ᠲᠣᠭᠤᠷᠢᠭ ᠤᠨ ᠲᠦᠪ ᠢᠶᠠᠨ ᠴᠢᠩᠭ᠎ᠠ ᠰᠠᠬᠢᠵᠤ᠂ ᠷᠡᠳᠢᠤᠰ ᠤᠨ ᠬᠡᠪᠴᠢᠶ᠎ᠠ ᠪᠠᠨ ᠲᠠᠰᠤᠷᠠᠯᠳᠠ ᠦᠭᠡᠢ ᠤᠷᠳᠤᠳᠬᠠᠵᠦ᠂ ᠦᠨᠡᠨ ᠪᠣᠳᠠᠲᠠᠶ ᠠᠵᠢᠯᠯᠠᠬᠤ ᠳᠤᠮᠳᠠ ᠪᠠᠨ ᠤᠭ ᠰᠠᠨᠠᠭ᠎ᠠ ᠪᠠᠨ ᠪᠠᠳᠤᠵᠢᠭᠤᠯᠤᠨ᠎ᠠ
ᠨᠡᠶᠢᠲᠡᠯᠡᠭᠰᠡᠨ ᠴᠠᠭ᠄
2019-10-15
ᠲᠣᠭᠤᠷᠢᠭ ᠤᠨ ᠲᠦᠪ ᠢᠶᠠᠨ ᠴᠢᠩᠭ᠎ᠠ ᠰᠠᠬᠢᠵᠤ᠂ ᠷᠡᠳᠢᠤᠰ ᠤᠨ ᠬᠡᠪᠴᠢᠶ᠎ᠠ ᠪᠠᠨ ᠲᠠᠰᠤᠷᠠᠯᠳᠠ ᠦᠭᠡᠢ ᠤᠷᠳᠤᠳᠬᠠᠵᠦ᠂ ᠦᠨᠡᠨ ᠪᠣᠳᠠᠲᠠᠶ ᠠᠵᠢᠯᠯᠠᠬᠤ ᠳᠤᠮᠳᠠ ᠪᠠᠨ ᠤᠭ ᠰᠠᠨᠠᠭ᠎ᠠ ᠪᠠᠨ ᠪᠠᠳᠤᠵᠢᠭᠤᠯᠤᠨ᠎ᠠ           — — ᠬᠤᠤᠯᠢᠩᠭᠤᠤᠯ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠤᠤ ᠶᠢᠩ ᠢ ᠲᠡᠮᠳᠡᠭᠯᠡᠪᠡ

     ︽ᠠᠮᠵᠢᠯᠳᠠ ᠪᠦᠳᠦᠮᠵᠢ ᠡᠷᠳᠡᠮ ᠴᠢᠳᠠᠪᠤᠷᠢ ᠪᠠᠷ ᠪᠦᠳᠦᠮᠤᠢ᠂ ᠠᠵᠢᠯ ᠦᠢᠯᠡᠰ ᠡᠷᠳᠡᠮ ᠴᠢᠳᠠᠪᠤᠷᠢ ᠪᠠᠷ

ᠦᠬᠡᠳᠡᠯᠡᠮᠤᠢ︾᠃ ᠶᠡᠷᠦᠩᠬᠡᠶ ᠱᠦᠵᠢ ᠰᠢ ᠶᠢᠨ ᠫᠢᠩ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠳᠤ᠂ ᠨᠠᠮ ᠤᠨ ᠭᠡᠰᠢᠭᠦᠨ ᠺᠠᠳ᠋ᠷᠴᠤᠳ ᠭᠤᠤᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ᠂

ᠶᠡᠷᠦᠩᠬᠡᠶ ᠱᠠᠭᠠᠷᠳᠠᠯᠭ᠎ᠠ᠂ ᠪᠣᠳᠠᠲᠠᠶ ᠬᠠᠷᠠᠯᠲᠠ ᠶᠢ ᠪᠠᠲᠤ ᠡᠵᠡᠮᠳᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ

ᠨᠡᠪᠲᠡᠷᠡᠯᠴᠡᠭᠦᠯᠦᠨ᠂ ᠮᠡᠳᠡᠬᠦ ᠢᠲᠡᠭᠡᠬᠦ ᠬᠢᠬᠦ ᠶᠢ ᠨᠢᠭᠡᠳᠬᠡᠵᠦ᠂ ᠰᠡᠳᠬᠢᠯ ᠲᠠᠯᠪᠢᠨ ᠭᠦᠨᠵᠡᠭᠡᠶ ᠪᠥᠭᠡᠳ ᠪᠣᠳᠠᠲᠠᠶ ᠠᠵᠢᠯᠯᠠᠵᠤ᠂

ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠪᠠᠨ ᠦᠯᠦ ᠮᠠᠷᠲᠠᠨ᠂ ᠨᠠᠮᠴᠢ ᠴᠢᠨᠠᠷ ᠢᠶᠠᠨ ᠦᠯᠦ ᠮᠠᠷᠲᠠᠨ᠂ ᠣᠶᠤᠨ

ᠰᠠᠨᠠᠭ᠎ᠠ ᠪᠠᠨ ᠲᠥᠪᠯᠡᠷᠡᠭᠦᠯᠦᠨ᠂ ᠪᠣᠳᠠᠲᠠᠶ ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠬᠤ ᠬᠡᠷᠡᠭᠲᠡᠶ᠃

     ᠶᠡᠷᠦᠩᠬᠡᠶ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠨᠢᠭᠡᠳᠦᠮᠡᠯ

ᠹᠷᠣᠨᠲ ᠪᠣᠯ ᠨᠠᠮ ᠤᠨ ᠦᠢᠯᠡᠰ ᠤᠨ ᠢᠯᠠᠯᠲᠠ ᠣᠯᠬᠤ ᠶᠢᠨ ᠴᠢᠬᠤᠯᠠ ᠵᠦᠢᠯ ᠮᠥᠨ᠂ ᠡᠷᠬᠡᠪᠰᠢ ᠤᠷᠳᠤ ᠬᠤᠭᠤᠴᠠᠭ᠎ᠠ ᠪᠠᠷ

ᠪᠠᠷᠢᠮᠲᠠᠯᠠᠬᠤ ᠬᠡᠷᠡᠭᠲᠡᠶ︾ ᠭᠡᠵᠦ ᠴᠢᠬᠤᠯᠠᠴᠢᠯᠠᠪᠠ᠃ ᠡᠨᠡ ᠬᠦ ᠴᠢᠬᠤᠯᠠ ᠶᠡᠭᠡ ᠨᠤᠲᠠᠯᠠᠯᠲᠠ ᠨᠢ ᠰᠢᠨ᠎ᠡ ᠴᠠᠭ ᠦᠶ᠎ᠡ ᠶᠢᠨ

ᠨᠢᠭᠡᠳᠦᠮᠡᠯ ᠹᠷᠣᠨᠲ ᠤᠨ ᠲᠠᠨᠢᠯᠲᠠ ᠶᠢ ᠲᠣᠭᠲᠠᠭᠠᠵᠤ᠂ ᠮᠠᠨ ᠤ ᠨᠠᠮ ᠤᠨ ᠨᠢᠭᠡᠳᠦᠮᠡᠯ ᠹᠷᠣᠨᠲ ᠤᠨ ᠲᠤᠬᠠᠶ ᠲᠠᠨᠢᠯᠲᠠ ᠰᠢᠨ᠎ᠡ

ᠣᠨᠣᠯ ᠤᠨ ᠵᠤᠭᠰᠤᠯᠳᠠ ᠳᠤ ᠬᠦᠷᠦᠭᠰᠡᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠪᠠᠰᠠ ᠨᠠᠮ ᠤᠨ ᠲᠥᠷᠥ ᠪᠠᠷᠢᠬᠤ

ᠵᠢᠮ᠎ᠡ ᠶᠣᠰᠣᠨ ᠤ ᠲᠤᠬᠠᠶ ᠭᠦᠨᠵᠡᠭᠡᠶ ᠡᠵᠡᠮᠰᠢᠯ ᠢ ᠬᠠᠷᠠᠭᠤᠯᠵᠤ ᠪᠠᠶᠢᠨ᠎ᠠ᠃ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ

ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ

ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠪᠢᠳᠡ ᠰᠡᠳᠬᠢᠯ ᠲᠠᠯᠪᠢᠨ ᠰᠤᠷᠤᠯᠴᠠᠵᠤ᠂ ᠰᠡᠳᠬᠢᠯ ᠲᠠᠯᠪᠢᠨ ᠶᠠᠷᠢᠵᠤ᠂

ᠬᠦᠴᠦᠯᠡᠨ ᠬᠢᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ

ᠪᠡᠶᠡᠯᠡᠭᠦᠯᠵᠦ᠂ ᠪᠤᠳᠠᠳᠦ ᠠᠵᠢᠯᠯᠠᠭ᠎ᠠ ᠪᠣᠳᠠᠲᠤ ᠪᠦᠲᠦᠮᠵᠢ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠬᠤ

ᠬᠡᠷᠡᠭᠲᠡᠶ᠃

     ᠣᠨᠣᠯ ᠢ ᠭᠦᠨᠵᠡᠭᠡᠶ ᠰᠤᠷᠤᠯᠴᠠᠵᠤ ᠤᠭ ᠰᠠᠨᠠᠭ᠎ᠠ ᠪᠠᠨ ᠪᠠᠷᠢᠮᠲᠠᠯᠠᠨ᠎ᠠ᠃ ᠶᠡᠷᠦᠩᠬᠡᠶ ᠱᠦᠵᠢ ᠰᠢ ᠶᠢᠨ ᠫᠢᠩ᠄ ︽

ᠪᠦᠬᠦ ᠨᠠᠮ ᠤᠨ ᠶᠡᠭᠡ ᠰᠤᠷᠤᠯᠴᠠᠯᠭ᠎ᠠ ᠪᠠᠶᠢᠬᠤ ᠦᠭᠡᠢ᠂ ᠺᠠᠳ᠋ᠷ ᠤᠨ ᠶᠡᠭᠡ ᠪᠣᠯᠪᠠᠰᠤᠷᠠᠭᠤᠯᠤᠯ ᠪᠠᠶᠢᠬᠤ ᠦᠭᠡᠢ ᠪᠣᠯ ᠠᠵᠢᠯ

ᠦᠢᠯᠡᠰ ᠤᠨ ᠶᠡᠭᠡ ᠬᠥᠭᠵᠢᠯᠲᠡ ᠪᠠᠶᠢᠵᠤ ᠴᠢᠳᠠᠬᠤ ᠦᠭᠡᠢ ᠭᠡᠳᠡᠭ ᠢ ᠨᠠᠮ ᠤᠨ ᠲᠡᠤᠬᠡᠨ ᠲᠤᠷᠰᠢᠯᠭ᠎ᠠ ᠪᠠ ᠪᠣᠳᠠᠲᠤ

ᠬᠥᠭᠵᠢᠯᠲᠡ ᠴᠥᠮ ᠪᠢᠳᠡᠨ ᠳᠤ ᠬᠡᠯᠡᠵᠦ ᠥᠭᠭᠦᠭᠰᠡᠨ ᠶᠤᠮ᠃︾ ︽ᠤᠨᠤᠯ ᠤᠨ ᠰᠤᠷᠤᠯᠴᠠᠯᠭ᠎ᠠ ᠳᠤ ᠣᠯᠤᠯᠲᠠ ᠲᠠᠢ

ᠪᠠᠶᠢᠬᠤ︾ ᠪᠣᠯ ᠡᠨᠡ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠨᠢᠭᠡᠨ ᠭᠤᠤᠯ ᠬᠠᠷᠠᠯᠲᠠ ᠮᠥᠨ᠃ ︽ᠨᠢᠬᠡᠳᠦᠮᠡᠯ

ᠹᠷᠣᠨᠲ ᠤᠨ ᠰᠠᠶᠢᠨ ᠰᠠᠶᠢᠬᠠᠨ ᠴᠠᠭ ᠦᠶ᠎ᠡ᠂ ᠰᠡᠳᠬᠢᠯ ᠢᠶᠠᠨ ᠨᠢᠭᠡᠳᠬᠡᠬᠦ ᠶᠡᠭᠡ ᠬᠢᠴᠢᠶᠡᠯ ᠤᠨ ᠲᠠᠩᠬᠢᠮ︾᠂ ︽ᠨᠢᠬᠡᠳᠦᠮᠡᠯ

ᠹᠷᠣᠨᠲ ᠢ ᠣᠯᠠᠨ ᠪᠠᠷ ᠢᠶᠠᠨ ᠶᠠᠷᠢᠯᠴᠠᠬᠤ︾ ᠵᠡᠷᠭᠡ ᠶᠢ ᠡᠷᠬᠢᠯᠡᠬᠦ ᠪᠠᠷ ᠳᠠᠮᠵᠢᠭᠤᠯᠤᠨ᠂ ᠤᠯᠤᠰ ᠲᠥᠷᠥ ᠶᠢᠨ ᠣᠨᠣᠯ ᠤᠨ ︽

ᠶᠡᠭᠡ ᠰᠤᠷᠤᠯᠴᠠᠯᠭ᠎ᠠ︾ ᠶᠢ ᠤᠬᠠᠮᠰᠠᠷ ᠠᠴᠠ ᠪᠠᠨ ᠬᠢᠵᠦ᠂ ︽ᠶᠡᠭᠡ ᠰᠤᠷᠤᠯᠴᠠᠯᠭ᠎ᠠ︾ ᠪᠠᠷ ᠰᠢᠨ᠎ᠡ ᠦᠵᠡᠯ ᠰᠠᠨᠠᠭ᠎ᠠ ᠶᠢ

ᠪᠠᠬᠢᠵᠢᠭᠦᠯᠦᠨ᠂ ︽ᠶᠡᠭᠡ ᠰᠤᠷᠤᠯᠴᠠᠯᠭ᠎ᠠ︾ ᠪᠠᠷ ᠡᠷᠴᠢ ᠵᠣᠷᠢᠭ ᠢᠶᠠᠨ ᠬᠥᠪᠴᠢᠯᠡᠬᠦ᠂ ︽ᠶᠡᠭᠡ ᠰᠤᠷᠤᠯᠴᠠᠯᠭ᠎ᠠ︾ ᠪᠠᠷ

ᠰᠢᠨ᠎ᠡ ᠠᠶᠠᠨ ᠵᠠᠮ ᠢᠶᠠᠨ ᠡᠬᠢᠯᠡᠭᠦᠯᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ

 ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠣᠶᠤᠨ ᠰᠠᠨᠠᠭᠠᠨ ᠤ

ᠠᠭᠤᠯᠤᠭᠳᠠᠬᠤᠨ᠂ ᠦᠵᠡᠯ ᠰᠠᠨᠠᠭᠠᠨ ᠤ ᠭᠤᠤᠯ ᠴᠢᠮᠥᠭᠡ ᠪᠠ ᠤᠨᠤᠯ ᠤᠨ ᠬᠡᠪ ᠴᠢᠨᠠᠷ ᠢ ᠭᠦᠨᠵᠡᠭᠡᠶ ᠰᠤᠷᠤᠯᠴᠠᠨ

ᠣᠶᠢᠯᠠᠭᠠᠵᠤ᠂ ᠲᠣᠰ ᠪᠡᠶ᠎ᠡ ᠶᠢᠨ ᠣᠨᠣᠯ ᠤᠨ ᠰᠠᠭᠤᠷᠢ ᠪᠠ ᠦᠵᠡᠯ ᠰᠠᠨᠠᠭᠠᠨ ᠤ ᠰᠠᠭᠤᠷᠢ ᠪᠠᠨ ᠲᠠᠰᠤᠷᠠᠯᠲᠠ ᠦᠭᠡᠢ

ᠪᠠᠬᠢᠵᠢᠭᠦᠯᠵᠦ᠂ ᠨᠠᠮ ᠤᠨ ᠰᠢᠨ᠎ᠡ ᠣᠨᠣᠯ ᠰᠢᠨ᠎ᠡ ᠮᠡᠳᠡᠯᠭᠡ ᠶᠢ ᠢᠲᠡᠭᠡᠯ ᠪᠢᠰᠢᠷᠡᠯ ᠳᠤ ᠠᠭᠤᠰᠤᠯᠴᠠᠭᠤᠯᠵᠤ᠂ ᠰᠦᠭ

ᠰᠦᠨᠡᠰᠦᠨ ᠳᠤ ᠬᠠᠳᠠᠩᠰᠢᠭᠤᠯᠵᠤ᠂ ᠥᠪᠡᠷ ᠢ ᠪᠠᠨ ᠣᠨᠣᠯ ᠢ ᠭᠦᠨᠵᠡᠭᠡᠶ ᠰᠤᠷᠤᠯᠴᠠᠬᠤ ᠳᠤᠮᠳᠠ ᠤᠭ ᠰᠠᠨᠠᠭ᠎ᠠ ᠪᠠᠨ ᠪᠠᠲᠤ

ᠰᠠᠬᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠶᠢᠨ ᠰᠤᠷᠤᠯᠴᠠᠭᠴᠢ᠂ ᠦᠢᠯᠡᠳᠦᠯᠭᠡᠵᠢᠭᠦᠯᠦᠭᠴᠢ ᠪᠠ ᠦᠵᠡᠭᠴᠢ ᠪᠣᠯᠭᠠᠨ᠎ᠠ᠃

     ᠡᠷᠴᠢ ᠵᠣᠷᠢᠭ ᠪᠠᠨ ᠬᠦᠪᠴᠢᠯᠡᠵᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠶᠡᠷᠦᠩᠬᠡᠶ ᠱᠦᠵᠢ ᠰᠢ ᠶᠢᠨ ᠫᠢᠩ

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ

ᠮᠠᠨᠳᠤᠯᠲᠠ ᠶᠢ ᠶᠠᠭᠠᠬᠢᠭᠰᠠᠨ ᠴᠤ ᠲᠡᠶᠢᠮᠦ ᠬᠢᠯᠪᠠᠷᠬᠠᠨ ᠢᠶᠠᠷ᠂ ᠬᠡᠩᠭᠡᠷᠭᠡ ᠴᠠᠩ ᠳᠡᠯᠡᠳᠦᠭᠡᠳ ᠪᠡᠶᠡᠯᠡᠭᠦᠯᠴᠢᠬᠦ ᠪᠢᠰᠢ ᠶᠤᠮ

ᠭᠡᠵᠦ ᠴᠢᠬᠤᠯᠠᠴᠢᠯᠠᠪᠠ᠃ ᠪᠦᠬᠦ ᠨᠠᠮ ᠢᠶᠠᠷ ᠢᠶᠠᠨ ᠡᠷᠬᠡᠪᠰᠢ ᠨᠠᠩ ᠪᠡᠷᠬᠡ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠪᠠᠷ

ᠪᠡᠯᠡᠳᠬᠡᠬᠦ ᠬᠡᠷᠡᠭᠲᠡᠶ᠃ ︽ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠡᠭᠦᠷᠭᠡᠯᠡᠪᠡᠰᠦ ᠵᠣᠬᠢᠬᠤ

ᠬᠠᠷᠢᠭᠤᠴᠠᠯᠭ᠎ᠠ ᠪᠠᠨ ᠡᠭᠦᠷᠭᠡᠯᠡᠬᠦ︾ ᠪᠣᠯ ᠳᠤᠮᠳᠠᠳᠤ ᠤᠯᠤᠰ ᠤᠨ ᠡᠪ ᠬᠠᠮᠲᠤ ᠶᠢᠨ ᠡᠷᠬᠢᠮ ᠲᠡᠭᠡᠳᠦ ᠬᠡᠪ ᠰᠤᠷᠲᠠᠯ ᠪᠠ

ᠣᠶᠤᠨ ᠰᠠᠨᠠᠭᠠᠨ ᠤ ᠠᠬᠤᠶ ᠪᠠᠢᠳᠠᠯ ᠪᠣᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠂

ᠰᠡᠢᠳᠪᠦᠷᠢᠳᠦ ᠢᠯᠠᠯᠲᠠ ᠶᠢ ᠣᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ

ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠰᠢᠨ᠎ᠡ ᠠᠶᠠᠨ ᠵᠠᠮ ᠳᠤ᠂ ᠰᠢᠶᠠᠨ ︵ᠬᠤᠲᠠ︶ ᠤ ᠱᠠᠲᠤᠨ ᠤ

ᠨᠠᠮ ᠤᠨ ᠬᠤᠷᠢᠶᠠᠨ ᠤ ᠬᠠᠷᠢᠭᠤᠴᠠᠯᠭ᠎ᠠ ᠨᠠᠩ ᠬᠦᠨᠳᠦ ᠶᠡᠭᠡ᠂ ᠡᠭᠦᠷᠭᠡ ᠨᠠᠩ ᠢᠷᠠᠭᠤ ᠠᠯᠳᠠᠷᠲᠠᠶ᠂ ᠡᠭᠦᠷᠭᠡ ᠨᠠᠩ ᠨᠦᠰᠡᠷ

ᠬᠦᠨᠳᠦ ᠪᠣᠯᠪᠠ᠃  ᠬᠤᠲᠠ ᠶᠢᠨ ᠵᠠᠬ᠎ᠠ ᠳᠡᠯᠭᠡᠭᠦᠷ ᠤᠨ ᠡᠭᠦᠷᠭᠡ ᠬᠠᠷᠢᠭᠤᠴᠠᠯᠭ᠎ᠠ ᠪᠣᠯᠤᠭᠰᠠᠨ ᠤ ᠬᠤᠪᠢ ᠳᠤ᠂ ᠡᠷᠬᠡᠪᠰᠢ

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠷ

ᠬᠦᠴᠦᠯᠡᠨ ᠴᠢᠷᠮᠠᠶᠢᠵᠤ᠂ ᠰᠡᠳᠬᠢᠯ ᠳᠡᠭᠡᠨ ᠨᠠᠮ ᠢᠶᠠᠨ ᠪᠣᠳᠣᠵᠤ᠂ ᠠᠷᠠᠳ ᠲᠦᠮᠡᠨ ᠢᠶᠠᠨ ᠪᠣᠳᠣᠵᠤ᠂ ᠰᠡᠳᠬᠢᠯ ᠳᠡᠭᠡᠨ

ᠴᠡᠭᠡᠷ ᠲᠠᠢ ᠪᠠᠶᠢᠬᠤ ᠶᠢ ᠢᠮᠠᠭᠲᠠ ᠪᠠᠷᠢᠮᠲᠠᠯᠠᠵᠤ᠂ ᠢᠮᠠᠭᠲᠠ ᠤᠯᠤᠰ ᠲᠥᠷᠦ ᠶᠢᠨ ᠮᠡᠷᠭᠡᠨ ᠬᠥᠮᠦᠨ᠂ ᠬᠥᠭᠵᠢᠯᠲᠡ ᠶᠢᠨ ᠵᠠᠮ

ᠨᠡᠭᠡᠭᠡᠭᠴᠢ᠂ ᠣᠯᠠᠨ ᠲᠦᠮᠡᠨ ᠤ ᠳᠣᠲᠣᠨᠣ ᠬᠥᠮᠦᠨ ᠪᠣᠯᠵᠤ᠂ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂

ᠢᠮᠠᠭᠲᠠ ︽ᠬᠦᠴᠢᠷ ᠪᠡᠷᠬᠡᠰᠢᠶᠡᠯ ᠢ ᠢᠯᠠᠨ ᠲᠠᠪᠠᠭ᠋ᠤ ᠦᠵᠡᠯ ᠰᠠᠨᠠᠭ᠎ᠠ ᠪᠠᠨ ᠦᠴᠦᠬᠡᠨ ᠴᠦ ᠰᠤᠯᠠᠷᠠᠭᠤᠯᠤᠯ ᠦᠭᠡᠢ︾

ᠪᠠᠶᠢᠬᠤ ᠪᠠᠷᠢᠮᠲᠠᠯᠠᠯ ᠢᠶᠠᠷ ᠪᠠᠭ᠎ᠠ ᠠᠮᠵᠢᠯᠲᠠ ᠶᠢ ᠬᠤᠷᠠᠮᠳᠤᠭᠤᠯᠵᠤ᠂ ᠡᠴᠦᠰ ᠲᠡᠭᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ

ᠪᠡᠶᠡᠯᠡᠭᠦᠯᠬᠦ ᠰᠡᠢᠳᠪᠦᠷᠢᠳᠦ ᠢᠯᠠᠯᠲᠠ ᠶᠢ ᠣᠯᠬᠤ ᠠᠤᠭ᠎ᠠ ᠬᠦᠴᠦᠨ ᠢ ᠨᠢᠭᠲᠠᠷᠠᠭᠤᠯᠤᠨ᠎ᠠ᠃

     ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ︽ᠰᠠᠶᠢᠨ ᠢᠶᠠᠷ

ᠡᠬᠢᠯᠡᠵᠦ ᠰᠠᠶᠢᠨ ᠢᠶᠠᠷ ᠲᠡᠭᠦᠰᠭᠡᠭᠦ᠂ ᠰᠠᠶᠢᠨ ᠬᠢᠵᠦ ᠰᠠᠶᠢᠳᠤᠷ ᠪᠦᠳᠦᠬᠡᠬᠦ ᠶᠢ ᠪᠡᠶᠡᠯᠡᠬᠦᠯᠬᠦ ᠬᠡᠷᠡᠭᠳᠠᠢ︾᠃ ᠬᠡᠳᠦᠶ ᠤᠷᠳᠤ

ᠬᠤᠭᠤᠴᠠᠭ᠎ᠠ ᠦᠷᠭᠦᠯᠵᠢᠯᠡᠬᠦ ᠳᠣᠳᠥᠮ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠡᠳᠦᠶ ᠮᠠᠷᠲᠠᠵᠤ ᠪᠣᠯᠬᠤ ᠦᠭᠡᠢ᠂

ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠲᠡᠳᠦᠶ ᠠᠯᠳᠠᠵᠤ ᠪᠣᠯᠬᠤ ᠦᠭᠡᠢ᠂ ᠵᠢᠭᠠᠬᠠᠨ ᠵᠣᠭᠰᠣᠵᠤ᠂

ᠵᠢᠭᠠᠬᠠᠨ ᠠᠮᠠᠷᠠᠭᠠᠳ ᠠᠪᠬᠤ ᠪᠤᠳᠤᠯ ᠲᠠᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠪᠦᠬᠦ ᠬᠤᠲᠠ ᠶᠢᠨ

ᠳᠠᠭᠠᠭᠤᠯᠤᠭᠴᠢ ᠪᠣᠯᠤᠭᠰᠠᠨ ᠤ ᠬᠤᠪᠢ ᠳᠤ᠂ ᠣᠳᠣᠬᠠᠨ ᠤ ᠠᠵᠢᠯ ᠤᠨ ᠵᠣᠷᠢᠯᠲᠠ ᠪᠠ ᠲᠤᠰᠤᠯᠲᠠ ᠪᠣᠯ ᠳᠠᠷᠤᠶ ᠶᠡᠷᠦᠩᠬᠡᠶ

ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ

ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠭᠤᠤᠯ ᠰᠡᠳᠦᠪ ᠤᠨ

ᠲᠣᠭᠤᠷᠢᠨ ᠳᠤ᠂ ᠰᠢᠨ᠎ᠡ ᠴᠠᠭ ᠦᠶ᠎ᠡ ᠰᠢᠨ᠎ᠡ ᠡᠭᠦᠷᠭᠡ ᠶᠢ ᠬᠦᠴᠦᠯᠡᠨ ᠡᠵᠡᠮᠳᠡᠵᠦ᠂ ᠬᠥᠮᠦᠰ ᠤᠨ ᠰᠡᠳᠬᠢᠯ ᠬᠠᠮᠲᠤ ᠶᠢᠨ

ᠲᠠᠨᠢᠯᠲᠠ ᠶᠢ ᠲᠠᠰᠤᠷᠠᠯᠲᠠ ᠦᠭᠡᠢ ᠨᠢᠭᠲᠠᠷᠠᠭᠤᠯᠵᠤ᠂ ᠣᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ︽

ᠲᠠᠪᠤᠨ ᠬᠡᠯᠬᠢᠶ᠎ᠡ ᠳᠥᠷᠪᠡᠨ ᠲᠣᠭᠤᠷᠢᠭ ᠭᠤᠷᠪᠠᠨ ᠬᠤᠲᠠ ᠬᠤᠶᠠᠷ ᠰᠠᠭᠤᠷᠢᠨ︾ ᠢ ᠪᠦᠲᠦᠭᠡᠨ ᠪᠠᠶᠢᠭᠤᠯᠬᠤ ᠬᠠᠷᠠᠯᠲᠠ ᠶᠢ

ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠠᠪᠤᠳᠠᠯ ᠪᠣᠯᠤᠨ᠎ᠠ᠃ ᠪᠣᠳᠠᠲᠠᠶ ᠪᠠᠷ ᠬᠡᠯᠡᠪᠡᠯ᠂ ᠨᠢᠭᠡ ᠳᠤ᠂

ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠰᠠᠭᠤᠷᠢᠯᠠᠨ᠂ ᠦᠵᠡᠯ ᠰᠠᠨᠠᠭ᠎ᠠ ᠤᠯᠤᠰ ᠲᠥᠷᠥ ᠶᠢ ᠬᠥᠲᠥᠯᠥᠨ

ᠳᠠᠭᠠᠭᠤᠯᠬᠤ ᠬᠡᠷᠡᠭᠲᠡᠶ︔ ᠬᠤᠶᠠᠷ ᠲᠤ᠂ ᠬᠦᠴᠦᠨ ᠢᠶᠠᠨ ᠨᠢᠭᠲᠠᠷᠠᠭᠤᠯᠬᠤ ᠳᠤ ᠰᠠᠭᠤᠷᠢᠯᠠᠵᠤ᠂ ᠨᠡᠶᠢᠲᠡ ᠶᠢᠨ ᠥᠮᠴᠢᠯᠡᠯ ᠤᠨ

ᠪᠤᠰᠤ ᠠᠵᠤ ᠠᠬᠤᠢ ᠶᠢᠨ ︽ᠬᠤᠶᠠᠷ ᠡᠷᠡᠭᠦᠯ ᠮᠡᠨᠳᠦ︾ ᠶᠢ ᠭᠦᠨᠵᠡᠭᠡᠶᠢᠷᠡᠭᠦᠯᠬᠦ ᠬᠡᠷᠡᠭᠲᠡᠶ︔ ᠭᠤᠷᠪᠠ ᠳᠤ᠂ ᠣᠶᠤᠨ

ᠤᠬᠠᠭᠠᠨ ᠢ ᠨᠢᠭᠲᠠᠷᠠᠭᠤᠯᠬᠤ ᠳᠤ ᠰᠠᠭᠤᠷᠢᠯᠠᠵᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠡᠩᠨᠡᠭᠡ ᠶᠢ

ᠬᠦᠴᠦᠷᠬᠡᠭᠵᠢᠭᠦᠯᠬᠦ ᠬᠡᠷᠡᠭᠲᠡᠶ︔ ᠳᠥᠷᠪᠡ ᠳᠤ᠂ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠳᠤ ᠰᠠᠭᠤᠷᠢᠯᠠᠨ᠂

ᠦᠨᠳᠦᠰᠦᠲᠡᠨ ᠤ ᠪᠦᠯᠬᠦᠮᠳᠡᠯ ᠬᠢᠭᠡᠳ ᠱᠠᠰᠢᠨ ᠰᠤᠷᠲᠠᠬᠤᠨ ᠢ ᠪᠠᠲᠤ ᠪᠠᠬᠢ ᠪᠣᠯᠭᠠᠬᠤ ᠬᠡᠷᠡᠭᠲᠡᠶ︔ ᠲᠠᠪᠤ ᠳᠤ᠂ ᠬᠥᠮᠦᠰ ᠤᠨ

ᠰᠡᠳᠬᠢᠯ ᠢ ᠣᠯᠬᠤ ᠳᠤ ᠰᠠᠭᠤᠷᠢᠯᠠᠵᠤ᠂ ᠭᠠᠳᠠᠭᠠᠳᠤ ᠳᠤ ᠪᠠᠶᠢᠭ᠎ᠠ ᠨᠥᠬᠦᠷᠰᠡᠭ ᠶᠠᠪᠤᠯᠴᠠᠭ᠎ᠠ ᠪᠠᠨ ᠨᠠᠷᠢᠯᠢᠭᠵᠢᠭᠤᠯᠬᠤ ᠬᠡᠷᠡᠭᠲᠡᠶ

︔ ᠵᠢᠷᠭᠤᠭ᠎ᠠ ᠳᠤ᠂ ᠰᠠᠭᠤᠷᠢ ᠪᠠᠨ ᠴᠢᠩᠭᠠᠳᠬᠠᠵᠤ ᠦᠨᠳᠦᠰᠦ ᠪᠠᠨ ᠪᠠᠬᠢᠵᠢᠭᠦᠯᠬᠦ ᠳᠤ ᠰᠠᠭᠤᠷᠢᠯᠠᠵᠤ᠂ ᠠᠯᠪᠠᠨ

ᠪᠠᠶᠢᠭᠤᠯᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠥᠪᠡᠷ ᠤᠨ ᠪᠡᠶ᠎ᠡ ᠳᠡᠭᠡᠨ ᠬᠤᠪᠢᠰᠬᠠᠯ

ᠬᠢᠬᠦ ᠵᠣᠷᠢᠭ ᠰᠠᠨᠠᠭ᠎ᠠ ᠪᠠᠷ ︽ᠮᠢᠩᠭᠠᠨ ᠳ᠋ᠦᠩᠰᠢᠭᠤᠷ ᠤᠨ ᠬᠤᠤᠯᠢᠩᠭᠤᠤᠯ᠂ ᠠᠮᠢ ᠠᠬᠤᠢ ᠶᠢᠨ ᠬᠤᠤᠯᠢᠩᠭᠤᠤᠯ᠂ ᠵᠣᠯ

ᠵᠢᠷᠭᠠᠯᠲᠤ ᠬᠤᠤᠯᠢᠩᠭᠤᠤᠯ︾ ᠢ ᠴᠣᠭᠴᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠪᠡ᠃

    ︽ᠬᠦᠨᠳᠦ ᠠᠴᠢᠶᠠᠨ ᠳᠤ ᠬᠦᠯᠦᠭ ᠤᠨ ᠴᠢᠳᠠᠯ ᠢ ᠲᠠᠨᠢᠵᠦ᠂ ᠬᠦᠴᠢᠷ ᠤᠨ ᠡᠮᠦᠨ᠎ᠡ ᠬᠦᠮᠦᠨ ᠤ ᠵᠤᠷᠢᠭ ᠢ ᠮᠡᠳᠡᠮᠤᠢ︾

᠃ ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠪᠢᠳᠡᠨ ᠢ ᠤᠷᠮᠠᠰᠢᠭᠤᠯᠤᠨ

ᠵᠣᠷᠢᠭᠵᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠡᠷᠡᠰ ᠪᠠᠲᠤ

ᠬᠦᠰᠡᠯᠡᠩ ᠢᠲᠡᠭᠡᠯ ᠪᠢᠰᠢᠷᠡᠯ᠂ ᠴᠢᠩ ᠦᠨᠡᠨᠴᠢ ᠠᠷᠠᠳ ᠲᠦᠮᠡᠨ ᠤ ᠬᠠᠶᠢᠷ᠎ᠠ ᠰᠡᠳᠬᠢᠯᠭᠡ ᠪᠣᠯᠤᠨ ᠬᠠᠷᠢᠭᠤᠴᠠᠯᠭ᠎ᠠ

ᠡᠭᠦᠷᠭᠡᠯᠡᠬᠦ ᠵᠣᠷᠢᠭ ᠰᠠᠨᠠᠭ᠎ᠠ ᠪᠠᠷ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠴᠢᠩᠭ᠎ᠠ ᠬᠦᠴᠦᠲᠡᠶ

ᠬᠠᠷᠢᠭᠤᠴᠠᠯᠭ᠎ᠠ ᠡᠭᠦᠷᠭᠡᠯᠡᠯ ᠲᠠᠢ᠂ ᠪᠢ ᠦᠭᠡᠢ ᠬᠡᠮᠡᠬᠦ ᠣᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠶ ᠶᠢ ᠡᠷᠬᠢᠮᠯᠡᠬᠦ

ᠠᠵᠢᠯ ᠤᠨ ᠰᠤᠷᠲᠠᠯ ᠢᠶᠠᠷ ᠨᠢᠭᠡᠳᠦᠮᠡᠯ ᠹᠷᠣᠨᠲ ᠤᠨ ᠡᠯ᠎ᠡ ᠲᠠᠯ᠎ᠠ ᠶᠢᠨ ᠬᠥᠮᠦᠰ ᠤᠨ ᠰᠡᠳᠬᠢᠯ᠂ ᠣᠶᠤᠨ ᠤᠬᠠᠭᠠᠨ ᠪᠣᠯᠤᠨ

ᠬᠦᠴᠦᠨ ᠴᠢᠳᠠᠯ ᠢ ᠰᠠᠶᠢᠲᠤᠷ ᠨᠢᠭᠲᠠᠷᠠᠭᠤᠯᠵᠤ᠂ ᠬᠠᠮᠤᠭ ᠤᠨ ᠶᠡᠭᠡ ᠬᠠᠮᠤᠭ ᠤᠨ ᠭᠤᠶᠤ ᠢᠵᠢᠯᠢ ᠲᠥᠪᠲᠦ ᠲᠣᠭᠤᠷᠢᠭ ᠢ

ᠵᠢᠷᠤᠭᠯᠠᠬᠤ ᠬᠡᠷᠡᠭᠲᠡᠶ᠃

   ᠢᠷᠡᠯᠲᠡ᠄  ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ

ᠭᠡᠷ ᠤᠨ ︽ᠬᠤᠤᠯᠢᠩᠭᠤᠤᠯ ᠤᠨ ᠬᠤᠰᠢᠭᠤᠴᠢ︾  ᠸᠢᠴᠠᠲ ᠲᠠᠪᠴᠠᠩ

   

 
ᠢᠷᠡᠯᠲᠡ᠄ ︽ᠬᠤᠤᠯᠢᠩᠭᠤᠤᠯ ᠤᠨ ᠬᠤᠰᠢᠭᠤᠴᠢ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号