᠢᠯᠡᠵᠤ᠂ ᠪᠦᠬᠦ ᠤᠯᠤᠰ ᠤᠨ ᠳᠤᠮᠳᠠ ᠪᠠᠭ᠎ᠠ ᠬᠤᠳᠠ ᠶᠢᠨ ᠰᠢᠨᠵᠢᠯᠡᠬᠦ ᠤᠬᠠᠭᠠᠨᠴᠢ ᠪᠠᠷ | ᠬᠦᠭᠵᠢᠭᠰᠡᠨ ᠵᠠᠭᠤᠨ ᠬᠦᠴᠦᠷᠬᠡᠭ ᠤᠨ 75 ᠳ᠋ᠤᠭᠠᠷ ᠲᠤ ᠣᠷᠣᠪᠠ᠃ ᠪᠡᠯᠡ ᠤᠷᠤᠭᠤᠯᠤᠯᠳᠠ ᠶᠢᠨ ᠨᠢᠭᠤᠭᠳᠠᠮᠠᠯ | ᠬᠦᠴᠦᠨ ᠬᠠᠮᠤᠭ ᠰᠠᠶᠢᠨ ᠳᠤᠮᠳᠠ ᠪᠠᠭ᠎ᠠ ᠬᠤᠳᠠ ᠶᠢᠨ ᠵᠠᠭᠤᠨ ᠬᠦᠴᠦᠷᠬᠡᠭ ᠤᠨ 38 ᠳ᠋ᠣᠭᠠᠷ ᠲᠤ ᠵᠢᠭᠰᠠᠭᠠᠭᠳᠠᠪᠠ | ︔ ᠤᠯᠤᠰ ᠤᠨ ᠶᠠᠪᠤᠳᠠᠯ ᠤᠨ ᠬᠤᠷᠢᠶ᠎ᠠ ᠶᠢᠨ ᠳᠤᠭᠳᠠᠭᠠᠭᠰᠠᠨ 262 ᠡᠬᠢ ᠪᠠᠶᠠᠯᠢᠭ ᠤᠨ ᠬᠡᠯᠪᠡᠷᠢ ᠶᠢᠨ ᠬᠤᠳᠠ | ᠶᠢᠨ ᠳᠤᠳᠤᠷᠠᠬᠢ 31 ᠦᠰᠴᠣ ᠪᠠᠶᠢᠭ᠎ᠠ ᠬᠡᠯᠪᠡᠷᠢ ᠶᠢᠨ ᠬᠤᠳᠠ ᠶᠢᠨ ᠨᠢᠬᠡ ᠨᠢ ᠪᠤᠯᠪᠠ︔ ᠤᠯᠤᠰ ᠤᠨ ᠲᠦᠷᠦᠬᠦᠤ | ᠪᠦᠯᠦᠭ ᠤᠨ 21 ᠡᠷᠬᠢᠯᠳᠡᠳᠤ ᠠᠵᠤ ᠠᠬᠤᠢ ᠶᠢᠨ ᠵᠢᠱᠢᠶ᠎ᠡ ᠦᠵᠡᠬᠦᠯᠬᠦ ᠰᠢᠶᠠᠨ ︵ᠬᠤᠳᠠ︶ ᠪᠤᠯᠤᠨ ᠤᠯᠤᠰ ᠤᠨ | ᠠᠵᠤ ᠦᠢᠯᠡᠰ ᠪᠤᠯᠤᠨ ᠬᠤᠳᠠ ᠣᠶᠠᠯᠳᠣᠨ ᠬᠦᠭᠵᠢᠭᠰᠡᠨ ᠵᠢᠱᠢᠶ᠎ᠡ ᠦᠵᠡᠬᠦᠯᠬᠦ ᠤᠷᠤᠨ ᠤ ᠡᠬᠦᠳᠤᠨ ᠪᠠᠶᠢᠭᠤᠯᠬᠤ | ᠭᠠᠵᠠᠷ ᠤᠷᠤᠨ ᠪᠤᠯᠵᠠᠢ︔ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠤᠷᠢᠯᠡᠵᠢᠭᠰᠡᠨ ᠠᠵᠤ ᠦᠢᠯᠡᠰ ᠤᠨ | ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠡᠬᠦᠳᠤᠨ ᠪᠠᠶᠢᠭᠤᠯᠵᠠᠢ︔ 2016 ᠤᠨ ᠳᠤ ᠤᠯᠤᠰ ᠤᠨ ᠶᠠᠪᠤᠳᠠᠯ ᠤᠨ | ᠬᠤᠷᠢᠶ᠎ᠠ ᠶᠢᠨ ᠱᠠᠭᠠᠷᠳᠠᠨ ᠪᠠᠶᠢᠴᠠᠭᠠᠯᠳᠠ ᠶᠢᠨ ᠰᠠᠶᠢᠰᠢᠶᠠᠯ ᠢ ᠤᠯᠵᠠᠢ᠃ ᠡᠳᠡᠬᠡᠷ ᠤᠯᠤᠭᠰᠠᠨ ᠦᠷ᠎ᠡ ᠪᠦᠳᠦᠮᠵᠢ ᠪᠤᠯ | ᠬᠦᠭᠵᠢᠯᠳᠡ ᠶᠢᠨ ᠬᠤᠷᠠᠮᠳᠤᠯᠭ᠎ᠠ ᠮᠦᠨ᠂ ᠨᠡᠩ ᠪᠢᠳᠡᠨ ᠤ ᠤᠷᠤᠭᠰᠢᠯᠠᠬᠤ ᠶᠢ ᠤᠷᠮᠠᠰᠢᠭᠤᠯᠬᠤ ᠬᠦᠳᠡᠯᠬᠡᠬᠦ ᠬᠦᠴᠤᠨ | ᠪᠤᠯᠵᠠᠢ᠃ | ᠦᠩᠬᠡᠷᠡᠭᠰᠡᠨ ᠳᠠᠪᠤᠨ ᠵᠢᠯ ᠳᠤ᠂ ᠪᠢᠳᠡ ᠪᠤᠳᠠᠳᠤ ᠴᠤᠭᠴᠠ ᠶᠢᠨ ᠠᠵᠤ ᠠᠬᠤᠢ ᠶᠢ ᠬᠦᠭᠵᠢᠬᠦᠯᠦᠨ | ᠪᠤᠵᠠᠭᠠᠷᠠᠭᠤᠯᠬᠤ ᠶᠢ ᠢᠮᠠᠭᠳᠠ ᠪᠠᠷᠢᠮᠳᠠᠯᠠᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠦᠷᠬᠡᠳᠬᠡᠵᠤ᠂ | ᠪᠦᠬᠦ ᠠᠵᠤ ᠦᠢᠯᠡᠰ ᠤᠨ ᠬᠡᠯᠬᠢᠶ᠎ᠡ ᠶᠢᠨ ᠦᠷᠢᠰᠤᠯᠳᠤᠨ ᠬᠦᠭᠵᠢᠭᠰᠡᠨ ᠪᠠᠶᠢᠳᠠᠯ ᠢ ᠨᠡᠩ ᠳᠤᠭᠳᠠᠭᠤᠨ ᠪᠤᠯᠭᠠᠵᠠᠢ᠃ | ᠠᠵᠤ ᠦᠢᠯᠡᠰ ᠤᠨ ᠪᠦᠳᠦᠴᠡ ᠶᠢᠨ ︽ᠨᠡᠬᠦᠷᠡᠰᠤ ᠪᠠᠷ ᠳᠤᠯᠤᠭᠠᠶᠢᠯᠠᠵᠤ︾ ᠪᠠᠶᠢᠭᠰᠠᠨ ᠠᠴᠠ ᠨᠢ ︽ | ᠨᠡᠬᠦᠷᠡᠰᠤ ᠴᠠᠬᠢᠯᠭᠠᠨ ᠲᠤᠤᠷ ᠬᠦᠩᠬᠡᠨᠴᠠᠭᠠᠨ ᠡᠳ᠋ᠰᠢᠯᠡᠬᠦᠯᠬᠦ︾ ᠳᠡᠰᠢ ᠬᠤᠪᠢᠷᠠᠭᠤᠯᠤᠨ ᠡᠷᠬᠢᠯᠳᠡᠳᠤ ᠠᠵᠤ ᠠᠬᠤᠢ | ᠶᠢᠨ ᠦᠢᠯᠡᠰ ᠢ ᠤᠯᠠᠨ ᠡᠰᠢᠵᠢᠭᠰᠡᠨ ᠳᠡᠰᠢ ᠬᠦᠭᠵᠢᠬᠦᠯᠵᠤ᠂ ᠠᠵᠤ ᠦᠢᠯᠡᠳᠪᠤᠷᠢ ᠶᠢᠨ ᠠᠵᠤ ᠠᠬᠤᠢ ᠶᠢᠨ | ᠨᠡᠬᠦᠷᠡᠰᠤ ᠳᠤ ᠳᠦᠰᠢᠭᠯᠡᠬᠦ ᠬᠡᠮᠵᠢᠶ᠎ᠡ ᠶᠢ 68% ᠪᠠᠶᠢᠭᠰᠠᠨ ᠠᠴᠠ ᠨᠢ 15% ᠪᠤᠯᠤᠨ ᠳᠤᠷᠤᠭᠰᠢᠯᠠᠪᠠ᠃ ᠡᠬᠢ | ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠢᠶᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠪᠦᠳᠦᠴᠡ ᠶᠢ ᠡᠬᠦᠳᠦᠨ | ᠨᠡᠬᠡᠬᠡᠵᠤ᠂ ᠳᠤᠯᠭᠠᠭᠤᠷᠢᠯᠠᠬᠤ ᠠᠵᠢᠯ ᠤᠶᠢᠯᠡᠰ ᠤᠨ ᠡᠷᠬᠢᠯᠳᠡᠳᠤ ᠬᠦᠭᠵᠢᠯᠳᠡ ᠶᠢᠨ ᠰᠢᠨ᠎ᠡ ᠳᠠᠪᠠᠭᠤᠯᠢᠭ ᠤᠨ | ᠰᠠᠭᠤᠷᠢ ᠳᠠᠯᠪᠢᠵᠤ ᠦᠭᠴᠡᠢ᠃ ᠨᠡᠬᠦᠷᠡᠰᠤ᠂ ᠬᠡᠯᠬᠢᠶ᠎ᠡ ᠪᠠᠨ ᠤᠷᠳᠤᠳᠬᠠᠬᠤ᠂ ᠬᠡᠯᠬᠢᠶ᠎ᠡ ᠪᠠᠨ ᠨᠦᠬᠦᠪᠤᠷᠢᠯᠡᠬᠦ᠂ | ᠬᠡᠯᠬᠢᠶ᠎ᠡ ᠪᠠᠨ ᠴᠢᠩᠭᠠᠳᠬᠠᠬᠤ᠂ ᠬᠦᠳᠡᠯᠬᠡᠬᠦᠷ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ᠂ ᠪᠦᠳᠦᠴᠡ ᠪᠠᠨ | ᠳᠤᠬᠢᠷᠠᠭᠤᠯᠤᠨ᠂ ᠳᠡᠰ ᠢᠶᠠᠨ ᠳᠡᠬᠡᠭᠰᠢᠯᠡᠬᠦᠯᠵᠤ᠂ ᠨᠡᠬᠦᠷᠡᠰᠤ ᠶᠢ ᠳᠤᠬᠠᠢ ᠶᠢᠨ ᠭᠠᠵᠠᠷ ᠲᠤ ᠬᠤᠪᠢᠷᠠᠭᠤᠯᠬᠤ ᠨᠤᠷᠮ᠎ᠠ | ᠶᠢ 70% ᠳᠤ ᠬᠦᠷᠬᠡᠵᠤ᠂ ᠠᠵᠤ ᠦᠢᠯᠡᠰ ᠤᠨ ᠦᠷᠳᠡᠭ ᠤᠨ ᠬᠡᠯᠬᠢᠶ᠎ᠡ ᠶᠢ ᠳᠡᠬᠡᠳᠤ ᠬᠡᠮᠵᠢᠶᠡᠨ ᠳᠤ ᠬᠦᠷᠬᠡᠵᠡᠢ᠃ | ᠳᠤᠤᠷ᠎ᠠ ᠴᠠᠬᠢᠯᠭᠠᠨ ᠦᠨ᠎ᠡ ᠶᠢᠨ ᠦᠪᠡᠷ ᠤᠨ ᠦᠷᠳᠡᠭ ᠤᠨ ᠳᠠᠪᠠᠭᠤᠯᠢᠭ ᠢᠶᠠᠷ ᠤᠯᠠᠨ ᠡᠨᠧᠷᠬᠢ ᠬᠠᠷᠢᠯᠴᠠᠨ | ᠨᠦᠬᠦᠪᠦᠷᠢᠯᠡᠵᠤ᠂ ᠤᠯᠠᠨ ᠳᠤᠶᠢᠯ ᠢᠶᠠᠷ ᠳᠡᠮᠵᠢᠵᠤ᠂ ᠤᠯᠠᠨ ᠳᠤᠤᠷ ᠢᠶᠠᠷ ᠡᠷᠬᠢᠯᠳᠤᠬᠦᠯᠵᠤ᠂ ᠤᠯᠠᠨ ᠡᠰᠢᠳᠤ ᠪᠠᠷ | ᠪᠠᠭᠳᠠᠭᠠᠨ ᠰᠢᠩᠬᠡᠬᠡᠭᠰᠡᠨ ᠭᠠᠯ ᠴᠠᠬᠢᠯᠭᠠᠨ ᠤ ᠴᠤᠭᠴᠠᠯᠠᠪᠤᠷᠢ ᠮᠠᠰᠢᠨ 478 ᠳᠦᠮᠡᠨ ᠺᠢᠯᠤᠸᠠᠲ᠂ ᠰᠠᠯᠬᠢᠨ | ᠴᠠᠬᠢᠯᠭᠠᠨ ᠤ ᠴᠤᠭᠴᠠᠯᠠᠪᠤᠷᠢ ᠮᠠᠰᠢᠨ 18 ᠳᠦᠮᠡᠨ ᠺᠢᠯᠤᠸᠠᠲ᠂ ᠨᠠᠷᠠᠨ ᠬᠡᠷᠡᠯ ᠢᠶᠠᠷ ᠴᠠᠬᠢᠯᠭᠠᠨ ᠭᠠᠷᠭᠠᠬᠤ | ᠴᠤᠭᠴᠠᠯᠠᠪᠤᠷᠢ ᠮᠠᠰᠢᠨ 12.75 ᠳᠦᠮᠡᠨ ᠺᠢᠯᠤᠸᠠᠲ᠂ ᠵᠢᠯ ᠤᠨ ᠭᠠᠷᠭᠠᠬᠤ ᠴᠠᠬᠢᠯᠭᠠᠨ ᠤ ᠬᠡᠮᠵᠢᠶ᠎ᠡ 220 | ᠳ᠋ᠦᠩᠰᠢᠭᠤᠷ ᠭᠷᠠᠳᠦ᠋ᠰ᠂ ᠵᠢᠯ ᠤᠨ ᠬᠡᠷᠡᠭᠯᠡᠬᠡᠨ ᠤ ᠴᠠᠬᠢᠯᠭᠠᠨ ᠤ ᠬᠡᠮᠵᠢᠶ᠎ᠡ 195 ᠳ᠋ᠦᠩᠰᠢᠭᠤᠷ ᠭᠷᠠᠳᠦ᠋ᠰ᠂ | ᠴᠠᠬᠢᠯᠭᠠᠨ ᠬᠦᠴᠦᠨ ᠤ ᠳᠤᠰ ᠭᠠᠵᠠᠷ ᠲᠤ ᠰᠢᠩᠬᠡᠬᠡᠭᠰᠡᠨ ᠨᠤᠷᠮ᠎ᠠ 88% ᠲᠤ ᠬᠦᠷᠴᠡᠢ᠃ ᠴᠠᠬᠢᠯᠭᠠᠨ ᠢᠶᠠᠷ | ᠬᠦᠩᠬᠡᠨᠴᠠᠭᠠᠨ ᠵᠠᠳᠠᠯᠤᠭᠰᠠᠨ ᠦᠢᠯᠡᠳᠬᠦᠨ ᠦᠷᠬᠦᠯᠵᠢᠯᠡᠨ ᠨᠡᠮᠡᠭᠳᠡᠵᠤ᠂ ᠳᠦᠬᠦᠬᠡᠢ ᠬᠦᠩᠬᠡᠨᠴᠠᠭᠠᠨ ᠤ ᠦᠢᠯᠡᠳᠬᠦᠨ | 188 ᠳᠦᠮᠡᠨ ᠳᠤᠨ᠂ ᠬᠦᠩᠬᠡᠨᠴᠠᠭᠠᠨ ᠢ ᠨᠠᠷᠢᠯᠢᠭ ᠡᠳ᠋ᠰᠢᠬᠦᠯᠦᠭᠰᠡᠨ ᠦᠢᠯᠡᠳᠬᠦᠨ 128 ᠳᠦᠮᠡᠨ ᠳᠤᠨ ᠳᠤ | ᠬᠦᠷᠴᠤ᠂ ᠤᠯᠤᠰ ᠤᠨ ᠴᠢᠬᠤᠯᠠ ᠬᠦᠩᠬᠡᠨᠴᠠᠭᠠᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠨᠢᠬᠡ ᠨᠢ ᠪᠤᠯᠪᠠ᠃ | ᠪᠦᠬᠦ ᠤᠷᠤᠨ ᠤ ᠵᠢᠭᠤᠯᠴᠢᠯᠠᠯ ᠤᠨ ᠦᠢᠯᠡᠰ ᠢ ᠬᠦᠭᠵᠢᠬᠦᠯᠵᠤ᠂ ᠤᠷᠤᠨ ᠤ ᠵᠢᠭᠤᠯᠴᠢᠯᠠᠯ ᠤᠨ ᠳᠦᠪᠯᠡᠷᠡᠬᠦᠯᠦᠨ | ᠳᠠᠷᠬᠠᠭᠠᠬᠤ ᠳᠦᠪ ᠢ ᠪᠠᠶᠢᠭᠤᠯᠵᠤ᠂ ︽ᠤᠪᠤᠭᠠᠨ ᠳᠡᠬᠡᠷᠡᠬᠢ ᠠᠭᠤᠯᠵᠠᠯᠳᠠ ᠬᠦᠨᠳᠡᠢ ᠶᠢᠨ ᠬᠠᠨ ᠠᠭᠤᠯᠠ︾ ᠶᠢᠨ | ᠦᠵᠡᠮᠵᠢ ᠤᠯᠤᠰ ᠤᠨ 4A ᠳᠡᠰ ᠤᠨ ᠳᠠᠯ᠎ᠠ ᠨᠤᠳᠤᠭ ᠤᠨ ᠵᠢᠭᠤᠯᠴᠢᠯᠠᠯ ᠤᠨ ᠤᠷᠤᠨ ᠪᠤᠯᠵᠤ᠂ ︽ᠬᠤᠷᠴᠢᠨ ᠤ | 500 ᠺᠢᠯᠤᠮᠧᠲᠷ ᠤᠨ ᠰᠤᠶᠤᠯ ᠵᠢᠭᠤᠯᠴᠢᠯᠠᠯ ᠤᠨ ᠦᠵᠡᠮᠵᠢ ᠶᠢᠨ ᠶᠡᠭᠡ ᠵᠠᠮ︾ ᠤᠨ ᠦᠪᠡᠷᠳᠡᠬᠡᠨ ᠳᠡᠷᠬᠡ | ᠵᠢᠯᠤᠭᠤᠳᠤᠨ ᠵᠤᠭᠠᠴᠠᠬᠤ ᠬᠡᠬᠡᠷ᠎ᠡ ᠶᠢᠨ ᠪᠠᠭᠤᠴᠠ ᠶᠢ ᠪᠠᠶᠢᠭᠤᠯᠤᠨ ᠡᠵᠡᠩᠨᠡᠵᠤ᠂ ᠵᠤᠭᠠᠴᠠᠬᠤ ᠪᠠᠷ ᠵᠤᠷᠢᠭᠰᠠᠨ ᠬᠤᠳᠠ | ᠶᠢᠨ ᠨᠦᠯᠦᠬᠡᠯᠡᠬᠦ ᠬᠦᠴᠦᠨ ᠢ ᠤᠯᠠᠮ ᠨᠢᠬᠡ ᠠᠯᠬᠤᠮ ᠦᠷᠬᠡᠳᠬᠡᠪᠡ᠃ ᠤᠳᠤᠬᠢᠴᠢᠯᠠᠭᠰᠠᠨ ᠦᠢᠯᠡᠴᠢᠯᠡᠬᠡᠨ ᠤ | ᠦᠢᠯᠡᠰ ᠳᠦᠷᠬᠡᠨ ᠢᠶᠠᠷ ᠬᠦᠭᠵᠢᠪᠡ᠃ ᠲᠢᠶᠧ ᠱᠧᠩ ᠡᠳ᠋ ᠪᠠᠷᠠᠭᠠᠨ ᠤ ᠬᠦᠢᠯᠬᠡᠬᠡ᠂ ᠳᠠᠬᠢᠨ ᠠᠰᠢᠭᠯᠠᠬᠤ ᠡᠬᠢ | ᠪᠠᠶᠠᠯᠢᠭ ᠤᠨ ᠬᠦᠷᠢᠶᠡᠯᠡᠩ ᠳᠤᠭᠤᠷᠢᠭ ᠢ ᠪᠠᠶᠢᠭᠤᠯᠤᠨ ᠡᠵᠡᠩᠨᠡᠵᠤ᠂ ᠡᠳ᠋ ᠪᠠᠷᠠᠭᠠᠨ ᠤ ᠬᠦᠢᠯᠬᠡᠬᠡ ᠶᠢᠨ | ᠳᠦᠪᠯᠡᠷᠡᠬᠦᠯᠦᠨ ᠳᠠᠷᠬᠠᠭᠠᠬᠤ ᠴᠢᠳᠠᠪᠤᠷᠢ 1 ᠳ᠋ᠦᠩᠰᠢᠭᠤᠷ ᠳᠤᠨ ᠢ ᠳᠠᠪᠠᠪᠠ᠃ ᠵᠢᠩ ᠳ᠋ᠦᠩ᠂ ᠮᠧᠢ ᠲᠤᠸᠠᠨ᠂ | ᠹᠧᠩ ᠨᠢᠶᠤᠤ ᠳᠤᠬᠢᠷᠠᠭᠤᠯᠤᠨ ᠬᠦᠷᠬᠡᠬᠦ᠂ ᠳ᠋ᠢ ᠳ᠋ᠢ ᠳᠡᠷᠬᠡ ᠶᠢᠨ ᠭᠠᠳᠠᠭᠰᠢ ᠶᠠᠪᠤᠬᠤ ᠵᠡᠷᠬᠡ ᠬᠠᠮᠳᠤ ᠪᠠᠷ ᠡᠳ᠋ᠯᠡᠬᠦ | ᠠᠵᠤ ᠠᠬᠤᠢ ᠶᠢᠨ ᠰᠢᠨ᠎ᠡ ᠠᠵᠢᠯ ᠤᠨ ᠤᠪᠤᠷ ᠨᠢ ᠬᠡᠷᠡᠭᠯᠡᠬᠡᠨ ᠤ ᠳᠡᠰ ᠳᠡᠪᠰᠢᠬᠦᠯᠬᠦ ᠳᠤ ᠦᠷ᠎ᠡ ᠪᠦᠳᠦᠮᠵᠢ ᠲᠠᠢ | ᠳᠤᠯᠭᠠᠭᠤᠷᠯᠠᠬᠤ ᠦᠢᠯᠡᠳᠤᠯ ᠢ ᠬᠠᠩᠭᠠᠨ ᠦᠭᠬᠦᠭᠰᠡᠨ ᠪᠠᠶᠢᠨ᠎ᠠ᠃ | ᠦᠩᠬᠡᠷᠡᠭᠰᠡᠨ ᠳᠠᠪᠤᠨ ᠵᠢᠯ ᠳᠤ᠂ ᠪᠢᠳᠡ ᠬᠦᠬᠡᠮᠳᠦᠭ ᠨᠤᠭᠤᠭᠠᠨ ᠠᠭᠤᠯᠠ ᠤᠰᠤ ᠪᠤᠯ ᠳᠠᠷᠤᠢ ᠠᠯᠳᠠ | ᠮᠦᠩᠬᠦᠨ ᠠᠭᠤᠯᠠ ᠤᠰᠤ ᠬᠡᠮᠡᠬᠦ ᠤᠶᠢᠯᠠᠭᠠᠭᠳᠠᠬᠤᠨ ᠢ ᠢᠮᠠᠭᠳᠠ ᠪᠠᠷᠢᠮᠳᠠᠯᠠᠵᠤ᠂ ᠰᠢᠭᠤᠳ ᠠᠰᠠᠭᠤᠨ᠂ | ᠢᠳᠡᠪᠬᠢᠳᠡᠢ ᠬᠢᠵᠤ᠂ ᠪᠤᠬᠢᠷᠳᠤᠯ ᠦᠬᠡᠢ ᠬᠦᠭᠵᠢᠬᠦᠯᠬᠦ ᠠᠬᠢᠴᠠ ᠶᠢᠨ ᠳᠤᠮᠳᠠ ᠪᠠᠳᠤ ᠪᠠᠬᠢ ᠠᠯᠬᠤᠴᠠ ᠶᠢ ᠳᠠᠯᠪᠢᠵᠠᠢ | ᠃ ᠠᠮᠢ ᠠᠬᠤᠢ ᠶᠢᠨ ᠤᠷᠴᠢᠨ ᠳᠤᠭᠤᠷᠢᠨ ᠢ ᠬᠦᠨᠵᠡᠬᠡᠢ ᠴᠡᠭᠴᠡᠯᠡᠨ ᠰᠠᠶᠢᠵᠢᠷᠠᠭᠤᠯᠬᠤ ᠳᠤᠰᠬᠠᠢ ᠠᠵᠢᠯᠯᠠᠭ᠎ᠠ ᠶᠢ | ᠶᠠᠪᠤᠭᠤᠯᠵᠤ᠂ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠶᠡᠬᠡᠪᠡᠷ ᠳᠦᠯᠬᠢᠨ ᠠᠬᠢᠭᠤᠯᠵᠤ᠂ | ᠪᠤᠬᠢᠷᠳᠤᠯ ᠦᠬᠡᠢ ᠬᠦᠭᠵᠢᠯᠳᠡ ᠶᠢᠨ ᠦᠢᠯᠭᠠᠭᠳᠠᠬᠤᠨ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ | ᠶᠢᠨ ᠤᠬᠠᠮᠰᠠᠷ ᠢᠯᠡᠳᠳᠡ ᠳᠡᠬᠡᠭᠰᠢᠯᠡᠵᠤ᠂ ᠠᠮᠢ ᠠᠬᠤᠢ ᠶᠢᠨ ᠤᠷᠴᠢᠨ ᠳᠤᠭᠤᠷᠢᠨ ᠢᠯᠡᠳᠳᠡ ᠰᠠᠶᠢᠵᠢᠷᠠᠪᠠ᠃ | ᠵᠠᠰᠠᠭ ᠤᠨ ᠤᠷᠳᠤᠨ ᠠᠵᠤ ᠠᠬᠤᠶᠢᠯᠠᠯ ᠬᠠᠮᠳᠤᠷᠠᠨ ᠬᠦᠳᠡᠯᠤᠯᠴᠡᠵᠤ 49 ᠳ᠋ᠦᠩᠰᠢᠭᠤᠷ ᠳᠦᠭᠦᠷᠢᠭ ᠤᠨ ᠪᠡᠯᠡ | ᠤᠷᠤᠭᠤᠯᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠤᠷᠴᠢᠨ ᠳᠤᠭᠤᠷᠢᠨ ᠤ ᠬᠠᠮᠠᠭᠠᠯᠠᠯᠳᠠ ᠳᠤ ᠬᠡᠷᠡᠭᠯᠡᠵᠡᠢ | ᠃ ᠴᠠᠬᠢᠯᠭᠠᠨ ᠦᠢᠯᠡᠳᠪᠤᠷᠢ ᠪᠠᠨ ᠬᠡᠳᠤ ᠳᠤᠤᠷ᠎ᠠ ᠭᠠᠳᠠᠭᠰᠢᠯᠠᠭᠤᠯᠬᠤ ᠪᠤᠯᠭᠠᠨ ᠵᠠᠰᠠᠵᠤ᠂ ᠬᠦᠩᠬᠡᠨᠴᠠᠭᠠᠨ ᠤ | ᠦᠢᠯᠡᠳᠪᠤᠷᠢ ᠶᠢᠨ ᠳᠡᠭ ᠲᠤ ᠣᠶᠢᠷᠠᠳᠣᠭᠤᠯᠣᠨ ᠭᠠᠳᠠᠭᠰᠢᠯᠠᠭᠤᠯᠬᠤ ᠵᠢᠱᠢᠶ᠎ᠡ ᠦᠵᠡᠬᠦᠯᠬᠦ ᠢᠨᠵᠧᠨᠧᠷᠢᠩ᠂ | ᠦᠢᠯᠡᠳᠪᠤᠷᠢ ᠶᠢᠨ ᠪᠠᠶᠢᠳᠠᠯ᠂ ᠬᠠᠷᠠᠭᠠᠨ ᠳᠠᠪᠳᠠᠮᠵᠢ᠂ ᠠᠵᠢᠯᠯᠠᠭᠠᠨ ᠢ ᠬᠢᠨᠠᠨ ᠰᠢᠯᠭᠠᠬᠤ ︽ᠭᠤᠷᠪᠠ ᠶᠢ ᠨᠢᠬᠡ | ᠴᠤᠭᠴᠠᠵᠢᠭᠤᠯᠬᠤ︾ ᠬᠠᠮᠢᠶᠠᠷᠤᠨ ᠡᠵᠡᠮᠳᠡᠬᠦ ᠶᠢ ᠬᠡᠷᠡᠭᠵᠢᠬᠦᠯᠵᠤ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ | ᠫᠠᠶᠢᠰᠠ ᠡᠯᠬᠦᠨ ᠱᠠᠭᠠᠷᠳᠠᠨ ᠬᠢᠬᠦ ᠠᠰᠠᠭᠤᠳᠠᠯ ᠪᠦᠬᠦᠨ ᠢ ᠦᠬᠡᠶᠢᠰᠬᠡᠪᠡ᠃ ᠠᠭᠤᠷᠬᠠᠢ᠂ ᠰᠢᠷᠤᠢ ᠭᠠᠷᠭᠠᠬᠤ ᠳᠠᠯᠠᠪᠤᠷ | ᠂ ᠪᠦᠷᠬᠦᠪᠴᠢ ᠦᠬᠡᠢ ᠠᠭᠤᠯᠠ ᠶᠢ 1.5 ᠳᠦᠮᠡᠨ ᠮᠤ᠋ ᠰᠡᠷᠬᠦᠬᠡᠵᠤ᠂ ᠬᠦᠮᠦᠨ ᠤ ᠬᠦᠴᠦ ᠪᠠᠷ 1.3 ᠳᠦᠮᠡᠨ ᠮᠤ᠋ | ᠤᠶᠢᠵᠢᠭᠤᠯᠵᠤ᠂ ᠠᠭᠤᠯᠠ ᠶᠢ ᠪᠢᠳᠡᠬᠦᠮᠵᠢᠯᠡᠨ 4.5 ᠳᠦᠮᠡᠨ ᠮᠤ᠋ ᠶᠢᠨ ᠤᠢ ᠰᠢᠭᠤᠢ ᠪᠤᠶᠢᠵᠢᠭᠤᠯᠵᠤ᠂ ᠮᠠᠯᠯᠠᠬᠤ | ᠪᠠᠨ ᠪᠤᠯᠢᠵᠤ ᠡᠪᠡᠰᠤ ᠪᠡᠯᠴᠢᠬᠡᠷ ᠢ 2.5 ᠳᠦᠮᠡᠨ ᠮᠤ᠋ ᠰᠡᠷᠬᠦᠬᠡᠵᠤ᠂ ᠠᠮᠢ ᠠᠬᠤᠢ ᠶᠢ 2 ᠳᠦᠮᠡᠨ ᠮᠤ᠋ ᠰᠡᠷᠬᠦᠬᠡᠵᠡᠢ᠃ | ᠪᠠᠶᠢᠭᠠᠯᠢ ᠶᠢᠨ ᠬᠠᠮᠠᠭᠠᠯᠠᠯᠳᠠ ᠶᠢᠨ ᠵᠢᠵᠢᠭ ᠳᠤᠭᠤᠷᠢᠭ ᠢ ᠪᠦᠬᠦ ᠳᠠᠯ᠎ᠠ ᠪᠠᠷ ᠬᠦᠷᠢᠶᠡᠯᠡᠵᠡᠢ᠃ ᠬᠤᠳᠠ ᠶᠢᠨ ᠰᠢᠨ᠎ᠡ | ᠪᠠᠷ ᠨᠡᠮᠡᠭᠳᠡᠭᠰᠡᠨ ᠨᠤᠭᠤᠭᠠᠷᠠᠭᠤᠯᠤᠯᠳᠠ 300 ᠳᠦᠮᠡᠨ ᠳᠦᠷᠪᠡᠯᠵᠢᠨ ᠮᠧᠲᠷ ᠲᠤ ᠬᠦᠷᠴᠤ᠂ ᠪᠦᠬᠦ | ᠨᠤᠭᠤᠭᠠᠷᠠᠭᠤᠯᠤᠯᠳᠠ ᠶᠢᠨ ᠳᠠᠯᠠᠪᠠᠢ ᠶᠢᠨ 43% ᠶᠢ ᠡᠵᠡᠯᠡᠵᠤ᠂ ᠪᠠᠶᠢᠭᠤᠯᠤᠭᠰᠠᠨ ᠳᠤᠭᠤᠷᠢᠭ ᠤᠨ | ᠨᠤᠭᠤᠭᠠᠷᠠᠭᠤᠯᠤᠯᠳᠠ ᠶᠢᠨ ᠪᠦᠷᠬᠦᠴᠡ 45% ᠳᠤ ᠬᠦᠷᠴᠡᠢ᠃ ᠪᠤᠬᠢᠷ ᠤᠰᠤ ᠶᠢ ᠠᠰᠢᠭᠯᠠᠨ ᠬᠡᠷᠡᠭᠯᠡᠭᠰᠡᠨ ᠬᠡᠮᠵᠢᠶ᠎ᠡ | 48% ᠳᠤ ᠬᠦᠷᠴᠤ᠂ ᠪᠤᠬᠢᠷᠳᠤᠯ ᠤᠰᠤ ᠶᠢ ᠳᠦᠪᠯᠡᠷᠡᠬᠦᠯᠦᠨ ᠰᠢᠢᠳᠪᠤᠷᠢᠯᠡᠭᠰᠡᠨ ᠬᠡᠮᠵᠢᠶ᠎ᠡ 100% ᠳᠤ ᠬᠦᠷᠴᠤ | ᠂ ᠤᠤᠭᠤᠬᠤ ᠤᠰᠤᠨ ᠤ ᠴᠢᠨᠠᠷ ᠤᠨ ᠬᠡᠮᠵᠢᠶ᠎ᠡ 100% ᠳᠤ ᠬᠦᠷᠴᠡᠢ᠃ ᠳᠦᠬᠦᠮ ᠪᠦᠳᠦᠴᠡᠳᠤ ᠤᠷᠤᠨ | ᠰᠠᠭᠤᠴᠠ ᠶᠢᠨ ᠳᠤᠭᠤᠷᠢᠭ ᠢ ᠰᠢᠨᠡᠳᠬᠡᠨ ᠦᠬᠡᠷᠡᠴᠢᠯᠡᠬᠦ ᠶᠢ ᠠᠬᠢᠭᠤᠯᠵᠤ᠂ ᠳᠦᠯᠡᠰᠢᠨ ᠨᠡᠬᠦᠷᠡᠰᠤ ᠶᠢᠨ ᠪᠠᠭ᠎ᠠ | ᠵᠤᠤᠬ᠎ᠠ ᠶᠢ ᠨᠤᠷᠠᠭᠠᠵᠤ᠂ ᠵᠠᠳᠠᠭᠠᠢ ᠰᠢᠷᠠᠮᠠᠯ ᠢ ᠴᠡᠭᠴᠡᠯᠡᠨ ᠵᠠᠰᠠᠵᠤ᠂ ︽ᠬᠦᠬᠡ ᠤᠭᠳᠠᠷᠭᠤᠢ ᠶᠢᠨ ᠬᠠᠮᠠᠭᠠᠯᠠᠯᠳᠠ | ᠶᠢᠨ ᠳᠠᠶᠢᠯᠠᠯᠳᠤᠭᠠᠨ︾ ᠱᠠᠳᠤᠴᠢ ᠴᠢᠨᠠᠷ ᠲᠠᠢ ᠦᠷ᠎ᠡ ᠪᠦᠳᠦᠮᠵᠢ ᠤᠯᠤᠭᠰᠠᠨ ᠪᠠᠶᠢᠨ᠎ᠠ᠃ ᠳᠠᠪᠤᠨ ᠵᠢᠯ ᠤᠨ ᠳᠤᠷᠰᠢ | ᠂ ᠪᠢᠳᠡᠨ ᠤ ᠠᠮᠢ ᠠᠬᠤᠢ ᠶᠢᠨ ᠬᠠᠮᠠᠭᠠᠯᠠᠯᠳᠠ ᠶᠢᠨ ᠳᠡᠬᠡᠷ᠎ᠡ ᠬᠠᠮᠤᠭ ᠤᠯᠠᠨ ᠪᠡᠯᠡ ᠤᠷᠤᠭᠤᠯᠵᠤ᠂ ᠪᠦᠷᠬᠦᠴᠡ ᠪᠠᠷ | ᠬᠠᠮᠤᠭ ᠦᠷᠬᠡᠨ᠂ ᠤᠯᠤᠭᠰᠠᠨ ᠦᠷ᠎ᠡ ᠪᠦᠳᠦᠮᠵᠢ ᠪᠠᠰᠠ ᠬᠠᠮᠤᠭ ᠰᠠᠶᠢᠨ ᠪᠠᠶᠢᠵᠤ᠂ ᠬᠤᠤᠯᠢᠩᠭᠤᠤᠯ ᠤᠨ ᠳᠡᠭᠷᠢ | ᠤᠯᠠᠮ ᠬᠦᠬᠡᠷᠡᠵᠤ᠂ ᠤᠰᠤ ᠨᠡᠩ ᠴᠡᠯᠮᠡᠭᠵᠢᠵᠤ᠂ ᠠᠭᠤᠷ ᠠᠮᠢᠰᠬᠤᠯ ᠨᠡᠩ ᠰᠢᠨ᠎ᠡ ᠰᠤᠷᠭᠤᠭ᠂ ᠤᠷᠴᠢᠨ ᠳᠤᠭᠤᠷᠢᠨ | ᠨᠡᠩ ᠭᠤᠶᠤ ᠰᠠᠶᠢᠬᠠᠨ ᠪᠤᠯᠵᠤ᠂ ᠤᠳᠤᠬᠢᠴᠢᠯᠠᠭᠰᠠᠨ ᠠᠵᠤ ᠦᠢᠯᠡᠳᠪᠤᠷᠢ ᠬᠢᠬᠡᠳ ᠬᠦᠬᠡᠮᠳᠦᠭ ᠤᠰᠤ ᠨᠤᠭᠤᠭᠠᠨ | ᠠᠭᠤᠯᠠ ᠬᠠᠨᠢᠯᠠᠭᠰᠠᠨ ︽ᠳᠠᠯ᠎ᠠ ᠨᠤᠳᠤᠭ ᠤᠨ ᠬᠡᠷᠡᠯᠳᠤ ᠰᠤᠪᠤᠳ︾ ᠤᠨ ᠪᠤᠬᠢᠷᠳᠤᠯ ᠦᠬᠡᠢ ᠬᠦᠭᠵᠢᠯᠳᠡ ᠶᠢᠨ | ᠡᠬᠦᠷᠬᠡ ᠶᠢ ᠦᠢᠯᠡᠳᠤᠯᠬᠡᠵᠢᠬᠦᠯᠵᠡᠢ᠃ | ᠦᠩᠬᠡᠷᠡᠭᠰᠡᠨ ᠳᠠᠪᠤᠨ ᠵᠢᠯ ᠳᠤ᠂ ᠪᠢᠳᠡ ᠦᠬᠡᠷᠡᠴᠢᠯᠡᠯᠳᠡ ᠨᠡᠬᠡᠬᠡᠯᠳᠡ ᠶᠢ ᠬᠦᠨᠵᠡᠬᠡᠶᠢᠷᠡᠬᠦᠯᠬᠦ ᠶᠢ ᠢᠮᠠᠭᠳᠠ | ᠪᠠᠷᠢᠮᠳᠠᠯᠠᠵᠤ᠂ ᠤᠯᠠᠨ ᠳᠠᠯ᠎ᠠ ᠳᠤ ᠰᠢᠪᠳᠤᠯᠤᠨ᠂ ᠴᠢᠭᠯᠡᠯᠳᠤ ᠪᠠᠬᠢᠯᠡᠯᠳᠡ ᠬᠢᠵᠤ᠂ ᠨᠡᠶᠢᠬᠡᠮ ᠤᠨ ᠬᠦᠭᠵᠢᠯᠳᠡ ᠶᠢᠨ | ᠠᠮᠢᠵᠢᠷᠠᠯ ᠤᠨ ᠬᠦᠴᠦᠨ ᠪᠤᠯᠤᠨ ᠳᠤᠳᠤᠭᠠᠳᠤ ᠶᠢᠨ ᠠᠮᠢᠳᠤᠯᠢᠭ ᠬᠦᠴᠦᠨ ᠦᠷᠬᠦᠯᠵᠢᠯᠡᠨ ᠴᠢᠩᠭᠠᠷᠠᠭᠤᠯᠵᠠᠢ᠃ ︽ | ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠳᠦᠪ᠂ ᠤᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠳᠦᠪ᠂ ᠭᠠᠶᠢᠯᠢ | ᠳᠤᠰᠢᠶᠠᠬᠤ ᠦᠢᠯᠡᠴᠢᠯᠡᠬᠡᠨ ᠤ ᠳᠦᠪ᠂ ᠦᠯᠦ ᠬᠦᠳᠡᠯᠬᠦ ᠬᠦᠷᠦᠩᠬᠡ ᠶᠢ ᠳᠠᠩᠰᠠᠯᠠᠬᠤ ᠳᠤᠪᠴᠢᠶ᠎ᠠ ᠶᠢ | ᠪᠠᠶᠢᠭᠤᠯᠤᠭᠰᠠᠨ ᠠᠴᠠ ᠬᠡᠷᠡᠭ ᠰᠢᠢᠳᠪᠤᠷᠢᠯᠡᠬᠦ ᠦᠷ᠎ᠡ ᠪᠦᠳᠦᠮᠵᠢ ᠢᠯᠡᠳᠳᠡ ᠳᠡᠬᠡᠭᠰᠢᠯᠡᠵᠡᠢ᠃ ᠠᠯᠪᠠᠨ ᠠᠴᠠ | ᠪᠠᠶᠢᠭᠤᠯᠤᠭᠰᠠᠨ ᠡᠮᠨᠡᠯᠬᠡ᠂ ᠨᠡᠶᠢᠳᠡ ᠶᠢᠨ ᠵᠠᠮ ᠬᠠᠷᠢᠯᠴᠠᠭ᠎ᠠ ᠶᠢᠨ ᠪᠠᠶᠢᠭᠤᠯᠤᠮᠵᠢ᠂ ᠶᠡᠷᠤᠩᠬᠡᠶᠢᠯᠡᠭᠰᠡᠨ ᠬᠠᠤᠯᠢ | ᠬᠡᠷᠡᠭᠵᠢᠬᠦᠯᠬᠦ ᠵᠡᠷᠬᠡ ᠶᠢᠨ ᠬᠦᠷᠢᠶ᠎ᠡ ᠴᠠᠷᠠᠭ᠎ᠠ ᠶᠢᠨ ᠦᠬᠡᠷᠡᠴᠢᠯᠡᠯᠳᠡ ᠪᠤᠳᠠᠳᠠᠢ ᠦᠷ᠎ᠡ ᠠᠰᠢᠭ ᠤᠯᠵᠤ᠂ ᠤᠯᠡᠨ | ᠨᠡᠶᠢᠳᠡ ᠶᠢᠨ ᠦᠢᠯᠡᠴᠢᠯᠡᠬᠡᠨ ᠤ ᠬᠢᠷᠢ ᠬᠡᠮᠵᠢᠶ᠎ᠡ ᠢᠯᠡᠳᠳᠡ ᠰᠠᠶᠢᠵᠢᠷᠠᠵᠠᠢ᠃ ︽ᠬᠦᠮᠦᠷᠬᠡ ᠳᠠᠬᠢ ᠬᠠᠳᠠᠭᠠᠯᠠᠮᠵᠢ︾ | ᠪᠠ ᠳᠦᠬᠦᠮ ᠪᠦᠳᠦᠴᠡᠳᠤ ᠤᠷᠤᠨ ᠰᠠᠭᠤᠴᠠ ᠶᠢ ᠦᠬᠡᠷᠡᠴᠢᠯᠡᠨ ᠰᠢᠨᠡᠳᠬᠡᠬᠦ ᠠᠵᠢᠯ ᠲᠠᠢ ᠤᠶᠠᠯᠳᠤᠭᠤᠯᠵᠤ᠂ ᠬᠡᠷ | ᠪᠠᠶᠢᠰᠢᠩ ᠭᠠᠵᠠᠷ ᠬᠦᠷᠦᠩᠬᠡ ᠶᠢᠨ ᠬᠦᠮᠦᠷᠬᠡ ᠳᠠᠬᠢ ᠬᠠᠳᠠᠭᠠᠯᠠᠮᠵᠢ 22000 ᠢᠵᠢ ᠤᠷᠴᠢᠮ ᠢ ᠰᠢᠩᠬᠡᠬᠡᠵᠡᠢ᠃ | ᠰᠤᠶᠤᠯ ᠵᠢᠭᠤᠯᠴᠢᠯᠠᠯ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ ᠵᠡᠷᠬᠡ ᠳᠤ ᠪᠡᠯᠡ ᠬᠤᠷᠠᠮᠳᠤᠭᠤᠯᠤᠨ ᠤᠷᠤᠭᠤᠯᠬᠤ | ᠳᠠᠪᠴᠠᠩ ᠢ ᠪᠠᠶᠢᠭᠤᠯᠵᠠᠢ᠃ ︽ᠵᠠᠰᠠᠭ ᠤᠨ ᠤᠷᠳᠤᠨ ᠪᠡᠩᠬᠢ ᠠᠵᠤ ᠠᠬᠤᠶᠢᠯᠠᠯ ᠮᠦᠩᠬᠦᠨ ᠬᠦᠢᠯᠬᠡᠬᠡᠨ ᠤ ᠳᠦᠷᠦᠯ | ᠵᠦᠢᠯ ᠤᠨ ᠵᠦᠪᠳᠡᠯᠴᠡᠭᠡ ᠳᠤᠭᠳᠠᠬᠤ ᠶᠡᠭᠡ ᠬᠤᠷᠠᠯ︾ ᠬᠢᠵᠤ᠂ ︽ᠳᠤᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ | ᠤᠨ ᠤᠩᠭᠤᠴᠠ︾ ︽ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠮᠦᠩᠬᠦ︾ ᠪᠠᠷ | ᠳᠠᠮᠵᠢᠨ᠂ ᠠᠵᠤ ᠠᠬᠤᠶᠢᠯᠠᠯ ᠳᠤ 13 ᠳ᠋ᠦᠩᠰᠢᠭᠤᠷ ᠳᠦᠬᠦᠷᠢᠭ ᠤᠨ ᠵᠢᠬᠡᠯᠡᠯᠬᠡ ᠶᠢᠨ ᠵᠤᠭᠤᠰ ᠬᠠᠩᠭᠠᠨ ᠦᠭᠴᠡᠢ᠃ | ᠶᠡᠭᠡ ᠬᠡᠷᠡᠭᠯᠡᠬᠡᠨ ᠤ ᠡᠷᠤᠬᠡ ᠶᠢᠨ ᠬᠤᠳᠠᠯᠳᠤᠨ ᠠᠪᠬᠤ ᠴᠠᠬᠢᠯᠭᠠᠨ ᠢ 91 ᠳ᠋ᠦᠩᠰᠢᠭᠤᠷ ᠭᠷᠠᠳᠦ᠋ᠰ ᠢ ᠴᠢᠷᠮᠠᠶᠢᠨ | ᠠᠪᠴᠤ᠂ ᠠᠵᠤ ᠠᠬᠤᠶᠢᠯᠠᠯ ᠤᠨ ᠦᠪᠡᠷ ᠤᠨ ᠦᠷᠳᠡᠭ ᠢ 14 ᠳ᠋ᠦᠩᠰᠢᠭᠤᠷ ᠳᠦᠬᠦᠷᠢᠭ ᠪᠠᠭᠤᠷᠠᠭᠤᠯᠤᠭᠰᠠᠨ | ᠪᠠᠶᠢᠨ᠎ᠠ᠃ ᠦᠢᠯᠡᠳᠪᠤᠷᠢᠯᠡᠬᠦ ᠴᠢᠳᠠᠪᠤᠷᠢ ᠶᠢᠨ ᠬᠦᠢᠴᠡᠳᠬᠡᠬᠦ ᠳᠤᠭ᠎ᠠ ᠪᠠᠷ ᠤᠷᠤᠯᠠᠬᠤ ᠳᠦᠷᠦ ᠶᠢᠨ ᠪᠤᠳᠤᠯᠭ᠎ᠠ ᠶᠢ | ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ 60.7 ᠳᠦᠮᠡᠨ ᠳᠤᠨ ᠤ ᠳᠦᠬᠦᠬᠡᠢ ᠬᠦᠩᠬᠡᠨᠴᠠᠭᠠᠨ ︽ᠦᠢᠯᠡᠳᠪᠤᠷᠢᠯᠡᠬᠦ | ᠦᠨᠡᠮᠯᠡᠯ︾ ᠤᠯᠤᠭᠰᠠᠨ ᠪᠠᠶᠢᠨ᠎ᠠ᠃ ︽ᠳᠦᠭᠰᠢᠬᠦᠷᠢ ᠶᠢ ᠰᠡᠷᠬᠡᠶᠢᠯᠡᠬᠦ︾ ᠶᠢ ᠴᠢᠳᠠᠯ ᠤᠨ ᠬᠢᠷᠢ ᠪᠠᠷ ᠬᠦᠢᠴᠡᠳᠬᠡᠵᠣ | ᠂ 34 ᠳ᠋ᠦᠩᠰᠢᠭᠤᠷ ᠳᠦᠬᠦᠷᠢᠭ ᠤᠨ ᠵᠢᠬᠡᠯᠡᠯᠬᠡ ᠶᠢᠨ ᠪᠡᠯᠡ ᠮᠦᠩᠬᠦ ᠶᠢ ᠴᠢᠷᠮᠠᠶᠢᠨ ᠰᠢᠯᠵᠢᠬᠦᠯᠪᠡ᠃ ᠤᠷᠴᠢᠨ | ᠳᠤᠭᠤᠷᠢᠨ ᠢ ᠰᠢᠯᠢᠳᠡᠭᠵᠢᠬᠦᠯᠬᠦ ᠶᠢ ᠪᠠᠷᠢᠮᠳᠠᠯᠠᠵᠤ᠂ ᠬᠤᠳᠠᠯᠳᠤᠭ᠎ᠠ ᠬᠢᠵᠤ ᠬᠤᠳᠠᠯᠳᠤᠭ᠎ᠠ ᠤᠷᠢᠨ᠂ ᠠᠵᠤ ᠠᠬᠤᠶᠢᠯᠠᠯ | ᠤᠨ ᠳᠤᠳᠤᠭᠠᠳᠤ ᠶᠢᠨ ᠬᠦᠭᠵᠢᠯᠳᠡ ᠶᠢᠨ ᠬᠦᠳᠡᠯᠬᠡᠬᠦ ᠬᠦᠴᠦᠨ ᠢ ᠴᠢᠩᠭᠠᠷᠠᠭᠤᠯᠵᠤ᠂ ᠭᠤᠤᠯᠳᠠᠯᠭ᠎ᠠ ᠲᠠᠢ ᠳᠦᠷᠦᠯ | ᠵᠦᠢᠯ ᠤᠨ ᠪᠦᠳᠦᠬᠡᠨ ᠪᠠᠶᠢᠭᠤᠯᠤᠯᠳᠠ ᠪᠠᠷ ᠠᠵᠢᠯ ᠤᠯᠭᠤᠯᠳᠠ ᠶᠢ ᠠᠬᠢᠭᠤᠯᠬᠤ᠂ ᠬᠡᠷᠡᠭᠯᠡᠭᠡ ᠳᠤ ᠳᠠᠳᠠᠨ | ᠤᠷᠤᠭᠤᠯᠵᠤ᠂ ᠠᠷᠠᠳ ᠢᠶᠠᠨ ᠪᠠᠶᠠᠯᠢᠭᠵᠢᠭᠤᠯᠵᠤ ᠤᠷᠤᠯᠭ᠎ᠠ ᠪᠠᠨ ᠨᠡᠮᠡᠭᠳᠡᠬᠦᠯᠬᠦ ᠡᠬᠢ ᠢᠷᠡᠯᠳᠡ ᠪᠤᠯᠭᠠᠵᠠᠢ᠃ ᠤᠷᠤᠰ | ᠮᠤᠩᠭᠤᠯ ᠤᠨ ᠨᠡᠬᠡᠬᠡᠯᠳᠡ ᠪᠤᠳᠠᠳᠠᠢ ᠠᠬᠢᠴᠠ ᠲᠠᠢ ᠪᠤᠯᠵᠤ᠂ ᠤᠯᠠᠨ ᠤᠯᠤᠰ ᠤᠨ ᠮᠤᠩᠭᠤᠯ ᠡᠮᠨᠡᠯᠬᠡ ᠶᠢᠨ ᠬᠤᠷᠢᠶ᠎ᠠ | ᠶᠢᠨ ᠬᠤᠤᠯᠢᠩᠭᠤᠤᠯ ᠤᠨ ᠬᠤᠪᠢᠶᠠᠷᠢ ᠡᠮᠨᠡᠯᠬᠡ᠂ ᠮᠤᠩᠭᠤᠯ ᠦᠨᠳᠤᠰᠤᠳᠡᠨ ᠤ ᠳᠤᠮᠳᠠᠳᠤ ᠰᠤᠷᠭᠠᠭᠤᠯᠢ ᠶᠢᠨ ᠤᠯᠠᠨ | ᠤᠯᠤᠰ ᠤᠨ ᠬᠡᠯᠳᠡᠰ ᠠᠮᠵᠢᠯᠳᠠᠳᠠᠢ ᠫᠠᠶᠢᠰᠠ ᠡᠯᠬᠦᠵᠤ᠂ ᠮᠤᠩᠭᠤᠯ ᠤᠯᠤᠰ ᠪᠤᠯᠤᠨ ᠵᠡᠬᠦᠨ ᠭᠤᠷᠪᠠᠨ ᠮᠤᠵᠢ ᠶᠢᠨ | ᠵᠤᠯᠭᠠᠴᠠᠭᠤᠯᠤᠨ ᠬᠠᠮᠵᠢᠯᠴᠠᠭ᠎ᠠ ᠶᠢ ᠦᠷᠨᠢᠬᠦᠯᠵᠤ᠂ ᠭᠠᠳᠠᠭᠠᠳᠤ ᠨᠡᠬᠡᠬᠡᠯᠳᠡ ᠶᠢᠨ ᠬᠢᠷᠢ ᠬᠡᠮᠵᠢᠶ᠎ᠡ ᠢᠯᠡᠳᠳᠡ | ᠳᠡᠬᠡᠭᠰᠢᠯᠡᠵᠡᠢ᠃ ᠯᠠᠪᠳᠠᠭᠤᠨ ᠪᠠᠳᠤᠳᠠᠢ ᠪᠠᠷ ᠦᠬᠡᠷᠡᠴᠢᠯᠡᠯᠳᠡ ᠶᠢ ᠠᠬᠢᠭᠤᠯᠵᠤ᠂ ᠨᠡᠬᠡᠬᠡᠯᠳᠡ ᠶᠢ ᠤᠯᠠᠮ ᠨᠢᠬᠡ | ᠠᠯᠬᠤᠮ ᠦᠷᠬᠡᠳᠬᠡᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠢᠳᠡᠪᠬᠢᠵᠢᠯ ᠳᠠᠰᠤᠷᠠᠯᠳᠠ ᠦᠬᠡᠢ | ᠴᠢᠩᠭᠠᠷᠠᠵᠠᠢ᠃ | ᠦᠩᠬᠡᠷᠡᠭᠰᠡᠨ ᠳᠠᠪᠤᠨ ᠵᠢᠯ ᠳᠤ᠂ ᠪᠢᠳᠡ ᠰᠢᠨ᠎ᠡ ᠶᠢ ᠡᠬᠦᠳᠬᠦ ᠪᠠᠷ ᠬᠦᠳᠡᠯᠬᠡᠬᠦᠷ ᠬᠦᠴᠦᠨ ᠪᠤᠯᠭᠠᠬᠤ ᠶᠢ | ᠢᠮᠠᠭᠳᠠ ᠪᠠᠷᠢᠮᠳᠠᠯᠠᠵᠤ᠂ ᠳᠠᠪᠴᠠᠩ ᠪᠠᠶᠢᠭᠤᠯᠵᠤ᠂ ᠴᠢᠳᠠᠪᠤᠷᠢᠳᠠᠨ ᠤᠷᠢᠨ᠂ ᠬᠦᠳᠦᠯᠦᠨ ᠳᠠᠭᠠᠭᠤᠯᠬᠤ ᠬᠦᠭᠵᠢᠯᠳᠡ | ᠶᠢᠨ ᠴᠢᠳᠠᠪᠤᠷᠢ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠵᠡᠢ᠃ ᠪ᠊ᠦ᠋ᠬᠦ ᠨᠡᠶᠢᠬᠡᠮ ᠤᠨ ᠰᠢᠨᠵᠢᠯᠡᠬᠦ ᠤᠬᠠᠭᠠᠨ | ᠮᠡᠷᠬᠡᠵᠢᠯ ᠤᠨ ᠪᠡᠯᠡ ᠤᠷᠤᠭᠤᠯᠤᠯᠳᠠ 20 ᠳ᠋ᠦᠩᠰᠢᠭᠤᠷ ᠲᠦᠬᠦᠷᠢᠭ ᠢ ᠳᠠᠪᠠᠵᠠᠢ᠃ ︽ᠬᠦᠩᠬᠡᠨᠴᠠᠭᠠᠨ ᠵᠢᠴᠢ | ᠰᠢᠨ᠎ᠡ ᠮᠠᠲ᠋ᠧᠷᠢᠶᠠᠯ ᠤᠨ ᠠᠵᠤ ᠦᠢᠯᠡᠳᠪᠤᠷᠢ ᠶᠢᠨ ᠮᠡᠷᠬᠡᠵᠢᠯ ᠤᠨ ᠰᠤᠳᠤᠯᠬᠤ ᠬᠦᠷᠢᠶᠡᠯᠡᠩ︾᠂ ︽ᠬᠦᠩᠬᠡᠨᠴᠠᠭᠠᠨ | ᠵᠢᠴᠢ ᠬᠦᠩᠬᠡᠨᠴᠠᠭᠠᠨ ᠢ ᠡᠳ᠋ᠰᠢᠬᠦᠯᠬᠦ ᠠᠵᠤ ᠦᠢᠯᠡᠰ ᠤᠨ ᠮᠡᠷᠬᠡᠵᠢᠯ ᠤᠨ ᠰᠢᠨ᠎ᠡ ᠶᠢ ᠡᠬᠦᠳᠬᠦ ᠪᠠᠶᠢᠯᠳᠤᠬᠤ ᠪᠤᠳᠤᠯᠭ᠎ᠠ | ᠶᠢᠨ ᠬᠤᠯᠪᠤᠭ᠎ᠠ︾ ᠪᠤᠯᠤᠨ ︽ᠬᠠᠳᠠᠭᠤ ᠪᠡᠶᠡᠳᠤ ᠬᠠᠶᠠᠭᠳᠠᠮᠠᠯ ᠤᠨ ᠡᠬᠢ ᠪᠠᠶᠠᠯᠢᠭ ᠢ ᠠᠰᠢᠭᠯᠠᠬᠤ︾ ︽ | ᠬᠦᠩᠬᠡᠨᠴᠠᠭᠠᠨ ᠤ ᠬᠠᠶᠢᠯᠤᠰᠢ ᠶᠢᠨ ᠮᠠᠲ᠋ᠧᠷᠢᠶᠠᠯ ᠢ ᠡᠳ᠋ᠰᠢᠬᠦᠯᠬᠦ ᠪᠠ ᠪᠠᠷᠢᠯᠭ᠎ᠠ ᠳᠤ ᠬᠡᠷᠡᠭᠯᠡᠬᠦ︾ ᠬᠤᠶᠠᠷ ᠠᠺᠠᠳᠧᠮᠢᠴᠢ | ᠮᠡᠷᠬᠡᠵᠢᠯᠳᠡᠨ ᠤ ᠠᠵᠢᠯᠯᠠᠬᠤ ᠦᠷᠳᠡᠭᠡ ᠶᠢ ᠪᠠᠶᠢᠭᠤᠯᠵᠠᠢ᠃ ︽ᠳᠤᠮᠳᠠᠳᠤ ᠤᠯᠤᠰ ᠤᠨ ᠬᠦᠩᠬᠡᠨᠴᠠᠭᠠᠨ ᠡᠳ᠋ᠰᠢᠬᠦᠯᠬᠦ | ᠠᠵᠤ ᠦᠢᠯᠡᠰ ᠤᠨ ᠮᠡᠷᠬᠡᠵᠢᠯ ᠤᠨ ᠰᠢᠨ᠎ᠡ ᠶᠢ ᠡᠬᠦᠳᠬᠦ ᠰᠤᠯᠢᠯᠴᠠᠭᠠᠨ ᠤ ᠶᠡᠭᠡ ᠬᠤᠷᠠᠯ︾᠂ ︽ᠪᠦᠬᠦ ᠤᠯᠤᠰ ᠤᠨ | ᠬᠦᠩᠬᠡᠨᠴᠠᠭᠠᠨ ᠤ ᠡᠬᠢ ᠪᠠᠶᠠᠯᠢᠭ ᠤᠨ ᠡᠷᠬᠢᠯᠳᠡᠳᠤ ᠬᠦᠭᠵᠢᠯᠳᠡ ᠶᠢᠨ ᠶᠠᠷᠢᠯᠴᠠᠨ ᠰᠤᠳᠤᠯᠬᠤ ᠬᠤᠷᠠᠯ︾ ᠪᠤᠯᠤᠨ ︽ | ᠬᠤᠤᠯᠢᠩᠭᠤᠤᠯ ᠤᠨ ᠠᠵᠤ ᠦᠢᠯᠡᠰ ᠤᠨ ᠬᠦᠭᠵᠢᠯᠳᠡ ᠶᠢᠨ ᠳᠡᠬᠡᠳᠤ ᠳᠡᠰ ᠤᠨ ᠶᠠᠷᠢᠯᠴᠠᠭᠠᠨ ᠤ ᠳᠠᠪᠴᠠᠩ︾ ᠢ | ᠠᠮᠵᠢᠯᠳᠠ ᠲᠠᠢ ᠡᠷᠬᠢᠯᠡᠪᠡ᠃ 12 ᠠᠺᠠᠳᠧᠮᠢᠴᠢ ᠮᠡᠷᠬᠡᠵᠢᠯᠳᠡᠨ ᠢᠶᠠᠷ ᠪᠦᠷᠢᠯᠳᠦᠭᠰᠡᠨ ︽ᠵᠠᠰᠠᠭ ᠤᠨ ᠤᠷᠳᠤᠨ ᠤ | ᠰᠢᠨᠵᠢᠯᠡᠬᠦ ᠤᠬᠠᠭᠠᠨ ᠮᠡᠷᠬᠡᠵᠢᠯ ᠤᠨ ᠵᠦᠪᠯᠡᠭᠴᠢ ᠶᠢᠨ ᠪᠦᠯᠬᠦᠮ︾ ᠢ ᠤᠷᠤᠭᠤᠯᠤᠨ ᠠᠪᠴᠢᠷᠠᠵᠠᠢ᠃ ︽ᠰᠠᠯᠬᠢᠨ | ᠬᠡᠷᠡᠯ ᠭᠠᠯ︾ ᠤᠯᠠᠨ ᠡᠨᠧᠷᠬᠢ ᠶᠢᠨ ᠬᠠᠷᠢᠯᠴᠠᠨ ᠨᠦᠬᠦᠪᠤᠷᠢᠯᠡᠬᠦ ᠡᠷᠬᠢᠯᠳᠡᠳᠤ ᠠᠵᠤ ᠠᠬᠤᠢ ᠶᠢᠨ ᠵᠢᠱᠢᠶ᠎ᠠ | ᠦᠵᠡᠬᠦᠯᠬᠦ ᠢᠨᠵᠧᠨᠧᠷᠢᠩ ᠨᠢ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ︽ᠦᠨᠤᠳᠤᠷ ᠤᠨ | ᠬᠤᠪᠢᠰᠤᠯᠳᠠ ᠶᠢᠨ ᠳᠠᠪᠰᠢᠩᠭᠤᠢ ᠱᠠᠩᠨᠠᠯ︾ ᠪᠤᠯᠤᠨ ︽ᠤᠯᠤᠰ ᠤᠨ ᠰᠢᠯᠢᠳᠡᠭ ᠢᠨᠵᠧᠨᠧᠷᠢᠩ ᠤᠨ ᠱᠠᠩᠨᠠᠯ︾ ᠢ | ᠤᠯᠵᠠᠢ᠃ ᠦᠪᠤᠷ ᠮᠤᠩᠭᠤᠯ ᠤᠨ ᠵᠡᠬᠦᠨ ᠬᠡᠰᠡᠭ ᠤᠨ ᠡᠨᠧᠷᠬᠢ ᠶᠢᠨ ︽ᠤᠯᠤᠰ ᠤᠨ 863 ᠳᠦᠯᠦᠪᠯᠡᠭᠡ ᠶᠢᠨ | ᠴᠢᠬᠤᠯᠠ ᠰᠡᠳᠤᠪ︾ ᠤᠨ ᠰᠢᠯᠭᠠᠯᠳᠠ ᠶᠢ ᠤᠷᠤᠭᠰᠢᠳᠠᠢ ᠦᠩᠬᠡᠷᠡᠬᠡᠪᠡ᠃ ᠶᠢᠨ ᠯᠢᠶᠠᠨ ᠺᠤᠮᠫᠠᠨᠢ ᠠᠵᠤ ᠦᠢᠯᠡᠳᠪᠤᠷᠢ | ᠪᠤᠯᠤᠨ ᠴᠢᠮᠡᠭᠡ ᠵᠠᠩᠬᠢᠵᠢᠯᠳᠠ ᠶᠢᠨ ᠶᠠᠮᠤᠨ ᠤ ︽ᠤᠶᠤᠨᠴᠢ ᠪᠠᠷ ᠦᠢᠯᠡᠳᠬᠦ ᠳᠤᠷᠰᠢᠯᠳᠠ ᠶᠢᠨ ᠴᠡᠭ ᠤᠨ ᠵᠢᠱᠢᠶ᠎ᠡ | ᠦᠵᠡᠬᠦᠯᠬᠦ ᠰᠠᠭᠤᠷᠢᠨ ᠭᠠᠵᠠᠷ︾᠂ ︽ᠳᠤᠤᠷ᠎ᠠ ᠳᠤᠯᠠᠭᠠᠨ ᠳᠤᠤᠷ᠎ᠠ ᠴᠠᠬᠢᠯᠭᠠᠨ ᠳᠠᠷᠤᠯᠳᠠ ᠶᠢᠨ ᠬᠦᠩᠬᠡᠨᠴᠠᠭᠠᠨ ᠢ | ᠴᠠᠬᠢᠯᠭᠠᠨ ᠢᠶᠠᠷ ᠵᠠᠳᠠᠯᠬᠤ ᠮᠡᠷᠬᠡᠵᠢᠯ ᠤᠨ ᠬᠡᠷᠡᠭᠯᠡᠬᠡᠨ ᠤ ᠵᠢᠱᠢᠶ᠎ᠡ ᠦᠵᠡᠬᠦᠯᠬᠦ ᠳᠦᠷᠦᠯ ᠵᠦᠢᠯ︾ ᠤᠨ ᠰᠢᠨᠵᠢᠯᠡᠭᠡ | ᠮᠡᠷᠬᠡᠵᠢᠯ ᠤᠨ ᠶᠠᠮᠤᠨ ᠠᠴᠠ ᠰᠢᠯᠭᠠᠨ ᠠᠪᠬᠤ ᠪᠠᠷ ᠵᠢᠭᠰᠠᠭᠠᠭᠳᠠᠪᠠ᠃ ᠬᠤᠩ ᠵᠢᠶᠦ᠋ᠨ ᠬᠦᠩᠬᠡᠨᠴᠠᠭᠠᠨ ᠴᠠᠬᠢᠯᠭᠠᠨ ᠤ | ᠺᠤᠮᠫᠠᠨᠢ ᠨᠢ ︽ᠤᠯᠤᠰ ᠤᠨ ᠪᠤᠬᠢᠷᠳᠤᠯ ᠦᠬᠡᠢ ᠦᠢᠯᠡᠳᠪᠤᠷᠢ︾ ᠪᠠᠷ ᠰᠤᠩᠭᠤᠭᠳᠠᠪᠠ᠃ ᠤᠯᠤᠰ ᠤᠨ ᠳᠡᠰ ᠤᠨ | ᠳᠡᠬᠡᠳᠤ ᠰᠢᠨ᠎ᠡ ᠮᠡᠷᠬᠡᠵᠢᠯ ᠤᠨ ᠠᠵᠤ ᠠᠬᠤᠶᠢᠯᠠᠯ ᠢ ᠬᠤᠶᠠᠷ ᠪᠤᠶᠢᠵᠢᠭᠤᠯᠵᠤ᠂ ᠵᠢᠶᠠ ᠬᠤᠸᠠ ᠡᠨᠧᠷᠬᠢ ᠶᠢᠨ | ᠳᠤᠷᠰᠢᠯᠳᠠ ᠶᠢᠨ ᠬᠡᠷ ᠨᠢ ᠦᠪᠡᠷᠳᠡᠬᠡᠨ ᠵᠠᠰᠠᠬᠤ ᠤᠷᠤᠨ ᠤ ᠠᠵᠤ ᠠᠬᠤᠶᠢᠯᠠᠯ ᠤᠨ ᠰᠤᠳᠤᠯᠤᠨ ᠭᠠᠷᠭᠠᠬᠤ ᠳᠦᠪ | ᠪᠤᠯᠤᠨ ᠳᠠᠪᠰᠢᠵᠠᠢ᠃ ᠪᠦᠬᠦ ᠴᠠᠬᠢᠯᠭᠠᠨ ᠢᠶᠠᠷ ᠵᠠᠳᠠᠯᠤᠭᠰᠠᠨ ᠪᠤᠳᠠᠰ ᠢ ᠬᠠᠯᠠᠭᠤᠳᠠᠭᠠᠵᠤ ᠬᠦᠳᠡᠯᠬᠡᠬᠦ ᠮᠡᠷᠬᠡᠵᠢᠯ ᠢᠶᠠᠷ | ᠮᠦᠰᠦᠯᠢᠭ ᠪᠤᠯᠤᠷ ᠢ ᠤᠷᠤᠯᠠᠭᠤᠯᠤᠭᠰᠠᠨ ᠠᠴᠠ ᠠᠵᠤ ᠠᠬᠤᠶᠢᠯᠠᠯ ᠤᠨ ᠦᠪᠡᠷ ᠤᠨ ᠦᠷᠳᠡᠭ ᠢ 10 ᠳ᠋ᠦᠩᠰᠢᠭᠤᠷ | ᠳᠦᠬᠦᠷᠢᠭ ᠠᠴᠠ ᠳᠡᠬᠡᠭᠰᠢ ᠠᠷᠪᠢᠯᠠᠵᠠᠢ᠃ ᠪᠦᠬᠦ ᠬᠤᠳᠠ ᠶᠢᠨ ᠡᠵᠡᠨ ᠮᠡᠳᠡᠭᠰᠡᠨ ᠮᠡᠳᠡᠯᠬᠡ ᠶᠢᠨ ᠪᠦᠳᠦᠬᠡᠭᠳᠡᠬᠦᠨ ᠤ | ᠡᠷᠬᠡ ᠶᠢ ᠤᠯᠤᠭᠰᠠᠨ ᠭᠤᠤᠯᠯᠠᠭᠴᠢ ᠵᠠᠩᠬᠢᠯᠠᠭ᠎ᠠ ᠶᠢᠨ ᠮᠡᠷᠬᠡᠵᠢᠯ 200 ᠵᠦᠢᠯ ᠪᠤᠯᠵᠤ᠂ 150 ᠵᠦᠢᠯ ᠨᠢ ᠨᠢᠬᠡᠨᠳᠡ | ᠦᠷ᠎ᠡ ᠪᠦᠳᠦᠮᠵᠢ ᠪᠠᠨ ᠬᠤᠪᠢᠷᠠᠭᠤᠯᠬᠤ ᠨᠦᠬᠦᠴᠡᠯ ᠢ ᠪᠦᠷᠢᠯᠳᠤᠬᠦᠯᠵᠡᠢ᠃ | ᠦᠩᠬᠡᠷᠡᠭᠰᠡᠨ ᠳᠠᠪᠤᠨ ᠵᠢᠯ ᠳᠤ᠂ ᠪᠢᠳᠡ ᠲᠦᠯᠦᠪᠵᠢᠬᠦᠯᠬᠡ ᠶᠢ ᠴᠢᠬᠤᠯᠠᠴᠢᠯᠠᠨ᠂ ᠪᠠᠶᠢᠭᠤᠯᠤᠯᠳᠠ ᠶᠢ | ᠨᠠᠷᠢᠯᠢᠭᠵᠢᠭᠤᠯᠵᠤ᠂ ᠬᠠᠮᠢᠶᠠᠷᠤᠯᠳᠠ ᠶᠢ ᠴᠢᠩᠭᠠᠳᠬᠠᠬᠤ ᠶᠢ ᠢᠮᠠᠭᠳᠠ ᠪᠠᠷᠢᠮᠳᠠᠯᠠᠵᠤ᠂ ᠬᠤᠳᠠ ᠶᠢᠨ ᠭᠠᠶᠢᠬᠠᠮᠰᠢᠭᠳᠤ | ᠬᠦᠴᠦᠨ ᠢ ᠤᠯᠠᠮ ᠨᠢᠬᠡ ᠠᠯᠬᠤᠮ ᠢᠯᠡᠷᠡᠬᠦᠯᠵᠡᠢ᠃ ᠳᠦᠯᠦᠪᠵᠢᠬᠦᠯᠬᠡ ᠪᠠᠷ ᠬᠦᠳᠦᠯᠦᠨ ᠳᠠᠭᠠᠭᠤᠯᠬᠤ ᠪᠠ ᠴᠢᠩᠭ᠎ᠠ | ᠬᠡᠷᠡᠭᠵᠢᠬᠦᠯᠬᠦ ᠶᠢ ᠳᠤᠪᠤᠶᠢᠯᠭᠠᠵᠤ᠂ ︽ᠬᠤᠳᠠ ᠶᠢᠨ ᠦᠢᠷ᠎ᠠ ᠶᠢᠨ ᠬᠤᠭᠤᠴᠠᠭᠠᠨ ᠳᠠᠬᠢ ᠪᠦᠳᠦᠬᠡᠨ ᠪᠠᠶᠢᠭᠤᠯᠤᠯᠳᠠ | ᠶᠢᠨ ᠳᠦᠯᠦᠪᠵᠢᠬᠦᠯᠬᠡ ︵2017 — 2020︶︾᠂ ︽ᠬᠠᠭᠤᠴᠢᠨ ᠬᠤᠳᠠ ᠶᠢᠨ ᠳᠤᠭᠤᠷᠢᠭ ᠤᠨ ᠡᠵᠡᠮᠳᠠᠯ | ᠤᠨ ᠴᠢᠨᠠᠷᠳᠠᠢ ᠨᠠᠷᠢᠨ ᠳᠤᠳᠤᠷᠬᠠᠢ ᠳᠦᠯᠦᠪᠵᠢᠬᠦᠯᠬᠡ︾ ᠶᠢ ᠨᠠᠶᠢᠷᠠᠭᠤᠯᠤᠨ ᠵᠤᠬᠢᠶᠠᠵᠤ᠂ ︽ᠨᠤᠭᠤᠭᠠᠨ ᠬᠦᠷᠦᠰᠤ | ᠶᠢᠨ ᠦᠵᠡᠮᠵᠢ ᠶᠢᠨ ᠰᠢᠰᠲ᠋ᠧᠮ︾ ᠪᠤᠯᠤᠨ ︽ᠬᠤᠳᠠ ᠳᠤᠭᠤᠷᠢᠭ ᠤᠨ ᠬᠡᠷᠡᠯᠳᠤᠬᠦᠯᠬᠦ ᠵᠢᠷᠤᠭ ᠳᠦᠯᠦᠪᠯᠡᠭᠡ︾ ᠶᠢᠨ | ᠳᠦᠯᠦᠪᠵᠢᠬᠦᠯᠬᠡ ᠶᠢᠨ ᠳᠦᠰᠦᠯ ᠢ ᠪᠡᠶᠡᠯᠡᠬᠦᠯᠵᠤ᠂ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ | ᠶᠢᠨ ᠳᠦᠯᠦᠪᠵᠢᠬᠦᠯᠬᠡ ᠪᠤᠯᠤᠨ ᠤᠷᠤᠨ ᠤ ᠳᠦᠯᠦᠪᠵᠢᠬᠦᠯᠬᠡ ᠶᠢᠨ ᠤᠷᠴᠢᠯ ᠦᠨᠡᠯᠡᠯᠳᠡ ᠶᠢ ᠡᠬᠢᠯᠡᠪᠡ᠃ ᠨᠡᠶᠢᠳᠡ | 32 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠨ᠂ ᠬᠠᠭᠤᠴᠢᠨ ᠬᠤᠳᠠ ᠳᠤᠭᠤᠷᠢᠭ ᠤᠨ ᠭᠠᠵᠠᠷ ᠳᠤᠤᠷᠠᠬᠢ | ᠬᠤᠭᠤᠯᠠᠢ ᠶᠢᠨ ᠳᠤᠤᠷ 357 ᠺᠢᠯᠤᠮᠧᠲᠷ ᠢ ᠰᠢᠨᠡᠳᠬᠡᠨ ᠵᠠᠰᠠᠵᠤ᠂ 55 ᠳᠦᠮᠡᠨ ᠳᠡᠭᠰᠢ ᠳᠦᠷᠪᠡᠯᠵᠢᠨ ᠮᠧᠲᠷ | ᠵᠠᠰᠠᠮᠠᠯ ᠵᠠᠮ ᠢ ᠰᠡᠷᠬᠦᠬᠡᠨ ᠵᠠᠰᠠᠵᠤ᠂ 29 ᠬᠠᠭᠤᠴᠢᠨ ᠵᠢᠵᠢᠭ ᠳᠤᠭᠤᠷᠢᠭ ᠢ ᠰᠢᠨᠡᠳᠬᠡᠨ ᠵᠠᠰᠠᠵᠤ᠂ 6200 | ᠡᠷᠤᠬᠡ ᠳᠦᠬᠦᠮ ᠪᠦᠳᠦᠴᠡᠳᠤ ᠳᠤᠭᠤᠷᠢᠭ ᠤᠨ ᠤᠯᠠᠨ ᠳᠦᠮᠡᠨ ᠤ ᠠᠮᠤᠷ ᠠᠮᠤᠭᠤᠯᠠᠩ ᠰᠠᠭᠤᠬᠤ ᠵᠡᠬᠦᠳᠤ ᠶᠢ | ᠳᠡᠷᠬᠡᠯᠰᠢᠬᠦᠯᠵᠤ᠂ ᠳᠦᠪᠯᠡᠷᠡᠬᠦᠯᠦᠨ ᠳᠤᠯᠠᠭᠠᠨ ᠬᠦᠷᠬᠡᠬᠦ ᠪᠦᠷᠬᠦᠴᠡ 98% ᠳᠤ ᠬᠦᠷᠴᠦ᠂ ᠳᠦᠬᠡᠬᠡᠬᠦᠷ ᠤᠰᠤᠨ ᠤ | ᠬᠠᠩᠭᠠᠯᠭ᠎ᠠ ᠶᠢᠨ ᠨᠤᠷᠮ᠎ᠠ 99% ᠳᠤ ᠬᠦᠷᠪᠡ᠃ ᠰᠢᠨ᠎ᠡ ᠬᠤᠳᠠ ᠳᠤᠭᠤᠷᠢᠭ ᠤᠨ ᠳᠦᠬᠦᠷ ᠪᠦᠷᠢᠨᠰᠢᠬᠦᠯᠦᠭᠰᠡᠨ | ᠤᠯᠠᠨ ᠨᠡᠶᠢᠳᠡ ᠶᠢᠨ ᠦᠢᠯᠡᠴᠢᠯᠡᠬᠡᠨ ᠡᠳᠤᠷ ᠢᠷᠡᠬᠦᠶ᠎ᠡ ᠰᠠᠶᠢᠵᠢᠷᠠᠵᠤ᠂ ᠡᠶᠡᠳᠡᠬᠦᠯᠦᠨ ᠵᠤᠬᠢᠴᠠᠭᠤᠯᠬᠤ ᠬᠤᠳᠠ ᠶᠢᠨ | ᠴᠢᠳᠠᠮᠵᠢ ᠶᠢᠨ ᠦᠢᠯᠡᠳᠤᠯ ᠢ ᠤᠯᠠᠮ ᠨᠢᠬᠡ ᠠᠯᠬᠤᠮ ᠪᠠᠳᠠᠷᠠᠭᠤᠯᠵᠠᠢ᠃ ᠦᠵᠡᠰᠬᠦᠯᠡᠩᠳᠤ ᠰᠠᠶᠢᠬᠠᠨ ᠬᠦᠳᠡᠭᠡ | ᠳᠤᠰᠬᠤᠨ ᠤ ᠪᠠᠶᠢᠭᠤᠯᠤᠯᠳᠠ ᠢᠯᠡᠳᠳᠡ ᠦᠷ᠎ᠡ ᠪᠦᠳᠦᠮᠵᠢ ᠤᠯᠵᠤ᠂ ᠭᠠᠴᠠᠭ᠎ᠠ ᠳᠤᠰᠬᠤᠨ ᠪᠤᠯᠭᠠᠨ ᠳᠤ ᠵᠠᠰᠠᠮᠠᠯ | ᠵᠠᠮ᠂ ᠢᠨᠲ᠋ᠧᠷ ᠰᠦᠯᠵᠢᠶ᠎ᠡ᠂ ᠨᠡᠶᠢᠳᠡ ᠶᠢᠨ ᠮᠠᠰᠢᠨ ᠳᠡᠷᠬᠡ ᠨᠡᠪᠳᠡᠷᠡᠵᠤ᠂ ᠬᠦᠳᠡᠭᠡ ᠳᠤᠰᠬᠤᠨ ᠤ ᠵᠠᠰᠠᠮᠠᠯ ᠵᠠᠮ | ᠪᠦᠬᠦᠨ ᠢ ᠬᠠᠳᠠᠭᠤᠷᠠᠭᠤᠯᠵᠤ᠂ ᠳᠤᠰᠬᠤᠨ ᠤ ᠦᠩᠬᠡ ᠳᠦᠷᠰᠤ ᠶᠡᠭᠡ ᠬᠡᠮᠵᠢᠶ᠎ᠡ ᠪᠠᠷ ᠰᠠᠶᠢᠵᠢᠷᠠᠵᠠᠢ᠃ 6 | ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠨ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠰᠠᠭᠤᠷᠢ | ᠳᠦᠬᠦᠬᠡᠷᠤᠮᠵᠢ ᠶᠢ ᠳᠡᠬᠦᠯᠳᠡᠷᠵᠢᠬᠦᠯᠵᠤ᠂ ᠬᠦᠷᠢᠶᠡᠯᠡᠩ ᠳᠤᠭᠤᠷᠢᠭ ᠤᠨ ᠳᠠᠭᠠᠭᠠᠴᠠ ᠶᠢ ᠳᠠᠰᠤᠷᠠᠯᠳᠠ ᠦᠬᠡᠢ | ᠨᠡᠮᠡᠭᠳᠡᠬᠦᠯᠵᠤ᠂ ᠴᠢᠬᠤᠯᠠ ᠡᠯᠧᠮᠧᠨ᠋ᠲ ᠤᠨ ᠳᠤᠯᠭᠠᠭᠤᠷᠢᠯᠠᠬᠤ ᠨᠦᠬᠦᠴᠡᠯ ᠦᠷᠬᠦᠯᠵᠢᠯᠡᠨ ᠰᠠᠶᠢᠵᠢᠷᠠᠵᠠᠢ᠃ | ᠳᠦᠩᠯᠢᠶᠤᠤ ᠬᠤᠤᠯᠢᠩᠭᠤᠤᠯ ᠳᠡᠮᠤᠷ ᠵᠠᠮ ᠤᠨ ᠴᠠᠬᠢᠯᠭᠠᠵᠢᠭᠤᠯᠤᠯᠳᠠ ᠶᠢ ᠪᠡᠶᠡᠯᠡᠬᠦᠯᠵᠤ᠂ ᠠᠶᠠᠨᠴᠢᠳ ᠤᠨ ᠭᠠᠯᠳᠤ | ᠳᠡᠷᠬᠡ ᠶᠢᠨ ᠬᠤᠷᠳᠤᠴᠠ ᠶᠢ ᠳᠦᠷᠬᠡᠳᠬᠡᠵᠤ᠂ ᠰᠢᠯᠢᠨ ᠤᠯᠠᠭᠠᠨᠬᠤᠳᠠ ᠶᠢᠨ ᠳᠡᠮᠤᠷ ᠵᠠᠮ᠂ ᠵᠦᠰᠬᠤᠸᠠ ᠵᠡᠬᠦᠨ | ᠭᠠᠳᠠᠪᠴᠢ ᠳᠡᠮᠤᠷ ᠵᠠᠮ᠂ ᠬᠤᠤᠯᠢᠩᠭᠤᠤᠯ ᠪᠠᠶᠠᠨᠬᠤᠸᠠ ᠵᠠᠰᠠᠮᠠᠯ ᠵᠠᠮ᠂ ᠬᠤᠤᠯᠢᠩᠭᠤᠤᠯ ᠠᠯᠳᠠᠷ ᠤᠨ ᠨᠢᠬᠡᠳᠤᠬᠡᠷ | ᠳᠡᠰ ᠤᠨ ᠵᠠᠰᠠᠮᠠᠯ ᠵᠠᠮ᠂ ᠪᠠᠶᠠᠨᠬᠤᠰᠢᠭᠤ ᠬᠤᠤᠯᠢᠩᠭᠤᠤᠯ ᠬᠤᠶᠠᠳᠤᠭᠠᠷ ᠳᠡᠰ ᠤᠨ ᠵᠠᠰᠠᠮᠠᠯ ᠵᠠᠮ ᠳᠡᠷᠬᠡ ᠨᠡᠪᠳᠡᠷᠡᠪᠡ᠃ | ᠬᠤᠤᠯᠢᠩᠭᠤᠤᠯ ᠨᠢᠰᠬᠡᠯ ᠤᠨ ᠪᠠᠭᠤᠳᠠᠯ ᠡᠬᠢᠯᠡᠨ ᠨᠢᠰᠴᠤ᠂ ᠰᠢᠨ᠎ᠡ ᠡᠨᠧᠷᠬᠢ ᠶᠢᠨ ᠨᠡᠶᠢᠳᠡ ᠶᠢᠨ ᠮᠠᠰᠢᠨ ᠳᠡᠷᠬᠡ ᠶᠢ | ᠨᠢᠬᠡᠨᠳᠡ ᠡᠵᠡᠩᠨᠡᠨ ᠡᠷᠬᠢᠯᠡᠪᠡ᠂ ᠡᠨᠡ ᠨᠢ ᠵᠠᠰᠠᠮᠠᠯ ᠵᠠᠮ᠂ ᠳᠡᠮᠤᠷ ᠵᠠᠮ᠂ ᠠᠭᠠᠷ ᠤᠨ ᠠᠶᠠᠯᠠᠯ ︽ᠵᠦᠷᠢᠯᠢᠭᠵᠢᠭᠰᠡᠨ | ᠵᠠᠮ ᠬᠠᠷᠢᠯᠴᠠᠭ᠎ᠠ ᠶᠢᠨ ᠰᠦᠯᠵᠢᠶ᠎ᠡ︾ ᠪᠤᠯᠤᠨ ᠪᠦᠷᠢᠯᠳᠡᠵᠡᠢ᠃ ᠤᠯᠤᠰ ᠤᠨ ︽ᠤᠯᠤᠰ ᠤᠨ ᠨᠤᠳᠤᠭ ᠳᠡᠪᠢᠰᠬᠡᠷ | ᠤᠨ ᠠᠷᠪᠢᠯᠠᠨ ᠡᠷᠴᠢᠮᠵᠢᠬᠦᠯᠦᠭᠰᠡᠨ ᠵᠢᠱᠢᠶᠡᠴᠢ ᠬᠤᠳᠠ︾ ᠪᠠᠷ ᠦᠨᠡᠯᠡᠭᠳᠡᠵᠤ᠂ ᠦᠪᠡᠷᠳᠡᠬᠡᠨ ᠵᠠᠰᠠᠬᠤ ᠤᠷᠤᠨ ᠤ | ᠤᠶᠤᠨᠴᠢ ᠬᠤᠳᠠ᠂ ᠴᠡᠴᠡᠷᠯᠢᠭᠵᠢᠬᠦᠯᠬᠡ ᠶᠢᠨ ᠬᠤᠳᠠ᠂ ᠡᠷᠡᠬᠦᠯ ᠬᠠᠮᠠᠭᠠᠯᠠᠯ ᠤᠨ ᠬᠤᠳᠠ ᠪᠤᠯᠤᠨ ᠠᠮᠢ ᠠᠬᠤᠢ ᠶᠢᠨ | ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ ᠵᠢᠱᠢᠶ᠎ᠡ ᠦᠵᠡᠬᠦᠯᠬᠦ ᠬᠤᠳᠠ ᠶᠢ ᠠᠮᠵᠢᠯᠳᠠᠳᠠᠢ ᠡᠬᠦᠳᠤᠨ ᠪᠠᠶᠢᠭᠤᠯᠵᠠᠢ | ᠃ | ᠦᠩᠬᠡᠷᠡᠭᠰᠡᠨ ᠳᠠᠪᠤᠨ ᠵᠢᠯ ᠳᠤ᠂ ᠪᠢᠳᠡ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ | ᠰᠠᠨᠠᠭ᠎ᠠ ᠶᠢ ᠢᠮᠠᠭᠳᠠ ᠪᠠᠷᠢᠮᠳᠠᠯᠠᠨ᠂ ᠠᠷᠠᠳ ᠤᠨ ᠠᠮᠢᠳᠤᠷᠠᠯ ᠢ ᠪᠦᠬᠦ ᠳᠠᠯ᠎ᠠ ᠪᠠᠷ ᠪᠠᠳᠤᠯᠠᠨ ᠰᠠᠶᠢᠵᠢᠷᠠᠭᠤᠯᠵᠤ᠂ | ᠠᠷᠠᠳ ᠳᠦᠮᠡᠨ ᠤ ᠬᠦᠷᠳᠡᠬᠡᠮᠵᠢ ᠶᠢᠨ ᠳᠦᠷᠦᠭᠳᠡᠯ ᠢ ᠢᠯᠡᠳᠳᠡ ᠨᠡᠮᠡᠭᠳᠡᠬᠦᠯᠵᠡᠢ᠃ 56 ᠳ᠋ᠦᠩᠰᠢᠭᠤᠷ ᠳᠦᠬᠦᠷᠢᠭ | ᠤᠨ ᠪᠡᠯᠡ ᠤᠷᠤᠭᠤᠯᠤᠨ ᠠᠷᠠᠳ ᠤᠨ ᠠᠮᠢᠳᠤᠷᠠᠯ ᠤᠨ ᠦᠢᠯᠡᠰ ᠢ ᠰᠠᠶᠢᠵᠢᠷᠠᠭᠤᠯᠵᠠᠢ᠃ ᠤᠯᠠᠨ ᠳᠦᠮᠡᠨ ᠳᠤ 62 | ᠵᠦᠢᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠬᠢᠵᠡᠢ᠃ 5900 ᠰᠢᠬᠠᠮ ᠬᠦᠮᠦᠨ ᠤᠳᠠᠭ᠎ᠠ ᠠᠳᠠᠯ | ᠪᠤᠰᠬᠠᠬᠤ ᠠᠵᠢᠯ ᠤᠯᠭᠤᠯᠳᠡ ᠪᠤᠯᠪᠠᠰᠤᠷᠠᠯ ᠬᠢᠵᠤ᠂ ᠰᠢᠨ᠎ᠡ ᠪᠠᠷ ᠠᠵᠢᠯ ᠤᠯᠭᠤᠭᠰᠠᠨ ᠬᠦᠮᠦᠨ ᠤ ᠳᠤᠭ᠎ᠠ | 112000 ᠭᠠᠷᠤᠢ ᠨᠡᠮᠡᠭᠳᠡᠵᠤ᠂ ᠳᠤᠮᠳᠠ ᠪᠠᠭ᠎ᠠ ᠬᠡᠯᠪᠡᠷᠢ ᠶᠢᠨ 480 ᠠᠵᠤ ᠠᠬᠤᠶᠢᠯᠠᠳᠠᠨ ᠢ ᠳᠡᠮᠵᠢᠨ ᠠᠳᠠᠯ | ᠪᠤᠰᠬᠠᠵᠤ᠂ ᠠᠵᠤ ᠠᠬᠤᠶᠢᠯᠠᠯ ᠤᠨ ᠳᠤᠮᠳᠠ ᠳᠡᠬᠡᠳᠤ ᠳᠡᠰ ᠤᠨ ᠠᠵᠤ ᠦᠢᠯᠡᠰ ᠤᠨ ᠠᠵᠢᠯᠳᠠᠨ ᠪᠤᠯᠤᠨ | ᠮᠡᠷᠬᠡᠵᠢᠯᠳᠡᠨ ︽ᠣᠷᠠᠴᠣᠳ︾ 300 ᠬᠦᠮᠦᠨ ᠢ ᠤᠷᠢᠨ ᠠᠪᠴᠢᠷᠠᠵᠠᠢ᠃ ᠵᠡᠬᠦᠨ ᠬᠤᠶᠢᠳᠤ ᠶᠢᠨ ᠶᠡᠭᠡ | ᠰᠤᠷᠭᠠᠭᠤᠯᠢ ᠲᠠᠢ ᠠᠰᠫᠢᠷᠠᠨᠲ ᠢ ᠬᠠᠮᠳᠤᠷᠠᠨ ᠬᠦᠮᠦᠵᠢᠬᠦᠯᠬᠦ ᠳᠤᠭᠳᠠᠴᠠ ᠶᠢ ᠪᠠᠶᠢᠭᠤᠯᠵᠤ᠂ ᠦᠪᠡᠷᠳᠡᠬᠡᠨ ᠵᠠᠰᠠᠬᠤ | ᠤᠷᠤᠨ ᠤ ᠦᠨᠳᠤᠰᠤᠳᠡᠨ ᠤ ᠶᠡᠭᠡ ᠰᠤᠷᠭᠠᠭᠤᠯᠢ ᠶᠢᠨ ᠮᠠᠰᠢᠨ ᠢᠨᠵᠧᠨᠧᠷᠢᠩ ᠤᠨ ᠰᠤᠷᠭᠠᠭᠤᠯᠢ ᠶᠢᠨ ᠬᠤᠤᠯᠢᠩᠭᠤᠤᠯ | ᠳᠠᠬᠢ ᠬᠤᠪᠢᠶᠠᠷᠢ ᠰᠤᠷᠭᠠᠭᠤᠯᠢ ᠶᠢ ᠪᠠᠶᠢᠭᠤᠯᠵᠠᠢ᠃ ᠮᠠᠯᠴᠢᠨ ᠳᠠᠷᠢᠶᠠᠴᠢᠳ ᠤᠨ ᠤᠷᠤᠯᠭ᠎ᠠ ᠦᠷᠬᠦᠯᠵᠢᠯᠡᠨ | ᠨᠡᠮᠡᠭᠳᠡᠵᠤ᠂ ᠬᠦᠳᠡᠭᠡ ᠳᠤᠰᠬᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢ ᠳᠤᠭᠳᠠᠭᠤᠨ ᠢᠶᠠᠷ ᠶᠠᠳᠠᠭᠤ ᠠᠴᠠ | ᠨᠢ ᠠᠩᠬᠢᠵᠢᠷᠠᠭᠤᠯᠵᠤ᠂ ᠬᠦᠮᠦᠨ ᠳᠤᠮᠳᠠᠴᠢ ᠶᠢᠨ ᠵᠢᠯ ᠤᠨ ᠤᠷᠤᠯᠭ᠎ᠠ ᠶᠢ 5000 ᠳᠦᠬᠦᠷᠢᠭ ᠨᠡᠮᠡᠭᠳᠡᠬᠦᠯᠵᠡᠢ᠃ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢ ᠲᠠᠢ ᠬᠦᠭᠵᠢᠬᠦᠯᠬᠦ ᠦᠨᠳᠤᠷ ᠬᠢᠷᠢ ᠬᠡᠮᠵᠢᠶ᠎ᠡ ᠨᠢ ᠤᠯᠤᠰ | ᠤᠨ ᠰᠢᠯᠭᠠᠯᠳᠠ ᠳᠤ ᠦᠨᠡᠯᠡᠭᠳᠡᠵᠤ᠂ ᠤᠷᠤᠨ ᠨᠤᠳᠤᠭ ᠤᠨ ᠶᠡᠷᠤᠩᠬᠡᠶᠢᠯᠡᠭᠰᠡᠨ ᠰᠤᠷᠭᠠᠭᠤᠯᠢ ᠡᠷᠬᠢᠯᠡᠬᠦ ᠪᠤᠳᠠᠳᠤ | ᠬᠦᠴᠦᠨ ᠦᠷᠬᠦᠯᠵᠢᠯᠡᠨ ᠴᠢᠩᠭᠠᠷᠠᠵᠠᠢ᠃ ᠪᠡᠬᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ | ᠳᠤᠮᠳᠠᠳᠤ ᠰᠤᠷᠭᠠᠭᠤᠯᠢ᠂ ᠹᠧᠨ ᠲᠧᠤ ᠪᠠᠭ᠎ᠠ ᠰᠤᠷᠭᠠᠭᠤᠯᠢ ᠲᠠᠢ ᠤᠷᠤᠨ ᠠᠯᠤᠰᠯᠠᠭᠰᠠᠨ ᠬᠠᠮᠵᠢᠯᠴᠠᠬᠤ ᠬᠠᠷᠢᠯᠴᠠᠭ᠎ᠠ | ᠪᠠᠶᠢᠭᠤᠯᠵᠤ᠂ ︽ᠳᠤᠮᠳᠠᠳᠤ ᠠᠮᠧᠷᠢᠺᠠ ᠶᠢᠨ ᠤᠶᠤᠳᠠᠨ ᠤ ᠰᠤᠷᠭᠠᠨ ᠬᠦᠮᠦᠵᠢᠯ ᠢ ᠳᠡᠮᠵᠢᠬᠦ ᠪᠦᠯᠬᠦᠮ︾ ᠮᠠᠨ ᠤ | ᠬᠤᠳᠠ ᠳᠤ ᠢᠷᠡᠵᠤ ᠤᠯᠠᠨ ᠤᠯᠤᠰ ᠤᠨ ᠨᠢᠬᠡᠳᠤᠯ ᠤᠨ ᠰᠤᠷᠭᠠᠨ ᠬᠦᠮᠦᠵᠢᠯ ᠢ ᠳᠡᠮᠵᠢᠬᠦ ᠠᠵᠢᠯᠯᠠᠭ᠎ᠠ ᠦᠷᠨᠢᠬᠦᠯᠵᠡᠢ | ᠃ ᠤᠯᠤᠰ ᠤᠨ ᠰᠢᠯᠭᠠᠯᠳᠠ ᠶᠢᠨ ᠵᠢᠩᠬᠢᠨᠢ ᠠᠩᠬᠢ ᠳᠤ ᠤᠷᠤᠭᠰᠠᠨ ᠨᠤᠷᠮ᠎ᠠ ᠶᠢᠨ54% ᠠᠴᠠ ᠳᠡᠬᠡᠭᠰᠢᠬᠢ ᠶᠢ | ᠪᠠᠳᠤᠯᠠᠵᠠᠢ᠃ ᠤᠯᠠᠨ ᠳᠦᠮᠡᠨ ᠤ ᠰᠤᠶᠤᠯ ᠤᠨ ᠬᠦᠳᠡᠯᠬᠡᠬᠡᠨ ᠪᠠᠶᠠᠯᠢᠭ ᠰᠠᠶᠢᠬᠠᠨ ᠪᠠᠶᠢᠵᠤ᠂ ᠤᠶᠤᠨ ᠰᠠᠨᠠᠭᠠᠨ ᠤ | ᠪᠤᠯᠪᠠᠰᠤᠨ ᠤ ᠡᠬᠦᠳᠤᠨ ᠪᠠᠶᠢᠭᠤᠯᠤᠯᠳᠠ ᠦᠨᠢᠷ ᠪᠦᠳᠦᠬᠡᠯ ᠦᠨᠳᠤᠷ ᠠᠮᠵᠢᠯᠳᠠ ᠶᠢ ᠤᠯᠵᠤ᠂ ᠨᠡᠶᠢᠬᠡᠮ ᠵᠢᠷᠤᠮ ᠤᠨ | ᠭᠤᠤᠯᠯᠠᠭᠴᠢ ᠦᠷᠳᠡᠭ ᠤᠨ ᠦᠵᠡᠯᠳᠡ ᠶᠢ ᠬᠦᠮᠦᠰ ᠤᠨ ᠰᠡᠳᠬᠢᠯ ᠳᠤ ᠬᠠᠳᠠᠩᠰᠢᠭᠤᠯᠵᠠᠢ᠃ ᠨᠡᠶᠢᠬᠡᠮ ᠤᠨ ᠦᠩᠬᠡᠨ | ᠬᠡᠷᠡᠭᠯᠡᠬᠡᠨ ᠤ ᠮᠤᠩᠭᠤᠯ ᠬᠢᠳᠡᠳ ᠬᠤᠶᠠᠷ ᠦᠰᠦᠭ ᠢ ᠵᠡᠷᠬᠡ ᠪᠠᠷ ᠬᠡᠷᠡᠭᠯᠡᠭᠰᠡᠨ ᠨᠤᠷᠮ᠎ᠠ᠂ ᠬᠢᠷᠢ ᠳᠡᠩᠴᠡᠭᠰᠡᠨ ᠨᠤᠷᠮ᠎ᠠ | ᠂ ᠤᠨᠤᠪᠴᠢᠳᠤ ᠨᠤᠷᠮ᠎ᠠ 96% ᠳᠤ ᠬᠦᠷᠴᠡᠢ᠃ ᠦᠨᠳᠤᠰᠤᠳᠡᠨ ᠤ ᠪᠦᠯᠬᠦᠮᠳᠡᠯ ᠳᠠᠪᠰᠢᠯᠳᠠ ᠶᠢᠨ ᠪᠦᠬᠦ ᠠᠷᠠᠳ | ᠤᠨ ᠪᠡᠶ᠎ᠡ ᠳᠠᠮᠢᠷ ᠤᠨ ᠬᠦᠳᠡᠯᠬᠡᠬᠡᠨ᠂ ᠬᠤᠳᠠ ᠪᠠᠶᠢᠭᠤᠯᠤᠭᠳᠠᠭᠰᠠᠨ 30 ᠵᠢᠯ ᠤᠨ ᠤᠢ ᠶᠢ ᠪᠡᠯᠬᠡᠯᠡᠬᠦ ᠰᠢᠷᠢᠰ | ᠠᠵᠢᠯᠯᠠᠭ᠎ᠠ ᠪᠤᠯᠤᠨ ᠬᠤᠶᠠᠷ ᠤᠳᠠᠭᠠᠨ ᠤ ᠬᠤᠷᠴᠢᠨ ᠳᠠᠯ᠎ᠠ ᠨᠤᠳᠤᠭ ᠤᠨ ᠬᠤᠷᠢᠮ ᠤᠨ ᠶᠤᠰᠤᠯᠠᠯ ᠢ ᠠᠮᠵᠢᠯᠳᠠᠳᠠᠢ | ᠡᠷᠬᠢᠯᠡᠪᠡ᠃ ︽ᠡᠷᠡᠬᠦᠯ ᠡᠩᠬᠡ ᠬᠤᠤᠯᠢᠩᠭᠤᠤᠯ︾ ᠠᠵᠢᠯᠯᠠᠭ᠎ᠠ ᠶᠢ ᠦᠷᠨᠢᠬᠦᠯᠵᠤ᠂ ᠦᠪᠤᠷ ᠮᠤᠩᠭᠤᠯ ᠤᠨ | ᠦᠨᠳᠤᠰᠤᠳᠡᠨ ᠤ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠬᠡ ᠶᠢᠨ ᠬᠤᠷᠢᠶ᠎ᠠ ᠶᠢᠨ ᠬᠤᠪᠢᠶᠠᠷᠢ ᠡᠮᠨᠡᠯᠬᠡ ᠶᠢᠨ | ᠬᠤᠷᠢᠶ᠎ᠠ ᠶᠢ ᠪᠠᠶᠢᠭᠤᠯᠵᠤ᠂ ᠪᠡᠬᠡᠵᠢᠩ ᠤᠨ ᠵᠢᠢ ᠱᠦᠢ ᠲᠠᠨ ᠡᠮᠨᠡᠯᠬᠡ ᠶᠢᠨ ᠬᠤᠷᠢᠶ᠎ᠡ᠂ ᠪᠡᠬᠡᠵᠢᠩ ᠶᠡᠭᠡ ᠰᠤᠷᠭᠠᠭᠤᠯᠢ | ᠶᠢᠨ ᠠᠷᠠᠳ ᠤᠨ ᠡᠮᠨᠡᠯᠬᠡ ᠶᠢᠨ ᠬᠤᠷᠢᠶ᠎ᠠ ᠲᠠᠢ ᠡᠮᠴᠢᠯᠡᠭᠡ ᠶᠢᠨ ᠬᠤᠷᠰᠢᠶᠠᠵᠢᠯ ᠢ ᠪᠠᠶᠢᠭᠤᠯᠵᠠᠢ᠃ ᠤᠯᠤᠰ ᠤᠨ | ᠳᠦᠯᠦᠪᠯᠡᠭᠡ ᠲᠠᠢ ᠪᠠᠷ ᠬᠡᠤᠬᠡᠳ ᠠᠪᠬᠤ ᠰᠢᠯᠢᠳᠡᠭ ᠦᠢᠯᠡᠴᠢᠯᠡᠬᠡᠨ ᠤ ᠳᠠᠷᠢᠬᠦᠨ ᠬᠤᠳᠠ ᠶᠢ ᠡᠬᠦᠳᠤᠨ ᠪᠠᠶᠢᠭᠤᠯᠵᠠᠢ | ᠃ ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠬᠦᠴᠦᠴᠡ ᠪᠠᠨ ᠳᠠᠰᠤᠷᠠᠯᠳᠠ ᠦᠬᠡᠢ ᠨᠡᠮᠡᠭᠳᠡᠬᠦᠯᠵᠤ᠂ ᠢᠳᠡᠬᠡᠨ | ᠪᠠ ᠡᠮ ᠤᠨ ᠵᠦᠢᠯᠡᠰ ᠤᠨ ᠠᠮᠤᠷ ᠳᠦᠪᠰᠢᠨ ᠤ ᠪᠠᠳᠤᠯᠠᠭ᠎ᠠ ᠶᠢᠨ ᠬᠦᠴᠦᠨ ᠶᠡᠭᠡ ᠬᠡᠮᠵᠢᠶ᠎ᠡ ᠪᠠᠷ ᠳᠡᠬᠡᠭᠰᠢᠯᠡᠵᠡᠢ᠃ | ᠳᠤᠮᠳᠠᠳᠣ ᠪᠠᠭ᠎ᠠ ᠰᠤᠷᠭᠠᠭᠤᠯᠢ ᠶᠢᠨ ᠢᠳᠡᠬᠡᠨ ᠤ ᠤᠰᠤᠨ ᠤ ᠢᠨᠵᠧᠨᠧᠷᠢᠩ᠂ ᠢᠳᠡᠬᠡᠨ ᠤ ᠠᠵᠢᠯ ᠳᠦᠷᠦᠯ ᠤᠨ ︽ | ᠢᠯᠡ ᠭᠠᠯ ᠳᠤᠭᠤᠭᠠᠨ ᠤ ᠦᠷᠤᠬᠡ︾ ᠪᠤᠯᠭᠠᠨ ᠪᠦᠷᠬᠦᠬᠦᠯᠬᠦ ᠶᠢ ᠪᠡᠶᠡᠯᠡᠬᠦᠯᠵᠡᠢ᠃ ᠡᠷᠡᠬᠦᠤ ᠶᠢᠨ ᠬᠡᠷᠡᠭ᠂ ᠠᠮᠤᠷ ᠢ | ᠬᠠᠮᠠᠭᠠᠯᠠᠬᠤ ᠬᠡᠷᠡᠭ ᠦᠷᠬᠦᠯᠵᠢᠯᠡᠨ ᠳᠤᠷᠤᠭᠰᠢᠠᠯᠵᠤ᠂ ᠳᠠᠷᠤᠭᠳᠠᠵᠤ ᠪᠠᠶᠢᠭᠰᠠᠨ ᠨᠢᠬᠡ ᠪᠦᠯᠦᠭ ᠵᠠᠬᠢᠳᠠᠯ | ᠰᠤᠷᠪᠤᠯᠵᠢᠯᠠᠯ ᠤᠨ ᠬᠡᠷᠡᠭ ᠢ ᠠᠷᠢᠯᠭᠠᠵᠤ᠂ ᠤᠨᠴᠠ ᠶᠡᠭᠡ ᠦᠢᠯᠡᠳᠪᠤᠷᠢᠯᠡᠯ ᠤᠨ ᠠᠶᠤᠯᠬᠦᠢ ᠶᠢᠨ ᠠᠳᠡᠯ ᠭᠠᠷᠤᠭᠰᠠᠨ | ᠦᠬᠡᠢ᠂ ᠡᠩᠬᠡ ᠠᠮᠤᠭᠤᠯᠠᠩ ᠬᠤᠤᠯᠢᠩᠭᠤᠤᠯ ᠤᠨ ᠪᠠᠶᠢᠭᠤᠯᠤᠯᠳᠠ ᠰᠢᠨ᠎ᠡ ᠠᠬᠢᠴᠠ ᠲᠠᠢ ᠪᠤᠯᠵᠠᠢ᠃ ᠦᠨᠳᠤᠰᠤᠳᠡᠨ | ᠱᠠᠰᠢᠨ ᠰᠤᠷᠳᠠᠬᠤᠨ᠂ ᠠᠷᠠᠳ ᠤᠨ ᠵᠡᠪᠰᠡᠭᠳᠤ ᠬᠦᠴᠦᠨ᠂ ᠬᠤᠶᠠᠷ ᠢ ᠬᠦᠷᠢᠶᠡᠯᠡᠬᠦ ᠪᠠ ᠬᠠᠯᠠᠮᠵᠢᠯᠠᠨ ᠳᠤᠬᠢᠷᠠᠭᠤᠯᠵᠤ | ᠳᠦᠪᠬᠢᠨᠡᠬᠦᠯᠬᠦ᠂ ᠳᠡᠤᠬᠡ ᠦᠢᠯᠠᠯᠭ᠎ᠠ ᠳᠠᠩᠰᠠ ᠡᠪᠬᠡᠮᠡᠯ᠂ ᠵᠡᠮᠳᠡᠭᠴᠤᠳ ᠢ ᠳᠡᠮᠵᠢᠵᠤ ᠦᠨᠤᠴᠤᠷᠦᠭᠰᠡᠨ ᠢ | ᠬᠠᠪᠰᠤᠷᠠᠬᠤ᠂ ᠡᠮᠡᠭᠳᠡᠶᠢᠴᠤᠳ ᠪᠠ ᠬᠡᠤᠬᠡᠳ᠂ ᠠᠷᠠᠳ ᠤᠨ ᠠᠭᠠᠷ ᠤᠨ ᠰᠡᠷᠬᠡᠶᠢᠯᠡᠯᠳᠡ ᠴᠠᠭ ᠠᠭᠤᠷ᠂ ᠭᠠᠵᠠᠷ | ᠬᠦᠳᠡᠯᠤᠯᠳᠠ ᠶᠢ ᠰᠡᠷᠬᠡᠶᠢᠯᠡᠬᠦ ᠭᠠᠮᠰᠢᠭ ᠢ ᠪᠠᠭᠠᠰᠠᠬᠠᠬᠤ᠂ ᠪᠠᠴᠢᠮ ᠪᠠᠶᠢᠳᠠᠯ ᠢ ᠠᠷᠭᠠᠴᠠᠵᠤ ᠬᠡᠨᠡᠳᠳᠡ ᠶᠢᠨ ᠪᠠᠶᠢᠳᠠᠯ | ᠢ ᠰᠢᠢᠳᠪᠤᠷᠢᠯᠡᠬᠦ᠂ ᠨᠠᠰᠣᠳᠠᠶᠢᠴᠣᠳ ᠪᠤᠯᠤᠨ ᠬᠤᠶᠢᠴᠢ ᠦᠶ᠎ᠡ ᠪᠠᠨ ᠬᠠᠷᠠᠭᠠᠯᠵᠠᠬᠤ ᠵᠡᠷᠬᠡ ᠶᠢᠨ ᠠᠵᠢᠯ ᠳᠤ ᠰᠢᠨ᠎ᠡ | ᠠᠬᠢᠯᠳᠠ ᠲᠠᠢ ᠪᠤᠯᠪᠠ᠃ | ᠦᠩᠬᠡᠷᠡᠭᠰᠡᠨ ᠳᠠᠪᠤᠨ ᠵᠢᠯ ᠳᠤ᠂ ᠪᠢᠳᠡ ᠬᠠᠤᠯᠢ ᠶᠤᠰᠤᠭᠠᠷ ᠵᠠᠰᠠᠭ ᠶᠠᠪᠤᠭᠤᠯᠵᠤ᠂ ᠵᠠᠰᠠᠭ ᠢ ᠴᠢᠩᠭ᠎ᠠ | ᠵᠠᠰᠠᠬᠤ ᠶᠢ ᠪᠠᠷᠢᠮᠳᠠᠯᠠᠨ᠂ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠪᠤᠯᠤᠨ ᠵᠠᠰᠠᠭ ᠵᠠᠬᠢᠷᠭᠠᠨ ᠤ | ᠴᠢᠳᠠᠮᠵᠢ ᠶᠢ ᠳᠠᠰᠤᠷᠠᠯᠳᠠ ᠦᠬᠡᠢ ᠳᠡᠬᠡᠭᠰᠢᠯᠡᠬᠦᠯᠵᠡᠢ᠃ ᠨᠠᠮ ᠤᠨ ᠤᠯᠠᠨ ᠳᠦᠮᠡᠨᠴᠢ ᠱᠤᠭᠤᠮ ᠬᠦᠮᠦᠵᠢᠯ ᠤᠨ | ᠦᠢᠯᠡᠳᠤᠯᠬᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠶᠢᠨ ᠳᠤᠰᠬᠠᠢ ᠰᠡᠳᠤᠪᠳᠤ ᠬᠦᠮᠦᠵᠢᠯ | ᠢ ᠯᠠᠪᠳᠠᠭᠤᠨ ᠪᠠᠳᠤᠳᠠᠢ ᠦᠷᠨᠢᠬᠦᠯᠵᠤ᠂ ︽ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ︾ ᠰᠤᠷᠤᠯᠴᠠᠯᠭ᠎ᠠ | ᠬᠦᠮᠦᠵᠢᠯ ᠤᠨ ᠪᠠᠶᠢᠩᠭᠤᠵᠢᠭᠤᠯᠤᠯᠳᠠ ᠳᠦᠷᠢᠮᠵᠢᠬᠦᠯᠦᠯᠳᠡ ᠶᠢ ᠠᠬᠢᠭᠤᠯᠵᠠᠢ᠃ ᠡᠬᠦᠷᠬᠡ ᠬᠠᠷᠢᠭᠤᠴᠠᠯᠭ᠎ᠠ ᠶᠢᠨ | ᠨᠠᠷᠢᠨ ᠳᠠᠩᠰᠠ 3338 ᠵᠦᠢᠯ ᠢ ᠨᠡᠶᠢᠳᠡᠯᠡᠵᠤ᠂ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠳᠦᠷᠢᠮ᠂ | ᠭᠤᠷᠪᠠᠨ ᠴᠢᠬᠤᠯᠠ ᠨᠢᠬᠡ ᠶᠡᠭᠡ ᠪᠠᠶᠢᠬᠤ ᠬᠠᠮᠳᠤ ᠶᠢᠨ ᠰᠢᠢᠳᠪᠤᠷᠢᠳᠤ ᠪᠤᠳᠤᠯᠭ᠎ᠠ ᠶᠢᠨ ᠳᠦᠷᠢᠮ᠂ ᠬᠠᠤᠯᠢ ᠴᠠᠭᠠᠵᠠ | ᠶᠢᠨ ᠵᠦᠪᠯᠡᠭᠴᠢ ᠶᠢᠨ ᠳᠦᠷᠢᠮ ᠢ ᠳᠤᠭᠳᠠᠭᠠᠵᠠᠢ᠃ ᠠᠷᠠᠳ ᠤᠨ ᠳᠦᠯᠦᠬᠡᠯᠡᠭᠴᠢᠳ ᠤᠨ ᠵᠦᠪᠯᠡᠯᠬᠡ᠂ ᠰᠠᠨᠠᠯ᠂ | ᠰᠠᠨᠠᠭᠤᠯᠭ᠎ᠠ ᠪᠤᠯᠤᠨ ᠤᠯᠤᠰ ᠳᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢ 602 ᠬᠤᠪᠢ ᠬᠦᠢᠴᠡᠳᠬᠡᠵᠡᠢ᠃ | ᠭᠤᠤᠯᠳᠠᠯᠭ᠎ᠠ ᠲᠠᠢ ᠠᠵᠢᠯ ᠢ ︽ᠡᠳᠤᠷ ᠲᠤ ᠮᠦᠷᠳᠡᠨ ᠭᠠᠷᠠᠭ ᠲᠤ ᠮᠡᠳᠡᠬᠦᠯᠵᠤ ᠰᠠᠷ᠎ᠠ ᠳᠤ ᠳᠤᠬᠢᠷᠠᠭᠤᠯᠬᠤ︾᠂ | 24 ᠴᠠᠭ ᠲᠤ ᠠᠵᠢᠯᠯᠠᠬᠤ ᠶᠢ ᠪᠡᠶᠡᠯᠡᠬᠦᠯᠵᠡᠢ᠃ ᠨᠠᠮ ᠤᠨ ᠪᠠᠶᠢᠭᠤᠯᠤᠯᠳᠠ᠂ ᠨᠠᠮ ᠤᠨ ᠰᠤᠷᠳᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ᠂ ᠤᠬᠠᠮᠰᠠᠷ ᠤᠨ ᠬᠡᠯᠪᠡᠷᠢ ᠶᠢᠨ ︽ᠨᠢᠬᠡ ᠪᠠᠶᠢᠷᠢ ᠬᠤᠶᠠᠷ | ᠬᠠᠷᠢᠭᠤᠴᠠᠯᠭ᠎ᠠ︾ ᠶᠢ ᠡᠷᠡᠰ ᠬᠡᠷᠡᠭᠵᠢᠬᠦᠯᠵᠤ᠂ ᠨᠠᠮ ᠤᠨ ᠳᠦᠪ ᠬᠤᠷᠢᠶ᠎ᠠ ᠶᠢᠨ ᠨᠠᠢᠮᠠᠨ ᠳᠤᠭᠳᠠᠭᠠᠯ ᠤᠨ ᠵᠤᠷᠢᠭ | ᠰᠠᠨᠠᠭ᠎ᠠ ᠪᠤᠯᠤᠨ ᠡᠯ᠎ᠡ ᠱᠠᠳᠤᠨ ᠤ ᠢᠵᠢ ᠪᠦᠷᠢᠳᠤᠬᠦᠯᠦᠭᠰᠡᠨ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠬᠡᠷᠡᠭᠵᠢᠬᠦᠯᠵᠤ᠂ ᠬᠤᠷᠠᠯ ᠤᠨ ᠴᠠᠭ ᠬᠤᠭᠤᠴᠠᠭ᠎ᠠ ᠶᠢ 20% ᠪᠠᠷ ᠪᠠᠭᠠᠰᠬᠠᠵᠤ᠂ ᠪᠢᠴᠢᠭ ᠮᠠᠲ᠋ᠧᠷᠢᠶᠠᠯ ᠳᠠᠷᠬᠠᠭᠠᠬᠤ | ᠬᠡᠮᠵᠢᠶ᠎ᠡ ᠶᠢ 15% ᠪᠠᠷ ᠪᠠᠭᠠᠰᠬᠠᠪᠠ᠂ ᠠᠯᠪᠠᠨ ᠳᠤ ᠬᠡᠷᠡᠭᠯᠡᠬᠦ ᠳᠡᠷᠬᠡ 125 ᠶᠢ ᠦᠬᠡᠶᠢᠰᠬᠡᠵᠤ᠂ 2 ᠳᠦᠮᠡᠨ | ᠳᠡᠭᠰᠢ ᠳᠦᠷᠪᠡᠯᠵᠢᠨ ᠮᠧᠲᠷ ᠤᠨ ᠠᠵᠢᠯᠯᠠᠬᠤ ᠬᠡᠷ ᠢ ᠴᠡᠪᠡᠷᠯᠡᠵᠤ ︽ᠭᠤᠷᠪᠠᠨ ᠠᠯᠪᠠᠨ ᠤ ᠶᠠᠪᠤᠳᠠᠯ︾ ᠤᠨ ᠵᠠᠷᠤᠳᠠᠯ | ᠢ 30% ᠪᠠᠷ ᠪᠠᠭᠠᠰᠬᠠᠪᠠ᠃ | ᠳᠦᠯᠦᠬᠡᠯᠡᠭᠴᠢᠳ ᠡ᠂ ᠦᠩᠬᠡᠷᠡᠭᠰᠡᠨ ᠳᠠᠪᠤᠨ ᠵᠢᠯ ᠤᠨ ᠤᠯᠤᠭᠰᠠᠨ ᠠᠮᠵᠢᠯᠳᠠ ᠪᠦᠳᠦᠮᠵᠢ ᠪᠤᠯ ᠬᠢᠯᠪᠡᠷ | ᠪᠤᠰᠤ᠂ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢ ᠬᠦᠢᠴᠡᠳ ᠢᠯᠡᠷᠡᠬᠦᠯᠦᠭᠰᠡᠨ | ᠢᠶᠠᠷ ᠪᠠᠷᠠᠬᠤ ᠦᠬᠡᠢ᠂ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ | ᠳᠦᠷᠦ ᠶᠢᠨ ᠵᠦᠪᠯᠡᠯᠬᠡᠨ ᠤ ᠬᠢᠨᠠᠯᠳᠠ ᠳᠡᠮᠵᠢᠯᠬᠡ ᠶᠢᠨ ᠳᠤᠤᠷ᠎ᠠ᠂ ᠪᠦᠬᠦ ᠬᠤᠳᠠ ᠶᠢᠨ ᠡᠯ᠎ᠡ ᠦᠨᠳᠤᠰᠤᠳᠡᠨ ᠤ ᠺᠠᠳ᠋ᠷ | ᠤᠯᠠᠨ ᠳᠦᠮᠡᠨ ᠤ ᠬᠠᠳᠠᠭᠤᠵᠢᠯᠳᠠᠢ ᠴᠢᠷᠮᠠᠶᠢᠯᠭ᠎ᠠ ᠪᠠᠷ ᠤᠯᠤᠭᠰᠠᠨ ᠶᠤᠮ᠃ ᠡᠨᠡᠬᠦ ᠳᠠᠰᠢᠷᠠᠮ ᠢᠶᠠᠷ ᠪᠢ ᠠᠷᠠᠳ ᠤᠨ | ᠵᠠᠰᠠᠭ ᠤᠨ ᠤᠷᠳᠤᠨ ᠤ ᠡᠮᠤᠨ᠎ᠡ ᠠᠴᠠ ᠡᠯ᠎ᠡ ᠹᠷᠤᠨᠲ ᠲᠤ ᠰᠢᠷᠭᠠᠭᠤ ᠠᠵᠢᠯᠯᠠᠵᠤ ᠪᠠᠶᠢᠭ᠎ᠠ ᠪᠦᠬᠦ ᠬᠦᠳᠡᠯᠮᠤᠷᠢᠴᠢᠳ᠂ | ᠠᠵᠢᠯ ᠠᠴᠠ ᠪᠠᠨ ᠠᠮᠠᠷᠠᠵᠤ ᠪᠠᠭᠤᠭᠰᠠᠨ ᠠᠬᠠᠮᠠᠳ ᠨᠦᠬᠦᠳ᠂ ᠳᠦᠪ ᠤᠷᠤᠨ ᠬᠤᠳᠠ ᠶᠢᠨ ᠬᠠᠷᠢᠶᠠᠳᠤ ᠨᠢᠬᠡᠴᠡ᠂ | ᠬᠤᠳᠠ ᠳᠤ ᠰᠠᠭᠤᠭ᠎ᠠ ᠵᠡᠪᠰᠡᠭᠳᠤ ᠴᠠᠭᠳᠠᠭ᠎ᠠ ᠶᠢᠨ ᠠᠩᠬᠢ᠂ ᠤᠯᠤᠰ ᠳᠦᠷᠦ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ᠂ ᠬᠤᠤᠯᠢᠩᠭᠤᠤᠯ ᠤᠨ ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠬᠡᠳ ᠤᠨ ᠨᠠᠶᠢᠵᠠ ᠨᠠᠷ ᠲᠤ | ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠦᠶ᠎ᠡ︕ | ᠰᠠᠯᠬᠢᠨ ᠳᠤ ᠴᠤᠬᠢᠭᠳᠠᠵᠤ ᠪᠤᠷᠤᠭᠠᠨ ᠳᠤ ᠨᠤᠷᠤᠭᠳᠠᠭᠰᠠᠨ ᠳᠠᠪᠤᠨ ᠵᠢᠯ ᠳᠤ ᠪᠢᠳᠡ ᠬᠦᠨᠵᠡᠬᠡᠢ ᠦᠢᠯᠠᠭᠠᠵᠤ | ᠮᠡᠳᠡᠭᠰᠡᠨ ᠨᠢ᠄ ᠬᠤᠤᠯᠢᠩᠭᠤᠤᠯ ᠤᠨ ᠳᠡᠬᠡᠳᠤ ᠬᠡᠮᠵᠢᠶ᠎ᠡ ᠪᠠᠷ ᠬᠦᠭᠵᠢᠬᠦᠯᠵᠤ᠂ ᠪᠤᠬᠢᠷᠳᠤᠯ ᠤᠨ ᠬᠡᠯᠪᠡᠷᠢ ᠪᠠᠨ | ᠬᠤᠪᠢᠷᠠᠭᠤᠯᠬᠤ ᠶᠢ ᠪᠡᠶᠡᠯᠡᠬᠦᠯᠬᠦ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠬᠡᠢ | ᠪᠠᠷᠢᠮᠳᠠᠯᠠᠵᠤ᠂ ᠳᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠤᠩᠬᠡᠢ ᠬᠦᠭ ᠠᠶᠠᠰ ᠢ ᠢᠮᠠᠭᠳᠠ | ᠳᠤᠤᠱᠯᠠᠭᠤᠯᠵᠤ᠂ ᠤᠷᠤᠨ ᠨᠤᠳᠤᠭ ᠲᠠᠢ ᠪᠠᠨ ᠨᠡᠶᠢᠴᠡᠭᠰᠡᠨ ᠪᠤᠳᠠᠳᠠᠢ ᠬᠦᠭᠵᠢᠯᠳᠡ ᠶᠢᠨ ᠵᠠᠮ ᠢᠶᠠᠷ ᠶᠠᠪᠤᠨ᠎ᠡ︔ ᠡᠬᠢ | ᠪᠠᠶᠠᠯᠢᠭ ᠤᠨ ᠬᠡᠯᠪᠡᠷᠢ ᠶᠢ ᠤᠷᠤᠨ ᠨᠤᠳᠤᠭ ᠤᠨ ᠬᠡᠯᠪᠡᠷᠢ ᠪᠤᠯᠭᠠᠨ ᠬᠤᠪᠢᠷᠠᠭᠤᠯᠤᠨ ᠬᠦᠭᠵᠢᠬᠦᠯᠬᠦ ᠶᠢ ᠢᠮᠠᠭᠳᠠ | ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠡ ᠶᠢᠨ ᠬᠦᠴᠦᠯᠡᠬᠦ ᠴᠡᠭ ᠢᠶᠠᠨ ᠪᠤᠳᠠᠳᠤ ᠴᠤᠭᠴᠠ ᠶᠢᠨ ᠠᠵᠤ ᠠᠬᠤᠢ | ᠶᠢᠨ ᠳᠡᠬᠡᠷ᠎ᠡ ᠳᠠᠯᠪᠢᠨ᠎ᠠ︔ ᠪᠤᠬᠢᠷᠳᠤᠯ ᠦᠬᠡᠢ ᠬᠦᠭᠵᠢᠯᠳᠡ ᠶᠢᠨ ᠬᠦᠳᠦᠯᠦᠨ ᠳᠠᠭᠠᠭᠤᠯᠬᠤ ᠶᠢ ᠭᠤᠶᠢᠪᠢᠰᠢ ᠦᠬᠡᠢ | ᠪᠠᠷᠢᠮᠳᠠᠯᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠᠷ ᠠᠵᠤ ᠠᠬᠤᠢ ᠶᠢᠨ ᠬᠦᠭᠵᠢᠯᠳᠡ ᠶᠢᠨ ᠳᠡᠷᠢᠬᠦᠨ | ᠨᠦᠬᠦᠴᠡᠯ ᠪᠤᠯᠭᠠᠵᠤ᠂ ᠠᠮᠢ ᠠᠬᠤᠢ ᠶᠢᠨ ᠤᠷᠴᠢᠨ ᠳᠤᠭᠤᠷᠢᠨ ᠤ ᠰᠢᠨ᠎ᠡ ᠳᠠᠪᠠᠭᠤᠯᠢᠭ ᠢ ᠳᠠᠰᠤᠷᠠᠯᠳᠠ ᠦᠬᠡᠢ | ᠪᠤᠶᠢᠵᠢᠭᠤᠯᠤᠨ᠎ᠠ︔ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢ ᠭᠤᠶᠢᠪᠢᠰᠢ ᠦᠬᠡᠢ ᠪᠠᠷᠢᠮᠳᠠᠯᠠᠨ᠂ | ᠦᠬᠡᠷᠡᠴᠢᠯᠡᠯᠳᠡ ᠶᠢᠨ ᠠᠰᠢᠭ ᠤᠯᠵᠠᠪᠤᠷᠢ ᠶᠢ ᠬᠦᠢᠴᠡᠳ ᠳᠠᠯᠪᠢᠵᠤ᠂ ᠵᠠᠬ᠎ᠠ ᠳᠡᠯᠬᠡᠬᠦᠷ ᠤᠨ ᠠᠮᠢᠵᠢᠷᠠᠯ ᠤᠨ | ᠬᠦᠴᠦᠨ ᠬᠠᠷᠢᠯᠴᠠᠨ ᠦᠷᠢᠰᠤᠯᠳᠤᠨ ᠬᠦᠭᠵᠢᠬᠦ ᠪᠤᠯᠭᠠᠨ᠎ᠠ︔ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ | ᠶᠢᠨ ᠦᠵᠡᠯ ᠰᠠᠨᠠᠭ᠎ᠠ ᠶᠢ ᠭᠤᠶᠢᠪᠢᠰᠢ ᠦᠬᠡᠢ ᠪᠠᠷᠢᠮᠳᠠᠯᠠᠨ᠂ ᠠᠷᠠᠳ ᠳᠦᠮᠡᠨ ᠤ ᠨᠡᠶᠢᠳᠡᠮ ᠠᠩᠬᠠᠷᠴᠤ ᠪᠠᠶᠢᠭ᠎ᠠ | ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠳᠤᠰᠠ ᠶᠢᠨ ᠠᠰᠠᠭᠤᠳᠠᠯ ᠢ ᠬᠦᠴᠦᠨ ᠲᠠᠢ ᠰᠢᠢᠳᠪᠤᠷᠢᠯᠡᠵᠤ᠂ | ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠭᠤᠶᠤ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ | ᠳᠠᠰᠤᠷᠠᠯᠳᠠ ᠦᠬᠡᠢ ᠬᠠᠩᠭᠠᠨ᠎ᠠ᠃ ᠠᠬᠠᠮᠠᠳ ᠨᠢᠬᠡ ᠦᠶ᠎ᠡ ᠶᠢᠨ ᠪᠠᠶᠢᠭᠤᠯᠤᠭᠴᠢ ᠶᠢᠨ ︽ᠬᠡᠬᠡᠨ ᠰᠠᠷ᠎ᠠ ᠪᠠᠷ ᠳ᠋ᠧᠩ | ᠪᠤᠯᠭᠠᠨ ᠬᠦᠯᠦᠰᠤ ᠪᠠᠨ ᠠᠷᠴᠢᠵᠤ᠂ ᠴᠠᠰᠤ ᠪᠠᠷ ᠤᠰᠤ ᠪᠤᠯᠭᠠᠨ ᠬᠡᠮᠬᠡᠷᠬᠡᠢ ᠰᠠᠪᠠ ᠳᠤ ᠭᠤᠷᠪᠠᠨ ᠴᠠᠭ ᠤᠨ | ᠬᠤᠭᠤᠯᠠ ᠬᠢᠭᠰᠡᠨ︾ ᠴᠦᠬᠦᠷᠡᠰᠢ ᠦᠬᠡᠢ ᠴᠢᠷᠮᠠᠶᠢᠬᠤ ᠵᠤᠷᠢᠭ ᠰᠠᠨᠠᠭ᠎ᠠ ᠪᠤᠯᠤᠨ ᠭᠤᠶᠢᠪᠢᠰᠢ ᠦᠬᠡᠢ ᠵᠤᠷᠢᠭ ᠰᠠᠨᠠᠭ᠎ᠠ | ᠨᠢ ᠪᠢᠳᠡᠨ ᠤ ᠡᠬᠦᠷᠢᠳᠡ ᠶᠢᠨ ᠡᠷᠳᠡᠨᠢ ᠶᠢᠨ ᠡᠳ᠋ ᠪᠠᠶᠠᠯᠢᠭ ᠢᠶᠠᠨ ᠪᠤᠯᠭᠠᠵᠤ᠂ ᠰᠢᠨ᠎ᠡ ᠴᠠᠭ ᠦᠶ᠎ᠡ ᠳᠤ ᠪᠢᠳᠡ | ᠪᠦᠬᠦᠳᠡᠬᠡᠷ ᠢᠶᠠᠨ ᠪᠦᠯᠬᠦᠮᠳᠡᠨ ᠨᠢᠬᠡᠳᠴᠤ᠂ ᠬᠠᠨᠴᠤᠢ ᠰᠢᠮᠡᠯᠡᠨ ᠠᠵᠢᠯᠯᠠᠬᠤ ᠱᠠᠭᠠᠷᠳᠠᠭᠳᠠᠵᠤ᠂ ᠬᠤᠤᠯᠢᠩᠭᠤᠤᠯ ᠢᠶᠠᠨ | ᠡᠬᠦᠳᠤᠨ ᠪᠦᠳᠦᠬᠡᠬᠦ ᠵᠤᠷᠢᠭ ᠰᠠᠨᠠᠭ᠎ᠠ ᠴᠤᠭ ᠵᠢᠪᠬᠤᠭ᠎ᠠ ᠪᠠᠨ ᠨᠡᠩ ᠬᠦᠴᠦᠷᠬᠡᠭ ᠶᠡᠭᠡ ᠴᠠᠭ ᠦᠶ᠎ᠡ ᠶᠢᠨ ᠢᠪᠡᠬᠡᠯ | ᠬᠦᠴᠦᠨ ᠲᠠᠢ ᠪᠤᠯᠭᠠᠨ᠎ᠠ᠃ | ᠬᠤᠶᠠᠷ᠂ ᠡᠬᠦᠨ ᠠᠴᠠ ᠬᠤᠶᠢᠰᠢᠬᠢ ᠳᠠᠪᠤᠨ ᠵᠢᠯ ᠤᠨ ᠠᠵᠢᠯ ᠤᠨ ᠰᠡᠳᠬᠢᠴᠡ ᠪᠤᠯᠤᠨ ᠭᠤᠤᠯᠳᠠᠯᠭᠠᠳᠣ | ᠡᠬᠦᠷᠬᠡ | ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠴᠢᠬᠤᠯᠠ ᠶᠡᠭᠡ ᠮᠠᠭᠠᠳᠯᠠᠯᠳᠠ ᠶᠢ ᠵᠢᠭᠠᠵᠤ ᠭᠠᠷᠭᠠᠵᠠᠢ᠃ | ᠡᠨᠡᠬᠦ ᠰᠢᠨ᠎ᠡ ᠴᠠᠭ ᠦᠶ᠎ᠡ ᠶᠢᠨ ᠪᠠᠶᠢᠳᠠᠯ ᠳᠤᠤᠷ᠎ᠠ᠂ ᠳᠡᠩᠴᠡᠬᠦᠷᠢ ᠦᠬᠡᠢ ᠬᠦᠢᠴᠡᠳ ᠦᠬᠡᠢ ᠬᠦᠭᠵᠢᠯᠳᠡ ᠨᠢ | ᠬᠤᠤᠯᠢᠩᠭᠤᠤᠯ ᠤᠨ ᠱᠠᠳᠤᠴᠢ ᠴᠢᠨᠠᠷ ᠲᠠᠢ ᠤᠨᠴᠠᠯᠢᠭ ᠲᠠᠢ ᠪᠠᠶᠢᠬᠤ ᠪᠠᠷ ᠪᠠᠷᠠᠬᠤ ᠦᠬᠡᠢ ᠪᠢᠳᠡᠨ ᠳᠤ ᠳᠤᠯᠭᠠᠮ᠎ᠠ | ᠱᠠᠭᠠᠷᠳᠠᠭᠳᠠᠵᠤ ᠪᠠᠶᠢᠭ᠎ᠠ ᠳᠤᠭᠤᠯᠬᠤ ᠪᠤᠳᠠᠳᠠᠢ ᠠᠰᠠᠭᠤᠳᠠᠯ ᠮᠦᠨ᠃ ᠨᠢᠬᠡ ᠳᠤ᠂ ᠠᠵᠤ ᠦᠢᠯᠡᠰ ᠤᠨ ᠪᠦᠳᠦᠴᠡ | ᠶᠢᠨ ᠳᠤᠬᠢᠷᠠᠭᠤᠯᠤᠯᠳᠠ ᠶᠢᠨ ᠠᠯᠬᠤᠴᠠ ᠪᠠᠨ ᠳᠦᠷᠬᠡᠳᠬᠡᠬᠦ ᠴᠢᠬᠤᠯᠠᠳᠠᠢ᠃ ᠠᠵᠤ ᠦᠢᠯᠡᠰ ᠤᠨ ᠳᠡᠰ ᠳᠠᠪᠬᠤᠷᠭ᠎ᠠ | ᠦᠨᠳᠤᠷ ᠪᠤᠰᠤ᠂ ᠳᠠᠪᠠᠭᠤᠯᠢᠭ ᠳᠦᠷᠦᠯ ᠵᠦᠢᠯ ᠪᠠᠭᠠᠬᠠᠨ᠂ ᠢᠵᠢ ᠪᠦᠷᠢᠨᠰᠢᠭᠰᠡᠨ ᠳᠤᠯᠭᠠᠭᠤᠷᠢ ᠬᠦᠷᠦᠯᠴᠡᠬᠦ ᠦᠬᠡᠢ | ᠪᠠᠶᠢᠬᠤ ᠨᠢ ᠠᠵᠤ ᠦᠢᠯᠡᠰ ᠤᠨ ᠬᠦᠭᠵᠢᠯᠳᠡ ᠶᠢᠨ ᠭᠤᠤᠯ ᠠᠰᠠᠭᠤᠳᠠᠯ ᠪᠤᠯᠵᠤ᠂ ᠠᠵᠤ ᠦᠢᠯᠡᠰ ᠤᠨ ᠳᠡᠰ | ᠳᠡᠪᠰᠢᠬᠦ ᠶᠢ ᠳᠡᠬᠡᠳᠤ ᠳᠡᠰ ᠳᠡᠰᠢ ᠤᠷᠤᠭᠰᠢᠯᠠᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢ ᠤᠷᠤᠨ | ᠨᠤᠳᠤᠭ ᠤᠨ ᠬᠡᠯᠪᠡᠷᠢ ᠳᠡᠰᠢ ᠬᠤᠪᠢᠷᠠᠭᠤᠯᠬᠤ ᠬᠦᠭᠵᠢᠯᠳᠡ ᠶᠢ ᠳᠠᠷᠤᠢ ᠳᠦᠷᠬᠡᠨ ᠠᠬᠢᠭᠤᠯᠬᠤ ᠳᠤᠯᠭᠠᠮ᠎ᠠ | ᠱᠠᠭᠠᠷᠳᠠᠭᠳᠠᠵᠤ ᠪᠠᠶᠢᠨ᠎ᠠ᠃ ᠬᠤᠶᠠᠷ ᠲᠤ᠂ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠳᠤ | ᠦᠷᠬᠦᠯᠵᠢᠯᠡᠨ ᠪᠤᠭᠤᠮᠳᠠ ᠰᠢᠪᠳᠤᠯᠬᠤ ᠴᠢᠬᠤᠯᠠᠳᠠᠢ᠃ ᠠᠷᠠᠳ ᠤᠯᠠᠨ ᠤ ᠱᠠᠭᠠᠷᠳᠠᠵᠤ ᠪᠠᠶᠢᠭ᠎ᠠ ᠬᠢᠷᠢ ᠬᠡᠮᠵᠢᠶ᠎ᠡ᠂ | ᠳᠡᠰ ᠳᠡᠪᠰᠢᠬᠦ ᠶᠢ ᠳᠠᠰᠤᠷᠠᠯᠳᠠ ᠦᠬᠡᠢ ᠳᠡᠬᠡᠭᠰᠢᠯᠡᠬᠦᠯᠬᠦ ᠳᠤ ᠠᠵᠤ ᠠᠬᠤᠢ ᠶᠢ ᠶᠡᠭᠡ ᠪᠠᠷ ᠬᠦᠭᠵᠢᠬᠦᠯᠬᠦ ᠳᠤ | ᠰᠠᠭᠤᠷᠢ ᠪᠠᠳᠤᠯᠠᠭ᠎ᠠ ᠶᠢ ᠬᠠᠩᠭᠠᠵᠤ ᠦᠭᠬᠦ ᠪᠠᠷ ᠪᠠᠷᠠᠬᠤ ᠦᠬᠡᠢ ᠦᠬᠡᠷᠡᠴᠢᠯᠡᠯᠳᠡ ᠶᠢ ᠤᠯᠠᠮ ᠨᠢᠬᠡ ᠠᠯᠬᠤᠮ | ᠬᠦᠨᠵᠡᠬᠡᠶᠢᠷᠡᠬᠦᠯᠬᠦ ᠦᠷᠬᠦᠯᠵᠢᠯᠡᠬᠦ ᠬᠦᠳᠡᠯᠬᠡᠬᠦ ᠬᠦᠴᠦᠨ ᠢ ᠬᠠᠩᠭᠠᠵᠤ᠂ ᠴᠢᠨᠠᠭᠰᠢᠯᠠᠭᠠᠳ ᠢᠳᠡᠪᠬᠢᠳᠡᠢ ᠬᠦᠴᠦᠨ ᠲᠠᠢ | ᠠᠷᠭ᠎ᠠ ᠬᠡᠮᠵᠢᠶ᠎ᠡ ᠠᠪᠴᠤ ᠡᠯ᠎ᠡ ᠵᠦᠢᠯ ᠤᠨ ᠠᠶᠤᠯ ᠳᠦᠭᠰᠢᠬᠦᠷᠢ ᠶᠢ ᠰᠡᠷᠬᠡᠶᠢᠯᠡᠨ᠎ᠡ᠃ ᠭᠤᠷᠪᠠ ᠳᠤ᠂ ᠬᠦᠭᠵᠢᠯᠳᠡ | ᠶᠢᠨ ᠳᠤᠳᠠᠭᠳᠠᠯ ᠢ ᠬᠢᠵᠠᠭᠠᠷᠯᠠᠬᠤ ᠳᠤ ᠳᠠᠷᠤᠢ ᠳᠦᠷᠬᠡᠨ ᠨᠦᠬᠦᠪᠤᠷᠢᠯᠡᠬᠦ ᠴᠢᠬᠤᠯᠠᠳᠠᠢ᠃ ︽ᠨᠡᠬᠦᠷᠡᠰᠤ ᠴᠠᠬᠢᠯᠭᠠᠨ | ᠳᠤᠤᠷ ᠬᠦᠩᠬᠡᠨᠴᠠᠭᠠᠨ ᠡᠳ᠋ᠰᠢᠬᠦᠯᠬᠦ︾ ᠡᠷᠬᠢᠯᠳᠡᠳᠤ ᠠᠵᠤ ᠠᠬᠤᠢ ᠶᠢᠨ ᠠᠵᠤ ᠦᠢᠯᠡᠰ ᠤᠨ ᠪᠦᠳᠦᠴᠡ ᠶᠢᠨ | ᠳᠠᠪᠠᠭᠤᠯᠢᠭ ᠢᠶᠠᠨ ᠪᠠᠰᠠ ᠬᠦᠢᠴᠡᠳ ᠪᠠᠳᠠᠷᠠᠭᠤᠯᠵᠤ ᠴᠢᠳᠠᠭᠠᠳᠤᠢ᠂ ᠤᠰᠤ᠂ ᠭᠠᠵᠠᠷ ᠰᠢᠷᠤᠢ ᠵᠡᠷᠬᠡ ᠡᠬᠢ ᠪᠠᠶᠠᠯᠢᠭ | ᠤᠨ ᠬᠢᠵᠠᠭᠠᠷᠳᠤ ᠴᠢᠨᠠᠷ ᠤᠨ ᠠᠰᠠᠭᠤᠳᠠᠯ ᠢᠯᠡᠷᠡᠵᠤ᠂ ᠪᠠᠶᠢᠭᠠᠯᠢ ᠶᠢᠨ ᠰᠢᠳᠠᠮᠠᠬᠠᠢ ᠬᠡᠢ ᠵᠡᠷᠬᠡ ᠶᠢᠨ ᠢᠵᠢ | ᠪᠦᠷᠢᠳᠦᠭᠰᠡᠨ ᠡᠬᠢ ᠪᠠᠶᠠᠯᠢᠭ ᠤᠨ ᠬᠠᠩᠭᠠᠯᠭ᠎ᠠ ᠬᠦᠷᠦᠯᠴᠡᠬᠦ ᠦᠬᠡᠢ᠂ ᠠᠮᠢ ᠠᠬᠤᠢ ᠶᠢᠨ ᠤᠷᠴᠢᠨ ᠳᠤᠭᠤᠷᠢᠨ ᠤ | ᠬᠠᠮᠠᠭᠠᠯᠠᠯᠳᠠ ᠶᠢᠨ ᠠᠵᠢᠯ ᠤᠨ ᠡᠬᠦᠷᠬᠡ ᠬᠦᠨᠳᠤ᠂ ᠵᠠᠮ ᠬᠤᠯᠠ ᠪᠠᠶᠢᠬᠤ ᠳᠤᠯᠠ ᠪᠢᠳᠡᠨ ᠳᠤ ︽ᠳᠤᠳᠠᠭᠳᠠᠯ ᠢ | ᠨᠦᠬᠦᠪᠤᠷᠢᠯᠡᠬᠦ︾ ᠶᠢ ᠰᠠᠶᠢᠳᠣᠷ ᠬᠢᠬᠦ ᠲᠤᠮᠤ ᠠᠰᠠᠭᠤᠳᠠᠯ ᠳᠤᠯᠭᠠᠷᠠᠵᠤ ᠪᠠᠶᠢᠨ᠎ᠠ᠃ ᠳᠦᠷᠪᠡ ᠳᠤ᠂ ᠰᠢᠨ᠎ᠡ | ᠳᠠᠪᠠᠭᠤᠯᠢᠭ ᠰᠢᠨ᠎ᠡ ᠬᠦᠳᠡᠯᠬᠡᠬᠦᠷ ᠢ ᠪᠦᠬᠦ ᠳᠠᠯ᠎ᠠ ᠪᠠᠷ ᠤᠷᠮᠠᠰᠢᠭᠤᠯᠬᠤ ᠴᠢᠬᠤᠯᠠᠳᠠᠢ᠃ ᠤᠯᠤᠰ ᠤᠨ ᠵᠡᠬᠦᠨ | ᠬᠤᠶᠢᠳᠤ ᠤᠷᠤᠨ ᠢ ᠬᠦᠭᠵᠢᠬᠦᠯᠬᠦ᠂ ᠴᠠᠬᠢᠯᠭᠠᠨ ᠬᠦᠴᠦᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠬᠦ ᠵᠡᠷᠬᠡ ᠤᠯᠠᠨ ᠳᠦᠷᠦᠯ ᠤᠨ ᠠᠵᠠ ᠳᠤᠬᠢᠶᠠᠯ ᠳᠤ ᠬᠠᠨᠳᠤᠭᠤᠯᠤᠨ ᠪᠢᠳᠡᠨ ᠳᠤ ᠵᠠᠮ ᠢᠶᠠᠨ | ᠤᠨᠤᠪᠴᠢᠳᠠᠢ ᠰᠤᠩᠭᠤᠵᠤ᠂ ᠠᠰᠢᠭᠳᠠᠢ ᠠᠭᠤᠰᠤᠯᠴᠠᠨ᠂ ᠭᠠᠳᠠᠭᠠᠳᠤ ᠶᠢᠨ ᠠᠵᠠ ᠳᠤᠬᠢᠶᠠᠯ ᠢᠶᠠᠨ ᠳᠤᠳᠤᠭᠠᠳᠤ ᠶᠢᠨ | ᠪᠤᠳᠠᠳᠤ ᠬᠦᠴᠦᠨ ᠪᠤᠯᠭᠠᠨ ᠬᠤᠪᠢᠷᠠᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠢ ᠶᠢᠨ | ᠳᠠᠪᠠᠭᠤᠯᠢᠭ ᠪᠤᠯᠭᠠᠨ ᠬᠤᠪᠢᠷᠠᠭᠤᠯᠵᠤ᠂ ᠦᠬᠡᠷᠡᠴᠢᠯᠡᠯᠳᠡ ᠬᠦᠭᠵᠢᠯᠳᠡ ᠶᠢᠨ ᠢᠯᠠᠯᠳᠠ ᠶᠢ ᠢᠳᠡᠪᠬᠢᠳᠡᠢ ᠪᠠᠷ ᠤᠯᠬᠤ | ᠴᠢᠬᠤᠯᠠᠳᠠᠢ ᠪᠠᠶᠢᠨ᠎ᠠ᠃ | ᠡᠬᠦᠨ ᠠᠴᠠ ᠬᠤᠶᠢᠰᠢᠬᠢ ᠨᠢᠬᠡ ᠬᠤᠭᠤᠴᠠᠭᠠᠨ ᠳᠤ᠂ ᠪ᠊ᠵᠳᠡ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠠᠭᠤᠤ ᠶᠡᠭᠡ ᠳᠤᠭ ᠢ ᠦᠨᠳᠤᠷ ᠮᠠᠨᠳᠤᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠳᠦᠯᠦᠬᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠤᠯᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ᠂ ᠰᠢ | ᠶᠢᠨ ᠫᠢᠩ ᠶᠡᠷᠤᠩᠬᠡᠢ ᠱᠦᠵᠢ ᠶᠢᠨ ᠦᠪᠤᠷ ᠮᠤᠩᠭᠤᠯ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠪᠦᠬᠦ ᠳᠠᠯ᠎ᠠ | ᠪᠠᠷ ᠳᠤᠤᠱᠯᠠᠭᠤᠯᠵᠤ᠂ ︽ᠳᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠯᠠᠭᠤᠯᠤᠯᠳᠠ ᠶᠢ ᠨᠢᠬᠡᠳᠤᠯᠳᠡᠢ | ᠳᠦᠯᠦᠪᠯᠡᠨ ᠠᠬᠢᠭᠤᠯᠵᠤ᠂ ︽ ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠵᠤᠬᠢᠴᠠᠯᠳᠤᠭᠤᠯᠤᠨ ᠠᠬᠢᠭᠤᠯᠵᠤ᠂ ᠠᠯᠢᠪᠠ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ | ᠳᠤᠭᠳᠠᠭᠤᠨ ᠪᠠᠶᠢᠯᠭᠠᠬᠤ ᠶᠢᠨ ᠵᠡᠷᠬᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠤᠩᠬᠡᠢ ᠬᠦᠭ ᠠᠶᠠᠰ | ᠢ ᠪᠠᠷᠢᠮᠳᠠᠯᠠᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠤᠢ ᠪᠤᠯᠭᠠᠨ ᠦᠢᠯᠡᠳᠤᠯᠬᠡᠵᠢᠬᠦᠯᠬᠦ ᠶᠢ | ᠪᠠᠷᠢᠮᠳᠠᠯᠠᠵᠤ᠂ ᠴᠢᠨᠠᠷ ᠰᠠᠶᠢᠳᠠᠢ ᠲᠠᠢ ᠪᠠ ᠪᠤᠬᠢᠷᠳᠤᠯ ᠦᠬᠡᠢ ᠪᠠᠷ ᠬᠦᠭᠵᠢᠬᠦᠯᠬᠦ ᠶᠢ ᠪᠠᠷᠢᠮᠳᠠᠯᠠᠵᠤ᠂ ᠠᠷᠠᠳ ᠲᠦᠮᠡᠨ | ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ᠂ ᠤᠭ ᠰᠠᠨᠠᠭ᠎ᠠ ᠪᠠᠨ ᠦᠯᠤ ᠮᠠᠷᠳᠠᠵᠤ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠶᠢ ᠪᠠᠷᠢᠮᠳᠠᠯᠠᠵᠤ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ | ᠵᠢᠷᠤᠭᠯᠠᠭᠰᠠᠨ ᠠᠤᠭ᠎ᠠ ᠶᠡᠭᠡ ᠬᠡᠳᠤ ᠶᠢᠨ ᠳᠦᠯᠦᠪ ᠢ ᠪᠡᠶᠡᠯᠡᠬᠦᠯᠵᠤ᠂ ᠬᠤᠤᠯᠢᠩᠭᠤᠤᠯ ᠤᠨ ᠪᠤᠬᠢᠷᠳᠤᠯ ᠦᠬᠡᠢ | ᠪᠣᠯᠭᠠᠨ ᠬᠤᠪᠢᠷᠠᠭᠤᠯᠤᠨ ᠳᠡᠬᠡᠳᠤ ᠬᠤᠷᠳᠤᠴᠠ ᠪᠠᠷ ᠬᠦᠭᠵᠢᠬᠦᠯᠬᠦ ᠶᠢ ᠠᠬᠢᠭᠤᠯᠵᠤ᠂ ᠴᠢᠨᠡᠬᠡᠯᠢᠭ ᠨᠡᠶᠢᠬᠡᠮ ᠢ ᠪᠦᠬᠦ | ᠳᠠᠯ᠎ᠠ ᠪᠠᠷ ᠪᠡᠶᠡᠯᠡᠬᠦᠯᠵᠤ᠂ ᠨᠡᠶᠢᠬᠡᠮ ᠵᠢᠷᠤᠮᠳᠤ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠰᠢᠨ᠎ᠡ | ᠠᠶᠠᠯᠠᠯ ᠢᠶᠠᠨ ᠡᠬᠢᠯᠡᠬᠦᠯᠬᠦ ᠪᠠᠷ ᠴᠢᠷᠮᠠᠶᠢᠨ ᠳᠡᠮᠡᠴᠡᠵᠡᠬᠡᠶᠡ︕ | ᠪᠤᠳᠠᠳᠠᠢ ᠠᠵᠢᠯ ᠤᠨ ᠳᠤᠮᠳᠠ᠄ ︽ᠬᠦᠭᠵᠢᠯᠳᠡ ᠪᠠᠷ ᠭᠤᠤᠯ ᠰᠢᠵᠢᠮ ᠪᠤᠯᠭᠠᠬᠤ︾ ᠶᠢ ᠢᠮᠠᠭᠳᠠ | ᠪᠠᠷᠢᠮᠳᠠᠯᠠᠵᠤ᠂ ︽ᠳᠦᠷᠪᠡᠨ ᠣᠷᠣᠨ ᠬᠤᠶᠠᠷ ᠰᠠᠭᠤᠷᠢᠨ ᠭᠠᠵᠠᠷ︾ ᠢ ᠬᠦᠴᠦᠨ ᠲᠠᠢ ᠪᠠᠶᠢᠭᠤᠯᠵᠤ᠂ ︽ᠭᠤᠷᠪᠠᠨ | ᠠᠬᠢᠭᠤᠯᠤᠯ︾ ᠤᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠴᠢᠷᠮᠠᠶᠢᠨ ᠪᠡᠶᠡᠯᠡᠬᠦᠯᠦᠨ᠎ᠡ᠃ ︽ᠬᠦᠭᠵᠢᠯᠳᠡ ᠪᠠᠷ | ᠭᠤᠤᠯ ᠰᠢᠵᠢᠮ ᠪᠤᠯᠭᠠᠬᠤ︾ ᠬᠡᠳᠡᠭ ᠨᠢ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠡᠬᠡᠳᠤ ᠬᠤᠷᠳᠤᠴᠠ ᠪᠠᠷ | ᠬᠦᠭᠵᠢᠬᠦᠯᠬᠦ ᠳᠤ ᠳᠦᠪᠯᠡᠷᠡᠬᠦᠯᠦᠨ᠂ ᠪᠤᠬᠢᠷᠳᠤᠯ ᠦᠬᠡᠢ ᠪᠤᠯᠭᠠᠨ ᠬᠤᠪᠢᠷᠠᠭᠤᠯᠬᠤ ᠶᠢ ᠠᠬᠢᠭᠤᠯᠵᠤ᠂ ᠴᠢᠨᠡᠬᠡᠯᠢᠭ | ᠨᠡᠶᠢᠬᠡᠮ ᠢ ᠪᠦᠬᠦ ᠳᠠᠯ᠎ᠠ ᠪᠠᠷ ᠳᠡᠷᠢᠬᠦᠯᠡᠨ ᠪᠡᠶᠡᠯᠡᠬᠦᠯᠵᠤ᠂ ᠨᠡᠶᠢᠬᠡᠮ ᠵᠢᠷᠤᠮᠳᠤ ᠤᠳᠤᠬᠢᠴᠢᠯᠠᠯᠳᠠ ᠶᠢᠨ ᠪᠦᠳᠦᠬᠡᠨ | ᠪᠠᠶᠢᠭᠤᠯᠤᠯᠳᠠ ᠶᠢᠨ ᠰᠢᠨ᠎ᠡ ᠠᠶᠠᠯᠠᠯ ᠢᠶᠠᠨ ᠡᠬᠢᠯᠡᠬᠦᠯᠦᠨ᠎ᠡ᠃ ︽ᠳᠦᠷᠪᠡᠨ ᠤᠷᠤᠨ ᠬᠤᠶᠠᠷ ᠰᠠᠭᠤᠷᠢᠨ ᠭᠠᠵᠠᠷ︾ | ᠬᠡᠳᠡᠭ ᠨᠢ᠄ ᠡᠬᠢ ᠪᠠᠶᠠᠯᠢᠭ ᠤᠨ ᠬᠡᠯᠪᠡᠷᠢ ᠶᠢᠨ ᠤᠷᠤᠨ ᠢᠶᠠᠨ ᠬᠤᠪᠢᠷᠠᠭᠤᠯᠤᠨ ᠬᠦᠭᠵᠢᠯᠳᠡ ᠶᠢᠨ ᠵᠢᠱᠢᠶ᠎ᠡ | ᠦᠵᠡᠬᠦᠯᠬᠦ ᠤᠷᠤᠨ᠂ ᠦᠨᠳᠤᠷ ᠡᠨᠧᠷᠬᠢᠳᠤ ᠠᠴᠢᠶᠠᠯᠠᠪᠤᠷᠢ ᠶᠢᠨ ᠦᠢᠯᠡᠳᠬᠦᠨ ᠪᠤᠬᠢᠷᠳᠤᠯ ᠦᠬᠡᠢ ᠬᠦᠭᠵᠢᠯᠳᠡ ᠶᠢᠨ | ᠰᠢᠨ᠎ᠡ ᠪᠠᠷ ᠡᠬᠦᠳᠬᠦ ᠤᠷᠤᠨ᠂ ᠤᠷᠤᠨ ᠤ ᠴᠢᠨᠠᠷᠳᠠᠢ ᠠᠵᠤ ᠠᠬᠤᠢ ᠶᠢᠨ ᠨᠡᠬᠡᠬᠡᠯᠳᠡ ᠬᠦᠭᠵᠢᠯᠳᠡ ᠶᠢᠨ ᠳᠦᠪᠯᠡᠷᠡᠯ | ᠤᠨ ᠤᠷᠤᠨ᠂ ᠤᠳᠤᠬᠢᠴᠢᠯᠠᠭᠰᠠᠨ ᠠᠵᠤ ᠦᠢᠯᠡᠰ ᠬᠤᠳᠠ ᠤᠶᠠᠯᠳᠤᠨ ᠬᠦᠭᠵᠢᠯᠳᠡ ᠶᠢᠨ ᠰᠢᠨ᠎ᠡ ᠪᠠᠷ | ᠪᠠᠶᠢᠭᠤᠯᠤᠭᠰᠠᠨ ᠤᠷᠤᠨ ᠪᠤᠯᠤᠨ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠰᠵᠢᠭᠰᠡᠨ ᠦᠢᠯᠡᠳᠬᠦᠨ ᠤ ᠵᠢᠱᠢᠶ᠎ᠡ | ᠦᠵᠡᠬᠦᠯᠬᠦ ᠰᠠᠭᠤᠷᠢᠨ ᠭᠠᠵᠠᠷ᠂ ᠪᠦᠬᠦ ᠤᠯᠤᠰ ᠤᠨ ᠳᠡᠬᠡᠳᠤ ᠳᠡᠰ ᠤᠨ ᠬᠦᠩᠬᠡᠨᠴᠠᠭᠠᠨ ᠤ ᠰᠢᠨ᠎ᠡ ᠮᠠᠲ᠋ᠧᠷᠢᠶᠠᠯ ᠤᠨ | ᠠᠵᠤ ᠦᠢᠯᠳᠪᠤᠷᠢ ᠶᠢᠨ ᠰᠠᠭᠤᠷᠢᠨ ᠭᠠᠵᠠᠷ ᠢ ᠪᠠᠶᠢᠭᠤᠯᠬᠤ ᠪᠤᠯᠤᠨ᠎ᠠ᠃ ︽ᠭᠤᠷᠪᠠ ᠶᠢ ᠠᠬᠢᠭᠤᠯᠬᠤ︾ ᠪᠠᠶᠢᠯᠳᠤᠬᠤ | ᠪᠤᠳᠤᠯᠭ᠎ᠠ ᠶᠢᠨ ᠬᠠᠷᠠᠯᠳᠠ ᠬᠡᠳᠡᠭ ᠨᠢ᠄ ᠨᠡᠬᠦᠷᠡᠰᠤ ᠴᠠᠬᠢᠯᠭᠠᠨ ᠬᠦᠩᠬᠡᠨᠴᠠᠭᠠᠨ ᠤ ᠠᠵᠤ ᠦᠢᠯᠡᠰ ᠢ ᠳᠡᠬᠡᠳᠤ ᠳᠡᠰ | ᠤᠨ ᠬᠦᠩᠬᠡᠨᠴᠠᠭᠠᠨ ᠮᠠᠲ᠋ᠧᠷᠢᠶᠠᠯ ᠤᠨ ᠳᠤᠨᠤᠭ ᠳᠦᠬᠦᠬᠡᠷᠤᠮᠵᠢ ᠦᠢᠯᠡᠳᠬᠦ ᠠᠵᠤ ᠦᠢᠯᠡᠰ ᠪᠤᠯᠭᠠᠨ ᠤᠷᠳᠤᠳᠬᠠᠬᠤ | ᠶᠢ ᠠᠬᠢᠭᠤᠯᠬᠤ᠂ ᠬᠠᠭᠤᠴᠢᠨ ᠠᠵᠤ ᠦᠢᠯᠳᠪᠤᠷᠢ ᠶᠢᠨ ᠰᠠᠭᠤᠷᠢᠨ ᠭᠠᠵᠠᠷ ᠢ ᠠᠷᠢᠭᠤᠨ ᠴᠡᠪᠡᠷ ᠤᠨ ᠡᠨᠧᠷᠬᠢ ᠶᠢᠨ | ᠰᠠᠭᠤᠷᠢᠨ ᠭᠠᠵᠠᠷ ᠳᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠴᠢᠬᠤᠯᠠ ᠨᠡᠮᠡᠭᠳᠡᠯ ᠤᠨ ᠳᠦᠢᠯ ᠤᠨ | ᠠᠮᠢ ᠠᠬᠤᠢ ᠶᠢᠨ ᠪᠤᠯᠪᠠᠰᠤᠨ ᠤ ᠰᠠᠭᠤᠷᠢᠰᠢᠵᠣ ᠠᠵᠢᠯᠯᠠᠬᠤ ᠳᠤ ᠳᠤᠬᠢᠳᠠᠢ ᠰᠢᠨ᠎ᠡ ᠦᠨᠳᠦᠷᠯᠢᠭ ᠭᠠᠵᠠᠷ ᠪᠤᠯᠭᠠᠬᠤ | ᠠᠯᠬᠤᠴᠠ ᠶᠢ ᠠᠬᠢᠭᠤᠯᠤᠨ᠎ᠠ᠃ | ᠢᠷᠡᠬᠡᠳᠤᠢ ᠶᠢᠨ ᠳᠠᠪᠤᠨ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠳᠠᠭᠠᠭᠤᠯᠤᠨ᠂ ᠨᠠᠮ ᠤᠨ ᠠᠷᠪᠠ ᠶᠢᠰᠤᠳᠤᠬᠡᠷ ᠶᠡᠭᠡ | ᠬᠤᠷᠠᠯ ᠳᠤ ᠳᠤᠷᠠᠳᠤᠭᠰᠠᠨ ︽ᠨᠢᠬᠡ ᠰᠢᠢᠳᠪᠤᠷᠢᠳᠤ ᠢᠯᠠᠯᠳᠠ ᠤᠯᠬᠤ ᠬᠤᠭᠤᠴᠠᠭ᠎ᠠ᠂ ᠬᠤᠶᠠᠷ ᠱᠠᠳᠤ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠳᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ | ᠳᠤᠯᠤᠳᠤᠭᠠᠷ ᠬᠤᠭᠤᠴᠠᠭᠠᠨ ᠤ ᠶᠢᠰᠤᠳᠤᠬᠡᠷ ᠪᠦᠬᠦᠳᠡ ᠬᠤᠷᠠᠯᠳᠤᠭᠠᠨ ᠤ ᠠᠵᠢᠯ ᠤᠨ ᠪᠠᠶᠢᠷᠢᠯᠠᠭᠤᠯᠤᠯᠳᠠ ᠶᠢ | ᠴᠢᠩᠭ᠎ᠠ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠳᠡᠷᠢᠬᠦᠨ ᠳᠤ ᠳᠠᠯᠪᠢᠵᠤ᠂ ᠦᠷ᠎ᠡ ᠪᠦᠳᠦᠮᠵᠢ ᠶᠢ ᠤᠷᠢᠳᠠᠪᠠᠷ | ᠪᠤᠳᠤᠯᠬᠢᠯᠠᠬᠤ ᠶᠢ ᠪᠠᠷᠢᠮᠳᠠᠯᠠᠵᠤ᠂ ᠠᠵᠤ ᠠᠬᠤᠢ ᠶᠢᠨ ᠡᠷᠬᠢᠯᠳᠡ ᠶᠢᠨ ᠵᠤᠬᠢᠰᠳᠠᠢ ᠤᠷᠤᠨ ᠵᠠᠢ ᠶᠢ ᠪᠠᠳᠤᠯᠠᠵᠤ᠂ | ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠤᠨ ᠬᠤᠪᠢᠰᠤᠯᠳᠠ᠂ ᠦᠷ᠎ᠡ ᠪᠦᠳᠦᠮᠵᠢ ᠶᠢᠨ ᠬᠤᠪᠢᠰᠤᠯᠳᠠ᠂ | ᠬᠦᠳᠡᠯᠬᠡᠬᠦᠷ ᠬᠦᠴᠦᠨ ᠤ ᠬᠤᠪᠢᠰᠤᠯᠳᠠ ᠶᠢ ᠦᠳᠳᠤᠷ ᠳᠦᠷᠬᠡᠨ ᠠᠬᠢᠭᠤᠯᠵᠤ᠂ ᠴᠢᠨᠡᠬᠡᠯᠢᠭ ᠨᠡᠶᠢᠬᠡᠮ ᠢ ᠪᠦᠬᠦ | ᠳᠠᠯ᠎ᠠ ᠪᠠᠷ ᠪᠠᠶᠢᠭᠤᠯᠬᠤ ᠰᠠᠭᠤᠷᠢᠨ ᠳᠡᠬᠡᠷ᠎ᠡ ᠠᠰᠢᠭᠳᠠᠢ ᠪᠠᠶᠢᠳᠠᠯ ᠢ ᠠᠰᠢᠭᠯᠠᠨ ᠤᠷᠤᠭᠰᠢᠯᠠᠵᠤ᠂ ᠨᠡᠶᠢᠬᠡᠮ ᠵᠢᠷᠤᠮᠳᠤ | ᠤᠳᠤᠬᠢᠴᠢᠯᠠᠭᠰᠠᠨ ᠰᠢᠨ᠎ᠡ ᠠᠶᠠᠨ ᠢᠶᠠᠨ ᠡᠬᠢᠯᠡᠬᠦᠯᠦᠨ᠎ᠡ᠃ ᠪᠢᠳᠡ᠄ ᠭᠤᠤᠯᠳᠠᠯᠭ᠎ᠠ ᠶᠢ ᠠᠳᠬᠤᠵᠤ᠂ ᠳᠤᠳᠠᠭᠳᠠᠯ | ᠢᠶᠠᠨ ᠨᠦᠬᠦᠪᠤᠷᠢᠯᠡᠵᠤ᠂ ᠪᠠᠭᠤᠷᠠᠢ ᠳᠠᠯ᠎ᠠ ᠪᠠᠨ ᠴᠢᠩᠭᠠᠷᠠᠭᠤᠯᠬᠤ ᠶᠢ ᠭᠤᠶᠢᠪᠢᠰᠢ ᠦᠬᠡᠢ ᠳᠤᠪᠤᠶᠢᠯᠠᠭᠠᠨᠠ᠂ | ᠤᠨᠴᠠᠭᠠᠶᠢᠯᠠᠨ ᠳᠤᠮᠤ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ᠂ ᠤᠨᠢᠨ ᠳᠡᠬᠡᠷ᠎ᠡ ᠨᠢ ᠶᠠᠳᠠᠭᠤ ᠶᠢ | ᠳᠡᠳᠬᠦᠬᠦ᠂ ᠪᠤᠬᠢᠷᠳᠤᠯ ᠢ ᠰᠡᠷᠬᠡᠶᠢᠯᠡᠨ ᠵᠠᠰᠠᠬᠤ ᠳᠠᠶᠢᠯᠠᠯᠳᠤᠭᠠᠨ ᠵᠡᠷᠬᠡ ᠶᠢ ᠴᠢᠩᠭ᠎ᠠ ᠠᠳᠬᠤᠵᠤ᠂ ᠨᠡᠩ ᠴᠢᠨᠠᠷ | ᠰᠠᠶᠢᠳᠠᠢ ᠴᠢᠨᠡᠬᠡᠯᠢᠭ ᠨᠡᠶᠢᠬᠡᠮ ᠤᠨ ᠪᠠᠶᠢᠭᠤᠯᠤᠯᠳᠠ ᠶᠢ ᠳᠦᠷᠬᠡᠳᠬᠡᠨ᠎ᠡ︔ ᠡᠬᠢ ᠪᠠᠶᠠᠯᠢᠭ ᠤᠨ ᠬᠡᠯᠪᠡᠷᠢ ᠪᠠᠨ ᠭᠠᠵᠠᠷ | ᠤᠷᠤᠨ ᠤ ᠬᠡᠯᠪᠡᠷᠢ ᠪᠣᠯᠭᠠᠨ ᠬᠤᠪᠢᠷᠠᠭᠤᠯᠤᠨ ᠬᠦᠭᠵᠢᠬᠦᠯᠬᠦ ᠶᠢ ᠭᠤᠶᠢᠪᠢᠰᠢ ᠦᠬᠡᠢ ᠠᠬᠢᠭᠤᠯᠵᠤ᠂ | ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠳᠠ ᠶᠢ ᠳᠦᠬᠡᠳᠬᠡᠨᠡ︔ ᠪᠤᠳᠠᠳᠤ ᠴᠤᠭᠴᠠ ᠶᠢᠨ | ᠠᠵᠤ ᠠᠬᠤᠢ ᠶᠢ ᠭᠤᠶᠢᠪᠢᠰᠢ ᠦᠬᠡᠢ ᠪᠤᠵᠠᠭᠠᠶᠢᠷᠠᠭᠤᠯᠵᠤ᠂ ᠪᠦᠬᠦ ᠤᠯᠤᠰ ᠤᠨ ᠳᠡᠬᠡᠳᠤ ᠳᠡᠰ ᠤᠨ ᠬᠦᠩᠬᠡᠨᠴᠠᠭᠠᠨ | ᠰᠢᠨ᠎ᠡ ᠮᠠᠲ᠋ᠧᠷᠢᠶᠠᠯ ᠤᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠪᠠᠶᠢᠭᠤᠯᠤᠯᠳᠠ ᠪᠠᠨ ᠳᠦᠷᠬᠡᠳᠬᠡᠨ᠎ᠡ︔ | ᠦᠬᠡᠷᠡᠴᠢᠯᠡᠯᠳᠡ ᠨᠡᠬᠡᠬᠡᠯᠳᠡ ᠶᠢ ᠭᠤᠶᠢᠪᠢᠰᠢ ᠦᠬᠡᠢ ᠬᠦᠨᠵᠡᠬᠡᠶᠢᠷᠡᠬᠦᠯᠵᠤ᠂ ᠬᠦᠭᠵᠢᠯᠳᠡ ᠶᠢᠨ ᠱᠠᠭᠠᠷᠳᠠᠯᠭ᠎ᠠ ᠳᠤ | ᠨᠡᠩ ᠳᠤᠬᠢᠷᠠᠮᠵᠢᠳᠠᠢ ᠨᠡᠶᠢᠬᠡᠮ ᠤᠨ ᠶᠡᠷᠤᠩᠬᠡᠶᠢᠯᠡᠨ ᠵᠠᠰᠠᠬᠤ ᠳᠤᠭᠳᠠᠴᠠ ᠪᠤᠯᠤᠨ ᠬᠦᠳᠡᠯᠬᠡᠬᠦᠷ ᠤᠨ ᠬᠡᠯᠪᠡᠷᠢ ᠶᠢᠨ | ᠨᠡᠶᠢᠬᠡᠮ ᠢ ᠰᠢᠨ᠎ᠡ ᠪᠠᠷ ᠡᠬᠦᠳᠬᠦ ᠪᠠᠶᠢᠭᠤᠯᠤᠯᠳᠠ ᠶᠢ ᠳᠦᠷᠬᠡᠳᠬᠡᠨ᠎ᠡ︔ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢ ᠭᠤᠶᠢᠪᠢᠰᠢ ᠦᠬᠡᠢ ᠠᠳᠬᠤᠵᠤ᠂ ᠦᠵᠡᠰᠬᠦᠯᠡᠩᠳᠤ ᠰᠠᠶᠢᠬᠠᠨ ᠬᠤᠤᠯᠢᠩᠭᠤᠤᠯ ᠢᠶᠠᠨ ᠪᠦᠳᠦᠬᠡᠨ | ᠪᠠᠶᠢᠭᠤᠯᠬᠤ ᠶᠢ ᠳᠦᠷᠬᠡᠳᠬᠡᠨ᠎ᠡ︔ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ | ᠭᠤᠶᠢᠪᠢᠰᠢ ᠦᠬᠡᠢ ᠦᠢᠯᠡᠳᠤᠯᠬᠡᠵᠢᠬᠦᠯᠵᠤ᠂ ᠵᠤᠯ ᠵᠢᠷᠭᠠᠯᠳᠤ ᠬᠤᠤᠯᠢᠩᠭᠤᠤᠯ ᠢᠶᠠᠨ ᠪᠦᠳᠦᠬᠡᠨ ᠪᠠᠶᠢᠭᠤᠯᠤᠯᠳᠠ ᠶᠢ | ᠳᠦᠷᠬᠡᠳᠬᠡᠨ᠎ᠡ᠃ | ᠢᠷᠡᠬᠡᠳᠤᠢ ᠶᠢᠨ ᠳᠠᠪᠤᠨ ᠵᠢᠯ ᠳᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠤ ᠬᠦᠭᠵᠢᠯᠳᠡ ᠶᠢᠨ | ᠬᠡᠯᠪᠡᠷᠢ ᠪᠤᠯᠭᠠᠨ ᠬᠤᠪᠢᠷᠠᠭᠤᠯᠬᠤ ᠪᠠᠷ ᠬᠠᠷᠠᠯᠳᠠ ᠪᠤᠯᠭᠠᠵᠤ᠂ ︽ᠨᠡᠬᠦᠷᠡᠰᠤ ᠴᠠᠬᠢᠯᠭᠠᠨ ᠳᠤᠤᠷ ᠬᠦᠩᠬᠡᠨᠴᠠᠭᠠᠨ | ᠡᠳ᠋ᠰᠢᠬᠦᠯᠬᠦ︾ ᠪᠤᠳᠠᠳᠤ ᠴᠤᠭᠴᠠ ᠶᠢᠨ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ | ᠪᠦᠳᠦᠮᠵᠢ ᠶᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ ᠬᠤᠤᠯᠢᠩᠭᠤᠤᠯ ᠪᠤᠳᠠᠳᠤ ᠴᠤᠭᠴᠠ ᠶᠢᠨ ᠠᠵᠤ ᠠᠬᠤᠢ ᠶᠢ | ᠦᠨᠤᠳᠤᠷ ᠪᠤᠯᠳᠠᠯ᠎ᠠ ᠳᠦᠰᠢᠭᠯᠡᠵᠡᠢ᠂ ᠢᠷᠡᠬᠡᠳᠤᠢ ᠳᠤ ᠨᠡᠩ ᠳᠦᠰᠢᠭᠯᠡᠨ᠎ᠡ᠂ ᠪᠤᠳᠠᠳᠤ ᠴᠤᠭᠴᠠ ᠶᠢᠨ ᠠᠵᠤ ᠠᠬᠤᠢ | ᠪᠠᠷ ᠳᠠᠮᠵᠢᠪᠠᠯ ᠰᠠᠶ᠋ᠢ ᠬᠤᠤᠯᠢᠩᠭᠤᠤᠤᠯ ᠤᠨ ︽ᠠᠯᠳᠠ ᠮᠦᠩᠬᠦᠨ ᠠᠭᠤᠯᠠ︾ ᠪᠠᠨ ᠪᠠᠬᠢᠵᠢᠬᠦᠯᠵᠤ ᠴᠢᠳᠠᠨ᠎ᠠ᠃ | ᠬᠦᠭᠵᠢᠯᠳᠡ ᠶᠢ ᠳᠠᠷᠢᠬᠦᠨ ᠳᠤ ᠳᠠᠯᠪᠢᠬᠤ ᠶᠢ ᠢᠮᠠᠭᠳᠠ ᠪᠠᠷᠢᠮᠳᠠᠯᠠᠬᠤ ᠶᠢ ᠬᠦᠳᠡᠯᠬᠡᠬᠦ ᠦᠬᠡᠢ᠂ ᠰᠢᠨ᠎ᠡ ᠬᠦᠭᠵᠢᠯᠳᠡ | ᠶᠢᠨ ᠦᠢᠯᠠᠭᠠᠭᠳᠠᠬᠤᠨ ᠢᠶᠠᠷ ᠬᠦᠳᠦᠯᠤᠨ ᠳᠠᠭᠠᠭᠤᠯᠵᠤ᠂ ᠶᠠᠰᠤ ᠴᠢᠨᠠᠷ ᠢ ᠳᠡᠷᠢᠬᠦᠨ ᠳᠤ ᠳᠠᠯᠪᠢᠵᠤ᠂ ᠦᠷ᠎ᠡ | ᠪᠦᠳᠦᠮᠵᠢ ᠶᠢ ᠤᠷᠢᠳᠠᠪᠠᠷ ᠪᠤᠳᠤᠯᠬᠢᠯᠠᠬᠤ ᠶᠢ ᠪᠠᠷᠢᠮᠳᠠᠯᠠᠵᠤ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ | ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦᠯᠬᠦ ᠶᠢ ᠦᠷᠬᠦᠯᠵᠢᠯᠡᠨ ᠠᠬᠢᠭᠤᠯᠵᠤ᠂ ᠮᠢᠩᠭᠠᠨ ᠳ᠋ᠦᠩᠰᠢᠭᠤᠷ ᠳᠡᠰ ᠤᠨ ︽ᠨᠡᠬᠦᠷᠡᠰᠤ ᠴᠠᠬᠢᠯᠭᠠᠨ | ᠳᠤᠤᠷ ᠬᠦᠩᠬᠡᠨᠴᠠᠭᠠᠨ ᠡᠳ᠋ᠰᠢᠬᠦᠯᠬᠦ︾ ᠡᠷᠬᠢᠯᠳᠡᠳᠤ ᠠᠵᠤ ᠠᠬᠤᠢ ᠶᠢᠨ ᠠᠵᠤ ᠦᠢᠯᠡᠰ ᠤᠨ ᠰᠦᠷᠦᠭᠵᠢᠯ ᠢ | ᠪᠠᠶᠢᠭᠤᠯᠵᠤ᠂ ᠤᠳᠤᠬᠢᠴᠢᠯᠠᠭᠰᠠᠨ ᠠᠵᠤ ᠠᠬᠤᠢ ᠶᠢᠨ ᠳᠤᠭᠳᠠᠴᠠ ᠶᠢᠨ ᠪᠠᠶᠢᠭᠤᠯᠤᠯᠳᠠ ᠶᠢ ᠳᠦᠷᠬᠡᠳᠭᠡᠨᠡ᠃ | ᠳᠦᠩᠯᠢᠶᠤᠤ ᠶᠢᠨ ᠬᠤᠶᠢᠳᠤ ᠬᠡᠰᠡᠭ ᠤᠨ ︽ᠰᠠᠯᠬᠢᠨ ᠬᠡᠷᠡᠯ ᠭᠠᠯ︾ ᠤᠯᠠᠨ ᠡᠨᠧᠷᠬᠢ ᠶᠢᠨ ᠬᠠᠷᠢᠯᠴᠠᠨ | ᠨᠦᠬᠦᠪᠤᠷᠢᠯᠡᠨ ᠰᠦᠷᠦᠭᠵᠢᠬᠦ ᠰᠢᠯᠢᠳᠡᠭᠵᠢᠭᠰᠡᠨ ᠵᠢᠱᠢᠶ᠎ᠠ ᠦᠵᠡᠬᠦᠯᠬᠦ ᠳᠦᠷᠦᠯ ᠵᠦᠢᠯ ᠤᠨ ᠪᠠᠶᠢᠭᠤᠯᠤᠯᠳᠠ ᠶᠢ | ᠢᠳᠡᠪᠬᠢᠳᠡᠢ ᠠᠬᠢᠭᠤᠯᠵᠤ᠂ ᠳᠤᠤᠷ᠎ᠠ ᠦᠨ᠎ᠡ ᠶᠢᠨ ᠴᠠᠬᠢᠯᠭᠠᠨ ᠤ ︽ᠬᠤᠳᠤᠭᠤᠷ ᠭᠠᠵᠠᠷ︾ ᠤᠨ ᠳᠠᠪᠠᠭᠤᠯᠢᠭ ᠢᠶᠠᠨ | ᠦᠷᠬᠦᠯᠵᠢᠯᠡᠨ ᠦᠷᠬᠡᠳᠬᠡᠨ᠎ᠡ᠃ ᠬᠦᠩᠬᠡᠨᠴᠠᠭᠠᠨ ᠬᠠᠪᠳᠠᠰᠤ ᠶᠢᠨ ᠢᠯᠳᠠᠰᠤ᠂ ᠳᠡᠬᠡᠳᠤ ᠳᠡᠰ ᠤᠨ ᠬᠦᠩᠬᠡᠨᠴᠠᠭᠠᠨ ᠤ | ᠬᠠᠶᠢᠯᠤᠰᠢ ᠪᠠᠷ ᠭᠤᠤᠯ ᠪᠤᠯᠭᠠᠵᠤ᠂ ᠬᠦᠩᠬᠡᠨᠴᠠᠭᠠᠨ ᠢ ᠨᠠᠷᠢᠯᠢᠭ ᠡᠳ᠋ᠰᠢᠬᠦᠯᠬᠦ ᠠᠵᠤ ᠦᠢᠯᠡᠰ ᠤᠨ ᠬᠡᠯᠬᠢᠶ᠎ᠡ ᠶᠢ | ᠤᠷᠳᠤᠳᠬᠠᠨ ᠳᠡᠯᠬᠡᠷᠡᠬᠦᠯᠬᠦ ᠪᠠᠷ ᠳᠠᠮᠵᠢᠨ ᠳᠦᠬᠦᠬᠡᠢ ᠬᠦᠩᠬᠡᠨᠴᠠᠭᠠᠨ ᠤ ᠦᠢᠯᠡᠳᠬᠦᠨ ᠢ ᠢᠯᠭᠠᠷᠠᠭᠤᠯᠵᠤ᠂ | ᠦᠢᠯᠡᠳᠬᠦᠨ ᠤ ᠨᠡᠮᠡᠯᠳᠡ ᠦᠷᠳᠡᠭ ᠢ ᠳᠡᠬᠡᠭᠰᠢᠯᠡᠬᠦᠯᠦᠨ᠎ᠡ᠃ ᠭᠤᠤᠯᠳᠠᠭᠤ ᠮᠠᠰᠢᠨ ᠳᠡᠷᠬᠡ ᠶᠢᠨ ᠬᠦᠩᠬᠡᠪᠴᠢᠯᠡᠬᠦ᠂ | ᠵᠢᠮᠳᠤ ᠵᠠᠮ ᠨᠡᠪᠳᠡᠷᠡᠯᠬᠡ᠂ ᠳᠤᠨᠤᠭ ᠳᠦᠬᠦᠬᠡᠷᠤᠮᠵᠢ ᠦᠢᠯᠡᠳᠬᠦ᠂ ᠬᠦᠩᠬᠡᠨᠴᠠᠭᠠᠨ ᠤ ᠬᠡᠷ ᠤᠨ ᠬᠡᠷᠡᠭᠰᠡᠯ ᠵᠡᠷᠬᠡ ᠶᠢᠨ | ᠬᠦᠷᠢᠶ᠎ᠡ ᠴᠠᠷᠠᠭ᠎ᠠ ᠶᠢ ᠰᠦᠪᠡᠭᠴᠢᠯᠡᠨ ᠪᠠᠶᠢᠷᠢᠯᠠᠭᠤᠯᠵᠤ᠂ ᠨᠢᠬᠡ ᠪᠦᠯᠦᠭ ᠵᠠᠬ᠎ᠠ ᠳᠡᠯᠬᠡᠬᠦᠷ ᠤᠨ ᠬᠦᠭᠵᠢᠯ ᠤᠨ | ᠳᠦᠯᠦᠪ ᠰᠠᠶᠢᠳᠠᠢ᠂ ᠵᠠᠬ᠎ᠠ ᠳᠡᠯᠬᠡᠬᠦᠷ ᠤᠨ ᠱᠠᠭᠠᠷᠳᠠᠯᠭ᠎ᠠ ᠳᠤ ᠳᠤᠬᠢᠷᠠᠯᠴᠠᠬᠤ ᠳᠡᠬᠡᠳᠤ ᠳᠡᠰ ᠤᠨ ᠬᠦᠩᠬᠡᠨᠴᠠᠭᠠᠨ ᠢ | ᠨᠠᠷᠢᠯᠢᠭ ᠡᠳ᠋ᠰᠢᠬᠦᠯᠬᠦ ᠳᠦᠷᠦᠯ ᠵᠦᠢᠯ ᠢ ᠤᠷᠤᠭᠤᠯᠤᠨ ᠬᠡᠷᠡᠭᠵᠢᠬᠦᠯᠵᠤ᠂ ᠪᠦᠬᠦ ᠤᠯᠤᠰ ᠤᠨ ᠳᠡᠬᠡᠳᠤ ᠳᠡᠰ ᠤᠨ | ᠬᠦᠩᠬᠡᠨᠴᠠᠭᠠᠨ ᠰᠢᠨ᠎ᠡ ᠮᠠᠲ᠋ᠧᠷᠢᠶᠠᠯ ᠤᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠪᠤᠯᠭᠠᠨ ᠪᠠᠶᠢᠭᠤᠯᠬᠤ ᠶᠢ | ᠳᠦᠷᠬᠡᠳᠬᠡᠨ᠎ᠡ᠃ ᠬᠦᠩᠬᠡᠨᠴᠠᠭᠠᠨ ᠢ ᠳᠠᠬᠢᠨ ᠠᠰᠢᠭᠯᠠᠬᠤ ᠠᠵᠤ ᠦᠢᠯᠡᠰ ᠢ ᠬᠦᠴᠦᠨ ᠲᠠᠢ ᠬᠦᠭᠵᠢᠬᠦᠯᠵᠤ᠂ | ᠡᠷᠬᠢᠯᠳᠡᠳᠤ ᠠᠵᠤ ᠠᠬᠤᠢ ᠶᠢᠨ ᠦᠢᠯᠠᠭᠠᠭᠳᠠᠬᠤᠨ ᠢ ᠬᠦᠩᠬᠡᠨᠴᠠᠭᠠᠨ ᠤ ᠠᠵᠢᠯ ᠳᠦᠷᠦᠯ ᠳᠤ ᠬᠡᠷᠡᠭᠯᠡᠬᠦ ᠶᠢ | ᠠᠬᠢᠭᠤᠯᠤᠨ᠎ᠠ᠃ ᠠᠵᠤ ᠦᠢᠯᠡᠳᠪᠤᠷᠢ ᠶᠢᠨ ᠬᠠᠶᠠᠭᠳᠠᠮᠠᠯ ᠪᠤᠳᠠᠰ ᠢ ᠳᠠᠬᠢᠨ ᠠᠰᠢᠭᠯᠠᠵᠤ᠂ ᠬᠠᠳᠠᠭᠤ ᠪᠡᠶᠡᠳᠤ | ᠬᠠᠶᠠᠭᠳᠠᠮᠠᠯ ᠡᠳ᠋ ᠢ ᠬᠡᠮᠵᠢᠶᠡᠯᠡᠬᠦ᠂ ᠬᠤᠤᠷ᠎ᠠ ᠦᠬᠡᠢ ᠪᠠᠷ ᠰᠢᠢᠳᠪᠤᠷᠢᠯᠡᠬᠦ ᠠᠬᠢᠴᠠ ᠶᠢ ᠳᠦᠷᠬᠡᠳᠬᠡᠨ᠎ᠡ᠃ | ᠢᠷᠡᠬᠡᠳᠤᠢ ᠶᠢᠨ ᠲᠠᠪᠤᠨ ᠵᠢᠯ ᠳᠤ᠂ ᠦᠬᠡᠷᠡᠴᠢᠯᠡᠯᠳᠡ ᠶᠢᠨ ᠰᠢᠨ᠎ᠡ ᠶᠢ ᠡᠬᠦᠳᠬᠦ ᠪᠠᠶᠢᠯᠳᠤᠬᠤ ᠪᠤᠳᠤᠯᠭ᠎ᠠ ᠪᠠᠷ | ᠳᠤᠯᠭᠠᠭᠤᠷᠢᠯᠠᠬᠤ ᠦᠢᠯᠡᠳᠤᠯ ᠢ ᠢᠯᠡᠳᠳᠡ ᠢᠯᠡᠷᠡᠬᠦᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠳᠤ | ᠦᠷᠬᠦᠯᠵᠢᠯᠡᠬᠦ ᠬᠦᠴᠦᠳᠡᠢ ᠬᠦᠳᠡᠯᠬᠡᠬᠦ ᠬᠦᠴᠦᠨ ᠢ ᠬᠠᠩᠭᠠᠵᠤ ᠦᠭᠬᠦᠨ᠎ᠡ᠃ ᠵᠠᠰᠠᠭ ᠤᠨ ᠤᠷᠳᠤᠨ ᠪᠤᠯᠤᠨ ᠵᠠᠬ᠎ᠠ | ᠳᠡᠯᠬᠡᠬᠦᠷ ᠤᠨ ᠬᠠᠷᠢᠴᠠᠭ᠎ᠠ ᠪᠠᠨ ᠰᠠᠶᠢᠳᠤᠷ ᠰᠢᠢᠳᠪᠤᠷᠢᠯᠡᠵᠤ᠂ ᠵᠠᠬ᠎ᠠ ᠳᠡᠯᠬᠡᠬᠦᠷ ᠤᠨ ᠡᠬᠢ ᠪᠠᠶᠠᠯᠢᠭ ᠢ | ᠳᠤᠬᠢᠷᠠᠭᠤᠯᠬᠤ ᠳᠤᠮᠳᠠᠬᠢ ᠶᠢᠨ ᠳᠤᠭᠳᠠᠭᠠᠬᠤ ᠴᠢᠨᠠᠷᠳᠠᠢ ᠦᠢᠯᠡᠳᠤᠯ ᠢᠶᠠᠨ ᠪᠠᠳᠠᠷᠠᠭᠤᠯᠵᠤ᠂ ᠵᠠᠰᠠᠭ ᠤᠨ ᠤᠷᠳᠤᠨ | ᠠᠵᠤ ᠠᠬᠤᠶᠢᠯᠠᠯ ᠬᠠᠮᠳᠤᠷᠠᠨ ᠬᠦᠳᠡᠯᠤᠯᠴᠡᠵᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ ᠵᠡᠷᠬᠡ ᠬᠡᠯᠪᠡᠷᠢ ᠪᠠᠷ | ᠳᠠᠮᠵᠢᠨ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠵᠤ᠂ ᠳᠠᠪᠠᠭᠤᠯᠢᠭ ᠢᠶᠠᠨ ᠳᠠᠬᠢᠨ ᠪᠤᠶᠢᠵᠢᠭᠤᠯᠵᠤ᠂ | ᠳᠤᠳᠠᠭᠳᠠᠯ ᠢᠶᠠᠨ ᠨᠦᠬᠦᠪᠤᠷᠢᠯᠡᠬᠦ ᠵᠡᠷᠬᠡ ᠳᠠᠯ᠎ᠠ ᠪᠠᠷ ᠦᠢᠯᠡᠳᠪᠤᠷᠢᠯᠡᠯ ᠤᠨ ᠡᠯᠧᠮᠧᠨ᠋ᠲ ᠤᠨ ᠬᠡᠪᠴᠢᠶᠡᠵᠢᠯ ᠤᠨ | ᠳᠦᠪᠯᠡᠷᠡᠯ ᠢ ᠠᠬᠢᠭᠤᠯᠤᠨ᠎ᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠦᠬᠡᠷᠡᠴᠢᠯᠡᠯᠳᠡ ᠪᠠᠷ ᠭᠤᠤᠯ | ᠪᠤᠯᠭᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠬᠡᠷᠡᠴᠢᠯᠡᠯᠳᠡ ᠶᠢ ᠳᠦᠷᠬᠡᠳᠬᠡᠵᠤ᠂ ᠵᠠᠰᠠᠭ | ᠤᠨ ᠤᠷᠳᠤᠨ ᠤ ᠦᠢᠯᠡᠴᠢᠯᠡᠬᠡᠨ ᠤ ᠠᠵᠤ ᠠᠬᠤᠢ ᠶᠢᠨ ᠬᠦᠭᠵᠢᠯᠳᠡ ᠶᠢᠨ ᠴᠢᠳᠠᠮᠵᠢ ᠪᠤᠯᠤᠨ ᠬᠢᠷᠢ ᠬᠡᠮᠵᠢᠶ᠎ᠡ ᠶᠢ | ᠤᠯᠠᠮ ᠨᠢᠬᠡ ᠠᠯᠬᠤᠮ ᠳᠡᠬᠡᠭᠰᠢᠯᠡᠬᠦᠯᠦᠨ᠎ᠡ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠦᠷᠬᠦᠯᠵᠢᠯᠡᠨ ᠬᠦᠨᠵᠡᠬᠡᠶᠢᠷᠡᠬᠦᠯᠵᠤ᠂ ᠪᠤᠳᠠᠳᠤ ᠴᠤᠭᠴᠠᠳᠤ ᠠᠵᠤ ᠠᠬᠤᠢ ᠳᠤ ᠦᠢᠯᠡᠴᠢᠯᠡᠬᠦ ᠦᠷ᠎ᠡ ᠠᠰᠢᠭ ᠢ | ᠬᠦᠴᠦᠳᠡᠢ ᠨᠡᠮᠡᠭᠳᠡᠬᠦᠯᠦᠨ᠎ᠡ᠃ ᠰᠢᠨ᠎ᠡ ᠡᠬᠡᠯᠵᠢ ᠶᠢᠨ ᠵᠡᠬᠦᠨ ᠬᠤᠶᠢᠳᠤ ᠤᠷᠤᠨ ᠤ ᠬᠦᠭᠵᠢᠬᠦᠯᠦᠨ ᠮᠠᠨᠳᠤᠭᠤᠯᠬᠤ ᠶᠢ | ᠪᠡᠬᠡᠵᠢᠩ ᠲᠢᠶᠠᠨᠵᠢᠨ ᠡᠾᠪᠧᠢ ᠲᠠᠢ ᠠᠵᠤ ᠠᠬᠤᠢ ᠶᠢᠨ ᠬᠦᠷᠢᠶᠡᠯᠡᠩ ᠪᠤᠯᠤᠨ ᠪᠦᠸᠧ ᠬᠠᠢ ᠳᠠᠩᠬᠢᠰ ᠤᠨ ᠳᠤᠭᠤᠷᠢᠨ | ᠤ ᠠᠵᠤ ᠠᠬᠤᠢ ᠶᠢᠨ ᠪᠦᠰᠡ ᠲᠠᠢ ᠢᠳᠡᠪᠬᠢᠳᠡᠢ ᠠᠭᠤᠰᠤᠯᠴᠠᠭᠤᠯᠵᠤ᠂ ᠦᠨᠳᠤᠷ ᠬᠤᠷᠳᠤᠴᠠᠳᠤ ᠳᠡᠮᠤᠷ ᠵᠠᠮ᠂ | ᠦᠨᠳᠤᠷ ᠬᠤᠷᠳᠤᠴᠠᠳᠤ ᠵᠠᠰᠠᠮᠠᠯ ᠵᠠᠮ ᠢ ᠰᠦᠪᠡᠭᠴᠢᠯᠡᠨ ᠪᠠᠶᠢᠭᠤᠯᠵᠤ᠂ ︽ᠪᠤᠭᠤᠮᠳᠠ ᠨᠡᠪᠳᠡᠷᠡᠨ ᠳᠠᠯᠠᠢ ᠳᠤ ᠬᠦᠷᠬᠦ | ᠂ ᠳᠤᠳᠤᠭᠠᠳᠤ ᠭᠠᠳᠠᠭᠠᠳᠤ ᠳᠤ ᠬᠠᠮᠳᠤᠷᠠᠨ ᠨᠡᠪᠳᠡᠷᠡᠬᠦ᠂ ᠳᠦᠷᠪᠡᠨ ᠵᠦᠭ ᠨᠠᠢᠮᠠᠨ ᠵᠤᠪᠬᠢᠰ ᠲᠤ ᠨᠡᠪᠳᠡᠷᠡᠬᠦ︾ | ᠵᠦᠷᠢᠯᠢᠭᠵᠢᠭᠰᠡᠨ ᠵᠠᠮ ᠬᠠᠷᠢᠯᠴᠠᠭ᠎ᠠ ᠶᠢᠨ ᠰᠢᠰᠲ᠋ᠧᠮ ᠲᠤ ᠲᠦᠰᠢᠭᠯᠡᠵᠤ᠂ ᠵᠡᠬᠦᠨ ᠭᠠᠳᠠᠪᠴᠢ ᠪᠤᠭᠤᠮᠳᠠ᠂ ᠵᠢᠨᠵᠧᠤ | ᠭᠠᠷᠠᠮ᠂ ᠳ᠋ᠠᠯᠢᠶᠠᠨ ᠭᠠᠷᠠᠮ᠂ ᠳᠢᠶᠠᠨᠵᠢᠨ ᠭᠠᠷᠠᠮ ᠲᠠᠢ ᠵᠤᠯᠭᠠᠯᠴᠠᠭᠤᠯᠤᠨ ᠬᠠᠮᠵᠢᠯᠴᠠᠬᠤ ᠶᠢ ᠬᠦᠨᠵᠡᠬᠡᠶᠢᠷᠡᠬᠦᠯᠵᠤ᠂ | ᠪᠦᠬᠦ ᠳᠠᠯ᠎ᠠ ᠪᠠᠷ ᠨᠡᠬᠡᠬᠡᠯᠳᠡ ᠬᠢᠬᠦ ᠰᠢᠨ᠎ᠡ ᠬᠡᠯᠪᠡᠷᠢ ᠮᠠᠶ᠋ᠢᠭ ᠪᠠᠶᠢᠭᠤᠯᠬᠤ ᠶᠢ ᠳᠦᠷᠬᠡᠳᠬᠡᠨ᠎ᠡ᠃ ︽ᠰᠢᠨ᠎ᠡ ᠶᠢ | ᠡᠬᠦᠳᠬᠦ ᠪᠠᠷ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠬᠦᠳᠡᠯᠬᠡᠬᠡᠨ ᠢ ᠬᠦᠳᠤᠯᠦᠨ ᠳᠠᠭᠠᠭᠤᠯᠬᠤ︾ ᠶᠢ | ᠬᠦᠨᠵᠡᠬᠡᠢ ᠦᠷᠨᠢᠬᠦᠯᠵᠤ᠂ ︽ᠳᠡᠬᠡᠳᠤ ᠰᠢᠨ᠎ᠡ ᠮᠡᠷᠬᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ᠂ ᠠᠵᠤ ᠦᠢᠯᠡᠰ | ᠤᠨ ᠰᠢᠨ᠎ᠡ ᠶᠢ ᠡᠬᠦᠳᠬᠦ ᠴᠢᠳᠠᠪᠤᠷᠢ ᠶᠢ ᠳᠡᠬᠡᠭᠰᠢᠯᠡᠬᠦᠯᠬᠦ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠡᠷᠡᠭᠯᠡᠯᠳᠡ ᠶᠢ | ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠴᠢᠳᠠᠪᠤᠷᠢᠳᠠᠨ ᠢ ᠬᠦᠮᠦᠵᠢᠬᠦᠯᠬᠦ᠂ | ᠠᠷᠢᠭᠤᠨ ᠴᠡᠪᠡᠷ ᠤᠨ ᠡᠨᠧᠷᠬᠢ ᠶᠢᠨ ᠰᠠᠭᠤᠷᠢᠨ ᠭᠠᠵᠠᠷ ᠢ ᠪᠠᠶᠢᠭᠤᠯᠬᠤ︾ ᠳᠠᠪᠤᠨ ᠶᠡᠭᠡ ᠢᠨᠵᠧᠨᠧᠷᠢᠩ ᠢ ᠭᠤᠤᠯ | ᠬᠡᠷᠡᠭᠵᠢᠬᠦᠯᠵᠤ᠂ ᠰᠢᠨ᠎ᠡ ᠶᠢ ᠡᠬᠦᠳᠬᠦ ᠦᠷ᠎ᠡ ᠪᠦᠳᠦᠮᠵᠢ ᠶᠢ ᠬᠤᠪᠢᠷᠠᠭᠤᠯᠬᠤ ᠪᠠᠷ ᠭᠤᠤᠯ ᠪᠤᠯᠭᠠᠵᠤ᠂ ᠳᠡᠬᠡᠳᠤ | ᠰᠢᠨ᠎ᠡ ᠮᠡᠷᠬᠡᠵᠢᠯ ᠤᠨ ᠠᠵᠤ ᠦᠢᠯᠡᠰᠵᠢᠬᠦᠯᠦᠯᠳᠡ ᠳᠠᠸᠠᠷᠵᠢᠭᠤᠯᠤᠯᠳᠠ ᠶᠢ ᠠᠬᠢᠭᠤᠯᠤᠨ᠎ᠠ᠃ ᠭᠤᠤᠯ ᠳᠤᠷᠰᠢᠯᠳᠠ | ᠶᠢᠨ ᠬᠡᠷ᠂ ᠢᠨᠵᠧᠨᠧᠷᠢᠩ ᠤᠨ ᠮᠡᠷᠬᠡᠵᠢᠯ ᠤᠨ ᠰᠤᠳᠤᠯᠭᠠᠨ ᠤ ᠳᠦᠪ᠂ ᠠᠵᠤ ᠠᠬᠤᠶᠢᠯᠠᠯ ᠤᠨ ᠮᠡᠷᠬᠡᠵᠢᠯ ᠤᠨ | ᠰᠤᠳᠤᠯᠭᠠᠨ ᠤ ᠳᠦᠪ ᠵᠡᠷᠬᠡ ᠰᠢᠨ᠎ᠡ ᠶᠢ ᠡᠬᠦᠳᠬᠦ ᠰᠢᠨ᠎ᠡ ᠳᠠᠪᠴᠠᠩ ᠢ ᠳᠦᠷᠬᠡᠳᠬᠡᠨ ᠪᠠᠶᠢᠭᠤᠯᠵᠤ᠂ ᠳᠤᠮᠤ ᠳᠤᠮᠳᠠ | ᠬᠡᠯᠪᠡᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠭᠠᠨ ᠤ ᠳᠠᠪᠴᠠᠩ ᠤᠨ | ᠪᠦᠷᠬᠦᠴᠡ ᠶᠢ ᠴᠢᠷᠮᠠᠶᠢᠨ ᠪᠡᠶᠡᠯᠡᠬᠦᠯᠤᠨ᠎ᠡ᠃ ︽ᠤᠯᠠᠨ ᠤ ᠡᠬᠦᠳᠬᠦ ᠤᠷᠤᠨ ᠵᠠᠢ︾ ᠵᠡᠷᠬᠡ ᠶᠢᠨ ᠰᠢᠨ᠎ᠡ ᠬᠡᠯᠪᠡᠷᠢ | ᠶᠢᠨ ᠠᠵᠤ ᠠᠬᠤᠶᠢᠯᠠᠯ ᠤᠨ ᠳᠠᠪᠴᠠᠩ ᠢ ᠵᠤᠷᠢᠭᠵᠢᠭᠤᠯᠤᠨ ᠬᠦᠭᠵᠢᠬᠦᠯᠵᠤ᠂ ᠡᠯ᠎ᠡ ᠬᠦᠷᠢᠶ᠎ᠡ ᠴᠠᠷᠠᠭ᠎ᠠ ᠶᠢᠨ | ᠰᠢᠨᠵᠢᠯᠡᠬᠦ ᠤᠬᠠᠭᠠᠨ ᠮᠡᠷᠬᠡᠵᠢᠯ ᠤᠨ ᠴᠢᠳᠠᠪᠤᠷᠢᠳᠠᠨ ᠢ ᠦᠷᠬᠡᠨ ᠢᠶᠠᠷ ᠤᠷᠤᠭᠤᠯᠤᠨ ᠠᠪᠴᠢᠷᠠᠨ᠎ᠠ᠃ ᠳᠡᠬᠡᠳᠤ ᠰᠢᠨ᠎ᠡ | ᠮᠡᠷᠬᠡᠵᠢᠯ ᠤᠨ ᠦᠢᠯᠡᠳᠬᠦᠨ ᠤ ᠬᠠᠷᠢᠴᠠᠯ ᠢ ᠳᠤᠭᠳᠠᠭᠤᠨ ᠢᠶᠠᠷ ᠳᠡᠬᠡᠭᠰᠢᠯᠡᠬᠦᠯᠵᠤ᠂ ︽ᠤᠯᠤᠰ ᠤᠨ ᠳᠡᠰ ᠤᠨ | ᠳᠡᠬᠡᠳᠤ ᠰᠢᠨ᠎ᠡ ᠮᠡᠷᠬᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠤᠷᠤᠨ︾ ᠢ ᠡᠬᠦᠳᠤᠨ ᠪᠠᠶᠢᠭᠤᠯᠤᠨ᠎ᠠ᠃ | ᠢᠷᠡᠬᠡᠳᠤᠢ ᠶᠢᠨ ᠳᠠᠪᠤᠨ ᠵᠢᠯ ᠳᠤ᠂ ᠨᠢᠬᠡᠳᠤᠭᠡᠷ ᠭᠤᠷᠪᠠᠳᠤᠭᠠᠷ ᠠᠵᠤ ᠦᠢᠯᠡᠰ ᠢ ᠬᠠᠮᠳᠤᠷᠠᠨ ᠬᠦᠭᠵᠢᠬᠦᠯᠦᠨ | ᠮᠠᠨᠳᠤᠭᠤᠯᠬᠤ ᠶᠢ ᠪᠠᠷᠢᠮᠳᠠᠯᠠᠵᠤ᠂ ᠤᠳᠤᠬᠢᠴᠢᠯᠠᠭᠰᠠᠨ ᠠᠵᠤ ᠠᠬᠤᠢ ᠶᠢᠨ ᠳᠤᠭᠳᠠᠴᠠ ᠪᠤᠯᠤᠨ ᠬᠦᠭᠵᠢᠯᠳᠡ ᠶᠢᠨ ᠬᠡᠪ | ᠵᠠᠭᠪᠤᠷ ᠪᠠᠶᠢᠭᠤᠯᠬᠤ ᠶᠢ ᠳᠦᠷᠬᠡᠳᠬᠡᠨ᠎ᠡ᠃ ᠳᠤᠯᠭᠠᠭᠤᠷᠢᠯᠠᠬᠤ ᠠᠵᠤ ᠦᠢᠯᠡᠰ ᠤᠨ ᠬᠦᠭᠵᠢᠯᠳᠡ ᠶᠢᠨ | ᠦᠢᠯᠡᠳᠪᠤᠷᠢᠯᠡᠬᠦ ᠴᠢᠨᠠᠷᠳᠠᠢ ᠦᠢᠯᠡᠴᠢᠯᠡᠭᠡ ᠶᠢᠨ ᠳᠤᠭᠤᠷᠢᠨ ᠳᠤ ︽ᠡᠭᠦᠯᠡᠨ ᠬᠠᠩᠭᠠᠯᠭ᠎ᠠ ᠶᠢ ᠬᠡᠯᠬᠢᠶᠡᠯᠡᠬᠦ︾᠂ | ᠭᠤᠷᠪᠠᠳᠤᠭᠠᠷ ᠡᠳᠡᠬᠡᠳ ᠤᠨ ᠡᠳ᠋ ᠪᠠᠷᠠᠭᠠᠨ ᠤ ᠬᠦᠢᠯᠬᠡᠬᠡ᠂ ᠬᠢᠯᠢ ᠶᠢ ᠳᠠᠪᠠᠭᠰᠠᠨ ᠡᠯᠧᠺᠲᠷᠤᠨ ᠬᠤᠳᠠᠯᠳᠤᠭᠠᠨ ᠤ | ᠶᠠᠪᠤᠳᠠᠯ ᠵᠡᠷᠬᠡ ᠰᠢᠨ᠎ᠡ ᠬᠡᠯᠪᠡᠷᠢ ᠶᠢᠨ ᠠᠷᠠᠯᠵᠢᠶᠠᠨ ᠤ ᠬᠡᠯᠪᠡᠷᠢ ᠮᠠᠶ᠋ᠢᠭ ᠢ ᠳᠠᠮᠵᠢᠨ ᠶᠡᠷᠤᠩᠬᠡᠶᠢᠯᠠᠩᠰᠡᠨ ᠡᠳ᠋ ᠪᠠᠷᠠᠭᠠᠨ | ᠤ ᠬᠦᠢᠯᠬᠡᠬᠡ ᠶᠢᠨ ᠬᠦᠷᠢᠶᠡᠯᠡᠩ ᠳᠤᠭᠤᠷᠢᠭ᠂ ᠳᠡᠮᠤᠷ ᠵᠠᠮ ᠤᠨ ᠳᠤᠰᠬᠠᠢ ᠬᠡᠷᠡᠭᠯᠡᠬᠦ ᠱᠤᠭᠤᠮ᠂ ᠬᠦᠩᠬᠡᠨᠴᠠᠭᠠᠨ ᠤ | ᠦᠢᠯᠡᠳᠬᠦᠨ ᠤ ᠬᠠᠳᠠᠭᠠᠯᠠᠮᠵᠢ᠂ ᠭᠠᠶᠢᠯᠢ ᠶᠢ ᠪᠠᠳᠤᠯᠠᠬᠤ ᠡᠳ᠋ ᠪᠠᠷᠠᠭᠠᠨ ᠤ ᠬᠦᠢᠯᠬᠡᠬᠡ ᠶᠢᠨ ᠳᠦᠪ ᠵᠡᠷᠬᠡ ᠶᠢᠨ | ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ᠎ᠡ᠃ ᠪᠦᠬᠦ ᠤᠷᠤᠨ ᠤ | ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠵᠤ᠂ ᠵᠤᠭᠠᠴᠠᠯ ᠤᠨ ᠰᠠᠭᠤᠷᠢ ᠳᠦᠬᠦᠬᠡᠷᠤᠮᠵᠢ ᠶᠢᠨ ᠳᠡᠰ ᠪᠤᠯᠤᠨ | ᠤᠯᠠᠨ ᠨᠡᠶᠢᠳᠡ ᠶᠢᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠤᠯᠠᠮ ᠨᠢᠬᠡ ᠠᠯᠬᠤᠮ ᠳᠡᠬᠡᠭᠰᠢᠯᠡᠬᠦᠯᠵᠤ᠂ | ᠵᠤᠭᠠᠴᠠᠭᠰᠠᠳ ᠲᠤ ᠬᠤᠨᠤᠬᠤ ᠬᠡᠷ ᠲᠠᠢ ᠨᠠᠭᠠᠳᠬᠤ ᠳᠤ ᠪᠠᠭ᠋ᠠᠳᠠᠢ ᠪᠤᠯᠭᠠᠵᠤ᠂ ᠵᠢᠭᠤᠯᠴᠢᠯᠠᠯ ᠤᠨ ᠦᠢᠯᠡᠰ ᠤᠨ | ᠭᠠᠭᠴᠠᠭᠠᠷᠳᠠᠮᠠᠯ ᠪᠠᠶᠢᠭᠰᠠᠨ ︽ᠦᠵᠡᠮᠵᠢ ᠰᠤᠨᠢᠷᠬᠠᠬᠤ︾ ᠠᠴᠠ ᠨᠢ ᠰᠤᠯᠠ ᠰᠡᠯᠡᠬᠦᠴᠡᠬᠦ᠂ ᠦᠢᠯᠠᠭᠠᠬᠤ᠂ ᠵᠤᠰᠠᠬᠤ᠂ | ᠠᠮᠠᠷᠠᠬᠤ᠂ ᠰᠠᠭᠤᠷᠢᠰᠢᠬᠤ᠂ ᠪᠡᠶ᠎ᠡ ᠰᠤᠪᠢᠯᠠᠬᠤ ᠵᠡᠷᠬᠡ ᠳᠡᠰᠢ ᠬᠤᠪᠢᠷᠠᠭᠤᠯᠤᠨ᠎ᠠ᠃ ᠵᠢᠭᠤᠯᠴᠢᠯᠠᠯ ᠤᠨ ᠡᠬᠢ ᠪᠠᠶᠠᠯᠢᠭ | ᠪᠤᠯᠤᠨ ᠰᠤᠶᠤᠯ ᠤᠨ ᠳᠤᠳᠤᠭᠠᠳᠤ ᠠᠭᠤᠯᠭ᠎ᠠ ᠶᠢ ᠬᠦᠨᠵᠡᠬᠡᠢ ᠠᠭᠤᠳᠠᠯᠠᠵᠤ᠂ ︽ᠰᠤᠶᠤᠯ ᠤᠨ ᠵᠢᠭᠤᠯᠴᠢᠯᠠᠯ ᠢ | ᠡᠬᠦᠳᠬᠦ᠂ ᠪᠢᠩᠲ᠋ᠤᠸᠠᠨ ᠤ ᠨᠤᠳᠤᠭ ᠤᠨ ᠵᠢᠭᠤᠯᠴᠢᠯᠠᠯ᠂ ᠰᠤᠯᠠ ᠵᠤᠭᠠᠴᠠᠨ ᠦᠪᠡᠷᠳᠡᠬᠡᠨ ᠵᠢᠯᠤᠭᠤᠳᠬᠤ | ᠵᠢᠭᠤᠯᠴᠢᠯᠠᠯ᠂ ᠳᠠᠯ᠎ᠠ ᠨᠤᠳᠤᠭ ᠤᠨ ᠠᠮᠢ ᠠᠬᠤᠢ ᠶᠢᠨ ᠵᠢᠭᠤᠯᠴᠢᠯᠠᠯ᠂ ᠬᠦᠳᠡᠭᠡ ᠳᠤᠰᠬᠤᠨ ᠤ ᠬᠦᠳᠡᠭᠡ ᠨᠤᠳᠤᠭ | ᠤᠨ ᠵᠢᠭᠤᠯᠴᠢᠯᠠᠯ᠂ ᠤᠳᠤᠬᠢᠴᠢᠯᠠᠭᠰᠠᠨ ᠠᠵᠤ ᠦᠢᠯᠡᠳᠪᠤᠷᠢ ᠶᠢᠨ ᠵᠢᠭᠤᠯᠴᠢᠯᠠᠯ︾ ᠵᠡᠷᠬᠡ ᠵᠢᠭᠤᠯᠴᠢᠯᠠᠯ ᠤᠨ | ᠦᠢᠯᠡᠳᠬᠦᠨ ᠢ ᠳᠡᠷᠢᠬᠦᠯᠡᠨ ᠬᠢᠵᠤ᠂ ᠡᠪᠤᠯ ᠤᠨ ᠤᠯᠠᠷᠢᠯ ᠤᠨ ᠴᠠᠰᠤ ᠮᠦᠰᠤᠨ ᠤ ᠵᠢᠭᠤᠯᠴᠢᠯᠠᠯ᠂ ᠵᠤᠨ ᠤ ᠤᠯᠠᠷᠢᠯ | ᠤᠨ ᠵᠤᠰᠠᠯᠠᠩ ᠤᠨ ᠵᠢᠭᠤᠯᠴᠢᠯᠠᠯ᠂ ᠬᠠᠪᠤᠷ ᠨᠠᠮᠤᠷ ᠤᠨ ᠰᠤᠯᠠ ᠰᠡᠯᠡᠬᠦᠴᠡᠬᠦ ᠵᠢᠭᠤᠯᠴᠢᠯᠠᠯ ᠵᠡᠷᠬᠡ ᠳᠦᠷᠪᠡᠨ ᠤᠯᠠᠷᠢᠯ | ᠤᠨ ᠵᠢᠭᠤᠯᠴᠢᠯᠠᠯ ᠤᠨ ᠠᠴᠢᠶᠠᠯᠠᠪᠤᠷᠢ ᠶᠢ ᠢᠳᠡᠪᠬᠢᠳᠡᠢ ᠳᠡᠯᠬᠡᠷᠡᠬᠦᠯᠵᠤ᠂ ᠵᠤᠭᠠᠴᠠᠯ ᠤᠨ ᠳᠦᠪᠯᠡᠷᠡᠬᠦᠯᠵᠤ ᠳᠠᠷᠬᠠᠭᠠᠬᠤ | ᠳᠦᠪ ᠤᠨ ᠬᠠᠩᠭᠠᠯᠭ᠎ᠠ ᠶᠢᠨ ᠦᠢᠯᠡᠴᠢᠯᠡᠭᠡ ᠶᠢᠨ ᠴᠢᠳᠠᠪᠤᠷᠢ ᠶᠢ ᠳᠠᠰᠤᠷᠠᠯᠳᠠ ᠦᠬᠡᠢ ᠳᠡᠬᠡᠭᠰᠢᠯᠡᠬᠦᠯᠵᠤ᠂ | ᠵᠢᠭᠤᠯᠴᠢᠯᠠᠯ ᠤᠨ ᠦᠢᠯᠡᠰ ᠤᠨ ᠬᠦᠭᠵᠢᠯᠳᠡ ᠳᠤ ᠰᠢᠨ᠎ᠡ ᠳᠠᠪᠠᠭᠤᠯᠢᠭ ᠢ ᠳᠠᠯᠪᠢᠵᠤ ᠦᠭᠴᠡᠢ᠃ ᠡᠬᠦᠨ ᠤ ᠬᠠᠮᠳᠤ᠂ | ᠬᠤᠭᠤᠯᠠᠨ ᠬᠡᠷ ᠢᠳᠡᠬᠡᠨ ᠤᠮᠳᠠᠭᠠᠨ᠂ ᠨᠠᠰᠤᠵᠢᠯ ᠤᠨ ᠠᠰᠠᠷᠠᠮᠵᠢ᠂ ᠮᠡᠳᠡᠭᠡ ᠵᠠᠩᠬᠢ ᠶᠢᠨ ᠯᠠᠪᠯᠠᠯᠭ᠎ᠠ᠂ ᠬᠡᠷ ᠪᠦᠯᠢ | ᠶᠢᠨ ᠦᠢᠯᠡᠴᠢᠯᠡᠬᠡᠨ ᠵᠡᠷᠬᠡ ᠠᠮᠢᠳᠤᠷᠠᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠶᠡᠭᠡ ᠪᠠᠷ ᠬᠦᠭᠵᠢᠬᠦᠯᠵᠤ᠂ | ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢ ᠳᠦᠷᠬᠡᠨ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠳᠠ | ᠪᠠᠷ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠴᠢᠬᠤᠯᠠ ᠤᠷᠢᠳᠠᠯ ᠪᠤᠯᠭᠠᠵᠤ᠂ ᠪᠤᠬᠢᠷᠳᠤᠯ ᠦᠬᠡᠢ᠂ | ᠤᠷᠭᠠᠨᠢᠭ᠂ ᠨᠡᠶᠢᠳᠡ ᠶᠢᠨ ᠬᠦᠨᠦᠬᠡᠯ ᠦᠬᠡᠢ ᠪᠠᠷ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ | ᠬᠦᠭᠵᠢᠯᠳᠡ ᠶᠢᠨ ᠴᠢᠭᠯᠡᠯ ᠪᠤᠯᠭᠠᠵᠤ᠂ ᠳᠠᠷᠢᠵᠤ ᠳᠡᠵᠢᠬᠡᠬᠦ ᠦᠢᠯᠡᠰ ᠤᠨ ᠪᠦᠳᠦᠴᠡ ᠶᠢᠨ ᠳᠤᠬᠢᠷᠠᠭᠤᠯᠤᠯᠳᠠ ᠪᠤᠯᠤᠨ | ᠦᠢᠯᠡᠳᠪᠤᠷᠢᠯᠡᠯ ᠤᠨ ᠠᠷᠭ᠎ᠠ ᠮᠠᠶ᠋ᠢᠭ ᠬᠤᠪᠢᠷᠠᠭᠤᠯᠬᠤ ᠶᠢ ᠳᠠᠷᠤᠢ ᠳᠦᠷᠬᠡᠨ ᠠᠬᠢᠭᠤᠯᠵᠤ᠂ ᠳᠦᠬᠦᠬᠡᠷᠤᠮᠵᠢᠳᠤ | ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠬᠡᠵᠢᠯ ᠤᠨ ᠬᠢᠷᠢ ᠬᠡᠮᠵᠢᠶ᠎ᠡ ᠶᠢ ᠳᠠᠰᠤᠷᠠᠯᠳᠠ ᠦᠬᠡᠢ ᠳᠡᠬᠡᠭᠰᠢᠯᠡᠬᠦᠯᠵᠤ᠂ | ᠨᠡᠶᠢᠬᠡᠮ ᠢ ᠵᠤᠷᠢᠭᠵᠢᠭᠤᠯᠤᠨ ᠬᠦᠷᠦᠩᠬᠡ ᠪᠠᠷ ᠢᠶᠠᠨ ᠬᠡᠷ ᠪᠦᠯᠢ ᠶᠢᠨ ᠮᠠᠯᠵᠢᠯ ᠤᠨ ᠳᠠᠯᠠᠪᠤᠷ ᠡᠷᠬᠢᠯᠡᠬᠦᠯᠵᠤ᠂ ᠮᠠᠯ ᠤᠨ | ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ ᠶᠠᠰᠤ ᠴᠢᠨᠠᠷ ᠤᠨ ᠪᠦᠬᠦ ᠶᠠᠪᠤᠴᠠ ᠶᠢᠨ ᠮᠦᠷᠳᠡᠬᠦ ᠳᠤᠭᠳᠠᠴᠠ | ᠶᠢ ᠪᠠᠶᠢᠭᠤᠯᠵᠤ᠂ ᠳᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠴᠢᠨᠠᠷ ᠢ ᠳᠡᠬᠡᠭᠰᠢᠯᠡᠬᠦᠯᠦᠨ ᠠᠰᠢᠭ ᠢ | ᠨᠡᠮᠡᠭᠳᠡᠬᠦᠯᠬᠦ ᠶᠢ ᠠᠬᠢᠭᠤᠯᠤᠨ᠎ᠠ᠃ | ᠢᠷᠡᠬᠡᠳᠤᠢ ᠶᠢᠨ ᠳᠠᠪᠤᠨ ᠵᠢᠯ ᠳᠤ᠂ ᠪᠤᠬᠢᠷᠳᠤᠯ ᠦᠬᠡᠢ ᠬᠦᠭᠵᠢᠯᠳᠡ ᠪᠠᠷ ᠭᠤᠤᠯ ᠬᠦᠭ ᠠᠶᠠᠰ ᠪᠤᠯᠭᠠᠵᠤ᠂ | ᠦᠵᠡᠰᠬᠦᠯᠡᠩᠳᠤ ᠰᠠᠶᠢᠬᠠᠨ ᠬᠢᠬᠡᠳ ᠬᠦᠭᠵᠢᠭᠰᠡᠨ ᠬᠠᠮᠳᠤ ᠶᠢᠨ ᠢᠯᠡᠯᠳᠡ ᠪᠠᠷ ᠬᠤᠤᠯᠢᠩᠭᠤᠤᠯ ᠤᠨ ᠠᠮᠢᠳᠤᠯᠢᠭ | ᠦᠢᠯᠡᠳᠤᠯᠬᠡ ᠪᠤᠯᠭᠠᠨ᠎ᠠ᠃ ᠪᠤᠬᠢᠷᠳᠤᠯ ᠦᠬᠡᠢ ᠬᠦᠭᠵᠢᠯᠳᠡ ᠶᠢᠨ ᠦᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ | ᠪᠤᠬᠢᠷᠳᠤᠯ ᠦᠬᠡᠢ ᠡᠨᠧᠷᠬᠢ ᠶᠢᠨ ᠠᠵᠤ ᠦᠢᠯᠡᠰ ᠤᠨ ᠬᠡᠯᠬᠢᠶ᠎ᠡ᠂ ᠪᠤᠬᠢᠷᠳᠤᠯ ᠦᠬᠡᠢ ᠡᠨᠧᠷᠬᠢ ᠶᠢᠨ ᠳᠠᠸᠠᠷ ᠤᠨ | ᠬᠡᠯᠬᠢᠶ᠎ᠡ᠂ ᠪᠤᠬᠢᠷᠳᠤᠯ ᠦᠬᠡᠢ ᠡᠨᠧᠷᠬᠢ ᠶᠢᠨ ᠬᠠᠩᠭᠠᠯᠭ᠎ᠠ ᠶᠢᠨ ᠬᠡᠯᠬᠢᠶ᠎ᠡ ᠶᠢ ᠬᠦᠴᠦᠨ ᠲᠠᠢ ᠪᠠᠶᠢᠭᠤᠯᠵᠤ᠂ ︽ᠬᠠᠮᠤᠭ | ᠴᠢᠩᠭ᠎ᠠ ᠤᠷᠴᠢᠨ ᠳᠤᠭᠤᠷᠢᠨ ᠤ ᠦᠢᠯᠠᠭᠠᠭᠳᠠᠬᠤᠨ︾ ᠢ ᠳᠤᠯᠭᠠᠭᠤᠷᠢᠯᠠᠬᠤ ᠠᠵᠤ ᠦᠢᠯᠡᠰ ᠤᠨ ᠬᠦᠭᠵᠢᠯᠳᠡ ᠶᠢᠨ | ᠪᠦᠬᠦ ᠶᠠᠪᠤᠴᠠ ᠳᠤ ᠳᠤᠤᠱᠯᠠᠭᠤᠯᠵᠤ᠂ ᠠᠮᠢ ᠨᠠᠰᠤᠨ ᠳᠠᠭᠠᠨ ᠬᠠᠨᠳᠤᠬᠤ ᠲᠠᠢ ᠠᠳᠠᠯᠢ ᠪᠠᠷ ᠠᠮᠢ ᠠᠬᠤᠢ ᠶᠢᠨ | ᠤᠷᠴᠢᠨ ᠳᠤᠭᠤᠷᠢᠨ ᠳᠤ ᠬᠠᠨᠳᠤᠵᠤ᠂ ᠠᠮᠢ ᠠᠬᠤᠢ ᠶᠢᠨ ᠪᠠᠶᠢᠭᠤᠯᠤᠯᠳᠠ ᠪᠠᠷ ᠳᠠᠮᠵᠢᠨ ᠬᠤᠤᠯᠢᠩᠭᠤᠤᠯ ᠤᠨ ︽ | ᠬᠦᠬᠡᠮᠳᠦᠭ ᠤᠰᠤ ᠨᠤᠭᠤᠭᠠᠨ ᠠᠭᠤᠯᠠ︾ ᠶᠢ ᠰᠠᠶᠢᠬᠠᠨ ᠪᠠᠶᠢᠭᠤᠯᠤᠨ᠎ᠠ᠃ ᠪᠤᠬᠢᠷ ᠪᠤᠳᠠᠰ ᠢ ᠭᠠᠳᠠᠭᠰᠢᠯᠠᠭᠤᠯᠬᠤ | ᠢᠨᠵᠧᠨᠧᠷᠢᠩ ᠤᠨ ᠦᠷ᠎ᠡ ᠪᠦᠳᠦᠮᠵᠢ ᠤᠯᠬᠤ ᠶᠢ ᠠᠬᠢᠭᠤᠯᠵᠤ᠂ ᠴᠡᠭ ᠪᠤᠶᠤ ᠦᠩᠬᠡᠨ ᠳᠠᠯ᠎ᠠ ᠶᠢᠨ ᠪᠤᠬᠢᠷ ᠢ ᠬᠠᠮᠳᠤ | ᠪᠠᠷ ᠴᠡᠭᠴᠡᠯᠡᠨ ᠵᠠᠰᠠᠵᠤ᠂ ᠵᠤᠬᠢᠶᠠᠨ ᠪᠠᠶᠢᠭᠤᠯᠤᠯᠳᠠ ᠲᠠᠢ ᠪᠤᠶᠤ ᠵᠤᠬᠢᠶᠠᠨ ᠪᠠᠶᠢᠭᠤᠯᠤᠯᠳᠠ ᠦᠬᠡᠢ ᠪᠠᠷ | ᠭᠠᠳᠠᠭᠰᠢᠯᠠᠭᠤᠯᠬᠤ ᠶᠢ ᠶᠡᠷᠤᠩᠬᠡᠶᠢᠯᠡᠨ ᠵᠠᠰᠠᠬᠤ ᠬᠦᠳᠡᠯᠬᠡᠬᠡᠨ ᠢ ᠬᠦᠨᠵᠡᠬᠡᠢ ᠦᠷᠨᠢᠬᠦᠯᠵᠤ᠂ ᠬᠦᠬᠡᠮᠳᠦᠭ ᠤᠰᠤ | ᠨᠤᠭᠤᠭᠠᠨ ᠠᠭᠤᠯᠠ ᠪᠤᠯᠤᠨ ᠤᠳᠤᠬᠢᠴᠢᠯᠠᠭᠰᠠᠨ ᠠᠵᠤ ᠦᠢᠯᠡᠳᠪᠤᠷᠢ ᠲᠠᠢ ᠬᠠᠷᠢᠯᠴᠠᠨ ᠳᠦᠰᠢᠯᠴᠡᠵᠤ ᠬᠠᠮᠳᠤ | ᠤᠷᠤᠰᠢᠬᠤ ᠤᠷᠴᠢᠨ ᠳᠤᠭᠤᠷᠢᠨ ᠤ ᠨᠦᠬᠦᠷᠰᠡᠭ ᠨᠡᠶᠢᠬᠡᠮ ᠢ ᠢᠳᠡᠪᠬᠢᠳᠡᠢ ᠪᠦᠳᠦᠬᠡᠨ ᠪᠠᠶᠢᠭᠤᠯᠤᠨ᠎ᠠ᠃ ᠪᠠᠶᠢᠭᠠᠯᠢ | ᠶᠢᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠪᠤᠶᠤ ᠵᠠᠰᠠᠯᠳᠠ ᠶᠢ ᠪᠦᠬᠦ ᠳᠠᠯ᠎ᠠ ᠪᠠᠷ ᠴᠢᠩᠭᠠᠳᠬᠠᠵᠤ᠂ | ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠳᠤᠭᠤᠷᠢᠨ ᠢ ᠶᠡᠷᠤᠩᠬᠡᠶᠢᠯᠡᠨ ᠵᠠᠰᠠᠬᠤ ᠪᠠᠷ ᠭᠤᠤᠯ ᠪᠤᠯᠭᠠᠵᠤ᠂ | ᠤᠯᠤᠰ ᠤᠨ ︽ᠪᠤᠬᠢᠷᠳᠤᠯ ᠦᠬᠡᠢ ᠠᠭᠤᠷᠬᠠᠢ︾ ᠶᠢᠨ ᠳᠤᠷᠰᠢᠯᠳᠠ ᠶᠢᠨ ᠴᠡᠭ ᠪᠤᠯᠭᠠᠬᠤ ᠪᠠᠷ ᠪᠦᠬᠦ ᠬᠦᠴᠦᠨ ᠢᠶᠠᠷ | ᠴᠢᠷᠮᠠᠶᠢᠨ ᠪᠠᠶᠢᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠳᠦᠷᠢᠮ ᠢ ᠬᠠᠮᠤᠭ ᠴᠢᠩᠭ᠎ᠠ | ᠬᠡᠷᠡᠭᠵᠢᠬᠦᠯᠵᠤ᠂ ᠪᠤᠬᠢᠷ ᠤᠰᠤ ᠶᠢ ᠠᠰᠢᠭᠯᠠᠨ ᠬᠡᠷᠡᠭᠯᠡᠭᠰᠡᠨ ᠨᠤᠷᠮ᠎ᠠ ᠶᠢ ᠳᠡᠬᠡᠭᠰᠢᠯᠡᠬᠦᠯᠵᠤ᠂ ᠤᠰᠤ ᠠᠷᠪᠢᠯᠠᠭᠰᠠᠨ | ᠬᠤᠳᠠ ᠪᠤᠯᠭᠠᠨ ᠪᠦᠳᠦᠬᠡᠨ ᠪᠠᠶᠢᠭᠤᠯᠤᠨ᠎ᠠ᠃ ᠭᠠᠵᠠᠷ ᠰᠢᠷᠤᠢ ᠶᠢᠨ ᠭᠠᠮᠨᠠᠨ ᠡᠷᠴᠢᠮᠵᠢᠬᠦ ᠶᠢ ᠪᠠᠷᠢᠮᠳᠠᠯᠠᠵᠤ᠂ ᠭᠠᠵᠠᠷ | ᠰᠢᠷᠤᠢ ᠶᠢᠨ ᠠᠰᠢᠭᠯᠠᠯᠳᠠ ᠶᠢᠨ ᠦᠷ᠎ᠡ ᠠᠰᠢᠭ ᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ ᠬᠤᠳᠠ ᠬᠦᠳᠡᠭᠡ ᠶᠢᠨ | ᠤᠷᠴᠢᠨ ᠳᠤᠭᠤᠷᠢᠨ ᠢ ᠶᠡᠷᠤᠩᠬᠡᠶᠢᠯᠡᠨ ᠵᠠᠰᠠᠬᠤ ᠶᠢ ᠬᠦᠨᠵᠡᠬᠡᠢ ᠦᠷᠨᠢᠬᠦᠯᠵᠤ᠂ ᠤᠯᠤᠰ ᠤᠨ ᠳᠡᠰ ᠤᠨ ︽ᠠᠮᠢ | ᠠᠬᠤᠢ ᠶᠢᠨ ᠤᠷᠤᠰᠢᠨ ᠰᠠᠭᠤᠷᠢᠰᠢᠬᠤ ᠬᠤᠳᠠ︾ ᠪᠤᠯᠤᠨ ︽ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ | ᠵᠢᠱᠢᠶ᠎ᠡ ᠦᠵᠡᠬᠦᠯᠬᠦ ᠬᠤᠳᠠ︾ ᠪᠤᠯᠭᠠᠨ ᠡᠬᠦᠳᠤᠨ ᠪᠠᠶᠢᠭᠤᠯᠬᠤ ᠪᠠᠷ ᠴᠢᠷᠮᠠᠶᠢᠨ᠎ᠠ᠃ | ᠢᠷᠡᠬᠡᠳᠤᠢ ᠶᠢᠨ ᠳᠠᠪᠤᠨ ᠵᠢᠯ ᠳᠤ᠂ ᠰᠤᠶᠤᠯ ᠤᠨ ᠰᠢᠨ᠎ᠡ ᠶᠢ ᠡᠬᠦᠳᠬᠦ ᠡᠬᠦᠳᠤᠨ ᠪᠦᠳᠦᠬᠡᠬᠦ ᠠᠮᠢᠵᠢᠷᠠᠯ ᠤᠨ | ᠬᠦᠴᠦᠨ ᠢ ᠤᠷᠮᠠᠰᠢᠯᠠᠭᠤᠯᠵᠤ᠂ ᠰᠤᠶᠤᠯ ᠤᠨ ᠦᠢᠯᠡᠰ ᠪᠤᠯᠤᠨ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ | ᠳᠦᠷᠬᠡᠳᠬᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠤᠮᠵᠢ ᠶᠢᠨ ᠡᠷᠬᠡ ᠶᠢ ᠪᠠᠳᠤ | ᠡᠵᠡᠮᠰᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠶᠢ ᠬᠦᠮᠦᠰ ᠤᠨ ᠰᠡᠳᠬᠢᠯ ᠳᠤ ᠬᠦᠨᠵᠡᠬᠡᠢ ᠬᠠᠳᠠᠩᠰᠢᠭᠤᠯᠬᠤ ᠶᠢ ᠠᠬᠢᠭᠤᠯᠵᠤ᠂ | ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠨᠡᠶᠢᠬᠡᠮ ᠤᠨ ᠬᠦᠭᠵᠢᠯᠳᠡ ᠶᠢᠨ ᠡᠯ᠎ᠡ ᠳᠠᠯ᠎ᠠ ᠳᠤ | ᠠᠭᠤᠰᠤᠯᠴᠠᠭᠤᠯᠤᠨ᠎ᠠ᠃ ᠰᠢᠨ᠎ᠡ ᠴᠠᠭ ᠦᠶ᠎ᠡ ᠶᠢᠨ ᠦᠢᠯᠡᠳᠤᠯᠬᠡ ᠶᠢᠨ ᠳᠤᠮᠳᠠ ︽ᠨᠡᠬᠡᠬᠡᠯᠳᠡ ᠬᠢᠵᠤ᠂ ᠦᠢᠯᠡᠰ | ᠪᠦᠳᠦᠬᠡᠬᠦ᠂ ᠪᠠᠭᠳᠠᠭᠠᠮᠵᠢ ᠲᠠᠢ᠂ ᠬᠠᠷᠢᠭᠤᠴᠠᠯᠭ᠎ᠠ ᠡᠬᠦᠷᠬᠡᠯᠡᠬᠦ︾ ᠬᠤᠳᠠ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ᠂ | ᠪᠦᠬᠦ ᠨᠡᠶᠢᠬᠡᠮ ᠢᠶᠠᠷ ᠢᠶᠠᠨ ᠤᠭ ᠰᠠᠨᠠᠭ᠎ᠠ ᠪᠠᠨ ᠦᠯᠣ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ | ᠠᠭᠤᠷ ᠠᠮᠢᠰᠬᠤᠯ ᠢ ᠪᠤᠢ ᠪᠤᠯᠭᠠᠨ᠎ᠠ᠃ ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ | ᠬᠦᠨᠵᠡᠬᠡᠶᠢᠷᠡᠬᠦᠯᠵᠤ᠂ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠲᠦᠷᠬᠡᠳᠬᠡᠵᠤ᠂ ᠰᠤᠶᠤᠯ ᠪᠤᠯᠤᠨ | ᠰᠤᠷᠭᠠᠨ ᠬᠦᠮᠦᠵᠢᠯ᠂ ᠵᠢᠭᠤᠯᠴᠢᠯᠠᠯ ᠢ ᠬᠦᠴᠦᠨ ᠲᠠᠢ ᠨᠡᠶᠢᠯᠡᠬᠦ ᠶᠢ ᠠᠬᠢᠭᠤᠯᠵᠤ᠂ ᠰᠤᠶᠤᠯ ᠤᠨ ᠪᠦᠳᠦᠬᠡᠭᠳᠡᠬᠦᠨ ᠤ | ᠦᠢᠯᠡᠴᠢᠯᠡᠭᠡ ᠬᠠᠩᠭᠠᠬᠤ ᠶᠢ ᠦᠷᠬᠡᠳᠬᠡᠨ᠎ᠡ᠃ ᠭᠠᠳᠠᠭᠠᠳᠤ ᠶᠢᠨ ᠰᠤᠶᠤᠯ ᠤᠨ ᠰᠤᠯᠢᠯᠴᠠᠭ᠎ᠠ ᠶᠢ ᠴᠢᠬᠤᠯᠠᠴᠢᠯᠠᠨ | ᠠᠳᠬᠤᠵᠤ᠂ ᠬᠤᠤᠯᠢᠩᠭᠤᠤᠯ ᠤᠨ ᠳᠠᠭᠤ ᠶᠢ ᠨᠡᠪᠳᠡᠷᠡᠬᠦᠯᠵᠤ᠂ ᠬᠤᠤᠯᠢᠩᠭᠤᠤᠯ ᠤᠨ ᠦᠯᠢᠬᠡᠷ ᠢ ᠶᠠᠷᠢᠨ᠎ᠠ᠃ ᠪᠦᠬᠦ | ᠠᠷᠠᠳ ᠢ ᠳᠠᠶᠢᠴᠢᠯᠠᠨ᠂ ᠬᠤᠳᠠ ᠶᠢᠨ ᠳᠦᠷᠢ ᠳᠦᠷᠰᠤ ᠶᠢᠨ ᠤᠷᠴᠢᠨ ᠳᠤᠭᠤᠷᠢᠨ᠂ ᠪᠤᠯᠪᠠᠰᠤᠨ ᠤ ᠬᠡᠪ ᠴᠢᠨᠠᠷ | ᠪᠤᠯᠤᠨ ᠰᠤᠶᠤᠯ ᠤᠨ ᠠᠭᠤᠯᠠᠭᠳᠠᠬᠤᠨ ᠢ ᠳᠠᠰᠤᠷᠠᠯᠳᠠ ᠦᠬᠡᠢ ᠳᠡᠬᠡᠭᠰᠢᠯᠡᠬᠦᠯᠵᠤ᠂ ᠳᠦᠷᠦᠬᠦᠤ ᠵᠢᠯ ᠳᠤ ᠨᠡᠷ᠎ᠡ ᠪᠠᠨ | ᠳᠤᠷᠠᠳᠤᠭᠳᠠᠵᠤ᠂ ᠳᠠᠷᠠᠭ᠎ᠠ ᠵᠢᠯ ᠲᠤᠨᠢ ᠬᠡᠪᠰᠢᠬᠦᠯᠵᠤ᠂ ᠭᠤᠷᠪᠠᠳᠤᠭᠠᠷ ᠵᠢᠯ ᠳᠤᠨᠢ ︽ᠪᠦᠬᠦ ᠤᠯᠤᠰ ᠤᠨ ᠪᠤᠯᠪᠠᠰᠤᠨ | ᠬᠤᠳᠠ︾ ᠶᠢ ᠠᠮᠵᠢᠯᠳᠠ ᠲᠠᠢ ᠡᠬᠦᠳᠤᠨ ᠪᠦᠳᠦᠬᠡᠬᠦ ᠪᠠᠷ ᠴᠢᠷᠮᠠᠶᠢᠨ᠎ᠠ᠃ | ᠢᠷᠡᠬᠡᠳᠤᠢ ᠶᠢᠨ ᠳᠠᠪᠤᠨ ᠵᠢᠯ ᠳᠤ᠂ ᠠᠷᠠᠳ ᠤᠨ ᠠᠮᠢᠳᠤᠷᠠᠯ ᠢ ᠰᠢᠨᠳᠠᠷᠠᠰᠢ ᠦᠬᠡᠢ ᠪᠠᠳᠤᠯᠠᠵᠤ᠂ | ᠦᠬᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠮᠵᠢ ᠶᠢ ᠨᠡᠩ ᠢᠯᠡᠬᠦᠤ ᠡᠷᠬᠡ ᠳᠡᠭᠰᠢ ᠪᠠᠷ ᠡᠯ᠎ᠡ ᠦᠨᠳᠤᠰᠤᠳᠡᠨ ᠤ | ᠠᠷᠠᠳ ᠳᠦᠮᠡᠨ ᠳᠤ ᠬᠦᠷᠳᠡᠬᠡᠨ᠎ᠡ᠃ ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠣᠷᠭᠠᠨ | ᠬᠦᠮᠦᠵᠢᠯ ᠲᠠᠢ᠂ ᠬᠦᠳᠡᠯᠮᠤᠷᠢᠯᠡᠪᠡᠯ ᠬᠦᠯᠦᠰᠤ ᠤᠯᠭᠤᠮᠵᠢ ᠲᠠᠢ᠂ ᠡᠪᠡᠳᠴᠢᠯᠡᠪᠡᠯ ᠦᠵᠡᠬᠦᠯᠬᠦ ᠡᠮᠨᠡᠯᠬᠡ ᠲᠠᠢ᠂ | ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠨᠢ ᠬᠦᠷᠳᠡᠬᠦ | ᠳᠤᠰᠠᠯᠠᠮᠵᠢ ᠲᠠᠢ ᠪᠠᠶᠢᠬᠤ ᠳᠠᠯ᠎ᠠ ᠪᠠᠷ ᠰᠢᠨ᠎ᠡ ᠶᠢ ᠡᠬᠦᠳᠬᠦ ᠬᠠᠮᠢᠶᠠᠷᠤᠯᠳᠠ ᠶᠢ ᠴᠢᠩᠭᠠᠷᠠᠭᠤᠯᠵᠤ᠂ ᠠᠷᠠᠳ ᠳᠦᠮᠡᠨ ᠤ | ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠭᠤᠶᠤ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠳᠠᠰᠤᠷᠠᠯᠳᠠ ᠦᠬᠡᠢ | ᠬᠠᠩᠭᠠᠨ᠎ᠠ᠃ ᠤᠯᠠᠨ ᠠᠷᠭ᠎ᠠ ᠬᠡᠮᠵᠢᠶ᠎ᠡ ᠠᠪᠴᠤ ᠠᠵᠢᠯ ᠤᠯᠭᠤᠯᠳᠠ ᠶᠢᠨ ᠪᠠᠶᠢᠷᠢ ᠶᠢ ᠨᠡᠬᠡᠬᠡᠵᠤ᠂ ᠰᠢᠨ᠎ᠡ ᠪᠠᠷ | ᠨᠡᠮᠡᠭᠳᠡᠬᠦ ᠠᠵᠢᠯ ᠤᠯᠭᠤᠯᠳᠠ ᠶᠢᠨ ᠬᠦᠮᠦᠨ ᠢ 1 ᠳᠦᠮᠡᠨ ᠠᠴᠠ ᠳᠡᠬᠡᠭᠰᠢ ᠪᠠᠶᠢᠯᠭᠠᠵᠤ ᠠᠵᠢᠯ ᠠᠯᠳᠠᠭᠰᠠᠨ ᠬᠦᠮᠦᠨ | ᠤ ᠳᠤᠭ᠎ᠠ ᠶᠢ 3.4% ᠳᠤᠳᠤᠷ᠎ᠠ ᠬᠢᠵᠠᠭᠠᠷᠯᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ | ᠶᠢᠨ ᠨᠡᠮᠡᠭᠳᠡᠯ ᠢ ᠠᠬᠢᠭᠤᠯᠵᠤ᠂ ᠬᠦᠮᠦᠨ ᠳᠤᠮᠳᠠᠴᠢ ᠶᠢᠨ ᠤᠷᠤᠯᠭ᠎ᠠ ᠶᠢ 5 ᠳᠦᠮᠡᠨ ᠳᠦᠬᠦᠷᠢᠭ ᠶᠢ ᠳᠠᠪᠠᠭᠤᠯᠤᠨ᠎ᠠ᠃ | ᠶᠠᠳᠠᠭᠤ ᠠᠴᠠ ᠠᠩᠬᠢᠵᠢᠷᠠᠭᠤᠯᠬᠤ ᠳᠠᠶᠢᠯᠠᠯᠳᠤᠭᠠᠨ ᠤ ᠦᠷ᠎ᠡ ᠪᠦᠳᠦᠮᠵᠢ ᠶᠢ ᠪᠠᠬᠢᠵᠢᠬᠦᠯᠵᠤ᠂ ᠬᠦᠳᠡᠭᠡ ᠳᠤᠰᠬᠤᠨ | ᠮᠠᠯᠵᠢᠬᠤ ᠤᠷᠤᠨ ᠤ ᠶᠠᠳᠠᠭᠤ ᠠᠴᠠ ᠠᠩᠬᠢᠵᠢᠷᠠᠭᠰᠠᠨ ᠤᠯᠠᠨ ᠳᠦᠮᠡᠨ ᠤ ᠳᠤᠭᠳᠠᠭᠤᠨ ᠨᠡᠮᠡᠭᠳᠡᠯ ᠤᠷᠤᠯᠭ᠎ᠠ ᠶᠢ | ᠪᠠᠳᠤᠯᠠᠵᠤ᠂ ᠬᠤᠳᠠ ᠪᠠᠯᠭᠠᠰᠤᠨ ᠤ ᠶᠠᠳᠠᠭᠤ ᠡᠷᠤᠬᠡ ᠪᠦᠬᠦᠨ ᠢ ᠶᠠᠳᠠᠭᠤ ᠠᠴᠠ ᠨᠢ ᠠᠩᠬᠢᠵᠢᠷᠠᠭᠤᠯᠤᠨ᠎ᠠ᠃ ᠨᠡᠶᠢᠳᠡ | ᠶᠢᠨ ᠠᠰᠠᠷᠠᠮᠵᠢ ᠶᠢᠨ ᠴᠢᠨᠠᠷᠳᠠᠢ᠂ ᠳᠡᠩᠴᠡᠬᠦᠯᠤᠯᠳᠡ ᠵᠡᠷᠬᠡ ᠶᠢᠨ ᠭᠤᠤᠯ ᠰᠢᠨᠵᠢ ᠴᠢᠨᠠᠷ ᠢ ᠳᠤᠪᠤᠶᠢᠯᠠᠭᠠᠵᠤ᠂ | ᠰᠤᠷᠭᠠᠨ ᠬᠦᠮᠦᠵᠢᠯ᠂ ᠡᠮ ᠡᠮᠨᠡᠯᠬᠡ ᠶᠢᠨ ᠡᠬᠢ ᠪᠠᠶᠠᠯᠢᠭ ᠢ ᠳᠦᠯᠦᠪᠵᠢᠬᠦᠯᠦᠨ ᠪᠦᠷᠢᠨᠰᠢᠬᠦᠯᠵᠤ᠂ ᠤᠯᠠᠨ ᠨᠡᠶᠢᠳᠡ | ᠶᠢᠨ ᠦᠢᠯᠡᠴᠢᠯᠡᠬᠡᠨ ᠤ ᠤᠷᠤᠨ ᠵᠠᠢ ᠶᠢᠨ ᠪᠠᠶᠢᠷᠢᠰᠢᠭᠤᠯᠤᠯᠳᠠ ᠶᠢ ᠵᠤᠬᠢᠰᠳᠠᠢ ᠰᠢᠯᠢᠳᠡᠭᠵᠢᠬᠦᠯᠵᠤ᠂ ᠤᠯᠠᠨ ᠳᠦᠮᠡᠨ | ᠳᠤ ᠳᠦᠬᠦᠮ ᠦᠵᠡᠬᠦᠯᠬᠦ ᠦᠢᠯᠡᠴᠢᠯᠡᠬᠡᠨ ᠤ ᠶᠠᠪᠤᠴᠠ ᠶᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ ᠬᠡᠰᠡᠭ | ᠳᠦᠬᠦᠮ ᠪᠦᠳᠦᠴᠡᠳᠤ ᠤᠷᠤᠨ ᠰᠠᠭᠤᠴᠠ ᠶᠢ ᠳᠦᠪᠯᠡᠷᠡᠬᠦᠯᠦᠨ ᠦᠬᠡᠷᠡᠴᠢᠯᠡᠨ ᠰᠢᠨᠡᠳᠬᠡᠬᠦ ᠶᠢ ᠪᠦᠬᠦ ᠳᠠᠯ᠎ᠠ ᠪᠠᠷ | ᠪᠡᠶᠡᠯᠡᠬᠦᠯᠵᠣ᠂ ᠳᠦᠬᠦᠮ ᠪᠦᠳᠦᠴᠠᠳᠣ ᠣᠷᠣᠨ ᠰᠠᠭᠤᠴᠠ ᠶᠢᠨ ᠣᠯᠠᠨ ᠳᠦᠮᠡᠨ ᠢ ᠰᠢᠨ᠎ᠡ ᠣᠷᠣᠨ ᠰᠠᠭᠤᠴᠠ ᠳᠤ | ᠨᠡᠬᠦᠯᠬᠡᠵᠣ᠂ ︽ᠪᠣᠵᠠᠷ᠂ ᠡᠮᠬᠢ ᠳᠢᠭᠯᠢᠮ ᠦᠬᠡᠢ᠂ ᠠᠨᠠᠶᠢᠬᠠᠨ︾ ᠬᠠᠭᠤᠴᠢᠨ ᠪᠠᠶᠢᠳᠠᠯ ᠠᠴᠠ ᠳᠣᠶᠢᠯᠪᠣᠷᠢᠳᠠᠢ | ᠠᠩᠬᠢᠵᠢᠷᠠᠭᠤᠯᠣᠨ᠎ᠠ᠃ ︽ᠪᠦᠬᠦ ᠠᠮᠢ ᠨᠠᠰᠣᠨ ᠤ ᠦᠶᠡᠯᠡᠯ︾ ᠤᠨ ᠨᠡᠶᠢᠬᠡᠮ ᠤᠨ ᠪᠠᠳᠣᠯᠠᠭ᠎ᠠ ᠪᠠ ᠪᠣᠶᠠᠨ ᠬᠡᠰᠢᠭ | ᠤᠨ ᠰᠢᠰᠲ᠋ᠧᠮ ᠢ ᠳᠦᠷᠭᠡᠳᠬᠡᠨ ᠪᠦᠷᠬᠦᠬᠦᠯᠵᠣ᠂ ᠠᠷᠠᠳ ᠣᠯᠠᠨ ᠤ ᠣᠷᠣᠰᠢᠨ ᠠᠮᠢᠳᠣᠷᠠᠬᠤ᠂ ᠨᠡᠶᠢᠬᠡᠮ ᠡᠶ᠎ᠡ | ᠵᠣᠬᠢᠴᠠᠩᠭᠤᠢ ᠳᠣᠭᠳᠠᠭᠤᠨ ︽ᠵᠣᠯ ᠵᠢᠷᠭᠠᠯᠳᠣ ᠦᠷᠳᠦᠷᠯᠢᠭ︾ ᠢ ᠪᠦᠳᠦᠬᠡᠨ ᠪᠠᠶᠢᠭᠤᠯᠬᠤ ᠳᠤ ᠠᠯᠬᠤᠴᠠ ᠪᠠᠨ | ᠳᠦᠷᠬᠡᠳᠬᠡᠨ᠎ᠡ᠃ | ᠢᠷᠡᠬᠡᠳᠦᠢ ᠶᠢᠨ ᠳᠠᠪᠣᠨ ᠵᠢᠯ ᠳᠤ᠂ ᠬᠠᠮᠳᠣᠪᠠᠷ ᠪᠠᠶᠢᠭᠤᠯᠣᠭᠰᠠᠨ ᠬᠠᠮᠳᠣᠪᠡᠷ ᠵᠠᠰᠠᠭᠰᠠᠨ ᠬᠠᠮᠳᠣᠪᠠᠷ ᠡᠳ᠋ᠯᠡᠬᠦ | ᠨᠡᠶᠢᠬᠡᠮ ᠤᠨ ᠵᠠᠰᠠᠯᠳᠠ ᠶᠢᠨ ᠪᠦᠳᠦᠴᠠ ᠶᠢ ᠪᠦᠬᠦ ᠬᠦᠴᠦᠨ ᠢᠶᠠᠷ ᠪᠠᠶᠢᠭᠤᠯᠵᠣ᠂ ᠠᠷᠠᠳ ᠣᠯᠠᠨ ᠤ ᠠᠮᠣᠷ | ᠳᠦᠪᠰᠢᠨ ᠤ ᠰᠡᠳᠬᠢᠯᠬᠡ ᠪᠠ ᠬᠠᠨᠣᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠬᠦᠯᠦᠨ᠎ᠡ᠃ ᠠᠷᠠᠳ ᠣᠯᠠᠨ ᠤ ᠬᠠᠣᠯᠢ | ᠶᠣᠰᠣᠨ ᠤ ᠡᠷᠬᠡ ᠠᠰᠢᠭ ᠪᠠ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ ᠢ ᠪᠦᠬᠦ ᠳᠠᠯ᠎ᠠ ᠪᠠᠷ ᠪᠠᠳᠣᠯᠠᠨ᠎ᠠ᠃ | ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠳᠠ ᠶᠢᠨ ᠰᠢᠰᠲ᠋ᠧᠮ ᠢ ᠪᠠᠶᠢᠭᠤᠯᠵᠣ᠂ ᠰᠦᠯᠵᠢᠶᠡᠨ ᠤ ᠣᠷᠣᠨ ᠵᠠᠢ ᠶᠢ | ᠪᠠᠶᠢᠭᠤᠯᠣᠨ᠎ᠠ᠃ ᠨᠡᠶᠢᠬᠡᠮ ᠤᠨ ᠵᠦᠷᠢᠴᠠᠯ ᠵᠢᠭᠤᠷᠠᠯᠳᠣᠭᠠᠨ ᠢ ᠪᠠᠶᠢᠴᠠᠭᠠᠬᠤ᠂ ᠰᠡᠷᠡᠮᠵᠢᠬᠦᠯᠬᠦ ᠪᠠ ᠡᠶᠡᠳᠡᠬᠦᠯᠬᠦ | ᠳᠣᠭᠳᠠᠴᠠ ᠪᠠᠨ ᠣᠯᠠᠮ ᠨᠢᠬᠡ ᠠᠯᠬᠤᠮ ᠳᠡᠬᠦᠯᠳᠡᠷᠵᠢᠬᠦᠯᠵᠣ᠂ ᠠᠷᠠᠳ ᠣᠯᠠᠨ ᠤ ᠠᠵᠢᠯ ᠤᠨ ᠣᠶᠢᠯᠠᠭᠠᠭᠳᠠᠬᠤᠨ | ᠢᠶᠠᠷ ᠵᠠᠬᠢᠳᠠᠯ ᠰᠣᠷᠪᠣᠯᠵᠢᠯᠠᠯ ᠤᠨ ᠠᠵᠢᠯ ᠢ ᠵᠢᠯᠣᠭᠤᠳᠴᠣ᠂ ᠠᠷᠠᠳ ᠣᠯᠠᠨ ᠢ ᠵᠢᠯᠣᠭᠤᠳᠣᠨ ᠬᠠᠣᠯᠢ ᠶᠣᠰᠣᠭᠠᠷ | ᠳᠦᠷᠢᠮ ᠶᠣᠰᠣᠭᠠᠷ ᠡᠷᠬᠡ ᠡᠬᠦᠷᠬᠡ ᠪᠠᠨ ᠬᠡᠷᠡᠭᠵᠢᠬᠦᠯᠵᠣ᠂ ᠰᠠᠨᠠᠯ ᠱᠠᠭᠠᠷᠳᠠᠯᠭ᠎ᠠ ᠪᠠᠨ ᠢᠯᠡᠳᠬᠡᠵᠣ᠂ ᠵᠠᠬᠢᠳᠠᠯ | ᠰᠣᠷᠪᠣᠯᠵᠢᠯᠠᠯ ᠤᠨ ᠳᠠᠷᠣᠭᠳᠠᠭᠰᠠᠨ ᠬᠡᠷᠡᠭ ᠪᠠ ᠵᠦᠷᠢᠴᠠᠯ ᠤᠨ ᠠᠰᠠᠭᠤᠳᠠᠯ ᠢ ᠵᠦᠢ ᠵᠣᠬᠢᠰᠳᠠᠢ ᠡᠶᠡᠳᠡᠬᠦᠯᠦᠨᠡ᠃ | ᠬᠠᠣᠯᠢ ᠴᠠᠭᠠᠵᠠ ᠶᠢᠨ ᠣᠯᠠᠨ ᠨᠡᠶᠢᠳᠡ ᠶᠢᠨ ᠦᠢᠯᠡᠴᠢᠯᠡᠬᠡᠨ ᠤ ᠴᠢᠳᠠᠪᠣᠷᠢ ᠪᠠ ᠬᠢᠷᠢ ᠳᠦᠪᠰᠢᠨ ᠢᠶᠠᠨ ᠳᠠᠰᠣᠷᠠᠯᠳᠠ | ᠦᠬᠡᠢ ᠳᠡᠭᠡᠭᠰᠢᠯᠡᠬᠦᠯᠵᠣ᠂ ︽ᠳᠣᠯᠣᠳᠣᠭᠠᠷ ᠳᠠᠪᠣᠨ ᠵᠢᠯ ᠤᠨ ᠳᠦᠯᠦᠪᠯᠡᠭᠡ︾ ᠶᠢᠨ ᠬᠠᠣᠯᠢ ᠳᠦᠬᠡᠮᠡᠯᠵᠢᠬᠦᠯᠬᠦ ᠡᠯ᠎ᠡ | ᠳᠦᠷᠦᠯ ᠤᠨ ᠬᠠᠷᠠᠯᠳᠠ ᠶᠢ ᠪᠣᠳᠠᠳᠠᠶᠢᠵᠢᠭᠤᠯᠬᠤ ᠶᠢ ᠪᠠᠳᠣᠯᠠᠵᠣ᠂ ︽ᠬᠠᠣᠯᠢᠵᠢᠭᠰᠠᠨ ᠬᠤᠣᠯᠢᠩᠭᠤᠣᠯ︾ ᠶᠢᠨ | ᠪᠦᠳᠦᠬᠡᠨ ᠪᠠᠶᠢᠭᠤᠯᠣᠯᠳᠠ ᠶᠢᠨ ᠠᠬᠢᠴᠠ ᠶᠢ ᠳᠦᠷᠬᠡᠳᠬᠡᠨ᠎ᠡ᠃ ᠠᠶᠣᠯᠬᠦᠢ ᠬᠦᠭᠵᠢᠯᠳᠡ ᠶᠢᠨ ᠣᠶᠢᠯᠠᠭᠠᠭᠳᠠᠬᠤᠨ ᠢ | ᠴᠢᠩᠭᠠᠳᠬᠠᠵᠣ᠂ ᠠᠮᠢ ᠨᠠᠰᠣ ᠡᠷᠬᠢᠮ ᠳᠡᠬᠡᠳᠣ᠂ ᠠᠮᠣᠷ ᠳᠦᠪᠰᠢᠨ ᠨᠢᠬᠡᠳᠦᠬᠡᠷ ᠦᠵᠡᠯ ᠰᠠᠨᠠᠭ᠎ᠠ ᠶᠢ ᠪᠠᠳᠠᠷᠠᠭᠤᠯᠵᠣ᠂ | ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠨᠢᠬᠡᠳᠦᠬᠡᠷ ᠹᠷᠣᠨᠲ ᠤᠨ ᠠᠵᠢᠯᠯᠠᠭᠰᠠᠳ ᠤᠨ | ᠠᠶᠣᠯᠬᠦᠢ ᠦᠢᠯᠡᠳᠪᠦᠷᠢᠯᠡᠯ ᠤᠨ ᠣᠬᠠᠮᠰᠠᠷ ᠢ ᠳᠠᠰᠣᠷᠠᠯᠳᠠ ᠦᠬᠡᠢ ᠳᠡᠭᠡᠭᠰᠢᠯᠡᠬᠦᠯᠵᠣ᠂ ᠬᠦᠴᠦᠨ ᠢᠶᠠᠨ | ᠳᠦᠪᠯᠡᠷᠡᠬᠦᠯᠦᠨ ᠡᠯ᠎ᠡ ᠬᠦᠷᠢᠶ᠎ᠠ ᠴᠠᠷᠠᠭ᠎ᠠ ᠶᠢᠨ ᠠᠶᠣᠯᠬᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠵᠣ᠂ | ᠣᠨᠴᠠ ᠶᠡᠭᠡ ᠠᠮᠣᠷ ᠳᠦᠪᠰᠢᠨ ᠤ ᠬᠡᠷᠡᠭ ᠡᠬᠦᠰᠬᠦ ᠶᠢ ᠡᠷᠬᠡᠪᠰᠢ ᠬᠤᠷᠢᠭᠯᠠᠵᠣ᠂ ᠭᠠᠮᠰᠢᠭ ᠢ ᠰᠡᠷᠬᠡᠶᠢᠯᠡᠬᠦ᠂ ᠭᠠᠮᠰᠢᠭ | ᠢ ᠪᠠᠭᠠᠰᠬᠠᠬᠤ᠂ ᠭᠠᠮᠰᠢᠭ ᠠᠴᠠ ᠠᠪᠣᠷᠠᠬᠤ ᠴᠢᠳᠠᠪᠣᠷᠢ ᠶᠢ ᠳᠠᠰᠣᠷᠠᠯᠳᠠ ᠦᠬᠡᠢ ᠳᠡᠭᠡᠭᠰᠢᠯᠡᠬᠦᠯᠦᠨ᠎ᠡ᠃ ᠢᠳᠡᠭᠡᠨ ᠪᠠ | ᠡᠮ ᠤᠨ ᠵᠦᠢᠯᠡᠰ ᠤᠨ ᠠᠮᠣᠷ ᠳᠦᠪᠰᠢᠨ ᠤ ᠪᠦᠬᠦ ᠶᠠᠪᠣᠴᠠ ᠶᠢ ᠮᠦᠷᠳᠡᠬᠦ ᠰᠢᠰᠲ᠋ᠧᠮ ᠪᠠᠶᠢᠭᠤᠯᠵᠣ᠂ ᠠᠷᠠᠳ ᠣᠯᠠᠨ | ᠤ ᠢᠳᠡᠬᠡᠨ ᠪᠠ ᠡᠮ ᠤᠨ ᠠᠮᠣᠷ ᠳᠦᠪᠰᠢᠨ ᠢ ᠣᠯᠠᠮ ᠨᠢᠬᠡ ᠠᠯᠬᠤᠮ ᠪᠠᠳᠣᠯᠠᠨ᠎ᠠ᠃ ᠨᠡᠶᠢᠬᠡᠮ ᠤᠨ ᠠᠮᠣᠷ ᠢ | ᠬᠠᠮᠠᠭᠠᠯᠠᠬᠤ ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠣ᠂ ᠰᠢᠨ᠎ᠡ ᠬᠡᠯᠪᠡᠷᠢ ᠶᠢᠨ ᠮᠡᠷᠬᠡᠵᠢᠯ | ᠳᠣᠨᠤᠭ ᠳᠦᠬᠦᠬᠡᠷᠦᠮᠵᠢ ᠪᠠ ᠬᠠᠮᠢᠶᠠᠷᠣᠨ ᠡᠵᠡᠮᠰᠢᠬᠦ ᠠᠷᠭ᠎ᠠ ᠬᠡᠮᠵᠢᠶ᠎ᠡ ᠶᠢ ᠣᠷᠣᠭᠤᠯᠬᠤ ᠪᠠᠷ ᠳᠠᠮᠵᠢᠨ ᠰᠢᠨᠵᠢᠯᠡᠬᠦ | ᠣᠬᠠᠭᠠᠨ ᠮᠡᠷᠬᠡᠵᠢᠯ ᠢᠶᠠᠷ ᠰᠡᠷᠡᠮᠵᠢ ᠶᠢ ᠴᠢᠩᠭᠠᠳᠬᠠᠵᠣ᠂ ᠣᠶᠣᠨᠴᠢ ᠪᠠᠷ ᠬᠠᠮᠢᠶᠠᠷᠴᠣ᠂ ᠪᠦᠬᠦ ᠠᠷᠠᠳ | ᠬᠤᠯᠪᠣᠭᠠᠯᠴᠠᠨ ᠬᠦᠳᠡᠯᠦᠯᠴᠡᠵᠣ᠂ ᠬᠠᠣᠯᠢ ᠵᠦᠷᠢᠴᠡᠭᠰᠡᠨ ᠶᠠᠯᠠᠳᠣ ᠠᠵᠢᠯᠯᠠᠭ᠎ᠠ ᠶᠢᠨ ᠦᠨᠳᠦᠷ ᠳᠠᠷᠣᠯᠳᠠᠳᠣ | ᠴᠣᠬᠢᠯᠳᠠ ᠦᠭᠬᠦ ᠪᠠᠶᠢᠳᠠᠯ ᠢ ᠪᠦᠷᠢᠯᠳᠦᠬᠦᠯᠵᠣ᠂ ᠡᠩᠬᠡ ᠠᠮᠣᠭᠤᠯᠠᠩ ᠬᠤᠣᠯᠢᠩᠭᠤᠣᠯ ᠢ ᠪᠦᠳᠦᠬᠡᠨ ᠪᠠᠶᠢᠭᠤᠯᠵᠣ | ᠳᠠᠬᠢᠨ ᠰᠢᠨ᠎ᠡ ᠳᠡᠭᠳᠡᠷ ᠲᠤ ᠭᠠᠷᠬᠤ ᠶᠢ ᠳᠦᠯᠬᠢᠨ ᠠᠬᠢᠭᠤᠯᠣᠨ᠎ᠠ᠃ | ᠭᠤᠷᠪᠠ᠂ 2018 ᠣᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠣᠯᠳᠠ | 2018 ᠣᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ | ᠳᠣᠣᠱᠯᠠᠭᠤᠯᠣᠨ ᠨᠠᠶᠢᠳᠠᠪᠣᠷᠢᠵᠢᠭᠤᠯᠬᠤ ᠳᠤ ᠣᠷᠣᠨ ᠪᠠᠶᠢᠷᠢ ᠪᠠᠨ ᠣᠨᠣᠪᠴᠢᠳᠠᠢ ᠳᠣᠭᠳᠠᠭᠠᠵᠣ᠂ ᠬᠠᠷᠠᠯᠳᠠ ᠪᠠᠨ | ᠳᠣᠳᠣᠷᠬᠠᠢ ᠪᠣᠯᠭᠠᠵᠣ᠂ ᠰᠢᠷᠭᠠᠭᠤ ᠬᠠᠳᠠᠭᠤᠵᠢᠯᠳᠠᠢ ᠳᠡᠮᠡᠴᠡᠵᠣ᠂ ᠪᠠᠷᠳᠠᠮᠨᠠᠬᠤ ᠦᠬᠡᠢ ᠪᠠᠴᠢᠮᠳᠠᠬᠤ ᠦᠬᠡᠢ᠂ ᠬᠦᠴᠢᠷ | ᠪᠡᠷᠭᠡ ᠶᠢ ᠢᠯᠡᠨ ᠳᠠᠪᠠᠭ᠋ᠣ ᠣᠶᠠᠨ ᠬᠠᠳᠠᠨ ᠵᠣᠷᠢᠭ ᠢᠶᠠᠷ ᠨᠡᠩ ᠴᠢᠨᠠᠷ ᠰᠠᠶᠢᠳᠠᠢ᠂ ᠨᠡᠩ ᠦᠨᠳᠦᠷ ᠦᠷ᠎ᠡ ᠠᠰᠢᠭ | ᠲᠠᠢ ᠬᠦᠭᠵᠢᠯᠳᠡ ᠶᠢ ᠳᠦᠷᠭᠡᠳᠬᠡᠨ ᠪᠡᠶᠡᠯᠡᠬᠦᠯᠬᠦ ᠶᠠᠪᠣᠳᠠᠯ ᠪᠣᠯᠣᠨ᠎ᠠ᠃ ᠭᠤᠣᠯ ᠤᠷᠢᠳᠴᠢᠯᠠᠨ ᠳᠣᠭᠳᠠᠭᠠᠭᠰᠠᠨ | ᠬᠠᠷᠠᠯᠳᠠ ᠳᠤ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠶᠢ 7% ᠣᠷᠴᠢᠮ | ᠨᠡᠮᠡᠭᠳᠡᠬᠦᠯᠵᠣ᠂ ᠪᠦᠬᠦ ᠨᠡᠭᠡᠭᠡᠴᠠ ᠶᠢᠨ ᠡᠳ᠋ ᠤᠨ ᠵᠠᠰᠠᠭ ᠤᠨ ᠣᠷᠣᠯᠭ᠎ᠠ ᠶᠢ 7% ᠣᠷᠴᠢᠮ ᠨᠡᠮᠡᠭᠳᠡᠬᠦᠯᠵᠦ᠂ ᠪᠦᠬᠦ | ᠨᠡᠶᠢᠬᠡᠮ ᠤᠨ ᠳᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ 10% ᠣᠷᠴᠢᠮ ᠨᠡᠮᠡᠭᠳᠡᠬᠦᠯᠵᠦ᠂ ᠬᠡᠪᠰᠢᠶᠡᠵᠢᠯ | ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ 7% ᠣᠷᠴᠢᠮ ᠨᠡᠮᠡᠭᠳᠡᠬᠦᠯᠵᠦ᠂ ᠨᠡᠶᠢᠬᠡᠮ ᠤᠨ | ᠬᠡᠷᠡᠭᠯᠡᠭᠡᠨ ᠤ ᠡᠳ᠋ᠯᠡᠯ ᠵᠢᠵᠢᠭᠯᠡᠨ ᠪᠣᠷᠣᠯᠠᠭᠤᠯᠬᠤ ᠶᠡᠷᠦᠩᠬᠡᠢ ᠦᠷᠳᠡᠭ ᠶᠢ 9% ᠣᠷᠴᠢᠮ ᠨᠡᠮᠡᠭᠳᠡᠬᠦᠯᠵᠦ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠤ ᠳᠣᠮᠳᠠᠴᠢ ᠶᠢᠨ ᠵᠢᠯ ᠡᠵᠡᠮᠳᠡᠵᠣ ᠪᠣᠯᠬᠤ ᠣᠷᠣᠯᠭ᠎ᠠ ᠶᠢ 5% | ᠣᠷᠴᠢᠮ ᠨᠡᠮᠡᠭᠳᠡᠬᠦᠯᠦᠨ᠎ᠡ᠃ ᠳᠡᠭᠡᠷᠡᠬᠢ ᠬᠠᠷᠠᠯᠳᠠ ᠶᠢ ᠪᠡᠶᠡᠯᠡᠬᠦᠯᠬᠦ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ | ᠰᠠᠶᠢᠳᠣᠷ ᠬᠢᠨ᠎ᠠ᠃ | ︵ᠨᠢᠬᠡ︶ ᠪᠣᠳᠠᠳᠣ ᠴᠣᠭᠴᠠ ᠶᠢᠨ ᠠᠵᠣ ᠠᠬᠤᠢ ᠶᠢᠨ ᠳᠠᠪᠠᠭᠤᠯᠢᠭ ᠬᠦᠭᠵᠢᠯᠳᠡ ᠶᠢ ᠳᠦᠯᠬᠢᠨ | ᠠᠬᠢᠭᠤᠯᠣᠨ᠎ᠠ᠃ | ᠭᠤᠣᠯᠳᠠᠯᠭ᠎ᠠ ᠲᠠᠢ ᠳᠦᠷᠦᠯ ᠵᠦᠢᠯ ᠢ ᠴᠢᠩᠭ᠎ᠠ ᠠᠳᠬᠤᠨ᠎ᠠ᠃ ︽ᠳᠦᠷᠦᠯ ᠵᠦᠢᠯ ᠤᠨ ᠪᠦᠳᠦᠬᠡᠨ | ᠪᠠᠶᠢᠭᠤᠯᠣᠯᠳᠠ ᠶᠢᠨ ᠪᠣᠭᠤᠮᠳᠠ ᠰᠢᠪᠳᠣᠯᠬᠤ︾ ᠠᠵᠢᠯᠯᠠᠭ᠎ᠠ ᠪᠠᠷ ᠬᠦᠳᠦᠴᠢ ᠪᠣᠯᠭᠠᠵᠣ᠂ ᠪᠣᠳᠠᠳᠣ ᠴᠣᠭᠴᠠᠳᠣ ᠠᠵᠣ | ᠠᠬᠤᠢ ᠶᠢᠨ ᠬᠡᠪᠴᠢᠶᠡᠵᠢᠯ ᠢ ᠦᠷᠬᠦᠯᠵᠢᠳᠡ ᠪᠣᠵᠠᠭᠠᠶᠢᠷᠠᠭᠤᠯᠣᠨ᠎ᠠ᠃ ᠵᠢᠢ ᠮᠸᠢ ᠶᠢᠨ 600 ᠲᠣᠨ ᠠᠭᠤᠷᠬᠠᠢ ᠶᠢᠨ | ᠬᠤᠳᠳᠤᠭ ᠢ ᠡᠬᠢᠯᠡᠨ ᠪᠠᠶᠢᠭᠤᠯᠣᠨ᠎ᠠ᠃ ᠬᠡᠰᠡᠭ ᠬᠡᠪᠴᠢᠶᠡᠨ ᠤ ᠴᠠᠬᠢᠯᠭᠠᠨ ᠰᠦᠯᠵᠢᠶ᠎ᠡ ᠶᠢᠨ ᠳᠣᠷᠰᠢᠯᠳᠠ ᠶᠢᠨ | ᠴᠡᠭ ᠤᠨ ᠳᠣᠬᠢᠶᠠᠯ ᠢ ᠠᠳᠬᠤᠵᠣ᠂ ᠲᠦᠩᠯᠢᠶᠣᠣ ᠶᠢᠨ ᠣᠮᠠᠷᠠᠳᠣ ᠬᠡᠰᠡᠭ ᠤᠨ ︽ᠰᠠᠯᠬᠢ ᠭᠡᠷᠡᠯ ᠭᠠᠯ︾ ᠤᠨ ᠣᠯᠠᠨ | ᠴᠢᠳᠠᠮᠵᠢᠳᠣ ᠬᠠᠷᠢᠯᠴᠠᠨ ᠨᠦᠬᠦᠪᠦᠷᠢᠯᠡᠬᠦ ᠵᠢᠱᠢᠶ᠎ᠡ ᠦᠵᠡᠬᠦᠯᠬᠦ ᠳᠦᠷᠦᠯ ᠵᠦᠢᠯ ᠤᠨ ᠳᠦᠪᠯᠡᠷᠡᠬᠦ ᠶᠢ ᠳᠦᠷᠬᠡᠳᠬᠡᠨ | ᠪᠦᠳᠦᠬᠡᠨ ᠪᠠᠶᠢᠭᠤᠯᠬᠤ ᠶᠢ ᠠᠬᠢᠭᠤᠯᠵᠣ᠂ ᠴᠠᠬᠢᠯᠭᠠᠨ ᠬᠦᠴᠦᠨ ᠤ ᠦᠷᠳᠡᠭ ᠤᠨ ︽ᠬᠤᠳᠣᠭᠤᠷ ᠭᠠᠵᠠᠷ︾ ᠤᠨ | ᠨᠦᠯᠦᠭᠡ ᠶᠢ ᠣᠯᠠᠮ ᠨᠢᠭᠡ ᠠᠯᠬᠤᠮ ᠶᠡᠭᠡᠰᠭᠡᠨ᠎ᠡ᠃ ᠦᠢᠡᠯᠳᠪᠦᠷᠢᠯᠡᠬᠦ ᠴᠢᠳᠠᠮᠵᠢ ᠶᠢᠨ ᠬᠦᠢᠴᠡᠳᠬᠡᠯ ᠳᠤᠭ᠎ᠠ ᠶᠢ | ᠰᠣᠯᠢᠯᠴᠠᠭᠤᠯᠣᠨ ᠬᠤᠳᠠᠯᠳᠣᠬᠤ ᠠᠬᠢᠴᠠ ᠪᠠᠨ ᠳᠦᠷᠭᠡᠳᠭᠡᠵᠣ᠂ ᠶᠢᠨ ᠯᠢᠶᠠᠨ ᠨᠢᠭᠡᠳᠦᠭᠡᠷ ᠬᠤᠭᠤᠴᠠᠭ᠎ᠠ ᠶᠢᠨ | ᠬᠤᠶᠢᠨᠠᠬᠢ 33 ᠳᠦᠮᠡᠨ ᠲᠣᠨ᠂ ᠴᠣᠸᠠᠩ ᠶᠣᠸᠠᠨ 40 ᠳᠦᠮᠡᠨ ᠲᠤᠨ ᠣᠣᠷ ᠬᠦᠩᠭᠡᠨᠴᠠᠭᠠᠨ ᠦᠢᠯᠡᠳᠪᠦᠷᠢᠯᠡᠬᠦ | ᠴᠢᠳᠠᠮᠵᠢ ᠶᠢᠨ ᠢᠯᠭᠠᠷᠠᠭᠤᠯᠬᠤ ᠶᠢ ᠳᠡᠮᠵᠢᠵᠣ᠂ ᠶᠢᠨ ᠯᠢᠶᠠᠨ ᠤ ᠬᠤᠶᠠᠳᠣᠭᠠᠷ ᠬᠤᠭᠤᠴᠠᠭ᠎ᠠ ᠶᠢᠨ 100 ᠳᠦᠮᠡᠨ | ᠲᠣᠨ᠂ ᠴᠣᠸᠠᠩ ᠶᠣᠸᠠᠨ ᠨᠢᠬᠡᠳᠦᠬᠡᠷ ᠬᠤᠭᠤᠴᠠᠭ᠎ᠠ ᠶᠢᠨ ᠬᠤᠶᠢᠨᠠᠬᠢ 40 ᠳᠦᠮᠡᠨ ᠲᠣᠨ ᠦᠢᠯᠡᠳᠪᠦᠷᠢᠯᠡᠬᠦ | ᠴᠢᠳᠠᠮᠵᠢ ᠶᠢ ᠬᠠᠣᠯᠢ ᠳᠣᠭᠳᠠᠭᠠᠯ ᠶᠣᠰᠣᠭᠠᠷ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠯᠢᠶᠠᠨ ᠱᠧᠩ ᠤᠨ | ᠬᠠᠽᠠᠯᠢᠶᠧᠲ 35 ᠲᠦᠮᠡᠨ ᠲᠣᠨ ᠴᠢᠳᠬᠤᠵᠣ ᠬᠡᠪᠰᠢᠬᠦᠯᠬᠦ ᠶᠢ ᠵᠠᠯᠭᠠᠯᠳᠣᠭᠤᠯᠬᠤ ᠦᠢᠯᠡᠳᠪᠦᠷᠢᠯᠡᠯ ᠤᠨ ᠱᠣᠭᠤᠮ᠂ | 15 ᠲᠦᠮᠡᠨ ᠲᠣᠨ ᠬᠤᠣᠰ ᠳᠡᠭ ᠢᠯᠳᠡᠰᠣ ᠶᠢᠨ ᠳᠦᠷᠦᠯ ᠵᠦᠢᠯ ᠵᠢᠩᠭᠢᠨᠢ ᠪᠠᠷ ᠠᠰᠢᠭᠯᠠᠯᠳᠠ ᠳᠤ ᠣᠷᠣᠬᠤ ᠶᠢ | ᠪᠠᠳᠣᠯᠠᠨ᠎ᠠ᠃ ᠰᠢᠣᠢ ᠶᠠᠩ ᠤᠨ 20 ᠳᠦᠮᠡᠨ ᠳᠣᠨ ᠪᠦᠮᠪᠦᠭᠡ ᠬᠡᠯᠪᠡᠷᠢ ᠲᠠᠢ ᠬᠦᠩᠭᠡᠨᠴᠠᠭᠠᠨ ᠤ ᠨᠤᠨᠳᠠᠭ᠂ 10 | ᠳᠦᠮᠡᠨ ᠳᠣᠨ ᠬᠦᠩᠭᠡᠨᠴᠠᠭᠠᠨ ᠤ ᠮᠦᠩᠭᠦᠨ ᠣᠰᠣ ᠶᠢᠨ ᠳᠦᠷᠦᠯ ᠵᠦᠢᠯ ᠢ ᠪᠦᠳᠦᠬᠡᠨ ᠪᠠᠶᠢᠭᠤᠯᠵᠣ᠂ ᠸᠠᠨ ᠲᠧ ᠯᠢ | 5 ᠳᠦᠮᠡᠨ ᠳᠣᠨ ᠮᠠᠰᠢᠨ ᠳᠡᠷᠬᠡᠨ ᠳᠤ ᠬᠡᠷᠡᠭᠯᠡᠬᠦ ᠳᠡᠭᠡᠳᠣ ᠳᠡᠰ ᠤᠨ ᠬᠦᠩᠭᠡᠨᠴᠠᠭᠠᠨ ᠮᠠᠲ᠋ᠧᠷᠢᠶᠠᠯ ᠤᠨ ᠳᠦᠷᠦᠯ | ᠵᠦᠢᠯ ᠬᠡᠷᠡᠭᠯᠡᠯᠳᠡ ᠳᠤ ᠣᠷᠣᠬᠤ ᠶᠢ ᠠᠬᠢᠭᠤᠯᠵᠣ᠂ ᠬᠤᠣᠯᠢᠩᠭᠤᠣᠯ ᠨᠡᠬᠦᠷᠡᠰᠣᠨ ᠠᠭᠤᠷᠬᠠᠢ ᠶᠢᠨ ᠳᠡᠷᠬᠡᠨ ᠬᠦᠷᠳᠣ | ᠶᠢᠨ 300 ᠳᠦᠮᠡᠨ ᠳᠣᠨ ᠬᠦᠩᠭᠡᠨᠴᠠᠭᠠᠨ ᠬᠦᠷᠳᠣ ᠶᠢ ᠦᠷᠭᠡᠳᠭᠡᠨ ᠪᠠᠶᠢᠭᠤᠯᠬᠤ ᠳᠦᠷᠦᠯ ᠵᠦᠢᠯ ᠢ ᠡᠬᠢᠯᠡᠬᠦᠯᠣᠨᠡ | ᠃ ᠳᠣᠰ ᠵᠢᠯ ᠳᠤ᠂ ᠬᠦᠩᠭᠡᠨᠴᠠᠭᠠᠨ ᠢ ᠨᠠᠷᠢᠯᠢᠭ ᠡᠳ᠋ᠰᠢᠬᠦᠯᠬᠦ ᠦᠢᠯᠡᠳᠪᠦᠷᠢᠯᠡᠯ ᠤᠨ ᠴᠢᠳᠠᠮᠵᠢ ᠶᠢ 80 ᠳᠦᠮᠡᠨ | ᠳᠣᠨ ᠠᠴᠠ ᠳᠡᠭᠡᠭᠰᠢ ᠪᠣᠯᠭᠠᠨ᠎ᠠ᠃ ᠴᠣᠸᠠᠩ ᠶᠣᠸᠠᠨ ᠤ 30 ᠳᠦᠮᠡᠨ ᠳᠣᠨ ᠨᠡᠬᠦᠷᠡᠰᠣᠳᠣᠷᠦ᠋ᠭᠴᠢᠳᠣ ᠳᠦᠷᠦᠯ | ᠵᠦᠢᠯ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠵᠣ᠂ 12 ᠲᠦᠮᠡᠨ ᠳᠣᠨ ᠠᠵᠣ ᠦᠢᠯᠡᠳᠪᠦᠷᠢ ᠶᠢᠨ ᠴᠠᠬᠢᠭᠤᠷ | ᠤᠨ ᠳᠦᠷᠦᠯ ᠵᠦᠢᠯ ᠤᠨ ᠳᠣᠰ ᠵᠢᠯ ᠳᠤ ᠠᠰᠢᠭᠯᠠᠯᠳᠠ ᠳᠤ ᠣᠷᠣᠭᠤᠯᠬᠤ ᠪᠠᠷ ᠴᠢᠷᠮᠠᠶᠢᠨ᠎ᠠ᠃ ᠬᠤᠣᠯᠢᠩᠭᠤᠣᠯ | ᠨᠡᠬᠦᠷᠡᠰᠣᠨ ᠪᠦᠯᠦᠭᠯᠡᠯ ᠤᠨ ᠬᠡᠯᠪᠡᠷᠢ ᠪᠠᠨ ᠬᠤᠪᠢᠷᠠᠭᠤᠯᠣᠨ ᠬᠦᠭᠵᠢᠬᠦᠯᠬᠦ ᠪᠠᠷ ᠳᠠᠮᠵᠢᠵᠣ᠂ 30 ᠳᠦᠮᠡᠨ ᠳᠣᠨ | ᠨᠡᠬᠦᠷᠡᠰᠦᠳᠦ᠋ᠷᠦᠭᠴᠢᠳᠣ ᠳᠦᠷᠦᠯ ᠵᠦᠢᠯ ᠢ ᠪᠦᠳᠦᠬᠡᠨ ᠪᠠᠶᠢᠭᠤᠯᠵᠣ᠂ ᠬᠤᠩ ᠵᠢᠶᠦ᠋ᠨ ᠬᠦᠩᠭᠡᠨᠴᠠᠭᠠᠨ ᠤ ᠬᠠᠪᠳᠠᠭᠠᠢ | ᠳᠡᠪᠬᠡ᠂ ᠸᠠᠨ ᠰᠢᠶᠠᠩ ᠬᠦᠩᠭᠡᠨᠴᠠᠭᠠᠨ ᠤ ᠦᠢᠯᠡᠰ ᠤᠨ ᠺᠣᠮᠫᠠᠨᠢ ᠶᠢ ᠳᠠᠬᠢᠵᠣ ᠨᠡᠶᠢᠯᠡᠬᠦᠯᠣᠨ ᠵᠣᠬᠢᠶᠠᠨ | ᠪᠠᠶᠢᠭᠤᠯᠬᠤ ᠶᠢ ᠪᠡᠶᠡᠯᠡᠬᠦᠯᠣᠨ᠎ᠠ᠃ ᠨᠠᠨ ᠬᠠᠢ ᠬᠤᠣ ᠢ 20 ᠳᠦᠮᠡᠨ ᠳᠣᠨ ᠢᠯᠵᠢᠷᠠᠮᠠᠭ ᠬᠦᠴᠢᠯ ᠤᠨ ᠳᠠᠪᠣᠰᠣᠨ ᠤ | ᠳᠦᠷᠦᠯ ᠵᠦᠢᠯ ᠠᠰᠢᠭᠯᠠᠯᠳᠠ ᠳᠤ ᠣᠷᠣᠵᠣ ᠦᠷ᠎ᠡ ᠪᠦᠳᠦᠮᠵᠢ ᠣᠯᠬᠤ ᠶᠢ ᠪᠠᠳᠣᠯᠠᠨ᠎ᠠ᠃ | ᠨᠡᠶᠢᠳᠡ ᠶᠢᠨ ᠪᠣᠰᠣ ᠦᠮᠴᠢᠯᠡᠯᠳᠣ ᠠᠵᠣ ᠠᠬᠤᠢ ᠶᠢ ᠳᠡᠮᠵᠢᠨ᠎ᠡ᠃ ︽ᠢᠨᠲ᠋ᠧᠷ ᠰᠦᠯᠵᠢᠶ᠎ᠡ + | ᠣᠳᠣᠬᠢᠴᠢᠯᠠᠭᠰᠠᠨ ᠴᠢᠮᠡᠭᠡ ᠵᠠᠩᠬᠢ ᠶᠢᠨ ᠮᠡᠷᠭᠡᠵᠢᠯ︾ ᠢ ᠬᠡᠷᠡᠭᠯᠡᠵᠣ᠂ ︽ᠵᠠᠰᠠᠭ ᠤᠨ ᠣᠷᠳᠣᠨ ᠪᠠ ᠠᠵᠣ | ᠠᠬᠤᠶᠢᠯᠠᠯ ᠬᠠᠮᠳᠣᠷᠠᠨ ᠬᠦᠳᠡᠯᠦᠯᠴᠡᠭᠰᠡᠨ︾ 24 ᠴᠠᠭ ᠤᠨ ᠦᠢᠯᠡᠴᠢᠯᠡᠬᠡᠨ ᠤ ᠳᠠᠪᠴᠡᠭ ᠢ ᠪᠠᠶᠢᠭᠤᠯᠵᠣ᠂ ᠵᠠᠰᠠᠭ | ᠤᠨ ᠣᠷᠳᠣᠨ᠂ ᠪᠠᠩᠬᠢ᠂ ᠠᠵᠣ ᠠᠬᠤᠶᠢᠯᠠᠯ ᠤᠨ ᠳᠡᠬᠡᠳᠣ ᠬᠤᠷᠳᠣᠴᠠ ᠪᠠᠷ ᠵᠣᠯᠭᠠᠯᠴᠠᠭᠤᠯᠬᠤ ᠬᠦᠬᠦᠷᠬᠡ ᠶᠢ | ᠪᠠᠶᠢᠭᠤᠯᠣᠨ᠎ᠠ᠃ ᠮᠦᠩᠭᠦᠨ ᠬᠦᠢᠯᠬᠡᠬᠡᠨ ᠤ ᠢᠳᠡᠭᠡᠮᠵᠢᠳᠣ ᠵᠢᠬᠡᠯᠡᠯᠭᠡ᠂ ᠰᠢᠨᠵᠢᠯᠡᠬᠦ ᠣᠬᠠᠭᠠᠨ ᠮᠡᠷᠬᠡᠵᠢᠯ ᠤᠨ ᠰᠢᠨ᠎ᠡ | ᠶᠢ ᠡᠬᠦᠳᠣᠨ ᠪᠦᠳᠦᠬᠡᠬᠦ᠂ ᠴᠢᠳᠠᠪᠣᠷᠢᠳᠠᠨ ᠢ ᠬᠦᠮᠦᠵᠢᠬᠦᠯᠬᠦ᠂ ᠦᠢᠡᠯᠳᠪᠦᠷᠢᠯᠡᠯ ᠤᠨ ᠡᠯᠧᠮᠧᠨ᠋ᠲ ᠤᠨ ᠳᠣᠬᠢᠷᠠᠭᠤᠯᠭ᠎ᠠ | ᠵᠡᠷᠬᠡ ᠳᠠᠯ᠎ᠠ ᠶᠢᠨ ᠳᠦᠷᠣ ᠶᠢᠨ ᠪᠣᠳᠣᠯᠭ᠎ᠠ ᠶᠢᠨ ᠳᠡᠮᠵᠢᠯᠬᠡ ᠶᠢ ᠴᠢᠩᠭᠠᠳᠬᠠᠵᠣ᠂ ᠨᠢᠬᠡ ᠪᠦᠯᠦᠭ ᠭᠤᠣᠯᠯᠠᠭᠴᠢ | ᠠᠵᠣ ᠠᠬᠤᠶᠢᠯᠠᠯ ᠢ ᠪᠣᠶᠢᠵᠢᠭᠤᠯᠵᠣ᠂ ᠨᠢᠬᠡ ᠪᠦᠯᠦᠭ ᠰᠢᠨ᠎ᠡ ᠶᠢ ᠡᠬᠦᠳᠬᠦ ᠬᠡᠯᠪᠡᠷᠢ ᠶᠢᠨ ᠳᠣᠮᠳᠠ ᠪᠠᠭ᠎ᠠ ᠠᠵᠣ | ᠠᠬᠤᠶᠢᠯᠠᠯ ᠢ ᠪᠠᠶᠢᠭᠤᠯᠣᠨ᠎ᠠ᠃ ᠣᠷᠣᠨ ᠨᠣᠳᠤᠭ ᠤᠨ ᠠᠵᠣ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠵᠣ ᠳᠡᠰ | ᠳᠡᠪᠰᠢᠬᠦ ᠶᠢ ᠳᠡᠮᠵᠢᠵᠣ᠂ ᠠᠯᠳᠠᠨ ᠭᠤᠬ᠎ᠠ᠂ ᠬᠤᠣᠯᠢᠨ ᠰᠢ ᠱᠠᠨ ᠰᠢᠶᠠᠩ ᠵᠡᠷᠬᠡ ᠣᠷᠣᠨ ᠨᠣᠳᠤᠭ ᠤᠨ ᠨᠡᠷᠡᠳᠣ | ᠳᠡᠮᠳᠡᠭ ᠢ ᠪᠣᠵᠠᠭᠠᠶᠢᠷᠠᠭᠤᠯᠣᠨ ᠬᠦᠴᠦᠷᠬᠡᠭ ᠪᠣᠯᠭᠠᠵᠣ᠂ ᠵᠠᠬ᠎ᠠ ᠳᠡᠯᠬᠡᠬᠦᠷ ᠤᠨ ᠦᠷᠢᠰᠦᠯᠳᠦᠬᠡᠨ ᠢ ᠨᠡᠮᠡᠭᠳᠡᠬᠦᠯᠦᠨ᠎ᠡ᠃ | ᠣᠷᠣᠨ ᠨᠣᠳᠤᠭ ᠤᠨ ᠠᠵᠣ ᠠᠬᠤᠶᠢᠯᠠᠯ ᠪᠠ ᠬᠤᠳᠠᠯᠳᠣᠭᠠᠴᠢᠨ ᠣᠷᠢᠵᠣ ᠪᠡᠯᠡ ᠣᠷᠣᠭᠤᠯᠣᠨ ᠠᠪᠴᠢᠷᠠᠬᠤ ᠳᠦᠷᠦᠯ | ᠵᠦᠢᠯ ᠤᠨ ᠪᠣᠳᠠᠳᠣ ᠬᠠᠮᠳᠣᠷᠠᠯᠴᠠᠭ᠎ᠠ᠂ ᠪᠦᠯᠬᠦᠮᠳᠠᠨ ᠳᠣᠯᠠᠭᠠᠴᠠᠭᠤᠯᠬᠤ᠂ ᠭᠠᠳᠠᠭᠠᠳᠣ ᠶᠢᠨ ᠬᠦᠷᠦᠩᠭᠡ ᠲᠧᠭᠨᠢᠭ ᠢ | ᠠᠰᠢᠭᠯᠠᠬᠤ᠂ ᠣᠶᠠᠯᠳᠣᠬᠤ ᠴᠢᠨᠠᠷ ᠢᠶᠠᠨ ᠳᠡᠭᠡᠭᠰᠢᠯᠡᠬᠦᠯᠦᠨ᠎ᠡ᠃ ᠠᠵᠣ ᠠᠬᠤᠶᠢᠯᠠᠯᠳᠠᠨ ᠤ ᠵᠣᠷᠢᠭ ᠰᠠᠨᠠᠭ᠎ᠠ ᠶᠢ | ᠪᠦᠳᠦᠮᠵᠢᠳᠠᠢ ᠣᠷᠮᠠᠰᠢᠭᠤᠯᠬᠤ ᠪᠠ ᠬᠠᠮᠠᠭᠠᠯᠠᠵᠣ᠂ ᠨᠡᠩ ᠣᠯᠠᠨ ᠨᠡᠶᠢᠬᠡᠮ ᠤᠨ ᠪᠡᠶᠡᠴᠢ ᠴᠣᠭᠴᠠ ᠶᠢᠨ ᠰᠢᠨ᠎ᠡ ᠶᠢ | ᠡᠭᠦᠳᠴᠣ ᠦᠢᠯᠡᠰ ᠪᠣᠰᠬᠠᠬᠤ ᠶᠢ ᠵᠣᠷᠢᠭᠵᠢᠭᠤᠯᠵᠣ᠂ ᠪᠠᠶᠢᠯᠳᠣᠬᠤ ᠪᠣᠳᠣᠯᠭ᠎ᠠ ᠶᠢᠨ ᠬᠤᠯᠠ ᠶᠢᠨ ᠬᠠᠷᠠᠯᠳᠠ ᠲᠠᠢ᠂ | ᠨᠡᠷᠡᠳᠣ ᠳᠡᠮᠳᠡᠭ ᠢ ᠪᠦᠳᠦᠬᠡᠨ ᠪᠠᠶᠢᠭᠤᠯᠬᠤ ᠣᠬᠠᠮᠰᠠᠷ ᠲᠠᠢ᠂ ᠵᠠᠬ᠎ᠠ ᠳᠡᠯᠬᠡᠬᠦᠷ ᠤᠨ ᠰᠢᠨ᠎ᠡ ᠶᠢ ᠡᠷᠢᠯᠬᠢᠯᠡᠬᠦ ᠵᠣᠷᠢᠭ | ᠰᠠᠨᠠᠭ᠎ᠠ ᠲᠠᠢ᠂ ᠬᠠᠮᠢᠶᠠᠷᠣᠯᠳᠠ ᠶᠢᠨ ᠰᠢᠨ᠎ᠡ ᠶᠢ ᠡᠬᠦᠳᠬᠦ ᠴᠢᠳᠠᠪᠣᠷᠢ ᠪᠠ ᠨᠡᠶᠢᠬᠡᠮ ᠤᠨ ᠬᠠᠷᠢᠭᠤᠴᠠᠯᠭᠠᠳᠣ ᠰᠡᠳᠬᠢᠯᠬᠡ | ᠲᠠᠢ ᠨᠢᠬᠡ ᠪᠦᠯᠦᠭ ᠰᠢᠯᠢᠳᠡᠭ ᠠᠷᠠᠳ ᠠᠴᠠ ᠡᠵᠡᠩᠨᠡᠭᠰᠡᠨ ᠠᠵᠣ ᠠᠬᠤᠶᠢᠯᠠᠯᠳᠠᠨ ᠢ ᠬᠦᠮᠦᠵᠢᠬᠦᠯᠦᠨ᠎ᠡ᠃ | ᠦᠢᠯᠡᠰ ᠢᠶᠠᠨ ᠳᠡᠬᠡᠳᠦᠯᠡᠬᠦ ᠳᠡᠭᠡᠳᠣ ᠰᠣᠷᠳᠠᠯ ᠢ ᠪᠣᠢ ᠪᠣᠯᠭᠠᠵᠣ᠂ ᠣᠷᠠᠴᠣᠳ ᠤᠨ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠣ᠂ ᠴᠢᠨᠠᠷ ᠴᠢᠨᠰᠠᠭ᠎ᠠ ᠶᠢᠨ ᠬᠠᠮᠢᠶᠠᠷᠣᠯᠳᠠ ᠶᠢ ᠴᠢᠩᠭᠠᠳᠬᠠᠵᠣ᠂ ᠠᠵᠢᠯ ᠳᠦᠷᠦᠯ ᠤᠨ ᠬᠦᠷᠢᠶᠡᠨ ᠳᠤ | ᠠᠯᠳᠠᠷᠰᠢᠭᠰᠠᠨ ᠨᠢᠬᠡ ᠪᠦᠯᠦᠭ ︽ᠬᠤᠣᠯᠢᠩᠭᠤᠣᠯ ᠨᠡᠷᠡᠳᠣ ᠳᠡᠮᠳᠡᠭᠳᠦ︾ ᠶᠢ ᠪᠠᠶᠢᠭᠤᠯᠣᠨ᠎ᠠ᠃ ︽ᠳᠣᠳᠣᠨᠣᠰᠤᠭ | ᠴᠢᠭᠡᠴᠢ︾ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠠᠵᠣ ᠠᠬᠤᠶᠢᠯᠠᠯ ᠤᠨ ᠬᠠᠷᠢᠴᠠᠭ᠎ᠠ ᠶᠢ ᠪᠠᠶᠢᠭᠤᠯᠵᠣ᠂ | ᠨᠡᠶᠢᠳᠡ ᠶᠢᠨ ᠪᠣᠰᠣ ᠦᠮᠴᠢᠯᠠᠯ ᠤᠨ ᠠᠵᠣ ᠠᠬᠤᠢ ᠶᠢᠨ ᠬᠦᠭᠵᠢᠯᠳᠡ ᠶᠢᠨ ᠳᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠦᠷᠬᠡᠨ ᠢᠶᠠᠷ ᠣᠬᠠᠭᠤᠯᠵᠣ ᠵᠣᠷᠢᠭᠵᠢᠭᠤᠯᠬᠤ ᠪᠠᠷ ᠳᠡᠮᠵᠢᠨ᠂ ᠵᠠᠰᠠᠭ ᠤᠨ ᠣᠷᠳᠣᠨ ᠤ ︽ | ᠳᠣᠳᠣᠨᠣᠰᠤᠭ ᠬᠤᠳᠠᠯᠳᠤᠭ᠎ᠠ︾᠂ ᠪᠦᠬᠦ ᠠᠷᠠᠳ ᠤᠨ ︽ᠳᠣᠭᠳᠠᠭᠤᠨ ᠬᠤᠳᠠᠯᠳᠤᠭ᠎ᠠ︾᠂ ᠨᠡᠶᠢᠬᠡᠮ ᠤᠨ ︽ | ᠬᠤᠳᠠᠯᠳᠤᠭ᠎ᠠ ᠶᠢ ᠬᠠᠮᠠᠭᠠᠯᠠᠬᠤ︾ ᠰᠢᠯᠢᠳᠡᠭ ᠰᠠᠶᠢᠨ ᠣᠷᠴᠢᠨ ᠳᠣᠭᠤᠷᠢᠨ ᠢ ᠴᠢᠷᠮᠠᠶᠢᠨ ᠡᠬᠦᠳᠦᠨ᠎ᠡ᠃ | ᠡᠯᠧᠮᠧᠨ᠋ᠲ ᠤᠨ ᠪᠠᠳᠣᠯᠠᠭ᠎ᠠ ᠶᠢ ᠰᠢᠯᠢᠳᠡᠭᠵᠢᠬᠦᠯᠦᠨ᠎ᠡ᠃ ᠬᠤᠣᠯᠢᠩᠭᠤᠣᠯ ᠨᠡᠬᠦᠷᠡᠰᠣᠨ ᠪᠦᠯᠦᠭᠯᠡᠯ᠂ ᠶᠢᠨ | ᠯᠢᠶᠠᠨ ᠠᠭᠤᠷᠬᠠᠢ ᠶᠢᠨ ᠦᠢᠯᠡᠰ ᠪᠣᠯᠣᠨ ᠯᠦ ᠰᠢᠨ ᠨᠡᠬᠦᠷᠡᠰᠣᠨ ᠠᠭᠤᠷᠬᠠᠢ᠂ ᠣᠯᠠᠭᠠᠢ ᠭᠤᠣᠯ ᠤᠨ ᠨᠡᠬᠦᠷᠡᠰᠣᠨ | ᠠᠭᠤᠷᠬᠠᠢ ᠶᠢᠨ ᠬᠠᠮᠳᠣᠷᠠᠯᠴᠠᠨ ᠳᠠᠬᠢᠵᠣ ᠨᠡᠶᠢᠯᠡᠬᠦᠯᠬᠦ ᠶᠢ ᠳᠦᠷᠬᠡᠳᠬᠡᠵᠣ᠂ ᠴᠣᠸᠠᠩ ᠶᠣᠸᠠᠨ ᠺᠣᠮᠫᠠᠨᠢ ᠶᠢᠨ | ᠨᠡᠬᠦᠷᠡᠰᠣᠨ ᠤ ᠡᠬᠢ ᠪᠠᠶᠠᠯᠢᠭ ᠤᠨ ᠳᠣᠬᠢᠷᠠᠭᠤᠯᠣᠯᠳᠠ ᠶᠢ ᠳᠦᠯᠬᠢᠨ ᠠᠬᠢᠭᠤᠯᠵᠣ᠂ ᠭᠤᠣᠯᠳᠠᠯᠭᠠᠳᠣ ᠨᠡᠬᠦᠷᠡᠰᠣᠨ | ᠠᠵᠣ ᠠᠬᠤᠶᠢᠯᠠᠯ ᠪᠣᠯᠣᠨ ᠶᠡᠭᠡ ᠬᠡᠯᠪᠡᠷᠢ ᠶᠢᠨ ᠴᠠᠬᠢᠯᠭᠠᠨ ᠵᠠᠳᠠᠯᠣᠯ ᠤᠨ ᠬᠦᠩᠭᠡᠨᠴᠠᠭᠠᠨ ᠤ ᠠᠵᠣ ᠠᠬᠤᠶᠢᠯᠠᠯ ᠤᠨ | ᠣᠷᠳᠣ ᠬᠤᠭᠤᠴᠠᠭᠠᠨ ᠤ ᠬᠠᠮᠳᠣᠷᠠᠯᠴᠠᠭ᠎ᠠ ᠶᠢ ᠳᠦᠷᠬᠡᠳᠭᠡᠵᠣ᠂ ︽ᠨᠡᠬᠦᠷᠡᠰᠣ ᠦᠢᠯᠡᠳᠪᠦᠷᠢᠯᠡᠬᠦ ᠨᠡᠬᠦᠷᠡᠰᠣ ᠳᠣᠳᠠᠬᠤ | ︾ ᠠᠰᠠᠭᠤᠳᠠᠯ ᠢ ᠰᠢᠢᠳᠪᠦᠷᠢᠯᠡᠵᠣ᠂ ᠨᠡᠬᠦᠷᠡᠰᠣᠨ ᠵᠠᠬ᠎ᠠ ᠳᠡᠯᠬᠡᠬᠦᠷ ᠤᠨ ᠬᠠᠩᠭᠠᠯᠭ᠎ᠠ ᠬᠡᠷᠡᠭᠴᠡᠭᠡ ᠶᠢᠨ ᠳᠡᠩᠴᠡᠬᠦᠷᠢ ᠶᠢ | ᠪᠠᠳᠣᠯᠠᠵᠣ᠂ ᠶᠢᠨ ᠯᠢᠶᠠᠨ᠂ ᠴᠣᠸᠠᠩ ᠶᠤᠸᠠᠨ ᠤ ᠣᠯᠠᠨ ᠴᠢᠳᠠᠮᠵᠢᠳᠣ ᠬᠠᠷᠢᠯᠴᠠᠨ ᠨᠦᠬᠦᠪᠦᠷᠢᠯᠡᠬᠦ ᠵᠢᠱᠢᠶ᠎ᠠ | ᠦᠵᠡᠬᠦᠯᠬᠦ ᠳᠦᠷᠦᠯ ᠵᠦᠢᠯ ᠨᠢ ᠵᠦᠪᠰᠢᠶᠡᠷᠡᠭᠳᠡᠨ ᠪᠠᠶᠢᠭᠤᠯᠣᠭᠳᠠᠵᠣ᠂ ᠴᠠᠬᠢᠯᠭᠠᠨ ᠬᠦᠴᠦᠨ ᠤ ᠬᠦᠭᠵᠢᠯᠳᠡ ᠶᠢᠨ | ᠪᠣᠭᠤᠮᠢ ᠶᠢ ᠵᠠᠳᠠᠯᠵᠣ᠂ ᠣᠯᠠᠭᠠᠨᠬᠠᠳᠠ ᠭᠤᠣᠯ᠂ ᠰᠠᠨ ᠾᠧ ᠺᠸᠣ ᠣᠰᠣᠨ ᠴᠦᠬᠦᠷᠣᠮ᠂ ᠪᠠᠷᠠᠭᠤᠨ ᠪᠣᠷᠭᠠᠰᠣᠳᠠᠢ | ᠭᠤᠣᠯ ᠤᠨ ᠣᠰᠣᠨ ᠴᠦᠬᠦᠷᠦᠮ ᠤᠨ ᠣᠰᠣ ᠳᠠᠳᠠᠬᠤ ᠢᠨᠵᠧᠨᠧᠷᠢᠩ ᠢ ᠳᠦᠷᠬᠡᠳᠬᠡᠵᠣ᠂ ᠲᠦᠩᠯᠢᠶᠣᠣ | ᠬᠤᠣᠯᠢᠩᠭᠤᠣᠯ ᠤᠨ ᠪᠠᠶᠢᠭᠠᠯᠢ ᠶᠢᠨ ᠰᠢᠳᠠᠮᠠᠭᠠᠢ ᠬᠡᠢ ᠶᠢᠨ ᠬᠤᠭᠤᠯᠠᠢ ᠶᠢ ᠵᠠᠰᠠᠨ ᠳᠠᠭᠤᠰᠬᠠᠵᠣ᠂ 8 ᠳᠡᠭᠰᠢ | ᠳᠦᠷᠪᠡᠯᠵᠢᠨ ᠺᠢᠯᠣᠮᠧᠲᠷ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠬᠦᠷᠢᠶᠡᠯᠡᠩ | ᠳᠣᠭᠤᠷᠢᠭ ᠤᠨ ᠰᠠᠭᠤᠷᠢ ᠳᠦᠬᠦᠬᠡᠷᠦᠮᠵᠢ ᠶᠢ ᠰᠠᠶᠢᠵᠢᠷᠠᠭᠤᠯᠵᠣ᠂ ᠠᠵᠣ ᠦᠢᠯᠡᠳᠪᠦᠷᠢ ᠶᠢᠨ ᠠᠵᠣ ᠠᠬᠤᠢ ᠶᠢᠨ | ᠬᠦᠭᠵᠢᠯᠳᠡ ᠶᠢᠨ ︽ᠳᠣᠳᠠᠭᠳᠠᠯ︾ ᠢ ᠨᠦᠬᠦᠪᠦᠷᠢᠯᠡᠵᠣ᠂ ᠠᠵᠣ ᠦᠢᠯᠡᠳᠪᠦᠷᠢ ᠶᠢᠨ ᠨᠡᠶᠢᠳᠡᠮ ᠪᠠᠶᠢᠴᠠᠭᠠᠯᠳᠠ ᠶᠢᠨ | ᠠᠵᠢᠯᠯᠠᠭ᠎ᠠ ᠶᠢ ᠦᠷᠨᠢᠬᠦᠯᠵᠣ᠂ ᠭᠤᠣᠯᠳᠠᠯᠭᠠᠳᠣ ᠠᠵᠣ ᠠᠬᠤᠶᠢᠯᠠᠯ ᠳᠤ ︽ᠨᠢᠬᠡ ᠠᠵᠣ ᠠᠬᠤᠶᠢᠯᠠᠯ ᠨᠢᠬᠡ ᠠᠷᠭ᠎ᠠ | ᠪᠣᠳᠣᠯᠭ᠎ᠠ︾ ᠪᠠᠷ ᠳᠡᠮᠵᠢᠨ ᠳᠡᠳᠬᠦᠬᠦ ᠳᠦᠰᠦᠯ ᠪᠠᠶᠢᠭᠤᠯᠬᠤ ᠶᠢᠨ ᠳᠦᠯᠦᠬᠡ᠂ ᠭᠤᠣᠯᠳᠠᠯᠭ᠎ᠠ ᠲᠠᠢ ᠳᠦᠷᠦᠯ | ᠵᠦᠢᠯ ᠢ ︽ᠭᠠᠷᠠᠭ ᠲᠤ ᠳᠣᠬᠢᠷᠠᠭᠤᠯᠵᠣ᠂ ᠰᠠᠷ᠎ᠠ ᠳᠤ ᠮᠡᠳᠡᠬᠦᠯᠵᠤ᠂ ᠣᠯᠠᠷᠢᠯ ᠳᠤ ᠵᠠᠳᠠᠯᠬᠤ︾᠂ ᠠᠵᠣ | ᠠᠬᠤᠶᠢᠯᠠᠯ ᠤᠨ ᠬᠦᠭᠵᠢᠯᠳᠡ᠂ ᠳᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠪᠣᠯᠣᠨ ᠪᠡᠯᠡ ᠣᠷᠣᠭᠤᠯᠣᠯᠳᠠ ᠶᠢᠨ | ᠴᠢᠨᠠᠷ ᠴᠢᠨᠰᠠᠭ᠎ᠠ ᠶᠢ ᠪᠦᠬᠦ ᠳᠠᠯ᠎ᠠ ᠪᠠᠷ ᠪᠠᠳᠣᠯᠠᠵᠣ᠂ ᠵᠢᠯ ᠳᠤ᠂ 5 ᠠᠵᠣ ᠠᠬᠤᠶᠢᠯᠠᠯ ᠢ ᠬᠡᠪᠴᠢᠶᠠᠵᠢᠯ ᠠᠴᠠ | ᠳᠡᠭᠡᠭᠰᠢᠬᠢ ᠠᠵᠣ ᠠᠬᠤᠶᠢᠯᠠᠯ ᠪᠣᠯᠭᠠᠬᠤ ᠪᠠᠷ ᠬᠦᠴᠦᠯᠡᠨ ᠴᠢᠷᠮᠠᠶᠢᠵᠣ᠂ ᠦᠢᠯᠡᠳᠪᠦᠷᠢᠯᠡᠬᠦ ᠪᠠᠨ ᠵᠣᠭᠰᠣᠭᠰᠠᠨ 4 | ᠠᠵᠣ ᠠᠬᠤᠶᠢᠯᠠᠯ ᠤᠨ ᠦᠢᠯᠡᠳᠪᠦᠷᠢᠯᠡᠯ ᠢ ᠰᠡᠷᠬᠦᠬᠡᠵᠣ ᠴᠢᠯᠦᠬᠡᠳᠡᠢ ᠪᠣᠯᠭᠠᠵᠣ᠂ ᠵᠠᠰᠠᠭ ᠤᠨ ᠣᠷᠳᠣᠨ ᠪᠠ ᠠᠵᠣ | ᠠᠬᠤᠶᠢᠯᠠᠯ ᠬᠠᠮᠳᠣᠷᠠᠨ ᠬᠦᠳᠡᠯᠦᠯᠴᠡᠨ ᠵᠣᠯᠭᠠᠯᠴᠠᠭᠤᠯᠬᠤ ᠳᠤ ᠳᠡᠭᠡᠷ᠎ᠡ ᠳᠡᠰ ᠤᠨ ᠳᠦᠷᠦᠯ ᠵᠦᠢᠯ ᠤᠨ ᠪᠡᠯᠡ ᠮᠦᠩᠭᠦ | ᠶᠢ 4 ᠳ᠋ᠦᠩᠰᠢᠭᠤᠷ ᠳᠦᠬᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ | ︵ᠬᠤᠶᠠᠷ︶ ᠨᠢᠭᠡᠳᠦᠭᠡᠷ ᠭᠤᠷᠪᠠᠳᠣᠭᠠᠷ ᠠᠵᠣ ᠦᠢᠯᠡᠰ ᠤᠨ ᠣᠶᠠᠯᠳᠣᠨ ᠬᠦᠭᠵᠢᠬᠦ ᠶᠢ ᠳᠦᠯᠬᠢᠨ | ᠠᠬᠢᠭᠤᠯᠣᠨ᠎ᠠ᠃ | ᠰᠣᠶᠣᠯ ᠵᠢᠭᠤᠯᠴᠢᠯᠠᠯ ᠤᠨ ᠦᠢᠯᠡᠰ ᠢ ᠪᠣᠵᠠᠭᠠᠶᠢᠷᠠᠭᠤᠯᠣᠨ᠎ᠠ᠃ ᠭᠠᠵᠠᠷ ᠣᠷᠣᠨ ᠤ ᠪᠠᠶᠢᠷᠢ ᠪᠠ ᠵᠠᠮ | ᠬᠠᠷᠢᠯᠴᠠᠭᠠᠨ ᠤ ᠳᠠᠪᠠᠭᠤᠯᠢᠭ ᠢ ᠬᠦᠢᠴᠡᠳ ᠪᠠᠳᠠᠷᠠᠭᠤᠯᠵᠣ᠂ ᠭᠠᠵᠠᠷ ᠣᠷᠣᠨ ᠤ ᠵᠢᠭᠤᠯᠴᠢᠯᠠᠯ ᠤᠨ ᠳᠦᠪᠯᠡᠷᠡᠬᠦᠯᠬᠦ | ᠳᠠᠷᠬᠠᠭᠠᠬᠤ ᠳᠦᠪ ᠤᠨ ᠦᠢᠯᠡᠴᠢᠯᠡᠬᠡᠨ ᠤ ᠴᠢᠳᠠᠮᠵᠢ ᠶᠢ ᠳᠦᠷᠬᠡᠳᠬᠡᠨ ᠳᠡᠬᠦᠯᠳᠡᠷᠵᠢᠬᠦᠯᠵᠣ᠂ ᠦᠪᠦᠷ ᠮᠣᠩᠭᠤᠯ ᠤᠨ | ᠵᠡᠬᠦᠨ ᠬᠡᠰᠡᠭ ᠤᠨ ᠰᠢᠯᠢᠳᠡᠭ ᠳᠠᠯ᠎ᠠ ᠨᠣᠳᠤᠭ ᠤᠨ ᠵᠢᠭᠤᠯᠴᠢᠯᠠᠯ ᠤᠨ ᠣᠷᠣᠨ ᠢ ᠪᠠᠶᠢᠭᠤᠯᠵᠣ᠂ ︽ᠬᠤᠣᠯᠢᠩᠭᠤᠣᠯ | ᠬᠤᠳᠠ ᠶᠢᠨ ᠪᠦᠬᠦ ᠴᠠᠷᠠᠭ᠎ᠠ ᠶᠢᠨ ᠵᠢᠭᠤᠯᠴᠢᠯᠠᠯ ᠤᠨ ᠶᠡᠷᠦᠩᠭᠡᠢ ᠳᠦᠯᠦᠪᠵᠢᠬᠦᠯᠬᠡ︾ ᠶᠢ ᠪᠡᠶᠡᠯᠡᠬᠦᠯᠵᠣ᠂ ᠣᠪᠣᠭᠠᠨ | ᠳᠠᠬᠢ ᠠᠭᠤᠯᠵᠠᠯᠳᠠ ᠶᠢᠨ ᠬᠠᠭᠠᠨᠳᠣ ᠠᠭᠤᠯᠠ ᠶᠢᠨ ᠵᠢᠭᠤᠯᠴᠢᠯᠠᠯ ᠤᠨ ᠣᠷᠣᠨ ᠤ ᠳᠡᠰ ᠳᠡᠪᠰᠢᠬᠦ ᠶᠢ ᠳᠦᠯᠬᠢᠨ | ᠠᠬᠢᠭᠤᠯᠵᠣ᠂ ᠡᠯᠦᠨ ᠳᠠᠯ᠎ᠠ ᠨᠣᠳᠤᠭ ᠤᠨ ᠦᠪᠡᠷᠳᠡᠬᠡᠨ ᠳᠡᠷᠬᠡ ᠵᠢᠯᠣᠭᠤᠳᠣᠨ ᠵᠣᠭᠠᠴᠠᠬᠤ ᠦᠢᠯᠡᠴᠢᠯᠡᠬᠡᠨ ᠤ | ᠴᠢᠳᠠᠮᠵᠢ ᠶᠢ ᠳᠡᠬᠦᠯᠳᠡᠷᠵᠢᠬᠦᠯᠵᠣ᠂ ᠬᠠᠷᠠᠮᠦ᠋ᠷᠡᠨ᠂ ᠬᠢᠷᠢᠨ᠂ ᠯᠢᠶᠣᠣᠨᠢᠩ᠂ ᠪᠡᠬᠡᠵᠢᠩ᠂ ᠲᠢᠶᠠᠨᠵᠢᠨ᠂ ᠾᠧᠪᠸᠢ ᠶᠢᠨ | ᠵᠣᠭᠠᠴᠠᠭᠰᠠᠳ ᠤᠨ ᠵᠠᠬ᠎ᠠ ᠳᠡᠯᠬᠡᠬᠦᠷ ᠲᠠᠢ ᠬᠦᠨᠵᠡᠬᠡᠢ ᠵᠣᠯᠭᠠᠯᠴᠠᠭᠤᠯᠵᠣ᠂ ᠵᠢᠭᠤᠯᠴᠢᠯᠠᠯ ᠢ ᠳᠠᠨᠢᠯᠴᠠᠭᠤᠯᠬᠤ᠂ ᠠᠭᠠᠷ | ᠤᠨ ᠠᠶᠠᠯᠠᠯ ᠢᠶᠠᠷ ᠣᠬᠠᠭᠤᠯᠬᠤ᠂ ᠳᠣᠣᠷ ᠰᠦᠯᠵᠢᠶ᠎ᠡ ᠵᠠᠭᠤᠴᠢ᠂ VR ᠪᠣᠳᠠᠳᠣ ᠦᠵᠡᠮᠵᠢ᠂ ᠪᠢᠴᠢᠯ ᠬᠠᠷᠠᠭᠠᠨ | ᠳᠡᠪᠳᠡᠮᠵᠢ᠂ ᠰᠠᠭᠤᠭᠳᠠᠯ ᠤᠨ ᠡᠵᠡᠩᠨᠡᠨ ᠪᠣᠷᠣᠯᠠᠭᠤᠯᠬᠤ ᠵᠡᠷᠬᠡ ᠪᠦᠬᠦ ᠵᠠᠭᠤᠴᠢᠯᠠᠭᠤᠷ ᠤᠨ ᠠᠷᠭ᠎ᠠ ᠠᠪᠴᠢᠯ ᠢ | ᠠᠰᠢᠭᠯᠠᠨ᠂ ᠬᠤᠣᠯᠢᠩᠭᠤᠣᠯ ᠤᠨ ᠦᠩᠭᠡ ᠦᠵᠡᠮᠵᠢ ᠶᠢ ᠭᠠᠶᠢᠬᠠᠭᠤᠯᠣᠨ᠎ᠠ᠃ ᠪᠦᠬᠦ ᠴᠠᠷᠠᠭ᠎ᠠ ᠶᠢᠨ ᠵᠢᠭᠤᠯᠴᠢᠯᠠᠯ ᠤᠨ | ᠬᠦᠭᠵᠢᠯᠳᠡ ᠶᠢᠨ ᠰᠢᠨ᠎ᠡ ᠬᠠᠨᠳᠣᠰᠢ ᠲᠠᠢ ᠣᠶᠠᠯᠳᠣᠭᠤᠯᠣᠨ᠂ ︽ᠢᠳᠡᠬᠦ᠂ ᠬᠤᠨᠣᠬᠤ᠂ ᠶᠠᠪᠣᠬᠤ᠂ ᠵᠣᠭᠠᠴᠠᠬᠤ᠂ | ᠬᠤᠳᠠᠯᠳᠣᠨ ᠠᠪᠬᠤ᠂ ᠨᠠᠭᠠᠳᠬᠤ︾ ᠵᠡᠷᠭᠡ ᠡᠯᠧᠮᠧᠨ᠋ᠲ ᠤᠨ ᠪᠠᠳᠣᠯᠠᠭ᠎ᠠ ᠬᠠᠩᠭᠠᠬᠤ ᠬᠢᠷᠢ ᠳᠦᠪᠰᠢᠨ ᠢ ᠳᠦᠷᠬᠡᠨ | ᠳᠡᠭᠡᠭᠰᠢᠯᠡᠬᠦᠯᠵᠣ᠂ ᠨᠡᠶᠢᠬᠡᠮ ᠤᠨ ᠬᠦᠷᠦᠩᠭᠡ ᠶᠢᠨ ᠵᠢᠭᠤᠯᠴᠢᠯᠠᠯ ᠰᠡᠯᠡᠬᠦᠴᠡᠯ ᠤᠨ ᠠᠵᠣ ᠦᠢᠯᠡᠰ ᠲᠤ ᠣᠷᠣᠬᠤ ᠶᠢ | ᠵᠣᠷᠢᠭᠵᠢᠭᠤᠯᠣᠨ᠎ᠠ᠂ ᠳᠠᠯ᠎ᠠ ᠨᠣᠳᠤᠭ ᠤᠨ ᠬᠤᠷᠢᠮ ᠤᠨ ᠶᠣᠰᠣᠯᠠᠯ᠂ ᠦᠪᠡᠷᠳᠡᠬᠡᠨ ᠳᠡᠷᠭᠡ ᠵᠢᠯᠣᠭᠤᠳᠣᠨ ᠵᠣᠭᠠᠴᠠᠬᠤ | ᠰᠣᠶᠣᠯ ᠤᠨ ᠨᠠᠶᠢᠷ᠂ ᠮᠦᠰᠣ ᠴᠠᠰᠣᠨ ᠤ ᠨᠠᠶᠢᠷ ᠵᠡᠷᠬᠡ ᠬᠦᠳᠡᠯᠬᠡᠬᠡᠨ ᠢᠶᠠᠷ ᠠᠴᠢᠶᠠᠯᠠᠪᠣᠷᠢ ᠪᠣᠯᠭᠠᠵᠣ᠂ ᠪᠦᠬᠦ | ᠴᠠᠷᠠᠭ᠎ᠠ ᠪᠠᠷ ᠵᠣᠭᠠᠴᠠᠬᠤ᠂ ᠳᠦᠷᠪᠡᠨ ᠣᠯᠠᠷᠢᠯ ᠢᠶᠠᠷ ᠵᠣᠭᠠᠴᠠᠬᠤ ᠳᠤ ᠨᠡᠶᠢᠴᠡᠭᠰᠡᠨ ᠬᠦᠭᠵᠢᠯᠳᠡ ᠶᠢᠨ ᠬᠠᠨᠳᠣᠰᠢ ᠳᠤ | ᠳᠣᠬᠢᠷᠠᠭᠤᠯᠣᠨ ᠳᠦᠰᠦᠪᠯᠡᠵᠣ᠂ ᠣᠳᠣ ᠦᠶ᠎ᠡ ᠶᠢᠨ ᠵᠢᠭᠤᠯᠴᠢᠯᠠᠯ ᠤᠨ ᠬᠡᠷᠡᠭᠯᠡᠭᠡ ᠶᠢᠨ ᠵᠠᠭᠪᠣᠷ ᠲᠤ ᠳᠣᠬᠢᠷᠠᠬᠤ | ᠵᠢᠭᠤᠯᠴᠢᠯᠠᠯ ᠤᠨ ᠨᠡᠷᠡᠳᠣ ᠳᠡᠮᠳᠡᠭ ᠪᠣᠯᠣᠨ ᠪᠦᠳᠦᠬᠡᠭᠳᠡᠬᠦᠨ ᠢ ᠳᠦᠰᠣᠪᠯᠡᠵᠣ᠂ ︽ᠨᠦᠬᠡᠴᠡᠳᠣ ᠠᠵᠣ ᠠᠬᠤᠢ︾ ᠶᠢ | ᠠᠮᠢᠳᠣᠯᠢᠭᠵᠢᠭᠤᠯᠵᠣ᠂ ︽ᠵᠢᠭᠤᠯᠴᠢᠯᠠᠯ +︾ ᠤᠨ ᠣᠶᠢᠯᠠᠭᠠᠭᠳᠠᠬᠤᠨ ᠢ ᠬᠦᠨᠵᠡᠬᠡᠶᠢᠷᠡᠬᠦᠯᠵᠣ᠂ ᠵᠢᠭᠤᠯᠴᠢᠯᠠᠯ ᠤᠨ | ᠨᠦᠯᠦᠬᠡᠯᠡᠬᠦ ᠬᠦᠴᠦᠨ ᠪᠠ ᠮᠠᠭᠳᠠᠭᠠᠯ ᠤᠨ ᠬᠡᠮᠵᠢᠶ᠎ᠡ ᠶᠢ ᠳᠠᠰᠣᠷᠠᠯᠳᠠ ᠦᠬᠡᠢ ᠳᠡᠭᠡᠭᠰᠢᠯᠡᠬᠦᠯᠵᠣ᠂ ᠵᠢᠯ ᠤᠨ | ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 10 ᠳ᠋ᠦᠩᠰᠢᠭᠤᠷ ᠳᠦᠬᠦᠷᠢᠭ ᠠᠴᠠ ᠳᠡᠭᠡᠭᠰᠢ | ᠪᠣᠯᠭᠠᠬᠤ ᠶᠢ ᠪᠡᠶᠡᠯᠡᠬᠦᠯᠣᠨ᠎ᠠ᠃ | ᠣᠳᠣ ᠦᠶ᠎ᠡ ᠶᠢᠨ ᠳᠠᠷᠢᠶᠠᠯᠠᠩ ᠮᠠᠯ ᠠᠵᠣ ᠠᠬᠤᠢ ᠶᠢ ᠬᠦᠭᠵᠢᠬᠦᠯᠦᠨ᠎ᠡ᠃ ᠳᠣᠨᠤᠭ ᠳᠦᠬᠦᠬᠡᠷᠦᠮᠵᠢ᠂ ᠣᠰᠣ | ᠠᠷᠪᠢᠯᠠᠬᠤ᠂ ᠳᠣᠭᠤᠷᠢᠬᠤ᠂ ᠰᠡᠯᠡᠬᠦᠴᠡᠬᠦ ᠶᠢ ᠨᠢᠬᠡ ᠴᠣᠭᠴᠠ ᠪᠣᠯᠭᠠᠭᠰᠠᠨ ᠣᠳᠣ ᠦᠶ᠎ᠡ ᠶᠢᠨ ᠳᠠᠷᠢᠶᠠᠯᠠᠩ ᠮᠠᠯ | ᠠᠵᠣ ᠠᠬᠤᠢ ᠶᠢ ᠶᠡᠭᠡ ᠪᠠᠷ ᠬᠦᠭᠵᠢᠬᠦᠯᠵᠣ᠂ ᠵᠢᠭᠤᠯᠴᠢᠯᠠᠬᠤ ᠠᠷᠠᠳ ᠤᠨ ᠰᠠᠭᠤᠴᠠ᠂ ᠠᠮᠢ ᠠᠬᠤᠢ ᠶᠢᠨ | ᠳᠠᠷᠢᠶᠠᠯᠠᠩ ᠤᠨ ᠰᠠᠭᠤᠴᠠ᠂ ᠵᠣᠭᠠᠴᠠᠨ ᠳᠡᠬᠦᠬᠦ᠂ ᠵᠠᠩ ᠦᠢᠯᠡ ᠶᠢ ᠣᠶᠢᠯᠠᠭᠠᠬᠤ ᠵᠡᠷᠬᠡ ᠠᠴᠢᠶᠠᠯᠠᠪᠣᠷᠢ ᠪᠠᠷ | ᠳᠠᠮᠵᠢᠨ᠂ ᠪᠠᠷᠠᠭᠤᠨ ᠪᠣᠷᠭᠠᠰᠣᠳᠠᠢ᠂ ᠴᠠᠭᠳᠠᠭ᠎ᠠ᠂ ᠬᠤᠮᠰᠢᠮ ᠪᠣᠳᠢᠰᠠᠳ᠋ᠸ᠎ᠠ᠂ ᠴᠡᠷᠢᠭ ᠤᠨ ᠠᠭᠳᠠ ᠶᠢᠨ ᠳᠠᠯᠠᠪᠠᠢ | ᠵᠡᠷᠭᠡ ᠳᠠᠷᠢᠶᠠᠯᠠᠩ ᠮᠠᠯ ᠠᠵᠣ ᠠᠬᠤᠢ ᠪᠠ ᠵᠢᠭᠤᠯᠴᠢᠯᠠᠯ ᠤᠨ ᠡᠬᠢ ᠪᠠᠶᠠᠯᠢᠭ ᠢᠶᠠᠷ ᠳᠠᠮᠵᠢᠨ ᠳᠠᠷᠢᠶᠠᠯᠠᠩ ᠮᠠᠯ ᠠᠵᠣ | ᠠᠬᠤᠢ ᠶᠢᠨ ᠦᠢᠯᠡᠰ ᠪᠠ ᠵᠢᠭᠤᠯᠴᠢᠯᠠᠯ ᠤᠨ ᠦᠢᠯᠡᠰ ᠤᠨ ᠠᠭᠤᠰᠣᠯᠴᠠᠨ ᠬᠦᠭᠵᠢᠬᠦ ᠶᠢ ᠳᠦᠯᠬᠢᠨ ᠠᠬᠢᠭᠤᠯᠵᠣ᠂ | ᠠᠮᠢ ᠠᠬᠤᠢ ᠶᠢ ᠳᠡᠷᠢᠬᠦᠨ ᠳᠤ ᠳᠠᠯᠪᠢᠬᠤ ᠵᠠᠷᠴᠢᠮ ᠢ ᠪᠠᠷᠢᠮᠳᠠᠯᠠᠵᠣ᠂ ᠴᠡᠷᠢᠭ ᠤᠨ ᠠᠭᠳᠠ ᠶᠢᠨ ᠳᠠᠯᠠᠪᠠᠢ ᠶᠢᠨ ᠠᠮᠢ | ᠠᠬᠤᠢ ᠶᠢᠨ ᠬᠠᠮᠠᠭᠠᠯᠠᠯᠳᠠ ᠶᠢᠨ ᠣᠷᠣᠨ ᠳᠤ ᠮᠠᠯᠵᠢᠬᠤ ᠶᠢ ᠵᠣᠭᠰᠣᠭᠠᠵᠣ ᠡᠪᠡᠰᠣ ᠪᠡᠯᠴᠢᠭᠡᠷ ᠢ ᠰᠡᠷᠬᠦᠬᠡᠬᠦ | ᠢᠨᠵᠧᠨᠧᠷᠢᠩ ᠢ ᠬᠡᠷᠡᠭᠵᠢᠬᠦᠯᠵᠣ᠂ 2.2 ᠳᠦᠮᠡᠨ ᠮᠣ᠋ ᠳᠡᠵᠢᠬᠡᠬᠦ ᠡᠪᠡᠰᠣ ᠣᠷᠭᠤᠭᠤᠯᠣᠨᠠ᠃ ︽ᠬᠤᠨᠢ ᠶᠢ | ᠳᠣᠭᠳᠠᠪᠣᠷᠢ ᠲᠠᠢ ᠳᠡᠵᠢᠬᠡᠵᠣ᠂ ᠦᠬᠡᠷ ᠢ ᠦᠰᠬᠡᠬᠦ︾ ᠪᠠᠷ ᠭᠤᠣᠯ ᠪᠠᠶᠢᠯᠳᠣᠬᠤ ᠴᠢᠭᠯᠡᠯ ᠪᠣᠯᠭᠠᠵᠣ᠂ ᠮᠢᠬᠠᠨ ᠦᠬᠡᠷ | ᠂ ᠮᠢᠬᠠᠨ ᠬᠤᠨᠢ ᠶᠢᠨ ᠦᠢᠯᠡᠰ ᠢ ᠬᠦᠭᠵᠢᠬᠦᠯᠵᠣ᠂ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠬᠦᠨ ᠢ | ᠨᠠᠷᠢᠯᠢᠭ ᠪᠣᠯᠪᠠᠰᠣᠷᠠᠭᠤᠯᠬᠤ ᠠᠵᠣ ᠠᠬᠤᠶᠢᠯᠠᠯ ᠢ ᠣᠷᠣᠭᠤᠯᠣᠨ ᠠᠪᠴᠢᠷᠠᠵᠣ᠂ ︽ᠣᠷᠣᠨ ᠨᠣᠳᠤᠭ ᠤᠨ | ᠪᠠᠷᠢᠮᠵᠢᠶᠠᠳᠣ ᠴᠢᠨᠠᠷ︾ ᠲᠠᠢ ᠨᠡᠷᠡᠳᠣ ᠳᠡᠮᠳᠡᠭ ᠢ ᠪᠣᠶᠢᠵᠢᠭᠤᠯᠣᠨ᠎ᠠ᠂ ᠵᠠᠯᠠᠭᠤᠴᠣᠳ ᠤᠨ ᠨᠢᠭᠡᠳᠦᠭᠡᠷ ᠠᠵᠣ ᠦᠢᠯᠡᠰ | ᠲᠤ ᠦᠢᠯᠡᠰ ᠪᠣᠰᠬᠠᠬᠤ ᠶᠢ ᠵᠣᠷᠢᠭᠵᠢᠭᠤᠯᠵᠣ᠂ ᠬᠤᠣᠯᠢᠩᠭᠤᠣᠯ ᠤᠨ ᠳᠠᠷᠢᠶᠠᠯᠠᠩ ᠮᠠᠯ ᠠᠵᠣ ᠠᠬᠤᠢ ᠶᠢᠨ ᠳᠣᠭᠳᠠᠮᠠᠯ | ᠰᠡᠳᠬᠢᠬᠦᠢ ᠶᠢ ᠬᠤᠪᠢᠷᠠᠭᠤᠯᠵᠣ᠂ ︽ᠪᠠᠭ᠎ᠠ ᠪᠣᠯᠪᠠᠴᠣ ᠨᠠᠷᠢᠯᠢᠭ᠂ ᠴᠦᠬᠡᠨ ᠪᠣᠯᠪᠠᠴᠣ ᠰᠢᠯᠢᠳᠡᠭ︾ ᠬᠦᠭᠵᠢᠯᠳᠡ | ᠶᠢᠨ ᠣᠶᠢᠯᠠᠭᠠᠭᠳᠠᠬᠤᠨ ᠪᠠ ᠡᠵᠡᠩᠨᠡᠨ ᠪᠣᠷᠣᠯᠠᠭᠤᠯᠬᠤ ᠶᠢᠨ ᠰᠡᠳᠬᠢᠬᠦᠢ ᠶᠢ ᠳᠣᠪᠣᠶᠢᠯᠭᠠᠵᠣ᠂ ᠪᠣᠬᠢᠷᠳᠣᠯ ᠦᠬᠡᠢ᠂ | ᠣᠷᠭᠠᠨᠢᠭ᠂ ᠬᠤᠣᠷ ᠦᠬᠡᠢ ᠮᠠᠯ ᠤᠨ ᠠᠰᠢᠭ ᠰᠢᠮ᠎ᠡ ᠪᠠ ᠳᠠᠷᠢᠶᠠᠯᠠᠩ ᠤᠨ ᠪᠦᠳᠦᠬᠡᠭᠳᠡᠬᠦᠨ ᠤ ᠬᠠᠷᠢᠴᠠᠯ ᠢ | ᠳᠡᠭᠡᠭᠰᠢᠯᠡᠬᠦᠯᠵᠣ᠂ ︽ᠢᠳᠡᠰᠢᠨ ᠨᠣᠭᠤᠭ᠎ᠠ ᠶᠢᠨ ᠰᠠᠭᠰᠣ︾ ᠶᠢᠨ ᠬᠠᠩᠭᠠᠯᠠᠭ᠎ᠠ ᠶᠢᠨ ᠴᠢᠳᠠᠪᠣᠷᠢ ᠶᠢ ᠣᠯᠠᠮ ᠨᠢᠬᠡ | ᠠᠯᠬᠤᠮ ᠴᠢᠩᠭᠠᠳᠬᠠᠨ᠎ᠠ᠃ | ᠰᠢᠨ᠎ᠡ ᠪᠠᠷ ᠬᠦᠭᠵᠢᠭᠰᠡᠨ ᠦᠢᠯᠡᠴᠢᠯᠡᠬᠡᠨ ᠤ ᠦᠢᠯᠡᠰ ᠢ ᠪᠣᠵᠠᠭᠠᠶᠢᠷᠠᠭᠤᠯᠣᠨ᠎ᠠ᠃ ᠵᠢᠨᠵᠸᠣ ᠳᠡᠮᠦᠷ ᠵᠠᠮ ᠤᠨ | ᠬᠠᠩᠭᠠᠯᠭ᠎ᠠ ᠶᠢᠨ ᠬᠡᠯᠬᠢᠶ᠎ᠡ ᠶᠢᠨ ᠡᠳ᠋ ᠪᠠᠷᠠᠭᠠᠨ ᠤ ᠬᠦᠢᠯᠬᠡᠬᠡᠨ ᠤ ᠳᠦᠷᠦᠯ ᠵᠦᠢᠯ ᠢ ᠳᠦᠷᠬᠡᠳᠬᠡᠵᠣ᠂ ᠳᠡᠮᠦᠷ ᠵᠠᠮ | ᠤᠨ ᠳᠣᠰᠬᠠᠢ ᠱᠣᠭᠤᠮ᠂ ᠵᠠᠮ ᠢᠶᠠᠷ ᠬᠦᠷᠬᠡᠬᠦ ᠣᠷᠳᠣ ᠬᠤᠩᠬᠢᠯ᠂ ᠰᠠᠩ ᠬᠦᠮᠦᠷᠬᠡ ᠶᠢᠨ ᠰᠠᠭᠤᠷᠢᠨ ᠭᠠᠵᠠᠷ ︽ᠨᠢᠬᠡ | ᠶᠢ ᠴᠣᠭᠴᠠᠵᠢᠭᠤᠯᠬᠤ︾ ᠡᠳ᠋ ᠪᠠᠷᠠᠭᠠᠨ ᠤ ᠬᠦᠢᠯᠬᠡᠬᠡᠨ ᠤ ᠳᠦᠪᠯᠡᠷᠡᠬᠦᠯᠬᠦ ᠳᠠᠷᠬᠠᠭᠠᠬᠤ ᠳᠠᠪᠴᠠᠩ ᠢ ᠪᠦᠳᠦᠬᠡᠨ | ᠪᠠᠶᠢᠭᠤᠯᠵᠣ᠂ ᠴᠣᠸᠠᠩ ᠶᠣᠸᠠᠨ ᠳᠡᠮᠦᠷ ᠵᠠᠮ ᠤᠨ ᠳᠣᠰᠬᠠᠢ ᠱᠣᠭᠤᠮ ᠤᠨ ᠪᠦᠳᠦᠬᠡᠨ ᠪᠠᠶᠢᠭᠤᠯᠣᠯᠳᠠ ᠶᠢ | ᠪᠡᠶᠡᠯᠡᠬᠦᠯᠵᠣ᠂ ᠵᠡᠬᠦᠨ ᠭᠠᠳᠠᠪᠴᠢ ᠵᠡᠷᠬᠡ ᠭᠠᠷᠠᠮ ᠲᠠᠢ ᠵᠣᠯᠭᠠᠯᠴᠠᠭᠤᠯᠣᠨ ᠬᠠᠮᠳᠣᠷᠠᠯᠴᠠᠵᠣ᠂ ᠣᠷᠣᠭᠤᠯᠵᠣ ᠭᠠᠷᠭᠠᠬᠤ | ᠠᠷᠠᠯᠵᠢᠶ᠎ᠡ ᠶᠢᠨ ᠬᠦᠭᠵᠢᠯᠳᠡ ᠶᠢ ᠳᠦᠷᠬᠡᠳᠬᠡᠨ᠎ᠠ᠂ ︽ᠢᠨᠲ᠋ᠧᠷ ᠰᠦᠯᠵᠢᠶ᠎ᠡ + ᠳᠣᠮᠣ ᠳ᠋ᠠᠶᠢᠲ᠋ᠠ︾ ᠶᠢᠨ ᠮᠡᠷᠭᠡᠵᠢᠯ ᠢ | ᠬᠡᠷᠡᠭᠯᠡᠵᠣ᠂ ︽ᠵᠠᠰᠠᠮᠠᠯ ᠵᠠᠮ ᠳᠡᠮᠦᠷ ᠵᠠᠮ ᠤᠨ ᠬᠤᠯᠪᠣᠭᠠᠯᠠᠨ ᠳᠡᠬᠡᠬᠡᠪᠦᠷᠢᠯᠡᠬᠦ᠂ ᠠᠭᠠᠷ ᠤᠨ ᠠᠶᠠᠯᠠᠯ᠂ ᠳᠡᠮᠦᠷ ᠵᠠᠮ | ᠤᠨ ᠬᠤᠯᠪᠣᠭᠠᠯᠠᠨ ᠳᠡᠬᠡᠬᠡᠪᠦᠷᠢᠯᠡᠬᠦ︾ ᠪᠠᠷ ᠭᠤᠣᠯ ᠪᠣᠯᠭᠠᠭᠰᠠᠨ ︽ᠣᠯᠠᠨ ᠬᠡᠯᠪᠡᠷᠢ ᠶᠢᠨ ᠬᠤᠯᠪᠣᠭᠠᠯᠠᠨ | ᠳᠡᠬᠡᠬᠡᠪᠦᠷᠢᠯᠡᠬᠦ︾ ᠡᠳ᠋ ᠪᠠᠷᠠᠭᠠᠨ ᠤ ᠬᠦᠢᠯᠬᠡᠬᠡᠨ ᠤ ᠳᠠᠪᠴᠠᠩ ᠢ ᠪᠠᠶᠢᠭᠤᠯᠣᠨ᠎ᠠ᠂ ᠢᠨᠲ᠋ᠧᠷ ᠰᠦᠯᠵᠢᠶ᠎ᠡ ᠶᠢᠨ ᠠᠵᠣ | ᠠᠬᠤᠢ ᠶᠢ ᠶᠡᠭᠡ ᠬᠡᠮᠵᠢᠶ᠎ᠡ ᠪᠠᠷ ᠬᠦᠭᠵᠢᠬᠦᠯᠵᠣ᠂ ᠡᠯᠧᠺᠲᠷᠤᠨ ᠬᠤᠳᠠᠯᠳᠣᠭᠠᠨ ᠤ ᠶᠠᠪᠣᠳᠠᠯ ᠤᠨ ᠠᠵᠣ ᠦᠢᠯᠡᠰ ᠤᠨ | ᠬᠦᠷᠢᠶᠡᠯᠡᠩ ᠪᠠ ᠬᠢᠯᠢ ᠠᠯᠣᠰᠯᠠᠭᠰᠠᠨ ᠪᠦᠳᠦᠬᠡᠭᠳᠡᠬᠦᠨ ᠢ ᠣᠶᠢᠯᠠᠭᠠᠬᠤ ᠳᠦᠪ ᠤᠨ ᠳᠡᠭᠡᠭᠡᠪᠦᠷᠢᠯᠡᠨ ᠡᠵᠡᠩᠨᠡᠬᠦ ᠠᠷᠭ᠎ᠠ | ᠬᠡᠯᠪᠡᠷᠢ ᠪᠠ ᠬᠠᠮᠢᠶᠠᠷᠣᠯᠳᠠ ᠶᠢᠨ ᠳᠦᠷᠢᠮ ᠢ ᠰᠢᠯᠢᠳᠡᠭᠵᠢᠬᠦᠯᠵᠣ᠂ ᠢᠨᠲ᠋ᠧᠷ ᠰᠦᠯᠵᠢᠶ᠎ᠡ ᠶᠢᠨ ᠡᠵᠡᠩᠨᠡᠨ | ᠪᠣᠷᠣᠯᠠᠭᠤᠯᠣᠯᠳᠠ ᠶᠢ ᠳᠦᠬᠡᠮᠠᠯᠵᠢᠬᠦᠯᠬᠦ ᠪᠣᠯᠪᠠᠰᠣᠷᠠᠯ ᠢ ᠳᠦᠯᠦᠪᠦᠷᠢ ᠦᠬᠡᠢ ᠦᠷᠨᠢᠬᠦᠯᠵᠣ᠂ ᠣᠷᠣᠨ ᠨᠣᠳᠤᠭ ᠤᠨ | ᠣᠨᠴᠠᠯᠢᠭ ᠲᠠᠢ ᠪᠦᠳᠦᠬᠡᠭᠳᠡᠬᠦᠨ ᠤ ᠰᠦᠯᠵᠢᠶᠡᠨ ᠳᠡᠬᠡᠷ᠎ᠡ ᠪᠣᠷᠣᠯᠠᠭᠤᠯᠬᠤ ᠶᠢ ᠵᠣᠷᠢᠭᠵᠢᠭᠤᠯᠣᠨ᠎ᠠ᠃ | ︵ᠭᠤᠷᠪᠠ︶ ᠦᠬᠡᠷᠡᠴᠢᠯᠡᠯᠳᠡ ᠶᠢᠨ ᠰᠢᠨ᠎ᠡ ᠶᠢ ᠡᠬᠦᠳᠬᠦ ᠶᠢ ᠳᠠᠰᠣᠷᠠᠯᠳᠠ ᠦᠬᠡᠢ ᠬᠦᠨᠵᠡᠬᠡᠶᠢᠷᠡᠬᠦᠯᠬᠦ ᠶᠢ | ᠠᠬᠢᠭᠤᠯᠣᠨ᠎ᠠ᠃ | ᠭᠤᠣᠯᠳᠠᠯᠭᠠᠳᠣ ᠬᠦᠷᠢᠶ᠎ᠡ ᠴᠠᠷᠠᠭ᠎ᠠ ᠶᠢᠨ ᠦᠬᠡᠷᠡᠴᠢᠯᠡᠯᠳᠡ ᠶᠢ ᠳᠦᠯᠬᠢᠨ ᠠᠬᠢᠭᠤᠯᠣᠨ᠎ᠠ᠃ ᠵᠠᠬ᠎ᠠ ᠳᠡᠯᠬᠡᠬᠦᠷ | ᠤᠨ ᠣᠨᠣᠪᠴᠢᠳᠠᠢ ᠣᠷᠣᠭᠤᠯᠬᠤ ᠡᠰᠡᠷᠬᠦ ᠳᠠᠯ᠎ᠠ ᠶᠢᠨ ᠨᠡᠷ᠎ᠡ ᠶᠢᠨ ᠵᠢᠭᠰᠠᠭᠠᠯᠳᠠ ᠶᠢᠨ ᠳᠦᠷᠢᠮ ᠢ ᠪᠦᠬᠦ ᠳᠠᠯ᠎ᠠ ᠪᠠᠷ | ᠬᠡᠷᠡᠭᠵᠢᠬᠦᠯᠵᠣ᠂ ᠠᠷᠠᠳ ᠤᠨ ᠡᠵᠡᠩᠨᠡᠭᠰᠡᠨ ᠠᠵᠣ ᠠᠬᠤᠶᠢᠯᠠᠯ ᠤᠨ ᠬᠦᠭᠵᠢᠯᠳᠡ ᠶᠢ ᠳᠡᠮᠵᠢᠨ᠎ᠠ᠂ ᠪᠠᠶᠢᠭᠤᠯᠣᠮᠵᠢ ᠶᠢᠨ | ᠦᠭᠡᠷᠡᠴᠢᠯᠡᠯᠳᠡ ᠶᠢ ᠳᠦᠰᠦᠪᠯᠡᠬᠦ ᠪᠠᠷ ᠭᠤᠣᠯᠳᠠᠯᠭ᠎ᠠ ᠪᠣᠯᠭᠠᠵᠣ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ | ᠢ ᠪᠠᠶᠢᠭᠤᠯᠬᠤ ᠶᠢ ᠳᠦᠷᠬᠡᠳᠭᠡᠵᠣ᠂ ᠣᠷᠣᠯᠭ᠎ᠠ ᠵᠠᠷᠣᠯᠭ᠎ᠠ ᠶᠢᠨ ᠴᠢᠨᠠᠷ ᠴᠢᠨᠰᠠᠭ᠎ᠠ ᠶᠢ ᠣᠯᠠᠮ ᠨᠢᠬᠡ ᠠᠯᠬᠤᠮ | ᠴᠢᠩᠭᠠᠳᠬᠠᠨ᠎ᠠ᠂ ᠬᠤᠳᠠ ᠶᠢᠨ ᠪᠡᠯᠡ ᠣᠷᠣᠭᠤᠯᠣᠯᠳᠠ᠂ ᠵᠠᠮ ᠬᠠᠷᠢᠯᠴᠠᠭᠠᠨ ᠤ ᠪᠡᠯᠡ ᠣᠷᠣᠭᠤᠯᠣᠯᠳᠠ᠂ ᠣᠰᠣᠨ ᠤ | ᠶᠠᠪᠣᠳᠠᠯ ᠤᠨ ᠪᠡᠯᠡ ᠣᠷᠣᠭᠤᠯᠣᠯᠳᠠ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠣᠯᠳᠠ ᠵᠡᠷᠬᠡ ᠪᠡᠯᠡ | ᠣᠷᠣᠭᠤᠯᠣᠯᠳᠠ ᠶᠢᠨ ᠪᠡᠯᠡ ᠳᠣᠬᠢᠷᠠᠭᠤᠯᠭ᠎ᠠ ᠶᠢᠨ ᠳᠠᠪᠴᠠᠩ ᠤᠨ ︽ᠪᠣᠳᠠᠳᠠᠶᠢᠵᠢᠭᠤᠯᠣᠯᠳᠠ︾᠂ ︽ᠵᠠᠬ᠎ᠠ | ᠳᠡᠯᠬᠡᠬᠦᠷᠵᠢᠯᠳᠡ︾ ᠳᠡᠰᠢ ᠬᠤᠪᠢᠷᠠᠭᠤᠯᠬᠤ ᠶᠢ ᠳᠦᠯᠬᠢᠨ ᠠᠬᠢᠭᠤᠯᠵᠣ᠂ ᠵᠠᠬ᠎ᠠ ᠳᠡᠯᠬᠡᠬᠦᠷ ᠤᠨ ᠦᠷᠢᠰᠦᠯᠳᠦᠬᠡᠨ ᠳᠤ | ᠢᠳᠡᠪᠬᠢᠳᠡᠢ ᠣᠷᠣᠯᠴᠠᠨ᠎ᠠ᠂ ᠮᠦᠩᠭᠦᠨ ᠬᠦᠢᠯᠬᠡᠬᠡᠨ ᠤ ᠪᠠᠶᠢᠭᠤᠯᠣᠮᠵᠢ ᠶᠢ ᠬᠦᠨᠵᠡᠬᠡᠢ ᠵᠣᠯᠭᠠᠯᠴᠠᠭᠤᠯᠵᠣ᠂ ᠠᠵᠣ | ᠦᠢᠯᠡᠰ ᠤᠨ ᠬᠦᠭᠵᠢᠯᠳᠡ ᠶᠢᠨ ᠰᠠᠭᠤᠷᠢ ᠮᠦᠩᠭᠦ ᠶᠢ ᠪᠠᠶᠢᠭᠤᠯᠬᠤ ᠶᠢ ᠡᠷᠢᠯᠬᠢᠯᠡᠵᠣ᠂ ᠮᠦᠩᠭᠦᠨ ᠬᠦᠢᠯᠬᠡᠬᠡᠨ ᠤ | ᠬᠦᠷᠦᠩᠭᠡ ᠶᠢᠨ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠳᠤ ᠣᠷᠣᠯᠴᠠᠵᠣ᠂ ᠬᠤᠳᠠ ᠶᠢᠨ | ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠵᠡᠷᠬᠡ ᠬᠦᠷᠢᠶ᠎ᠡ ᠴᠠᠷᠠᠭ᠎ᠠ ᠶᠢ ᠦᠷᠬᠡᠨ ᠢᠶᠠᠷ ᠰᠢᠩᠭᠡᠭᠡᠨ | ᠠᠪᠣᠨ᠎ᠠ᠂ ᠴᠢᠳᠠᠪᠣᠷᠢᠳᠠᠨ ᠤ ᠦᠬᠡᠷᠡᠴᠢᠯᠡᠯᠳᠡ ᠶᠢᠨ ᠳᠣᠷᠰᠢᠯᠳᠠ ᠶᠢᠨ ᠣᠷᠣᠨ ᠤ ᠪᠦᠳᠦᠬᠡᠨ ᠪᠠᠶᠢᠭᠤᠯᠣᠯᠳᠠ ᠶᠢᠨ | ᠠᠯᠬᠤᠴᠠ ᠪᠠᠨ ᠳᠦᠷᠬᠡᠳᠬᠡᠵᠣ᠂ ᠴᠢᠳᠠᠪᠣᠷᠢᠳᠠᠨ ᠤ ᠬᠦᠭᠵᠢᠯᠳᠡ ᠶᠢᠨ ᠳᠦᠯᠦᠪᠵᠢᠬᠦᠯᠬᠡ᠂ ᠴᠢᠳᠠᠪᠣᠷᠢᠳᠠᠨ ᠢ | ᠬᠠᠷᠠᠭᠠᠯᠵᠠᠬᠤ ᠳᠦᠷᠦ ᠶᠢᠨ ᠪᠣᠳᠣᠯᠭ᠎ᠠ᠂ ᠴᠢᠳᠠᠪᠣᠷᠢᠳᠠᠨ ᠤ ᠦᠢᠯᠡᠴᠢᠯᠡᠭᠡ ᠶᠢᠨ ᠳᠣᠭᠳᠠᠴᠠ ᠵᠡᠷᠬᠡ ᠳᠠᠯ᠎ᠠ ᠶᠢᠨ | ᠪᠣᠳᠠᠳᠠᠢ ᠠᠷᠭ᠎ᠠ ᠠᠪᠴᠠᠯ ᠢ ᠳᠠᠰᠣᠷᠠᠯᠳᠠ ᠦᠬᠡᠢ ᠪᠦᠷᠢᠨᠰᠢᠬᠦᠯᠵᠣ᠂ ᠴᠢᠳᠠᠪᠣᠷᠢᠳᠠᠨ ᠳᠤ ᠦᠷᠬᠡᠨ ᠳᠡᠯᠬᠡᠷ ᠳᠠᠪᠴᠡᠩ | ᠪᠠ ᠬᠦᠭᠵᠢᠯᠳᠡ ᠶᠢᠨ ᠣᠷᠣᠨ ᠵᠠᠢ ᠶᠢ ᠬᠠᠩᠭᠠᠨ ᠦᠭᠬᠦᠨ᠎ᠡ᠃ ᠣᠯᠣᠰ ᠠᠴᠠ ᠪᠠᠶᠢᠭᠤᠯᠣᠭᠰᠠᠨ ᠡᠮᠨᠡᠯᠬᠡ ᠶᠢᠨ | ᠬᠤᠷᠢᠶ᠎ᠠ ᠶᠢᠨ ᠦᠬᠡᠷᠡᠴᠢᠯᠡᠯᠳᠡ ᠶᠢ ᠦᠷᠬᠦᠯᠵᠢᠯᠡᠨ ᠳᠦᠯᠬᠢᠨ ᠠᠬᠢᠭᠤᠯᠵᠣ᠂ ᠣᠯᠠᠨ ᠳᠦᠮᠡᠨ ᠤ ᠡᠮᠨᠡᠬᠦᠯᠬᠦ ᠦᠷᠳᠡᠭ | ᠢ ᠪᠠᠭᠤᠷᠠᠭᠤᠯᠣᠨ᠎ᠠ᠂ ᠨᠡᠶᠢᠬᠡᠮ ᠤᠨ ᠢᠳᠡᠭᠡᠮᠵᠢ ᠶᠢᠨ ᠰᠢᠰᠲ᠋ᠧᠮ ᠢ ᠪᠦᠷᠢᠨᠰᠢᠬᠦᠯᠵᠣ᠂ ᠠᠷᠠᠳ ᠤᠨ ᠳᠣᠮᠳᠠᠬᠢ | ᠵᠢᠬᠡᠯᠡᠭᠡ ᠶᠢᠨ ᠠᠵᠢᠯᠯᠠᠭ᠎ᠠ ᠶᠢ ᠦᠷᠬᠦᠯᠵᠢᠳᠡ ᠳᠦᠷᠢᠮᠵᠢᠬᠦᠯᠵᠣ᠂ ᠮᠦᠩᠭᠦᠨ ᠬᠦᠢᠯᠬᠡᠬᠡᠨ ᠤ ᠠᠶᠣᠯ ᠳᠦᠭᠰᠢᠬᠦᠷᠢ ᠶᠢ | ᠴᠢᠩᠭ᠎ᠠ ᠰᠡᠷᠬᠡᠶᠢᠯᠡᠨ᠎ᠡ᠃ ᠬᠠᠩᠭᠠᠯᠠᠭ᠎ᠠ ᠶᠢᠨ ᠳᠠᠯ᠎ᠠ ᠶᠢᠨ ᠪᠦᠳᠦᠴᠠ ᠶᠢᠨ ᠴᠢᠨᠠᠷᠳᠠᠢ ᠦᠬᠡᠷᠡᠴᠢᠯᠡᠯᠳᠡ ᠶᠢ ᠳᠦᠯᠬᠢᠨ | ᠠᠬᠢᠭᠤᠯᠵᠣ᠂ ᠨᠡᠬᠦᠷᠡᠰᠣᠨ ᠠᠭᠤᠷᠬᠠᠢ ᠶᠢᠨ ᠨᠢᠬᠡᠳᠬᠡᠨ ᠳᠠᠬᠢᠨ ᠪᠠᠶᠢᠭᠤᠯᠬᠤ ᠶᠢ ᠬᠡᠷᠡᠭᠵᠢᠬᠦᠯᠵᠣ᠂ 60 ᠳᠦᠮᠡᠨ | ᠳᠣᠨ ᠨᠡᠬᠦᠷᠡᠰᠣ ᠦᠢᠯᠡᠳᠪᠦᠷᠢᠯᠡᠬᠦ ᠴᠢᠳᠠᠮᠵᠢ ᠠᠴᠠ ᠭᠠᠷᠴᠣ᠂ ᠬᠡᠷ ᠪᠠᠶᠢᠰᠢᠩ ᠭᠠᠵᠠᠷ ᠬᠦᠷᠦᠩᠭᠡ ᠶᠢᠨ ᠬᠦᠮᠦᠷᠬᠡ | ᠶᠢᠨ ᠬᠠᠳᠠᠭᠠᠯᠠᠮᠵᠢ ᠳᠤ 2000 ᠢᠵᠢ ᠠᠴᠠ ᠳᠡᠭᠡᠭᠰᠢᠬᠢ ᠶᠢ ᠰᠢᠩᠭᠡᠭᠡᠨ᠎ᠡ᠃ | ᠭᠠᠳᠠᠭᠠᠳᠣ ᠲᠠᠢ ᠴᠢᠯᠦᠭᠡᠳᠡᠢ ᠶᠠᠪᠣᠯᠴᠠᠬᠤ ᠬᠢᠷᠢ ᠬᠡᠮᠵᠢᠶ᠎ᠡ ᠪᠠᠨ ᠳᠡᠭᠡᠭᠰᠢᠯᠡᠬᠦᠯᠦᠨ᠎ᠡ᠃ ᠣᠯᠣᠰ ᠤᠨ ︽ᠨᠢᠬᠡ | ᠪᠦᠰᠡ ᠨᠢᠬᠡ ᠵᠠᠮ︾ ᠤᠨ ᠪᠦᠳᠦᠬᠡᠨ ᠪᠠᠶᠢᠭᠤᠯᠣᠯᠳᠠ ᠳᠤ ᠢᠳᠡᠪᠬᠢᠳᠡᠢ ᠪᠠᠷ ᠣᠷᠣᠭᠤᠯᠵᠣ᠂ ᠰᠢᠨ᠎ᠡ ᠡᠬᠡᠯᠵᠢ ᠶᠢᠨ | ᠵᠡᠬᠦᠨ ᠬᠤᠶᠢᠳᠣ ᠶᠢᠨ ᠮᠠᠨᠳᠣᠭᠤᠯᠣᠨ ᠬᠦᠭᠵᠢᠬᠦᠯᠬᠦ ᠲᠠᠢ ᠢᠳᠡᠪᠬᠢᠳᠠᠢ ᠵᠣᠯᠭᠠᠯᠴᠠᠭᠤᠯᠵᠣ᠂ ᠭᠠᠳᠠᠭᠠᠳᠣ ᠲᠠᠢ | ᠴᠢᠯᠦᠭᠡᠳᠡᠢ ᠶᠠᠪᠣᠯᠴᠠᠬᠤ ᠬᠦᠭᠵᠢᠯᠳᠡ ᠶᠢᠨ ᠬᠢᠷᠢ ᠬᠡᠮᠵᠢᠶ᠎ᠡ ᠪᠠᠨ ᠳᠠᠰᠣᠷᠠᠯᠳᠠ ᠦᠬᠡᠢ ᠳᠡᠭᠡᠭᠰᠢᠯᠡᠬᠦᠯᠦᠨ᠎ᠡ᠃ | ᠭᠠᠳᠠᠭᠠᠳᠣ ᠠᠴᠠ ᠣᠷᠣᠭᠤᠯᠬᠤ ᠡᠬᠢ ᠪᠠᠶᠠᠯᠢᠭ ᠤᠨ ᠪᠣᠯᠪᠠᠰᠣᠷᠠᠭᠤᠯᠬᠤ ᠣᠷᠣᠨ ᠪᠠ ᠶᠡᠷᠦᠩᠬᠡᠶᠢᠯᠡᠭᠰᠡᠨ ᠭᠠᠶᠢᠯᠢ | ᠪᠠᠳᠣᠯᠠᠬᠤ ᠣᠷᠣᠨ ᠪᠠᠶᠢᠭᠤᠯᠬᠤ ᠶᠢ ᠡᠷᠢᠯᠬᠢᠯᠡᠵᠣ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ | ᠶᠡᠷᠦᠩᠬᠡᠢ ᠳᠤᠭ᠎ᠠ 1 ᠳ᠋ᠦᠩᠰᠢᠭᠤᠷ ᠳ᠋ᠣᠯᠯᠠᠷ ᠢ ᠰᠢᠪᠳᠣᠯᠬᠤ ᠶᠢ ᠠᠬᠢᠭᠤᠯᠣᠨ᠎ᠠ᠃ ᠵᠡᠬᠦᠨ ᠬᠤᠶᠢᠳᠣ ᠶᠢᠨ ᠣᠷᠣᠨ ᠤ | ᠡᠬᠢ ᠪᠠᠶᠠᠯᠢᠭ᠂ ᠠᠵᠣ ᠦᠢᠯᠡᠰ ᠤᠨ ᠬᠠᠮᠳᠣᠷᠠᠯᠴᠠᠭ᠎ᠠ ᠶᠢ ᠴᠢᠩᠭᠠᠳᠬᠠᠵᠣ᠂ ᠣᠷᠣᠨ ᠤ ᠬᠠᠮᠳᠣᠷᠠᠯᠴᠠᠭᠠᠨ ᠤ | ᠬᠦᠭᠵᠢᠯᠳᠡ ᠶᠢᠨ ᠳᠣᠮᠳᠠ ᠢᠳᠡᠪᠬᠢᠳᠠᠢ ᠦᠢᠯᠡᠳᠦᠯ ᠦᠵᠡᠬᠦᠯᠵᠣ᠂ ᠦᠢᠯᠡᠳᠪᠦᠷᠢᠯᠡᠯ ᠤᠨ ᠡᠯᠧᠮᠧᠨ᠋ᠲ ᠤᠨ ᠵᠦᠢ | ᠵᠣᠬᠢᠰᠳᠠᠢ ᠬᠦᠳᠡᠯᠬᠡᠬᠦ ᠶᠢ ᠵᠢᠯᠣᠭᠤᠳᠣᠨ᠎ᠠ᠃ ︽ᠨᠡᠬᠦᠷᠡᠰᠣ ᠴᠠᠬᠢᠯᠭᠠᠨ ᠰᠦᠯᠵᠢᠶ᠎ᠡ ᠬᠦᠩᠭᠡᠨᠴᠠᠭᠠᠨ ᠡᠳ᠋ᠰᠢᠬᠦᠯᠬᠦ︾ | ᠠᠵᠣ ᠦᠢᠯᠡᠰ ᠤᠨ ᠬᠡᠯᠬᠢᠶᠡᠵᠢᠯ ᠢᠶᠠᠷ ᠭᠤᠣᠯ ᠴᠦᠮ᠎ᠡ ᠪᠣᠯᠭᠠᠵᠣ᠂ ᠬᠦᠢᠴᠡᠳᠬᠡᠯ ᠳᠤᠭ᠎ᠠ ᠶᠢ ᠰᠣᠯᠢᠪᠴᠠᠭᠤᠯᠣᠨ | ᠬᠤᠳᠠᠯᠳᠣᠬᠤ᠂ ᠠᠵᠣ ᠦᠢᠯᠡᠰ ᠤᠨ ᠦᠷᠬᠦᠯᠵᠢᠯᠡᠯ᠂ ᠰᠢᠨ᠎ᠡ ᠪᠠᠷ ᠬᠦᠭᠵᠢᠭᠰᠡᠨ ᠦᠢᠯᠡᠴᠢᠯᠡᠬᠡᠨ ᠤ ᠦᠢᠯᠡᠰ ᠢ | ᠠᠩᠬᠠᠷᠴᠣ᠂ ᠬᠤᠳᠠᠯᠳᠣᠭᠠᠴᠢᠨ ᠣᠷᠢᠵᠣ ᠪᠡᠯᠡ ᠮᠦᠩᠭᠦ ᠣᠷᠣᠭᠤᠯᠣᠨ ᠠᠪᠴᠢᠷᠠᠬᠤ ᠶᠢ ᠬᠦᠨᠵᠡᠬᠡᠢ ᠦᠷᠨᠢᠭᠦᠯᠣᠨ᠎ᠠ᠂ | ᠮᠠᠰᠢᠨ ᠳᠡᠷᠬᠡᠨ ᠤ ᠬᠦᠩᠭᠡᠪᠴᠢᠯᠡᠭᠰᠡᠨ ᠬᠦᠭᠵᠢᠯᠳᠡ ᠶᠢᠨ ᠴᠢᠭᠯᠡᠯ ᠢ ᠠᠳᠬᠤᠵᠣ᠂ ᠳᠡᠷᠬᠡᠨ ᠬᠦᠷᠳᠣ᠂ ᠣᠭᠤᠷ ᠤᠨ | ᠪᠡᠶ᠎ᠡ ᠪᠠ ᠠᠮᠰᠠᠷ᠂ ᠮᠠᠰᠢᠨ ᠳᠡᠷᠬᠡᠨ ᠤ ᠰᠢᠬᠠᠬᠤ ᠴᠢᠳᠬᠤᠯᠳᠠ ᠶᠢᠨ ᠳᠣᠨᠤᠭ ᠵᠡᠷᠭᠡ ᠮᠠᠰᠢᠨ ᠳᠡᠷᠬᠡᠨ ᠤ ᠰᠡᠯᠪᠩ | ᠳᠣᠨᠤᠭ ᠤᠨ ᠬᠦᠷᠢᠶ᠎ᠡ ᠬᠡᠪᠴᠢᠶ᠎ᠠ ᠶᠢ ᠴᠢᠩᠭ᠎ᠠ ᠠᠳᠬᠤᠵᠣ᠂ ᠬᠦᠩᠭᠡᠪᠴᠢᠯᠡᠭᠰᠡᠨ ᠳᠡᠬᠡᠳᠣ ᠳᠡᠰ ᠤᠨ ᠬᠦᠩᠭᠡᠨᠴᠠᠭᠠᠨ | ᠤ ᠮᠠᠲ᠋ᠧᠷᠢᠶᠠᠯ ᠤᠨ ᠬᠤᠳᠠᠯᠳᠣᠭᠠᠴᠢᠨ ᠣᠷᠢᠵᠣ ᠪᠡᠯᠡ ᠣᠷᠣᠭᠤᠯᠣᠨ ᠠᠪᠴᠢᠷᠠᠬᠤ ᠶᠢ ᠦᠷᠨᠢᠬᠦᠯᠵᠣ᠂ ᠮᠢᠩ ᠲᠠᠢ | 20 ᠳᠦᠮᠡᠨ ᠳᠣᠨ ᠳᠠᠬᠢᠨ ᠡᠬᠦᠰᠬᠦ ᠬᠦᠩᠭᠡᠨᠴᠠᠭᠠᠨ᠂ ᠺᠧ ᠱᠧᠩ 10 ᠳᠦᠮᠡᠨ ᠳᠣᠨ ᠬᠦᠩᠭᠡᠨᠴᠠᠭᠠᠨ ᠢ ᠨᠠᠷᠢᠯᠢᠭ | ᠡᠳ᠋ᠰᠢᠬᠦᠯᠬᠦ᠂ ᠵᠡᠬᠦᠨ ᠬᠤᠶᠢᠳᠣ ᠶᠢᠨ ᠶᠡᠭᠡ ᠰᠣᠷᠭᠠᠭᠤᠯᠢ ᠶᠢᠨ ᠬᠦᠬᠡᠰᠣ ᠬᠦᠩᠭᠡᠨᠴᠠᠭᠠᠨ ᠵᠡᠷᠬᠡ ᠳᠦᠷᠦᠯ ᠵᠦᠢᠯ ᠢ | ᠣᠯᠬᠤ ᠪᠠᠷ ᠭᠤᠣᠯᠳᠠᠭᠤ ᠬᠦᠶᠣᠵᠣ᠂ ᠨᠡᠬᠦᠷᠡᠰᠣᠳᠦ᠋ᠷᠦᠭᠴᠢᠳᠣ᠂ ᠵᠠᠪᠰᠠᠷ ᠤᠨ ᠳᠡᠮᠦᠷ ᠤᠨ ᠬᠠᠶᠢᠯᠣᠰᠢ᠂ ᠮᠦᠩᠭᠦᠨ | ᠬᠦᠢᠯᠬᠡᠬᠡᠨ ᠤ ᠡᠳ᠋ ᠪᠠᠷᠠᠭᠠᠨ ᠤ ᠬᠦᠢᠯᠬᠡᠬᠡ᠂ ᠡᠯᠧᠺᠲᠷᠣᠨ ᠬᠤᠳᠠᠯᠳᠣᠭᠠᠨ ᠤ ᠶᠠᠪᠣᠳᠠᠯ ᠵᠡᠷᠬᠡ ᠬᠦᠷᠢᠶ᠎ᠡ ᠴᠠᠷᠠᠭ᠎ᠠ | ᠳᠤ ᠳᠠᠪᠠᠭᠤᠯᠢᠭ ᠳᠦᠷᠦᠯ ᠵᠦᠢᠯ ᠢ ᠣᠷᠣᠭᠤᠯᠵᠣ᠂ ᠬᠦᠭᠵᠢᠯᠳᠡ ᠶᠢᠨ ᠳᠣᠳᠠᠭᠳᠠᠯ ᠢ ᠨᠦᠬᠦᠪᠦᠷᠢᠯᠡᠵᠣ᠂ ᠵᠢᠯ ᠳᠤ᠂ | ᠳ᠋ᠦᠩᠰᠢᠭᠤᠷ ᠳᠦᠬᠦᠷᠢᠭ ᠠᠴᠠ ᠳᠡᠭᠡᠭᠰᠢᠬᠢ 10 ᠳᠦᠷᠦᠯ ᠵᠦᠢᠯ ᠢ ᠣᠷᠣᠭᠤᠯᠣᠨ ᠠᠪᠴᠢᠷᠠᠬᠤ ᠪᠠᠷ ᠴᠢᠷᠮᠠᠶᠢᠵᠣ᠂ | ᠬᠤᠳᠠ ᠶᠢᠨ ᠭᠠᠳᠠᠨᠠᠬᠢ ᠶᠢᠨ ᠪᠡᠯᠡ ᠮᠦᠩᠭᠦ ᠶᠢ 70 ᠳ᠋ᠦᠩᠰᠢᠭᠤᠷ ᠳᠦᠬᠦᠷᠢᠭ ᠣᠷᠣᠭᠤᠯᠣᠨ ᠠᠪᠴᠢᠷᠠᠨ᠎ᠠ᠃ | ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠠᠯᠬᠤᠴᠠ ᠪᠠᠨ ᠳᠦᠷᠬᠡᠳᠬᠡᠨ᠎ᠡ᠃ | ᠬᠦᠩᠭᠡᠨᠴᠠᠭᠠᠨ ᠵᠢᠴᠢ ᠰᠢᠨ᠎ᠡ ᠮᠠᠲ᠋ᠧᠷᠢᠶᠠᠯ ᠤᠨ ᠠᠵᠣ ᠦᠢᠯᠡᠳᠪᠦᠷᠢ ᠶᠢᠨ ᠮᠡᠷᠬᠡᠵᠢᠯ ᠤᠨ ᠰᠣᠳᠣᠯᠬᠤ | ᠬᠦᠷᠢᠶᠡᠯᠡᠩ᠂ ᠠᠺᠡᠳᠧᠮᠢᠴᠢ ᠳᠣᠰᠬᠠᠢ ᠮᠡᠷᠬᠡᠵᠢᠯᠳᠡᠨ ᠤ ᠠᠵᠢᠯᠯᠠᠬᠤ ᠦᠷᠳᠡᠭᠡ ᠵᠡᠷᠬᠡ ᠰᠢᠨ᠎ᠡ ᠶᠢ ᠡᠬᠦᠳᠬᠦ ᠳᠠᠪᠴᠠᠩ | ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ᠰᠢᠨᠵᠢᠯᠡᠬᠦ ᠣᠬᠠᠭᠠᠨ ᠲᠧᠭᠨᠢᠭ ᠮᠡᠷᠬᠡᠵᠢᠯ ᠤᠨ ᠴᠢᠳᠠᠪᠣᠷᠢᠳᠠᠨ ᠢ | ᠳᠠᠭᠠᠭᠤᠯᠣᠨ ᠳᠠᠶᠢᠴᠢᠯᠠᠬᠤ ᠶᠢ ᠴᠢᠩᠭᠠᠳᠬᠠᠵᠣ᠂ ᠨᠡᠩ ᠰᠠᠶᠢᠨ ᠬᠠᠷᠠᠭᠠᠯᠵᠠᠯ ᠤᠨ ᠳᠦᠷᠦ ᠶᠢᠨ ᠪᠣᠳᠣᠯᠭ᠎ᠠ᠂ ᠨᠡᠩ | ᠰᠢᠯᠢᠳᠡᠭ ᠣᠷᠴᠢᠨ ᠳᠣᠭᠤᠷᠢᠨ ᠢᠶᠠᠷ ᠳᠠᠮᠵᠢᠨ᠂ ᠴᠢᠳᠠᠪᠣᠷᠢᠳᠠᠨ ᠢ ᠣᠷᠣᠭᠤᠯᠣᠨ ᠠᠪᠴᠢᠷᠠᠵᠣ᠂ ᠴᠢᠳᠠᠪᠣᠷᠢᠳᠠᠨ ᠢ | ᠦᠯᠡᠳᠡᠬᠡᠵᠣ᠂ ᠴᠢᠳᠠᠪᠣᠷᠢᠳᠠᠨ ᠢ ᠰᠠᠶᠢᠳᠣᠷ ᠬᠡᠷᠡᠭᠯᠡᠨ᠎ᠡ᠃ ᠵᠠᠮ᠂ ᠵᠠᠮ ᠬᠠᠷᠢᠯᠴᠠᠭᠠᠨ ᠳᠤ ᠬᠦᠩᠭᠡᠨᠴᠠᠭᠠᠨ ᠬᠡᠷᠡᠭᠯᠡᠬᠦ᠂ | ᠮᠠᠰᠢᠨ ᠳᠡᠷᠭᠡᠨ ᠳᠤ ᠬᠦᠩᠭᠡᠨᠴᠠᠭᠠᠨ ᠬᠡᠷᠡᠭᠯᠡᠬᠦ᠂ ᠡᠯᠧᠺᠲᠷᠣᠨ ᠪᠦᠳᠦᠬᠡᠭᠳᠡᠬᠦᠨ ᠳᠤ ᠬᠦᠩᠭᠡᠨᠴᠠᠭᠠᠨ ᠬᠡᠷᠡᠭᠯᠡᠬᠦ ᠵᠡᠷᠬᠡ | ᠪᠠᠷ ᠭᠤᠣᠯᠯᠠᠬᠤ ᠴᠢᠭᠯᠡᠯ ᠪᠣᠯᠭᠠᠵᠣ᠂ ᠳᠣᠮᠣ ᠴᠢᠬᠤᠯᠠ ᠰᠢᠨᠵᠢᠯᠡᠬᠦ ᠮᠡᠷᠬᠡᠵᠢᠯ ᠤᠨ ᠪᠣᠭᠤᠮᠳᠠ ᠰᠢᠪᠳᠣᠯᠬᠤ ᠶᠢ | ᠳᠦᠷᠬᠡᠳᠬᠡᠵᠣ᠂ ᠣᠨᠴᠠ ᠳᠦᠷᠦᠯ ᠤᠨ ᠭᠠᠩᠨᠠᠬᠤ᠂ ᠴᠢᠩᠭ᠎ᠠ ᠰᠣᠷᠢᠨᠵᠢᠨ ᠤ ᠳᠣᠣᠷᠠᠬᠢ ᠪᠣᠯᠣᠳ ᠪᠠᠭᠠᠨ᠎ᠠ ᠶᠢᠨ | ᠭᠠᠩᠨᠠᠬᠤ ᠵᠡᠷᠭᠡ ᠮᠡᠷᠬᠡᠵᠢᠯ ᠤᠨ ᠬᠦᠴᠢᠷ ᠰᠡᠳᠦᠪ ᠢ ᠭᠤᠣᠯᠳᠠᠭᠤ ᠰᠢᠪᠳᠣᠯᠵᠣ᠂ ᠴᠠᠬᠢᠯᠭᠠᠨ ᠵᠠᠳᠠᠯᠣᠯ ᠤᠨ | ᠣᠩᠭᠤᠴᠠ ᠶᠢᠨ ᠠᠦ᠋ᠲ᠋ᠣᠴᠢᠯᠠᠭᠰᠠᠨ ᠪᠠᠬᠢᠵᠢᠬᠦᠯᠬᠦ ᠳᠦᠬᠦᠭᠡᠷᠦᠮᠵᠢ᠂ ᠵᠢᠯᠣᠭᠤᠴᠢ ᠦᠬᠡᠢ ᠳᠡᠷᠬᠡ ᠪᠠ ᠳᠡᠭᠰᠢ | ᠦᠨᠴᠦᠭᠳᠣ ᠮᠠᠰᠢᠨ ᠬᠦᠮᠦᠨ ᠤ ᠠᠦ᠋ᠲ᠋ᠣᠴᠢᠯᠠᠭᠰᠠᠨ ᠮᠠᠲ᠋ᠧᠷᠢᠶᠠᠯ ᠨᠡᠮᠡᠬᠦ ᠰᠢᠰᠲ᠋ᠧᠮ ᠢ ᠠᠰᠢᠭᠯᠠᠯᠳᠠ ᠳᠤ ᠣᠷᠣᠭᠤᠯᠣᠨ | ᠦᠢᠯᠡᠳᠪᠦᠷᠢᠯᠡᠯ ᠳᠤ ᠬᠡᠷᠡᠭᠯᠡᠨ᠎ᠡ᠃ ᠬᠠᠼᠢᠯᠧᠲ ᠤᠨ ᠦᠢᠯᠡᠳᠪᠦᠷᠢᠯᠡᠯ ᠤᠨ ᠱᠣᠭᠤᠮ ᠤᠨ ᠳᠣᠭᠳᠠᠭᠤᠨ ᠠᠵᠢᠯᠯᠠᠬᠤ | ᠶᠢ ᠪᠠᠳᠣᠯᠠᠵᠣ᠂ ᠬᠦᠩᠭᠡᠨᠴᠠᠭᠠᠨ ᠤ ᠬᠠᠪᠳᠠᠰᠣ ᠶᠢᠨ ᠦᠢᠯᠡᠳᠪᠦᠷᠢᠯᠡᠯ ᠤᠨ ᠦᠷ᠎ᠡ ᠪᠦᠳᠦᠮᠵᠢ ᠶᠢ ᠶᠡᠭᠡ ᠬᠡᠮᠵᠢᠶ᠎ᠡ ᠪᠠᠷ | ᠳᠡᠭᠡᠭᠰᠢᠯᠡᠬᠦᠯᠦᠨ᠎ᠡ᠃ ᠬᠡᠰᠡᠭ ᠣᠷᠣᠨ ᠤ ᠪᠠᠭ᠎ᠠ ᠬᠡᠯᠪᠡᠷᠢ ᠶᠢᠨ ᠴᠠᠬᠢᠯᠭᠠᠨ ᠳᠣᠣᠷ᠂ ᠴᠠᠬᠢᠯᠭᠠᠨ ᠵᠠᠳᠠᠯᠣᠯ ᠤᠨ | ᠬᠦᠩᠭᠡᠨᠴᠠᠭᠠᠨ ᠤ ᠠᠭᠤᠷ ᠣᠳᠤᠭ᠎ᠠ ᠶᠢᠨ ᠪᠣᠬᠢᠷᠳᠣᠯ ᠢ ᠳᠡᠭ ᠲᠤ ᠣᠶᠢᠷᠠᠳᠣᠭᠤᠯᠣᠨ ᠭᠠᠳᠠᠭᠰᠢᠭᠤᠯᠬᠤ ᠵᠢᠱᠢᠶ᠎ᠠ | ᠦᠵᠡᠬᠦᠯᠬᠦ ᠢᠨᠵᠧᠨᠧᠷᠢᠩ ᠵᠡᠷᠬᠡ ᠶᠢ ᠳᠦᠯᠬᠢᠨ ᠠᠬᠢᠭᠤᠯᠬᠤ ᠶᠢ ᠦᠪᠡᠷᠳᠡᠬᠡᠨ ᠵᠠᠰᠠᠬᠤ ᠣᠷᠣᠨ ᠤ ᠰᠢᠨᠵᠢᠯᠡᠬᠦ | ᠣᠬᠠᠭᠠᠨ ᠮᠡᠷᠬᠡᠵᠢᠯ ᠤᠨ ᠳᠠᠪᠰᠢᠯᠳᠠ ᠶᠢᠨ ᠱᠠᠩᠨᠠᠯ ᠣᠯᠬᠤ ᠪᠠᠷ ᠭᠤᠶᠣᠴᠢᠯᠠᠨ ᠮᠡᠳᠡᠬᠦᠯᠵᠣ᠂ 10 ᠳᠦᠷᠦᠯ ᠠᠴᠠ | ᠳᠡᠭᠡᠭᠰᠢᠬᠢ ᠠᠵᠣ ᠳᠦᠷᠦᠯ ᠤᠨ ᠳᠡᠷᠢᠬᠦᠯᠦᠭᠰᠡᠨ ᠭᠤᠣᠯᠳᠠᠯᠭᠠᠳᠣ ᠴᠢᠨᠠᠷ ᠲᠠᠢ ᠰᠢᠨᠵᠢᠯᠡᠬᠦ ᠣᠬᠠᠭᠠᠨ ᠮᠡᠷᠬᠡᠵᠢᠯ ᠤᠨ | ᠪᠣᠭᠤᠮᠳᠠ ᠶᠢ ᠰᠢᠪᠳᠣᠯᠬᠤ ᠪᠠᠷ ᠴᠢᠷᠮᠠᠶᠢᠨ ᠪᠡᠶᠡᠯᠡᠬᠦᠯᠵᠣ᠂ 2 ᠣᠯᠣᠰ ᠤᠨ ᠳᠡᠰ ᠤᠨ ᠳᠡᠬᠡᠳᠣ ᠰᠢᠨ᠎ᠡ ᠮᠡᠷᠬᠡᠵᠢᠯ | ᠤᠨ ᠠᠵᠣ ᠠᠬᠤᠶᠢᠯᠠᠯ ᠢ ᠳᠡᠭᠡᠭᠰᠢ ᠮᠡᠳᠡᠬᠦᠯᠵᠣ᠂ ᠦᠪᠡᠷᠳᠡᠬᠡᠨ ᠵᠠᠰᠠᠬᠤ ᠣᠷᠣᠨ ᠤ ᠳᠡᠰ ᠤᠨ ᠭᠤᠣᠯᠳᠠᠯᠭᠠᠳᠣ | ᠳᠣᠷᠰᠢᠯᠳᠠ ᠶᠢᠨ ᠳᠠᠰᠤᠭ᠂ ᠠᠵᠣ ᠠᠬᠤᠶᠢᠯᠠᠯ ᠤᠨ ᠮᠡᠷᠬᠡᠵᠢᠯ ᠤᠨ ᠰᠣᠳᠣᠯᠭᠠᠨ ᠤ ᠳᠦᠪ ᠪᠣᠯᠣᠨ 2 ᠦᠪᠡᠷᠳᠡᠬᠡᠨ | ᠵᠠᠰᠠᠬᠤ ᠣᠷᠣᠨ ᠤ ᠳᠡᠰ ᠤᠨ ᠣᠯᠠᠨ ᠳᠦᠮᠡᠨ ᠤ ᠰᠢᠨ᠎ᠡ ᠶᠢ ᠡᠬᠦᠳᠬᠦ ᠣᠷᠣᠨ ᠵᠠᠢ ᠶᠢ ᠪᠠᠶᠢᠭᠤᠯᠵᠣ᠂ ᠦᠪᠡᠷᠳᠡᠬᠡᠨ | ᠵᠠᠰᠠᠬᠤ ᠣᠷᠣᠨ ᠤ ᠳᠡᠬᠡᠳᠣ ᠰᠢᠨ᠎ᠡ ᠮᠡᠷᠬᠡᠵᠢᠯ ᠤᠨ ᠠᠵᠣ ᠦᠢᠯᠡᠰ ᠤᠨ ᠨᠡᠬᠡᠬᠡᠯᠳᠡ ᠶᠢᠨ ᠣᠷᠣᠨ ᠢ ᠡᠬᠦᠳᠦᠨ | ᠪᠠᠶᠢᠭᠤᠯᠣᠨ᠎ᠠ᠃ | ︵ᠳᠦᠷᠪᠡ︶ ᠠᠮᠢ ᠠᠬᠤᠢ ᠶᠢᠨ ᠣᠷᠴᠢᠨ ᠳᠣᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠳᠦᠯᠬᠢᠨ | ᠠᠬᠢᠭᠤᠯᠣᠨ᠎ᠠ᠃ | ᠭᠤᠣᠯᠯᠠᠬᠤ ᠠᠵᠣ ᠦᠢᠯᠡᠰ ᠤᠨ ᠬᠦᠨ ᠬᠡᠮᠵᠢᠶ᠎ᠡ ᠪᠠᠨ ᠪᠠᠭᠠᠰᠬᠠᠨ ᠭᠠᠳᠠᠭᠰᠢᠭᠤᠯᠬᠤ ᠶᠢ ᠳᠦᠯᠬᠢᠨ | ᠠᠬᠢᠭᠤᠯᠣᠨ᠎ᠠ᠃ ᠬᠤᠩ ᠵᠢᠶᠦ᠋ᠨ ᠬᠦᠩᠭᠡᠨᠴᠠᠭᠠᠨ ᠴᠠᠬᠢᠯᠭᠠᠨ᠂ ᠾᠦᠸᠧ ᠨᠢᠩ ᠨᠡᠬᠦᠷᠡᠰᠣᠳᠦ᠋ᠷᠦᠭᠴᠢ᠂ ᠶᠢᠨ ᠶᠣᠸᠠᠨ | ᠺᠸᠣ ᠢᠯᠴᠢ ᠴᠠᠬᠢᠯᠭᠠᠨ᠂ ᠴᠣᠸᠠᠩ ᠶᠣᠸᠠᠨ ᠳᠡᠮᠦᠷᠯᠢᠭ ᠤᠨ ᠺᠣᠮᠫᠠᠨᠢ ᠶᠢᠨ ᠪᠦᠬᠦᠨ ᠢᠶᠠᠷ ᠢᠶᠠᠨ ᠰᠦᠯᠵᠢᠶᠡᠨ ᠳᠡᠭᠡᠷ᠎ᠡ | ᠬᠢᠨᠠᠨ ᠡᠵᠡᠮᠰᠢᠬᠦ ᠳ᠋ᠠᠶᠢᠲ᠋ᠠ ᠶᠢᠨ ᠰᠦᠯᠵᠢᠶ᠎ᠡ ᠶᠢ ᠪᠡᠶᠡᠯᠡᠬᠦᠯᠣᠨ᠎ᠠ᠃ 1.2 ᠳ᠋ᠦᠩᠰᠢᠭᠤᠷ ᠳᠦᠬᠦᠷᠢᠭ ᠤᠨ ᠪᠡᠯᠡ | ᠣᠷᠣᠭᠤᠯᠵᠣ᠂ ᠶᠢᠨ ᠯᠢᠶᠠᠨ ᠺᠣᠮᠫᠠᠨᠢ ᠶᠢᠨ ᠴᠠᠬᠢᠯᠭᠠᠨ ᠵᠠᠳᠠᠯᠣᠯ ᠤᠨ ᠬᠦᠩᠭᠡᠨᠴᠠᠭᠠᠨ ᠤ ᠠᠭᠤᠷ ᠣᠳᠤᠭ᠎ᠠ ᠶᠢᠨ | ᠪᠣᠬᠢᠷᠳᠣᠯ ᠡᠳ᠋ ᠤᠨ ᠳᠡᠭ ᠲᠤ ᠣᠶᠢᠷᠠᠳᠣᠭᠤᠯᠣᠨ ᠭᠠᠳᠠᠭᠰᠢᠭᠤᠯᠬᠤ ᠵᠢᠱᠢᠶ᠎ᠠ ᠦᠵᠡᠬᠦᠯᠬᠦ ᠢᠨᠵᠧᠨᠧᠷᠢᠩ ᠤᠨ | ᠬᠤᠶᠠᠳᠣᠭᠠᠷ ᠰᠢᠰᠲ᠋ᠧᠮ ᠤᠨ ᠳᠦᠷᠦᠯ ᠵᠦᠢᠯ ᠢ ᠪᠡᠶᠡᠯᠡᠬᠦᠯᠵᠣ᠂ ᠬᠤᠩ ᠵᠢᠶᠦ᠋ᠨ᠂ ᠶᠢᠨ ᠯᠢᠶᠠᠨ ᠤ ᠵᠢᠱᠢᠶ᠎ᠡ | ᠦᠵᠡᠬᠦᠯᠬᠦ ᠢᠨᠵᠧᠨᠧᠷᠢᠩ ᠤᠨ ᠳᠦᠬᠦᠬᠡᠷᠦᠮᠵᠢ ᠨᠢᠬᠡᠨᠳᠡ ᠳᠣᠭᠳᠠᠭᠤᠨ ᠢᠶᠠᠷ ᠠᠰᠢᠭᠯᠠᠯᠳᠠ ᠳᠤ ᠣᠷᠣᠬᠤ ᠶᠢ | ᠪᠠᠳᠣᠯᠠᠵᠣ᠂ ᠣᠯᠣᠰ ᠤᠨ ᠳᠣᠳᠣᠭᠠᠳᠣ ᠶᠢᠨ ᠴᠠᠬᠢᠯᠭᠠᠨ ᠵᠠᠳᠠᠯᠣᠯ ᠤᠨ ᠬᠦᠩᠭᠡᠨᠴᠠᠭᠠᠨ ᠤ ᠭᠠᠳᠠᠭᠰᠢᠭᠤᠯᠬᠤ ᠰᠢᠨ᠎ᠡ | ᠪᠠᠷᠢᠮᠵᠢᠶ᠎ᠡ ᠶᠢ ᠡᠬᠦᠳᠬᠦ ᠪᠠᠷ ᠴᠢᠷᠮᠠᠶᠢᠨ᠎ᠠ᠃ ᠬᠤᠩ ᠵᠢᠶᠦ᠋ᠨ ᠬᠦᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠴᠠᠬᠢᠯᠭᠠᠨ | ᠦᠢᠯᠡᠳᠪᠦᠷᠢ ᠶᠢᠨ 6 ᠳ᠋ᠣᠭᠠᠷ ᠨᠣᠮᠧᠷᠳᠣ ᠮᠠᠰᠢᠨ ᠤ ᠳᠣᠭᠤᠶᠢᠯᠠᠩ ᠤᠨ ᠬᠡᠳᠣ ᠳᠣᠣᠷ᠎ᠠ ᠭᠠᠳᠠᠭᠰᠢᠭᠤᠯᠣᠯᠳᠠ ᠶᠢᠨ | ᠦᠬᠡᠷᠡᠴᠢᠯᠡᠯᠳᠡ ᠵᠢᠴᠢ ᠬᠦᠩᠭᠡᠨᠴᠠᠭᠠᠨ ᠦᠢᠯᠡᠳᠪᠦᠷᠢ ᠶᠢᠨ ᠬᠠᠶᠠᠭᠳᠠᠮᠠᠯ ᠤᠨ ᠬᠦᠢᠳᠡᠨ ᠢᠶᠠᠷ ᠬᠠᠳᠠᠭᠠᠯᠠᠬᠤ | ᠳᠣᠭᠤᠰᠣ ᠳᠠᠳᠠᠬᠤ ᠳᠦᠬᠦᠬᠡᠷᠦᠮᠵᠢ᠂ ᠶᠠᠩ ᠵᠢᠢ ᠪᠦᠳᠦᠭᠡᠭᠳᠡᠬᠦᠨ ᠤ ᠬᠦᠮᠦᠷᠬᠡ ᠶᠢ ᠰᠢᠨᠡᠳᠭᠡᠨ ᠦᠬᠡᠷᠡᠴᠢᠯᠡᠬᠦ | ᠰᠠᠶᠢᠵᠢᠷᠠᠭᠤᠯᠬᠤ ᠵᠡᠷᠬᠡ ᠣᠷᠴᠢᠨ ᠳᠣᠭᠤᠷᠢᠨ ᠤ ᠬᠠᠮᠠᠭᠠᠯᠠᠯᠳᠠ ᠶᠢᠨ ᠢᠨᠵᠧᠨᠧᠷᠢᠩ ᠢ ᠪᠡᠶᠡᠯᠡᠬᠦᠯᠣᠨ᠎ᠠ᠃ ︽ | ᠴᠠᠬᠢᠯᠭᠠᠨ ᠵᠠᠳᠠᠯᠣᠯ ᠤᠨ ᠬᠦᠩᠭᠡᠨᠴᠠᠭᠠᠨ ᠤ ᠵᠣᠬᠢᠶᠠᠨ ᠪᠠᠶᠢᠭᠤᠯᠣᠯᠳᠠ ᠦᠬᠡᠢ ᠭᠠᠳᠠᠭᠰᠢᠭᠤᠯᠬᠤ ᠶᠢ ᠰᠡᠷᠬᠡᠶᠢᠯᠡᠨ | ᠵᠠᠰᠠᠬᠤ ᠠᠵᠢᠯ ᠤᠨ ᠣᠷᠠᠯᠠᠯ ᠤᠨ ᠪᠣᠭᠤᠳᠠᠯ︾ ᠤᠨ ᠦᠢᠯᠡᠳᠪᠦᠷᠢᠯᠡᠯ ᠤᠨ ᠬᠡᠷᠡᠭᠯᠡᠭᠡ ᠶᠢ ᠳᠡᠯᠬᠡᠷᠡᠬᠦᠯᠵᠣ᠂ | ᠳᠦᠪᠯᠡᠷᠡᠯ ᠠᠭᠤᠷ ᠤᠨ ᠰᠢᠰᠲ᠋ᠧᠮ᠂ ᠲᠢᠶᠠᠨ ᠴᠧ ᠰᠦᠬᠡᠷᠬᠦ ᠳᠠᠷᠣᠯᠳᠠ ᠵᠡᠷᠭᠡ 8 ᠳᠠᠯ᠎ᠠ ᠶᠢᠨ ᠣᠷᠠᠯᠠᠯ ᠤᠨ | ᠳᠠᠮᠵᠢᠯᠭ᠎ᠠ ᠶᠢ ᠳᠠᠬᠢᠨ ᠡᠬᠦᠳᠴᠣ᠂ ᠴᠠᠬᠢᠯᠭᠠᠨ ᠵᠠᠳᠠᠯᠣᠯ ᠤᠨ ᠬᠦᠩᠭᠡᠨᠴᠠᠭᠠᠨ ᠤ ᠠᠵᠢᠯ ᠳᠦᠷᠦᠯ ᠨᠠᠷᠢᠯᠢᠭ | ᠪᠠᠭᠠᠰᠬᠠᠨ ᠭᠠᠳᠠᠭᠰᠢᠭᠤᠯᠬᠤ ᠶᠢ ᠳᠦᠷᠬᠡᠳᠬᠡᠨ ᠪᠡᠶᠡᠯᠡᠬᠦᠯᠣᠨ᠎ᠠ᠃ | ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠭᠤᠣᠯᠳᠠᠯᠭ᠎ᠠ ᠲᠠᠢ ᠢᠨᠵᠧᠨᠧᠷᠢᠩ ᠢ | ᠬᠡᠷᠡᠭᠵᠢᠬᠦᠯᠪᠡ᠃ ᠵᠠᠰᠠᠭ ᠤᠨ ᠣᠷᠳᠣᠨ ᠪᠣᠯᠣᠨ ᠨᠡᠶᠢᠬᠡᠮ ᠤᠨ ᠬᠦᠷᠦᠩᠭᠡ ᠶᠢᠨ ᠬᠠᠮᠳᠣᠷᠠᠯᠴᠠᠬᠤ ᠬᠡᠯᠪᠡᠷᠢ ᠪᠠᠷ | ᠠᠭᠤᠷᠬᠠᠢ ᠶᠢᠨ ᠠᠮᠢ ᠠᠬᠤᠢ ᠶᠢ ᠰᠡᠷᠬᠦᠬᠡᠨ ᠵᠠᠰᠠᠬᠤ ᠢᠨᠵᠧᠨᠧᠷᠢᠩ ᠢ ᠬᠡᠷᠡᠭᠵᠢᠬᠦᠯᠵᠣ ᠠᠵᠣ ᠠᠬᠤᠶᠢᠯᠠᠯ ᠤᠨ | ᠠᠭᠤᠷᠬᠠᠢ ᠶᠢ ᠳᠠᠬᠢᠨ ᠬᠠᠭᠠᠯᠪᠣᠷᠢᠯᠠᠵᠣ ᠨᠣᠭᠤᠭᠠᠷᠠᠭᠤᠯᠬᠤ ᠠᠵᠢᠯ ᠢ ᠳᠡᠷᠡ ᠳᠠᠷᠣᠢ ᠳᠤᠨᠢ ᠦᠷᠨᠢᠬᠦᠯᠬᠦ ᠳᠤ ᠬᠢᠨᠠᠯᠳᠠ | ᠳᠠᠯᠪᠢᠨ᠎ᠠ᠃ ᠵᠢᠩ ᠬᠣ᠋ ᠣᠯᠣᠰ ᠤᠨ ᠨᠣᠶᠢᠳᠠᠨ ᠭᠠᠵᠠᠷ ᠤᠨ ᠴᠡᠴᠡᠷᠯᠢᠭ ᠤᠨ ᠶᠡᠷᠦᠩᠭᠡᠢ ᠳᠦᠯᠦᠪᠵᠢᠬᠦᠯᠬᠡ ᠨᠢ | ᠣᠯᠣᠰ ᠤᠨ ᠣᠢ ᠰᠢᠭᠤᠢ ᠶᠢᠨ ᠳᠣᠪᠴᠢᠶ᠎ᠠ ᠶᠢᠨ ᠬᠢᠨᠠᠨ ᠵᠦᠪᠰᠢᠶᠡᠷᠡᠯ ᠢ ᠦᠩᠭᠡᠷᠡᠬᠦᠯᠬᠦ ᠪᠠᠷ ᠬᠦᠴᠦᠯᠡᠨ᠎ᠡ᠃ ᠵᠢᠯ | ᠳᠤ᠂ 1 ᠳᠦᠮᠡᠨ ᠮᠣ᠋ ᠠᠭᠤᠯᠠ ᠶᠢ ᠪᠢᠳᠡᠬᠦᠮᠵᠢᠯᠡᠵᠣ ᠣᠢ ᠰᠢᠭᠤᠢ ᠶᠢ ᠪᠣᠶᠢᠵᠢᠭᠤᠯᠵᠣ᠂ 3000 ᠮᠣ᠋ ︽ᠭᠤᠷᠪᠠᠨ | ᠣᠮᠠᠷᠠᠳᠣ︾ ᠶᠢᠨ ᠬᠠᠮᠠᠭᠠᠯᠠᠯᠳᠠ ᠶᠢᠨ ᠣᠢ ᠶᠢ ᠪᠦᠳᠦᠬᠡᠨ ᠪᠠᠶᠢᠭᠤᠯᠵᠣ᠂ 500 ᠮᠣ᠋ ᠭᠤᠣᠯᠳᠠᠯᠭ᠎ᠠ ᠲᠠᠢ ᠣᠷᠣᠨ ᠤ | ᠨᠣᠭᠤᠭᠠᠷᠠᠭᠤᠯᠣᠯᠳᠠ ᠶᠢ ᠬᠡᠷᠡᠭᠵᠢᠬᠦᠯᠵᠣ᠂ 1500 ᠮᠣ᠋ ᠳᠠᠷᠢᠬᠤ ᠪᠠ ᠵᠣᠬᠢᠶᠠᠬᠤ ᠵᠢᠴᠢ ᠣᠢ ᠰᠢᠭᠤᠢ ᠶᠢ ᠳᠠᠬᠢᠨ | ᠪᠣᠶᠢᠵᠢᠭᠤᠯᠵᠣ᠂ ᠵᠠᠰᠠᠬᠤ ᠨᠦᠬᠦᠴᠡᠯ ᠳᠤ ᠬᠦᠷᠬᠦ ᠠᠭᠤᠷᠬᠠᠢ᠂ ᠰᠢᠷᠣᠢ ᠭᠠᠳᠠᠭᠰᠢᠭᠤᠯᠬᠤ ᠳᠠᠯᠠᠪᠠᠢ ᠶᠢᠨ ᠪᠦᠬᠦᠨ ᠢ | ᠵᠠᠰᠠᠬᠤ ᠶᠢ ᠪᠠᠳᠣᠯᠠᠵᠣ᠂ ᠵᠠᠰᠠᠭᠰᠠᠨ ᠳᠠᠯᠠᠪᠠᠢ ᠶᠢ 1800 ᠮᠣ᠋ ᠠᠴᠠ ᠳᠡᠭᠡᠭᠰᠢ ᠪᠣᠯᠭᠠᠵᠣ᠂ ᠳᠦᠯᠬᠢᠨ | ᠠᠬᠢᠭᠤᠯᠣᠭᠰᠠᠨ ᠣᠰᠣᠨ ᠠᠰᠢᠭᠯᠠᠯᠳᠠ ᠶᠢᠨ ᠬᠡᠷᠡᠭᠯᠡᠬᠦ ᠨᠣᠷᠮ᠎ᠠ ᠶᠢ 60% ᠠᠴᠠ ᠳᠡᠭᠡᠭᠰᠢ ᠳᠤ ᠬᠦᠷᠬᠡᠨ᠎ᠠ᠃ | ᠣᠷᠴᠢᠨ ᠳᠣᠭᠤᠷᠢᠨ ᠤ ᠳᠣᠪᠣᠶᠢᠮ᠎ᠠ ᠠᠰᠠᠭᠤᠳᠠᠯ ᠢ ᠳᠦᠪᠯᠡᠷᠡᠬᠦᠯᠦᠨ ᠰᠢᠢᠳᠪᠦᠷᠢᠯᠡᠨ᠎ᠡ᠃ ᠵᠠᠰᠠᠭ ᠤᠨ | ᠣᠷᠳᠣᠨ ᠢᠶᠠᠷ ᠣᠳᠣᠷᠢᠳᠣᠮᠵᠢ ᠪᠣᠯᠭᠠᠭᠰᠠᠨ᠂ ᠠᠵᠣ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠬᠡᠮ ᠤᠨ | ᠵᠣᠬᠢᠶᠠᠨ ᠪᠠᠶᠢᠭᠤᠯᠣᠯᠳᠠ ᠪᠠ ᠣᠯᠠᠨ ᠨᠡᠶᠢᠳᠡ ᠶᠢᠨ ᠬᠠᠮᠳᠣ ᠪᠠᠷ ᠣᠷᠣᠯᠴᠠᠭᠰᠠᠨ ᠣᠷᠴᠢᠨ ᠳᠣᠭᠤᠷᠢᠨ ᠢ ᠵᠠᠰᠠᠬᠤ | ᠰᠢᠰᠲ᠋ᠧᠮ ᠢ ᠳᠦᠷᠬᠡᠳᠬᠡᠨ ᠪᠠᠶᠢᠭᠤᠯᠣᠨ᠎ᠠ᠃ ᠠᠭᠠᠷ ᠮᠠᠨᠳᠣᠯ ᠤᠨ ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭ᠎ᠠ | ᠪᠠᠨ ᠦᠷᠬᠦᠯᠵᠢᠯᠡᠨ ᠦᠷᠨᠢᠬᠦᠯᠵᠣ᠂ ︽ᠬᠦᠬᠡ ᠣᠭᠳᠠᠷᠭᠤᠢ ᠶᠢ ᠬᠠᠮᠠᠭᠠᠯᠠᠬᠤ ᠳᠠᠶᠢᠯᠠᠯᠳᠣᠭᠠᠨ︾ ᠤ ᠢᠯᠠᠯᠳᠠ ᠶᠢ | ᠣᠯᠣᠨ᠎ᠠ᠃ ᠭᠤᠣᠯᠳᠠᠯᠭ᠎ᠠ ᠲᠠᠢ ᠠᠵᠢᠯ ᠳᠦᠷᠦᠯ ᠪᠠ ᠠᠵᠣ ᠠᠬᠤᠶᠢᠯᠠᠯ ᠳᠤ ᠬᠢᠨᠠᠯᠳᠠ ᠳᠠᠯᠪᠢᠨ ᠪᠠᠶᠢᠴᠠᠭᠠᠬᠤ | ᠬᠦᠴᠦᠯᠡᠴᠡ ᠪᠠᠨ ᠶᠡᠬᠡᠰᠬᠡᠵᠣ᠂ ᠣᠷᠴᠢᠨ ᠳᠣᠭᠤᠷᠢᠨ ᠢ ᠬᠠᠮᠠᠭᠠᠯᠠᠬᠤ ᠳᠦᠬᠦᠬᠡᠷᠦᠮᠵᠢ ᠶᠢᠨ 24 ᠴᠠᠭ ᠤᠨ | ᠳᠣᠭᠳᠠᠭᠤᠨ ᠢᠶᠠᠷ ᠠᠵᠢᠯᠯᠠᠬᠤ ᠶᠢ ᠪᠠᠳᠣᠯᠠᠵᠣ᠂ ᠣᠷᠴᠢᠨ ᠳᠣᠭᠤᠷᠢᠨ ᠤ ᠬᠠᠣᠯᠢ ᠠᠴᠠ ᠵᠦᠷᠢᠴᠡᠭᠰᠡᠨ ᠠᠵᠢᠯᠯᠠᠭ᠎ᠠ | ᠶᠢ ᠴᠢᠩᠭ᠎ᠠ ᠳᠣᠷᠭᠤᠭᠠᠨᠠ᠃ ᠨᠡᠬᠦᠷᠡᠰᠣᠨ ᠤ ᠳᠦᠪᠯᠡᠷᠡᠬᠦᠯᠦᠨ ᠳᠡᠬᠡᠬᠡᠪᠦᠷᠢᠯᠡᠬᠦ ᠦᠷᠳᠡᠭᠡ ᠶᠢᠨ ᠰᠠᠩ ᠬᠦᠮᠦᠷᠬᠡ ᠶᠢᠨ | ᠳᠠᠯᠠᠪᠣᠷ ᠤᠨ ᠴᠡᠭᠴᠡᠯᠡᠨ ᠵᠠᠰᠠᠯᠳᠠ ᠶᠢ ᠭᠤᠣᠯᠳᠠᠯᠭ᠎ᠠ ᠲᠠᠢ ᠬᠡᠷᠡᠭᠵᠢᠬᠦᠯᠵᠣ᠂ 10 ᠰᠠᠷ᠎ᠠ ᠶᠢᠨ ᠰᠡᠬᠦᠯᠴᠢ ᠠᠴᠠ | ᠡᠮᠦᠨ᠎ᠡ ᠪᠦᠬᠦ ᠬᠤᠳᠠ ᠶᠢᠨ ᠠᠭᠤᠷᠬᠠᠢ ᠶᠢᠨ ᠦᠢᠯᠡᠳᠪᠦᠷᠢᠯᠡᠯ᠂ ᠡᠳ᠋ᠰᠢᠬᠦᠯᠬᠦ᠂ ᠳᠡᠭᠡᠭᠡᠪᠦᠷᠢᠯᠡᠬᠦ᠂ ᠰᠠᠩ ᠬᠦᠮᠦᠷᠬᠡ | ᠶᠢᠨ ᠬᠠᠳᠠᠭᠠᠯᠠᠮᠵᠢ ᠶᠢᠨ ᠳᠠᠯᠠᠪᠣᠷ ᠲᠤ ᠪᠢᠳᠡᠬᠦᠮᠵᠢᠯᠡᠨ ᠡᠷᠬᠢᠯᠳᠦᠬᠦᠯᠬᠦ ᠶᠢ ᠪᠡᠶᠡᠯᠡᠬᠦᠯᠵᠣ᠂ ︽ᠬᠠᠳᠠᠭᠠᠯᠠᠭᠰᠠᠨ ᠭᠠᠵᠠᠷ | ᠨᠢ ᠨᠡᠬᠦᠷᠡᠰᠣ ᠦᠵᠡᠭᠳᠡᠬᠦ ᠦᠬᠡᠢ᠂ ᠳᠡᠭᠡᠭᠡᠪᠦᠷᠢᠯᠡᠭᠰᠡᠨ ᠭᠠᠵᠠᠷ ᠨᠢ ᠨᠡᠬᠦᠷᠡᠰᠣ ᠦᠵᠡᠭᠳᠡᠬᠦ ᠦᠬᠡᠢ᠂ ᠦᠢᠯᠡᠳᠪᠦᠷᠢ | ᠶᠢᠨ ᠳᠣᠭᠤᠷᠢᠭ ᠲᠤ ᠰᠢᠷᠣᠢ ᠦᠵᠡᠭᠳᠡᠬᠦ ᠦᠬᠡᠢ᠂ ᠦᠢᠯᠡᠳᠪᠦᠷᠢᠯᠡᠯ ᠪᠦᠬᠦᠨ ᠢ ᠪᠢᠳᠡᠬᠦᠮᠵᠢᠯᠡᠬᠦ︾ ᠬᠠᠷᠠᠯᠳᠠ ᠶᠢ | ᠪᠡᠶᠡᠯᠡᠬᠦᠯᠦᠨ᠎ᠡ᠃ ᠮᠠᠨᠳᠣᠯ᠎ᠠ ᠨᠡᠬᠦᠷᠡᠰᠣᠨ ᠠᠭᠤᠷᠬᠠᠢ᠂ ᠶᠢᠨ ᠶᠣᠸᠠᠨ ᠯᠢ ᠨᠡᠬᠦᠷᠡᠰᠣᠨ ᠠᠭᠤᠷᠬᠠᠢ ᠮᠠᠯᠳᠠᠬᠤ ᠣᠷᠣᠨ | ᠤ ᠭᠠᠯ ᠤᠨ ᠠᠶᠣᠯ ᠭᠠᠷᠬᠤ ᠶᠢ ᠪᠦᠬᠦ ᠳᠠᠯ᠎ᠠ ᠪᠠᠷ ᠵᠠᠰᠠᠵᠣ᠂ ᠨᠡᠬᠦᠷᠡᠰᠣ ᠶᠢᠨ ᠦᠪᠡᠰᠣᠪᠠᠨ ᠨᠣᠴᠣᠬᠤ ᠣᠷᠴᠢᠨ | ᠳᠣᠭᠤᠷᠢᠨ ᠤ ᠪᠣᠬᠢᠷᠳᠣᠯ ᠤᠨ ᠠᠰᠠᠭᠤᠳᠠᠯ ᠢ ᠰᠢᠢᠳᠪᠦᠷᠢᠯᠡᠨ᠎ᠡ᠃ ᠬᠠᠶᠠᠭᠳᠠᠮᠠᠯ ᠣᠰᠣ᠂ ᠬᠤᠭ ᠨᠣᠪᠰᠢ ᠶᠢ | ᠬᠤᠣᠷᠳᠠᠯ ᠦᠬᠡᠢ ᠪᠠᠷ ᠰᠢᠢᠳᠪᠦᠷᠢᠯᠡᠬᠦ ᠶᠢ ᠬᠦᠨᠵᠡᠬᠡᠢ ᠬᠡᠷᠡᠭᠵᠢᠬᠦᠯᠵᠣ᠂ ᠳᠠᠷᠢᠶᠠᠯᠠᠩ ᠮᠠᠯ ᠠᠵᠣ ᠠᠬᠤᠢ ᠶᠢᠨ | ᠦᠢᠯᠡᠰ ᠤᠨ ᠳᠠᠯ᠎ᠠ ᠶᠢᠨ ᠪᠣᠬᠢᠷᠳᠣᠯ ᠢ ᠴᠢᠩᠭ᠎ᠠ ᠰᠡᠷᠬᠡᠶᠢᠯᠡᠨ ᠬᠢᠵᠠᠭᠠᠷᠯᠠᠵᠣ᠂ ᠭᠠᠵᠠᠷ ᠰᠢᠷᠣᠢ ᠶᠢᠨ ᠪᠣᠬᠢᠷᠳᠣᠯ ᠢ | ᠰᠡᠷᠬᠡᠶᠢᠯᠡᠨ ᠵᠠᠰᠠᠬᠤ ᠡᠯ᠎ᠡ ᠳᠦᠷᠦᠯ ᠤᠨ ᠠᠷᠭ᠎ᠠ ᠬᠡᠮᠵᠢᠶ᠎ᠡ ᠶᠢ ᠳᠠᠰᠣᠷᠠᠯᠳᠠ ᠦᠬᠡᠢ ᠴᠢᠩᠭᠠᠳᠬᠠᠵᠣ᠂ ᠬᠤᠳᠠ | ᠬᠦᠳᠡᠭᠡ ᠶᠢᠨ ᠠᠷᠢᠭᠤᠨ ᠴᠡᠪᠡᠷ ᠤᠨ ᠠᠵᠢᠯᠯᠠᠭ᠎ᠠ ᠶᠢ ᠦᠷᠨᠢᠬᠦᠯᠵᠣ᠂ ᠠᠮᠢ ᠠᠬᠤᠢ ᠶᠢᠨ ᠣᠷᠴᠢᠨ ᠳᠣᠭᠤᠷᠢᠨ ᠤ | ᠬᠠᠮᠠᠭᠠᠯᠠᠯᠳᠠ ᠪᠠ ᠪᠦᠳᠦᠬᠡᠨ ᠪᠠᠶᠢᠭᠤᠯᠣᠯᠳᠠ ᠶᠢᠨ ᠦᠷ᠎ᠡ ᠪᠦᠳᠦᠮᠵᠢ ᠶᠢ ᠦᠷᠬᠦᠯᠵᠢᠯᠡᠬᠦᠶᠢᠴᠠ ᠪᠠᠬᠢᠵᠢᠬᠦᠯᠦᠨ᠎ᠡ᠃ | ︵ᠳᠠᠪᠤ︶ ᠬᠤᠳᠠ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠶᠢᠨ ᠦᠷ᠎ᠡ ᠠᠰᠢᠭ ᠢ ᠨᠡᠮᠡᠭᠳᠡᠬᠦᠯᠬᠦ ᠶᠢ | ᠳᠦᠯᠬᠢᠨ ᠠᠬᠢᠭᠤᠯᠣᠨ᠎ᠠ᠃ | ᠳᠦᠯᠦᠪᠵᠢᠬᠦᠯᠬᠡ ᠪᠠᠷ ᠳᠠᠭᠠᠭᠤᠯᠬᠤ ᠦᠢᠯᠡᠳᠦᠯ ᠶᠢ ᠳᠣᠪᠣᠶᠢᠯᠭᠠᠨ᠎ᠠ᠃ ᠳᠦᠯᠦᠪᠵᠢᠬᠦᠯᠬᠡ ᠶᠢᠨ ᠨᠠᠷᠢᠯᠢᠭ | ᠴᠢᠨᠠᠷ ᠪᠠ ᠬᠡᠷᠡᠭᠵᠢᠬᠦᠯᠦᠯᠳᠡ ᠶᠢᠨ ᠣᠶᠠᠨ ᠬᠠᠳᠠᠨ ᠴᠢᠨᠠᠷ ᠢ ᠨᠡᠩ ᠳᠣᠪᠣᠶᠢᠯᠭᠠᠵᠣ᠂ ᠬᠤᠳᠠ ᠳᠣᠭᠤᠷᠢᠭ ᠤᠨ | ᠴᠢᠳᠠᠮᠵᠢ ᠶᠢᠨ ᠪᠠᠶᠢᠷᠢᠰᠢᠭᠤᠯᠣᠯᠳᠠ ᠶᠢ ᠣᠯᠠᠮ ᠨᠢᠬᠡ ᠠᠯᠬᠤᠮ ᠰᠢᠯᠢᠳᠡᠭᠵᠢᠬᠦᠯᠵᠣ᠂ ︽ᠠᠵᠣ ᠦᠢᠯᠡᠳᠪᠦᠷᠢ ᠶᠢᠨ | ᠬᠦᠷᠢᠶᠡᠯᠡᠩ ᠳᠣᠭᠤᠷᠢᠭ ᠤᠨ ᠳᠦᠯᠦᠪᠵᠢᠬᠦᠯᠬᠡ ᠶᠢᠨ ᠣᠷᠴᠢᠨ ᠳᠣᠭᠤᠷᠢᠨ ᠤ ᠦᠨᠡᠯᠡᠯᠳᠡ︾᠂ ︽ᠴᠡᠷᠢᠭ ᠤᠨ | ᠠᠭᠳᠠ ᠶᠢᠨ ᠳᠠᠯᠠᠪᠠᠢ ᠶᠢᠨ ᠣᠷᠣᠨ ᠤ ᠠᠮᠢ ᠠᠬᠤᠢ ᠶᠢᠨ ᠬᠠᠮᠠᠭᠠᠯᠠᠯᠳᠠ ᠶᠢᠨ ᠳᠦᠯᠦᠪᠵᠢᠬᠦᠯᠬᠡ︾ ᠵᠢᠴᠢ ᠬᠤᠳᠠ | ᠶᠢᠨ ᠨᠣᠭᠤᠭᠠᠷᠠᠭᠤᠯᠣᠯᠳᠠ᠂ ᠬᠡᠷᠡᠯᠳᠦᠬᠦᠯᠬᠦ ᠵᠡᠷᠬᠡ ᠳᠣᠰᠬᠠᠢ ᠳᠦᠷᠦᠯ ᠤᠨ ᠳᠦᠯᠦᠪᠵᠢᠬᠦᠯᠬᠡ ᠶᠢᠨ ᠨᠠᠶᠢᠷᠠᠭᠤᠯᠬᠤ | ᠠᠵᠢᠯ ᠢ ᠪᠡᠶᠡᠯᠡᠬᠦᠯᠣᠨ᠎ᠠ᠃ | ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠷᠠᠭᠤᠯᠣᠨ᠎ᠠ᠃ ᠢᠨᠵᠧᠨᠧᠷᠢᠩ ᠤᠨ | ᠴᠢᠨᠠᠷ ᠴᠢᠨᠰᠠᠭ᠎ᠠ ᠪᠠᠷ ᠴᠦᠮ᠎ᠡ ᠪᠣᠯᠭᠠᠵᠣ᠂ ᠡᠳᠦᠷ ᠳᠣᠳᠣᠮ ᠤᠨ ᠬᠠᠮᠢᠶᠠᠷᠣᠯᠳᠠ ᠪᠠᠷ ᠭᠤᠣᠯᠳᠠᠯᠭ᠎ᠠ ᠪᠣᠯᠭᠠᠵᠣ᠂ | ᠴᠢᠨᠠᠷ ᠰᠠᠶᠢᠳᠠᠢ ᠬᠤᠳᠠ ᠶᠢᠨ ᠪᠦᠳᠦᠬᠡᠨ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ᠵᠢᠯ ᠳᠤ᠂ ᠦᠨᠳᠦᠰᠦᠨ | ᠪᠦᠳᠦᠬᠡᠨ ᠪᠠᠶᠢᠭᠤᠯᠣᠯᠳᠠ ᠶᠢᠨ ᠳᠦᠷᠦᠯ ᠵᠦᠢᠯ ᠤᠨ ︽ᠬᠡᠪᠴᠢᠶ᠎ᠠ︾ ᠶᠢ ᠣᠯᠠᠮ ᠨᠢᠬᠡ ᠠᠯᠬᠤᠮ ᠪᠠᠭᠠᠰᠬᠠᠨ᠎ᠠ᠂ | ᠭᠤᠣᠯᠳᠠᠭᠤ ᠰᠠᠭᠤᠷᠢᠰᠢᠬᠤ ᠣᠷᠣᠨ ᠤ ᠣᠷᠴᠢᠨ ᠳᠣᠭᠤᠷᠢᠨ ᠢ ᠰᠠᠶᠢᠵᠢᠷᠠᠭᠤᠯᠬᠤ᠂ ᠬᠤᠳᠠ ᠶᠢ ᠭᠤᠶᠣᠵᠢᠭᠤᠯᠬᠤ᠂ | ᠦᠵᠡᠮᠵᠢ ᠶᠢ ᠨᠣᠭᠤᠭᠠᠷᠠᠭᠤᠯᠬᠤ᠂ ᠭᠤᠣᠯ ᠤᠨ ᠭᠤᠯᠳᠣᠷᠢᠯ ᠢ ᠵᠠᠰᠠᠬᠤ ᠵᠡᠷᠬᠡ ᠳᠠᠯ᠎ᠠ ᠶᠢᠨ ᠦᠨᠳᠦᠰᠦᠨ ᠳᠦᠷᠦᠯ | ᠵᠦᠢᠯ ᠤᠨ ᠪᠦᠳᠦᠬᠡᠨ ᠪᠠᠶᠢᠭᠤᠯᠣᠯᠳᠠ ᠶᠢ ᠰᠠᠶᠢᠳᠣᠷ ᠬᠢᠨ᠎ᠡ᠃ ᠬᠤᠳᠠ ᠶᠢᠨ ᠬᠤᠭᠤᠰᠣᠨ ᠭᠠᠵᠠᠷ᠂ ᠵᠡᠬᠡᠯᠢ | ᠭᠤᠳᠣᠮᠵᠢ ᠶᠢᠨ ᠦᠨᠴᠦᠭ ᠪᠣᠯᠣᠩ ᠳᠦᠪᠯᠡᠷᠡᠩᠬᠦᠢ ᠴᠡᠴᠡᠷᠯᠢᠭᠵᠢᠬᠦᠯᠦᠯᠳᠡ᠂ ᠰᠠᠭᠤᠭᠠᠯᠢ ᠳᠣᠭᠤᠷᠢᠭ ᠵᠡᠷᠬᠡ ᠣᠷᠣᠨ | ᠳᠤ ᠨᠣᠭᠤᠭᠠᠷᠠᠭᠤᠯᠣᠯᠳᠠ ᠬᠢᠨ᠎ᠡ᠃ ᠬᠤᠳᠠ ᠶᠢᠨ ᠬᠡᠬᠡᠷᠡᠬᠦᠯᠣᠯᠳᠡ ᠶᠢ ᠳᠡᠬᠡᠭᠰᠢᠯᠡᠬᠦᠯᠬᠦ ᠢᠨᠵᠧᠨᠧᠷᠢᠩ ᠢ ᠪᠡᠶᠡᠯᠡᠬᠦᠯᠵᠣ | ᠂ ᠬᠤᠳᠠ ᠶᠢᠨ ᠭᠠᠶᠢᠬᠠᠮᠰᠢᠭ ᠢ ᠣᠯᠠᠮ ᠨᠢᠬᠡ ᠠᠯᠬᠤᠮ ᠢᠯᠡᠷᠡᠬᠦᠯᠦᠨ᠎ᠡ᠃ ᠬᠤᠳᠠ ᠶᠢᠨ ᠡᠮᠦᠨ᠎ᠡ ᠳᠣᠭᠤᠷᠢᠭ ᠤᠨ | ᠣᠯᠠᠨ ᠨᠡᠶᠢᠳᠡ ᠶᠢᠨ ᠦᠢᠯᠡᠴᠢᠯᠡᠬᠡᠨ ᠤ ᠴᠢᠳᠠᠪᠣᠷᠢ ᠶᠢ ᠳᠡᠭᠡᠭᠰᠢᠯᠡᠬᠦᠯᠬᠦ ᠠᠵᠢᠯ ᠢ ᠰᠠᠶᠢᠳᠣᠷ ᠬᠢᠵᠣ᠂ | ᠦᠢᠯᠡᠳᠪᠦᠷᠢᠯᠡᠯ ᠬᠤᠳᠠ ᠶᠢᠨ ᠣᠶᠠᠯᠳᠣᠨ ᠬᠦᠭᠵᠢᠬᠦ ᠠᠯᠬᠤᠴᠠ ᠶᠢ ᠳᠦᠷᠬᠡᠨ ᠢᠶᠠᠷ ᠠᠬᠢᠭᠤᠯᠣᠨ᠎ᠠ᠃ ᠵᠠᠮ | ᠬᠠᠷᠢᠯᠴᠠᠭ᠎ᠠ ᠳᠡᠬᠡᠬᠡᠪᠦᠷᠢ ᠶᠢᠨ ᠬᠠᠮᠢᠶᠠᠷᠣᠯᠳᠠ ᠶᠢ ᠴᠢᠩᠭᠠᠳᠬᠠᠵᠣ᠂ ᠵᠠᠰᠠᠮᠠᠯ ᠵᠠᠮ᠂ ᠳᠡᠮᠦᠷ ᠵᠠᠮ ᠤᠨ ᠳᠡᠬᠡᠬᠡᠪᠦᠷᠢ | ᠶᠢᠨ ᠪᠦᠳᠦᠮᠵᠢ ᠶᠢ ᠳᠡᠬᠡᠭᠰᠢᠯᠡᠬᠦᠯᠦᠨ᠎ᠡ᠃ ᠣᠯᠠᠨ ᠨᠡᠶᠢᠳᠡ ᠶᠢᠨ ᠵᠠᠮ ᠬᠠᠷᠢᠯᠴᠠᠭᠠᠨ ᠤ ᠦᠢᠯᠡᠴᠢᠯᠡᠬᠡᠨ ᠤ ᠳᠣᠣᠷ | ᠰᠦᠯᠵᠢᠶ᠎ᠡ ᠶᠢ ᠦᠷᠬᠦᠯᠵᠢᠯᠡᠨ ᠦᠷᠬᠡᠳᠬᠡᠵᠣ᠂ ᠰᠢᠨ᠎ᠡ ᠡᠨᠧᠷᠬᠢ ᠶᠢᠨ ᠨᠡᠶᠢᠳᠡ ᠶᠢᠨ ᠮᠠᠰᠢᠨ ᠳᠡᠷᠭᠡ᠂ ᠣᠯᠠᠨ | ᠨᠡᠶᠢᠳᠡ ᠶᠢᠨ ᠳᠣᠭᠤᠢ ᠳᠡᠷᠬᠡ ᠪᠠᠷ ᠳᠠᠮᠵᠢᠨ᠂ ᠠᠷᠠᠳ ᠳᠤ ᠳᠦᠬᠦᠮ ᠦᠵᠡᠬᠦᠯᠬᠦ ︽ᠬᠠᠮᠤᠭ ᠡᠴᠦᠰ ᠤᠨ ᠨᠢᠬᠡ | ᠺᠢᠯᠣᠮᠧᠲᠷ︾ ᠢ ᠰᠢᠯᠢᠳᠡᠭᠵᠢᠬᠦᠯᠦᠨ᠎ᠡ᠃ ᠰᠢᠨ᠎ᠡ ᠠᠶᠠᠯᠠᠯ ᠤᠨ ᠱᠣᠭᠤᠮ ᠢ ᠵᠦᠢ ᠵᠣᠬᠢᠰᠳᠠᠢ ᠨᠡᠬᠡᠬᠡᠵᠣ᠂ ᠣᠳᠣ | ᠪᠠᠶᠢᠭ᠎ᠠ ᠠᠶᠠᠯᠠᠯ ᠤᠨ ᠱᠣᠭᠤᠮ ᠢ ᠰᠢᠯᠢᠳᠡᠭᠵᠢᠬᠦᠯᠦᠨ ᠳᠦᠰᠦᠪᠯᠡᠵᠣ᠂ ᠠᠭᠠᠷ ᠤᠨ ᠠᠶᠠᠯᠠᠯ ᠤᠨ ︽ᠰᠠᠷ᠎ᠠ ᠶᠢᠨ | ᠫᠢᠯᠧᠲ ᠤᠨ ᠳᠦᠷᠢᠮ︾᠂ ᠨᠠᠰᠣᠳᠠᠨ ᠪᠣᠯᠣᠨ ᠬᠡᠣᠬᠡᠳ ᠳᠦᠯᠦᠪᠦᠷᠢ ᠦᠬᠡᠢ ᠪᠠᠷ ᠨᠢᠰᠬᠡᠯ ᠳᠤ ᠰᠠᠭᠤᠬᠤ ᠵᠡᠷᠬᠡ | ᠠᠷᠠᠳ ᠲᠤ ᠳᠦᠬᠦᠮ ᠦᠵᠡᠬᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠣ᠂ ᠠᠷᠠᠳ ᠣᠯᠠᠨ ᠤ ᠭᠠᠳᠠᠭᠰᠢ ᠭᠠᠷᠬᠤ ᠳᠤ | ᠬᠠᠮᠤᠭ ᠤᠨ ᠶᠡᠭᠡ ᠬᠡᠮᠵᠢᠶ᠎ᠡ ᠪᠠᠷ ᠳᠦᠬᠦᠮ ᠦᠵᠡᠬᠦᠯᠦᠨ᠎ᠡ᠃ | ᠬᠤᠳᠠ ᠶᠢᠨ ᠬᠠᠮᠢᠶᠠᠷᠣᠯᠳᠠ ᠶᠢ ᠭᠤᠣᠯᠯᠠᠨ ᠠᠳᠬᠤᠨ᠎ᠠ᠃ ︽ᠪᠦᠬᠦ ᠣᠯᠣᠰ ᠤᠨ ᠪᠣᠯᠪᠠᠰᠣᠨ ᠬᠤᠳᠠ︾᠂ | ︽ᠣᠯᠣᠰ ᠤᠨ ᠡᠷᠡᠬᠦᠯ ᠬᠠᠮᠠᠭᠠᠯᠠᠯ ᠤᠨ ᠬᠤᠳᠠ︾᠂ ︽ᠣᠯᠣᠰ ᠤᠨ ᠢᠳᠡᠬᠡᠨ ᠤ ᠠᠮᠣᠷ ᠳᠦᠪᠰᠢᠨ ᠤ ᠬᠤᠳᠠ︾ | ᠶᠢ ᠡᠬᠦᠳᠦᠨ ᠪᠠᠶᠢᠭᠤᠯᠬᠤ ᠠᠵᠢᠯ ᠢ ᠢᠳᠡᠪᠬᠢᠳᠠᠢ ᠦᠷᠨᠢᠬᠦᠯᠦᠨ᠎ᠡ᠃ ︽ᠴᠡᠴᠡᠷᠯᠢᠭᠳᠦ ᠮᠠᠶ᠋ᠢᠭ︾ ᠤᠨ ᠰᠣᠷᠭᠠᠭᠤᠯᠢ᠂ | ᠦᠢᠯᠡᠳᠪᠦᠷᠢ᠂ ᠨᠡᠶᠢᠬᠡᠮ ᠳᠣᠭᠤᠷᠢᠭ᠂ ᠪᠠᠶᠢᠭᠤᠯᠭ᠎ᠠ ᠨᠢᠬᠡᠴᠠ ᠶᠢ ᠪᠦᠬᠦ ᠬᠦᠴᠦᠨ ᠢᠶᠠᠷ ᠪᠠᠶᠢᠭᠤᠯᠣᠨ᠎ᠠ᠃ ᠬᠤᠳᠠ | ᠶᠢᠨ ᠣᠮᠠᠷᠠᠳᠣ ᠬᠡᠰᠡᠭ ᠲᠤ ᠶᠡᠷᠦᠩᠭᠡᠶᠢᠯᠡᠭᠰᠡᠨ ᠬᠡᠯᠪᠡᠷᠢ ᠶᠢᠨ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠬᠡᠬᠦᠷ ᠢ | ᠪᠦᠳᠦᠬᠡᠨ ᠪᠠᠶᠢᠭᠤᠯᠣᠨ᠎ᠠ᠃ ᠪᠠᠷᠢᠯᠭ᠎ᠠ ᠶᠢᠨ ᠵᠠᠬ᠎ᠠ ᠳᠡᠯᠬᠡᠬᠦᠷ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠬᠡᠬᠡᠯᠳᠡ | ᠶᠢᠨ ᠬᠦᠷᠢᠶ᠎ᠠ ᠴᠠᠷᠠᠭ᠎ᠠ ᠶᠢᠨ ᠬᠠᠮᠢᠶᠠᠷᠣᠯᠳᠠ ᠶᠢ ᠴᠢᠩᠭᠠᠳᠬᠠᠵᠣ᠂ ᠨᠣᠷᠠᠭᠠᠵᠣ ᠨᠡᠬᠦᠯᠬᠡᠭᠰᠡᠨ ᠣᠷᠣᠨ ᠤ ᠭᠠᠵᠠᠷ | ᠰᠢᠷᠣᠢ ᠶᠢᠨ ᠬᠠᠳᠠᠭᠠᠯᠠᠮᠵᠢ ᠴᠣᠭᠯᠠᠭᠤᠯᠬᠤ ᠠᠵᠢᠯ ᠢ ᠴᠢᠩᠭ᠎ᠠ ᠠᠳᠬᠤᠵᠣ ᠬᠠᠣᠯᠢ ᠪᠣᠰᠣ ᠪᠠᠷ ᠭᠠᠵᠠᠷ ᠡᠵᠡᠯᠡᠭᠰᠡᠨ | ᠠᠵᠢᠯᠯᠠᠭ᠎ᠠ ᠳᠤ ᠡᠷᠡᠰ ᠴᠣᠬᠢᠯᠳᠠ ᠦᠭᠬᠦᠨ᠎ᠡ᠂ ᠬᠤᠳᠠ ᠶᠢᠨ ᠬᠠᠮᠢᠶᠠᠷᠣᠯᠳᠠ ᠶᠢᠨ ᠶᠡᠷᠦᠩᠬᠡᠶᠢᠯᠡᠭᠰᠡᠨ ᠬᠠᠣᠯᠢ | ᠬᠡᠷᠡᠭᠵᠢᠬᠦᠯᠬᠦ ᠬᠢᠨᠠᠨ ᠬᠠᠮᠢᠶᠠᠷᠣᠯᠳᠠ ᠶᠢᠨ ᠰᠢᠰᠲ᠋ᠧᠮ ᠢ ᠣᠯᠠᠮ ᠰᠠᠶᠢᠵᠢᠷᠠᠭᠤᠯᠵᠣ᠂ ᠬᠠᠣᠯᠢ ᠬᠡᠷᠡᠭᠵᠢᠬᠦᠯᠬᠦ | ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠵᠣ᠂ ᠮᠠᠰᠢᠨ ᠳᠡᠷᠬᠡ ᠵᠠᠰᠠᠵᠣ ᠣᠭᠰᠠᠷᠠᠬᠤ᠂ ᠵᠠᠮ ᠡᠵᠡᠯᠡᠨ ᠡᠵᠡᠩᠨᠡᠬᠦ᠂ | ᠡᠷᠳᠡ ᠣᠷᠣᠢ ᠶᠢᠨ ᠵᠠᠬ᠎ᠠ ᠵᠡᠬᠡᠯᠢ ᠶᠢ ᠴᠢᠩᠭ᠎ᠠ ᠬᠠᠮᠢᠶᠠᠷᠴᠣ᠂ ᠳᠣᠷ᠎ᠠ ᠪᠠᠷ ᠣᠪᠣᠭᠠᠯᠠᠵᠣ ᠳᠣᠷ᠎ᠠ ᠪᠠᠷ ᠬᠠᠶᠠᠭᠰᠠᠨ᠂ | ᠳᠣᠷ᠎ᠠ ᠪᠠᠷ ᠵᠣᠭᠰᠣᠭᠠᠵᠣ ᠳᠣᠷ᠎ᠠ ᠪᠠᠷ ᠳᠠᠯᠪᠢᠭᠰᠠᠨ᠂ ᠳᠦᠷᠢᠮ ᠠᠴᠠ ᠵᠦᠷᠢᠴᠡᠭᠰᠡᠨ ᠪᠠᠷᠢᠯᠭ᠎ᠠ᠂ ᠱᠣᠣᠬᠢᠶ᠎ᠠ ᠳᠠᠭᠤ | ᠭᠠᠷᠭᠠᠵᠣ ᠠᠷᠠᠳ ᠢ ᠰᠠᠮᠠᠭᠤᠷᠠᠭᠤᠯᠬᠤ ᠵᠡᠷᠬᠡ ᠳᠣᠪᠣᠶᠢᠮ᠎ᠠ ᠠᠰᠠᠭᠤᠳᠠᠯ ᠢ ᠶᠡᠭᠡ ᠬᠦᠴᠦᠨ ᠢᠶᠠᠷ ᠴᠡᠭᠴᠡᠯᠡᠵᠣ᠂ | ᠬᠤᠳᠠ ᠶᠢᠨ ᠬᠠᠮᠢᠶᠠᠷᠣᠯᠳᠠ ᠶᠢᠨ ᠬᠢᠷᠢ ᠳᠦᠪᠰᠢᠨ ᠢ ᠳᠠᠰᠣᠷᠠᠯᠳᠠ ᠦᠬᠡᠢ ᠳᠡᠭᠡᠭᠰᠢᠯᠡᠬᠦᠯᠦᠨ᠎ᠡ᠃ ᠰᠠᠭᠤᠭᠠᠯᠢ ᠠᠷᠠᠳ | ᠤᠨ ᠵᠢᠵᠢᠭ ᠳᠣᠭᠤᠷᠢᠭ ᠤᠨ ᠠᠳᠠᠯ ᠠᠬᠤᠢ ᠶᠢᠨ ᠬᠠᠮᠢᠶᠠᠷᠣᠯᠳᠠ ᠶᠢ ᠴᠢᠩᠭ᠎ᠠ ᠠᠳᠬᠤᠵᠣ᠂ ᠬᠠᠭᠤᠴᠢᠨ ᠰᠠᠭᠤᠭᠠᠯᠢ | ᠠᠷᠠᠳ ᠤᠨ ᠳᠣᠭᠤᠷᠢᠭ ᠤᠨ ᠣᠯᠠᠨ ᠨᠡᠶᠢᠳᠡ ᠶᠢᠨ ᠡᠷᠡᠬᠦᠯ ᠬᠠᠮᠭᠠᠯᠠᠯ᠂ ᠠᠰᠠᠷ ᠤᠨ ᠬᠤᠩᠬᠢᠯ ᠤᠨ ᠳ᠋ᠧᠩ ᠢ | ᠳᠣᠰᠬᠠᠶᠢᠯᠠᠨ ᠴᠡᠭᠴᠡᠯᠡᠨ ᠵᠠᠰᠠᠯᠳᠠ ᠦᠷᠨᠢᠬᠦᠯᠵᠣ᠂ ᠣᠷᠴᠢᠨ ᠳᠣᠭᠤᠷᠢᠨ ᠴᠡᠪᠡᠷ ᠳᠡᠭᠰᠢ᠂ ᠣᠯᠠᠨ ᠨᠡᠶᠢᠳᠡ ᠶᠢᠨ | ᠦᠢᠯᠡᠴᠢᠯᠡᠬᠡᠨ ᠢ ᠳᠡᠬᠦᠯᠳᠡᠷᠵᠢᠬᠦᠯᠦᠭᠰᠡᠨ ᠣᠷᠣᠰᠢᠨ ᠰᠠᠭᠤᠬᠤ ᠳᠤ ᠳᠠᠭᠠᠯᠠᠮᠵᠢᠳᠠᠢ ᠣᠷᠴᠢᠨ ᠳᠣᠭᠤᠷᠢᠨ ᠢ ᠡᠬᠦᠳᠦᠨ | ᠪᠠᠶᠢᠭᠤᠯᠣᠨ᠎ᠠ᠃ ᠢᠳᠡᠬᠡᠨ ᠪᠠ ᠡᠮ ᠤᠨ ᠵᠦᠢᠯᠡᠰ ᠤᠨ ᠠᠮᠣᠷ ᠳᠦᠪᠰᠢᠨ ᠤ ᠬᠢᠨᠠᠨ ᠬᠠᠮᠢᠶᠠᠷᠣᠯᠳᠠ ᠶᠢᠨ | ᠳᠦᠷᠢᠮᠵᠢᠬᠦᠯᠦᠯᠳᠡ ᠶᠢᠨ ᠪᠦᠳᠦᠬᠡᠨ ᠪᠠᠶᠢᠭᠤᠯᠣᠯᠳᠠ ᠶᠢ ᠳᠦᠯᠬᠢᠨ ᠠᠬᠢᠭᠤᠯᠵᠣ᠂ ᠢᠳᠡᠬᠡᠨ ᠪᠠ ᠡᠮ ᠤᠨ ᠵᠦᠢᠯᠡᠰ | ᠤᠨ ᠠᠮᠣᠷ ᠳᠦᠪᠰᠢᠨ ᠤ ︽ᠰᠡᠷᠬᠡᠶᠢᠯᠡᠯᠳᠡ ᠶᠢᠨ ᠬᠡᠷᠡᠮ︾ ᠢ ᠪᠠᠬᠢᠵᠢᠬᠦᠯᠦᠨ᠎ᠡ᠃ ᠣᠶᠣᠨᠴᠢ ᠣᠷᠴᠢᠨ ᠳᠣᠭᠤᠷᠢᠨ ᠢ | ᠬᠠᠮᠠᠭᠠᠯᠠᠬᠤ᠂ ᠣᠶᠣᠨᠴᠢ ᠠᠮᠣᠷ ᠳᠦᠪᠰᠢᠨ ᠤ ᠬᠢᠨᠠᠯᠳᠠ᠂ ᠣᠶᠣᠨᠴᠢ ᠢᠳᠡᠬᠡᠨ ᠪᠠ ᠡᠮ ᠤᠨ ᠵᠦᠢᠯᠡᠰ᠂ ᠣᠶᠣᠨᠴᠢ | ᠵᠠᠮ ᠬᠠᠷᠢᠯᠴᠠᠭ᠎ᠠ ᠵᠡᠷᠬᠡ ᠨᠢᠬᠡ ᠰᠢᠰᠲ᠋ᠧᠮᠳᠣ ᠣᠶᠣᠨᠴᠢ ᠬᠤᠳᠠ ᠶᠢᠨ ᠬᠠᠮᠢᠶᠠᠷᠣᠯᠳᠠ ᠶᠢᠨ ᠰᠢᠰᠲ᠋ᠧᠮ ᠢ ᠠᠰᠢᠭᠯᠠᠯᠳᠠ | ᠳᠤ ᠣᠷᠣᠭᠤᠯᠵᠣ ᠠᠵᠢᠯᠯᠠᠭᠤᠯᠬᠤ ᠶᠢ ᠪᠠᠳᠣᠯᠠᠨ᠎ᠠ᠃ | ︵ᠵᠢᠷᠭᠤᠭ᠎ᠠ︶ ᠨᠡᠶᠢᠬᠡᠮ ᠤᠨ ᠠᠷᠠᠳ ᠤᠨ ᠠᠮᠢᠳᠣᠷᠠᠯ ᠤᠨ ᠰᠢᠨ᠎ᠡ ᠠᠯᠬᠤᠴᠠ ᠳᠤ ᠣᠷᠣᠭᠤᠯᠬᠤ ᠶᠢ | ᠳᠦᠯᠬᠢᠨ ᠠᠬᠢᠭᠤᠯᠣᠨ᠎ᠠ᠃ | ᠣᠯᠠᠨ ᠨᠡᠶᠢᠳᠡ ᠶᠢᠨ ᠦᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠰᠣᠷᠭᠠᠨ ᠬᠦᠮᠦᠵᠢᠯ ᠢ | ᠡᠩ ᠳᠡᠷᠢᠬᠦᠨ ᠳᠤ ᠬᠦᠭᠵᠢᠬᠦᠯᠵᠣ᠂ ᠪᠠᠷᠢᠮᠵᠢᠶᠠᠯᠠᠭᠰᠠᠨ ᠳᠦᠷᠪᠡᠳᠦᠬᠡᠷ ᠬᠡᠣᠬᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠵᠣ᠂ ᠰᠢᠨ᠎ᠡ ᠳᠣᠭᠤᠷᠢᠭ ᠤᠨ ᠭᠤᠷᠪᠠᠳᠣᠭᠠᠷ ᠪᠠᠭ᠎ᠠ ᠰᠣᠷᠭᠠᠭᠤᠯᠢ ᠪᠠ ᠠᠷᠠᠳ ᠠᠴᠠ ᠡᠷᠬᠢᠯᠡᠭᠰᠡᠨ ᠬᠡᠣᠬᠡᠳ | ᠤᠨ ᠴᠡᠴᠡᠷᠯᠢᠭ ᠤᠨ ᠪᠦᠳᠦᠬᠡᠨ ᠪᠠᠶᠢᠭᠤᠯᠣᠯᠳᠠ ᠶᠢ ᠪᠡᠶᠡᠯᠡᠬᠦᠯᠦᠨ᠎ᠡ᠃ ᠠᠷᠠᠳ ᠣᠯᠠᠨ ᠳᠤ ᠳᠦᠬᠡᠮᠡᠯ ᠬᠠᠷᠠᠭᠠᠯᠵᠠᠯ | ᠦᠵᠡᠬᠦᠯᠬᠦ ᠴᠢᠨᠠᠷᠳᠠᠢ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠢ ᠬᠦᠭᠵᠢᠬᠦᠯᠬᠦ ᠶᠢ ᠵᠣᠷᠢᠭᠵᠢᠭᠤᠯᠵᠣ᠂ | ᠨᠡᠶᠢᠬᠡᠮ ᠤᠨ ᠰᠣᠷᠭᠠᠭᠤᠯᠢ ᠡᠷᠬᠢᠯᠡᠬᠦ ᠠᠵᠢᠯᠯᠠᠭ᠎ᠠ ᠶᠢ ᠳᠦᠷᠢᠮᠵᠢᠬᠦᠯᠵᠣ᠂ ᠰᠣᠷᠭᠠᠨ ᠬᠦᠮᠦᠵᠢᠯ ᠤᠨ ᠵᠢᠭᠠᠨ | ᠰᠣᠷᠭᠠᠯᠳᠠ ᠶᠢᠨ ᠡᠮᠬᠢ ᠲᠢᠭᠯᠢᠮ ᠢ ᠳᠠᠰᠣᠷᠠᠯᠳᠠ ᠦᠬᠡᠢ ᠳᠡᠬᠦᠯᠳᠡᠷᠵᠢᠬᠦᠯᠬᠦ ᠶᠢ ᠳᠦᠯᠬᠢᠨ ᠠᠬᠢᠭᠤᠯᠣᠨ᠎ᠠ᠃ ᠨᠡᠶᠢᠳᠡ | ᠶᠢᠨ ᠪᠣᠯᠪᠠᠰᠣᠷᠠᠯ ᠤᠨ ᠰᠠᠭᠤᠷᠢᠨ ᠭᠠᠵᠠᠷ ᠲᠤ ᠳᠦᠰᠢᠭᠯᠡᠨ᠂ ᠵᠡᠬᠦᠨ ᠬᠤᠶᠢᠳᠣ ᠶᠢᠨ ᠶᠡᠭᠡ ᠰᠣᠷᠭᠠᠭᠤᠯᠢ᠂ ᠬᠢᠷᠢᠨ | ᠶᠡᠭᠡ ᠰᠣᠷᠭᠠᠭᠤᠯᠢ᠂ ᠦᠪᠦᠷ ᠮᠣᠩᠭᠤᠯ ᠤᠨ ᠦᠨᠳᠦᠰᠦᠳᠠᠨ ᠤ ᠶᠡᠭᠡ ᠰᠣᠷᠭᠠᠭᠤᠯᠢ ᠵᠡᠷᠬᠡ ᠶᠡᠭᠡ ᠰᠣᠷᠭᠠᠭᠤᠯᠢ ᠲᠠᠢ | ᠠᠵᠢᠯ ᠮᠡᠷᠬᠡᠵᠢᠯ ᠤᠨ ᠰᠣᠷᠭᠠᠨ ᠬᠦᠮᠦᠵᠢᠯ᠂ ᠦᠷᠬᠦᠯᠵᠢᠯᠡᠡ ᠬᠦᠮᠦᠵᠢᠬᠦᠯᠬᠦ ᠶᠢᠨ ᠬᠠᠮᠳᠣᠷᠠᠭᠰᠠᠨ ᠰᠣᠷᠭᠠᠭᠤᠯᠢ | ᠡᠷᠬᠢᠯᠡᠬᠦ ᠰᠢᠨ᠎ᠡ ᠳᠣᠭᠳᠠᠴᠠ ᠶᠢ ᠪᠠᠶᠢᠭᠤᠯᠵᠣ᠂ ᠮᠡᠳᠡᠯᠬᠡᠵᠢᠭᠰᠡᠨ᠂ ᠮᠡᠷᠬᠡᠵᠢᠭᠰᠡᠨ᠂ ᠰᠢᠨ᠎ᠡ ᠶᠢ ᠡᠬᠦᠳᠦᠭᠰᠡᠨ | ᠬᠡᠷᠡᠭᠯᠡᠬᠡᠨ ᠤ ᠴᠢᠳᠠᠪᠣᠷᠢᠳᠠᠨ ᠢ ᠬᠦᠮᠦᠵᠢᠬᠦᠯᠦᠨ᠎ᠡ᠃ ᠪᠠᠭᠰᠢ ᠶᠢᠨ ᠡᠩᠨᠡᠭᠡ ᠶᠢᠨ ︽ᠬᠤᠣᠰ ᠳᠡᠬᠡᠭᠰᠢᠯᠡᠬᠦ︾ | ᠢᠨᠵᠧᠨᠧᠷᠢᠩ ᠢ ᠦᠷᠨᠢᠬᠦᠯᠵᠣ᠂ ᠰᠣᠷᠭᠠᠨ ᠬᠦᠮᠦᠵᠢᠯ ᠤᠨ ᠳᠠᠪᠰᠢᠭᠰᠠᠨ ᠣᠷᠣᠨ ᠤ ᠬᠠᠮᠳᠣᠷᠠᠯᠴᠠᠭ᠎ᠠ ᠪᠠᠨ | ᠬᠦᠨᠵᠡᠬᠡᠶᠢᠷᠡᠬᠦᠯᠵᠣ᠂ ᠰᠣᠷᠭᠠᠨ ᠬᠦᠮᠦᠵᠢᠯ ᠤᠨ ᠠᠭᠤᠯᠣᠭᠳᠠᠬᠤᠨ ᠮᠠᠶ᠋ᠢᠭ ᠤᠨ ᠬᠦᠭᠵᠢᠯᠳᠡ ᠶᠢ ᠳᠦᠯᠬᠢᠨ | ᠠᠬᠢᠭᠤᠯᠣᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠬᠡᠢ | ᠳᠦᠯᠬᠢᠨ ᠠᠬᠢᠭᠤᠯᠵᠣ᠂ ᠡᠮᠴᠢᠯᠡᠬᠡᠨ ᠤ ᠭᠤᠣᠯᠯᠠᠬᠤ ᠴᠢᠳᠠᠪᠣᠷᠢ ᠶᠢᠨ ᠪᠦᠳᠦᠬᠡᠨ ᠪᠠᠶᠢᠭᠤᠯᠣᠯᠳᠠ ᠶᠢ | ᠴᠢᠩᠭᠠᠷᠠᠭᠤᠯᠵᠣ᠂ ᠣᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ | ᠳᠡᠬᠦᠯᠳᠡᠷᠵᠢᠬᠦᠯᠵᠣ᠂ ᠠᠷᠠᠳ ᠣᠯᠠᠨ ᠳᠤ ᠨᠡᠩ ᠰᠠᠶᠢᠳᠠᠢ ᠡᠮᠴᠢᠯᠡᠬᠡᠨ ᠤ ᠦᠢᠯᠡᠴᠢᠯᠡᠭᠡ ᠶᠢ ᠬᠠᠩᠭᠠᠨ᠎ᠠ᠃ ᠬᠢᠳᠠᠳ | ᠮᠣᠩᠭᠤᠯ ᠡᠮᠨᠡᠯᠬᠡ ᠶᠢᠨ ᠬᠤᠷᠢᠶ᠎ᠠ ᠶᠢᠨ ᠳᠣᠰᠬᠠᠢ ᠮᠡᠷᠬᠡᠵᠢᠯ ᠤᠨ ᠳᠠᠪᠠᠭᠤᠯᠢᠭ ᠶᠢ ᠬᠦᠢᠴᠡᠳ ᠪᠠᠳᠠᠷᠠᠭᠤᠯᠵᠣ᠂ | ᠮᠣᠩᠭᠤᠯ ᠬᠢᠳᠠᠳ ᠡᠮᠨᠡᠯᠭᠡ ᠶᠢᠨ ᠦᠢᠯᠡᠰ ᠤᠨ ᠬᠦᠭᠵᠢᠯᠳᠡ ᠶᠢ ᠳᠡᠮᠵᠢᠨ ᠬᠦᠭᠵᠢᠬᠦᠯᠦᠨ᠎ᠡ᠃ ᠣᠯᠣᠰ ᠤᠨ | ᠳᠦᠯᠦᠪᠯᠡᠬᠡᠳᠣ ᠦᠷᠡᠵᠢᠯ ᠤᠨ ᠳᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠨᠡᠶᠢᠳᠡᠪᠣᠷᠢᠵᠢᠭᠤᠯᠵᠣ᠂ ᠳᠦᠷᠦᠬᠦ | ᠬᠦᠮᠦᠨ ᠠᠮᠠ ᠶᠢᠨ ᠴᠢᠨᠠᠷ ᠴᠢᠨᠰᠠᠭ᠎ᠠ ᠶᠢ ᠳᠠᠰᠣᠷᠠᠯᠳᠠ ᠦᠬᠡᠢ ᠳᠡᠭᠡᠭᠰᠢᠯᠡᠬᠦᠯᠦᠨ᠎ᠡ᠃ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠳᠦᠪ ᠪᠠ ᠨᠠᠰᠣᠳᠠᠳ ᠤᠨ ᠬᠦᠳᠡᠯᠬᠡᠬᠡᠨ ᠤ ᠳᠦᠪ ᠢ ᠪᠠᠶᠢᠭᠤᠯᠵᠣ᠂ ᠣᠯᠠᠨ ᠨᠡᠶᠢᠳᠡ ᠶᠢᠨ ᠪᠡᠶ᠎ᠡ | ᠶᠢᠨ ᠳᠠᠮᠢᠷ ᠪᠡᠶ᠎ᠡ ᠴᠢᠬᠢᠷᠠᠭᠵᠢᠭᠤᠯᠬᠤ ᠳᠦᠬᠦᠬᠡᠷᠦᠮᠵᠢ ᠶᠢ ᠳᠡᠬᠦᠯᠳᠡᠷᠵᠢᠬᠦᠯᠵᠣ᠂ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠬᠦᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃ ᠰᠣᠶᠣᠯ ᠤᠨ ᠠᠷᠠᠳ ᠲᠤ ᠠᠰᠢᠭ | ᠬᠦᠷᠳᠡᠭᠡᠬᠦ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠣ᠂ ᠣᠯᠠᠭᠠᠨᠮᠦ᠋ᠴᠢᠷ ᠤᠨ ᠦᠨᠳᠦᠰᠦᠨ ᠱᠠᠳᠣᠨ ᠳᠤ | ᠦᠨᠳᠦᠰᠦᠯᠡᠬᠦ᠂ ᠣᠯᠠᠨ ᠨᠡᠶᠢᠳᠡ ᠳᠤ ᠦᠢᠯᠡᠴᠢᠯᠡᠬᠦ ᠴᠢᠬᠤᠯᠠ ᠴᠢᠳᠠᠮᠵᠢ ᠶᠢ ᠪᠦᠳᠦᠮᠵᠢᠳᠡᠢ ᠪᠠᠳᠠᠷᠠᠭᠤᠯᠵᠣ᠂ ᠨᠡᠩ | ᠣᠯᠠᠨ ᠨᠠᠶᠢᠳᠠᠪᠣᠷᠢᠳᠠᠢ᠂ ᠳᠠᠮᠵᠢᠭᠤᠯᠣᠭᠠᠰᠢᠳᠠᠢ᠂ ᠦᠯᠡᠳᠡᠭᠳᠡᠬᠦᠰᠢᠳᠠᠢ ᠰᠢᠯᠢᠳᠡᠭ ᠪᠦᠳᠦᠬᠡᠯ ᠢ ᠡᠬᠦᠳᠴᠣ᠂ ᠣᠯᠠᠨ | ᠨᠡᠶᠢᠳᠡᠴᠢ ᠴᠢᠨᠠᠷ ᠲᠠᠢ ᠰᠣᠶᠣᠯ ᠤᠨ ᠬᠦᠳᠡᠯᠬᠡᠬᠡᠨ ᠢ ᠪᠠᠶᠠᠯᠢᠭᠵᠢᠭᠤᠯᠣᠨ᠎ᠠ᠃ ᠨᠡᠶᠢᠬᠡᠮ ᠤᠨ ᠰᠣᠶᠣᠯ ᠣᠷᠠᠯᠢᠭ ᠤᠨ | ᠪᠦᠯᠬᠦᠮ ᠤᠨ ᠬᠦᠭᠵᠢᠯᠳᠡ ᠶᠢ ᠳᠡᠮᠵᠢᠵᠣ᠂ ᠰᠢᠯᠢᠳᠡᠭ ᠰᠣᠶᠣᠯ ᠣᠷᠠᠯᠢᠭ ᠤᠨ ᠪᠦᠳᠦᠬᠡᠯ ᠡᠬᠦᠳᠬᠦ ᠶᠢ | ᠵᠣᠷᠢᠭᠵᠢᠭᠤᠯᠵᠣ᠂ ᠦᠨᠳᠦᠰᠦᠳᠠᠨ ᠤ ᠰᠣᠶᠣᠯ᠂ ᠦᠢᠯᠡᠰ ᠪᠦᠳᠦᠬᠡᠬᠦ ᠰᠣᠶᠣᠯ᠂ ᠬᠤᠳᠠ ᠶᠢᠨ ᠰᠣᠶᠣᠯ ᠤᠨ | ᠠᠭᠤᠯᠣᠭᠳᠠᠬᠤᠨ ᠢ ᠬᠦᠨᠵᠡᠬᠡᠢ ᠠᠭᠤᠳᠠᠯᠠᠨ ᠭᠠᠷᠭᠠᠨ᠎ᠠ᠃ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠣᠷᠢᠵᠢᠭᠤᠯᠵᠣ᠂ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠣᠯᠳᠠ ᠪᠣᠯᠣᠨ | ᠬᠠᠮᠢᠶᠠᠷᠣᠯᠳᠠ ᠶᠢ ᠴᠢᠩᠭᠠᠳᠬᠠᠵᠣ᠂ ᠣᠯᠠᠮᠵᠢᠯᠠᠯᠳᠣ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠢᠶᠠᠷ ᠳᠠᠮᠵᠢᠨ | ᠢᠯᠡ ᠳᠣᠳᠣ ᠡᠰᠡᠷᠬᠦᠴᠡᠬᠦ ᠪᠠ ᠡᠯ᠎ᠡ ᠳᠦᠷᠦᠯ ᠤᠨ ᠪᠣᠷᠣᠭᠤ ᠦᠬᠡ ᠶᠠᠷᠢᠶ᠎ᠠ ᠦᠢᠯᠡ ᠠᠵᠢᠯᠯᠠᠭ᠎ᠠ ᠶᠢ ᠳᠤᠭ ᠳᠡᠮᠳᠡᠭ | ᠳᠣᠳᠣᠷᠬᠠᠢ ᠢᠶᠠᠷ ᠡᠰᠡᠷᠬᠦᠴᠡᠨ ᠬᠤᠷᠢᠭᠯᠠᠨ᠎ᠠ᠃ ᠪᠦᠬᠦ ᠠᠷᠠᠳ ᠬᠦᠳᠡᠯᠦᠯᠴᠠᠬᠦ᠂ ᠺᠠᠳ᠋ᠷ ᠳᠣᠯᠣᠭᠠᠶᠢᠯᠠᠬᠤ ᠶᠢ | ᠪᠠᠷᠢᠮᠳᠠᠯᠠᠵᠣ᠂ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠶᠢ ᠶᠡᠭᠡ ᠬᠦᠴᠦᠨ ᠢᠶᠠᠷ | ᠪᠠᠳᠠᠷᠠᠭᠤᠯᠵᠣ᠂ ᠠᠷᠠᠳ ᠣᠯᠠᠨ ᠤ ᠳᠡᠷᠭᠡᠳᠡᠬᠢ ᠳᠡᠷᠢᠬᠦᠨ ᠤ ᠨᠡᠶᠢᠳᠡᠯᠢᠭ ᠵᠢᠱᠢᠶ᠎ᠠ ᠶᠢ ᠪᠣᠶᠢᠵᠢᠭᠤᠯᠵᠣ᠂ ᠳᠣᠮᠳᠠᠳᠣ | ᠶᠢᠨ ᠦᠨᠳᠦᠰᠦᠳᠠᠨ ᠤ ᠰᠢᠯᠢᠳᠡᠭ ᠣᠯᠠᠮᠵᠢᠯᠠᠯᠳᠣ ᠰᠣᠶᠣᠯ᠂ ᠨᠡᠶᠢᠬᠡᠮ ᠵᠢᠷᠣᠮᠳᠣ ᠳᠡᠷᠢᠬᠦᠨ ᠤ ᠰᠣᠶᠣᠯ ᠨᠢ ᠰᠢᠨ᠎ᠡ | ᠴᠠᠭ ᠦᠶ᠎ᠡ ᠶᠢᠨ ᠴᠤᠭ ᠵᠢᠪᠬᠤᠭ᠎ᠠ ᠶᠢ ᠳᠠᠰᠣᠷᠠᠯᠳᠠ ᠦᠬᠡᠢ ᠬᠠᠷᠠᠭᠤᠯᠬᠤ ᠪᠣᠯᠭᠠᠨ᠎ᠠ᠃ | ᠨᠡᠶᠢᠬᠡᠮ ᠤᠨ ᠪᠠᠳᠣᠯᠠᠭ᠎ᠠ ᠶᠢᠨ ᠰᠢᠰᠲ᠋ᠧᠮ ᠢ ᠳᠡᠬᠦᠯᠳᠡᠷᠵᠢᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ | ᠪᠣᠭᠤᠮᠳᠠ ᠰᠢᠪᠳᠣᠯᠬᠤ ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠵᠣ᠂ ᠶᠠᠳᠠᠭᠤ ᠬᠦᠴᠢᠷᠳᠡᠯᠳᠡᠢ ᠣᠯᠠᠨ | ᠳᠦᠮᠡᠨ ᠳᠣᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠣ᠂ ᠨᠢᠬᠡ ᠴᠦ ᠣᠷᠬᠢᠭᠳᠠᠭᠤᠯᠬᠤ ᠦᠬᠡᠢ ᠪᠠᠷ | ᠴᠢᠨᠡᠬᠡᠯᠢᠭ ᠨᠡᠶᠢᠬᠡᠮ ᠳᠤ ᠬᠠᠮᠳᠣ ᠪᠠᠷ ᠳᠠᠪᠰᠢᠨ ᠣᠷᠣᠬᠤ ᠶᠢ ᠪᠠᠳᠣᠯᠠᠨ᠎ᠠ᠃ ᠳᠦᠬᠦᠮ ᠪᠦᠳᠦᠴᠠᠳᠣ ᠣᠷᠣᠨ | ᠰᠠᠭᠤᠴᠠ ᠶᠢ ᠰᠢᠨᠡᠳᠬᠡᠨ ᠦᠬᠡᠷᠡᠴᠢᠯᠡᠬᠦ ᠶᠢ ᠬᠦᠨᠵᠡᠬᠡᠢ ᠠᠬᠢᠭᠤᠯᠵᠣ᠂ 760 ᠡᠷᠦᠬᠡ ᠳᠦᠬᠦᠮ ᠪᠦᠳᠦᠴᠠᠳᠣ | ᠣᠷᠣᠨ ᠰᠠᠭᠤᠴᠠ ᠶᠢ ᠰᠢᠨᠡᠳᠬᠡᠨ ᠦᠬᠡᠷᠡᠴᠢᠯᠡᠬᠦ ᠡᠬᠦᠷᠬᠡ ᠶᠢ ᠪᠡᠶᠡᠯᠡᠬᠦᠯᠵᠣ᠂ ᠳᠦᠪᠯᠡᠷᠡᠩᠬᠦᠢ ᠳᠦᠬᠦᠮ ᠪᠦᠳᠦᠴᠠᠳᠣ | ᠣᠷᠣᠨ ᠰᠠᠭᠤᠴᠠ ᠶᠢ ᠦᠨᠳᠦᠰᠦᠨ ᠳᠤ ᠪᠠᠨ ᠣᠰᠠᠳᠬᠠᠨ᠎ᠠ᠃ ᠣᠯᠠᠨ ᠳᠦᠮᠡᠨ ᠤ ᠦᠢᠯᠡᠰ ᠪᠣᠰᠬᠠᠬᠤ᠂ ᠳᠦᠮᠡᠨ | ᠠᠷᠠᠳ ᠰᠢᠨ᠎ᠡ ᠶᠢ ᠡᠬᠦᠳᠬᠦ ᠶᠢ ᠵᠣᠷᠢᠭᠵᠢᠭᠤᠯᠵᠣ᠂ ᠳᠣᠮᠳᠠ ᠪᠠᠭ᠎ᠠ ᠠᠵᠣ ᠠᠬᠤᠶᠢᠯᠠᠯ ᠤᠨ ᠵᠢᠬᠡᠯᠡᠯᠬᠡ᠂ ᠭᠠᠶᠢᠯᠢ | ᠰᠦᠢᠳᠬᠡᠯ ᠠᠴᠠ ᠬᠦᠩᠭᠡᠯᠡᠵᠣ ᠬᠡᠯᠳᠦᠷᠡᠬᠦᠯᠬᠦ᠂ ᠵᠡᠮᠳᠡᠭᠴᠣᠳ ᠦᠢᠯᠡᠰ ᠪᠣᠰᠬᠠᠬᠤ ᠳᠤ ᠭᠠᠶᠢᠯᠢ ᠠᠴᠠ ᠬᠡᠯᠳᠦᠷᠡᠬᠦᠯᠬᠦ | ᠵᠡᠷᠬᠡ ᠳᠡᠯ᠎ᠠ ᠪᠠᠷ ᠶᠡᠷᠦᠩᠭᠡᠶᠢᠯᠡᠨ ᠳᠡᠮᠵᠢᠵᠣ᠂ ᠦᠢᠯᠡᠰ ᠪᠣᠰᠬᠠᠬᠤ ᠪᠠᠷ ᠠᠵᠢᠯ ᠣᠯᠭᠤᠯᠳᠠ ᠶᠢ ᠠᠬᠢᠭᠤᠯᠵᠣ᠂ ᠰᠢᠨ᠎ᠡ | ᠪᠠᠷ ᠠᠵᠢᠯ ᠣᠯᠬᠤ ᠬᠦᠮᠦᠨ ᠢ 2000 ᠠᠴᠠ ᠳᠡᠭᠡᠭᠰᠢ ᠪᠣᠯᠭᠠᠨ᠎ᠠ᠃ ᠨᠠᠰᠣᠳᠠᠨ ᠢ ᠠᠰᠠᠷᠠᠬᠤ ᠳᠠᠭᠠᠳᠬᠠᠯ᠂ | ᠡᠮᠴᠢᠯᠡᠬᠡᠨ ᠤ ᠳᠠᠭᠠᠳᠬᠠᠯ ᠤᠨ ᠪᠦᠷᠬᠦᠴᠠ ᠶᠢᠨ ᠬᠡᠪᠴᠢᠶ᠎ᠠ ᠪᠠ ᠣᠯᠠᠨ ᠳᠦᠮᠡᠨ ᠤ ᠣᠷᠣᠯᠴᠠᠬᠤ ᠬᠡᠮᠵᠢᠶ᠎ᠡ ᠶᠢ ᠣᠯᠠᠮ | ᠨᠢᠬᠡ ᠠᠯᠬᠤᠮ ᠳᠡᠬᠡᠭᠰᠢᠯᠡᠬᠦᠯᠵᠣ᠂ ᠠᠵᠢᠯ ᠤᠨ ᠰᠢᠷᠬᠠᠭᠳᠠᠯ ᠤᠨ ᠳᠠᠭᠠᠳᠬᠠᠯ᠂ ᠠᠵᠢᠯ ᠠᠯᠳᠠᠭᠰᠠᠳ ᠤᠨ | ᠳᠠᠭᠠᠳᠬᠠᠯ ᠳᠤ ᠣᠷᠣᠯᠴᠠᠬᠤ ᠬᠡᠪᠴᠢᠶ᠎ᠠ ᠶᠢ ᠣᠯᠠᠮ ᠦᠷᠬᠡᠳᠬᠡᠵᠣ᠂ ᠨᠡᠶᠢᠬᠡᠮ ᠤᠨ ᠪᠠᠳᠣᠯᠠᠭ᠎ᠠ ᠶᠢᠨ ᠠᠪᠣᠷᠠᠨ | ᠳᠣᠰᠠᠯᠠᠬᠤ ᠰᠢᠰᠲ᠋ᠧᠮ ᠤᠨ ᠬᠦᠨ ᠳᠠᠪᠬᠤᠷᠭ᠎ᠠ ᠪᠠᠷ ᠦᠷᠬᠡᠳᠬᠡᠬᠦ ᠶᠢ ᠳᠦᠯᠬᠢᠨ ᠠᠬᠢᠭᠤᠯᠣᠨ᠎ᠠ᠃ ᠴᠢᠳᠠᠯ ᠢᠶᠠᠷ ᠢᠶᠠᠨ | ᠴᠢᠷᠮᠠᠶᠢᠵᠣ᠂ ᠴᠢᠳᠠᠯ ᠤᠨ ᠬᠢᠷᠢ ᠪᠠᠷ ᠬᠢᠵᠣ᠂ ᠬᠦᠴᠦᠨ ᠢᠶᠠᠨ ᠳᠦᠪᠯᠡᠷᠡᠬᠦᠯᠦᠨ ᠶᠠᠳᠠᠭᠤ ᠠᠴᠠ ᠠᠩᠬᠢᠵᠢᠷᠠᠭᠤᠯᠣᠨ | ᠣᠷᠣᠯᠭ᠎ᠠ ᠪᠠᠨ ᠨᠡᠮᠡᠭᠳᠡᠬᠦᠯᠬᠦ᠂ ᠡᠷᠡᠬᠦᠯ ᠴᠢᠬᠢᠷᠠᠭ ᠠᠷᠠᠳ ᠲᠤ ᠳᠣᠰᠠᠳᠠᠢ᠂ ᠣᠳᠬ᠎ᠠ ᠣᠷᠠᠯᠢᠭ ᠪᠡᠶ᠎ᠡ ᠳᠠᠮᠢᠷ ᠢ | ᠠᠷᠠᠳ ᠲᠤ ᠠᠰᠢᠭᠳᠠᠢ ᠵᠡᠷᠬᠡ ᠠᠷᠠᠳ ᠤᠨ ᠠᠮᠢᠳᠣᠷᠠᠯ ᠤᠨ ᠪᠣᠳᠠᠳᠣ ᠠᠵᠢᠯ ᠢ ᠰᠠᠶᠢᠳᠣᠷ ᠬᠢᠵᠣ᠂ ᠠᠷᠠᠳ ᠣᠯᠠᠨ | ᠳᠤ ᠦᠬᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠮᠵᠢ ᠶᠢ ᠬᠦᠢᠴᠡᠳ ᠡᠳ᠋ᠯᠡᠬᠦᠯᠦᠨ᠎ᠡ᠃ | ᠨᠡᠶᠢᠬᠡᠮ ᠤᠨ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠨ᠎ᠠ᠃ ᠨᠡᠶᠢᠬᠡᠮ ᠤᠨ ᠵᠠᠰᠠᠯᠳᠠ ᠶᠢᠨ | ᠬᠠᠣᠯᠢᠵᠢᠭᠤᠯᠬᠤ᠂ ᠣᠶᠣᠨᠴᠢᠯᠠᠬᠤ᠂ ᠳᠣᠰᠬᠠᠶᠢᠵᠢᠭᠤᠯᠬᠤ ᠬᠢᠷᠢ ᠳᠦᠪᠰᠢᠨ ᠢ ᠳᠠᠰᠣᠷᠠᠯᠳᠠ ᠦᠬᠡᠢ ᠳᠡᠭᠡᠭᠰᠢᠬᠦᠯᠦᠨᠡ | ᠃ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠪᠣᠳᠠᠳᠠᠶᠢᠵᠢᠭᠤᠯᠵᠣ᠂ ᠭᠤᠣᠯᠳᠠᠭᠤ | ᠨᠡᠬᠦᠷᠡᠰᠣᠨ ᠠᠭᠤᠷᠬᠠᠢ᠂ ᠠᠶᠣᠯ ᠲᠠᠢ ᠬᠢᠮᠢ ᠶᠢᠨ ᠪᠣᠳᠠᠰ᠂ ᠳᠡᠮᠦᠷᠯᠢᠭ ᠪᠣᠯᠪᠠᠰᠣᠷᠠᠭᠤᠯᠬᠤ᠂ ᠵᠠᠮ᠂ ᠵᠠᠮ | ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠳᠤ ᠠᠶᠣᠯᠬᠦᠢ ᠶᠢᠨ ᠳᠦᠭᠰᠢᠬᠦᠷᠢ ᠶᠢᠨ ᠳᠦᠪᠯᠡᠷᠡᠬᠦᠯᠦᠨ ᠪᠠᠶᠢᠴᠠᠭᠠᠨ ᠵᠠᠰᠠᠬᠤ | ᠠᠵᠢᠯ ᠦᠷᠨᠢᠬᠦᠯᠵᠣ᠂ ᠬᠦᠨᠳᠣ᠂ ᠣᠨᠴᠠ ᠶᠡᠭᠡ ᠦᠢᠯᠡᠳᠪᠦᠷᠢᠯᠡᠯ ᠤᠨ ᠠᠮᠣᠷ ᠳᠦᠪᠰᠢᠨ ᠤ ᠬᠡᠷᠡᠭ ᠡᠬᠦᠰᠬᠦ ᠶᠢ | ᠡᠷᠡᠰ ᠢᠶᠠᠷ ᠬᠤᠷᠢᠭᠯᠠᠨ᠎ᠠ᠃ ᠨᠡᠶᠢᠬᠡᠮ ᠤᠨ ᠳᠣᠭᠳᠠᠭᠤᠨ ᠤ ᠠᠶᠣᠯ ᠳᠦᠭᠰᠢᠬᠦᠷᠢ ᠶᠢᠨ ᠦᠨᠡᠯᠡᠯᠳᠡ᠂ ᠵᠦᠷᠢᠴᠡᠯ | ᠵᠢᠭᠤᠷᠠᠯᠳᠣᠭᠠᠨ ᠢ ᠪᠠᠶᠢᠴᠠᠭᠠᠬᠤ᠂ ᠵᠠᠬᠢᠳᠠᠯ ᠰᠣᠷᠪᠣᠯᠵᠢᠯᠭ᠎ᠠ ᠶᠢᠨ ᠬᠤᠷᠠᠮᠳᠣᠭᠰᠠᠨ ᠬᠡᠷᠡᠭ ᠢ ᠠᠷᠢᠯᠭᠠᠬᠤ ᠠᠵᠢᠯ ᠢ | ᠰᠠᠶᠢᠳᠣᠷ ᠠᠳᠬᠤᠵᠣ᠂ ᠵᠠᠬᠢᠳᠠᠯ ᠰᠣᠷᠪᠣᠯᠵᠢᠯᠭ᠎ᠠ ᠶᠢᠨ ᠶᠡᠷᠦᠩᠭᠡᠢ ᠳᠤᠭ᠎ᠠ ᠶᠢᠨ ᠦᠷᠬᠦᠯᠵᠢᠯᠡᠨ ᠪᠠᠭᠠᠰᠬᠠᠬᠤ ᠶᠢ | ᠪᠠᠳᠣᠯᠠᠨ᠎ᠠ᠃ ᠰᠣᠷᠠᠭ ᠵᠠᠩᠬᠢᠵᠢᠯᠳᠡ᠂ ᠪᠡᠶᠡᠴᠢᠯᠡᠭᠰᠡᠨ ᠨᠡᠶᠢᠬᠡᠮ ᠤᠨ ᠠᠮᠣᠷ ᠳᠦᠪᠰᠢᠨ ᠢ ᠵᠠᠰᠠᠬᠤ ᠰᠡᠷᠬᠡᠶᠢᠯᠡᠨ | ᠬᠢᠵᠠᠭᠠᠷᠯᠠᠬᠤ ᠰᠢᠰᠲ᠋ᠧᠮ ᠢ ᠣᠯᠠᠮ ᠨᠢᠬᠡ ᠠᠯᠬᠤᠮ ᠳᠡᠬᠦᠯᠳᠡᠷᠵᠢᠬᠦᠯᠵᠣ᠂ ᠡᠯ᠎ᠡ ᠳᠦᠷᠦᠯ ᠤᠨ ᠬᠠᠣᠯᠢ ᠠᠴᠠ | ᠵᠦᠷᠢᠴᠡᠭᠰᠡᠨ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠣ᠂ ᠨᠠᠮ ᠳᠤ ᠦᠨᠡᠨᠴᠢ ᠰᠢᠳᠣᠷᠭᠤ᠂ ᠣᠪᠣᠷ | ᠰᠣᠷᠳᠠᠯ ᠬᠡᠳᠣ ᠬᠠᠳᠠᠭᠤ᠂ ᠠᠷᠠᠳ ᠳᠦᠮᠡᠨ ᠳᠤ ᠬᠠᠨᠣᠮᠵᠢᠳᠠᠢ ᠳᠣᠳᠣᠭᠠᠳᠣ ᠶᠢ ᠬᠠᠮᠠᠭᠠᠯᠠᠬᠤ ᠡᠩᠨᠡᠭᠡ ᠶᠢ ᠪᠦᠬᠦ | ᠳᠠᠯ᠎ᠠ ᠪᠠᠷ ᠪᠠᠶᠢᠭᠤᠯᠵᠣ᠂ ᠬᠠᠣᠯᠢ ᠪᠣᠰᠣ ᠶᠠᠯᠠᠳᠠᠨ ᠢ ᠳᠠᠯᠳᠠᠯᠠᠬᠤ ᠭᠠᠵᠠᠷ ᠦᠬᠡᠢ ᠪᠣᠯᠭᠠᠨ᠎ᠠ᠃ | ︵ᠳᠣᠯᠤᠭ᠎ᠠ︶ ᠵᠠᠰᠠᠭ ᠤᠨ ᠣᠷᠳᠣᠨ ᠤ ᠦᠪᠡᠷ ᠤᠨ ᠪᠡᠶ᠎ᠡ ᠶᠢᠨ ᠪᠦᠳᠦᠬᠡᠨ ᠪᠠᠶᠢᠭᠤᠯᠣᠯᠳᠠ ᠶᠢ ᠳᠠᠰᠣᠷᠠᠯᠳᠠ | ᠦᠬᠡᠢ ᠳᠡᠬᠡᠭᠰᠢᠯᠡᠬᠦᠯᠬᠦ ᠶᠢ ᠳᠦᠯᠬᠢᠨ ᠠᠬᠢᠭᠤᠯᠣᠨ᠎ᠠ᠃ | ᠣᠯᠣᠰ ᠳᠦᠷᠦ ᠶᠢᠨ ᠵᠣᠭᠰᠣᠯᠳᠠ ᠪᠠᠨ ᠳᠡᠭᠡᠭᠰᠢᠯᠡᠬᠦᠯᠦᠨ᠎ᠡ᠃ ᠨᠠᠮ ᠤᠨ ᠠᠷᠪᠠ ᠶᠢᠰᠦᠳᠦᠬᠡᠷ ᠶᠡᠭᠡ ᠬᠤᠷᠠᠯ | ᠤᠨ ᠵᠣᠷᠢᠭ ᠰᠠᠨᠠᠭ᠎ᠠ ᠶᠢ ᠰᠣᠷᠣᠯᠴᠠᠨ ᠣᠬᠠᠭᠤᠯᠣᠨ ᠳᠣᠣᠱᠯᠠᠭᠤᠯᠬᠤ ᠪᠠᠷ ᠣᠳᠣᠬᠠᠨ ᠤ ᠪᠠ ᠬᠤᠵᠢᠮ ᠤᠨ ᠨᠢᠬᠡ | ᠬᠤᠭᠤᠴᠠᠭ᠎ᠠ ᠶᠢᠨ ᠳᠡᠷᠢᠬᠦᠨ ᠤ ᠣᠯᠣᠰ ᠳᠦᠷᠦ ᠶᠢᠨ ᠡᠬᠦᠷᠬᠡ ᠪᠣᠯᠭᠠᠵᠣ᠂ ︽ᠰᠣᠷᠣᠯᠴᠠᠨ ᠣᠶᠢᠯᠠᠭᠠᠬᠤ᠂ | ᠨᠡᠪᠳᠡᠷᠬᠡᠢ ᠣᠷᠣᠯᠳᠣᠬᠤ᠂ ᠪᠣᠳᠠᠳᠠᠢ ᠬᠢᠬᠦ︾ ᠳᠡᠬᠡᠷ᠎ᠡ ᠬᠦᠴᠦ ᠳᠠᠯᠪᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠳᠡᠷᠢᠬᠢ ᠳᠣᠯᠣᠭᠠᠢ ᠪᠠᠨ | ᠵᠡᠪᠰᠡᠭᠯᠡᠬᠦ᠂ ᠦᠢᠯᠡᠳᠦᠯᠬᠡ ᠪᠠᠨ ᠵᠢᠯᠣᠭᠤᠳᠬᠤ᠂ ᠠᠵᠢᠯ ᠢᠶᠠᠨ ᠳᠦᠯᠬᠢᠨ ᠠᠬᠢᠭᠤᠯᠬᠤ ᠶᠢ ᠪᠠᠷᠢᠮᠳᠠᠯᠠᠵᠣ᠂ ︽ | ᠳᠦᠷᠪᠡᠨ ᠣᠬᠠᠮᠰᠠᠷ︾ ᠢ ᠦᠨᠡᠨᠬᠦ ᠳᠡᠭᠡᠭᠰᠢᠯᠡᠬᠦᠯᠵᠣ᠂ ︽ᠳᠦᠷᠪᠡᠨ ᠢᠳᠡᠬᠡᠯ︾ ᠢ ᠭᠤᠶᠢᠪᠢᠰᠢ ᠦᠬᠡᠢ ᠪᠠᠷᠢᠮᠳᠠᠯᠠᠵᠣ | ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠳᠦᠪ ᠬᠤᠷᠢᠶ᠎ᠠ ᠶᠢᠨ ᠡᠷᠬᠡ ᠰᠦᠷ ᠪᠠ | ᠳᠦᠪᠯᠡᠷᠡᠬᠦᠯᠦᠨ ᠨᠢᠭᠡᠳᠦᠯᠳᠡᠢ ᠣᠳᠣᠷᠢᠳᠬᠤ ᠶᠢ ᠡᠷᠡᠰ ᠬᠠᠮᠠᠭᠠᠯᠠᠵᠣ᠂ ᠦᠵᠡᠯ ᠰᠠᠨᠠᠭ᠎ᠠ᠂ ᠣᠯᠣᠰ ᠳᠦᠷᠦ᠂ | ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠳᠦᠪ ᠬᠤᠷᠢᠶ᠎ᠠ ᠲᠠᠢ | ᠳᠡᠬᠡᠳᠣ ᠬᠡᠮᠵᠢᠶ᠎ᠡ ᠪᠠᠷ ᠨᠢᠬᠡᠳᠦᠯᠳᠡᠢ ᠪᠠᠶᠢᠬᠤ ᠶᠢ ᠪᠠᠳᠣᠯᠠᠨ᠎ᠠ᠃ ︽ᠣᠭ ᠰᠠᠨᠠᠭ᠎ᠠ ᠪᠠᠨ ᠦᠯᠦ ᠮᠠᠷᠳᠠᠨ᠂ ᠡᠬᠦᠷᠬᠡ | ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠦᠪᠳᠣ ᠬᠦᠮᠦᠵᠢᠯ ᠢ ᠦᠨᠡᠨᠬᠦ ᠦᠷᠨᠢᠬᠦᠯᠵᠣ᠂ ︽ᠬᠤᠶᠠᠷ ᠢ | ᠰᠣᠷᠣᠯᠴᠠᠵᠣ ᠨᠢᠬᠡ ᠳᠤ ᠳᠡᠩᠴᠡᠬᠦᠯᠬᠦ︾ ᠰᠣᠷᠣᠯᠴᠠᠯᠭ᠎ᠠ ᠬᠦᠮᠦᠵᠢᠯ ᠤᠨ ᠪᠠᠶᠢᠩᠭᠤᠵᠢᠭᠤᠯᠣᠯᠳᠠ ᠳᠦᠷᠢᠮᠵᠢᠬᠦᠯᠦᠯᠳᠡ | ᠶᠢ ᠦᠷᠬᠦᠯᠵᠢᠳᠡ ᠠᠬᠢᠭᠤᠯᠣᠨ᠎ᠠ᠃ ᠠᠷᠠᠳ ᠳᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ | ᠬᠦᠨᠵᠡᠬᠡᠢ ᠳᠣᠣᠱᠯᠠᠭᠤᠯᠵᠣ᠂ ᠨᠠᠮ ᠤᠨ ᠣᠯᠠᠨ ᠳᠦᠮᠡᠨᠴᠢ ᠱᠣᠭᠤᠮ ᠢ ᠬᠤᠳᠠ ᠶᠢᠨ ᠵᠠᠰᠠᠭ ᠤᠨ ᠣᠷᠳᠣᠨ ᠤ ᠠᠵᠢᠯ | ᠳᠤ ᠢᠮᠠᠭᠳᠠ ᠳᠣᠣᠱᠯᠠᠭᠤᠯᠵᠣ᠂ ︽ᠦᠨᠡᠨᠴᠢ ᠰᠢᠳᠣᠷᠭᠤ᠂ ᠠᠷᠢᠭᠤᠨ ᠴᠡᠪᠡᠷ᠂ ᠡᠬᠦᠷᠬᠡ ᠬᠠᠷᠢᠭᠤᠴᠠᠯᠭ᠎ᠠ | ᠡᠬᠦᠷᠬᠡᠯᠡᠬᠦ ᠱᠠᠭᠠᠷᠳᠠᠯᠭ᠎ᠠ︾ ᠶᠢ ᠣᠬᠠᠮᠰᠠᠷ ᠠᠴᠠ ᠪᠠᠨ ᠦᠢᠯᠡᠳᠦᠯᠬᠡᠵᠢᠬᠦᠯᠵᠣ᠂ ᠴᠢᠩᠭ᠎ᠠ ᠨᠢᠮᠪᠠᠢ ᠵᠣᠷᠢᠭ ᠰᠠᠨᠠᠭ᠎ᠠ᠂ | ᠦᠨᠡᠨ ᠪᠣᠳᠠᠳᠣ ᠣᠪᠣᠷ ᠰᠣᠷᠳᠠᠯ ᠢᠶᠠᠷ ᠬᠦᠴᠢᠷ ᠪᠡᠷᠬᠡᠰᠢᠶᠡᠯ ᠢ ᠰᠢᠪᠳᠣᠯᠵᠣ᠂ ᠠᠵᠢᠯ ᠬᠢᠵᠣ ᠦᠢᠯᠡᠰ ᠪᠣᠰᠬᠠᠨ᠎ᠠ᠃ | ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠠᠬᠢᠭᠤᠯᠣᠨ᠎ᠠ᠂ ᠬᠠᠣᠯᠢ ᠪᠠᠷ ᠵᠠᠰᠠᠬᠤ ᠶᠢ ᠪᠠᠷᠢᠮᠳᠠᠯᠠᠵᠣ᠂ ᠬᠠᠣᠯᠢ ᠪᠠᠷ | ᠵᠠᠰᠠᠬᠤ ᠵᠠᠰᠠᠭ ᠤᠨ ᠣᠷᠳᠣᠨ ᠢ ᠪᠠᠶᠢᠭᠤᠯᠵᠣ᠂ ᠦᠬᠡ ᠶᠠᠷᠢᠶ᠎ᠠ ᠪᠠᠷ ᠬᠠᠣᠯᠢ ᠶᠢ ᠳᠦᠯᠦᠬᠡᠯᠡᠬᠦ᠂ ᠡᠷᠬᠡ ᠪᠠᠷ ᠬᠠᠣᠯᠢ | ᠶᠢ ᠳᠠᠷᠣᠬᠤ᠂ ᠠᠰᠢᠭ ᠢᠶᠠᠷ ᠬᠠᠣᠯᠢ ᠶᠢ ᠵᠦᠷᠢᠴᠡᠬᠦ᠂ ᠬᠤᠪᠢ ᠶᠢᠨ ᠨᠠᠶᠢᠷ ᠢᠶᠠᠷ ᠬᠠᠣᠯᠢ ᠶᠢ ᠭᠠᠵᠢᠭᠤᠳᠠᠭᠤᠯᠬᠤ | ᠵᠡᠷᠬᠡ ᠶᠢᠨ ᠡᠯ᠎ᠡ ᠳᠦᠷᠦᠯ ᠤᠨ ᠠᠰᠠᠭᠤᠳᠠᠯ ᠢ ᠡᠷᠡᠰ ᠴᠠᠭᠠᠵᠠᠯᠠᠨ᠎ᠠ᠃ ᠳᠣᠰᠬᠠᠢ ᠮᠡᠷᠭᠡᠵᠢᠯᠳᠡᠨ ᠤ ᠯᠠᠪᠯᠠᠭ᠎ᠠ᠂ | ᠰᠢᠨᠵᠢᠯᠡᠬᠦ ᠣᠬᠠᠭᠠᠨ ᠤ ᠨᠣᠳᠠᠯᠠᠯᠳᠠ᠂ ᠬᠠᠮᠳᠣ ᠶᠢᠨ ᠰᠣᠳᠣᠯᠣᠯᠳᠠ ᠶᠢ ᠬᠠᠷᠢᠯᠴᠠᠨ ᠣᠶᠠᠯᠳᠣᠭᠤᠯᠬᠤ ᠰᠢᠢᠳᠪᠦᠷᠢᠳᠣ | ᠪᠣᠳᠣᠯᠭ᠎ᠠ ᠶᠢᠨ ᠳᠣᠭᠳᠠᠯᠴᠠ ᠶᠢ ᠶᠡᠭᠡ ᠪᠠᠷ ᠬᠡᠷᠡᠭᠵᠢᠬᠦᠯᠵᠣ᠂ ᠡᠷᠬᠡ ᠶᠢ ᠳᠦᠷᠢᠮ ᠤᠨ ︽ᠰᠢᠩᠭᠡᠯᠢᠭ︾ ᠲᠤ | ᠳᠦᠷᠢᠮᠵᠢᠬᠦᠯᠣᠨ ᠦᠨᠳᠦᠷ ᠠᠰᠢᠭᠳᠠᠢ ᠶᠠᠪᠣᠭᠳᠠᠭᠤᠯᠣᠨ᠎ᠠ᠃ ᠣᠷᠢᠳᠴᠢᠯᠠᠨ ᠪᠣᠳᠣᠬᠤ ᠬᠠᠮᠢᠶᠠᠷᠣᠯᠳᠠ ᠶᠢ | ᠴᠢᠩᠭᠠᠷᠠᠭᠤᠯᠵᠣ᠂ ᠦᠷᠢ ᠦᠭᠴᠡᠭᠡ ᠶᠢᠨ ᠠᠶᠣᠯ ᠳᠦᠭᠰᠢᠬᠦᠷᠢ ᠶᠢ ᠴᠢᠩᠭ᠎ᠠ ᠬᠢᠵᠠᠭᠠᠷᠯᠠᠨ᠎ᠠ᠃ ᠦᠨᠡᠨᠴᠢ ᠢᠳᠡᠭᠡᠯᠳᠡᠢ | ᠪᠠᠷ ᠣᠯᠣᠰ ᠳᠦᠷᠦ ᠶᠢ ᠬᠡᠷᠡᠭᠵᠢᠬᠦᠯᠬᠦ ᠵᠠᠷᠴᠢᠮ ᠳᠦᠷᠢᠮ ᠢ ᠪᠠᠷᠢᠮᠳᠠᠯᠠᠵᠣ᠂ ᠵᠠᠰᠠᠭ ᠤᠨ ᠣᠷᠳᠣᠨ ᠤ ᠦᠨᠡᠨᠴᠢ | ᠢᠳᠡᠬᠡᠯᠳᠡᠢ ᠰᠢᠰᠲ᠋ᠧᠮ ᠢ ᠣᠯᠠᠮ ᠨᠢᠬᠡ ᠠᠯᠬᠤᠮ ᠳᠡᠬᠦᠯᠳᠡᠷᠵᠢᠬᠦᠯᠵᠣ᠂ ᠵᠠᠰᠠᠭ ᠤᠨ ᠣᠷᠳᠣᠨ ᠤ ᠣᠯᠠᠨ ᠨᠡᠶᠢᠳᠡ ᠶᠢ | ᠢᠳᠡᠬᠡᠬᠦᠯᠬᠦ ᠬᠦᠴᠦᠨ ᠢ ᠳᠡᠭᠡᠭᠰᠢᠯᠡᠬᠦᠯᠦᠨ᠎ᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠳᠠᠯ᠎ᠠ ᠪᠠᠷ | ᠳᠦᠯᠬᠢᠨ ᠠᠬᠢᠭᠤᠯᠵᠣ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ᠂ ᠣᠯᠣᠰ ᠳᠦᠷᠦ ᠶᠢᠨ ᠵᠦᠪᠯᠡᠯᠬᠡᠨ | ᠪᠣᠯᠣᠨ ᠨᠡᠶᠢᠬᠡᠮ ᠤᠨ ᠡᠯ᠎ᠡ ᠳᠠᠯ᠎ᠠ ᠶᠢᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠨ ᠠᠪᠣᠨ᠎ᠠ᠂ ᠨᠡᠶᠢᠳᠡ ᠶᠢᠨ | ᠡᠷᠬᠡ ᠶᠢ ᠢᠯᠡ ᠪᠠᠷ ᠶᠠᠪᠣᠭᠳᠠᠭᠤᠯᠬᠤ ᠶᠢ ᠪᠠᠳᠣᠯᠠᠨ᠎ᠠ᠃ ᠳᠣᠭᠤᠷᠢᠨ ᠪᠠᠶᠢᠴᠠᠭᠠᠯᠳᠠ ᠴᠡᠭᠴᠡᠯᠡᠨ ᠵᠠᠰᠠᠭᠰᠠᠨ ᠦᠷ᠎ᠡ | ᠪᠦᠳᠦᠮᠵᠢ ᠶᠢ ᠬᠡᠷᠡᠭᠵᠢᠬᠦᠯᠬᠦ ᠶᠢ ᠬᠦᠨᠵᠡᠬᠡᠶᠢᠷᠡᠬᠦᠯᠵᠣ᠂ ᠦᠬᠡᠷᠡᠴᠢᠯᠡᠯᠳᠡ ᠬᠦᠭᠵᠢᠯᠳᠡ ᠶᠢᠨ ᠡᠯ᠎ᠡ ᠳᠦᠷᠦᠯ ᠤᠨ | ᠠᠵᠢᠯ ᠦᠢᠯᠡᠰ ᠤᠨ ᠳᠣᠭᠳᠠᠭᠤᠨ ᠢᠶᠠᠷ ᠨᠡᠩ ᠶᠡᠭᠡ ᠬᠢᠷᠢ ᠪᠦᠳᠦᠮᠵᠢ ᠣᠯᠬᠤ ᠶᠢ ᠳᠦᠯᠬᠢᠨ ᠠᠬᠢᠭᠤᠯᠣᠨ᠎ᠠ᠃ | ᠴᠢᠳᠠᠪᠣᠷᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠨ᠎ᠠ᠃ ᠬᠤᠳᠠ ᠶᠢᠨ ᠵᠠᠰᠠᠭ ᠤᠨ ᠣᠷᠳᠣᠨ ᠤ | ᠰᠢᠰᠲ᠋ᠧᠮ ᠤᠨ ᠰᠣᠷᠣᠯᠴᠠᠬᠤ ᠴᠢᠳᠠᠪᠣᠷᠢ᠂ ᠰᠢᠨᠵᠢᠯᠡᠬᠦ ᠣᠬᠠᠭᠠᠨᠴᠢ ᠪᠠᠷ ᠬᠦᠭᠵᠢᠬᠦᠯᠬᠦ᠂ ᠵᠣᠷᠢᠭᠳᠠᠢ ᠬᠠᠷᠢᠭᠤᠴᠠᠨ | ᠡᠬᠦᠷᠬᠡᠯᠡᠬᠦ᠂ ᠴᠢᠩᠭ᠎ᠠ ᠠᠳᠬᠤᠵᠣ ᠪᠣᠳᠠᠳᠠᠶᠢᠵᠢᠭᠤᠯᠬᠤ ᠵᠡᠷᠬᠡ ᠳᠦᠷᠪᠡᠨ ᠳᠠᠯ᠎ᠠ ᠶᠢᠨ ᠴᠢᠳᠠᠪᠣᠷᠢ ᠪᠠᠷ ᠭᠤᠣᠯᠳᠠᠯᠭ᠎ᠠ | ᠪᠣᠯᠭᠠᠬᠤ ᠶᠢ ᠴᠢᠩᠭᠠᠷᠠᠭᠤᠯᠵᠣ᠂ ︽ᠰᠣᠷᠣᠯᠴᠠᠬᠤ ᠮᠠᠶ᠋ᠢᠭ ᠤᠨ ᠵᠠᠰᠠᠭ ᠤᠨ ᠣᠷᠳᠣᠨ︾᠂ ︽ᠳᠣᠰᠬᠠᠢ ᠠᠵᠢᠯ ᠤᠨ | ᠮᠠᠶ᠋ᠢᠭ ᠤᠨ ᠰᠠᠯᠠᠭ᠎ᠠ ᠮᠦᠴᠢᠷ︾ ᠢ ᠪᠦᠬᠦ ᠬᠦᠴᠦᠨ ᠢᠶᠠᠷ ᠪᠠᠶᠢᠭᠤᠯᠵᠣ᠂ ᠰᠢᠨ᠎ᠡ ᠬᠦᠭᠵᠢᠯᠳᠡ ᠶᠢᠨ | ᠣᠶᠢᠯᠠᠭᠠᠭᠳᠠᠬᠤᠨ ᠤ ᠴᠢᠳᠠᠪᠣᠷᠢ ᠪᠠ ᠬᠢᠷᠢ ᠳᠦᠪᠰᠢᠨ ᠢ ᠳᠠᠰᠣᠷᠠᠯᠳᠠ ᠦᠬᠡᠢ ᠳᠡᠭᠡᠭᠰᠢᠯᠡᠬᠦᠯᠦᠨ ᠳᠣᠣᠱᠯᠠᠭᠤᠯᠣᠨ | ᠬᠡᠷᠡᠭᠵᠢᠬᠦᠯᠦᠨ᠎ᠡ᠃ ᠡᠷᠡᠰ ᠵᠣᠷᠢᠭᠯᠠᠨ ᠵᠢᠳᠬᠦᠨ ᠴᠢᠷᠮᠠᠶᠢᠬᠤ᠂ ᠪᠣᠳᠠᠳᠣ ᠠᠵᠢᠯᠯᠠᠭ᠎ᠠ ᠶᠢ ᠡᠬᠦᠷᠬᠡᠯᠡᠬᠦ ᠵᠣᠷᠢᠭ ᠰᠠᠨᠠᠭᠠᠨ | ᠤ ᠳᠦᠷᠢ ᠳᠦᠷᠬᠦ ᠶᠢ ᠢᠮᠠᠭᠳᠠ ᠪᠠᠷᠢᠮᠳᠠᠯᠠᠵᠣ᠂ ᠪᠣᠰᠢᠭᠤ ᠱᠠᠯᠠᠮᠠᠭᠠᠢ᠂ ᠣᠳᠠᠭᠠᠨ ᠳᠠᠭᠠᠭᠠᠮᠠᠭᠠᠢ᠂ ᠬᠠᠳᠠᠭᠠᠰᠣ | ᠬᠠᠳᠠᠬᠤ ᠵᠣᠷᠢᠭ ᠰᠠᠨᠠᠭ᠎ᠠ ᠪᠠᠷ ᠡᠯ᠎ᠡ ᠳᠦᠷᠦᠯ ᠤᠨ ᠠᠵᠢᠯ ᠢ ᠪᠣᠳᠠᠳᠠᠢ᠂ ᠨᠠᠷᠢᠨ ᠬᠢᠨᠠᠮᠠᠭᠠᠢ᠂ ᠰᠠᠶᠢᠳᠣᠷ ᠬᠢᠨ᠎ᠡ᠃ | ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠶᠢ ᠡᠷᠴᠢᠮᠵᠢᠬᠦᠯᠵᠣ᠂ ᠠᠷᠠᠳᠴᠢᠯᠠᠭᠰᠠᠨ ᠰᠢᠨᠵᠢᠯᠡᠬᠦ ᠣᠬᠠᠭᠠᠨᠴᠢ | ᠬᠠᠷᠠᠯᠳᠠ ᠶᠢᠨ ᠰᠢᠢᠳᠪᠦᠷᠢᠳᠣ ᠪᠣᠳᠣᠯᠭ᠎ᠠ ᠶᠢᠨ ᠳᠣᠭᠳᠠᠯᠴᠠᠭ᠎ᠠ᠂ ᠡᠷᠬᠡ ᠬᠠᠷᠢᠭᠤᠴᠠᠯᠭ᠎ᠠ ᠶᠢ ᠳᠣᠳᠣᠷᠬᠠᠢ | ᠬᠡᠷᠡᠭᠵᠢᠬᠦᠯᠬᠦ ᠬᠠᠷᠢᠭᠤᠴᠠᠯᠭ᠎ᠠ ᠶᠢᠨ ᠳᠣᠭᠳᠠᠯᠴᠠᠭ᠎ᠠ ᠪᠠ ᠴᠢᠩᠭ᠎ᠠ ᠦᠨᠳᠦᠷ ᠪᠦᠳᠦᠮᠵᠢᠳᠡᠢ ᠬᠢᠨᠠᠨ ᠰᠢᠯᠭᠠᠬᠤ ᠬᠢᠨᠠᠯᠳᠠ | ᠳᠠᠯᠪᠢᠬᠤ ᠳᠣᠭᠳᠠᠯᠴᠠᠭ᠎ᠠ ᠶᠢ ᠪᠠᠶᠢᠭᠤᠯᠵᠣ᠂ ᠠᠷᠠᠳ ᠤᠨ ᠳᠦᠯᠦᠭᠡ ᠠᠵᠢᠯᠯᠠᠬᠤ ᠳᠦᠷᠢᠮ ᠤᠨ ᠪᠠᠳᠣᠯᠠᠭ᠎ᠠ ᠶᠢ | ᠪᠦᠷᠢᠨᠰᠢᠬᠦᠯᠦᠨ᠎ᠡ᠃ | ᠨᠠᠮ ᠤᠨ ᠪᠠᠶᠢᠭᠤᠯᠤᠯᠳᠠ ᠶᠢᠨ ᠬᠢᠷᠢ ᠳᠦᠪᠰᠢᠨ ᠢᠶᠠᠨ ᠳᠡᠭᠡᠭᠰᠢᠯᠡᠬᠦᠯᠦᠨ᠎ᠡ᠃ ᠨᠠᠮ ᠤᠨ ᠪᠠᠶᠢᠭᠤᠯᠣᠯᠳᠠ ᠶᠢ | ᠴᠢᠩᠭ᠎ᠠ ᠠᠳᠬᠤᠬᠤ ᠪᠠᠷ ᠬᠠᠮᠤᠭ ᠤᠨ ᠶᠡᠭᠡ ᠣᠯᠣᠰ ᠳᠦᠷᠦ ᠶᠢᠨ ᠬᠢᠷᠢ ᠪᠦᠳᠦᠮᠵᠢ ᠪᠣᠯᠭᠠᠬᠤ ᠶᠢ ᠪᠠᠷᠢᠮᠳᠠᠯᠠᠵᠣ᠂ | ᠣᠯᠣᠰ ᠳᠦᠷᠦ ᠶᠢᠨ ᠪᠠᠶᠢᠭᠤᠯᠣᠯᠳᠠ᠂ ᠦᠵᠡᠯ ᠰᠠᠨᠠᠭᠠᠨ ᠤ ᠪᠠᠶᠢᠭᠤᠯᠣᠯᠳᠠ᠂ ᠵᠣᠬᠢᠶᠠᠨ ᠪᠠᠶᠢᠭᠤᠯᠣᠯᠳᠠ ᠶᠢᠨ | ᠪᠠᠶᠢᠭᠤᠯᠣᠯᠳᠠ᠂ ᠣᠪᠣᠷ ᠰᠣᠷᠳᠠᠯ ᠤᠨ ᠪᠠᠶᠢᠭᠤᠯᠣᠯᠳᠠ᠂ ᠰᠠᠬᠢᠯᠭ᠎ᠠ ᠪᠠᠳᠣ ᠶᠢᠨ ᠪᠠᠶᠢᠭᠤᠯᠣᠯᠳᠠ ᠶᠢ ᠪᠦᠬᠦ ᠳᠠᠯ᠎ᠠ ᠪᠠᠷ | ᠠᠬᠢᠭᠤᠯᠵᠣ᠂ ᠪᠠᠶᠢᠭᠤᠯᠣᠮᠵᠢ ᠶᠢᠨ ᠪᠠᠶᠢᠭᠤᠯᠣᠯᠳᠠ ᠶᠢ ᠳᠣᠣᠱᠯᠠᠭᠤᠯᠵᠣ᠂ ᠢᠯᠵᠡᠷᠡᠯ ᠢ ᠡᠰᠡᠷᠬᠦᠴᠡᠬᠦ ᠳᠡᠮᠡᠴᠡᠯ ᠢ | ᠬᠦᠨᠵᠡᠬᠡᠢ ᠠᠬᠢᠭᠤᠯᠵᠣ᠂ ᠨᠠᠮ ᠤᠨ ᠪᠠᠶᠢᠭᠤᠯᠣᠯᠳᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠠᠰᠣᠷᠠᠯᠳᠠ ᠦᠬᠡᠢ | ᠳᠡᠭᠡᠭᠰᠢᠯᠡᠬᠦᠯᠦᠨ᠎ᠡ᠃ ᠣᠯᠣᠰ ᠳᠦᠷᠦ ᠶᠢᠨ ᠪᠠᠶᠢᠭᠤᠯᠣᠯᠳᠠ ᠶᠢ ᠳᠡᠷᠢᠬᠦᠨ ᠪᠠᠶᠢᠷᠢᠨ ᠳᠤ ᠳᠠᠯᠪᠢᠬᠤ ᠶᠢ ᠪᠠᠷᠢᠮᠳᠠᠯᠠᠵᠣ᠂ | ᠨᠠᠮ ᠤᠨ ᠳᠦᠷᠢᠮ ᠳᠣᠭᠳᠠᠭᠠᠯ ᠢ ᠵᠢᠷᠣᠮᠯᠠᠵᠣ᠂ ᠰᠢᠨ᠎ᠡ ᠪᠠᠶᠢᠳᠠᠯ ᠤᠨ ᠳᠣᠣᠷᠠᠬᠢ ᠨᠠᠮ ᠤᠨ ᠣᠯᠣᠰ ᠳᠦᠷᠦ ᠶᠢᠨ | ᠠᠮᠢᠳᠣᠷᠠᠯ ᠤᠨ ᠳᠣᠳᠣᠭᠠᠳᠣᠬᠢ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠣ᠂ ᠨᠠᠮ ᠤᠨ ᠳᠣᠳᠣᠭᠠᠳᠣ ᠶᠢᠨ ᠣᠯᠣᠰ | ᠳᠦᠷᠦ ᠶᠢᠨ ᠠᠮᠢᠳᠣᠷᠠᠯ ᠤᠨ ᠣᠯᠣᠰ ᠳᠦᠷᠦ ᠶᠢᠨ ᠴᠢᠨᠠᠷ᠂ ᠴᠠᠭ ᠦᠶ᠎ᠡ ᠶᠢᠨ ᠴᠢᠨᠠᠷ᠂ ᠵᠠᠷᠴᠢᠮ ᠤᠨ ᠴᠢᠨᠠᠷ᠂ | ᠳᠠᠶᠢᠴᠢᠨ ᠴᠢᠨᠠᠷ ᠢ ᠦᠷᠬᠦᠯᠵᠢᠯᠡᠨ ᠨᠡᠮᠡᠭᠳᠡᠬᠦᠯᠦᠨ᠎ᠡ᠃ ᠨᠣᠮᠣᠬᠠᠨ ᠰᠢᠳᠣᠷᠭᠤ᠂ ᠭᠤᠣᠯᠴᠢ ᠴᠢᠭᠡᠴᠢ᠂ ᠦᠨᠡᠨ ᠠᠴᠠ | ᠵᠦᠪ ᠢ ᠡᠷᠢᠬᠦ᠂ ᠳᠦᠪ ᠭᠤᠣᠯᠴᠢ ᠠᠷᠢᠭᠤᠨ ᠴᠢᠬᠡᠴᠢ ᠵᠡᠷᠭᠡ ᠦᠷᠳᠡᠭ ᠤᠨ ᠦᠵᠡᠯᠳᠡ ᠶᠢ ᠶᠡᠭᠡ ᠪᠠᠷ ᠪᠠᠳᠠᠷᠠᠭᠤᠯᠵᠣ | ᠂ ᠣᠪᠣᠷ ᠰᠣᠷᠳᠠᠯ ᠢ ᠰᠠᠶᠢᠵᠢᠷᠠᠭᠤᠯᠬᠤ᠂ ᠰᠠᠬᠢᠯᠭ᠎ᠠ ᠪᠠᠳᠣ ᠶᠢ ᠳᠦᠪ ᠴᠢᠩᠭ᠎ᠠ ᠪᠣᠯᠭᠠᠵᠣ᠂ ᠢᠯᠵᠡᠷᠠᠯ ᠢ ᠵᠠᠯᠬᠠᠭᠠᠨ | ᠰᠢᠳᠬᠡᠬᠦ ᠪᠠᠷ ᠠᠷᠢᠭᠤᠨ ᠴᠢᠭᠡᠴᠢ ᠵᠠᠰᠠᠭ ᠤᠨ ᠣᠷᠳᠣᠨ ᠢ ᠪᠦᠳᠦᠬᠡᠨ ᠪᠠᠶᠢᠭᠤᠯᠬᠤ ᠴᠢᠬᠤᠯᠠ ᠵᠢᠷᠣᠮᠯᠠᠯ ᠪᠣᠯᠭᠠᠨ᠎ᠠ᠃ | ᠳᠦᠪ ᠬᠤᠷᠢᠶ᠎ᠠ ᠶᠢᠨ ᠨᠠᠢᠮᠠᠨ ᠳᠣᠭᠳᠠᠭᠠᠯ ᠪᠣᠯᠣᠨ ᠡᠯ᠎ᠡ ᠱᠠᠳᠣᠨ ᠤ ᠢᠵᠢ ᠪᠦᠷᠢᠳᠦᠬᠦᠯᠦᠭᠰᠡᠨ ᠳᠣᠭᠳᠠᠭᠠᠯ ᠤᠨ | ᠵᠣᠷᠢᠭ ᠰᠠᠨᠠᠭᠠᠨ ᠤ ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠵᠣ᠂ ᠺᠠᠳ᠋ᠷ ᠲᠤ ᠪᠢᠰᠢᠷᠡᠨ ᠵᠢᠷᠣᠬᠡᠰᠢᠶᠡᠬᠦᠯᠵᠣ | ᠰᠡᠷᠡᠮᠵᠢᠳᠡᠢ᠂ ᠡᠮᠢᠶᠡᠨ ᠰᠡᠷᠬᠡᠶᠢᠯᠡᠵᠣ᠂ ᠲᠠᠸᠠᠷ ᠤᠨ ᠰᠣᠯᠢᠯᠴᠠᠭ᠎ᠠ ᠶᠢᠨ ᠵᠠᠷᠴᠢᠮ ᠳᠤ ᠠᠳᠡᠭᠳᠡᠬᠦ ᠶᠢ ᠣᠬᠠᠮᠰᠠᠷ ᠠᠴᠠ | ᠪᠠᠨ ᠡᠰᠡᠷᠬᠦᠴᠡᠨ ᠬᠤᠷᠢᠭᠯᠡᠵᠣ᠂ ᠬᠢᠨᠠᠯᠳᠠ ᠳᠠᠯᠪᠢᠬᠤ ᠪᠠ ᠬᠢᠵᠠᠭᠠᠷᠯᠠᠯ ᠲᠠᠢ ᠣᠷᠴᠢᠨ ᠳᠣᠭᠤᠷᠢᠨ ᠳᠤ ᠠᠵᠢᠯᠯᠠᠨ | ᠠᠮᠢᠳᠣᠷᠠᠬᠤ ᠶᠢ ᠳᠠᠳᠬᠠᠯᠰᠢᠭᠤᠯᠣᠨᠡ᠃ ᠺᠠᠳ᠋ᠷ ᠤᠨ ︽ᠨᠠᠢᠮᠠᠨ ᠴᠠᠭ︾ ᠠᠴᠠ ᠭᠠᠳᠠᠨᠠᠬᠢ ᠪᠦᠬᠦ ᠶᠠᠪᠣᠴᠠ ᠶᠢᠨ | ᠬᠢᠨᠠᠯᠳᠠ ᠬᠠᠮᠢᠶᠠᠷᠬᠤ ᠶᠢ ᠴᠢᠩᠭ᠎ᠠ ᠠᠳᠬᠤᠵᠣ᠂ ︽ᠵᠠᠪᠰᠢᠶᠠᠨ ᠪᠣᠯᠭᠠᠨ ᠢ ᠦᠯᠦ ᠠᠯᠳᠠᠬᠤ︾ ᠮᠠᠶ᠋ᠢᠭ ᠤᠨ ᠢᠯᠵᠡᠷᠡᠯ | ᠳᠤ ᠴᠢᠩᠭ᠎ᠠ ᠴᠣᠬᠢᠯᠳᠠ ᠦᠭᠴᠣ᠂ ᠢᠯᠵᠠᠷᠮᠠᠯ ᠰᠦᠷᠳᠡᠬᠦᠯᠬᠦ ᠶᠢ ᠴᠢᠩᠭᠠᠳᠬᠠᠵᠣ᠂ ᠢᠯᠵᠠᠷᠡᠵᠣ ᠦᠬᠡᠢ ᠪᠠᠶᠢᠬᠤ ᠶᠢ | ᠪᠠᠬᠢᠵᠢᠬᠦᠯᠵᠣ᠂ ᠢᠯᠵᠡᠷᠡᠵᠣ ᠦᠬᠡᠢ ᠣᠬᠠᠮᠰᠠᠷ ᠢ ᠳᠡᠭᠡᠭᠰᠢᠯᠡᠬᠦᠯᠵᠣ᠂ ᠳᠦᠪ ᠭᠤᠣᠯᠴᠢ ᠠᠷᠢᠭᠤᠨ ᠴᠢᠭᠡᠴᠢ ᠳᠦᠷᠢ | ᠳᠦᠷᠬᠦ ᠪᠠᠷ ᠠᠷᠠᠳ ᠤᠨ ᠢᠳᠡᠬᠡᠯ ᠢ ᠣᠯᠭᠤᠨ᠎ᠠ᠃ | ᠨᠦᠬᠦᠳ ᠡ᠂ ᠰᠢᠨ᠎ᠡ ᠴᠠᠭ ᠦᠶ᠎ᠡ ᠳᠤ ᠰᠢᠨ᠎ᠡ ᠡᠬᠦᠷᠬᠡ ᠬᠠᠷᠢᠭᠤᠴᠠᠯᠭ᠎ᠠ ᠲᠠᠢ ᠪᠣᠯᠵᠣ᠂ ᠰᠢᠨ᠎ᠡ | ᠬᠠᠷᠢᠭᠤᠴᠠᠯᠭ᠎ᠠ ᠶᠢ ᠰᠢᠨ᠎ᠡ ᠪᠠᠷ ᠡᠬᠦᠷᠬᠡᠯᠡᠨ᠎ᠡ ᠬᠡᠰᠡᠨ ᠢ ᠢᠯᠡᠷᠬᠡᠶᠢᠯᠡᠬᠦᠯᠵᠡᠢ᠃ ᠠᠵᠣ ᠠᠬᠤᠢ ᠶᠢᠨ ᠰᠢᠨ᠎ᠡ ᠪᠠᠶᠢᠳᠠᠯ | ᠤᠨ ᠳᠣᠣᠷ᠎ᠠ ᠦᠩᠭᠡᠷᠡᠭᠰᠡᠨ ᠳᠠᠪᠣᠨ ᠵᠢᠯ ᠳᠤ ᠪᠢᠳᠡᠨ ᠢ ᠦᠬᠡᠷᠡᠴᠢᠯᠡᠯᠳᠡ ᠶᠢ ᠳᠦᠯᠬᠢᠨ ᠠᠬᠢᠭᠤᠯᠵᠣ᠂ ᠬᠦᠭᠵᠢᠯᠳᠡ | ᠶᠢ ᠳᠦᠷᠬᠡᠳᠬᠡᠬᠦ ᠶᠢᠨ ᠬᠦᠴᠦᠷᠬᠡᠭ ᠶᠡᠭᠡ ᠢᠳᠡᠬᠡᠯ ᠵᠣᠷᠢᠭ ᠢ ᠨᠡᠩ ᠢᠯᠡᠬᠦᠦ ᠪᠠᠳᠣ ᠪᠣᠯᠭᠠᠵᠣ᠂ ︽ᠬᠤᠣᠯᠢᠩᠭᠤᠣᠯ | ᠤᠨ ᠦᠢᠯᠡᠰ ᠢᠶᠠᠨ ᠳᠠᠬᠢᠨ ᠰᠢᠨ᠎ᠡ ᠪᠠᠷ ᠡᠬᠢᠯᠡᠬᠦ︾ ᠠᠤᠭ᠎ᠠ ᠬᠦᠴᠦᠨ ᠢ ᠨᠡᠩ ᠨᠢᠭᠳᠠᠷᠠᠭᠤᠯᠵᠡᠢ᠃ ᠰᠢᠨ᠎ᠡ | ᠵᠣᠭᠰᠣᠯᠳᠠ ᠳᠤ ᠵᠣᠭᠰᠣᠵᠣ᠂ ᠰᠢᠨ᠎ᠡ ᠴᠠᠭ ᠦᠶ᠎ᠡ ᠳᠤ ᠠᠯᠬᠤᠨ ᠣᠷᠣᠵᠣ᠂ ᠰᠢᠨ᠎ᠡ ᠠᠶᠠᠨ ᠢᠶᠠᠨ ᠡᠬᠢᠯᠡᠬᠦᠯᠵᠣ᠂ | ᠬᠤᠳᠠ ᠶᠢᠨ ᠨᠠᠮ ᠤᠨ ᠬᠤᠷᠢᠶ᠎ᠠ ᠶᠢᠨ ᠣᠳᠣᠷᠢᠳᠣᠯᠭ᠎ᠠ ᠳᠣᠣᠷ᠎ᠠ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ | ᠨᠠᠮ ᠤᠨ ᠳᠦᠪ ᠬᠤᠷᠢᠶ᠎ᠠ ᠶᠢᠨ ᠳᠣᠭᠤᠷᠢᠨ ᠳᠤ ᠨᠢᠭᠳᠠᠷᠠᠨ ᠪᠦᠯᠬᠦᠮᠳᠡᠵᠣ᠂ ᠨᠠᠮ ᠤᠨ ᠠᠷᠪᠠ ᠶᠢᠰᠦᠳᠦᠬᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ | ᠣᠨᠴᠠᠯᠢᠭ ᠲᠠᠢ ᠨᠡᠶᠢᠬᠡᠮ ᠵᠢᠷᠣᠮ ᠤᠨ ᠠᠭᠤᠣ ᠶᠡᠭᠡ ᠳᠤᠭ ᠢ ᠦᠨᠳᠦᠷ ᠮᠠᠨᠳᠣᠭᠤᠯᠵᠣ᠂ ᠣᠭ ᠰᠠᠨᠠᠭ᠎ᠠ ᠪᠠᠨ ᠦᠯᠣ | ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠵᠣ᠂ ᠬᠤᠭᠤᠰᠣᠨ ᠨᠡᠷ᠎ᠡ ᠶᠢ ᠬᠦᠬᠡᠬᠡᠴᠡᠯᠳᠦᠬᠦ ᠦᠬᠡᠢ᠂ | ᠬᠠᠭᠤᠷᠮᠠᠭ ᠬᠡᠷᠡᠭ ᠦᠢᠯᠡᠳᠬᠦ ᠦᠬᠡᠢ᠂ ᠡᠬᠦᠷᠢᠳᠡ ᠰᠢᠨᠳᠠᠷᠠᠰᠢ ᠦᠬᠡᠢ ᠵᠣᠷᠢᠭ ᠰᠠᠨᠠᠭ᠎ᠠ ᠪᠠ ᠪᠣᠴᠠᠯᠳᠠ ᠦᠬᠡᠢ | ᠳᠡᠮᠡᠴᠡᠬᠦ ᠣᠪᠣᠷ ᠢᠶᠠᠷ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ᠂ ᠨᠡᠶᠢᠬᠡᠮ ᠵᠢᠷᠣᠮᠳᠣ | ᠣᠳᠣᠬᠢᠴᠢᠯᠠᠭᠰᠠᠨ ᠪᠦᠳᠦᠬᠡᠨ ᠪᠠᠶᠢᠭᠤᠯᠣᠯᠳᠠ ᠶᠢᠨ ᠰᠢᠨ᠎ᠡ ᠠᠶᠠᠨ ᠤ ᠢᠯᠠᠯᠳᠠ ᠣᠯᠬᠤ ᠶᠢᠨ ᠳᠦᠯᠦᠬᠡ ᠴᠢᠷᠮᠠᠶᠢᠨ | ᠳᠡᠮᠡᠴᠡᠵᠡᠬᠡᠶᠡ︕ |