ᠤᠭ ᠰᠠᠨᠠᠭ᠎ᠠ ᠪᠠᠨ ᠡᠷᠢᠯᠬᠢᠯᠡᠵᠦ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠢ ᠰᠢᠨ᠎ᠡ ᠴᠠᠭ ᠦᠶ᠎ᠡ ᠲᠠᠢ ᠨᠢᠭᠲᠠ ᠤᠶᠠᠯᠳᠤᠭᠤᠯᠬᠤ ᠶᠢ ᠲᠦᠯᠬᠢᠨ ᠠᠬᠢᠭᠤᠯᠤᠶ᠎ᠠ | | | | | | ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠴᠡᠩᠭᠡᠯᠲᠦ | | ᠣᠳᠣᠬᠠᠨ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠠᠵᠢᠯᠯᠠᠭ᠎ᠠ ᠶᠠᠭ ᠢᠳᠡ ᠬᠥᠭ ᠲᠠᠢ ᠶᠠᠪᠤᠭᠳᠠᠵᠤ ᠪᠠᠶᠢᠨ᠎ᠠ᠃ ᠨᠠᠮ ᠳᠤ ᠣᠯᠠᠨ ᠵᠢᠯ | ᠬᠥᠮᠦᠵᠢᠭᠦᠯᠦᠭᠳᠡᠭᠰᠡᠨ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠪᠢᠳᠡᠨ ᠳᠤ ᠴᠠᠭ ᠦᠶ᠎ᠡ ᠶᠢᠨ | ᠶᠡᠭᠡ ᠬᠤᠪᠢᠰᠤᠯᠲᠠ ᠲᠤᠯᠭᠠᠷᠠᠵᠤ ᠪᠠᠶᠢᠭ᠎ᠠ ᠥᠨᠥᠳᠥᠷ᠂ ᠪᠦᠬᠦ ᠨᠠᠮ ᠤᠨ ᠬᠡᠪᠴᠢᠶᠡᠨ ᠳᠤ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠢᠬᠤᠯᠠ ᠴᠢᠨᠠᠷ᠂ | ᠲᠤᠯᠭᠠᠮ᠎ᠠ ᠴᠢᠨᠠᠷ ᠪᠠ ᠴᠢᠬᠤᠯᠠ ᠴᠢᠨᠠᠷ ᠢ ᠥᠷᠨᠢᠭᠦᠯᠪᠡ᠃ ᠡᠶᠢᠮᠦ ᠪᠤᠯᠬᠤᠷ᠂ ᠪᠢᠳᠡ ᠲᠤᠰ ᠤᠳᠠᠭ᠎ᠠ ᠶᠢᠨ ᠭᠤᠤᠯ | ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠬᠦᠨᠳᠦ ᠴᠢᠬᠤᠯᠠ ᠠᠯᠤᠰ ᠬᠡᠲᠦ ᠶᠢᠨ ᠲᠡᠤᠬᠡᠳᠦ ᠠᠴᠢ ᠬᠤᠯᠪᠣᠭᠳᠠᠯ ᠢ | ᠬᠦᠢᠴᠡᠳ ᠣᠶᠢᠯᠠᠭᠠᠬᠤ ᠬᠡᠷᠡᠭᠲᠡᠶ᠂ ᠳᠠᠷᠤᠶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠵᠦ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢ ᠠᠬᠢᠭᠤᠯᠵᠤ᠂ ᠨᠠᠮ ᠪᠣᠯᠤᠨ ᠠᠷᠠᠳ ᠣᠯᠠᠨ ᠤ ᠮᠢᠬ᠎ᠠ ᠴᠢᠰᠤᠨ ᠤ ᠬᠠᠷᠢᠯᠴᠠᠭ᠎ᠠ ᠶᠢ ᠪᠠᠲᠤᠯᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠳᠣᠲᠣᠭᠠᠳᠤ ᠬᠡᠷᠡᠭᠴᠡᠭᠡ᠂ ᠨᠠᠩ | ᠴᠤ ᠬᠤᠶᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠮᠠᠨ ᠤ ᠨᠠᠮ ᠢᠶᠠᠨ ᠨᠠᠩ ᠪᠠᠲᠤ ᠪᠠᠬᠢ ᠪᠣᠯᠭᠠᠨ | ᠪᠦᠲᠦᠭᠡᠨ ᠪᠠᠶᠢᠭᠤᠯᠬᠤ᠂ ᠬᠤᠤᠯᠢᠩᠭᠤᠤᠯ ᠤᠨ ᠴᠤ᠋ ᠰᠢᠨ᠎ᠡ ᠡᠬᠢᠯᠡᠯᠳᠡ ᠶᠢᠨ ᠴᠡᠭ ᠠᠴᠠ ᠰᠢᠨ᠎ᠡ ᠲᠡᠭᠦᠯᠢᠯᠳᠡ᠂ ᠰᠢᠨ᠎ᠡ | ᠬᠥᠭᠵᠢᠯᠲᠡ ᠶᠢ ᠪᠡᠶᠡᠯᠡᠭᠦᠯᠬᠦ ᠶᠢᠨ ᠴᠢᠩᠭ᠎ᠠ ᠬᠡᠷᠡᠭᠴᠡᠭᠡ ᠪᠣᠯᠤᠨ᠎ᠠ᠃ | ᠤᠭ ᠰᠠᠨᠠᠭᠠᠨ ᠤ ᠮᠥᠷᠳᠡᠯᠭᠡ | ᠤᠭ ᠰᠠᠨᠠᠭ᠎ᠠ ᠪᠠᠨ ᠦᠯᠦ ᠮᠠᠷᠲᠠᠪᠠᠯ ᠰᠠᠶ᠋ᠢ ᠡᠴᠦᠰ ᠤᠨ ᠢᠯᠠᠯᠲᠠ ᠶᠢ ᠣᠯᠵᠤ ᠴᠢᠳᠠᠨ᠎ᠠ᠃ ᠣᠯᠠᠨ ᠤ ᠮᠡᠳᠡᠭᠡᠵᠢ ᠪᠠᠷ᠂ | ᠠᠷᠠᠳ ᠲᠦᠮᠡᠨ ᠢᠶᠠᠷ ᠭᠤᠤᠯ ᠪᠣᠯᠭᠠᠬᠤ ᠣᠶᠢᠯᠠᠭᠠᠭᠳᠠᠬᠤᠨ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠠᠮᠢ | ᠠᠬᠤᠶ ᠶᠢ ᠵᠠᠰᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠬᠦᠴᠦᠲᠡᠶ | ᠠᠷᠭ᠎ᠠ ᠬᠡᠮᠵᠢᠶ᠎ᠡ ᠠᠪᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠯᠤᠲᠤ ᠶᠡᠭᠡ ᠡᠭᠦᠳᠦᠯᠲᠡ ᠨᠢ | ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠩᠭᠡᠷᠡᠭᠰᠡᠨ ᠴᠠᠭ ᠤᠨ | ᠵᠠᠮ ᠢᠶᠠᠨ ᠦᠯᠦ ᠮᠠᠷᠲᠠᠬᠤ᠂ ᠦᠨᠳᠦᠰᠦᠲᠡᠨ ᠢᠶᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ ᠴᠢᠷᠮᠠᠶᠢᠬᠤ ᠬᠠᠶᠢᠷ᠎ᠠ | ᠰᠡᠳᠬᠢᠯᠭᠡ ᠪᠣᠯᠤᠨ ᠤᠭ ᠰᠠᠨᠠᠭ᠎ᠠ ᠪᠠᠨ ᠢᠯᠡᠷᠡᠭᠦᠯᠪᠡ᠃ | 1840 ᠣᠨ ᠳᠤ᠂ ᠥᠷᠥᠨᠡᠳᠠᠬᠢᠨ ᠤ ᠬᠥᠷᠥᠩᠭᠡ ᠶᠢᠨ ᠬᠤᠷᠠᠮᠳᠤᠭᠤᠯᠤᠯ ᠪᠠ ᠵᠠᠬ᠎ᠠ ᠳᠡᠯᠭᠡᠭᠦᠷ ᠤᠨ ᠥᠷᠭᠡᠳᠬᠡᠯ ᠬᠢᠬᠦ | ᠬᠦᠰᠡᠯ ᠲᠠᠴᠢᠶᠠᠯ ᠨᠢ ᠵᠠᠯᠭ᠎ᠠ ᠵᠠᠯᠭ᠎ᠠ ᠪᠠᠷ ᠪᠣᠯᠪᠠᠰᠤᠨ ᠳᠦᠷᠢ ᠭᠡᠭᠴᠢ ᠶᠢ ᠨᠢ ᠤᠷᠠᠵᠤ ᠬᠠᠶᠠᠭᠠᠳ᠂ ︽ᠲᠩᠷᠢᠯᠢᠭ | ᠲᠥᠷᠥ ᠶᠢᠨ ᠲᠣᠮᠣ ᠤᠯᠤᠰ︾ ᠤᠨ ᠬᠡᠢ ᠬᠤᠭᠤᠰᠣᠨ ᠬᠦᠰᠡᠯ ᠵᠡᠭᠦᠳᠦ ᠪᠠᠷ ᠦᠯᠢᠶᠡᠨ ᠰᠦᠢᠷᠡᠬᠦᠯᠵᠦ᠂ ᠡᠨᠡ ᠬᠦ ᠡᠷᠲᠡᠨ ᠤ | ᠳᠣᠷᠣᠨᠠᠳᠠᠬᠢᠨ ᠤ ᠬᠠᠭᠠᠨᠲᠤ ᠤᠯᠤᠰ ᠡᠭᠦᠨ ᠠᠴᠠ ᠠᠪᠤᠭᠠᠳ ᠬᠠᠭᠠᠰ ᠺᠣᠯᠣᠨᠢ ᠬᠠᠭᠠᠰ ᠹᠸᠤᠳᠠᠯ ᠪᠣᠯᠵᠤ᠂ ᠤᠯᠤᠰ | ᠣᠷᠣᠨ ᠨᠢ ᠲᠤᠭᠳᠠᠭᠤᠨ ᠦᠭᠡᠢ ᠪᠣᠯᠵᠤ᠂ ᠭᠠᠵᠠᠷ ᠰᠠᠢ ᠦᠭᠡᠢ ᠭᠠᠰᠠᠯᠠᠩ ᠢᠶᠠᠷ ᠳᠦᠭᠦᠷᠴᠦ᠂ ᠠᠷᠠᠳ ᠢᠷᠭᠡᠳ | ᠠᠮᠢᠳᠤᠷᠠᠬᠤ ᠶᠢᠨ ᠠᠷᠭ᠎ᠠ ᠦᠭᠡᠢ ᠪᠣᠯᠵᠤ᠂ ︽ᠭᠤᠨᠢᠭᠲᠤ ᠶᠢᠷᠲᠢᠨᠴᠦ︾ ᠶᠢ ᠪᠢᠴᠢᠭᠰᠡᠨ ᠢᠦᠢ ᠬᠦᠸᠧ ᠴᠦ ᠭᠠᠶᠢᠬᠠᠯ | ᠲᠦᠷᠦᠬᠦᠯᠦᠭᠰᠡᠨ ᠶᠤᠮ᠃ | ᠵᠣᠯ ᠢᠶᠠᠷ᠂ ︽ᠪᠤᠭᠳᠠ ᠳᠡᠭᠡᠳᠦᠰ︾ ᠥᠨᠢᠳᠡ ᠪᠠᠯᠠᠷᠠᠰᠢ ᠦᠭᠡᠢ᠂ ᠦᠪᠡᠷ ᠢ ᠪᠠᠨ ᠬᠦᠴᠦᠷᠬᠡᠭᠵᠢᠬᠦᠯᠦᠨ ᠰᠢᠨ᠎ᠡ ᠢ | ᠡᠭᠦᠳᠬᠦ ᠦᠵᠡᠯ ᠰᠠᠨᠠᠭ᠎ᠠ ᠴᠢᠰᠤᠨ ᠳᠤᠨᠢ ᠰᠢᠩᠭᠡᠭᠡᠭᠳᠡᠵᠦ ᠶᠠᠰᠤᠨ ᠳᠤᠨᠢ ᠰᠡᠶᠢᠯᠦᠭᠳᠡᠭᠰᠡᠨ ᠲᠤᠮᠳᠠᠳᠦ ᠶᠢᠨ ᠦᠨᠳᠦᠰᠦᠳᠡᠨ | ᠨᠦᠭᠦᠳ ᠂ ︽ᠦᠷ᠎ᠡ ᠬᠤᠶᠢᠴᠢᠰ ᠨᠢ ᠲᠠᠰᠤᠷᠠᠭᠰᠠᠨ ᠦᠭᠡᠢ︾᠂ ︽ ᠰᠣᠶᠣᠯ ᠪᠣᠯᠪᠠᠰᠤᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠵᠡᠷᠭᠡ ᠪᠤᠶᠢᠳᠠ ᠪᠥᠭᠯᠡᠭᠦᠤ ᠭᠠᠵᠠᠷ ᠲᠤ ᠲᠠᠷᠬᠠᠭᠠᠭᠰᠠᠨ︾᠃ ᠲᠤᠭ᠎ᠠ ᠲᠣᠮᠰᠢ ᠦᠭᠡᠢ ᠴᠢᠩ ᠵᠣᠷᠢᠭᠲᠠᠨ | ᠲᠡᠤᠬᠡ ᠰᠤᠳᠤᠷ ᠨᠣᠮ ᠪᠢᠴᠢᠭ ᠢ ᠳᠡᠯᠭᠡᠷᠡᠭᠦᠯᠵᠦ᠂ ᠲᠣᠯᠣᠭᠠᠶ ᠦᠨᠳᠡᠶᠢᠨ ︽ᠨᠢᠳᠦ ᠨᠡᠬᠡᠬᠡᠵᠦ ᠳᠡᠯᠡᠬᠡᠶ ᠳ᠋ᠠᠬᠢᠨ ᠢ ᠪᠠᠷᠠᠭᠠᠯᠠᠨ︾ | ᠪᠠᠶᠠᠨ ᠬᠦᠴᠦᠷᠬᠡᠭ ᠤᠯᠤᠰ ᠤᠨ ᠠᠶᠠᠨ ᠵᠠᠮ ᠢ ᠡᠷᠢᠯᠬᠢᠯᠡᠪᠡ᠃ ᠠᠬᠠᠮᠠᠳ ᠦᠶ᠎ᠡ ᠶᠢᠨ ᠬᠢᠨ ᠠᠯᠢ ᠤᠯᠠᠨ ᠬᠦᠴᠢᠷ | ᠪᠡᠷᠬᠡᠰᠢᠶᠡᠯ ᠢ ᠲᠤᠭᠤᠯᠵᠦ᠂ ᠬᠠᠷᠰᠢ ᠰᠠᠭᠠᠳ ᠢ ᠢᠯᠠᠨ ᠳᠠᠪᠠᠵᠤ᠂ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ | ᠡᠷᠢᠯᠬᠢᠯᠡᠬᠦ ᠵᠠᠮ ᠪᠣᠯ ᠭᠡᠭᠡᠨ ᠰᠠᠷᠠᠭᠤᠯ ᠳᠠᠷᠳᠠᠩ ᠵᠠᠮ ᠤᠭᠲᠤ ᠪᠢᠰᠢ ᠶᠤᠮ᠂ ᠲᠠᠢ ᠫᠢᠩ ᠲᠢᠶᠠᠨ ᠬᠦᠸᠧ ᠶᠢᠨ ᠬᠦᠳᠡᠯᠬᠡᠬᠡᠨ | ᠂ ᠭᠠᠳᠠᠭᠠᠳᠤ ᠶᠢ ᠳᠠᠭᠤᠷᠢᠶᠠᠬᠤ ᠬᠥᠳᠡᠯᠭᠡᠭᠡᠨ᠂ ᠰᠢᠷ᠎ᠠ ᠨᠣᠬᠠᠶ ᠵᠢᠯ ᠤᠨ ᠬᠠᠤᠯᠢ ᠶᠢᠨ ᠥᠭᠡᠷᠡᠴᠢᠯᠡᠯᠲᠡ᠂ ᠴᠠᠭᠠᠭᠴᠢᠨ ᠭᠠᠭ᠋ᠠᠶ | ᠵᠢᠯ ᠤᠨ ᠬᠤᠪᠢᠰᠬᠠᠯ ᠵᠡᠷᠭᠡ ᠨᠢ ᠴᠥᠮ ᠢᠯᠠᠭᠳᠠᠯ ᠳᠤ ᠤᠴᠠᠷᠠᠵᠤ᠂ ᠤᠯᠤᠰ ᠣᠷᠣᠨ ᠤ ᠶᠠᠳᠠᠭᠤ ᠪᠠᠭᠤᠷᠠᠶ᠂ ᠰᠠᠷᠨᠢᠵᠦ | ᠪᠤᠳᠠᠷᠠᠭᠰᠠᠨ ᠳᠦᠷᠰᠦ ᠪᠠᠶᠢᠳᠠᠯ ᠨᠢ ᠮᠥᠨ ᠯᠡ ᠤᠤᠯ ᠬᠡᠪ ᠢᠶᠠᠷ ᠢᠶᠠᠨ ᠪᠠᠶᠢᠪᠠ᠃ ᠢᠩᠭᠢᠭᠡᠳ᠂ ᠲᠡᠤᠬᠡ ᠶᠢᠨ ᠤᠬᠠᠭᠠᠨᠲᠠᠨ | ᠵᠢᠶᠠᠩ ᠲᠢᠩ ᠢᠦᠶ 1938 ᠣᠨ ᠳᠤ ᠡᠷᠡᠨ ᠵᠠᠭᠤᠨ ᠤ ᠠᠰᠠᠭᠤᠯᠳᠠ ᠶᠢ ᠲᠤᠷᠠᠳᠪᠠ᠄ ᠶᠠᠮᠠᠷ ᠵᠠᠮ ᠢᠶᠠᠷ ᠦᠨᠳᠦᠰᠦᠲᠡᠨ ᠤ | ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠵᠦ ᠴᠢᠳᠠᠬᠤ ᠪᠤᠢ︖ ᠶᠠᠮᠠᠷ ᠶᠠᠩᠵᠤ ᠶᠢᠨ | ᠵᠠᠮ ᠨᠢ ᠤᠯᠤᠰ ᠣᠷᠣᠨ ᠪᠠᠶᠠᠵᠢᠨ ᠬᠦᠴᠦᠷᠬᠡᠭᠵᠢᠵᠦ᠂ ᠠᠷᠠᠳ ᠲᠦᠮᠡᠨ ᠪᠠᠶᠠᠵᠢᠨ ᠴᠢᠨᠡᠭᠡᠯᠢᠭᠵᠢᠵᠦ ᠴᠢᠳᠠᠬᠤ ᠪᠣᠶ︖ | ᠶᠠᠮᠠᠷ ᠶᠠᠩᠵᠤ ᠶᠢᠨ ᠵᠠᠮ ᠨᠢ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠵᠦ᠂ ᠳᠤᠮᠳᠠᠳᠤ | ᠤᠯᠤᠰ ᠢ ᠬᠥᠲᠥᠯᠥᠨ ᠳᠠᠭᠠᠭᠤᠯᠵᠤ ᠳᠡᠯᠡᠬᠡᠶ ᠶᠢᠨ ᠲᠡᠷᠢᠭᠦᠨ ᠤ ᠡᠩᠨᠡᠭᠡᠨ ᠳᠤ ᠣᠷᠣᠭᠤᠯᠵᠤ ᠴᠢᠳᠠᠬᠤ ᠪᠣᠶ︖ | ᠠᠭᠤᠯᠠ ᠳᠠᠪᠬᠤᠷᠯᠠᠨ ᠤᠰᠤ ᠬᠥᠨᠳᠡᠯᠢᠰᠴᠦ ᠵᠠᠮ ᠬᠠᠭᠠᠭᠳᠠᠬᠤᠶᠠ᠂ ᠤᠳᠠ ᠪᠥᠷᠲᠥᠯᠵᠡᠨ ᠴᠡᠴᠡᠭ ᠢᠯᠡᠷᠡᠵᠦ ᠨᠢᠭᠡᠨ | ᠲᠣᠰᠬᠤᠨ ᠬᠠᠷᠠᠭᠳᠠᠨ᠎ᠠ᠃ ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠳᠠᠭᠤᠨ ᠨᠢ ᠰᠢᠨᠵᠢᠯᠡᠬᠦ ᠤᠬᠠᠭᠠᠨ ᠤ ᠨᠡᠶᠢᠭᠡᠮ | ᠵᠢᠷᠤᠮ ᠨᠢ ᠣᠨᠣᠯ ᠠᠴᠠ ᠪᠣᠳᠠᠲᠤ ᠠᠬᠤᠶ ᠪᠣᠯᠵᠤ᠂ ᠳᠡᠯᠡᠬᠡᠶ ᠶᠢᠨ ᠨᠢᠭᠡ ᠡᠰᠢᠳᠦ ᠲᠦᠷᠢᠮ ᠨᠢ ᠲᠦᠢᠯᠪᠤᠷᠢᠲᠠᠶ ᠬᠤᠪᠢᠷᠠᠵᠤ᠂ | ᠦᠭᠡᠶᠢᠭᠦᠤ ᠠᠩᠭᠢ ᠨᠢ ᠭᠢᠨᠵᠢ ᠠᠴᠠ ᠮᠤᠯᠲᠤᠷᠠᠨ ᠭᠠᠷᠴᠤ᠂ ᠪᠦᠬᠦ ᠳᠡᠯᠡᠬᠡᠶ ᠶᠢ ᠡᠵᠡᠯᠡᠬᠦ ᠬᠦᠴᠦᠷᠬᠡᠭ ᠶᠡᠭᠡ ᠵᠡᠪᠰᠡᠭ ᠲᠠᠢ | ᠪᠣᠯᠤᠭᠰᠠᠨ ᠢ ᠲᠤᠩᠬᠠᠭᠯᠠᠭᠰᠠᠨ ᠪᠠᠶᠢᠨ᠎ᠠ᠃ 1921 ᠤᠨ ᠤ ᠵᠤᠨ ᠤ ᠤᠯᠠᠷᠢᠯ ᠳᠤ᠂ ᠴᠤᠭ ᠵᠢᠪᠬᠤᠭ᠎ᠠ ᠪᠠᠳᠠᠷᠠᠩᠭᠤᠶ 13 | ᠵᠠᠯᠠᠭᠤ ᠱᠠᠩᠬᠠᠶ ᠪᠣᠯᠤᠨ ᠵᠢᠶᠠᠰᠢᠩ ᠤᠨ ᠨᠠᠨ ᠬᠤ᠋ ᠨᠠᠭᠤᠷ ᠲᠤ ᠴᠤᠭᠯᠠᠷᠠᠵᠤ᠂ ︽ᠡᠪ ᠬᠠᠮᠲᠤ ᠨᠠᠮ ᠮᠡᠨᠳᠦᠯᠡᠵᠦ ᠠᠵᠢᠯᠴᠢᠨ | ᠲᠠᠷᠢᠶᠠᠴᠢᠨ ᠢ ᠬᠥᠲᠥᠯᠥᠨ ᠵᠢᠯᠣᠭᠤᠳᠬᠤ︾ ᠠᠭᠤᠤ ᠶᠡᠭᠡ ᠲᠤᠤᠯᠢᠰ ᠤᠨ ᠣᠷᠣᠰᠢᠯ ᠢ ᠪᠢᠴᠢᠭᠯᠡᠵᠦ᠂ ᠲᠡᠷᠡ ᠬᠦ ᠬᠦᠴᠦᠷᠬᠡᠭ | ᠤᠯᠤᠰ ᠤᠨ ᠬᠦᠨᠳᠦ ᠡᠭᠦᠷᠭᠡ ᠶᠢ ᠠᠴᠢᠶᠠᠯᠠᠭᠰᠠᠨ ᠤᠯᠠᠭᠠᠨ ᠣᠩᠭᠤᠴᠠ ᠳᠠᠪᠠᠯᠭᠠᠨ ᠢ ᠵᠦᠰᠦᠨ ᠤᠷᠤᠭᠰᠢᠯᠠᠬᠤ ᠠᠶᠠᠨ ᠢᠶᠠᠨ | ᠡᠬᠢᠯᠡᠭᠦᠯᠪᠡ᠃ ᠨᠠᠨ ᠴᠠᠩ ᠤᠨ ᠪᠤᠰᠤᠯᠭ᠎ᠠ ᠠᠴᠠ ᠵᠢᠩ ᠭᠠᠩ ᠱᠠᠨ ᠤ ᠬᠤᠪᠢᠰᠬᠠᠯ ᠤᠨ ᠤᠴᠢ ᠬᠦᠷᠲᠡᠯ᠎ᠡ᠂ ᠬᠤᠪᠢᠰᠬᠠᠯ | ᠤᠨ ᠰᠠᠭᠤᠷᠢᠨ ᠭᠠᠵᠠᠷ ᠷᠦᠢᠵᠢᠨ ᠠᠴᠠ ᠤᠷᠲᠤ ᠵᠠᠮ ᠤᠨ ᠠᠶᠠᠨ ᠲᠠᠶᠢᠨ ᠤ ︽ᠲᠦᠮᠡᠨ ᠭᠠᠵᠠᠷ ᠤᠨ ᠠᠶᠤᠯ ᠪᠠᠷᠳᠠᠭ᠎ᠠ︾ | ᠬᠦᠷᠲᠡᠯ᠎ᠡ᠂ ︽ᠬᠤᠪᠢᠰᠬᠠᠯ ᠤᠨᠤᠯᠠᠭᠠᠨ ᠲᠤᠭ ᠢᠶᠠᠨ ᠶᠠᠨ ᠠᠨ ᠳᠤ ᠥᠨᠳᠥᠷ ᠮᠠᠨᠳᠤᠭᠤᠯᠤᠭᠰᠠᠨ︾ ᠠᠴᠠ | ᠦᠨᠳᠦᠰᠦᠲᠡᠨ ᠤ ᠶᠠᠫᠣᠨ ᠢ ᠡᠰᠡᠷᠭᠦᠴᠡᠬᠦ ᠲᠠᠶᠢᠨ᠂ ᠵᠢᠶᠠᠩ ᠵᠢᠶᠧ ᠱᠢ ᠶᠢ ᠦᠯᠳᠡᠵᠦ ᠶᠠᠪᠤᠭᠤᠯᠬᠤ ᠬᠦᠷᠲᠡᠯ᠎ᠡ᠂ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠥᠷᠨᠢᠯᠲᠡ ᠶᠢ ᠪᠣᠶ ᠪᠣᠯᠭᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠬᠦᠷᠲᠡᠯ᠎ᠡ᠂ | ᠵᠠᠮ ᠲᠤᠷᠰᠢ ᠬᠦᠴᠢᠷ ᠪᠡᠷᠬᠡᠰᠢᠶᠡᠯ ᠪᠣᠯᠤᠨ ᠨᠤᠭᠤᠷᠠᠯ ᠪᠦᠳᠦᠷᠢᠯ ᠳᠤ ᠤᠴᠠᠷᠠᠭᠰᠠᠨ ᠪᠣᠯᠪᠠᠴᠤ ᠳᠤᠮᠳᠠᠳᠤ ᠤᠯᠤᠰ ᠤᠨ ᠡᠪ | ᠬᠠᠮᠲᠤ ᠨᠠᠮ ᠢᠮᠠᠭᠲᠠ ᠳᠠᠶᠢᠰᠤᠨ ᠢ ᠳᠠᠷᠤᠵᠤ ᠢᠯᠠᠯᠲᠠ ᠣᠯᠵᠤ᠂ ᠢᠯᠠᠯᠲᠠ ᠠᠴᠠ ᠰᠢᠨ᠎ᠡ ᠢᠯᠠᠯᠲᠠ ᠵᠦᠭ ᠲᠠᠰᠤᠷᠠᠯᠲᠠ | ᠦᠭᠡᠢ ᠤᠷᠤᠭᠰᠢᠯᠠᠵᠤ᠂ ᠳᠤᠮᠳᠠᠳᠤ ᠤᠯᠤᠰ ᠤᠨ ᠡᠪ ᠬᠠᠮᠲᠤᠴᠤᠳ ︽ᠨᠦᠬᠡᠨ ᠭᠡᠷ︾ ᠢᠶᠠᠷ ᠬᠥᠮᠦᠨ ᠦᠬᠦᠵᠦ ᠵᠠᠰᠠᠭ | ᠮᠥᠬᠦᠬᠦ ᠠᠴᠠ ᠵᠠᠶᠢᠯᠠᠰᠬᠢᠬᠦ ᠵᠣᠷᠢᠭ ᠰᠢᠭᠤᠳᠴᠤ᠂ ︽ᠬᠤᠶᠠᠷ ᠡᠷᠬᠡᠪᠰᠢ︾ ᠪᠣᠯᠤᠨ ︽ᠶᠠᠭᠠᠬᠢᠭᠰᠠᠨ ᠴᠤ ᠯᠢ ᠽᠢ ᠴᠧᠩ | ᠪᠣᠯᠬᠤ ᠦᠭᠡᠢ︾ ᠭᠡᠬᠦ ᠢᠲᠡᠭᠡᠯ ᠵᠣᠷᠢᠭ ᠢᠶᠠᠨ ᠪᠠᠲᠤᠳᠬᠠᠵᠤ᠂ ︽ᠠᠷᠠᠳ ᠲᠦᠮᠡᠨ ᠳᠤ ᠵᠣᠯ ᠵᠢᠷᠭᠠᠯ ᠣᠯᠭᠤᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ︾ ᠤᠭ ᠰᠠᠨᠠᠭ᠎ᠠ ᠪᠠᠨ ᠪᠠᠲᠤ ᠰᠠᠬᠢᠪᠠ᠃ | ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ | ᠤᠭ ᠰᠠᠨᠠᠭ᠎ᠠ ᠦᠨᠡᠨ ᠶᠣᠰᠣ ᠶᠢ ᠤᠶᠢᠯᠭᠠᠬᠤ ᠪᠠᠷ ᠳᠠᠮᠵᠢᠨ᠂ ᠪᠣᠳᠠᠲᠠᠶ ᠠᠵᠢᠯ ᠤᠨ ᠳᠤᠮᠳᠠ ᠪᠠᠨ ᠰᠤᠷᠤᠯᠴᠠᠵᠦ | ᠰᠡᠳᠬᠢᠬᠦ ᠬᠡᠷᠡᠭᠯᠡᠬᠦ ᠶᠢ ᠬᠠᠷᠢᠯᠴᠠᠨ ᠨᠡᠪᠳᠡᠷᠡᠯᠴᠡᠬᠦᠯᠦᠨ᠂ ᠮᠡᠳᠡᠬᠦ ᠢᠲᠡᠭᠡᠬᠦ ᠬᠢᠬᠦ ᠶᠢ ᠬᠠᠷᠢᠯᠴᠠᠨ ᠨᠢᠭᠡᠳᠦᠭᠦᠯᠬᠦ ᠶᠢ | ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ | ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ᠂ ᠰᠤᠳᠤᠯᠬᠤ᠂ ᠤᠬᠠᠭᠤᠯᠬᠤ ᠪᠠ | ᠲᠤᠤᠱᠯᠠᠭᠤᠯᠬᠤ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠵᠤᠷᠢᠬᠳᠠᠢ ᠡᠭᠦᠷᠬᠡᠯᠡᠵᠦ᠂ | ᠬᠤᠲᠠ ᠶᠢᠨ ᠨᠠᠮ ᠤᠨ ᠬᠤᠷᠢᠶᠠᠨ ᠤ ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠠᠵᠢᠯ ᠪᠣᠯᠤᠨ | ᠭᠠᠷᠳᠠᠬᠤ ᠴᠡᠭ ᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠲᠤᠳᠬᠠᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠮᠠᠨ ᠤ ᠬᠤᠲᠠ ᠶᠢᠨ ᠬᠤᠲᠠ ᠶᠢᠨ | ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠭᠦᠷᠭᠡ ᠱᠠᠭᠠᠷᠳᠠᠯᠭ᠎ᠠ ᠶᠢ | ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠳᠥᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠬᠤᠶᠠᠷ ᠢ | ᠬᠠᠮᠠᠭᠠᠯᠠᠬᠤ︾ ᠶᠢ ᠬᠠᠮᠤᠭ ᠤᠨ ᠦᠨᠳᠦᠰᠦᠨ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ | ᠳᠦᠷᠢᠮ ᠪᠣᠯᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠴᠠᠭ ᠢᠮᠠᠭᠲᠠ | ᠲᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠬᠤᠯᠠ ᠶᠡᠭᠡ ᠠᠰᠠᠭᠤᠳᠠᠯ᠂ ᠴᠢᠬᠤᠯᠠ ᠤᠴᠢᠷ | ᠶᠠᠪᠤᠳᠠᠯ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠴᠤ᠂ | ᠠᠯᠢᠪᠠ ᠴᠢᠬᠤᠯᠠ ᠠᠵᠢᠯ᠂ ᠴᠢᠬᠤᠯᠠ ᠶᠡᠭᠡ ᠤᠴᠢᠷ ᠶᠠᠪᠤᠳᠠᠯ ᠢ ᠴᠥᠮ ᠬᠤᠲᠠ ᠶᠢᠨ ᠨᠠᠮ ᠤᠨ ᠬᠤᠷᠢᠶᠠᠨ ᠤ | ᠤᠳᠤᠷᠢᠳᠤᠯᠭ᠎ᠠ ᠳᠣᠤᠷ᠎ᠠ ᠶᠠᠪᠤᠭᠳᠠᠭᠤᠯᠬᠤ ᠶᠢ ᠦᠨᠡᠨ ᠬᠦ ᠪᠠᠲᠤᠯᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠭᠦᠢᠴᠡᠳ ᠢᠯᠡᠷᠡᠭᠦᠯᠬᠦ ᠬᠡᠷᠡᠭᠲᠡᠶ᠃ | ᠠᠵᠢᠯ ᠢᠶᠠᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠠᠵᠢᠯ ᠢᠶᠠᠨ ᠪᠦᠬᠦ ᠲᠠᠯ᠎ᠠ ᠶᠢ | ᠨᠥᠯᠥᠭᠡᠯᠡᠬᠦ ᠶᠡᠭᠡ ᠶᠠᠪᠤᠳᠠᠯ ᠴᠢᠬᠤᠯᠠ ᠶᠠᠪᠤᠳᠠᠯ ᠳᠡᠭᠡᠷ᠎ᠡ ᠲᠠᠯᠪᠢᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠡᠭᠡᠷ᠎ᠡ ᠲᠠᠯᠪᠢᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠬᠤ ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ | ᠠᠷᠠᠳ ᠣᠯᠠᠨ ᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠠᠷᠠᠳ ᠣᠯᠠᠨ ᠯᠤᠭ᠎ᠠ ᠶᠢᠨ | ᠬᠠᠷᠢᠯᠴᠠᠭ᠎ᠠ ᠪᠠᠨ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠣᠯᠠᠨ | ᠲᠦᠮᠡᠨ ᠲᠠᠢ ᠤᠶᠢᠷᠠᠳᠴᠦ᠂ ᠠᠷᠠᠳ ᠤᠨ ᠪᠠᠶᠢᠳᠠᠯ ᠢ ᠪᠠᠶᠢᠴᠠᠭᠠᠨ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠬᠤ ᠶᠢ | ᠤᠯᠠᠮ ᠨᠢᠭᠡ ᠠᠯᠬᠤᠮ ᠠᠬᠢᠭᠤᠯᠤᠨ᠎ᠠ᠃ ᠮᠥᠷᠳᠡᠨ ᠪᠠᠶᠢᠴᠠᠭᠠᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ᠂ ᠲᠣᠭᠲᠠᠭᠠᠯ᠂ ᠬᠢᠨᠠᠨ ᠵᠥᠪᠯᠡᠭᠰᠡᠨ ᠰᠠᠨᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠣᠭᠲᠠᠭᠠᠯ ᠶᠣᠰᠣᠭᠠᠷ ᠱᠠᠭᠠᠷᠳᠠᠯᠭ᠎ᠠ ᠪᠠ ᠴᠠᠭ ᠤᠨ ᠬᠢᠵᠠᠭᠠᠷ ᠶᠣᠰᠣᠭᠠᠷ | ᠰᠠᠶᠢᠲᠤᠷ ᠠᠳᠬᠤᠵᠤ᠂ ᠠᠰᠠᠭᠤᠳᠠᠯ ᠢ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠱᠠᠭᠠᠷᠳᠠᠨ ᠰᠢᠢᠳᠪᠦᠷᠢᠯᠡᠬᠦᠯᠬᠦ ᠠᠵᠢᠯ ᠢ ᠰᠠᠶᠢᠲᠤᠷ ᠠᠳᠬᠤᠵᠤ᠂ | ᠲᠥᠯᠥᠭᠡᠯᠡᠭᠴᠢᠳ ᠤᠨ ᠰᠠᠨᠠᠭᠤᠯᠭ᠎ᠠ ᠰᠢᠢᠳᠪᠦᠷᠢᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠲᠥᠯᠥᠭᠡᠯᠡᠭᠴᠢᠳ ᠤᠨ ᠰᠠᠨᠠᠭᠤᠯᠭ᠎ᠠ ᠶᠢᠨ ᠠᠭᠤᠯᠭ᠎ᠠ᠂ ᠰᠢᠢᠳᠪᠦᠷᠢᠯᠡᠭᠰᠡᠨ ᠠᠬᠢᠴᠠ᠂ ᠰᠢᠢᠳᠪᠦᠷᠢᠯᠡᠬᠦ ᠲᠥᠰᠦᠯ᠂ | ᠨᠠᠶᠢᠳᠠᠪᠤᠷᠢᠵᠢᠭᠤᠯᠤᠭᠰᠠᠨ ᠦᠷ᠎ᠡ ᠳ᠋ᠦᠩ ᠢ ᠢᠯᠡ ᠪᠣᠯᠭᠠᠵᠤ᠂ ᠣᠯᠠᠨ ᠲᠦᠮᠡᠨ ᠤ ᠬᠢᠨᠠᠯᠲᠠ ᠳᠣᠤᠷ᠎ᠠ ᠲᠠᠯᠪᠢᠨ᠂ | ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠶᠢ ᠳᠡᠮᠵᠢᠬᠦ ᠬᠡᠷᠡᠭᠲᠡᠶ᠃ | ᠲᠥᠯᠥᠭᠡᠯᠡᠭᠴᠢᠳ ᠲᠤ ᠴᠢᠩᠭ᠎ᠠ ᠲᠦᠰᠢᠭᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ | ᠬᠢᠵᠦ᠂ ᠲᠥᠯᠥᠭᠡᠯᠡᠭᠴᠢᠳ ᠤᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠪᠡ᠃ ᠬᠤᠲᠠ᠂ | ᠰᠤᠮᠤ ᠵᠡᠭᠡᠯᠢ ᠭᠤᠳᠤᠮᠵᠢ ᠵᠡᠷᠭᠡ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠠᠵᠢᠯ ᠤᠨ ᠵᠥᠪᠯᠡᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯᠲᠠᠨ ᠤ ᠬᠡᠪ ᠴᠢᠨᠠᠷ ᠢ | ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠤᠨ | ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠲᠠᠪᠴᠠᠩ ᠢ ᠥᠷᠭᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠦᠨᠡᠨ ᠬᠦ | ᠪᠠᠲᠤᠯᠠᠨ᠎ᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠶᠢᠴᠠᠭᠠᠨ ᠰᠤᠳᠤᠯᠤᠯᠲᠠ ᠵᠡᠷᠭᠡ ᠠᠵᠢᠯᠯᠠᠭ᠎ᠠ ᠶᠢ | ᠢᠳᠡᠪᠬᠢᠲᠡᠢ ᠥᠷᠨᠢᠭᠦᠯᠪᠡ᠃ ᠲᠥᠯᠥᠭᠡᠯᠡᠭᠴᠢ ᠶᠢᠨ ᠰᠤᠷᠤᠯᠴᠠᠯᠭ᠎ᠠ ᠪᠣᠯᠪᠠᠰᠤᠷᠠᠭᠤᠯᠤᠯ᠂ ᠲᠣᠭᠤᠷᠢᠨ ᠦᠵᠡᠵᠦ ᠰᠢᠨᠵᠢᠯᠡᠨ | ᠪᠠᠶᠢᠴᠠᠭᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠶᠢ ᠰᠢᠨ᠎ᠡ ᠶᠢ | ᠡᠭᠦᠳᠬᠦ ᠳᠤᠮᠳᠠ ᠴᠢᠩᠭᠠᠳᠬᠠᠵᠤ᠂ ᠵᠢᠷᠤᠮᠵᠢᠭᠤᠯᠬᠤ ᠳᠤᠮᠳᠠ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ | ᠴᠢᠩᠭᠠᠳᠬᠠᠬᠤ ᠬᠡᠷᠡᠭᠲᠡᠶ᠃ ᠬᠢᠨᠠᠯᠲᠠ ᠲᠠᠯᠪᠢᠬᠤ ᠶᠢᠨ ᠪᠠᠶᠢᠷᠢ ᠲᠣᠭᠲᠠᠭᠠᠯᠲᠠ ᠪᠠ ᠵᠣᠷᠢᠯᠭ᠎ᠠ ᠶᠢ ᠣᠨᠣᠪᠴᠢᠲᠠᠶ ᠡᠵᠡᠮᠳᠡᠵᠦ᠂ | ᠬᠠᠤᠯᠢ ᠴᠠᠭᠠᠵᠠ ᠶᠢ ᠪᠦᠬᠦ ᠲᠠᠯ᠎ᠠ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠬᠠᠤᠯᠢ ᠴᠠᠭᠠᠵᠠ ᠶᠢ | ᠤᠬᠠᠭᠤᠯᠤᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ | ᠬᠤᠷᠢᠶ᠎ᠠ︾ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ᠂ ᠣᠯᠠᠨ ᠨᠡᠶᠢᠲᠡ ᠶᠢᠨ ᠬᠠᠤᠯᠢ ᠪᠠᠷ ᠵᠠᠰᠠᠬᠤ ᠦᠵᠡᠯᠲᠡ ᠪᠠ | ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ | ᠬᠠᠤᠯᠢ ᠴᠠᠭᠠᠵᠠ ᠶᠢᠨ ᠡᠭᠦᠷᠭᠡ ᠪᠠᠨ ᠤᠬᠠᠮᠰᠠᠷ ᠠᠴᠠ ᠪᠠᠨ ᠬᠦᠢᠴᠡᠳᠭᠡᠨ᠎ᠡ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠠᠳᠬᠤᠬᠤ᠂ ᠨᠡᠶᠢᠲᠡᠯᠢᠭ ᠵᠢᠱᠢᠶ᠎ᠡ ᠶᠢ ᠠᠳᠬᠤᠬᠤ᠂ ᠬᠡᠷᠡᠭ ᠤᠨ ᠵᠢᠱᠢᠶ᠎ᠡ ᠶᠢ | ᠠᠳᠬᠤᠬᠤ ᠳᠠᠭᠠᠨ ᠴᠢᠳᠠᠮᠠᠭᠠᠶ ᠪᠠᠶᠢᠵᠤ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢᠨ ᠭᠦᠨ ᠳᠠᠪᠬᠤᠷᠭ᠎ᠠ ᠶᠢᠨ | ᠰᠢᠯᠲᠠᠭᠠᠨ ᠢ ᠨᠥᠯᠥᠭᠡᠯᠡᠵᠦ᠂ ᠵᠣᠷᠢᠭᠲᠠᠶ ᠪᠠᠷ ᠦᠨᠡᠨ ᠪᠣᠳᠠᠲᠠᠶ ᠪᠠᠷ ᠬᠠᠲᠠᠭᠤ ᠲᠠᠢ ᠨᠢ ᠬᠠᠯᠳᠠᠵᠤ᠂ ᠬᠢᠨᠠᠯᠲᠠ ᠲᠠᠯᠪᠢᠬᠤ | ᠳᠠᠷᠤᠯᠲᠠ ᠶᠢ ᠪᠤᠢ ᠪᠣᠯᠭᠠᠪᠠ᠃ ᠬᠢᠨᠠᠨ ᠵᠥᠪᠯᠡᠭᠰᠡᠨ ᠰᠠᠨᠠᠯ ᠢᠶᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ | ᠲᠤᠬᠠᠢ ᠳᠤᠨᠢ ᠬᠠᠷᠢᠭᠤ ᠲᠤᠰᠬᠠᠵᠤ᠂ ᠡᠴᠦᠰ ᠲᠤᠨᠢ ᠲᠤᠯᠲᠠᠯ᠎ᠠ ᠠᠳᠬᠤᠬᠤ ᠪᠠ ᠦᠷᠭᠦᠯᠵᠢᠯᠡᠨ ᠬᠢᠨᠠᠯᠲᠠ ᠲᠠᠯᠪᠢᠬᠤ ᠶᠢ | ᠴᠢᠩᠭᠠᠳᠬᠠᠵᠤ᠂ ᠬᠢᠨᠠᠯᠲᠠ ᠲᠠᠯᠪᠢᠬᠤ ᠠᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠦᠨᠡᠨ ᠬᠦ ᠬᠠᠮᠠᠭᠠᠯᠠᠶ᠎ᠠ᠃ | | ᠢᠷᠡᠯᠳᠡ᠄ ᠬᠤᠤᠯᠢᠩᠭᠤᠤᠯ ᠤᠨ ᠬᠤᠰᠢᠭᠤᠴᠢ | |