ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠶᠠᠪᠤᠳᠠᠯ ᠬᠦᠢᠴᠡᠳᠬᠡᠬᠦ ᠴᠠᠭ ᠢ ᠶᠡᠭᠡ | ᠬᠡᠮᠵᠢᠶ᠎ᠡ ᠪᠠᠷ ᠪᠤᠭᠤᠨᠢᠰᠬᠠᠪᠠ | 1 ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠶᠢᠨ ᠠᠷᠤ ᠳᠤ | — — ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠨᠠᠮ ᠤᠨ | ᠭᠡᠰᠢᠭᠦᠨ ᠺᠠᠳ᠋ᠷᠴᠤᠳ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠤᠭᠰᠠᠨ | ᠪᠣᠳᠠᠲᠤ ᠲᠡᠮᠳᠡᠭᠯᠡᠯ | ᠥᠯᠥ ᠬᠥᠳᠡᠯᠬᠦ ᠬᠥᠷᠥᠩᠭᠡ ᠶᠢ 1 ᠴᠠᠭ ᠲᠤ ᠰᠢᠢᠳᠪᠦᠷᠢᠯᠡᠵᠦ ᠳᠠᠭᠤᠰᠬᠠᠨ᠂ ᠠᠵᠤ ᠠᠬᠤᠶᠢᠯᠠᠯ ᠤᠨ ᠭᠠᠷ ᠭᠦᠢᠴᠡᠳᠭᠡᠯ | ᠢ ᠴᠠᠭ ᠤᠨ ᠲᠤᠳᠤᠷ᠎ᠠ ᠪᠡᠶᠡᠯᠡᠭᠦᠯᠵᠦ ᠲᠡᠶᠢᠯᠦᠨ᠎ᠡ ᠤᠤ︖ ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠥᠪ ᠬᠠᠷᠢᠭᠤᠯᠲᠠ ᠥᠭᠪᠡ᠃ | | | | | ᠰᠤᠷᠪᠤᠯᠵᠢᠯᠠᠭᠴᠢ ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠶᠡᠭᠡ | ᠡᠭᠦᠳᠡᠨ ᠳᠤ ᠣᠷᠣᠵᠤ᠂ ︽ᠠᠵᠤ ᠠᠬᠤᠶᠢᠯᠠᠯ ᠤᠴᠢᠷ ᠶᠠᠪᠤᠳᠠᠯ ᠬᠦᠢᠴᠡᠳᠬᠡᠬᠦ ᠳᠤ ᠬᠦᠴᠢᠷ ᠦᠭᠡᠢ᠂ ᠠᠷᠠᠳ ᠣᠯᠠᠨ | ᠤᠴᠢᠷ ᠶᠠᠪᠤᠳᠠᠯ ᠰᠢᠢᠳᠪᠦᠷᠢᠯᠡᠬᠦ ᠳᠤ ᠬᠥᠮᠦᠨ ᠡᠷᠢᠬᠦ ᠦᠭᠡᠢ︾ ᠭᠡᠳᠡᠭ ᠨᠢ ᠬᠥᠮᠦᠰ ᠤᠨ ᠠᠩᠬᠠᠷᠤᠯ ᠢ ᠲᠠᠲᠠᠵᠤ᠂ ᠶᠠᠪᠤᠳᠠᠯ | ᠬᠦᠢᠴᠡᠳᠭᠡᠭᠦ ᠶᠡᠭᠡ ᠲᠢᠩᠬᠢᠮ ᠳᠤ ᠬᠥᠷ ᠬᠥᠭᠵᠢᠶᠡᠨ ᠪᠢᠯᠬᠠᠵᠤ᠂ ᠬᠥᠮᠦᠨ ᠬᠠᠷ᠎ᠠ ᠬᠤᠷᠠᠨ ᠴᠤᠭᠯᠠᠷᠠᠵᠠᠶ᠃ | ᠶᠠᠭ ᠡᠨᠡ ᠦᠶ᠎ᠡ ᠳᠤ ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠡᠳ᠋ | ᠡᠷᠬᠢᠯᠡᠭᠴᠢ ᠾᠧᠦ ᠺᠠᠶ ᠸᠧᠨ ᠮᠠᠰᠢ ᠶᠠᠭᠠᠷᠠᠯᠲᠠᠶ ᠪᠠᠶᠢᠵᠤ᠂ ᠮᠠᠩᠨᠠᠶ ᠳᠡᠭᠡᠷ᠎ᠡ ᠨᠢ ᠬᠥᠯᠥᠰᠥ ᠠᠰᠬᠠᠷᠠᠵᠤ ᠪᠠᠶᠢᠯ᠎ᠠ᠃ ᠲᠡᠷᠡ | ᠰᠤᠷᠪᠤᠯᠵᠢᠯᠠᠭᠴᠢ ᠳᠤ᠄ ︽ᠬᠢᠭᠰᠡᠨ ᠲᠤᠭ᠎ᠠ ᠪᠠᠷᠢᠮᠲᠠ ᠶᠢ ᠬᠠᠷᠢᠴᠠᠭᠤᠯᠤᠨ ᠵᠠᠳᠠᠯᠬᠤ ᠪᠠᠷ ᠳᠠᠮᠵᠢᠭᠤᠯᠤᠨ᠂ ᠪᠣᠳᠠᠲᠤ | ᠴᠣᠭᠴᠠ ᠶᠢᠨ ᠶᠡᠭᠡ ᠲᠢᠩᠬᠢᠮ ᠤᠨ ᠬᠦᠢᠴᠡᠳᠭᠡᠭᠰᠡᠨ ᠲᠤᠭ᠎ᠠ ᠬᠡᠮᠵᠢᠶ᠎ᠡ ᠶᠢᠨ ᠲᠠᠯ᠎ᠠ ᠪᠠᠷ ᠥᠯᠥ ᠬᠥᠳᠡᠯᠬᠦ ᠬᠥᠷᠥᠩᠭᠡ ᠶᠢᠨ | ᠲᠤᠬᠠᠶᠢᠯᠠᠭᠰᠠᠨ ᠠᠵᠢᠯ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠤᠬᠠᠶᠢᠯᠠᠭᠰᠠᠨ ᠠᠵᠢᠯ ᠣᠯᠠᠨ ᠪᠠᠶᠢᠬᠤ ᠶᠢ | ᠪᠦᠷᠢᠳᠬᠡᠵᠦ ᠭᠠᠷᠭᠠᠪᠠ᠃ ᠡᠶᠢᠮᠦ ᠠᠴᠠ ᠪᠢᠳᠡ ᠡᠳᠡᠭᠡᠷ ᠲᠤᠬᠠᠶᠢᠯᠠᠭᠰᠠᠨ ᠠᠵᠢᠯ ᠳᠡᠭᠡᠷ᠎ᠡ ᠬᠦᠴᠦᠯᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠥᠪ ᠤᠶᠢᠷ᠎ᠠ ᠳᠤ ᠦᠯᠦ ᠬᠥᠳᠡᠯᠬᠦ ᠬᠥᠷᠥᠩᠭᠡ ᠶᠢ 1 ᠴᠠᠭ ᠲᠤ ᠰᠢᠢᠳᠪᠦᠷᠢᠯᠡᠵᠦ᠂ ᠠᠵᠤ | ᠠᠬᠤᠢᠯᠠᠯ ᠤᠨ ᠭᠠᠷ ᠭᠦᠢᠴᠡᠳᠭᠡᠯ ᠢ 1 ᠴᠠᠭ ᠲᠤ ᠬᠦᠢᠴᠡᠳᠭᠡᠨ ᠡᠷᠬᠢᠯᠡᠵᠡᠢ᠂ ᠡᠶᠢᠮᠦᠷᠬᠦᠦ ᠥᠨᠳᠥᠷ ᠦᠷ᠎ᠡ | ᠪᠦᠲᠦᠮᠵᠢ ᠳᠤ ᠣᠯᠠᠨ ᠲᠦᠮᠡᠨ ᠮᠠᠰᠢ ᠬᠠᠨᠤᠮᠵᠢᠲᠠᠶ ᠪᠠᠶᠢᠨ᠎ᠠ︾ ᠬᠡᠵᠠᠢ᠃ | | | | | ︽ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠤᠬᠠᠶᠢᠯᠠᠭᠰᠠᠨ ᠠᠵᠢᠯ ᠢ ᠠᠵᠤ ᠠᠬᠤᠶᠢᠯᠠᠯ ᠤᠨ ᠡᠷᠬᠢᠯᠡᠭᠰᠡᠨ | ᠲᠤᠬᠠᠶᠢᠯᠠᠭᠰᠠᠨ ᠠᠵᠢᠯ ᠢ 1 ᠴᠠᠭ ᠤᠨ ᠳᠣᠲᠣᠷ᠎ᠠ ᠬᠢᠵᠦ ᠳᠠᠭᠤᠰᠬᠠᠨ᠎ᠠ᠂ ᠡᠨᠡ ᠨᠢ ᠣᠯᠠᠨ ᠲᠦᠮᠡᠨ᠂ ᠠᠵᠤ ᠠᠬᠤᠶᠢᠯᠠᠯ ᠳᠤ | ᠠᠪᠴᠤ ᠬᠡᠯᠡᠪᠡᠯ ︿ᠨᠢᠭᠡᠨ ᠶᠡᠭᠡ ᠰᠠᠶᠢᠨ ᠶᠠᠪᠤᠳᠠᠯ﹀ ᠮᠥᠨ᠃ ᠭᠡᠪᠡᠴᠦ᠂ ᠬᠡᠷᠬᠢᠨ ᠲᠦᠷᠭᠡᠨ ᠮᠥᠷᠲᠡᠭᠡᠨ ᠰᠠᠶᠢᠨ ᠪᠠᠶᠢᠵᠤ᠂ | ᠣᠯᠠᠨ ᠲᠦᠮᠡᠨ ᠰᠡᠳᠬᠢᠯ ᠬᠠᠨᠤᠮᠵᠢᠲᠠᠶ 1 ᠴᠠᠭ ᠤᠨ ᠳᠣᠲᠣᠷ᠎ᠠ ᠰᠠᠶᠢᠲᠤᠷ ᠡᠷᠬᠢᠯᠡᠨ ᠬᠦᠢᠴᠡᠳᠭᠡᠭᠦ ᠶᠠᠪᠤᠴᠠ ᠨᠢ ᠴᠦ ᠮᠠᠰᠢ | ᠮᠤᠷᠤᠶ ᠰᠠᠷᠤᠶ ᠪᠠᠶᠢᠵᠤ᠂ ᠬᠠᠮᠳᠦ ᠣᠯᠠᠨ ᠬᠦᠴᠦ ᠪᠠᠨ ᠬᠠᠮᠳᠤᠳᠬᠠᠨ᠂ ᠣᠯᠠᠨ ᠰᠠᠯᠠᠭ᠎ᠠ ᠮᠥᠴᠢᠷ ᠬᠠᠮᠵᠢᠯᠴᠠᠨ | ᠬᠥᠳᠡᠯᠦᠯᠴᠡᠵᠦ᠂ ᠬᠠᠮᠲᠤ ᠪᠠᠷ ᠲᠦᠯᠬᠢᠨ ᠠᠬᠢᠭᠤᠯᠤᠭᠰᠠᠨ ᠤ ᠦᠷ᠎ᠡ ᠳ᠋ᠦᠩ ᠶᠤᠮ᠃︾ ᠭᠡᠵᠡᠶ᠃ | | ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠨᠢᠭᠡ ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠶᠢᠨ | ᠠᠷᠤ ᠳᠤ | ︽ᠪᠢᠴᠢᠭ ᠮᠠᠲ᠋ᠧᠷᠢᠶᠠᠯ ᠢᠶᠠᠨ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠬᠦᠷᠴᠦ ᠥᠯᠥ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠦᠢᠴᠡᠳᠭᠡᠵᠦ᠂ 1 ᠴᠠᠭ ᠪᠣᠯᠤᠭ᠎ᠠ ᠦᠭᠡᠢ ᠪᠠᠷ ᠰᠢᠢᠳᠪᠦᠷᠢᠯᠡᠵᠦ | ᠳᠠᠭᠤᠰᠬᠠᠵᠠᠶ᠃ ᠢᠮᠦ ᠲᠦᠷᠭᠡᠨ ᠭᠡᠵᠦ ᠪᠣᠳᠣᠵᠤ ᠣᠯᠤᠭᠰᠠᠨ ᠦᠭᠡᠢ᠂ ᠵᠢᠱᠢᠭᠰᠡᠨ ᠲᠥᠰᠦᠪᠯᠡᠯ ᠠᠴᠠ ᠪᠠᠨ ᠪᠦᠷᠢᠮᠦᠰᠦᠨ | ᠬᠡᠲᠦᠷᠡᠪᠡ᠂ ᠪᠢ ᠲᠤᠩ ᠰᠡᠳᠬᠢᠯ ᠬᠠᠨᠤᠮᠵᠢᠲᠠᠶ ᠪᠠᠶᠢᠨ᠎ᠠ᠃ ᠲᠦᠷᠦᠭᠦᠬᠡᠨ᠂ ᠪᠢ ᠪᠠᠰᠠ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠢ ᠣᠯᠠᠨ ᠤᠳᠠᠭ᠎ᠠ ᠠᠪᠴᠤ ᠥᠩᠭᠡᠷᠡᠵᠡᠶ᠂ ᠠᠳᠡ ᠭᠡᠷᠡᠴᠢ ᠭᠠᠷᠭᠠᠵᠤ᠂ ᠲᠡᠨᠳᠡ ᠲᠠᠮᠠᠭ᠎ᠠ ᠳᠠᠷᠤᠵᠤ᠂ | ᠭᠠᠷ ᠤᠨ ᠦᠰᠦᠭ ᠵᠢᠷᠤᠵᠤ᠂ ᠳᠡᠩᠳᠡᠭᠦᠤ ᠶᠠᠷᠰᠢᠭ ᠲᠠᠢ᠂ 10 ᠡᠳᠦᠷ᠂ 8 ᠡᠳᠦᠷ ᠪᠠᠶᠢᠬᠤ ᠥᠬᠡᠶ ᠪᠣᠯ | ᠦᠨᠳᠦᠰᠦᠨ ᠳᠡᠭᠡᠨ ᠰᠢᠢᠳᠪᠦᠷᠢᠯᠡᠵᠦ ᠲᠡᠶᠢᠯᠬᠦ ᠥᠬᠡᠶ ᠶᠤᠮ᠃ | | | | | ᠰᠤᠷᠪᠤᠯᠵᠢᠯᠠᠭᠴᠢ ᠬᠤᠤᠯᠢᠩᠭᠤᠤᠯ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠡᠷᠬᠢᠯᠡᠭᠴᠢ | ᠵᠢᠶᠠ ᠯᠢᠶᠠᠨ ᠹᠠᠩ ᠢ ᠦᠵᠡᠬᠦ ᠳᠤ᠂ ᠲᠡᠷᠡ ᠮᠠᠲ᠋ᠧᠷᠢᠶᠠᠯ ᠠᠪᠴᠤ ᠦᠢᠯᠡᠴᠢᠯᠡᠬᠡᠨ ᠤ ᠴᠣᠩᠬᠤ ᠪᠣᠯᠤᠨ ᠬᠢᠨᠠᠨ ᠵᠥᠪᠰᠢᠶᠡᠷᠡᠬᠦ | ᠠᠯᠪᠠᠨ ᠭᠡᠷ ᠤᠨ ᠬᠤᠭᠤᠷᠣᠨᠳᠣ ᠨᠠᠰᠢ ᠴᠠᠰᠢ ᠶᠠᠭᠠᠷᠠᠯᠳᠤᠵᠤ ᠪᠠᠶᠢᠯ᠎ᠠ᠃ | ᠵᠢᠶᠠ ᠯᠢᠶᠠᠨ ᠹᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠤᠯᠢᠩᠭᠤᠤᠯ ᠬᠤᠲᠠ ᠶᠢᠨ ᠲᠣᠭᠲᠠᠮᠠᠯ ᠬᠥᠷᠥᠩᠭᠡ ᠶᠢ | ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ 2018 ᠤᠨ ᠤ ᠡᠬᠢ ᠪᠠᠷ 20 ᠠᠵᠢᠯ ᠤᠨᠡᠳᠦᠷ ᠲᠤ | ᠰᠢᠢᠳᠪᠦᠷᠢᠯᠡᠵᠦ᠂ 2019ᠤᠨ ᠤ ᠡᠬᠢ ᠪᠠᠷ 7 ᠠᠵᠢᠯ ᠤᠨ ᠡᠳᠦᠷ ᠲᠤ ᠰᠢᠢᠳᠪᠦᠷᠢᠯᠡᠵᠦ᠂ 2019 ᠤᠨ 6 ᠰᠠᠷ᠎ᠠ ᠳᠤ | ᠰᠠᠶ᠋ᠢ 3 ᠠᠵᠢᠯ ᠤᠨ ᠡᠳᠦᠷ ᠰᠢᠢᠳᠪᠦᠷᠢᠯᠡᠵᠦ᠂ ᠣᠯᠠᠨ ᠲᠦᠮᠡᠨ ᠨᠠᠰᠢ ᠴᠠᠰᠢ ᠣᠯᠠᠨ ᠤᠳᠠᠭ᠎ᠠ ᠭᠦᠶᠦᠬᠦ ᠥᠬᠡᠶ ᠪᠣᠯ | ᠦᠨᠳᠦᠰᠦᠨ ᠳᠡᠭᠡᠨ ᠰᠢᠢᠳᠪᠦᠷᠢᠯᠡᠵᠦ ᠲᠡᠶᠢᠯᠬᠦ ᠥᠬᠡᠶ ᠶᠤᠮ᠃ ᠭᠡᠷ ᠪᠠᠶᠢᠰᠢᠩ ᠬᠤᠳᠠᠯᠳᠤᠨ ᠠᠪᠬᠤ ᠪᠠ ᠭᠡᠷ ᠪᠠᠶᠢᠰᠢᠩ | ᠬᠤᠳᠠᠯᠳᠤᠬᠤ ᠪᠣᠯ ᠠᠵᠢᠯ ᠶᠠᠪᠤᠳᠠᠯ ᠭᠦᠢᠴᠡᠳᠭᠡᠵᠦ ᠪᠠᠶᠢᠭ᠎ᠠ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠬᠦᠷᠴᠦ ᠬᠠᠮᠤᠭ ᠤᠨ ᠣᠯᠠᠨ ᠰᠢᠢᠳᠪᠦᠷᠢᠯᠡᠵᠦ ᠪᠠᠶᠢᠭ᠎ᠠ ᠶᠠᠪᠤᠳᠠᠯ ᠮᠥᠨ᠂ ᠲᠡᠭᠦᠨ ᠤ ᠰᠢᠢᠳᠪᠦᠷᠢᠯᠡᠬᠦ | ᠶᠠᠪᠤᠴᠠ ᠨᠢ ᠪᠤᠳᠤᠯᠢᠶᠠᠨᠲᠠᠶ᠂ ᠰᠢᠢᠳᠪᠦᠷᠢᠯᠡᠬᠦ ᠴᠠᠭ ᠨᠢ ᠬᠡᠲᠦ ᠤᠷᠳᠤ ᠪᠣᠯᠬᠤᠷ ᠠᠵᠢᠯ ᠶᠠᠪᠤᠳᠠᠯ ᠬᠦᠢᠴᠡᠳᠭᠡᠵᠦ ᠪᠠᠶᠢᠭ᠎ᠠ | ᠣᠯᠠᠨ ᠲᠦᠮᠡᠨ ᠤ ᠵᠢᠮᠡᠯᠡᠯ ᠢ ᠥᠷᠭᠡᠨ ᠢᠶᠠᠷ ᠣᠯᠤᠭᠰᠠᠭᠠᠷ ᠢᠷᠡᠵᠡᠢ᠃ | | | | | ᠡᠨᠡ ᠵᠢᠯ ᠤᠨ 8 ᠰᠠᠷ᠎ᠠ ᠶᠢᠨ 23 ᠤ ᠡᠳᠦᠷ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ | ᠬᠤᠩ ᠹᠦ᠋ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠥᠯᠥ | ᠬᠥᠳᠡᠯᠬᠦ ᠬᠥᠷᠥᠩᠭᠡ ᠶᠢ ᠳᠠᠩᠰᠠᠯᠠᠭᠤᠯᠬᠤ ᠳᠤ 1 ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠬᠡᠷᠡᠭᠲᠡᠶ ᠭᠡᠵᠦ | ᠲᠣᠳᠣᠷᠬᠠᠶ ᠱᠠᠭᠠᠷᠳᠠᠭᠰᠠᠨ ᠪᠠᠢᠨ᠎ᠠ᠃ ᠦᠨᠡᠨ ᠳᠡᠭᠡᠨ ᠵᠢᠶᠠ ᠯᠢᠶᠠᠨ ᠹᠠᠩ ᠪᠣᠯᠤᠨ ᠣᠯᠠᠨ ᠢᠶᠠᠷ ᠢᠶᠠᠨ ᠪᠦᠷ ᠳᠠᠷᠤᠯᠲᠠ ᠶᠡᠭᠡ᠂ | ᠬᠢᠵᠦ ᠲᠡᠶᠢᠯᠬᠦ ᠡᠰᠡᠬᠦ ᠨᠢ ᠨᠢᠭᠡ ᠴᠠᠭ ᠤᠨ ᠳᠣᠲᠣᠷ᠎ᠠ ᠪᠠᠰᠠ ᠪᠠᠲᠤᠯᠠᠭ᠎ᠠ ᠦᠭᠡᠢ᠃ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠳᠠᠭᠠᠭᠤᠯᠭ᠎ᠠ ᠳᠣᠤᠷ᠎ᠠ᠂ ᠲᠡᠷᠡ ᠬᠠᠮᠲᠤ | ᠠᠵᠢᠯᠯᠠᠭᠴᠢ ᠲᠠᠢ ᠪᠠᠨ ᠬᠠᠮᠲᠤ ᠠᠵᠢᠯᠯᠠᠵᠤ᠂ ᠶᠠᠭᠠᠬᠢᠪᠠᠯ ᠰᠠᠶ᠋ᠢ ᠴᠠᠭ ᠢ ᠬᠠᠮᠤᠭ ᠤᠨ ᠠᠷᠪᠢᠯᠠᠵᠤ᠂ ᠣᠯᠠᠨ ᠲᠦᠮᠡᠨ | ᠳᠤᠲᠠᠭᠤ ᠭᠦᠶᠦᠬᠦ ᠶᠢ ᠬᠠᠶᠢᠨ ᠰᠦᠪᠡᠭᠴᠢᠯᠡᠪᠡ᠃ | | | | | ᠬᠠᠶᠢᠨ ᠰᠦᠪᠡᠭᠴᠢᠯᠡᠬᠦ ᠪᠠᠷ ᠳᠠᠮᠵᠢᠨ᠂ ᠲᠡᠳᠡ ᠥᠯᠥ ᠬᠥᠳᠡᠯᠬᠦ ᠬᠥᠷᠥᠩᠭᠡ ᠪᠣᠯᠤᠨ ᠭᠡᠷ ᠬᠥᠷᠥᠩᠭᠡ ᠶᠢᠨ ᠰᠠᠯᠠᠭ᠎ᠠ | ᠮᠥᠴᠢᠷ ᠢ ᠡᠮᠬᠢᠯᠡᠨ ᠨᠡᠶᠢᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠲᠤᠬᠠᠶᠢᠯᠠᠭᠰᠠᠨ ᠠᠵᠢᠯ ᠢ ᠪᠠᠶᠢᠭᠤᠯᠤᠨ᠂ ︽ | ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ᠂ ᠠᠷᠤ ᠲᠠᠯ᠎ᠠ ᠶᠢᠨ ᠲᠠᠪᠴᠠᠩ ᠢ ᠲᠥᠷᠥᠯ ᠬᠤᠪᠢᠶᠠᠨ ᠬᠢᠨᠠᠨ | ᠵᠥᠪᠰᠢᠶᠡᠷᠡᠬᠦ᠂ ᠴᠣᠩᠬᠤ ᠪᠠᠷ ᠪᠢᠴᠢᠭ ᠮᠠᠲ᠋ᠧᠷᠢᠶᠠᠯ ᠭᠠᠷᠭᠠᠬᠤ︾ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ | ᠵᠠᠭᠪᠤᠷ ᠢ ᠬᠡᠷᠡᠭᠵᠢᠭᠦᠯᠪᠡ᠃ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠵᠢᠴᠢ ᠬᠠᠮᠢᠶ᠎ᠠ ᠪᠦᠬᠦᠢ ᠭᠡᠷ | ᠪᠠᠶᠢᠰᠢᠩ ᠤᠨ ᠠᠷᠠᠯᠵᠢᠶ᠎ᠠ᠂ ᠭᠠᠶᠢᠯᠢ ᠲᠤᠰᠢᠶᠠᠬᠤ ᠮᠠᠲ᠋ᠧᠷᠢᠶᠠᠯ ᠢ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ | ᠴᠣᠩᠬᠤ︾ ᠠᠴᠠ ᠨᠢᠭᠡᠳᠦᠯᠲᠡᠶ ᠶᠡᠷᠦᠩᠬᠡᠶᠢᠯᠡᠨ ᠭᠥᠯᠢᠶᠡᠨ ᠠᠪᠴᠤ᠂ ᠳᠠᠬᠢᠨ ᠲᠣᠰ ᠴᠣᠩᠬᠤ ᠪᠠᠷ ᠨᠢᠭᠡᠳᠦᠯᠲᠡᠶ ᠲᠤᠭ᠎ᠠ | ᠪᠠᠷᠢᠮᠲᠠ ᠶᠢ ᠳᠠᠮᠵᠢᠭᠤᠯᠤᠨ ᠬᠦᠷᠭᠡᠵᠦ᠂ ︽ᠨᠢᠭᠡ ᠴᠣᠩᠬᠤ ᠪᠠᠷ ᠭᠥᠯᠢᠶᠡᠨ ᠠᠪᠴᠤ᠂ ᠲᠥᠪᠯᠡᠷᠡᠭᠦᠯᠦᠨ ᠦᠢᠯᠡᠴᠢᠯᠡᠬᠦ︾ ᠶᠢ | ᠪᠡᠶᠡᠯᠡᠭᠦᠯᠵᠦ᠂ ᠠᠵᠢᠯ ᠶᠠᠪᠤᠳᠠᠯ ᠬᠦᠢᠴᠡᠳᠭᠡᠭᠴᠢ ᠠᠴᠠ ᠨᠢᠭᠡ ᠯᠡ ᠤᠳᠠᠭ᠎ᠠ ᠮᠠᠲ᠋ᠧᠷᠢᠶᠠᠯ ᠲᠤᠰᠢᠶᠠᠪᠠᠯ ᠳᠠᠷᠤᠶ | ᠰᠢᠢᠳᠪᠦᠷᠢᠯᠡᠵᠦ ᠲᠠᠶᠢᠯᠤᠨ᠎ᠠ᠃ | ᠳᠠᠷᠠᠭ᠎ᠠ ᠨᠢ᠂ ᠲᠡᠳᠡ ᠪᠠᠰᠠ ᠨᠠᠷᠢᠨ ᠪᠤᠳᠤᠯᠢᠶᠠᠨᠲᠠᠶ ᠮᠥᠷᠲᠡᠭᠡᠨ ᠴᠠᠭ ᠵᠠᠷᠤᠴᠠᠭᠤᠯᠬᠤ ᠭᠤᠭᠴᠤᠭ᠎ᠠ ᠶᠢ ᠬᠠᠰᠤᠵᠤ | ᠬᠠᠶᠠᠭᠠᠳ᠂ ᠰᠦᠢᠳᠭᠡᠯ ᠲᠤᠰᠢᠶᠠᠬᠤ ᠪᠠ ᠦᠨᠡᠮᠯᠡᠯ ᠠᠪᠬᠤ᠂ ᠳᠠᠩᠰᠠᠯᠠᠬᠤ ᠪᠠ ᠦᠨᠡᠮᠯᠡᠯ ᠵᠣᠬᠢᠶᠠᠬᠤ ᠶᠢ ᠨᠡᠶᠢᠯᠡᠭᠦᠯᠵᠦ᠂ | ᠤᠤᠯ ᠤᠨ 13 ᠭᠤᠭᠴᠤᠭ᠎ᠠ ᠶᠢ ︽ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠳᠠᠩᠰᠠᠯᠠᠬᠤ᠂ ᠦᠨᠡᠮᠯᠡᠯ | ᠵᠣᠬᠢᠶᠠᠬᠤ︾ ᠡᠨᠡ 4 ᠭᠤᠭᠴᠤᠭ᠎ᠠ ᠪᠣᠯᠭᠠᠭᠰᠠᠨ ᠤ ᠬᠠᠮᠲᠤ ᠭᠤᠭᠴᠤᠭ᠎ᠠ ᠨᠢᠭᠡᠪᠦᠷᠢ ᠳᠤ ᠨᠠᠷᠢᠯᠢᠭ ᠤᠨᠤᠪᠴᠢᠳᠠᠢ | ᠬᠦᠢᠴᠡᠳᠭᠡᠬᠦ ᠴᠠᠭ ᠤᠨ ᠬᠢᠵᠠᠭᠠᠷ ᠢ ᠲᠥᠯᠥᠪᠵᠢᠭᠦᠯᠵᠦ ᠥᠭᠴᠡᠶ᠃ ᠡᠨᠡ ᠵᠢᠯ ᠤᠨ 9 ᠰᠠᠷ᠎ᠠ ᠶᠢᠨ 7 ᠤ ᠡᠳᠦᠷ᠂ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ 1 ᠴᠠᠭ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠶᠢ ᠠᠩᠬ᠎ᠠ ᠤᠳᠠᠭ᠎ᠠ | ᠪᠡᠶᠡᠯᠡᠭᠦᠯᠵᠡᠶ᠃ | ᠵᠢᠶᠠ ᠯᠢᠶᠠᠨ ᠹᠠᠩ᠄ ︽ᠨᠢᠭᠡ ᠴᠠᠭ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠨᠢ ᠣᠯᠠᠨ ᠲᠦᠮᠡᠨ ᠳᠤ ᠳᠥᠭᠦᠮ | ᠪᠣᠯᠤᠭᠰᠠᠨ ᠪᠣᠯᠪᠠᠴᠤ ᠮᠠᠨ ᠤ ᠠᠵᠢᠯᠲᠠᠨ ᠤ ᠠᠵᠢᠯ ᠤᠨ ᠬᠡᠮᠵᠢᠶ᠎ᠡ ᠶᠢ ᠨᠡᠮᠡᠭᠳᠡᠭᠦᠯᠵᠦ᠂ ᠴᠠᠭ ᠨᠡᠮᠡᠵᠦ ᠠᠵᠢᠯᠯᠠᠬᠤ ᠨᠢ | ᠡᠩ ᠤᠨ ᠶᠠᠪᠤᠳᠠᠯ ᠪᠣᠯᠵᠠᠶ᠃ ᠭᠡᠪᠡᠴᠦ ᠡᠨᠡ ᠪᠦᠷ ᠬᠠᠮᠢᠶ᠎ᠠ ᠦᠭᠡᠢ ᠬᠡᠪᠡ᠃ | ᠵᠢᠶᠠ ᠯᠢᠶᠠᠨ ᠹᠠᠩ ᠰᠤᠷᠪᠤᠯᠵᠢᠯᠠᠭᠴᠢ ᠲᠠᠢ ᠳᠡᠮᠡᠢ ᠤᠳᠠᠭᠠᠨ ᠶᠠᠷᠢᠯᠴᠠᠭᠰᠠᠨ ᠦᠭᠡᠢ᠂ ︽ᠵᠢᠶᠠ ᠡᠷᠬᠢᠯᠡᠭᠴᠢ ᠡ᠂ | ᠤᠴᠢᠷ ᠢᠶᠠᠨ ᠪᠠᠷᠠᠴᠢᠬᠠᠪᠠ ᠤᠤ︖ ᠬᠡᠲᠦ ᠬᠡᠳᠦᠨ ᠬᠥᠮᠦᠨ ᠴᠢᠮ᠎ᠠ ᠶᠢ ᠬᠦᠯᠢᠶᠡᠵᠦ ᠪᠠᠢᠨ᠎ᠠ᠂ ᠴᠢᠮ᠎ᠠ ᠶᠢ ᠡᠷᠢᠵᠦ ᠬᠢᠨᠠᠨ | ᠵᠥᠪᠰᠢᠶᠡᠷᠡᠬᠦ ᠮᠠᠲ᠋ᠧᠷᠢᠶᠠᠯ ᠦᠵᠡᠬᠦᠯᠬᠦ ᠬᠡᠵᠦ ᠪᠠᠶᠢᠨ᠎ᠠ ︔︾ | ᠵᠢᠶᠠ ᠯᠢᠶᠠᠨ ᠹᠠᠩ᠄ ︽ᠵᠢᠭᠠᠬᠠᠨ ᠬᠦᠯᠢᠶᠡᠬᠦ ᠪᠤᠯᠪᠠᠤ᠂ ᠤᠳᠠᠬᠤ ᠦᠭᠡᠢ ᠪᠠᠷᠠᠴᠢᠬᠠᠨ᠎ᠠ | ᠦᠭᠡ ᠪᠠᠨ ᠶᠠᠷᠢᠵᠤ ᠪᠠᠷᠠᠩᠭᠤᠳᠠ ᠬᠦᠶᠤᠬᠡᠳ ᠶᠠᠪᠤᠯ᠎ᠠ ᠁ | ᠠᠵᠤ ᠠᠬᠤᠶᠢᠯᠠᠯ 1 ᠴᠠᠭ ᠡᠷᠬᠢᠯᠡᠵᠦ ᠰᠢᠢᠳᠪᠦᠷᠢᠯᠡᠭᠰᠡᠨ ᠤ ᠠᠷᠤ ᠳᠤ᠄ | ︽ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠨᠢ ︽ᠠᠵᠤ ᠠᠬᠤᠶᠢᠯᠠᠯ 1 ᠴᠠᠭ ᠤᠨ ᠳᠣᠲᠣᠷ᠎ᠠ | ᠰᠢᠢᠳᠪᠦᠷᠢᠯᠡᠵᠦ ᠳᠠᠭᠤᠰᠬᠠᠬᠤ︾ ᠦᠢᠯᠡᠴᠢᠯᠡᠭᠡ ᠶᠢ ᠪᠡᠶᠡᠯᠡᠭᠦᠯᠦᠭᠰᠡᠨ ᠤ ᠳᠠᠷᠠᠭ᠎ᠠ᠂ ᠦᠢᠯᠡᠴᠢᠯᠡᠭᠡ ᠶᠢ ᠬᠠᠮᠤᠭ ᠲᠡᠷᠢᠭᠦᠨ | ᠳᠤ ᠤᠯᠵᠦ ᠬᠦᠷᠳᠡᠭᠰᠡᠨ ᠨᠢ ︿ᠬᠤᠤᠯᠢᠩᠭᠤᠤᠯ ᠬᠤᠲᠠ ᠶᠢᠨ ᠰᠢᠨ ᠲᠦᠩ ᠬᠥᠮᠦᠨ ᠤ ᠬᠦᠴᠦᠨ ᠤ ᠡᠬᠢ ᠪᠠᠶᠠᠯᠢᠭ ᠤᠨ | ᠬᠢᠵᠠᠭᠠᠷᠲᠤ ᠺᠣᠮᠫᠠᠨᠢ﹀ ᠭᠡᠳᠡᠭ ᠠᠵᠤ ᠠᠬᠤᠶᠢᠯᠠᠯ ᠪᠣᠯᠤᠨ᠎ᠠ᠂ 1 ᠴᠠᠭ ᠪᠣᠯᠣᠭᠠᠳᠤᠢ ᠪᠠᠷ ᠴᠣᠩᠬᠤᠨ ᠳᠤ ᠪᠣᠶ ᠪᠦᠬᠦᠢ | ᠭᠠᠷᠳᠠᠮ ᠢ ᠬᠦᠢᠴᠡᠳᠭᠡᠵᠦ ᠳᠠᠭᠤᠰᠬᠠᠪᠠ᠃︾ ᠬᠤᠤᠯᠢᠩᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠤᠨ ᠳᠠᠩᠰᠠᠯᠠᠬᠤ ᠲᠠᠰᠤᠭ ᠤᠨ ᠳᠠᠷᠤᠭ᠎ᠠ ᠴᠢᠶᠣᠤ ᠵᠥᠩ ᠯᠢᠶᠠᠩ | ᠡᠷᠬᠢᠴᠡᠬᠦᠯᠦᠨ ᠪᠠᠭ᠋ᠠᠷᠬᠠᠵᠦ ᠶᠠᠷᠢᠯ᠎ᠠ᠃ | | | | | ᠴᠢᠶᠣᠤ ᠵᠦᠩ ᠯᠢᠶᠠᠩ ᠬᠡᠯᠡᠬᠦ ᠳᠡᠭᠡᠨ᠂ ᠠᠵᠤ ᠠᠬᠤᠶᠢᠯᠠᠯ ᠡᠷᠬᠢᠯᠡᠬᠦ ᠳᠤ ᠡᠵᠡᠩᠨᠡᠯᠲᠡ ᠶᠢᠨ ᠦᠨᠡᠮᠯᠡᠯ᠂ ᠲᠠᠮᠠᠭ᠎ᠠ | ᠰᠡᠶᠢᠯᠦᠨ ᠦᠢᠯᠡᠳᠬᠦ ᠪᠠᠷᠢᠮᠲᠠ ᠵᠡᠷᠭᠡ ᠭᠤᠷᠪᠠᠨ ᠵᠦᠢᠯ ᠤᠨ ᠠᠯᠢ ᠨᠢ ᠴᠦ ᠳᠤᠲᠠᠭᠳᠠᠵᠤ ᠪᠣᠯᠬᠤ ᠦᠭᠡᠢ ᠭᠡᠵᠡᠶ᠃ ᠬᠡᠪ ᠤᠨ | ᠯᠣᠭᠢᠭ ᠪᠠ ᠲᠡᠰ ᠳᠠᠷᠠᠭᠠᠯᠠᠯ ᠢᠶᠠᠷ ᠪᠣᠯ᠂ ᠡᠨᠡ ᠭᠤᠷᠪᠠᠨ ᠵᠦᠢᠯ ᠤᠨ ᠲᠤᠬᠠᠶᠢᠯᠠᠭᠰᠠᠨ ᠠᠵᠢᠯ ᠢ ᠲᠡᠰ ᠳᠠᠷᠠᠭᠠᠯᠠᠨ ᠬᠢᠬᠦ ᠳᠤ | 1 ᠴᠠᠭ ᠤᠨ ᠳᠣᠲᠣᠷ᠎ᠠ ᠪᠡᠶᠡᠯᠡᠭᠦᠯᠬᠦ ᠳᠤ ᠮᠠᠰᠢ ᠬᠦᠴᠢᠷᠲᠡᠶ ᠶᠤᠮ᠃ | ᠲᠡᠭᠡᠪᠡᠯ ᠶᠠᠭᠠᠬᠢᠬᠤ ᠪᠤᠢ︖ ᠴᠢᠶᠣᠤ ᠵᠦᠩ ᠯᠢᠶᠠᠩ ᠬᠠᠮᠲᠤ ᠠᠵᠢᠯᠯᠠᠭᠴᠢ ᠲᠠᠢ ᠪᠠᠨ ᠤᠷᠢᠳ ᠢᠶᠠᠷ ᠴᠠᠭ | ᠬᠤᠷᠣᠭᠳᠠᠭᠤᠯᠬᠤ ᠲᠤᠷᠰᠢᠯᠲᠠ ᠬᠢᠬᠦ ᠪᠠᠷ ᠲᠣᠭᠲᠠᠵᠤ᠂ ᠬᠦᠢᠴᠡᠳᠭᠡᠭᠦ ᠶᠠᠪᠤᠴᠠ ᠶᠢᠨ ᠠᠯᠢ ᠭᠤᠭᠴᠤᠭ᠎ᠠ ᠨᠢ ᠬᠠᠮᠤᠭ ᠴᠠᠭ ᠢ | ᠵᠠᠷᠤᠴᠠᠭᠤᠯᠬᠤ ᠶᠢ ᠦᠵᠡᠵᠦ᠂ ᠳᠠᠬᠢᠨ ᠶᠠᠪᠤᠴᠠ ᠶᠢ ᠳᠠᠮᠵᠢᠨ ᠬᠡᠷᠬᠢᠨ ᠪᠠᠭᠠᠰᠬᠠᠬᠤ ᠴᠠᠭ ᠤᠨ ᠬᠢᠵᠠᠭᠠᠷ ᠢ ᠲᠣᠭᠲᠠᠭᠠᠬᠤ ᠶᠢ | ᠰᠤᠳᠤᠯᠤᠨ᠎ᠠ᠃ ᠤᠳᠠᠭ᠎ᠠ ᠪᠦᠷᠢ ᠶᠢᠨ ᠲᠤᠷᠰᠢᠯᠲᠠ᠂ ᠲᠡᠳᠡ ᠪᠦᠷ ᠴᠠᠭ ᠢᠶᠠᠨ ᠴᠢᠮᠬᠢᠵᠦ᠂ ᠴᠠᠭ ᠤᠨ ᠪᠠᠶᠢᠳᠠᠯ ᠢ | ᠲᠡᠮᠳᠡᠭᠯᠡᠳᠡᠭ᠃ 10 ᠭᠠᠷᠤᠶ ᠤᠳᠠᠭᠠᠨ ᠤ ᠲᠤᠷᠰᠢᠯᠲᠠ ᠪᠠᠷ ᠳᠠᠮᠵᠢᠭᠠᠳ ᠲᠡᠳᠡ ᠮᠥᠷᠯᠡᠵᠦ ᠲᠠᠮᠠᠭ᠎ᠠ ᠰᠡᠶᠢᠯᠬᠦ᠂ | ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠪᠠᠷᠢᠮᠲᠠ ᠳᠡᠭᠡᠷ᠎ᠡ ᠬᠠᠮᠤᠭ ᠠᠴᠠ ᠢᠯᠡᠭᠦᠤ ᠴᠠᠭ ᠵᠠᠷᠤᠴᠠᠭᠤᠯᠬᠤ ᠶᠢ ᠣᠯᠵᠤ | ᠮᠡᠳᠡᠵᠡᠢ᠃ | ᠲᠤᠷᠰᠢᠯᠲᠠ ᠪᠠ ᠵᠠᠳᠠᠯᠤᠯᠲᠠ ᠲᠠᠢ ᠤᠶᠠᠯᠳᠤᠭᠤᠯᠤᠨ᠂ ᠴᠢᠶᠣᠤ ᠵᠥᠩ ᠯᠢᠶᠠᠩ ᠪᠣᠯᠤᠨ ᠬᠠᠮᠲᠤ ᠠᠵᠢᠭᠯᠠᠭᠰᠠᠳ ᠨᠢ | ᠡᠩ ᠤᠨ ᠠᠵᠤ ᠠᠬᠤᠶᠢᠯᠠᠯ ᠡᠷᠬᠢᠯᠡᠬᠦ ᠬᠠᠮᠤᠭ ᠤᠨ ᠰᠠᠶᠢᠨ ᠴᠠᠭ ᠤᠨ ᠲᠣᠮᠢᠶ᠎ᠠ ᠶᠢ ᠳᠤᠷᠠᠳᠤᠨ ᠭᠠᠷᠭᠠᠵᠠᠶ᠄ ᠡᠵᠡᠩᠨᠡᠯᠲᠡ ᠶᠢᠨ | ᠦᠨᠡᠮᠯᠡᠯ + ᠲᠠᠮᠠᠭ᠎ᠠ ᠰᠡᠶᠢᠯᠬᠦ + ᠪᠠᠷᠢᠮᠲᠠ = 1 ᠴᠠᠭ ᠪᠣᠯᠤᠨ᠎ᠠ᠃ | ᠲᠡᠳᠡ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠬᠥᠲᠥᠯᠥᠨ ᠵᠢᠯᠣᠭᠤᠳᠬᠤ ᠣᠷᠣᠨ ᠲᠣᠬᠢᠷᠠᠭᠤᠯᠵᠤ᠂ ᠲᠤᠬᠠᠶᠢᠯᠠᠭᠰᠠᠨ | ᠠᠵᠢᠯ ᠤᠨ ᠬᠥᠲᠥᠯᠥᠨ ᠵᠢᠯᠣᠭᠤᠳᠬᠤ ᠬᠥᠮᠦᠰ ᠢ ᠪᠦᠬᠦ ᠶᠠᠪᠤᠴᠠ ᠳᠤ ᠵᠢᠯᠣᠭᠤᠳᠤᠨ ᠬᠦᠢᠴᠡᠳᠭᠡᠵᠦ᠂ ︽ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ︾ ᠨᠢᠭᠡ ᠴᠣᠭᠴᠠᠵᠢᠭᠰᠠᠨ ᠦᠢᠯᠡᠴᠢᠯᠡᠭᠡ ᠶᠢ ᠪᠡᠶᠡᠯᠡᠭᠦᠯᠬᠦ ᠪᠠᠷ ᠲᠣᠭᠲᠠᠪᠠ᠃ | ᠴᠣᠩᠬᠤᠪᠴᠢ ᠶᠢ ᠳᠥᠭᠦᠮᠴᠢᠯᠡᠨ ᠮᠥᠷᠯᠡᠵᠦ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠭᠤᠭᠴᠤᠭ᠎ᠠ ᠶᠢ ᠲᠠᠭᠯᠠᠨ | ᠪᠢᠴᠢᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠴᠠᠭ ᠢ ᠪᠣᠭᠤᠨᠢᠰᠬᠠᠵᠤ᠂ ᠠᠵᠤ ᠠᠬᠤᠶᠢᠯᠠᠯ | ᠨᠡᠭᠡᠭᠡᠨ ᠡᠷᠬᠢᠯᠡᠬᠦ ᠳᠤ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠬᠡᠷᠡᠭ | ᠡᠷᠬᠢᠯᠡᠭᠦᠯᠦᠭᠴᠢ ᠶᠢᠨ ᠲᠤᠰᠢᠶᠠᠭᠰᠠᠨ ᠮᠠᠲ᠋ᠧᠷᠢᠶᠠᠯ ᠠᠴᠠ ᠡᠬᠢᠯᠡᠵᠦ ᠪᠤᠳᠤᠪᠠᠯ᠂ 25 ᠮᠢᠨᠦ᠋ᠲ ᠠᠴᠠ ᠬᠡᠲᠦᠷᠡᠬᠦ ᠦᠭᠡᠢ ᠪᠠᠷ | ᠡᠵᠡᠩᠨᠡᠯᠲᠡ ᠶᠢᠨ ᠦᠨᠡᠮᠯᠡᠯ ᠠᠪᠴᠤ ᠪᠣᠯᠤᠨ᠎ᠠ᠃ | | | | | ᠲᠠᠮᠠᠭ᠎ᠠ ᠰᠡᠶᠢᠯᠦᠨ ᠵᠤᠬᠢᠶᠠᠬᠤ᠂ ᠲᠠᠮᠠᠭ᠎ᠠ ᠳᠠᠩᠰᠠᠯᠠᠭᠤᠯᠬᠤ ᠳᠤ ᠬᠡᠷᠡᠭᠰᠡᠬᠦ ᠮᠠᠲ᠋ᠧᠷᠢᠶᠠᠯ ᠢ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠦᠨᠡᠮᠯᠡᠯ ᠣᠯᠭᠤᠬᠤ ᠳᠠᠭᠠᠨ ᠬᠠᠮᠲᠤ ᠳᠤᠨᠢ | ᠪᠠᠭᠤᠯᠭᠠᠨ ᠠᠪᠴᠤ᠂ ᠬᠡᠷᠡᠭᠰᠡᠬᠦ ᠮᠠᠲ᠋ᠧᠷᠢᠶᠠᠯ ᠢ ᠪᠦᠬᠦᠨ ᠢ ᠳᠣᠲᠣᠭᠠᠳᠤ ᠳᠠᠭᠠᠨ ᠡᠷᠭᠢᠯᠳᠦᠭᠦᠯᠦᠨ᠂ ᠲᠠᠮᠠᠭ᠎ᠠ ᠬᠡᠷᠡᠭᠯᠡᠬᠦ ᠠᠵᠤ | ᠠᠬᠤᠶᠢᠯᠠᠯ ᠢ ᠲᠠᠮᠠᠭ᠎ᠠ ᠰᠡᠶᠢᠯᠦᠨ ᠦᠢᠯᠡᠳᠬᠦ ᠴᠣᠩᠬᠤ ᠪᠠ ᠲᠠᠮᠠᠭ᠎ᠠ ᠳᠠᠩᠰᠠᠯᠠᠭᠤᠯᠬᠤ ᠴᠣᠩᠬᠤᠨ ᠳᠤ ᠳᠠᠬᠢᠨ ᠳᠠᠪᠲᠠᠨ | ᠲᠤᠰᠢᠶᠠᠬᠤ ᠬᠡᠷᠡᠭ ᠥᠬᠡᠶ᠂ ᠵᠥᠪᠬᠡᠨ ᠬᠠᠤᠯᠢ ᠶᠢᠨ ᠡᠷᠬᠡᠲᠡᠨ ︵ᠣᠷᠣᠯᠠᠨ ᠭᠦᠢᠴᠡᠳᠭᠡᠭᠴᠢ︶ ᠤ ᠪᠡᠶ᠎ᠡ ᠶᠢᠨ ᠦᠨᠡᠮᠯᠡᠯ ᠤᠨ | ᠤᠭ ᠮᠠᠲ᠋ᠧᠷᠢᠶᠠᠯ ᠢ ᠭᠠᠷᠭᠠᠨ ᠦᠵᠡᠭᠦᠯᠵᠦ᠂ ᠬᠤᠶᠠᠷ ᠵᠦᠢᠯ ᠤᠨ ᠲᠤᠬᠠᠶᠢᠯᠠᠭᠰᠠᠨ ᠠᠵᠢᠯ ᠤᠨ ︽ᠨᠢᠭᠡ ᠦᠨᠡᠮᠯᠡᠯ ᠢᠶᠠᠷ | ᠨᠡᠶᠢᠳᠡᠮ ᠬᠦᠢᠴᠡᠳᠬᠡᠬᠦ︾ ᠶᠢ ᠪᠡᠶᠡᠯᠡᠭᠦᠯᠦᠨ᠎ᠡ᠃ ᠡᠵᠡᠩᠨᠡᠯᠲᠡ ᠶᠢᠨ ᠦᠨᠡᠮᠯᠡᠯ ᠣᠯᠭᠤᠬᠤ ᠠᠴᠠ ᠡᠬᠢᠯᠡᠵᠦ ᠪᠣᠳᠣᠪᠠᠯ᠂ 30 | ᠮᠢᠨᠦ᠋ᠲ ᠠᠴᠠ ᠬᠡᠲᠦᠷᠡᠬᠦ ᠦᠭᠡᠢ ᠪᠣᠯ ᠳᠠᠷᠤᠶ ᠲᠠᠮᠠᠭ᠎ᠠ ᠪᠠᠨ ᠠᠪᠴᠤ ᠪᠣᠯᠤᠨ᠎ᠠ᠃ | ᠤᠤᠯ ᠤᠨ ᠠᠵᠢᠯ ᠶᠠᠪᠤᠳᠠᠯ ᠬᠦᠢᠴᠡᠳᠭᠡᠬᠦ ᠴᠤᠪᠤᠷᠠᠯ ᠢ ︽ᠤᠷᠢᠳᠠᠪᠠᠷ ᠠᠵᠢᠯ ᠶᠠᠪᠤᠳᠠᠯ ᠬᠦᠢᠴᠡᠳᠭᠡᠭᠴᠢ ᠶᠢᠨ | ᠦᠨᠳᠦᠰᠦᠨ ᠮᠡᠳᠡᠭᠡ ᠵᠠᠩᠭᠢ ᠶᠢ ᠴᠤᠭᠯᠠᠭᠤᠯᠵᠤ᠂ ᠳᠠᠷᠠᠭ᠎ᠠ ᠨᠢ ᠲᠤᠭ᠎ᠠ ᠪᠠᠷᠢᠮᠲᠠ ᠶᠢᠨ ᠬᠠᠷᠢᠴᠠᠭ᠎ᠠ ᠬᠤᠯᠪᠣᠭ᠎ᠠ ᠪᠠᠶᠢᠭᠤᠯᠬᠤ︾ | ᠪᠣᠯᠭᠠᠨ ᠥᠭᠡᠷᠡᠴᠢᠯᠡᠵᠦ᠂ ᠠᠵᠢᠯ ᠶᠠᠪᠤᠳᠠᠯ ᠬᠦᠢᠴᠡᠳᠭᠡᠭᠴᠢ ᠲᠤᠬᠠᠶ ᠶᠢᠨ ᠲᠠᠯᠠᠪᠤᠷ ᠲᠤ ᠬᠦᠯᠢᠶᠡᠬᠦ ᠬᠡᠷᠡᠭ ᠦᠭᠡᠢ᠂ | ᠪᠠᠷᠢᠮᠲᠠ ᠨᠢ ᠰᠦᠢᠳᠭᠡᠯ ᠬᠤᠷᠢᠶᠠᠬᠤ ᠦᠭᠡᠢ ᠪᠠᠷ ︽ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠲᠦᠷᠭᠡᠨ ᠬᠦᠷᠭᠡᠬᠦ︾ | ᠲᠤᠬᠠᠶᠢᠯᠠᠭᠰᠠᠨ ᠠᠵᠢᠯ ᠢᠶᠠᠷ ᠳᠠᠮᠵᠢᠭᠤᠯᠤᠨ᠂ ᠲᠤᠬᠠᠶ ᠶᠢᠨ ᠡᠳᠦᠷ ᠲᠤᠨᠢ ᠠᠵᠢᠯ ᠶᠠᠪᠤᠳᠠᠯ ᠬᠦᠢᠴᠡᠳᠭᠡᠭᠴᠢ ᠶᠢᠨ ᠭᠠᠷ ᠲᠤ | ᠬᠦᠷᠭᠡᠵᠦ ᠪᠣᠯᠤᠨ᠎ᠠ᠃ ᠡᠭᠦᠨ ᠤ ᠬᠠᠮᠲᠤ᠂ ᠲᠠᠮᠠᠭ᠎ᠠ ᠰᠡᠶᠢᠯᠵᠦ ᠬᠦᠯᠢᠶᠡᠵᠦ ᠪᠠᠶᠢᠭ᠎ᠠ ᠬᠤᠭᠤᠴᠠᠭᠠᠨ ᠳᠤ᠂ ᠫᠢᠶᠣᠣ | ᠪᠠᠷᠢᠮᠲᠠ ᠶᠢᠨ ᠲᠤᠬᠠᠶᠢᠯᠠᠭᠰᠠᠨ ᠠᠵᠢᠯ ᠤᠨ ᠦᠨᠳᠦᠰᠦᠨ ᠮᠡᠳᠡᠭᠡ ᠵᠠᠩᠭᠢ ᠶᠢ ᠪᠦᠬᠦᠨ ᠢ ᠴᠤᠭᠯᠠᠭᠤᠯᠵᠤ ᠳᠠᠭᠤᠰᠬᠠᠭᠠᠳ ᠴᠠᠭ | ᠢ ᠠᠷᠪᠢᠯᠠᠵᠠᠶ᠃ | | | | | ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶᠠᠨ ᠤ ᠳᠠᠷᠤᠭ᠎ᠠ ᠮᠢ ᡁᠢ ᠾᠦᠢ | ᠰᠤᠷᠪᠤᠯᠵᠢᠯᠠᠭᠴᠢ ᠳᠤ᠄ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠥᠪ ᠤᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠣᠯᠠᠨ ᠲᠦᠮᠡᠨ᠂ ᠠᠵᠤ ᠠᠬᠤᠶᠢᠯᠠᠯ ᠤᠨ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷ ᠠᠰᠠᠭᠤᠳᠠᠯ᠂ | ᠲᠦᠭᠵᠢᠷᠡᠯ ᠢ ᠣᠨᠢᠯᠠᠵᠤ᠂ ᠭᠤᠭᠴᠤᠭ᠎ᠠ ᠶᠢ ᠬᠦᠴᠦᠯᠡᠨ᠂ ᠴᠤᠪᠤᠷᠠᠯ ᠢ ᠰᠢᠯᠢᠳᠡᠭᠵᠢᠭᠦᠯᠦᠨ᠂ ᠴᠠᠭ ᠬᠤᠭᠤᠴᠠᠭ᠎ᠠ ᠶᠢ | ᠪᠣᠭᠤᠨᠢᠰᠬᠠᠵᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠤᠬᠠᠶᠢᠯᠠᠭᠰᠠᠨ ᠠᠵᠢᠯ᠂ ᠠᠵᠤ ᠠᠬᠤᠶᠢᠯᠠᠯ ᠢ 1 ᠴᠠᠭ ᠲᠤ | ᠰᠢᠢᠳᠪᠦᠷᠢᠯᠡᠨ ᠳᠠᠭᠤᠰᠬᠠᠵᠤ᠂ ᠰᠠᠶᠢᠲᠤᠷ ᠡᠷᠬᠢᠯᠡᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ︽ᠨᠢᠭᠡ ᠯᠡ ᠤᠳᠠᠭ᠎ᠠ ᠭᠦᠶᠦᠬᠦ᠂ ᠶᠡᠭᠡ ᠬᠡᠮᠵᠢᠶ᠎ᠡ ᠪᠠᠷ | ᠰᠢᠢᠳᠪᠦᠷᠢᠯᠡᠬᠦ︾᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠢᠯᠭᠠᠭ᠎ᠠ ᠦᠭᠡᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ | ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠪᠡ᠃ ᠤᠶᠢᠷ᠎ᠠ ᠶᠢᠨ ᠬᠤᠭᠤᠴᠠᠭᠠᠨ ᠳᠤ ᠰᠢᠢᠳᠪᠦᠷᠢᠯᠡᠭᠰᠡᠨ 10 ᠲᠦᠮᠡᠨ | ᠬᠤᠪᠢ ᠲᠦᠷᠦᠯ ᠵᠦᠢᠯ ᠤᠨ ᠳᠣᠲᠣᠷ᠎ᠠ᠂ ︽ᠬᠠᠮᠤᠭ ᠢᠯᠡᠬᠦᠤ ᠳᠡᠭᠡᠨ ᠨᠢᠭᠡ ᠯᠡ ᠤᠳᠠᠭ᠎ᠠ ᠭᠦᠶᠦᠯᠭᠡᠬᠦ︾ ᠶᠢ | ᠪᠡᠶᠡᠯᠡᠭᠦᠯᠦᠭᠰᠡᠨ ᠨᠣᠷᠮ᠎ᠠ 87.3 % ᠳᠤ ᠬᠦᠷᠴᠦ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ 93.6 % ᠳᠤ ᠬᠦᠷᠴᠦ | ᠂ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ᠂ ᠠᠷᠠᠳ ᠲᠤ ᠳᠥᠭᠦᠮ ᠦᠵᠡᠭᠦᠯᠵᠦ ᠠᠵᠤ | ᠠᠬᠤᠶᠢᠯᠠᠯ ᠲᠤ ᠠᠰᠢᠭ ᠬᠦᠷᠲᠡᠭᠡᠬᠦ ︽ᠬᠤᠷᠳᠤᠴᠠ᠂ ᠳᠤᠯᠠᠭᠠᠨ ᠤ ᠬᠡᠮᠵᠢᠶ᠎ᠡ︾ ᠨᠢ ᠦᠨᠡᠡᠬᠦ ︽ ᠬᠦᠶᠦᠯᠳᠡ ᠠᠴᠠ ᠭᠠᠷᠴᠤ | ᠢᠷᠡᠭᠰᠡᠨ︾ ᠪᠠᠶᠢᠨ᠎ᠠ᠃ | | |