ᠤᠯᠤᠰ ᠲᠦᠷᠦ ᠶᠢᠨ ᠤᠤᠯ ᠦᠩᠭᠡ ᠪᠠᠨ ᠬᠡᠵᠢᠶᠠᠳᠡ ᠬᠠᠳᠠᠭᠠᠯᠠᠵᠦ᠂ ᠠᠷᠢᠭᠤᠨ ᠴᠢᠭᠡᠴᠢ ᠬᠤᠰᠢᠭᠤᠴᠢ ᠦᠢᠯᠡᠳᠦᠯ | ᠦᠵᠡᠬᠦᠯᠦᠶᠠ | ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠰᠢᠤᠢ ᠹᠧᠩ ᠯᠢ | | | | | | ᠶᠡᠷᠦᠩᠬᠡᠶ ᠱᠦᠵᠢ ᠰᠢ ᠶᠢᠨ ᠫᠢᠩ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠶᠡᠭᠡ ᠬᠤᠷᠠᠯ ᠳᠡᠭᠡᠷ᠎ᠡ᠄ ︽ᠳᠤᠮᠳᠠᠳᠤ ᠤᠯᠤᠰ ᠤᠨ ᠠᠷᠠᠳ | ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ | ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠂ ᠦᠶ᠎ᠡ ᠦᠶ᠎ᠡ ᠶᠢᠨ | ᠳᠤᠮᠳᠠᠳᠤ ᠤᠯᠤᠰ ᠤᠨ ᠡᠪ ᠬᠠᠮᠲᠤ ᠶᠢᠨ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠡᠷᠡᠯᠬᠡᠭ | ᠪᠠᠭᠠᠲᠤᠷᠯᠢᠭ ᠢᠶᠠᠷ ᠲᠡᠮᠡᠴᠡᠬᠦ ᠦᠨᠳᠦᠰᠦᠨ ᠬᠥᠳᠡᠯᠭᠡᠬᠦ ᠬᠦᠴᠦᠨ ᠮᠥᠨ᠃ ᠪᠢᠳᠡ ᠬᠡᠳᠦᠶ ᠬᠤᠯᠠ ᠶᠠᠪᠤᠭᠰᠠᠨ ᠴᠤ ᠢᠷᠡᠬᠦ | ᠦᠶ᠎ᠡ ᠶᠢᠨ ᠵᠠᠮ ᠢᠶᠠᠨ ᠮᠠᠷᠲᠠᠵᠤ ᠪᠣᠯᠬᠤ ᠦᠭᠡᠢ᠂ ᠲᠡᠤᠬᠡ ᠪᠠᠨ ᠮᠠᠷᠲᠠᠬᠤ ᠦᠭᠡᠢ᠂ ᠤᠭ ᠰᠠᠨᠠᠭ᠎ᠠ ᠪᠠᠨ ᠮᠠᠷᠲᠠᠬᠤ ᠦᠭᠡᠢ | ᠪᠣᠯ ᠨᠠᠩ ᠴᠢᠬᠤᠯᠠ᠂ ᠵᠠᠩᠭᠢᠯᠠᠭ᠎ᠠ ᠪᠣᠯᠬᠤ ᠶᠤᠮ᠃ ᠠᠷᠢᠭᠤᠨ ᠴᠢᠬᠡᠴᠢ ᠪᠠᠶᠢᠬᠤ ᠪᠣᠯ ᠮᠠᠨ ᠤ ᠨᠠᠮ ᠤᠨ ᠡᠶ᠎ᠡ ᠨᠠᠶᠢᠷᠠᠮᠳᠠᠭᠤ | ᠪᠠᠶᠢᠬᠤ ᠶᠠᠪᠤᠳᠠᠯ ᠮᠥᠨ᠂ ︽ᠨᠡᠶᠢᠳᠡ ᠶᠢᠨ ᠲᠦᠯᠦᠭᠡ ᠨᠠᠮ ᠪᠠᠶᠢᠭᠤᠯᠵᠦ᠂ ᠠᠷᠠᠳ ᠤᠨ ᠲᠦᠯᠦᠭᠡ ᠲᠦᠷᠦ ᠪᠠᠷᠢᠬᠤ︾ | ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤᠳᠤᠷᠢᠳᠬᠤ | ᠺᠠᠳ᠋ᠷᠴᠤᠳ ᠤᠨ ᠠᠷᠢᠭᠤᠨ ᠴᠢᠬᠡᠴᠢ ᠪᠠᠶᠢᠬᠤ ᠨᠢ ᠲᠥᠷᠥ ᠪᠠᠷᠢᠭᠴᠢ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠶᠢ | ᠪᠠᠬᠢᠵᠢᠭᠦᠯᠬᠦ ᠪᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠢᠯᠠᠵᠦ | ᠢᠯᠠᠭᠳᠠᠬᠤ ᠲᠠᠢ ᠰᠢᠭᠤᠳ ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠪᠠᠶᠢᠳᠠᠯ᠂ ᠬᠥᠮᠦᠨ ᠤ ᠰᠡᠳᠬᠢᠯ ᠤᠨ | ᠬᠠᠨᠳᠤᠰᠢ ᠲᠠᠢ ᠰᠢᠭᠤᠳ ᠬᠤᠯᠪᠣᠭᠳᠠᠵᠤ ᠪᠠᠶᠢᠳᠠᠭ᠃ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠬᠤ᠂ ᠳᠥᠷᠪᠡᠨ | ᠢᠲᠡᠭᠡᠯ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠭᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠬᠦ ᠳᠤ ᠴᠢᠬᠤᠯᠠ ᠦᠢᠯᠡᠳᠦᠯ ᠪᠠ ᠠᠴᠢ ᠬᠤᠯᠪᠣᠭᠳᠠᠯ ᠲᠠᠢ | ᠶᠤᠮ᠃ ︽ᠠᠷᠢᠭᠤᠨ ᠴᠢᠬᠡᠴᠢ ᠪᠣᠯᠪᠠᠰᠤ ᠵᠠᠰᠠᠭ ᠤᠨ ᠦᠨᠳᠦᠰᠦ ᠪᠣᠯᠠᠢ᠃︾ ᠭᠡᠳᠡᠭ ᠪᠣᠯ ᠵᠠᠰᠠᠭ ᠤᠨ ᠶᠠᠪᠤᠳᠠᠯ | ᠡᠷᠬᠢᠯᠡᠬᠦ ᠶᠢᠨ ᠰᠠᠭᠤᠷᠢ ᠱᠤᠭᠤᠮ ᠮᠥᠨ᠂ ᠪᠠᠰᠠ ᠴᠤ ᠨᠠᠮ ᠤᠨ ᠭᠡᠰᠢᠭᠦᠨ ᠺᠠᠳ᠋ᠷ ᠨᠢᠭᠡᠪᠦᠷᠢ ᠶᠢᠨ ᠪᠠᠷᠢᠮᠲᠠᠯᠠᠪᠠᠯ ᠵᠣᠬᠢᠬᠤ | ᠤᠯᠤᠰ ᠲᠥᠷᠥ ᠶᠢᠨ ᠬᠡᠮᠵᠢᠭᠦᠷ ᠮᠥᠨ᠃ | ᠦᠵᠡᠯ ᠰᠠᠨᠠᠭᠠᠨ ᠤ ᠲᠠᠯ᠎ᠠ ᠪᠠᠷ ᠪᠡᠶ᠎ᠡ ᠪᠠᠨ ᠪᠠᠷᠢᠬᠤ ᠰᠢᠯᠢᠳᠡᠭ ᠵᠠᠩ ᠴᠢᠨᠠᠷ ᠢ ᠪᠠᠷᠢᠮᠲᠠᠯᠠᠬᠤ ᠬᠡᠷᠡᠭᠲᠡᠶ᠃ ᠳᠡᠯᠡᠬᠡᠶ | ᠳ᠋ᠠᠬᠢᠨ ᠤ ᠠᠮᠤᠷ ᠲᠦᠪᠰᠢᠨ ᠴᠥᠮ ᠠᠰᠢᠭ ᠲᠤᠰᠠ ᠶᠢᠨ ᠲᠥᠯᠥᠭᠡ ᠶᠤᠮ︔ ᠳᠡᠯᠡᠬᠡᠶ ᠳ᠋ᠠᠬᠢᠨ ᠤ ᠦᠢᠮᠡᠭᠡᠨ ᠳᠡᠪᠵᠢᠶᠡᠨ | ᠠᠨᠤ ᠤᠷᠤᠭᠰᠢᠯᠠᠬᠤ ᠳᠤᠷ ᠠᠰᠢᠭᠲᠠᠢ ᠪᠣᠯᠠᠢ᠃ ᠡᠷᠬᠡ ᠠᠰᠢᠭ ᠂ ᠶᠠᠭᠤᠨ ᠳᠤ ᠬᠦᠮᠦᠰ ᠢ ᠰᠦᠷᠡᠬᠡᠢ ᠲᠠᠳᠠᠳᠠᠭ ᠪᠤᠢ︖ | ᠵᠣᠭᠤᠰ ᠪᠣᠯᠤᠨ ᠢᠯᠵᠠᠷᠠᠮᠠᠯ ᠤᠨ ᠠᠯᠠᠵᠤ ᠰᠢᠷᠬᠠᠲᠤᠭᠤᠯᠬᠤ ᠬᠦᠴᠦᠨ ᠪᠣᠯ ᠬᠡᠮᠵᠢᠶᠡᠯᠡᠵᠦ ᠲᠡᠶᠢᠯᠦᠰᠢ ᠦᠭᠡᠢ ᠶᠤᠮ᠃ ᠨᠠᠩ | ᠥᠨᠳᠥᠷ ᠦᠵᠡᠯ ᠰᠠᠨᠠᠭᠠᠨ ᠤ ᠠᠬᠤᠶ ᠪᠠᠶᠢᠳᠠᠯ ᠢ ᠬᠥᠭᠡᠭᠡᠴᠡᠯᠳᠦᠪᠡᠯ᠂ ᠦᠪᠡᠷ ᠪᠡᠶ᠎ᠡ ᠶᠢᠨ ᠰᠡᠳᠬᠢᠯᠭᠡ ᠤᠨ ᠡᠵᠡᠮᠳᠡᠯ ᠢ | ᠳᠠᠪᠠᠵᠤ᠂ ᠪᠡᠶ᠎ᠡ ᠠᠨᠤ ᠪᠢ ᠬᠡᠮᠡᠬᠦ ᠪᠤᠳᠤᠬᠤ ᠪᠠᠶᠢᠳᠠᠯ ᠡᠴᠠᠲ᠋ᠡᠭᠡᠭᠦᠷ ᠣᠷᠣᠰᠢᠵᠤ᠂ ᠥᠪᠡᠷ ᠤᠨ ᠪᠡᠶ᠎ᠡ ᠪᠠᠨ ᠬᠠᠮᠠᠭᠠᠯᠠᠵᠤ᠂ | ᠣᠪᠣᠷ ᠰᠤᠷᠲᠠᠯ ᠤᠨ ᠠᠷᠢᠭᠤᠨ ᠴᠢᠬᠡᠴᠢ ᠪᠠᠶᠢᠬᠤ ᠨᠢ ᠬᠡᠴᠢᠨᠡᠨ ᠴᠢᠬᠤᠯᠠ ᠪᠣᠶ᠃ ᠣᠶᠢᠯᠠᠭᠠᠭᠳᠠᠬᠤᠨ ᠢᠶᠠᠨ ᠠᠯᠳᠠᠵᠤ᠂ | ᠤᠬᠠᠮᠰᠠᠷ ᠨᠢ ᠲᠤᠷᠤᠶᠢᠳᠠᠪᠠᠯ ᠬᠥᠮᠦᠨ ᠠᠶᠠᠨᠳᠠᠭᠠᠨ ᠤᠬᠤᠷᠢᠨ᠎ᠠ᠃ ᠭᠠᠭᠴᠠ ᠬᠦ ᠦᠵᠡᠯ ᠰᠠᠨᠠᠭ᠎ᠠ ᠰᠡᠷᠭᠡᠭ ᠪᠠᠶᠢᠪᠠᠯ ᠰᠠᠶ᠋ᠢ | ᠤᠯᠤᠰ ᠲᠥᠷᠥ ᠪᠠᠲᠤ ᠴᠢᠩᠭ᠎ᠠ ᠪᠠᠶᠢᠵᠤ ᠴᠢᠳᠠᠨ᠎ᠠ᠃ ᠡᠳ᠋ ᠪᠣᠳᠠᠰ ᠤᠨ ᠰᠢᠨᠤᠯ ᠬᠥᠨᠳᠡᠯᠢᠰᠴᠦ ᠪᠠᠶᠢᠭ᠎ᠠ ᠭᠠᠳᠠᠭᠠᠳᠦ | ᠶᠢᠷᠲᠢᠨᠴᠦ ᠶᠢᠨ ᠡᠮᠦᠨ᠎ᠡ᠂ ᠪᠢᠳᠡ ᠳᠣᠲᠣᠭᠠᠳᠤ ᠰᠡᠳᠬᠢᠯ ᠤᠨ ᠭᠦᠨ ᠳᠠᠬᠢ ᠲᠡᠷᠡ ᠬᠦ ᠠᠷᠢᠭᠤᠨ ᠴᠡᠪᠡᠷ ᠪᠠᠷᠢᠮᠲᠠᠯᠠᠯ ᠢᠶᠠᠨ | ᠪᠠᠷᠢᠮᠲᠠᠯᠠᠵᠤ᠂ ᠥᠪᠡᠷ ᠤᠨ ᠪᠡᠶ᠎ᠡ ᠪᠠᠨ ᠪᠠᠷᠢᠵᠤ᠂ ᠣᠯᠠᠨ ᠤ ᠠᠶ᠎ᠠ ᠶᠢ ᠳᠠᠭᠠᠬᠤ ᠦᠭᠡᠢ᠂ ᠬᠥᠮᠦᠨ ᠶᠠᠭᠤ ᠭᠡᠪᠡᠯ ᠶᠠᠭᠤ ᠭᠡᠬᠦ | ᠦᠭᠡᠢ᠂ ᠢᠯᠵᠠᠷᠠᠨ ᠲᠤᠷᠤᠶᠢᠳᠠᠬᠤ ᠠᠴᠠ ᠵᠠᠶᠢᠳᠠᠬᠤ ᠦᠭᠡᠢ ᠪᠠᠶᠢᠵᠤ ᠴᠢᠳᠠᠨ᠎ᠠ᠃ | ᠠᠵᠤ ᠠᠬᠤᠢ ᠶᠢᠨ ᠲᠠᠯ᠎ᠠ ᠪᠠᠷ ᠴᠡᠪᠡᠷ ᠪᠣᠷᠣᠭᠵᠢᠭᠤᠨ ᠤᠯᠤᠰ ᠲᠥᠷᠥ ᠶᠢᠨ ᠪᠠᠶᠢᠳᠠᠯ ᠢ ᠪᠠᠲᠤᠯᠠᠨ᠎ᠠ᠃ ᠣᠳᠣᠬᠠᠨ ᠤ | ᠢᠯᠵᠠᠷᠠᠯ ᠢ ᠡᠰᠡᠷᠬᠦᠴᠡᠬᠦ ᠥᠨᠳᠥᠷ ᠳᠠᠷᠤᠯᠲᠠ ᠶᠢᠨ ᠪᠠᠶᠢᠳᠠᠯ ᠳᠣᠤᠷ᠎ᠠ᠂ ᠨᠡᠶᠢᠭᠡᠮ ᠬᠦᠯᠢᠴᠡᠩᠭᠦᠶ ᠪᠤᠰᠤ ᠪᠠᠶᠢᠨ᠎ᠠ᠃ | ᠡᠶᠢᠮᠦᠷᠬᠦᠦ ᠶᠡᠭᠡ ᠣᠷᠴᠢᠨ ᠨᠥᠬᠦᠴᠡᠯ ᠤᠨ ᠳᠣᠤᠷ᠎ᠠ᠂ ᠢᠯᠵᠠᠷᠠᠯ ᠨᠠᠩ ᠠᠮᠠᠷᠬᠠᠨ ᠪᠤᠢ ᠪᠣᠯᠳᠠᠭ᠃ ᠨᠢᠭᠡ ᠬᠠᠶᠢᠷᠴᠠᠭ | ᠲᠠᠮᠠᠬᠢ᠂ ᠨᠢᠭᠡ ᠯᠤᠩᠬᠤ ᠠᠷᠢᠬᠢ᠂ ᠨᠢᠭᠡ ᠵᠢᠷᠤᠭ ᠁ ᠠᠭᠠᠵᠢᠮ ᠢᠶᠠᠷ ᠲᠤᠭ᠎ᠠ ᠬᠡᠮᠵᠢᠶ᠎ᠡ ᠨᠢ ᠨᠠᠩ ᠶᠡᠭᠡ᠂ ᠵᠣᠭᠤᠰ ᠤᠨ | ᠲᠤᠭ᠎ᠠ ᠨᠢ ᠨᠠᠩ ᠥᠷᠭᠡᠨ᠂ ᠬᠡᠭᠡᠯᠢ ᠬᠠᠭ᠋ᠤᠤᠯᠢ ᠢᠳᠡᠬᠦ ᠶᠠᠪᠤᠳᠠᠯ ᠵᠠᠷᠢᠮ ᠳᠠᠭᠠᠨ ᠳᠠᠷᠤᠶ ᠢᠩᠭᠢᠵᠦ ᠡᠭᠦᠰᠳᠡᠭ ᠶᠤᠮ᠃ | ᠬᠠᠮᠤᠭ ᠡᠴᠦᠰ ᠤᠨ ᠵᠠᠩᠭᠢᠯᠠᠭ᠎ᠠ ᠶᠢᠨ ᠦᠶ᠎ᠡ ᠳᠤ ᠰᠠᠶ᠋ᠢ ᠥᠪᠡᠷ ᠤᠨ ᠪᠡᠶ᠎ᠡ ᠪᠠᠨ ᠡᠷᠭᠢᠴᠡᠭᠦᠯᠦᠨ ᠪᠣᠳᠣᠵᠤ᠂ ᠭᠡᠮᠰᠢᠪᠡᠴᠦ | ᠣᠷᠦ᠋ᠢᠲᠠᠨᠠ᠃ ᠦᠨᠡᠨᠴᠢ ᠰᠢᠳᠤᠷᠭᠤ ᠭᠡᠳᠡᠭ ᠨᠢ ᠭᠤᠤᠯᠳᠠᠭᠤ ᠤᠯᠤᠰ ᠲᠥᠷᠥ ᠶᠢᠨ ᠲᠠᠯ᠎ᠠ ᠶᠢᠨ ᠦᠨᠡᠨᠴᠢ ᠰᠢᠳᠤᠷᠭᠤ | ᠮᠥᠨ ᠭᠡᠬᠦ ᠶᠤᠮ ᠪᠣᠯ᠂ ᠠᠷᠢᠭᠤᠨ ᠴᠡᠪᠡᠷ ᠭᠡᠳᠡᠭ ᠨᠢ ᠶᠠᠭᠤᠨ ᠤ ᠡᠮᠦᠨ᠎ᠡ ᠠᠵᠤ ᠠᠬᠤᠢ ᠶᠢᠨ ᠲᠠᠯ᠎ᠠ ᠶᠢᠨ ᠮᠠᠭᠤ ᠶᠠᠪᠤᠳᠠᠯ | ᠪᠣᠯᠤᠨ᠎ᠠ᠂ ᠵᠠᠰᠠᠭ ᠪᠠᠷᠢᠬᠤ ᠳᠠᠭᠠᠨ ᠠᠷᠢᠭᠤᠨ ᠴᠢᠬᠡᠴᠢ ᠪᠠᠶᠢᠵᠤ᠂ ᠬᠤᠪᠳᠤᠭ ᠪᠢᠰᠢ ᠢᠯᠵᠢᠷᠡᠬᠦ ᠦᠭᠡᠢ ᠪᠠᠶᠢᠬᠤ ᠪᠣᠯ | ᠨᠠᠭᠠᠳᠤ ᠵᠠᠬ᠎ᠠ ᠶᠢᠨ ᠱᠠᠭᠠᠷᠳᠠᠯᠭ᠎ᠠ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠳᠤᠷᠢᠳᠬᠤ ᠺᠠᠳ᠋ᠷ ᠢᠮᠠᠭᠲᠠ | ᠰᠡᠳᠬᠢᠯ ᠳᠡᠭᠡᠨ ᠴᠡᠭᠡᠷ ᠲᠠᠢ ᠪᠠᠶᠢᠬᠤ ᠠᠰᠠᠭᠤᠳᠠᠯ ᠤᠨ ᠲᠤᠬᠠᠶ ᠶᠠᠷᠢᠬᠤ ᠳᠠᠭᠠᠨ᠄ ︽ᠡᠨᠡ ᠪᠣᠯ ᠡᠪ ᠬᠠᠮᠲᠤ ᠶᠢᠨ ᠨᠣᠶᠠᠨ | ᠰᠠᠭᠤᠬᠤ ᠶᠢᠨ ᠬᠤᠷᠢᠭ᠎ᠠ ᠱᠤᠭᠤᠮ ᠮᠥᠨ᠃ ᠵᠢᠭᠠᠰᠤ ᠪᠠ ᠪᠠᠭᠠᠪᠠᠭᠠᠶ ᠶᠢ ᠵᠡᠷᠭᠡ ᠪᠠᠷ ᠣᠯᠵᠤ ᠪᠣᠯᠬᠤ ᠦᠭᠡᠢ᠂ ᠨᠣᠶᠠᠨ | ᠰᠠᠭᠤᠵᠤ ᠪᠠᠶᠠᠵᠢᠬᠤ ᠬᠤᠶᠠᠷ ᠵᠠᠮ ᠪᠠᠶᠢᠳᠠᠭ᠂ ᠨᠣᠶᠠᠨ ᠰᠠᠭᠤᠪᠠᠯ ᠪᠠᠶᠠᠵᠢᠵᠤ ᠪᠣᠯᠬᠤ ᠦᠭᠡᠢ᠂ ᠨᠣᠶᠠᠨ ᠰᠠᠭᠤᠪᠠᠯ ᠨᠣᠶᠠᠨ | ᠰᠠᠭᠤᠵᠤ ᠪᠣᠯᠬᠤ ᠦᠭᠡᠢ᠂ ᠪᠠᠶᠠᠵᠢᠪᠠᠯ ᠨᠣᠶᠠᠨ ᠰᠠᠭᠤᠵᠤ ᠪᠣᠯᠬᠤ ᠦᠭᠡᠢ ᠭᠡᠵᠦ ᠪᠢ ᠦᠷᠭᠦᠯᠵᠢ ᠶᠠᠷᠢᠳᠠᠭ ᠪᠢᠯᠡ᠃ | ᠢᠮᠠᠭᠲᠠ ᠪᠡᠶ᠎ᠡ ᠪᠠᠨ ᠪᠠᠷᠢᠵᠤ᠂ ᠡᠷᠬᠡ ᠶᠢᠨ ᠪᠣᠭᠤᠮᠲᠠ᠂ ᠵᠣᠭᠤᠰ ᠮᠥᠩᠭᠦᠨ ᠤ ᠪᠣᠭᠤᠮᠲᠠ᠂ ᠭᠤᠸ᠎ᠠ ᠰᠠᠶᠢᠬᠠᠨ ᠤ | ᠪᠣᠭᠤᠮᠲᠠ ᠶᠢ ᠰᠠᠶᠢᠲᠤᠷ ᠠᠳᠬᠤᠵᠤ᠂ ᠠᠷᠢᠭᠤᠨ ᠴᠢᠬᠡᠴᠢ ᠬᠥᠮᠦᠨ ᠪᠣᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ | ᠬᠢᠵᠦ᠂ ᠰᠢᠭᠤᠳ ᠰᠢᠯᠤᠭᠤᠨ ᠢᠶᠠᠷ ᠨᠣᠶᠠᠨ ᠰᠠᠭᠤᠬᠤ ᠬᠡᠷᠡᠭᠲᠡᠶ᠃ ᠣᠨᠴᠠᠭᠠᠶᠢᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠ ᠲᠠᠢ ᠬᠡᠷᠬᠢᠨ ᠬᠠᠷᠢᠯᠴᠠᠬᠤ ᠲᠤᠬᠠᠶ ᠶᠠᠷᠢᠬᠤ ᠳᠠᠭᠠᠨ᠂ ᠲᠡᠷᠡ ᠤᠳᠤᠷᠢᠳᠬᠤ ᠺᠠᠳ᠋ᠷᠴᠤᠳ ᠢ ︽ᠬᠢᠵᠠᠭᠠᠷ | ᠱᠤᠭᠤᠮ ᠢ ᠪᠠᠲᠤ ᠰᠠᠬᠢᠵᠤ᠂ ᠬᠡᠮᠵᠢᠶ᠎ᠡ ᠲᠣᠮᠵᠢᠶ᠎ᠠ ᠶᠢ ᠰᠠᠶᠢᠲᠤᠷ ᠡᠵᠡᠮᠳᠡᠬᠦ︾᠂ ︽ᠬᠤᠳᠠᠯᠳᠤᠭᠠᠴᠢᠨ ᠢ ᠳᠣᠲᠣᠨᠣᠴᠢᠯᠠᠬᠤ᠂ | ᠬᠤᠳᠠᠯᠳᠤᠭᠠᠴᠢᠨ ᠢ ᠠᠮᠤᠷᠵᠢᠭᠤᠯᠬᠤ᠂ ᠬᠤᠳᠠᠯᠳᠤᠭᠠᠴᠢᠨ ᠢ ᠪᠠᠶᠠᠵᠢᠭᠤᠯᠬᠤ ᠬᠡᠷᠡᠭᠲᠡᠶ᠂ ᠭᠡᠪᠡᠴᠦ ᠹᠢᠤᠳᠠᠯ ᠨᠣᠶᠠᠳ ᠪᠠ ︿ | ᠤᠯᠠᠭᠠᠨ ᠵᠢᠩᠰᠡᠲᠦ ᠬᠤᠳᠠᠯᠳᠤᠭᠠᠴᠢᠨ﹀ ᠤ ᠬᠤᠭᠤᠷᠣᠨᠳᠣᠬᠢ ᠲᠡᠶᠢᠮᠦ ᠬᠠᠷᠢᠴᠠᠭ᠎ᠠ ᠶᠢ ᠪᠤᠢ ᠪᠣᠯᠭᠠᠵᠤ ᠪᠣᠯᠬᠤ ᠦᠭᠡᠢ ᠭᠡᠵᠦ | ᠱᠠᠭᠠᠷᠳᠠᠪᠠ᠃ ᠪᠠᠰᠠ ᠥᠷᠥᠨᠡᠳᠠᠬᠢᠨ ᠤ ᠤᠯᠤᠰ ᠣᠷᠣᠨ ᠤ ᠲᠣᠮᠣ ᠡᠳ᠋ ᠤᠨ ᠲᠤᠯᠤᠮᠴᠤᠳ ᠪᠠ ᠤᠯᠤᠰ ᠲᠥᠷᠦ ᠶᠢᠨ | ᠡᠲᠡᠭᠡᠳ ᠤᠨ ᠬᠤᠭᠤᠷᠣᠨᠳᠣᠬᠢ ᠲᠡᠶᠢᠮᠦ ᠬᠠᠷᠢᠴᠠᠭ᠎ᠠ ᠶᠢ ᠪᠤᠢ ᠪᠣᠯᠭᠠᠵᠤ ᠪᠣᠯᠬᠤ ᠦᠭᠡᠢ᠂ ᠨᠠᠩ ᠴᠤ ᠢᠳᠡᠵᠦ ᠤᠤᠭᠤᠬᠤ᠂ | ᠠᠷᠢᠬᠢ ᠮᠢᠬᠠᠨ ᠤ ᠲᠠᠯ᠎ᠠ ᠶᠢᠨ ᠲᠡᠶᠢᠮᠦ ᠬᠠᠷᠢᠴᠠᠭ᠎ᠠ ᠶᠢ ᠪᠤᠢ ᠪᠣᠯᠭᠠᠵᠤ ᠪᠣᠯᠬᠤ ᠦᠭᠡᠢ᠂ ︽ᠳᠣᠲᠣᠨᠣ︾ ︽ᠴᠢᠬᠡᠴᠢ︾ | ᠰᠢᠨ᠎ᠡ ᠮᠠᠶ᠋ᠢᠭ ᠤᠨ ᠤᠯᠤᠰ ᠲᠥᠷᠥ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠶ᠃ ᠨᠠᠮ ᠤᠨ ᠭᠡᠰᠢᠭᠦᠨ | ᠺᠠᠳ᠋ᠷ ᠪᠣᠯᠤᠶ᠎ᠠ ᠭᠡᠪᠡᠯ ᠡᠷᠬᠡᠪᠰᠢ ᠥᠪᠡᠷ ᠤᠨ ᠬᠠᠶᠢᠷ᠎ᠠ ᠰᠡᠳᠬᠢᠯᠭᠡ ᠪᠠ ᠲᠥᠷᠥᠯ ᠰᠠᠳᠤᠨ ᠳᠠᠭᠠᠨ ᠬᠢᠨᠠᠮᠠᠭᠠᠶ ᠬᠠᠨᠳᠤᠬᠤ | ᠬᠡᠷᠡᠭᠲᠡᠶ᠃ ᠬᠤᠪᠳᠤᠭ ᠰᠢᠨᠤᠬᠠᠶ ᠬᠠᠨᠢ ᠪᠠ ᠤᠴᠢᠷ ᠶᠠᠪᠤᠳᠠᠯ ᠢ ᠮᠡᠳᠡᠬᠦ ᠦᠭᠡᠢ ᠦᠷ᠎ᠡ ᠬᠡᠤᠬᠡᠳ ᠨᠢ ᠢᠯᠵᠠᠷᠠᠨ | ᠳᠣᠷᠦ᠋ᠢᠲᠠᠭᠰᠠᠨ ᠨᠠᠮ ᠤᠨ ᠭᠡᠰᠢᠭᠦᠨ ᠢ ᠬᠥᠮᠦᠵᠢᠭᠦᠯᠵᠦ ᠮᠡᠳᠡᠬᠦ ᠶᠤᠮ᠃ ᠭᠡᠷ ᠤᠨ ᠬᠥᠮᠦᠰ ᠪᠣᠯᠤᠨ ᠦᠷ᠎ᠡ ᠬᠡᠦᠬᠡᠳ ᠲᠡᠭᠡᠨ | ᠦᠯᠢᠭᠡᠷ ᠳᠠᠭᠤᠷᠢᠶᠠᠯ ᠦᠵᠡᠭᠦᠯᠵᠦ᠂ ᠭᠡᠷ ᠤᠨ ᠬᠥᠮᠦᠰ ᠲᠡᠭᠡᠨ ᠠᠷᠢᠭᠤᠨ ᠴᠢᠬᠡᠴᠢ ᠦᠵᠡᠯᠲᠡ ᠭᠦᠨᠵᠡᠭᠡᠶ ᠲᠠᠨᠢᠭᠤᠯᠪᠠᠯ | ᠰᠠᠶ᠋ᠢ ᠢᠯᠵᠠᠷᠠᠯ ᠢ ᠰᠡᠷᠭᠡᠶᠢᠯᠡᠬᠦ ᠰᠡᠳᠬᠢᠴᠡ ᠶᠢᠨ ᠰᠡᠷᠭᠡᠶᠢᠯᠡᠯᠲᠡ ᠶᠢᠨ ᠱᠤᠭᠤᠮ ᠢ ᠪᠣᠢ ᠪᠣᠯᠭᠠᠵᠤ ᠴᠢᠳᠠᠨ᠎ᠠ᠃ ᠰᠠᠶᠢᠨ | ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ ᠪᠣᠯ ᠤᠯᠠᠮᠵᠢᠯᠠᠯᠲᠤ ᠡᠷᠳᠡᠨᠢ᠂ ︽ᠰᠡᠳᠬᠢᠯ ᠳᠣᠲᠣᠷ᠎ᠠ ᠲᠩᠷᠢ ᠭᠠᠵᠠᠷ | ᠠᠭᠤᠳᠠᠮ︾᠂ ᠰᠡᠳᠬᠢᠯ ᠰᠠᠨᠠᠭ᠎ᠠ ᠡᠭᠦᠨ ᠠᠴᠠ ᠪᠣᠯᠵᠤ ᠠᠭᠤᠵᠢᠭᠤ ᠲᠠᠯᠪᠢᠭᠤ ᠮᠥᠷᠲᠡᠭᠡᠨ ᠬᠥᠪᠡᠭᠡ ᠬᠢᠵᠠᠭᠠᠷ ᠦᠭᠡᠢ︕ | ᠠᠵᠢᠯᠯᠠᠭ᠎ᠠ ᠳᠡᠭᠡᠷ᠎ᠡ ᠪᠠᠨ ᠲᠠᠰᠤᠷᠠᠯᠲᠠ ᠦᠭᠡᠢ ᠰᠤᠷᠤᠯᠴᠠᠵᠤ᠂ ᠥᠪᠡᠷ ᠢ ᠪᠠᠨ ᠴᠡᠪᠡᠷᠰᠢᠭᠦᠯᠬᠦ ᠶᠢ ᠪᠠᠲᠤᠯᠠᠨ᠎ᠠ᠃ | ᠨᠠᠮ ᠤᠨ ᠺᠠᠳ᠋ᠷ ᠪᠣᠯᠤᠭᠰᠠᠨ ᠤ ᠬᠤᠪᠢ ᠳᠤ᠂ ᠭᠠᠭᠴᠠ ᠬᠦ ᠥᠪᠡᠷ ᠢ ᠪᠠᠨ ᠴᠡᠪᠡᠷᠰᠢᠭᠦᠯᠬᠦ ᠴᠢᠳᠠᠪᠤᠷᠢ ᠪᠠᠨ | ᠴᠢᠩᠭᠠᠳᠬᠠᠬᠤ ᠶᠢᠨ ᠬᠠᠮᠲᠤ ᠡᠨᠡ ᠬᠦ ᠰᠠᠭᠤᠷᠢᠨ ᠳᠡᠭᠡᠷ᠎ᠡ ᠲᠠᠰᠤᠷᠠᠯᠲᠠ ᠦᠭᠡᠢ ᠰᠠᠶᠢᠵᠢᠷᠠᠭᠤᠯᠵᠤ᠂ ᠥᠪᠡᠷ ᠢ ᠪᠠᠨ | ᠳᠡᠭᠡᠭᠰᠢᠯᠡᠭᠦᠯᠪᠡᠯ ᠰᠠᠶ᠋ᠢ ᠡᠪ ᠬᠠᠮᠲᠤ ᠨᠠᠮ ᠤᠨ ᠭᠡᠰᠢᠭᠦᠨ ᠤ ᠤᠯᠤᠰ ᠲᠥᠷᠦ ᠶᠢᠨ ᠠᠰᠠᠭᠤᠳᠠᠯ ᠢ ᠰᠢᠢᠳᠪᠦᠷᠢᠯᠡᠵᠦ᠂ ᠨᠠᠮ ᠪᠠ | ᠠᠷᠠᠳ ᠲᠦᠮᠡᠨ ᠳᠤ ᠬᠡᠷᠡᠭᠴᠡᠭᠡ ᠲᠠᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠺᠠᠳ᠋ᠷ | ᠪᠣᠯᠵᠤ ᠴᠢᠳᠠᠨ᠎ᠠ᠃ ᠮᠠᠷᠺᠰ ᠤᠨ ᠦᠵᠡᠯ ᠤᠨ ᠲᠥᠷᠦ ᠶᠢᠨ ᠨᠠᠮ ᠳᠤ ᠠᠪᠴᠤ ᠬᠡᠯᠡᠪᠡᠯ᠂ ᠥᠪᠡᠷ ᠢ ᠪᠠᠨ ᠴᠡᠪᠡᠷᠰᠢᠭᠦᠯᠬᠦ | ᠬᠦᠴᠦᠷᠬᠡᠭ ᠶᠡᠭᠡ ᠴᠢᠳᠠᠪᠤᠷᠢ ᠪᠠᠶᠢᠬᠤ ᠡᠰᠡᠬᠦ ᠨᠢ ᠲᠡᠷᠢᠭᠦᠨ ᠤ ᠴᠢᠨᠠᠷ ᠪᠠ ᠴᠡᠪᠡᠷ ᠴᠢᠨᠠᠷ᠂ ᠠᠮᠢᠵᠢᠷᠠᠯ ᠤᠨ ᠬᠦᠴᠦᠨ ᠪᠠ | ᠠᠮᠢᠵᠢᠷᠠᠯ ᠤᠨ ᠬᠦᠴᠦᠨ ᠢ ᠪᠠᠲᠤᠯᠠᠵᠤ ᠴᠢᠳᠠᠬᠤ ᠡᠰᠡᠬᠦ ᠶᠢᠨ ᠵᠠᠩᠭᠢᠯᠠᠭ᠎ᠠ ᠪᠣᠯᠤᠨ᠎ᠠ᠃ ᠥᠪᠡᠷ ᠢ ᠪᠠᠨ ᠲᠠᠰᠤᠷᠠᠯᠲᠠ ᠦᠭᠡᠢ | ᠴᠡᠪᠡᠷᠰᠢᠭᠦᠯᠦᠶ᠎ᠡ ᠭᠡᠪᠡᠯ᠂ ᠡᠷᠬᠡᠪᠰᠢ ᠵᠣᠷᠢᠭᠲᠠᠶ ᠪᠠᠷ ᠥᠪᠡᠷ ᠢ ᠪᠠᠨ ᠬᠤᠪᠢᠰᠬᠠᠵᠤ᠂ ᠬᠢᠲᠤᠭ᠎ᠠ ᠶᠢᠨ ᠢᠷ ᠢᠶᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠤᠬᠠᠮᠰᠠᠷ ᠢᠶᠠᠨ | ᠴᠢᠩᠭᠠᠳᠬᠠᠵᠤ᠂ ᠡᠯ᠎ᠡ ᠵᠦᠢᠯ ᠤᠨ ᠭᠠᠵᠢᠭᠤ ᠰᠤᠷᠲᠠᠯ ᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠶ᠃ ᠡᠭᠦᠨ ᠤ | ᠵᠡᠷᠭᠡᠴᠡᠭᠡ ᠪᠠᠷ᠂ ᠬᠥᠮᠦᠨ ᠰᠣᠩᠭᠤᠵᠤ ᠬᠥᠮᠦᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠶᠡᠬᠡᠪᠡᠷ ᠴᠡᠭᠴᠡᠯᠡᠨ | ᠵᠠᠰᠠᠵᠤ᠂ ︽ᠮᠠᠭᠤ ᠵᠣᠭᠤᠰ ᠰᠠᠶᠢᠨ ᠵᠣᠭᠤᠰ ᠢ ᠥᠯᠳᠡᠨ ᠬᠥᠭᠡᠭᠡᠬᠦ︾ ᠰᠥᠷᠭᠡᠤ ᠲᠠᠶᠠᠭᠳᠠᠬᠤ ᠦᠵᠡᠭᠳᠡᠯ ᠢ ᠡᠷᠡᠰ | ᠵᠠᠯᠠᠷᠠᠭᠤᠯᠪᠠᠯ᠂ ᠭᠠᠭᠴᠠ ᠬᠦ ᠢᠩᠭᠢᠪᠡᠯ ᠰᠠᠶ᠋ᠢ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠡᠩᠨᠡᠭᠡ ᠰᠢᠨ᠎ᠡ ᠰᠣᠷᠭᠤᠭ | ᠴᠢᠰᠤᠨ ᠳᠤ ᠲᠠᠰᠤᠷᠠᠯᠲᠠ ᠦᠭᠡᠢ ᠨᠥᠬᠦᠪᠥᠷᠢᠯᠡᠭᠳᠡᠵᠦ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠪᠠ ᠠᠮᠢᠵᠢᠷᠠᠯ ᠤᠨ | ᠬᠦᠴᠦᠨ ᠪᠠᠳᠠᠷᠠᠨ ᠪᠠᠳᠠᠷᠠᠵᠤ ᠴᠢᠳᠠᠨ᠎ᠠ᠃ ᠶᠡᠷᠦᠩᠬᠡᠶ ᠱᠦᠵᠢ ᠰᠢ ᠶᠢᠨ ᠫᠢᠩ᠄ ︽ᠺᠠᠳ᠋ᠷ ᠤᠨ ᠪᠣᠯᠪᠠᠰᠤᠷᠠᠯ᠂ ᠶᠣᠰᠣ | ᠮᠣᠷᠠᠯ ᠤᠨ ᠬᠢᠷᠢ ᠬᠡᠮᠵᠢᠶ᠎ᠡ ᠨᠢ ᠨᠠᠮ ᠳᠤ ᠤᠷᠤᠭᠰᠠᠨ ᠤᠨ ᠵᠢᠯ ᠠᠵᠢᠯᠯᠠᠭᠰᠠᠨ ᠤᠨ ᠵᠢᠯ ᠤᠨ ᠨᠡᠮᠡᠭᠳᠡᠬᠦ ᠶᠢ ᠳᠠᠭᠠᠯᠳᠤᠨ | ᠠᠶᠠᠨᠳᠠᠭᠠᠨ ᠲᠡᠭᠡᠭᠰᠢᠯᠡᠵᠦ᠂ ᠬᠠᠷᠢᠨ ᠡᠭᠦᠷᠭᠡ ᠲᠤᠰᠢᠶᠠᠯ ᠤᠨ ᠳᠡᠭᠡᠭᠰᠢᠯᠡᠬᠦ ᠶᠢ ᠳᠠᠭᠠᠯᠳᠤᠨ ᠠᠶᠠᠨᠳᠠᠭᠠᠨ ᠳᠡᠭᠡᠭᠰᠢᠯᠡᠬᠦ ᠦᠭᠡᠢ | ᠶᠤᠮ᠂ ᠡᠷᠬᠡᠪᠰᠢ ᠥᠪᠡᠷ ᠢ ᠪᠠᠨ ᠪᠣᠯᠪᠠᠰᠤᠷᠠᠭᠤᠯᠬᠤ᠂ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠥᠭᠡᠷᠡᠴᠢᠯᠡᠬᠦ ᠶᠢ | ᠴᠢᠩᠭᠠᠳᠬᠠᠬᠤ ᠬᠡᠷᠡᠭᠲᠡᠶ᠃ ᠭᠠᠭᠴᠠ ᠬᠦ ᠲᠠᠰᠤᠷᠠᠯᠲᠠ ᠦᠭᠡᠢ ᠥᠪᠡᠷ ᠢ ᠪᠠᠨ ᠴᠡᠪᠡᠷᠰᠢᠭᠦᠯᠪᠡᠯ ᠰᠠᠶ᠋ᠢ ᠡᠨᠡ ᠬᠦ ᠰᠠᠭᠤᠷᠢᠨ | ᠳᠡᠭᠡᠷ᠎ᠡ ᠲᠠᠰᠤᠷᠠᠯᠲᠠ ᠦᠭᠡᠢ ᠥᠪᠡᠷ ᠢ ᠪᠠᠨ ᠰᠢᠨᠡᠴᠢᠯᠡᠵᠦ᠂ ᠥᠪᠡᠷ ᠢ ᠪᠠᠨ ᠳᠡᠭᠡᠭᠰᠢᠯᠡᠭᠦᠯᠵᠦ ᠴᠢᠳᠠᠨ᠎ᠠ᠃ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢ ᠥᠷᠨᠢᠭᠦᠯᠵᠦ᠂ ︽ᠦᠯᠢᠭᠡᠷ ᠳᠠᠭᠤᠷᠢᠶᠠᠯ ᠪᠣᠯᠬᠤ︾ ᠪᠣᠯ ᠪᠣᠳᠠᠲᠠᠶ ᠬᠠᠷᠠᠯᠲᠠ ᠶᠢᠨ ᠨᠢᠭᠡ ᠪᠣᠯᠤᠨ᠎ᠠ᠃ ᠭᠤᠤᠯ | ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠳᠤ᠂ ᠶᠡᠷᠦᠩᠬᠡᠶ ᠱᠦᠵᠢ | ᠰᠢ ᠶᠢᠨ ᠫᠢᠩ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ︽ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠷᠠᠳ | ᠲᠦᠮᠡᠨ ᠤ ᠲᠥᠯᠥᠭᠡ ᠪᠣᠳᠠᠲᠠᠶ ᠶᠢ ᠡᠷᠬᠢᠮᠯᠡᠬᠦ ᠤᠯᠤᠰ ᠲᠥᠷᠦ ᠶᠢᠨ ᠬᠠᠷᠢᠭᠤᠴᠠᠯᠭ᠎ᠠ ᠪᠠᠨ ᠢᠮᠠᠭᠲᠠ ᠪᠠᠷᠢᠮᠲᠠᠯᠠᠵᠤ᠂ | ᠤᠬᠠᠮᠰᠠᠷ ᠠᠴᠠ ᠪᠠᠨ ᠣᠨᠴᠠ ᠡᠷᠬᠡ ᠶᠢᠨ ᠦᠵᠡᠯ ᠰᠠᠨᠠᠭ᠎ᠠ ᠪᠣᠯᠤᠨ ᠣᠨᠴᠠ ᠡᠷᠬᠡ ᠶᠢᠨ ᠦᠵᠡᠭᠳᠡᠯ ᠲᠠᠢ ᠲᠡᠮᠡᠴᠡᠯ ᠬᠢᠵᠦ᠂ | ᠢᠯᠵᠠᠷᠠᠯ ᠢ ᠡᠷᠡᠰ ᠰᠡᠷᠭᠡᠶᠢᠯᠡᠬᠦ ᠪᠠ ᠡᠰᠡᠷᠭᠦᠴᠡᠵᠦ᠂ ᠠᠷᠢᠭᠤᠨ ᠴᠢᠬᠡᠴᠢ ᠪᠠᠷ ᠨᠣᠶᠠᠨ ᠰᠠᠭᠤᠵᠤ᠂ ᠠᠷᠢᠭᠤᠨ ᠴᠢᠬᠡᠴᠢ ᠪᠠᠷ | ᠠᠵᠢᠯ ᠬᠢᠵᠦ᠂ ᠨᠣᠮᠣᠬᠠᠨ ᠰᠢᠳᠤᠷᠭᠤ ᠪᠠᠷ ᠬᠥᠮᠦᠨ ᠪᠣᠯᠬᠤ ᠬᠡᠷᠡᠭᠲᠡᠶ︾᠃ ᠠᠭᠤᠤ ᠶᠡᠭᠡ ᠡᠬᠡ ᠤᠯᠤᠰ ᠪᠠᠢᠭᠤᠯᠤᠭᠳᠠᠭᠰᠠᠨ | 70 ᠵᠢᠯ ᠤᠨ ᠣᠢ ᠪᠤᠯᠵᠦ ᠪᠠᠶᠢᠭ᠎ᠠ ᠡᠨᠡ ᠡᠷᠡᠨ ᠳᠤ ᠪᠢ ᠦᠷᠭᠦᠯᠵᠢᠯᠡᠨ ᠪᠡᠶ᠎ᠡ ᠪᠠᠨ ᠴᠢᠩᠭ᠎ᠠ ᠱᠠᠭᠠᠷᠳᠠᠵᠤ᠂ ᠬᠡᠪ | ᠰᠤᠷᠲᠠᠯ ᠢᠶᠠᠨ ᠴᠠᠭ ᠢᠮᠠᠭᠲᠠ ᠮᠠᠷᠲᠠᠵᠤ ᠪᠣᠯᠬᠤ ᠦᠭᠡᠢ᠂ ᠠᠷᠢᠭᠤᠨ ᠴᠢᠬᠡᠴᠢ ᠭᠡᠷ ᠤᠨ ᠰᠤᠷᠲᠠᠯ ᠢ ᠪᠣᠶ ᠪᠣᠯᠭᠠᠵᠤ᠂ | ᠲᠤᠬᠠᠶᠢᠯᠠᠭᠰᠠᠨ ᠠᠵᠢᠯ ᠤᠨ ᠰᠤᠷᠭᠠᠨ ᠬᠥᠮᠦᠵᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠳᠤᠮᠳᠠᠳᠤ | ᠤᠯᠤᠰ ᠤᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ | ᠲᠥᠯᠥᠭᠡ ᠥᠪᠡᠷ ᠤᠨ ᠨᠢᠭᠡ ᠬᠤᠪᠢ ᠬᠦᠴᠦᠨ ᠴᠢᠳᠠᠯ ᠢᠶᠠᠨ ᠡᠷᠭᠦᠨ᠎ᠡ︕ | | | |