ᠨᠠᠮᠲᠠᠷ᠄ | ᠶᠤᠸᠠᠨ ᠯᠢᠨ᠂ ᠡᠮᠡᠭᠲᠡᠶ᠂ ᠮᠣᠩᠭᠤᠯ ᠦᠨᠳᠦᠰᠦᠲᠡᠨ᠂ 1985 ᠤᠨ ᠤ 12 ᠰᠠᠷ᠎ᠠ ᠳᠤ ᠲᠥᠷᠥᠵᠡᠢ᠂ 2006 | ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2011 ᠣᠨ ᠳᠤ ᠯᠢᠶᠣᠤᠨᠢᠩ ᠤᠨ ᠪᠠᠭᠰᠢ ᠶᠢᠨ ᠶᠡᠭᠡ | ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠮᠠᠰᠲ᠋ᠧᠷ ᠴᠣᠯᠠ ᠲᠠᠢ᠃ | 2011 ᠣᠨ ᠳᠤ ᠰᠤᠷᠤᠭᠴᠢ ᠰᠣᠩᠭᠤᠬᠤ ᠰᠢᠯᠭᠠᠯᠲᠠ ᠪᠠᠷ ᠳᠠᠮᠵᠢᠭᠤᠯᠤᠨ ᠠᠯᠪᠠᠲᠠᠨ ᠤ ᠡᠩᠨᠡᠭᠡᠨ ᠳᠤ ᠣᠷᠣᠵᠤ᠂ | ᠬᠤᠤᠯᠢᠩᠭᠤᠤᠯ ᠬᠤᠲᠠ ᠶᠢᠨ ᠮᠦᠰᠦᠲᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠤᠪᠢᠶᠠᠭᠳᠠᠨ ᠠᠵᠢᠯᠯᠠᠪᠠ᠂ | ᠤᠳᠤ ᠳᠤᠮᠳᠠᠳᠤ ᠤᠯᠤᠰ ᠤᠨ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ | ᠪᠠᠢᠨ᠎ᠠ᠃ ᠠᠵᠢᠯ ᠳᠤ ᠭᠠᠷᠤᠭᠰᠠᠨ ᠠᠴᠠ ᠨᠠᠰᠢ᠂ ᠤᠷᠢᠳ ᠬᠤᠵᠢᠳ ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ | ᠠᠵᠢᠯ ᠤᠨ ︽ᠲᠡᠷᠢᠭᠦᠨ ᠤ ᠬᠤᠪᠢ ᠬᠥᠮᠦᠨ︾᠂ ᠰᠢᠯᠢᠳᠡᠭ ᠨᠡᠶᠢᠭᠡᠮ ᠲᠣᠭᠤᠷᠢᠭ ᠤᠨ ︽ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠭᠠᠭᠤᠯᠤᠭᠴᠢ︾᠂ ᠲᠦᠩᠯᠢᠶᠣᠤ ᠬᠤᠲᠠ ᠶᠢᠨ ︽ᠡᠮᠡᠭᠲᠡᠶᠢᠴᠦᠳ ᠤᠨ ᠭᠡᠷ ᠪᠦᠯᠢ︾ ᠰᠣᠶᠣᠯ ᠤᠨ | ᠨᠠᠶᠢᠷ ᠤᠨ ᠲᠡᠷᠢᠭᠦᠨ ᠤ ᠬᠤᠪᠢ ᠬᠥᠮᠦᠨ᠂ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠪᠦᠯᠦᠭ ᠤᠨ ︽ᠲᠠᠯ᠎ᠠ | ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠪᠦᠯᠬᠦᠮ ᠤᠨ | ᠳᠠᠭᠠᠭᠤᠯᠤᠭᠴᠢ᠂ ᠲᠦᠩᠯᠢᠶᠣᠤ ᠬᠤᠲᠠ ᠶᠢᠨ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠵᠡᠷᠭᠡ ᠢᠷᠠᠭᠤ ᠠᠯᠳᠠᠷ ᠤᠨ | ᠴᠣᠯᠠ ᠶᠢ ᠬᠦᠷᠲᠡᠪᠡ᠃ | | | | | | ᠨᠡᠶᠢᠭᠡᠮ ᠲᠣᠭᠤᠷᠢᠭ ᠤᠨ ︽ᠪᠢᠴᠢᠬᠠᠨ ᠱᠦᠵᠢ︾ | ︽ᠪᠢᠴᠢᠬᠠᠨ ᠱᠦᠵᠢ︾ ᠬᠡᠳᠡᠭ ᠨᠢ ᠶᠤᠸᠠᠨ ᠯᠢᠨ ᠨᠡᠶᠢᠭᠡᠮ ᠲᠣᠭᠤᠷᠢᠭ ᠲᠤ ᠠᠵᠢᠯᠯᠠᠵᠤ ᠪᠠᠶᠢᠬᠤ ᠦᠶ᠎ᠡ ᠳᠤ᠂ | ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠤᠨ ᠳᠣᠲᠣᠨᠣ ᠳᠠᠭᠤᠳᠠᠯᠭ᠎ᠠ ᠪᠣᠯᠤᠨ᠎ᠠ᠃ 2011 ᠤᠨ ᠤ 9 ᠰᠠᠷ᠎ᠠ ᠳᠤ᠂ | ᠶᠤᠸᠠᠨ ᠯᠢᠨ ᠠᠰᠫᠢᠷᠠᠨᠲ ᠲᠡᠭᠦᠰᠦᠭᠰᠡᠨ ᠪᠥᠭᠡᠳ ᠰᠤᠩᠭᠤᠨ ᠠᠪᠤᠭᠰᠠᠨ ᠰᠤᠷᠤᠬᠴᠢ ᠶᠢᠨ ᠰᠢᠯᠭᠠᠯᠲᠠ ᠳᠤ ᠤᠷᠤᠭᠰᠢᠲᠠᠶ | ᠬᠢᠷᠢ ᠲᠡᠩᠴᠡᠵᠦ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠲᠣᠬᠢᠷᠠᠭᠤᠯᠤᠯᠲᠠ ᠪᠠᠷ | ᠮᠦᠰᠦᠲᠠᠢ ᠵᠡᠭᠡᠯᠢ ᠳᠤ ᠬᠤᠪᠢᠶᠠᠭᠳᠠᠨ ᠨᠠᠷᠢᠨ ᠪᠢᠴᠢᠭᠡᠴᠢ ᠶᠢᠨ ᠲᠤᠰᠢᠶᠠᠯ ᠢ ᠬᠠᠷᠢᠭᠤᠴᠠᠵᠤ᠂ ᠳᠠᠷᠠᠭ᠎ᠠ ᠨᠢ ᠢ ᠪᠢᠨ ᠨᠡᠶᠢᠭᠡᠮ | ᠲᠣᠭᠤᠷᠢᠭ ᠤᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠪᠡ᠃ | ᠰᠤᠷᠭᠠᠭᠤᠯᠢ ᠠᠴᠠ ᠪᠠᠨ ᠭᠠᠷᠴᠤ᠂ ᠦᠨᠳᠦᠰᠦᠨ ᠱᠠᠲᠤᠨ ᠤ ᠠᠵᠢᠯ ᠤᠨ ᠪᠠᠶᠢᠷᠢ ᠳᠤ ᠭᠠᠷᠴᠦ᠂ ᠠᠩᠬᠠᠨ ᠤ | ᠳᠣᠭᠳᠣᠯᠤᠯ ᠪᠠ ᠪᠠᠶᠠᠰᠤᠯ ᠨᠢ ᠪᠤᠳᠠᠳᠦ ᠪᠠᠶᠢᠳᠠᠯ ᠲᠠᠢ ᠯᠤᠲᠤ ᠶᠡᠭᠡ ᠵᠥᠷᠢᠶᠡᠨ ᠲᠠᠢ ᠪᠠᠶᠢᠭ᠎ᠠ ᠠᠬᠤᠢ ᠪᠠᠶᠢᠳᠠᠯ ᠳᠤ ᠲᠡᠷᠡ | ᠶᠠᠭᠠᠬᠢᠬᠤ ᠪᠠᠨ ᠣᠯᠬᠤ ᠦᠭᠡᠢ ᠪᠠᠶᠢᠳᠡᠯ ᠭᠠᠷᠤᠭᠰᠠᠨ ᠦᠭᠡᠢ᠂ ᠭᠡᠳᠡᠷᠭᠦ ᠪᠠᠨ ᠬᠠᠷᠢᠨ ᠥᠪᠡᠷ ᠤᠨ ᠴᠢᠷᠮᠠᠶᠢᠯᠭ᠎ᠠ ᠪᠠᠷ ᠢᠶᠠᠨ | ᠳᠠᠮᠵᠢᠨ᠂ ︽ᠪᠢᠴᠢᠬᠠᠨ ᠱᠦᠵᠢ︾ ᠯᠠᠪᠲᠠᠶ ︽ᠶᠡᠭᠡ ᠵᠢᠳᠬᠦᠯ︾ ᠲᠠᠢ ᠪᠣᠯᠬᠤ ᠶᠤᠮ ᠭᠡᠵᠦ ᠪᠠᠲᠤ ᠢᠲᠡᠭᠡᠵᠦ ᠴᠢᠷᠮᠠᠶᠢᠨ | ᠠᠵᠢᠯᠯᠠᠵᠠᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠣᠷᠣᠯᠴᠠᠬᠤ ᠳᠤᠷ᠎ᠠ ᠦᠭᠡᠢ ᠨᠠᠮ ᠤᠨ ᠭᠡᠰᠢᠭᠦᠨ ᠤ ᠦᠵᠡᠯ | ᠰᠠᠨᠠᠭ᠎ᠠ ᠶᠢ ᠦᠬᠡᠷᠡᠴᠢᠯᠡᠬᠦ ᠳᠤ᠂ ᠶᠤᠸᠠᠨ ᠯᠢᠨ ᠲᠤᠰᠢᠶᠠᠯ ᠳᠤ ᠭᠠᠷᠤᠭᠰᠠᠨ ᠤ ᠪᠠᠨ ᠳᠠᠷᠠᠭ᠎ᠠ ᠪᠣᠳᠣᠵᠤ ᠣᠯᠤᠭᠰᠠᠨ | ᠲᠡᠷᠢᠭᠦᠨ ᠠᠵᠢᠯᠯᠠᠭ᠎ᠠ ᠪᠣᠯ ᠳᠠᠷᠤᠶ ᠨᠠᠮ ᠤᠨ ᠭᠡᠰᠢᠭᠦᠨ ᠬᠡᠭᠦ ᠪᠡᠶ᠎ᠠ ᠶᠢᠨ ᠦᠨᠡᠮᠯᠡᠯ ᠨᠢ ᠢᠷᠠᠭᠤ ᠠᠯᠳᠠᠷᠲᠤ ᠰᠡᠳᠬᠢᠯᠭᠡ ᠶᠢ ᠨᠢ | ᠬᠥᠭᠵᠢᠭᠡᠵᠦ᠂ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ ᠨᠢ ᠪᠠᠳᠠᠷᠠᠭᠤᠯᠬᠤ ᠶᠠᠪᠤᠳᠠᠯ ᠪᠣᠯᠤᠨ᠎ᠠ᠃ ᠨᠢᠭᠡᠨ ᠨᠠᠮ ᠤᠨ | ᠭᠡᠰᠢᠭᠦᠨ ᠪᠣᠯ ᠳᠠᠷᠤᠶ ᠨᠢᠭᠡᠨ ᠲᠤᠭ ᠲᠡᠮᠳᠡᠭ ᠮᠥᠨ᠂ ᠪᠤᠰᠤᠳ ᠢ ᠬᠤᠪᠢᠷᠠᠭᠤᠯᠤᠶ᠎ᠠ ᠭᠡᠪᠡᠯ ᠡᠩ ᠲᠡᠷᠢᠭᠦᠨ ᠳᠤ | ᠥᠪᠡᠷ ᠢ ᠪᠠᠨ ᠬᠦᠭᠵᠢᠭᠦᠯᠬᠦ ᠬᠡᠷᠡᠭᠲᠡᠶ᠂ ᠡᠳᠦᠷ ᠲᠤᠲᠤᠮ ᠤᠨ ᠠᠵᠢᠯ ᠪᠠ ᠠᠮᠢᠳᠤᠷᠠᠯ ᠤᠨ ᠳᠤᠮᠳᠠ ᠪᠠᠨ ᠲᠡᠷᠡ ᠨᠢᠭᠡ | ᠲᠠᠯ᠎ᠠ ᠪᠠᠷ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠰᠤᠷᠤᠯᠴᠠᠬᠤ ᠶᠢ ᠪᠠᠷᠢᠮᠲᠠᠯᠠᠵᠤ᠂ | ᠥᠪᠡᠷ ᠤᠨ ᠤᠯᠤᠰ ᠲᠥᠷᠥ ᠣᠨᠣᠯ ᠤᠨ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ᠂ ᠨᠢᠭᠡ ᠲᠠᠯ᠎ᠠ ᠪᠠᠷ ᠨᠠᠮ ᠤᠨ | ᠭᠡᠰᠢᠭᠦᠨ ᠤ ᠭᠡᠷ ᠲᠤ ᠠᠶᠢᠯᠴᠢᠯᠠᠵᠦ ᠭᠡᠷ ᠪᠦᠯᠢ ᠶᠢᠨ ᠰᠤᠷᠪᠤᠯᠵᠢᠯᠠᠭ᠎ᠠ ᠬᠢᠵᠦ᠂ ᠨᠠᠮ ᠤᠨ ᠲᠥᠷᠥ ᠶᠢᠨ ᠪᠣᠳᠣᠯᠭ᠎ᠠ᠂ ᠴᠠᠭ | ᠦᠶ᠎ᠡ ᠶᠢᠨ ᠠᠯᠬᠤᠭ᠎ᠠ᠂ ᠬᠤᠤᠯᠢᠩᠭᠤᠤᠯ ᠬᠤᠲᠠ ᠶᠢᠨ ᠬᠥᠭᠵᠢᠯᠲᠡ᠂ ᠨᠡᠶᠢᠭᠡᠮ ᠲᠣᠭᠤᠷᠢᠭ ᠤᠨ ᠬᠡᠷᠡᠭᠴᠡᠭᠡ ᠵᠡᠷᠭᠡ | ᠲᠡᠷᠢᠭᠦᠨ ᠤ ᠦᠵᠡᠯᠲᠡ ᠶᠢ ᠨᠠᠮ ᠤᠨ ᠭᠡᠰᠢᠭᠦᠨ ᠳᠤ ᠲᠠᠮᠵᠢᠭᠤᠯᠤᠭᠰᠠᠨ ᠶᠤᠮ᠃ ᠡᠭᠦᠨ ᠤ ᠬᠠᠮᠲᠤ᠂ ᠲᠡᠷᠡ ᠰᠡᠳᠬᠢᠯ | ᠲᠠᠯᠪᠢᠨ ᠪᠠᠶᠢᠷᠢᠯᠠᠭᠤᠯᠵᠤ᠂ ᠨᠠᠷᠢᠨ ᠨᠢᠮᠪᠠᠶ ᠲᠣᠬᠢᠷᠠᠭᠤᠯᠵᠤ᠂ ᠪᠡᠶ᠎ᠡ ᠪᠠᠷ ᠵᠶ᠋ᠠᠨᠠᠵᠢᠯᠯᠠᠭᠠ ᠶᠢᠨ ᠭᠤᠤᠯ ᠰᠡᠳᠦᠪ ᠢᠶᠠᠨ | ᠲᠣᠭᠲᠠᠭᠠᠵᠤ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ︽ᠤᠯᠤᠰ ᠢᠶᠠᠨ ᠬᠠᠶᠢᠷᠠᠯᠠᠬᠤ ᠨᠠᠮ ᠢᠶᠠᠨ | ᠬᠠᠶᠢᠷᠠᠯᠠᠬᠤ ᠨᠤᠲᠤᠭ ᠢᠶᠠᠨ ᠬᠠᠶᠢᠷᠠᠯᠠᠬᠤ︾᠂ ︽ᠪᠦᠯᠬᠦᠮᠳᠡᠨ ᠳᠠᠪᠰᠢᠵᠤ᠂ ᠴᠤᠭ ᠵᠢᠪᠬᠤᠭ᠎ᠠ ᠪᠠᠨ ᠢᠯᠡᠷᠡᠭᠦᠯᠬᠦ︾ ᠭᠤᠤᠯ | ᠰᠡᠳᠦᠪᠲᠦ ᠰᠣᠨᠢᠷᠬᠠᠯᠲᠠᠶ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠨᠠᠮ ᠤᠨ ᠭᠡᠰᠢᠭᠦᠨ ᠤ ᠪᠠᠭ᠋ᠠᠷᠬᠠᠯ ᠢ ᠲᠠᠲᠠᠭᠰᠠᠨ ᠨᠠᠮ ᠤᠨ | ᠳᠣᠲᠣᠭᠠᠳᠤ ᠶᠢᠨ ᠬᠦᠳᠡᠯᠬᠡᠬᠡᠨ ᠢ ᠵᠣᠬᠢᠶᠠᠨ ᠪᠠᠶᠢᠭᠤᠯᠤᠨ ᠥᠷᠨᠢᠭᠦᠯᠪᠡ᠃ | ᠶᠤᠸᠠᠨ ᠯᠢᠨ ᠤ ᠳᠠᠭᠠᠭᠤᠯᠭ᠎ᠠ ᠳᠣᠤᠷ᠎ᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠲᠣᠭᠲᠠᠮᠠᠯ | ᠬᠤᠭᠤᠴᠠᠭ᠎ᠠ ᠲᠠᠢ ᠪᠠᠷ ᠰᠤᠷᠤᠯᠴᠠᠬᠤ ᠪᠠ ᠨᠡᠶᠢᠭᠡᠮ ᠲᠣᠭᠤᠷᠢᠭ ᠢ ᠣᠷᠭᠠᠨᠢᠭ ᠢᠶᠠᠷ ᠤᠶᠠᠯᠳᠤᠭᠤᠯᠬᠤ ᠭᠦᠨ ᠵᠤᠵᠠᠭᠠᠨ | ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠭᠡᠰᠢᠭᠦᠨ ᠤ ᠭᠤᠷᠪᠠᠨ ᠡᠳᠦᠷ᠂ ᠭᠤᠤᠯ ᠰᠡᠳᠦᠪᠲᠦ ᠨᠠᠮ ᠤᠨ | ᠡᠳᠦᠷ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ | ᠢᠳᠡᠪᠬᠢᠲᠡᠢ ᠣᠷᠣᠯᠴᠠᠬᠤ ᠵᠥᠪ ᠰᠤᠷᠲᠠᠯ ᠢ ᠪᠤᠢ ᠪᠣᠯᠭᠠᠵᠠᠶ᠃ ᠦᠵᠡᠯ ᠰᠠᠨᠠᠭ᠎ᠠ ᠬᠤᠪᠢᠷᠠᠯᠲᠠ ᠭᠠᠷᠴᠤ᠂ ᠨᠠᠮ ᠤᠨ | ᠭᠡᠰᠢᠭᠦᠨ ᠤ ᠬᠤᠰᠢᠭᠤᠴᠢ ᠴᠡᠷᠢᠭ ᠤᠨ ᠵᠢᠱᠢᠶᠡᠴᠢ ᠦᠢᠯᠡᠳᠦᠯ ᠴᠦ ᠲᠤᠪᠤᠶᠢᠪᠠ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠠᠰᠠᠷ ᠤᠨ ᠬᠤᠩᠭᠢᠯ ᠢ ᠴᠡᠪᠡᠷᠯᠡᠬᠦ ᠠᠳᠠᠯ ᠠᠬᠤᠢ ᠶᠢᠨ | ᠺᠣᠮᠫᠠᠨᠢ ᠦᠭᠡᠢ᠂ ᠶᠤᠸᠠᠨ ᠯᠢᠨ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ | ᠪᠠᠶᠢᠭᠤᠯᠵᠤ᠂ ᠠᠰᠠᠷ ᠤᠨ ᠬᠤᠩᠭᠢᠯ ᠪᠦᠷᠢ ᠶᠢᠨ ᠨᠠᠮ ᠤᠨ ᠭᠡᠰᠢᠭᠦᠨ ᠪᠠ ᠵᠢᠵᠢᠭ ᠭᠤᠳᠤᠮᠵᠢ ᠪᠠᠷ ᠲᠦᠷᠦᠭᠦᠯᠡᠨ ᠠᠰᠠᠷ ᠤᠨ | ᠬᠤᠩᠭᠢᠯ ᠢ ᠴᠡᠪᠡᠷᠯᠡᠭᠦᠯᠪᠡ︔ ᠵᠢᠵᠢᠭ ᠲᠣᠭᠤᠷᠢᠭ ᠤᠨ ᠳᠣᠲᠣᠷ᠎ᠠ ᠥᠩᠭᠡᠲᠦ ᠪᠣᠯᠣᠳ ᠤᠨ ᠭᠡᠷ ᠪᠠᠶᠢᠰᠢᠩ ᠬᠡᠲᠦ ᠣᠯᠠᠨ ᠨᠢ | ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠨᠥᠯᠥᠭᠡᠯᠡᠵᠦ ᠪᠠᠶᠢᠨ᠎ᠠ᠂ ᠲᠡᠷᠡ ᠨᠠᠮ ᠤᠨ ᠭᠡᠰᠢᠭᠦᠨ ᠢ ᠡᠷᠢᠨ ᠶᠠᠷᠢᠯᠴᠠᠵᠤ | ᠨᠠᠮ ᠤᠨ ᠭᠡᠰᠢᠭᠦᠨ ᠲᠦᠷᠦᠭᠦᠯᠡᠨ ᠥᠪᠡᠷ ᠤᠨ ᠥᠩᠭᠡᠲᠦ ᠪᠣᠯᠣᠳ ᠤᠨ ᠭᠡᠷ ᠢᠶᠠᠨ ᠨᠤᠷᠠᠭᠠᠪᠠ︔ ᠰᠠᠭᠤᠭᠠᠯᠢ ᠠᠷᠠᠳ ᠤᠨ | ᠲᠣᠭᠤᠷᠢᠭ ᠤᠨ ᠬᠤᠳᠠᠯᠳᠤᠭᠠᠨ ᠤ ᠡᠷᠦᠬᠡ ᠠᠷᠤ ᠡᠭᠦᠳᠡ ᠨᠡᠭᠡᠭᠡᠵᠦ ᠬᠤᠷᠢᠶᠠᠯᠠᠯ ᠳᠤ ᠬᠤᠭ ᠨᠣᠪᠰᠢ ᠬᠠᠶᠠᠳᠠᠭ᠂ ᠲᠡᠷᠡ | ᠨᠠᠮ ᠤᠨ ᠭᠡᠰᠢᠭᠦᠨ ᠲᠠᠢ ᠪᠠᠨ ᠡᠳᠦᠷᠵᠢᠨ ᠬᠤᠳᠠᠯᠳᠤᠭᠠᠨ ᠤ ᠡᠷᠦᠬᠡ ᠳᠤ ᠠᠵᠢᠯ ᠬᠢᠵᠦ ᠠᠷᠤ ᠡᠭᠦᠳᠡ ᠶᠢ ᠨᠢ ᠬᠠᠭᠠᠯᠭᠠᠳᠠᠭ ᠁ | | ᠠᠵᠢᠯ ᠳᠤ ᠣᠷᠣᠯᠴᠠᠭᠰᠠᠨ 8 ᠵᠢᠯ ᠤᠨ ᠲᠤᠷᠰᠢ᠂ ᠶᠤᠸᠠᠨ ᠯᠢᠨ ᠤᠷᠢᠳ ᠬᠤᠵᠢᠳ ᠢ ᠪᠢᠨ ᠨᠡᠶᠢᠭᠡᠮ | ᠲᠣᠭᠤᠷᠢᠭ ᠤᠨ ᠨᠠᠮ ᠤᠨ ᠡᠭᠦᠷ᠂ ᠮᠢᠩ ᠱᠧᠩ ᠨᠡᠶᠢᠭᠡᠮ ᠲᠣᠭᠤᠷᠢᠭ ᠤᠨ ᠨᠠᠮ ᠤᠨ ᠡᠭᠦᠷ᠂ ᠮᠦᠰᠦᠲᠠᠢ ᠵᠡᠭᠡᠯᠢ ᠶᠢᠨ | ᠪᠠᠶᠢᠭᠤᠯᠤᠯᠭ᠎ᠠ ᠶᠢᠨ ᠨᠠᠮ ᠤᠨ ᠡᠭᠦᠷ᠂ ᠬᠤᠲᠠ ᠶᠢᠨ ᠡᠪᠯᠡᠯ ᠤᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠲᠤ | ᠤᠷᠢᠳ ᠬᠤᠵᠢᠳ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠵᠦ᠂ ᠪᠠᠶᠢᠭᠤᠯᠤᠯᠭ᠎ᠠ᠂ ᠵᠡᠭᠡᠯᠢ ᠭᠤᠳᠤᠮᠵᠢ ᠳᠤ ᠭᠡᠰᠡᠨ | ᠦᠭᠡᠢ᠂ ᠡᠰᠡᠬᠦᠯ᠎ᠡ ᠨᠡᠶᠢᠭᠡᠮ ᠲᠣᠭᠤᠷᠢᠭ ᠲᠤ ᠭᠡᠰᠡᠨ ᠦᠭᠡᠢ᠂ ᠲᠡᠷᠡ ᠢᠮᠠᠭᠲᠠ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠤᠨ ᠦᠢᠯᠡᠳᠦᠯ ᠢ ᠢᠳᠡᠪᠬᠢᠲᠡᠢ | ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠬᠠᠷᠢᠭᠤᠴᠠᠯᠭ᠎ᠠ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ | 8 ᠵᠢᠯ ᠤᠨ ᠳᠠᠪᠲᠠᠯᠲᠠ ᠨᠢ ᠲᠡᠭᠦᠨ ᠢ ᠣᠳᠣ ᠶᠢᠨ ︽ᠪᠢᠴᠢᠬᠠᠨ ᠱᠦᠵᠢ︾ ᠠᠴᠠ ᠨᠢ ᠣᠳᠣ ᠶᠢᠨ ᠰᠢᠯᠢᠳᠡᠭ ᠵᠠᠯᠠᠭᠤ ᠺᠠᠲᠡᠷ | ᠪᠣᠯᠭᠠᠵᠠᠶ᠃ | | | | | | ᠠᠵᠢᠯ ᠤᠨ ᠪᠠᠶᠢᠷᠢ ᠳᠠᠭᠠᠨ ᠰᠠᠭᠤᠷᠢᠯᠠᠨ ᠠᠷᠠᠳ ᠤᠨ ᠵᠣᠪᠠᠨᠢᠯ ᠢ ᠠᠷᠢᠯᠭᠠᠨ᠎ᠠ | ︽ᠶᠤᠸᠠᠨ ᠱᠦᠵᠢ ᠡ᠂ ᠯᠢ ᠡᠭᠡᠴᠢ ᠶᠢᠨ ᠡᠩᠨᠡᠭᠡ ᠮᠠᠨ ᠤ ᠬᠥᠳᠡᠯᠭᠡᠭᠡᠨ ᠤ ᠴᠠᠭ ᠢ ᠵᠠᠪᠳᠤᠨ ᠡᠵᠡᠯᠡᠵᠡᠶ︾᠂ ︽ | ᠶᠤᠸᠠᠨ ᠱᠦᠵᠢ ᠡ᠂ ᠮᠠᠨ ᠤ ᠠᠰᠠᠷ ᠤᠨ ᠲᠠᠮᠵᠢᠭᠤᠯᠬᠤ ᠬᠤᠭᠤᠯᠠᠶ ᠨᠢ ᠤᠰᠤ ᠭᠤᠭᠤᠵᠢᠪᠠ︾᠂ ︽ᠶᠤᠸᠠᠨ ᠱᠦᠵᠢ ᠡ᠂ | ᠮᠠᠨ ᠤ ᠠᠰᠠᠷ ᠳᠡᠭᠡᠷ᠎ᠡ ᠠᠴᠠ ᠴᠣᠩᠬᠤ ᠪᠠᠷ ᠳᠣᠷᠣᠭᠰᠢ ᠶᠠᠭᠤᠮ᠎ᠠ ᠬᠠᠶᠠᠵᠤ ᠪᠠᠶᠢᠨ᠎ᠠ︾ ᠁ ᠭᠡᠬᠦ ᠦᠭᠡ ᠪᠣᠯ ᠶᠤᠸᠠᠨ | ᠯᠢᠨ ᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ ᠠᠵᠢᠯᠯᠠᠵᠤ ᠪᠠᠶᠢᠬᠤ ᠬᠤᠭᠤᠴᠠᠭᠠᠨ ᠳᠤ ᠦᠷᠭᠦᠯᠵᠢ ᠣᠯᠵᠤ | ᠰᠣᠨᠣᠰᠳᠠᠭ ᠦᠭᠡ ᠮᠥᠨ᠂ ᠪᠤᠰᠤᠳ ᠬᠥᠮᠦᠨ ᠤ ᠨᠢᠳᠦᠨ ᠳᠤ ᠡᠳᠡᠭᠡᠷ ᠨᠢ ᠶᠡᠭᠡ ᠶᠠᠪᠤᠳᠠᠯ ᠪᠢᠰᠢ ᠪᠠᠶᠢᠵᠤ ᠮᠡᠳᠡᠨ᠎ᠡ᠂ | ᠭᠡᠪᠡᠴᠦ ᠲᠡᠭᠦᠨ ᠤ ᠰᠡᠳᠬᠢᠯ ᠳᠤ᠂ ᠣᠯᠠᠨ ᠲᠦᠮᠡᠨ ᠤ ︽ᠠᠷᠰᠠᠷ ᠶᠠᠪᠤᠳᠠᠯ︾ ᠪᠣᠯ ᠬᠠᠮᠤᠭ ᠤᠨ ᠶᠡᠭᠡ ᠶᠠᠪᠤᠳᠠᠯ ᠪᠣᠯᠤᠨ᠎ᠠ᠃ | | ᠬᠠᠷᠢᠶ᠎ᠠ ᠣᠷᠣᠨ ᠤ ᠣᠯᠠᠨ ᠲᠦᠮᠡᠨ ᠤ ᠬᠦᠰᠡᠯ ᠡᠷᠡᠮᠡᠯᠵᠡᠯ ᠢ ᠰᠣᠨᠣᠰᠬᠤ ᠶᠢᠨ ᠲᠥᠯᠥᠭᠡ᠂ ᠶᠤᠸᠠᠨ ᠯᠢᠨ ᠵᠡᠭᠡᠯᠢ | ᠭᠤᠳᠤᠮᠵᠢ ᠨᠡᠶᠢᠭᠡᠮ ᠲᠣᠭᠤᠷᠢᠭ ᠲᠤ ᠠᠵᠢᠯᠯᠠᠵᠤ ᠪᠠᠶᠢᠭᠰᠠᠨ 8 ᠵᠢᠯ ᠤᠨ ᠳᠣᠲᠣᠷ᠎ᠠ 2000 ᠭᠠᠷᠤᠶ ᠡᠷᠦᠬᠡ ᠳᠤ ᠬᠦᠷᠴᠦ | ᠣᠯᠠᠨ ᠲᠦᠮᠡᠨ ᠢ ᠰᠤᠷᠪᠤᠯᠵᠢᠯᠠᠭᠰᠠᠨ ᠪᠥᠭᠡᠳ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠦᠨᠳᠦᠰᠦᠯᠡᠨ᠂ ︽ᠨᠢᠭᠡ | ᠰᠡᠳᠬᠢᠯ ᠢᠶᠠᠷ ᠥᠷᠲᠡᠭᠡ ᠲᠠᠮᠵᠢᠬᠤ︾ ᠠᠷᠠᠳ ᠲᠤ ᠦᠢᠯᠡᠴᠢᠯᠡᠬᠦ ᠬᠠᠤᠯᠢ ᠶᠢ ᠪᠣᠶ ᠪᠣᠯᠭᠠᠵᠤ᠂ ᠣᠯᠠᠨ ᠲᠦᠮᠡᠨ ᠤ | ᠪᠤᠲᠠᠲᠠᠢ ᠠᠰᠠᠭᠤᠳᠠᠯ ᠶᠢ ᠰᠢᠢᠳᠪᠦᠷᠢᠯᠡᠵᠡᠢ᠃ | ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠯᠠᠷᠠᠬᠤ ᠠᠰᠠᠭᠤᠳᠠᠯ ᠢ ᠰᠢᠢᠳᠪᠦᠷᠢᠯᠡᠬᠦ ᠶᠢᠨ | ᠲᠥᠯᠥᠭᠡ᠂ ᠲᠡᠷᠡ ︽ᠨᠢᠭᠡ︾ ᠲᠤᠭ ᠳᠠᠯᠪᠠᠭ᠎ᠠ ᠨᠠᠮ ᠤᠨ ᠪᠠᠶᠢᠭᠤᠯᠤᠯᠲᠠ ᠶᠢᠨ ᠬᠥᠳᠡᠯᠦᠨ ᠳᠠᠭᠠᠭᠤᠯᠬᠤ ᠢᠨᠵᠧᠨᠧᠷᠢᠩ ᠢ | ᠬᠡᠷᠡᠭᠵᠢᠭᠦᠯᠪᠡ᠃ ᠠᠵᠤ ᠠᠬᠤᠶᠢᠯᠠᠯ ᠳᠤ ᠨᠠᠮ ᠤᠨ ᠪᠠᠶᠢᠭᠤᠯᠤᠯᠲᠠ ᠶᠢᠨ ᠬᠤᠯᠪᠣᠭᠠᠴᠢᠨ ᠲᠣᠮᠢᠯᠠᠨ ᠰᠠᠭᠤᠯᠭᠠᠬᠤ᠂ ᠨᠠᠮ ᠤᠨ | ᠪᠠᠶᠢᠭᠤᠯᠤᠯᠲᠠ ᠶᠢᠨ ᠠᠵᠢᠯ ᠢ ᠬᠤᠯᠪᠣᠭᠠᠯᠠᠨ ᠬᠢᠬᠦ᠂ ᠶᠠᠳᠠᠭᠤ ᠬᠦᠴᠢᠷᠳᠡᠯᠲᠡᠶ ᠡᠲᠡᠭᠡᠳ ᠬᠤᠯᠪᠣᠭᠠᠯᠠᠨ ᠬᠠᠪᠰᠤᠷᠬᠤ᠂ | ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠤᠯᠪᠣᠭᠠᠯᠠᠨ ᠡᠷᠬᠢᠯᠡᠬᠦ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠨᠥᠬᠦᠷᠯᠡᠯ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ | ᠬᠤᠯᠪᠣᠭ᠎ᠠ ᠶᠢ ᠪᠠᠶᠢᠭᠤᠯᠵᠤ᠂ 11 ᠬᠤᠯᠪᠣᠭᠠᠨ ᠤ ᠪᠦᠷᠢᠯᠳᠦᠬᠦᠨ ᠲᠠᠢ ᠪᠣᠯᠪᠠ᠃ ᠢᠯᠠ ᠲᠡᠰ ᠳᠠᠪᠰᠢᠭᠰᠠᠨ ᠨᠠᠮ ᠤᠨ | ᠭᠡᠰᠢᠭᠦᠨ ᠤ ᠵᠥᠪᠯᠡᠯ ᠢ ᠵᠣᠬᠢᠶᠠᠨ ᠪᠠᠶᠢᠭᠤᠯᠵᠤ᠂ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠤᠨ ᠠᠳᠠᠯ ᠠᠬᠤᠶ᠂ ᠸᠠᠩ | ᠰᠢᠶᠣᠤ ᠮᠢᠩ ᠤᠨ ᠭᠡᠷ ᠤᠨ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ 30 ᠭᠠᠷᠤᠶ ᠠᠰᠠᠭᠤᠳᠠᠯ ᠢ ᠵᠥᠪᠳᠡᠯᠴᠡᠨ | ᠰᠢᠢᠳᠪᠦᠷᠢᠯᠡᠪᠡ᠃ | ᠣᠯᠠᠨ ᠲᠦᠮᠡᠨ ᠳᠤ ᠦᠢᠯᠡᠴᠢᠯᠡᠬᠦ ᠬᠡᠪᠴᠢᠶ᠎ᠡ ᠥᠷᠭᠡᠨ ᠪᠤᠰᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠡᠷᠡ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ︽ᠰᠡᠳᠬᠢᠯ︾ ᠤᠨ ᠢᠨᠵᠧᠨᠧᠷᠢᠩ ᠢ ᠬᠡᠷᠡᠭᠵᠢᠭᠦᠯᠪᠡ᠃ ︽ᠰᠡᠳᠬᠢᠯ ᠤᠨ | ᠬᠤᠯᠪᠤᠭᠠᠰᠦ ᠬᠥᠭᠦᠷᠭᠡ︾ ᠶᠢᠨ ᠠᠷᠠᠳ ᠲᠤ ᠳᠥᠭᠦᠮ ᠦᠵᠡᠭᠦᠯᠬᠦ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ ᠤᠨ | ᠮᠡᠳᠡᠭᠳᠡᠯ᠂ ᠠᠵᠢᠯᠯᠠᠭ᠎ᠠ ᠶᠢᠨ ᠮᠡᠳᠡᠭᠳᠡᠯ ᠢ 500 ᠭᠠᠷᠤᠶ ᠵᠤᠷᠪᠤᠰ ᠶᠠᠪᠤᠭᠤᠯᠵᠤ᠂ ᠰᠠᠭᠤᠭᠠᠯᠢ ᠠᠷᠠᠳ ᠤᠨ ᠣᠷᠣᠯᠠᠨ | ᠭᠦᠢᠴᠡᠳᠭᠡᠬᠦ᠂ ᠤᠷᠢᠳᠴᠢᠯᠠᠨ ᠪᠣᠯᠵᠣᠬᠤ ᠵᠡᠷᠭᠡ ᠲᠤᠬᠠᠶᠢᠯᠠᠭᠰᠠᠨ ᠠᠵᠢᠯ ᠤᠨ ᠯᠠᠪᠯᠠᠭ᠎ᠠ ᠶᠢ 150 ᠭᠠᠷᠤᠶ ᠤᠳᠠᠭ᠎ᠠ | ᠬᠠᠩᠭᠠᠵᠠᠢ᠃ | ᠵᠢᠵᠢᠭ ᠠᠵᠤ ᠠᠬᠤᠶᠢᠯᠠᠯ ᠤᠨ ᠲᠠᠯᠠᠪᠤᠷ ᠭᠠᠵᠠᠷ ᠳᠤᠲᠠᠮᠠᠭ᠂ ᠤᠬᠠᠭᠤᠯᠭ᠎ᠠ ᠶᠢᠨ ᠠᠷᠭ᠎ᠠ ᠵᠠᠮ ᠴᠥᠭᠡᠨ ᠵᠡᠷᠭᠡ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠡᠷᠡ ᠣᠷᠣᠨ ᠰᠠᠭᠤᠴᠠ ᠠᠵᠤ ᠠᠬᠤᠶᠢᠯᠠᠯ ᠤᠨ ᠬᠠᠷᠢᠯᠴᠠᠨ ︽ᠲᠦᠰᠢᠭᠯᠡᠬᠦ | ︾ ᠬᠠᠮᠲᠤᠪᠠᠷ ᠠᠰᠢᠭ ᠬᠦᠷᠲᠡᠬᠦ ᠢᠨᠵᠧᠨᠧᠷᠢᠩ ᠢ ᠬᠡᠷᠡᠭᠵᠢᠭᠦᠯᠪᠡ᠃ ᠱᠤᠸᠠᠩ ᠯᠢ ᠬᠡᠲᠦ ᠳᠡᠯᠭᠡᠭᠦᠷ᠂ ᠠᠶ ᠰᠢᠨ | ᠬᠡᠦᠬᠡᠳ ᠤᠨ ᠴᠡᠴᠡᠷᠯᠢᠭ ᠵᠡᠷᠭᠡ ᠠᠵᠤ ᠠᠬᠤᠶᠢᠯᠠᠯ ᠲᠠᠢ ᠬᠤᠯᠪᠣᠭᠠᠯᠠᠨ 80 ᠭᠠᠷᠤᠢ ᠲᠠᠯᠠᠪᠤᠷ ᠬᠥᠳᠡᠯᠭᠡᠭᠡᠨ ᠥᠷᠨᠢᠭᠦᠯᠵᠦ᠂ | ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯ ᠵᠡᠷᠭᠡ ᠤᠬᠠᠭᠤᠯᠭ᠎ᠠ ᠶᠢᠨ ᠬᠠᠭᠤᠳᠠᠰᠤ ᠶᠢ 2000 ᠭᠠᠷᠤᠢ ᠬᠤᠪᠢ | ᠲᠠᠷᠬᠠᠭᠠᠵᠤ᠂ ᠠᠳᠠᠯ ᠠᠬᠤᠢ ᠶᠢᠨ ᠺᠣᠮᠫᠠᠨᠢ ᠬᠠᠷᠢᠶᠠᠲᠤ ᠣᠷᠣᠨ ᠤ ᠪᠠᠭᠤᠷᠠᠢ ᠬᠥᠮᠦᠰ ᠲᠤ 2 ᠤᠳᠠᠭ᠎ᠠ ᠰᠦᠢᠳᠬᠡᠯ | ᠬᠤᠷᠢᠶᠠᠬᠤ ᠦᠭᠡᠢ ᠦᠢᠯᠡᠴᠢᠯᠡᠭᠡ ᠬᠠᠩᠭᠠᠵᠤ᠂ 100 ᠭᠠᠷᠤᠢ ᠤᠳᠠᠭᠠᠨ ᠤ ᠦᠨ᠎ᠡ ᠪᠠᠭᠤᠷᠠᠭᠤᠯᠬᠤ ᠦᠢᠯᠡᠴᠢᠯᠡᠭᠡ | ᠬᠠᠩᠭᠠᠵᠠᠢ᠃ ᠲᠡᠷᠡ ᠮᠥᠷᠲᠡᠭᠡᠨ ᠢᠳᠡᠭᠡᠨ ᠤᠮᠳᠠᠭᠠᠨ ᠤ ᠲᠥᠷᠥᠯ ᠤᠨ ᠠᠵᠤ ᠠᠬᠤᠶᠢᠯᠠᠯ ᠳᠤ ︽ᠭᠠᠯ ᠲᠣᠭᠤᠭᠠᠨ ᠤ | ᠮᠡᠷᠭᠡᠵᠢᠯ ᠤᠨ ᠶᠡᠭᠡ ᠮᠥᠷᠦ᠋ᠢᠴᠡᠭᠡᠨ︾᠂ ᠰᠤᠷᠭᠠᠨ ᠬᠥᠮᠦᠵᠢᠯ ᠤᠨ ᠲᠥᠷᠥᠯ ᠤᠨ ᠠᠵᠤ ᠠᠬᠤᠶᠢᠯᠠᠯ ᠳᠤ ︽ ᠪᠦᠪᠡᠢ | ᠨᠠᠷ ᠤᠨ ᠦᠷᠢᠰᠦᠯᠳᠦᠭᠡᠨ︾ ᠵᠡᠷᠭᠡ ᠠᠵᠤ ᠠᠬᠤᠶᠢᠯᠠᠯ ᠤᠨ ᠰᠣᠶᠣᠯ ᠢ ᠤᠬᠠᠭᠤᠯᠵᠤ ᠴᠢᠳᠠᠬᠤ ᠠᠵᠢᠯᠯᠠᠭ᠎ᠠ ᠶᠢ ᠡᠷᠬᠢᠯᠡᠵᠦ | ᠥᠭᠪᠡ᠃ | ᠨᠡᠶᠢᠭᠡᠮ ᠲᠣᠭᠤᠷᠢᠭ ᠤᠨ ᠲᠠᠯᠠᠪᠤᠷ ᠴᠥᠭᠡᠨ᠂ ᠡᠩᠨᠡᠭᠡ ᠣᠯᠠᠨ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ | ᠲᠥᠯᠥᠭᠡ᠂ ᠲᠡᠷᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠥᠷᠲᠡᠭᠡ︾ ᠲᠠᠢ ᠬᠠᠷᠢᠯᠴᠠᠬᠤ ᠥᠷᠲᠡᠭᠡ ᠪᠠᠶᠢᠭᠤᠯᠪᠠ᠃ | ᠠᠳᠠᠯᠢᠪᠲᠤᠷ ᠠᠵᠢᠯᠯᠠᠭᠠᠨ ᠤ ᠡᠩᠨᠡᠭᠡ ᠶᠢ ᠨᠢᠭᠡ ᠶᠡᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠭᠠᠨ ᠨᠢᠬᠡᠳᠬᠡᠵᠦ᠂ | ᠬᠠᠷᠢᠭᠤᠴᠠᠯᠭᠠᠲᠤ ᠰᠡᠳᠬᠢᠯᠭᠡ ᠪᠠ ᠨᠡᠶᠢᠭᠡᠮ ᠤᠨ ᠶᠣᠰᠣ ᠰᠤᠷᠲᠠᠬᠤᠨ ᠤ ᠰᠡᠳᠬᠢᠯᠭᠡ ᠲᠠᠢ ᠳᠠᠭᠠᠭᠤᠯᠤᠭᠴᠢ ᠶᠢ ᠰᠣᠩᠭᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠭᠦᠯᠵᠦ᠂ ᠬᠠᠷᠢᠭᠤᠴᠠᠯᠭᠠᠲᠠᠨ ᠠᠴᠠ | ᠪᠣᠳᠠᠲᠠᠶ ᠠᠵᠢᠯᠯᠠᠭᠠᠨ ᠤ ᠴᠠᠭ ᠪᠠ ᠲᠠᠯᠠᠪᠤᠷ ᠢ ᠵᠣᠬᠢᠴᠠᠭᠤᠯᠬᠤ ᠶᠢᠨ ᠬᠠᠮᠲᠤ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠲᠦᠰᠢᠭᠯᠡᠨ ᠨᠡᠶᠢᠲᠡ ᠶᠢᠨ ᠠᠰᠠᠷᠠᠮᠵᠢ ᠶᠢᠨ ᠡᠩᠨᠡᠭᠡ ᠶᠢ ᠪᠠᠶᠢᠭᠤᠯᠵᠤ᠂ ︽ᠰᠡᠳᠬᠢᠯ ᠢ ᠣᠶᠢᠯᠠᠭᠠᠬᠤ | ᠨᠠᠶᠢᠵᠠ ᠡᠷᠢᠬᠦ︾ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠰᠤᠷᠤᠯᠭ᠎ᠠ ᠲᠡᠳᠬᠦᠵᠦ ᠬᠦᠰᠡᠯ ᠵᠡᠭᠦᠳᠦ ᠶᠢ ᠲᠡᠷᠭᠡᠯᠰᠢᠭᠦᠯᠬᠦ︾ | ᠠᠵᠢᠯᠯᠠᠭ᠎ᠠ ᠳᠤ ᠬᠦᠴᠢᠷᠳᠡᠯᠲᠡᠶ 10 ᠰᠤᠷᠤᠭᠴᠢ ᠶᠢ ᠬᠠᠪᠰᠤᠷᠤᠨ᠂ ︽ᠬᠠᠶᠢᠷ᠎ᠠ ᠰᠡᠳᠬᠢᠯᠬᠡ ᠶᠢᠨ ᠠᠯᠳᠠᠨ ᠬᠠᠶᠢᠴᠢ︾ | ᠪᠠᠷ ᠠᠯᠪᠠᠨ ᠵᠢᠷᠤᠮ ᠶᠤᠰᠤᠭᠠᠷ 100 ᠭᠠᠷᠤᠢ ᠬᠦᠴᠢᠷᠳᠡᠯᠲᠡᠶ ᠰᠠᠭᠤᠭᠠᠯᠢ ᠠᠷᠠᠳ ᠤᠨ ᠦᠰᠦ ᠶᠢ ᠨᠢ ᠵᠠᠰᠠᠨ ᠦᠭᠴᠦ᠂ | ︽ᠠᠯᠲᠠᠨ ᠮᠧᠳᠠᠯ ᠯᠧᠺᠲ᠋ᠣᠷ ᠤᠨ ᠪᠦᠯᠬᠦᠮ︾ ᠰᠦᠢᠳᠭᠡᠯ ᠬᠤᠷᠢᠶᠠᠬᠤ ᠦᠭᠡᠢ ᠮᠡᠳᠡᠯᠭᠡ ᠶᠢᠨ ᠲᠠᠶᠢᠯᠤᠮᠵᠢ 20 ᠤᠳᠠᠭ᠎ᠠ᠂ | ︽ᠠᠷᠠᠳ ᠣᠯᠠᠨ ᠤ ᠤᠷᠠᠯᠢᠭ ᠤᠨ ᠪᠦᠯᠬᠦᠮ︾ 20 ᠭᠠᠷᠤᠶ ᠤᠳᠠᠭ᠎ᠠ ᠤᠳᠬ᠎ᠠ ᠤᠷᠠᠯᠢᠭ ᠤᠨ ᠲᠣᠭᠯᠠᠯᠲᠠ ᠥᠷᠨᠢᠭᠦᠯᠪᠡ᠃ | | | | | | ︽ᠶᠠᠮᠠᠷ ᠠᠵᠢᠯ ᠬᠢᠪᠡᠯ ᠶᠠᠮᠠᠷ ᠠᠵᠢᠯ ᠢᠶᠠᠨ ᠰᠠᠶᠢᠨ ᠬᠢᠬᠦ ᠬᠡᠷᠡᠭᠲᠡᠶ︾᠂ ᠦᠨᠳᠦᠰᠦᠨ ᠱᠠᠲᠤᠨ ᠤ ᠠᠵᠢᠯᠲᠠᠨ | ᠪᠣᠯᠤᠭᠰᠠᠨ ᠤ ᠬᠤᠪᠢ ᠳᠤ᠂ ᠶᠤᠸᠠᠨ ᠯᠢᠨ ᠢᠩᠭᠢᠵᠦ ᠪᠤᠳᠤᠭᠰᠠᠨ ᠪᠦᠭᠡᠳ ᠮᠦᠨ ᠴᠦ ᠢᠩᠭᠢᠵᠦ ᠬᠢᠭᠰᠡᠨ ᠶᠤᠮ᠃ ᠲᠡᠷᠡ | ᠠᠵᠢᠯ ᠦᠢᠯᠡᠰ ᠲᠡᠭᠡᠨ ᠬᠡᠬᠦᠳᠡᠭ ᠳᠦᠭᠦᠷᠡᠩ ᠬᠦᠨ ᠬᠠᠶᠢᠷᠠᠲᠠᠶ ᠪᠠᠶᠢᠵᠤ᠂ ᠠᠵᠢᠯ ᠶᠠᠪᠤᠳᠠᠯ ᠢ ᠨᠠᠷᠢᠨ ᠬᠢᠨᠠᠮᠠᠭᠠᠶ ᠬᠢᠵᠦ᠂ | ᠯᠠᠪᠳᠠᠭᠤᠨ ᠪᠠᠲᠤᠲᠠᠶ ᠬᠥᠮᠦᠨ ᠪᠣᠯᠬᠤ ᠵᠠᠷᠴᠢᠮ ᠢ ᠪᠠᠷᠢᠮᠲᠠᠯᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠦᠨᠳᠦᠰᠦᠨ | ᠱᠠᠲᠤᠨ ᠳᠤ ᠬᠠᠶᠢᠷᠠᠲᠠᠶ ᠪᠠᠶᠢᠬᠤ᠂ ᠰᠠᠭᠤᠭᠠᠯᠢ ᠠᠷᠠᠳ ᠲᠤ ᠬᠠᠯᠠᠭᠤᠨ ᠰᠡᠳᠬᠢᠯᠭᠡ ᠲᠠᠢ ᠪᠠᠶᠢᠬᠤ ᠵᠡᠷᠭᠡ ᠶᠢ ᠪᠦᠷ ᠵᠡᠭᠡᠯᠢ | ᠭᠤᠳᠤᠮᠵᠢ ᠶᠢᠨ ᠠᠵᠢᠯ ᠦᠢᠯᠡᠰ ᠲᠤ ᠦᠭᠡ ᠳᠠᠭᠤᠨ ᠦᠭᠡᠢ ᠪᠠᠷ ᠠᠭᠤᠰᠬᠠᠨ᠂ ᠥᠪᠡᠷ ᠤᠨ ᠪᠣᠳᠠᠲᠤ ᠠᠵᠢᠯᠯᠠᠭ᠎ᠠ ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠲᠣᠳᠣᠷᠬᠠᠶᠢᠯᠠᠵᠤ ᠪᠠᠶᠢᠳᠠᠭ᠃ | | ᠢᠷᠡᠯᠲᠡ᠄ ᠬᠤᠤᠯᠢᠨ ᠭᠤᠤᠯ ᠬᠤᠲᠠ ᠶᠢᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ︽ᠬᠤᠤᠯᠢᠩᠭᠤᠤᠯ ᠤᠨ ᠬᠤᠰᠢᠭᠤᠴᠢ︾ ᠸᠢᠴᠠᠲ ᠲᠠᠪᠴᠠᠩ | | |