10 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠬᠤᠩ ᠹᠦ᠋ ᠲᠠᠯᠠᠶᠢᠬᠤᠰᠢᠭᠤ | ᠰᠤᠮᠤᠨ ᠤ ᠴᠠᠭᠳᠠᠭ᠎ᠠ ᠲᠣᠰᠬᠤᠨ᠂ ᠬᠦᠨᠳᠡᠢ ᠶᠢᠨ ᠲᠣᠰᠬᠤᠨ᠂ ᠬᠡᠷᠡᠮᠳᠦ ᠲᠣᠰᠬᠤᠨ᠂ ᠪᠠᠷᠠᠭᠤᠨ ᠪᠤᠷᠭᠠᠰᠤᠲᠠᠶ | ᠭᠠᠴᠠᠭ᠎ᠠ ᠳᠤ ᠭᠦᠨᠵᠡᠭᠡᠶᠢᠷᠡᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠤᠨ ᠠᠵᠢᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠵᠢᠭᠠᠨ | ᠵᠢᠯᠣᠭᠤᠳᠬᠤ ᠶᠢᠨ ᠬᠠᠮᠲᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠬᠡᠰᠡᠭ ᠶᠠᠳᠠᠭᠤ ᠬᠦᠴᠢᠷᠳᠡᠯᠲᠡᠶ ᠡᠷᠦᠬᠡ ᠶᠢ | ᠲᠠᠰᠢᠷᠠᠮ ᠢᠶᠠᠷ ᠰᠤᠷᠪᠤᠯᠵᠢᠯᠠᠪᠠ᠃ ᠬᠤᠲᠠ ᠶᠢᠨ ᠤᠳᠤᠷᠢᠳᠤᠯᠭ᠎ᠠ ᠪᠦᠦ ᠶᠦᠩ ᠾᠦᠢ᠂ ᠢᠦᠶ ᠬᠠᠢ ᠪᠦᠦ᠂ ᠵᠠᠩ ᠴᠢᠨ | ᠾᠦᠢ ᠵᠢᠴᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠠᠯᠠᠶᠢᠬᠤᠰᠢᠭᠤ ᠰᠤᠮᠤ ᠵᠡᠷᠭᠡ ᠬᠠᠮᠢᠶ᠎ᠠ | ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | | ᠬᠦᠷᠦᠭᠰᠡᠨ ᠭᠠᠵᠠᠷ ᠪᠣᠯᠭᠠᠨ ᠳᠤ᠂ ᠵᠠᠩ ᠬᠤᠩ ᠹᠦ᠋ ᠴᠥᠮ ᠰᠤᠮᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ | ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠲᠠᠢ ᠶᠠᠷᠢᠯᠴᠠᠵᠤ᠂ ᠮᠠᠲ᠋ᠧᠷᠢᠶᠠᠯ ᠢ ᠪᠠᠶᠢᠴᠠᠭᠠᠨ | ᠦᠵᠡᠵᠦ᠂ ᠰᠤᠮᠤ ᠭᠠᠴᠠᠭ᠎ᠠ ᠲᠣᠰᠬᠤᠨ ᠤ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ᠂ ᠶᠠᠳᠠᠭᠤ ᠶᠢ ᠲᠡᠳᠬᠦᠬᠦ | ᠠᠵᠢᠯ ᠢ ᠨᠠᠶᠢᠳᠠᠪᠤᠷᠢᠵᠢᠭᠤᠯᠤᠭᠰᠠᠨ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ︽ᠬᠤᠶᠠᠷ ᠵᠥᠪᠯᠡᠯ︾ ᠤᠨ ᠤᠳᠤᠷᠢᠳᠬᠤ ᠪᠠᠭ ᠵᠢᠴᠢ ᠮᠠᠯᠴᠢᠨ ᠲᠠᠷᠢᠶᠠᠴᠢᠨ ᠤ | ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃ | | | | | ᠵᠠᠩ ᠬᠤᠩ ᠹᠦ᠋᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠶᠢᠨ ᠵᠠᠩᠭᠢᠯᠠᠭ᠎ᠠ ᠨᠢ ᠠᠰᠠᠭᠤᠳᠠᠯ ᠡᠷᠢᠵᠦ᠂ ᠬᠦᠴᠢᠷᠳᠡᠯ ᠢ | ᠰᠢᠢᠳᠪᠦᠷᠢᠯᠡᠬᠦ ᠳᠤ ᠪᠣᠶ᠃ ᠦᠨᠡᠨ ᠠᠷᠭ᠎ᠠ᠂ ᠪᠤᠳᠠᠳᠠᠢ ᠠᠷᠭ᠎ᠠ᠂ ᠬᠠᠲᠠᠭᠤ ᠠᠷᠭ᠎ᠠ ᠭᠠᠷᠭᠠᠵᠤ᠂ ᠠᠷᠠᠳ ᠣᠯᠠᠨ ᠤ | ᠰᠡᠳᠬᠢᠯ ᠵᠣᠪᠠᠨᠢᠬᠤ ᠶᠠᠪᠤᠳᠠᠯ᠂ ᠵᠢᠷᠦᠬᠡ ᠰᠢᠮᠰᠢᠷᠡᠬᠦ ᠶᠠᠪᠤᠳᠠᠯ᠂ ᠲᠤᠷ᠎ᠠ ᠦᠭᠡᠶᠢᠴᠡᠬᠦᠯᠬᠦ ᠶᠠᠪᠤᠳᠠᠯ ᠢ ᠨᠢᠭᠡᠳ ᠨᠢᠭᠡ ᠪᠠᠷ | ᠰᠠᠶᠢᠲᠤᠷ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠨ ᠲᠠᠷᠢᠶᠠᠴᠢᠨ ᠲᠦᠮᠡᠨ ᠤ ᠢᠲᠡᠭᠡᠯ ᠪᠠ ᠳᠡᠮᠵᠢᠯᠭᠡ ᠶᠢ | ᠣᠯᠬᠤ ᠬᠡᠷᠡᠭᠲᠡᠶ᠃ ᠣᠳᠣᠬᠠᠨ ᠳᠤ᠂ ᠡᠯ᠎ᠡ ᠭᠠᠴᠠᠭ᠎ᠠ ᠲᠣᠰᠬᠤᠨ ᠤ ᠠᠵᠢᠯ ᠤᠨ ᠭᠤᠤᠯᠳᠠᠯᠭ᠎ᠠ ᠪᠣᠯ ᠬᠠᠮᠲᠤ ᠶᠢᠨ ᠠᠵᠤ | ᠠᠬᠤᠶ ᠶᠢ ᠬᠥᠭᠵᠢᠭᠦᠯᠬᠦ ᠶᠠᠪᠤᠳᠠᠯ ᠪᠣᠯᠤᠨ᠎ᠠ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠬᠤ ᠪᠣᠯ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠪᠠᠲᠤᠯᠠᠭ᠎ᠠ ᠮᠥᠨ᠂ ᠭᠤᠤᠯ ᠰᠡᠳᠦᠪᠲᠦ ᠰᠤᠷᠭᠠᠨ | ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠴᠢᠬᠤᠯᠠ ᠠᠭᠤᠯᠭ᠎ᠠ ᠮᠥᠨ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ | ᠬᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠬᠦᠯᠢᠶᠡᠬᠦ ᠥᠬᠡᠶ ᠲᠦᠰᠢᠬᠦ ᠥᠬᠡᠶ | ᠪᠠᠶᠢᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠥᠷᠥᠯ ᠵᠦᠢᠯ ᠢ ᠬᠥᠭᠵᠢᠭᠦᠯᠵᠦ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠦᠨᠳᠦᠰᠦᠨ ᠱᠠᠲᠤᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ︔ ︽ᠠᠭᠤᠯᠠ ᠤᠰᠤ ᠪᠠᠨ ᠲᠦᠰᠢᠵᠦ ᠠᠮᠢᠳᠤᠷᠠᠬᠤ︾ ᠳᠠᠭᠠᠨ ᠴᠢᠳᠠᠮᠠᠭᠠᠶ ᠪᠠᠶᠢᠵᠤ᠂ ᠲᠣᠰ | ᠲᠣᠰ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ︽ᠠᠵᠤ ᠠᠬᠤᠶᠢᠯᠠᠯ ᠢᠶᠠᠷ ᠲᠣᠰᠬᠤᠨ ᠢ ᠳᠠᠶᠢᠴᠢᠯᠠᠬᠤ᠂ | ᠲᠣᠰᠬᠤᠨ ᠢᠶᠠᠷ ᠠᠵᠤ ᠠᠬᠤᠶᠢᠯᠠᠯ ᠢ ᠠᠬᠢᠭᠤᠯᠬᠤ᠂ ᠬᠤᠤᠰ ᠴᠢᠭᠯᠡᠯ ᠢᠶᠠᠷ ᠬᠤᠯᠪᠣᠭᠠᠯᠠᠨ ᠬᠥᠳᠡᠯᠦᠯᠴᠡᠬᠦ᠂ ᠬᠠᠷᠢᠯᠴᠠᠨ | ᠠᠰᠢᠭᠲᠠᠢ ᠬᠠᠮᠲᠤᠪᠠᠷ ᠠᠰᠢᠭ ᠬᠦᠷᠲᠡᠬᠦ︾ ᠶᠡᠷᠦᠩᠬᠡᠶ ᠰᠡᠳᠬᠢᠴᠡ ᠶᠢ ᠪᠠᠷᠢᠮᠲᠠᠯᠠᠵᠤ᠂ ᠤᠶᠢᠷ᠎ᠡ ᠬᠠᠪᠢ ᠶᠢᠨ ᠠᠵᠤ | ᠠᠬᠤᠶᠢᠯᠠᠯ ᠳᠤ ᠲᠦᠰᠢᠭᠯᠡᠨ᠂ ︽ᠲᠣᠰᠬᠤᠨ ᠠᠵᠤ ᠠᠬᠤᠶᠢᠯᠠᠯ ᠬᠤᠯᠪᠣᠭᠠᠯᠠᠨ ᠪᠠᠶᠢᠭᠤᠯᠬᠤ︾ ᠶᠢ ᠬᠦᠴᠦᠯᠡᠨ ᠠᠬᠢᠭᠤᠯᠬᠤ | ᠬᠡᠷᠡᠭᠲᠡᠶ︔ ᠠᠵᠢᠯ ᠣᠯᠵᠤ ᠦᠢᠯᠡᠰ ᠪᠣᠰᠬᠠᠬᠤ ᠤᠷ᠎ᠠ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠲᠣᠰᠬᠤᠨ ᠤ | ᠠᠷᠠᠳ ᠤᠨ ᠬᠥᠳᠡᠯᠮᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠣᠯᠬᠤ ᠤᠷ᠎ᠠ ᠴᠢᠳᠠᠪᠤᠷᠢ ᠶᠢ ᠡᠵᠡᠮᠰᠢᠵᠦ᠂ ᠶᠠᠳᠠᠭᠤ | ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠨ ᠲᠤᠬᠠᠶ ᠶᠢᠨ ᠭᠠᠵᠠᠷ ᠦᠷ᠎ᠡ ᠬᠠᠪᠢ ᠳᠠᠭᠠᠨ ᠠᠵᠢᠯ ᠣᠯᠭᠤᠵᠤ᠂ ᠲᠡᠳᠡᠨ ᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠠᠷᠭ᠎ᠠ ᠵᠠᠮ ᠢ ᠥᠷᠭᠡᠳᠬᠡᠬᠦ ᠬᠡᠷᠡᠭᠲᠡᠶ︔ ᠰᠡᠳᠬᠢᠴᠡ ᠪᠠᠨ ᠤᠯᠠᠮ | ᠨᠢᠭᠡ ᠠᠯᠬᠤᠮ ᠥᠷᠭᠡᠳᠬᠡᠵᠦ᠂ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠬᠢᠭᠡᠳ | ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠵᠦ᠂ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠣᠯᠠᠨ ᠶᠠᠩᠵᠤᠯᠠᠬᠤ᠂ ᠣᠷᠣᠯᠭ᠎ᠠ ᠶᠢ ᠨᠡᠮᠡᠭᠳᠡᠭᠦᠯᠬᠦ ᠣᠯᠠᠨ | ᠡᠰᠢᠵᠢᠬᠦ ᠶᠢ ᠪᠡᠶᠡᠯᠡᠭᠦᠯᠬᠦ ᠬᠡᠷᠡᠭᠲᠡᠶ︔ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠭᠠᠴᠠᠭ᠎ᠠ ᠲᠣᠰᠬᠤᠨ ᠤ | ᠰᠤᠷᠲᠠᠯ ᠠᠷᠠᠳ ᠤᠨ ᠰᠤᠷᠲᠠᠯ ᠤᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠣᠯᠠᠨ ᠲᠦᠮᠡᠨ ᠤ | ᠰᠤᠷᠤᠯᠴᠠᠬᠤ ᠶᠢ ᠢᠳᠡᠪᠬᠢᠲᠡᠢ ᠬᠥᠲᠥᠯᠥᠨ ᠵᠢᠯᠣᠭᠤᠳᠴᠤ᠂ ᠨᠡᠶᠢᠭᠡᠮ ᠤᠨ ᠢᠳᠡᠪᠬᠢ ᠬᠦᠴᠦᠨ ᠢ ᠲᠠᠰᠤᠷᠠᠯᠲᠠ ᠦᠭᠡᠢ | ᠳᠠᠮᠵᠢᠭᠤᠯᠵᠤ᠂ ᠭᠠᠴᠠᠭ᠎ᠠ ᠲᠣᠰᠬᠤᠨ ᠤ ᠣᠶᠤᠨ ᠤ ᠪᠣᠯᠪᠠᠰᠤᠨ ᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠥᠳᠡᠭᠡ | ᠲᠣᠰᠬᠤᠨ ᠢ ᠴᠡᠴᠡᠭᠯᠡᠨ ᠬᠦᠭᠵᠢᠬᠦᠯᠦᠨ᠎ᠡ ᠃ | ᠵᠠᠩ ᠬᠤᠩ ᠹᠦ᠋᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠦ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠥᠭᠵᠢᠯᠲᠡ ᠶᠢᠨ ᠡᠭᠦᠷᠭᠡ ᠶᠢ ᠨᠢᠭᠲᠠ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠡᠮᠦᠨ᠎ᠡ ᠹᠷᠣᠨᠲ ᠲᠤ ᠭᠦᠨᠵᠡᠭᠡᠶᠢᠷᠡᠨ᠂ ᠠᠰᠠᠭᠤᠳᠠᠯ ᠭᠡᠮ ᠰᠣᠭᠤᠭ ᠢ ᠰᠢᠢᠳᠪᠦᠷᠢᠯᠡᠵᠦ᠂ ᠪᠣᠳᠠᠲᠠᠶ ᠠᠷᠭ᠎ᠠ ᠬᠡᠮᠵᠢᠶ᠎ᠡ | ᠬᠠᠲᠠᠭᠤ ᠠᠷᠭ᠎ᠠ ᠶᠢ ᠲᠣᠭᠲᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠤᠤᠯ ᠰᠡᠳᠦᠪᠲᠦ | ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠣᠯᠠᠨ ᠲᠦᠮᠡᠨ ᠳᠤ ᠭᠤᠤᠯ ᠰᠡᠳᠦᠪᠲᠦ ᠬᠥᠮᠦᠵᠢᠯ ᠤᠨ | ᠠᠪᠴᠢᠷᠠᠭᠰᠠᠨ ᠭᠤᠤᠯ ᠰᠡᠳᠦᠪ᠂ ᠰᠢᠨ᠎ᠡ ᠬᠤᠪᠢᠷᠠᠯᠲᠠ ᠶᠢ ᠦᠨᠡᠨᠬᠦ ᠮᠡᠳᠡᠷᠡᠭᠦᠯᠦᠨ᠎ᠡ᠃ | | | | | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠠᠩ ᠬᠤᠩ ᠹᠦ᠋ ᠪᠠᠰᠠ ᠴᠠᠭᠳᠠᠭ᠎ᠠ ᠲᠣᠰᠬᠤᠨ ᠤ ᠠᠷᠠᠳ ᠯᠢᠦ ᠱᠣ᠋ | ᠵᠢᠶᠦ᠋ᠨ᠂ ᠬᠡᠷᠡᠮᠳᠦ ᠲᠣᠰᠬᠤᠨ ᠤ ᠰᠦᠩ ᠬᠠᠢ᠂ ᠪᠠᠷᠠᠭᠤᠨ ᠪᠤᠷᠭᠠᠰᠤᠲᠠᠶ ᠭᠠᠴᠠᠭ᠎ᠠ ᠶᠢᠨ ᠵᠠᠩ ᠢᠦᠶ ᠬᠤᠸᠠ ᠭᠤᠷᠪᠠᠨ | ᠡᠷᠦᠬᠡ ᠶᠢᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠬᠦᠷᠴᠦ᠂ ᠲᠡᠳᠡᠨ ᠤ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ᠂ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠡᠳᠡᠨ ᠤ ᠢᠲᠡᠭᠡᠯ ᠵᠣᠷᠢᠭ ᠢᠶᠠᠨ | ᠬᠥᠪᠴᠢᠯᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠠᠶᠠᠰᠤᠩᠭᠤᠶ ᠰᠡᠳᠬᠢᠴᠡ ᠪᠠᠷ ᠠᠮᠢᠳᠤᠷᠠᠯ ᠳᠤ ᠢᠳᠡᠪᠬᠢᠲᠡᠢ | ᠬᠠᠨᠳᠤᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠪᠰᠤᠷᠤᠯᠭ᠎ᠠ ᠪᠠ ᠲᠣᠰ ᠪᠡᠶ᠎ᠡ ᠶᠢᠨ ᠴᠢᠷᠮᠠᠶᠢᠯᠭ᠎ᠠ ᠪᠠᠷ ᠡᠷᠲᠡᠬᠡᠨ | ᠣᠷᠣᠯᠭ᠎ᠠ ᠪᠠᠨ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠬᠤ ᠶᠢ ᠵᠣᠷᠢᠭᠵᠢᠭᠤᠯᠪᠠ᠃ | | ᠰᠤᠷᠪᠤᠯᠵᠢᠯᠠᠭᠴᠢ᠄ ᠮᠸᠢ ᠯᠢ ᠤᠷᠴᠢᠭᠤᠯᠤᠭᠴᠢ᠄ ᠳ᠋ᠠᠢ ᠮᠠᠨᠰᠢ |