ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠦ ᠴᠠᠭ ᠦᠶ᠎ᠡ ᠶᠢᠨ ᠲᠡᠮᠡᠴᠡᠯ ᠠᠴᠠ ᠠᠶᠤᠬᠤ ᠦᠭᠡᠢ | ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠵᠠᠩ ᠴᠦᠨ ᠢᠦᠶ | | | | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠶᠢᠭᠤᠯᠭ᠎ᠠ ᠶᠢᠨ ᠲᠥᠪᠯᠡᠷᠡᠩᠭᠦᠶ ᠰᠤᠷᠤᠯᠴᠠᠯᠭ᠎ᠠ᠂ ᠵᠢᠷᠭᠢᠶ᠎ᠡ ᠬᠤᠯᠪᠣᠭ᠎ᠠ᠂ | ᠰᠤᠷᠤᠯᠴᠠᠯᠭ᠎ᠠ ᠶᠢᠨ ᠬᠦᠴᠦᠷᠬᠡᠭ ᠤᠯᠤᠰ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂ ᠶᠡᠷᠦᠩᠬᠡᠶ ᠱᠦᠵᠢ ᠰᠢ ᠶᠢᠨ | ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠢ ᠴᠦ ᠭᠦᠨᠵᠡᠭᠡᠶ | ᠬᠥᠮᠦᠵᠢᠯ ᠬᠦᠷᠳᠡᠪᠡ᠃ ᠢᠯᠠᠩᠭᠤᠶ᠎ᠠ 9 ᠰᠠᠷ᠎ᠠ ᠶᠢᠨ 3 ᠤ ᠡᠳᠦᠷ ᠶᠡᠷᠦᠩᠬᠡᠶ ᠱᠦᠵᠢ ᠰᠢ ᠶᠢᠨ ᠫᠢᠩ ᠤᠨ 2019 ᠤᠨ ᠤ | ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ | ᠵᠠᠬᠢᠷᠭᠠᠨ ᠤ ᠲᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ | ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠠᠴᠠ ᠪᠢ ᠨᠠᠩ ᠭᠦᠨ ᠲᠥᠷᠥᠭᠳᠡᠯ ᠲᠠᠢ ᠪᠣᠯᠪᠠ᠃ ᠡᠨᠡ ᠤᠳᠠᠭ᠎ᠠ ᠶᠢᠨ | ᠶᠠᠷᠢᠶ᠎ᠠ ᠳᠤ ︽ᠠᠭᠤᠤ ᠶᠡᠭᠡ ᠲᠡᠮᠡᠴᠡᠯ︾ ᠢ ᠰᠢᠰᠲ᠋ᠧᠮ ᠲᠠᠢ ᠥᠭᠦᠯᠡᠵᠦ᠂ ᠠᠭᠤᠯᠭ᠎ᠠ ᠨᠢ ᠥᠨᠳᠥᠷ ᠲᠤ ᠵᠣᠭᠰᠣᠨ ᠠᠯᠤᠰ ᠢ | ᠪᠠᠷᠠᠯᠠᠵᠤ᠂ ᠬᠠᠷᠠᠭᠠᠰᠤ ᠨᠢ ᠥᠷᠭᠡᠨ᠂ ᠠᠭᠤᠯᠤᠭᠳᠠᠬᠤᠨ ᠨᠢ ᠡᠯᠪᠡᠭ ᠪᠠᠶᠠᠯᠢᠭ᠂ ᠦᠵᠡᠯ ᠰᠠᠨᠠᠭ᠎ᠠ ᠨᠢ ᠭᠦᠨ ᠭᠦᠨᠵᠡᠭᠡᠶ | ᠪᠠᠶᠢᠵᠤ᠂ ᠮᠠᠷᠺᠰ ᠤᠨ ᠦᠵᠡᠯ ᠢᠶᠠᠷ ᠨᠠᠮ ᠪᠠᠶᠢᠭᠤᠯᠬᠤ ᠰᠤᠷᠭᠠᠯ ᠢ ᠪᠠᠶᠠᠯᠢᠭᠵᠢᠭᠤᠯᠤᠨ ᠬᠥᠭᠵᠢᠭᠦᠯᠵᠡᠶ᠂ ᠡᠨᠡ ᠪᠣᠯ ᠪᠢᠳᠡᠨ ᠤ | ᠰᠢᠨ᠎ᠡ ᠪᠠᠶᠢᠳᠠᠯ ᠳᠣᠤᠷᠠᠬᠢ ᠲᠡᠮᠡᠴᠡᠯ ᠢ ᠵᠢᠯᠣᠭᠤᠳᠬᠤ ᠴᠢᠬᠤᠯᠠ ᠵᠢᠷᠤᠮᠯᠠᠯ ᠮᠥᠨ᠂ ᠰᠢᠨ᠎ᠡ ᠴᠠᠭ ᠦᠶ᠎ᠡ ᠶᠢᠨ ᠺᠠᠳ᠋ᠷ ᠤᠨ | ᠡᠩᠨᠡᠭᠡ ᠶᠢᠨ ᠪᠠᠶᠢᠭᠤᠯᠤᠯᠲᠠ ᠶᠢᠨ ᠴᠢᠬᠤᠯᠠ ᠵᠢᠯᠣᠭᠤᠳᠤᠯᠭ᠎ᠠ ᠮᠥᠨ᠂ ᠡᠬᠡ ᠤᠯᠤᠰ ᠤᠨ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠵᠠᠶᠢᠯᠠᠰᠢ ᠦᠭᠡᠢ | ᠱᠠᠭᠠᠷᠳᠠᠯᠭ᠎ᠠ ᠪᠠ ᠲᠤᠯᠭᠠᠮ᠎ᠠ ᠬᠡᠷᠡᠭᠴᠡᠭᠡ ᠮᠥᠨ᠃ | ᠲᠡᠮᠡᠴᠡᠯ ᠶᠠᠭ ᠴᠠᠭ ᠲᠠᠭᠠᠨ ᠲᠤᠬᠢᠷᠠᠵᠦ ᠪᠤᠢ᠃ ᠶᠡᠷᠦᠩᠬᠡᠶ ᠱᠦᠵᠢ ᠰᠢ ᠶᠢᠨ ᠫᠢᠩ᠂ ᠮᠠᠷᠺᠰ ᠤᠨ ᠦᠵᠡᠯ ᠤᠨ ᠪᠣᠶ | ᠪᠣᠯᠤᠭᠰᠠᠨ ᠪᠠ ᠬᠥᠭᠵᠢᠭᠰᠡᠨ᠂ ᠨᠡᠶᠢᠭᠡᠮ ᠵᠢᠷᠤᠮᠲᠤ ᠤᠯᠤᠰ ᠤᠨ ᠮᠡᠨᠳᠦᠯᠡᠭᠰᠡᠨ ᠪᠠ ᠬᠥᠭᠵᠢᠭᠰᠡᠨ ᠲᠡᠤᠬᠡᠨ ᠶᠠᠪᠤᠴᠠ ᠨᠢ | ᠲᠡᠮᠡᠴᠡᠯ ᠤᠨ ᠬᠦᠴᠢᠷ ᠪᠡᠷᠬᠡᠰᠢᠶᠡᠯ ᠢᠶᠠᠷ ᠳᠦᠭᠦᠷᠴᠦ ᠪᠠᠶᠢᠨ᠎ᠠ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠤᠨ ᠡᠪ | ᠬᠠᠮᠲᠤ ᠨᠠᠮ ᠢ ᠪᠠᠶᠢᠭᠤᠯᠬᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠬᠤ᠂ ᠥᠭᠡᠷᠡᠴᠢᠯᠡᠯᠲᠡ | ᠨᠡᠭᠡᠭᠡᠯᠲᠡ ᠬᠢᠬᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ | ᠠᠬᠢᠭᠤᠯᠬᠤ ᠨᠢ ᠴᠥᠮ ᠲᠡᠮᠡᠴᠡᠯ ᠤᠨ ᠳᠤᠮᠳᠠ ᠮᠡᠨᠳᠦᠯᠡᠵᠦ᠂ ᠲᠡᠮᠡᠴᠡᠯ ᠤᠨ ᠳᠤᠮᠳᠠ ᠬᠥᠭᠵᠢᠵᠦ᠂ ᠲᠡᠮᠡᠴᠡᠯ ᠤᠨ ᠳᠤᠮᠳᠠ | ᠪᠤᠵᠠᠭᠠᠶᠢᠷᠠᠭᠰᠠᠨ ᠶᠤᠮ᠃ ᠣᠳᠣᠬᠠᠨ ᠤ ᠳᠡᠯᠡᠬᠡᠶ ᠶᠢᠷᠲᠢᠨᠴᠦ ᠶᠠᠭ ᠬᠤᠪᠢᠰᠤᠯᠲᠠ ᠶᠢᠨ ᠴᠠᠭ ᠦᠶ᠎ᠠ ᠳᠤ ᠣᠷᠣᠰᠢᠵᠤ᠂ | ᠮᠠᠨ ᠤ ᠨᠠᠮ ᠤᠨ ᠤᠳᠤᠷᠢᠳᠤᠭᠰᠠᠨ ᠠᠭᠤᠤ ᠶᠡᠭᠡ ᠲᠡᠮᠡᠴᠡᠯ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠠᠭ | ᠥᠷᠨᠢᠨ ᠬᠥᠭᠵᠢᠵᠦ᠂ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠬᠠᠲᠠᠭᠤ ᠪᠡᠷᠬᠡ ᠪᠠᠶᠢᠵᠤ᠂ ᠪᠢᠳᠡᠨ ᠳᠤ ᠠᠵᠠ ᠲᠣᠬᠢᠶᠠᠯ | ᠲᠤᠯᠭᠠᠷᠠᠵᠤ ᠪᠠᠶᠢᠬᠤ ᠪᠥᠭᠡᠳ ᠪᠠᠰᠠ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠮᠠᠨ ᠤ ᠨᠠᠮ ᠤᠨ ᠲᠣᠭᠲᠠᠭᠠᠭᠰᠠᠨ ᠬᠠᠷᠠᠯᠲᠠ | ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ | ᠴᠢᠩᠭᠠᠳᠬᠠᠬᠤ ᠬᠡᠷᠡᠭᠲᠡᠶ᠃ ᠲᠡᠭᠡᠪᠡᠯ ᠪᠢᠳᠡ ᠶᠠᠭᠤᠨ ᠳᠤ ᠲᠡᠮᠡᠴᠡᠬᠦ ᠪᠤᠢ︖ ᠤᠴᠢᠷ ᠨᠢ ᠲᠡᠮᠡᠴᠡᠯ ᠪᠣᠯ ᠭᠡᠨᠡᠳᠲᠡ ᠶᠢᠨ | ᠪᠥᠭᠡᠳ ᠵᠠᠯᠠᠭᠰᠠᠨ ᠦᠭᠡᠢ ᠪᠠᠷ ᠢᠷᠡᠭᠰᠡᠨ ᠶᠤᠮ᠃ | ᠲᠡᠤᠬᠡᠨ ᠳᠡᠭᠡᠷᠡᠬᠢ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠳᠠᠶᠢᠨ᠂ ᠶᠠᠫᠣᠨ ᠢ ᠡᠰᠡᠷᠭᠦᠴᠡᠬᠦ ᠳᠠᠶᠢᠨ᠂ | ᠴᠢᠯᠥᠭᠡᠯᠡᠬᠦ ᠳᠠᠶᠢᠨ ᠪᠣᠯ ᠲᠡᠮᠡᠴᠡᠯ ᠮᠥᠨ︔ ᠴᠦᠩᠴᠢᠩ ᠤᠨ ᠬᠡᠯᠡᠯᠴᠡᠭᠡ᠂ ᠰᠤᠪᠤᠳ ᠭᠠᠷᠠᠮ ᠤᠨ ᠬᠡᠯᠡᠯᠴᠡᠭᠡ ᠪᠣᠯ ᠪᠠᠰᠠ | ᠴᠤ ᠲᠡᠮᠡᠴᠡᠯ ᠮᠥᠨ᠃ ᠤᠶᠢᠷ᠎ᠠ ᠳᠤ ᠦᠷᠬᠦᠯᠵᠢᠯᠡᠭᠰᠡᠭᠡᠷ ᠢᠷᠡᠭᠰᠡᠨ ᠳᠤᠮᠳᠠᠳᠤ ᠠᠮᠧᠷᠢᠺᠠ ᠶᠢᠨ ᠠᠷᠠᠯᠵᠢᠶᠠᠨ ᠤ | ᠮᠥᠷᠭᠦᠯᠳᠦᠭᠡᠨ᠂ ᠰᠢᠶᠠᠩᠭᠠᠩ ᠤᠨ ᠤᠷᠪᠠᠯᠭᠠᠨ ᠪᠣᠯ ᠪᠠᠰᠠ ᠴᠤ ᠲᠡᠮᠡᠴᠡᠯ ᠮᠥᠨ᠃ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠳᠥᠷᠪᠡᠨ ᠦᠨᠳᠦᠰᠦᠨ | ᠵᠠᠷᠴᠢᠮ ᠢ ᠪᠠᠷᠢᠮᠲᠠᠯᠠᠬᠤ ᠨᠢ ᠮᠥᠨ ᠯᠡ ᠲᠡᠮᠡᠴᠡᠯ ᠪᠣᠯᠬᠤ ᠶᠤᠮ︔ ᠰᠢᠨ᠎ᠡ ᠴᠠᠭ ᠦᠶ᠎ᠡ ᠳᠤ ︽ᠨᠠᠢᠮᠠᠨ ᠲᠣᠳᠣᠷᠬᠠᠶ᠂ | ᠠᠷᠪᠠᠨ ᠳᠥᠷᠪᠡᠨ ᠪᠠᠷᠢᠮᠲᠠᠯᠠᠯ︾ ᠢ ᠰᠠᠶᠢᠲᠤᠷ ᠨᠠᠶᠢᠳᠠᠪᠤᠷᠢᠵᠢᠭᠤᠯᠬᠤ ᠨᠢ ᠮᠥᠨᠴᠦ ᠲᠡᠮᠡᠴᠡᠯ ᠪᠣᠯᠤᠨ᠎ᠠ᠃ ᠶᠡᠷᠦᠩᠬᠡᠶ ᠱᠦᠵᠢ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠶᠠᠭᠠᠬᠢᠭᠰᠠᠨ ᠴᠤ ᠬᠡᠩᠭᠡᠷᠭᠡ | ᠴᠠᠩ ᠳᠡᠯᠡᠳᠦᠭᠡᠳ ᠪᠡᠶᠡᠯᠡᠭᠦᠯᠴᠢᠬᠡᠬᠦ ᠪᠢᠰᠢ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠳᠤ ᠡᠷᠬᠡᠪᠰᠢ ᠠᠭᠤᠤ ᠶᠡᠭᠡ | ᠲᠡᠮᠡᠴᠡᠯ ᠬᠢᠬᠦ ᠬᠡᠷᠡᠭᠲᠡᠶ᠃ ᠮᠠᠨ ᠤ ᠡᠮᠦᠨ᠎ᠡ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠲᠡᠮᠡᠴᠡᠯ ᠪᠣᠯ ᠣᠬᠤᠷ ᠬᠤᠭᠤᠴᠠᠭᠠᠨ ᠤ | ᠲᠡᠮᠡᠴᠡᠯ ᠪᠢᠰᠢ ᠬᠠᠷᠢᠨ ᠤᠷᠳᠤ ᠬᠤᠭᠤᠴᠠᠭᠠᠨ ᠤ ᠲᠡᠮᠡᠴᠡᠯ ᠪᠣᠯᠬᠤ ᠶᠤᠮ᠂ ᠨᠠᠭᠠᠳᠤ ᠵᠠᠬ᠎ᠠ ᠳᠠᠭᠠᠨ ᠪᠢᠳᠡᠨ ᠤ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ ᠪᠦᠬᠦ ᠶᠠᠪᠤᠴᠠ ᠶᠢ ᠳᠠᠭᠠᠯᠳᠤᠭᠤᠯᠬᠤ ᠬᠡᠷᠡᠭᠲᠡᠶ᠃ ᠡᠨᠡ ᠪᠣᠯ | ᠶᠡᠷᠦᠩᠬᠡᠶ ᠱᠦᠵᠢ ᠰᠢ ᠶᠢᠨ ᠫᠢᠩ ᠤᠨ ᠲᠡᠮᠡᠴᠡᠯ ᠦᠷᠭᠦᠯᠵᠢᠯᠡᠬᠦ ᠴᠠᠭ ᠣᠶᠢᠶ᠎ᠠ ᠳᠤ ᠬᠢᠭᠰᠡᠨ ᠮᠠᠭᠠᠳᠯᠠᠯᠲᠠ ᠪᠣᠯᠤᠨ᠎ᠠ᠃ ᠡᠨᠡᠬᠦ | ᠳᠠᠪᠠᠭ᠎ᠠ ᠳᠠᠪᠠᠭ᠋ᠤ ᠲᠡᠤᠬᠡᠨ ᠱᠠᠲᠤ ᠦᠶ᠎ᠠ ᠳᠤ᠂ ᠠᠵᠠ ᠲᠣᠬᠢᠶᠠᠯ ᠪᠣᠯᠤᠨ ᠥᠷᠢᠰᠥᠯᠳᠦᠭᠡᠨ ᠶᠡᠷᠦᠨᠢ ᠵᠡᠷᠭᠡᠪᠡᠷ ᠣᠷᠣᠰᠢᠵᠤ | ᠪᠠᠶᠢᠳᠠᠭ᠂ ︽ᠠᠶᠤᠯ ᠲᠦᠭᠰᠢᠭᠦᠷᠢ︾ ᠶᠢ ᠢᠯᠠᠨ ᠳᠠᠪᠠᠪᠠᠯ ︽ᠠᠵᠠ ᠲᠣᠬᠢᠶᠠᠯ︾ ᠢ ᠡᠵᠡᠮᠳᠡᠵᠦ ᠴᠢᠳᠠᠨ᠎ᠠ᠂ ︽ᠠᠵᠠ | ᠲᠣᠬᠢᠶᠠᠯ︾ ᠢᠶᠠᠨ ᠠᠯᠳᠠᠬᠤ ᠳᠤ ︽ᠠᠶᠤᠯ ᠲᠦᠭᠰᠢᠭᠦᠷᠢ︾ ᠳᠤ ᠲᠤᠯᠭᠠᠷᠠᠬᠤ ᠪᠣᠯᠤᠨ᠎ᠠ᠃ ᠡᠨᠡ ᠵᠢᠯ ᠪᠣᠯ ᠰᠢᠨ᠎ᠡ | ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠪᠣᠯᠤᠨ᠎ᠠ᠂ ᠶᠠᠭ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠶᠠᠪᠤᠭᠳᠠᠵᠤ ᠪᠣᠶ᠃ ᠡᠶᠢᠮᠦ ᠠᠴᠠ ᠡᠨᠡ | ᠴᠠᠭ ᠮᠥᠴᠡ ᠳᠤ ᠲᠡᠮᠡᠴᠡᠯ ᠤᠨ ᠲᠤᠬᠠᠶ ᠶᠠᠷᠢᠬᠤ ᠨᠢ ᠶᠠᠭ ᠴᠠᠭ ᠲᠠᠭᠠᠨ ᠲᠣᠬᠢᠷᠠᠵᠤ ᠪᠠᠶᠢᠨ᠎ᠠ᠃ | ᠡᠷᠡᠰ ᠵᠣᠷᠢᠭ᠃ ᠶᠡᠷᠦᠩᠬᠡᠶ ᠱᠦᠵᠢ ᠰᠢ ᠶᠢᠨ ᠫᠢᠩ᠂ ᠥᠷᠭᠡᠨ ᠣᠯᠠᠨ ᠺᠠᠳ᠋ᠷ ᠢᠯᠠᠩᠭᠤᠶ᠎ᠠ ᠦᠵᠡᠯ ᠰᠠᠨᠠᠭᠠᠨ ᠤ | ᠴᠢᠩᠭ᠎ᠠ ᠳᠠᠪᠲᠠᠯᠲᠠ᠂ ᠤᠯᠤᠰ ᠲᠥᠷᠦ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ ᠶᠢ ᠥᠩᠭᠡᠷᠡᠭᠡᠵᠦ᠂ ᠲᠡᠮᠡᠴᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ︽ᠬᠤᠤᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠶ ᠭᠡᠵᠦ ᠵᠢᠭᠠᠵᠤ | ᠭᠠᠷᠭᠠᠪᠠ᠃ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠤᠨ ᠰᠢᠨ᠎ᠡ ᠠᠶᠠᠨ ᠵᠠᠮ ᠳᠤ᠂ ᠡᠯ᠎ᠡ ᠵᠦᠢᠯ ᠤᠨ ᠰᠢᠯᠭᠠᠯᠲᠠ᠂ | ᠡᠯ᠎ᠡ ᠵᠦᠢᠯ ᠤᠨ ᠠᠶᠤᠯ ᠲᠦᠭᠰᠢᠭᠦᠷᠢ ᠶᠢᠨ ᠡᠮᠦᠨ᠎ᠡ᠂ ᠵᠠᠷᠢᠮ ᠺᠠᠳ᠋ᠷ ᠲᠤ ᠪᠠᠰᠠ ᠲᠡᠮᠡᠴᠡᠯ ᠤᠨ ᠵᠣᠷᠢᠭ ᠰᠠᠨᠠᠭ᠎ᠠ ᠬᠦᠷᠦᠯᠴᠡᠬᠦ | ᠦᠭᠡᠢ᠂ ᠲᠡᠮᠡᠴᠡᠯ ᠤᠨ ᠴᠢᠳᠠᠪᠤᠷᠢ ᠴᠢᠩᠭ᠎ᠠ ᠪᠢᠰᠢ ᠠᠰᠠᠭᠤᠳᠠᠯ ᠣᠷᠣᠰᠢᠵᠤ ᠪᠠᠶᠢᠨ᠎ᠠ᠃ ᠵᠠᠷᠢᠮ ᠨᠢ ᠲᠡᠮᠡᠴᠡᠬᠦ ᠳᠤᠷ᠎ᠠ ᠦᠭᠡᠢ | ᠂ ᠵᠠᠷᠢᠮ ᠨᠢ ᠲᠡᠮᠡᠴᠡᠬᠦ ᠵᠣᠷᠢᠭ ᠦᠭᠡᠢ᠂ ᠵᠠᠷᠢᠮ ᠨᠢ ᠲᠡᠮᠡᠴᠡᠬᠦ ᠬᠠᠷᠠᠯᠳᠠ ᠦᠭᠡᠢ᠃ ᠡᠳᠡᠭᠡᠷ ᠦᠵᠡᠭᠳᠡᠯ ᠤᠨ ᠦᠨᠳᠦᠰᠦ | ᠰᠤᠷᠪᠤᠯᠵᠢ ᠨᠢ ᠪᠠᠲᠤ ᠴᠢᠩᠭ᠎ᠠ ᠰᠥᠰᠥ ᠵᠣᠷᠢᠭ ᠢᠶᠠᠷ ᠳᠤᠲᠠᠮᠠᠭ ᠪᠠᠶᠢᠬᠤ ᠳᠤ ᠣᠷᠣᠰᠢᠨ᠎ᠠ᠃ ᠨᠢᠭᠡ ᠲᠥᠷᠦ ᠶᠢᠨ ᠨᠠᠮ᠂ | ᠨᠢᠭᠡ ᠤᠯᠤᠰ᠂ ᠨᠢᠭᠡ ᠡᠩᠨᠡᠭᠡ ᠬᠡᠷᠪᠡ ᠬᠦᠰᠡᠯ ᠵᠣᠷᠢᠭ ᠢᠶᠠᠨ ᠠᠯᠳᠠᠬᠤ ᠳᠤ ᠬᠦᠷᠪᠡᠯ ᠮᠥᠬᠦᠯ ᠤᠨ ᠠᠶᠤᠯ ᠠᠴᠠ ᠬᠤᠯᠠ | ᠵᠠᠶᠢᠯᠠᠵᠤ ᠴᠢᠳᠠᠬᠤ ᠦᠭᠡᠢ ᠪᠣᠯᠤᠨ᠎ᠠ ᠭᠡᠳᠡᠭ ᠢ ᠲᠡᠤᠬᠡ ᠶᠢᠨ ᠲᠤᠷᠰᠢᠯᠭ᠎ᠠ ᠪᠢᠳᠡᠨ ᠳᠤ ᠬᠡᠯᠡᠵᠦ ᠥᠭᠴᠡᠶ᠃ ᠪᠠᠶᠢᠳᠠᠯ ᠪᠠ | ᠲᠡᠮᠡᠴᠡᠯ ᠤᠨ ᠡᠭᠦᠷᠭᠡ ᠨᠢᠳᠦᠨ ᠡᠮᠦᠨ᠎ᠡ ᠲᠤᠯᠭᠠᠷᠠᠭᠰᠠᠨ ᠦᠶ᠎ᠡ ᠳᠤ᠂ ᠪᠢᠳᠡ ᠵᠢᠷᠦᠬᠡᠰᠢᠶᠡᠵᠦ ᠪᠣᠯᠬᠤ ᠦᠭᠡᠢ᠂ ᠵᠥᠪ | ᠪᠤᠷᠤᠭᠤ ᠶᠢᠨ ᠡᠮᠦᠨ᠎ᠡ ᠵᠣᠷᠢᠭᠲᠠᠶ ᠪᠠᠷ ᠰᠡᠯᠡᠮ᠎ᠡ ᠪᠠᠨ ᠭᠠᠷᠭᠠᠵᠤ᠂ ᠵᠥᠷᠢᠴᠡᠯ ᠮᠥᠷᠭᠦᠯᠳᠦᠭᠡᠨ ᠤ ᠡᠮᠦᠨ᠎ᠡ ᠵᠣᠷᠢᠭᠲᠠᠶ ᠪᠠᠷ | ᠬᠦᠴᠢᠷ ᠢ ᠰᠥᠷᠦᠨ ᠤᠷᠤᠭᠰᠢᠯᠠᠵᠤ᠂ ᠠᠶᠤᠯ ᠲᠦᠭᠰᠢᠭᠦᠷᠢ ᠶᠢᠨ ᠡᠮᠦᠨ᠎ᠡ ᠵᠣᠷᠢᠭᠲᠠᠶ ᠪᠠᠷ ᠴᠡᠭᠡᠵᠢ ᠲᠦᠷᠢᠨ ᠭᠠᠷᠴᠤ᠂ | ᠭᠠᠵᠢᠭᠤ ᠰᠤᠷᠲᠠᠯ ᠤᠨ ᠡᠮᠦᠨ᠎ᠡ ᠵᠣᠷᠢᠭᠲᠠᠶ ᠪᠠᠷ ᠡᠷᠡᠰ ᠲᠡᠮᠡᠴᠡᠬᠦ ᠬᠡᠷᠡᠭᠲᠡᠶ᠃ ᠪᠢᠳᠡ ᠡᠷᠡᠰ ᠬᠠᠲᠠᠭᠤ ᠲᠡᠮᠡᠴᠡᠯ ᠤᠨ ᠵᠣᠷᠢᠭ | ᠰᠠᠨᠠᠭ᠎ᠠ᠂ ᠡᠷᠡᠰ ᠬᠠᠲᠠᠭᠤ ᠰᠥᠰᠥ ᠵᠣᠷᠢᠭ᠂ ᠬᠡᠳᠦᠶᠢᠭᠰᠡᠨ ᠲᠡᠮᠡᠴᠡᠯ ᠤᠨ ᠴᠢᠳᠠᠪᠤᠷᠢ ᠶᠢ ᠬᠥᠮᠦᠵᠢᠭᠦᠯᠦᠨ ᠪᠠᠲᠤᠯᠠᠵᠤ᠂ | ᠴᠢᠬᠤᠯᠠ ᠶᠡᠭᠡ ᠲᠡᠮᠡᠴᠡᠯ ᠤᠨ ᠳᠤᠮᠳᠠ ᠰᠠᠯᠬᠢ ᠪᠣᠷᠣᠭᠠᠨ ᠢ ᠲᠤᠭᠤᠯᠤᠨ ᠲᠡᠮᠡᠴᠡᠯ ᠤᠨ ᠴᠢᠭᠯᠡᠯ ᠢᠶᠠᠨ ᠣᠨᠣᠪᠴᠢᠲᠠᠶ ᠡᠵᠡᠮᠰᠢᠬᠦ | ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ᠂ ᠡᠪ ᠬᠠᠮᠲᠤ ᠶᠢᠨ ᠲᠡᠮᠡᠴᠡᠯ ᠪᠣᠯ ᠴᠢᠭᠯᠡᠯ ᠲᠠᠢ᠂ ᠵᠣᠭᠰᠣᠯᠲᠠ ᠲᠠᠢ᠂ | ᠵᠠᠷᠴᠢᠮ ᠲᠠᠢ ᠶᠤᠮ᠂ ᠶᠡᠭᠡ ᠴᠢᠭᠯᠡᠯ ᠪᠣᠯ ᠳᠠᠷᠤᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ | ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠬᠤ ᠶᠠᠪᠤᠳᠠᠯ ᠪᠣᠯᠤᠨ᠎ᠠ ᠭᠡᠵᠦ | ᠴᠢᠬᠤᠯᠠᠴᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ | ᠵᠢᠷᠤᠮᠲᠤ ᠪᠠᠶᠢᠭᠤᠯᠤᠯ ᠳᠤ ᠬᠤᠤᠷ ᠬᠥᠨᠥᠭᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ᠂ | ᠮᠠᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠳᠤ ᠬᠤᠤᠷ ᠬᠥᠨᠥᠭᠡᠯ | ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ᠂ ᠮᠠᠨ ᠤ ᠤᠯᠤᠰ ᠤᠨ ᠭᠤᠤᠯᠯᠠᠬᠤ ᠠᠰᠢᠭ ᠲᠤᠰᠠ | ᠪᠠ ᠴᠢᠬᠤᠯᠠ ᠶᠡᠭᠡ ᠵᠠᠷᠴᠢᠮ ᠳᠤ ᠬᠤᠤᠷ ᠬᠥᠨᠥᠭᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ | ᠂ ᠮᠠᠨ ᠤ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠬᠤᠤᠷ ᠬᠥᠨᠥᠭᠡᠯ ᠤᠴᠠᠷᠠᠭᠤᠯᠬᠤ ᠡᠯ᠎ᠡ | ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠪᠦᠬᠦᠨ᠂ ᠮᠠᠨ ᠤ ᠤᠯᠤᠰ ᠤᠨ ︽ᠬᠤᠤᠰ ᠵᠠᠭᠤᠨ ᠵᠢᠯ︾ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠬᠤᠤᠷ ᠬᠥᠨᠥᠭᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠪᠦᠬᠦᠨ | ᠢᠷᠡᠳᠡᠭ ᠯᠡ ᠶᠤᠮ ᠪᠣᠯ ᠪᠢᠳᠡ ᠡᠷᠬᠡᠪᠰᠢ ᠲᠡᠮᠡᠴᠡᠯ ᠬᠢᠬᠦ ᠶᠢ ᠪᠠᠷᠢᠮᠲᠠᠯᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ | ᠲᠡᠮᠡᠴᠡᠯ ᠤᠨ ᠶᠡᠭᠡ ᠴᠢᠭᠯᠡᠯ ᠢ ᠵᠢᠭᠠᠵᠤ᠂ ᠳᠡᠭᠡᠷ᠎ᠡ ᠳᠤᠷᠠᠳᠤᠭᠰᠠᠨ 5 ᠵᠦᠶ᠋ᠯ ᠤᠨ ᠡᠷᠬᠡᠪᠰᠢ ᠡᠷᠡᠰ ᠤᠭᠲᠤᠨ ᠪᠠᠶᠢᠯᠳᠤᠵᠤ᠂ | ᠪᠠᠶᠢᠯᠳᠤᠪᠠᠯ ᠢᠯᠠᠯᠲᠠ ᠣᠯᠬᠤ ︽ᠠᠶᠤᠯ ᠲᠦᠭᠰᠢᠭᠦᠷᠢ ᠥᠷᠢᠰᠥᠯᠳᠦᠭᠡᠨ︾ ᠢ ᠵᠢᠭᠰᠠᠭᠠᠪᠠ᠃ ᠡᠨᠡ 5 ᠵᠦᠢᠯ ᠤᠨ ᠠᠶᠤᠯ | ᠲᠦᠭᠰᠢᠭᠦᠷᠢ ᠥᠷᠢᠰᠥᠯᠳᠦᠭᠡᠨ ᠢ ᠠᠷᠭᠠᠴᠠᠬᠤ ᠨᠢ ᠡᠴᠦᠰ ᠤᠨ ᠡᠴᠦᠰ ᠲᠡᠭᠡᠨ ᠨᠠᠮ ᠤᠨ ᠤᠳᠤᠷᠢᠳᠤᠯᠭ᠎ᠠ ᠪᠠ ᠨᠡᠶᠢᠭᠡᠮ | ᠵᠢᠷᠤᠮᠲᠤ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠬᠤ ᠶᠠᠪᠤᠳᠠᠯ ᠪᠣᠯᠤᠨ᠎ᠠ᠃ ᠠᠶᠤᠯ ᠲᠦᠭᠰᠢᠭᠦᠷᠢ ᠥᠷᠢᠰᠥᠯᠳᠦᠭᠡᠨ ᠤ | ᠡᠮᠦᠨ᠎ᠡ᠂ ᠪᠢᠳᠡ ᠲᠠᠷᠢᠬᠢ ᠲᠣᠯᠣᠭᠠᠶ ᠰᠡᠷᠭᠡᠭ᠂ ᠵᠣᠭᠰᠣᠯᠲᠠ ᠪᠠᠲᠤ ᠪᠠᠶᠢᠵᠤ᠂ ᠵᠥᠪ ᠲᠡᠮᠡᠴᠡᠯ ᠤᠨ ᠴᠢᠭᠯᠡᠯ ᠢ ᠪᠠᠲᠤ | ᠡᠵᠡᠮᠳᠡᠵᠦ᠂ ᠡᠯ᠎ᠡ ᠵᠦᠢᠯ ᠤᠨ ᠴᠢᠬᠤᠯᠠ ᠶᠡᠭᠡ ᠲᠡᠮᠡᠴᠡᠯ ᠤᠨ ᠰᠢᠯᠭᠠᠯᠲᠠ ᠶᠢᠨ ᠡᠮᠦᠨ᠎ᠡ ︽ᠬᠥᠪᠪᠥᠯᠵᠡᠬᠦ ᠡᠭᠦᠯᠡ ᠨᠢᠳᠦ ᠪᠠᠨ | ᠬᠠᠯᠬᠠᠯᠠᠬᠤ ᠠᠴᠠ ᠠᠶᠤᠬᠤ ᠦᠭᠡᠢ︾᠂ ︽ᠪᠠᠷᠠᠭᠠᠨ ᠡᠭᠦᠯᠡ ᠨᠢᠰᠦᠨ ᠥᠩᠭᠡᠷᠡᠬᠦ ᠳᠤ ᠮᠥᠨ ᠲᠠᠶᠢᠪᠤᠭᠤ ᠪᠠᠶᠢᠬᠤ ᠬᠡᠷᠡᠭᠲᠡᠶ︾ | ᠃ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ | ᠣᠶᠢᠯᠠᠭᠠᠵᠤ᠂ ᠵᠣᠷᠢᠭᠲᠠᠶ ᠪᠠᠷ ᠲᠡᠮᠡᠴᠡᠵᠦ ᠴᠢᠳᠠᠮᠠᠭᠠᠶ ᠪᠠᠷ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠭᠰᠢᠭᠦᠷᠢ ᠶᠢ ᠢᠳᠡᠪᠬᠢᠲᠡᠢ | ᠰᠡᠷᠭᠡᠶᠢᠯᠡᠨ ᠪᠦᠲᠦᠮᠵᠢᠲᠡᠶ ᠠᠵᠢᠯᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃ | ᠲᠡᠮᠡᠴᠡᠯ ᠤᠨ ᠡᠭᠦᠷᠭᠡ ᠪᠠᠨ ᠲᠣᠳᠣᠷᠬᠠᠶ ᠪᠣᠯᠭᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ᠂ ᠮᠠᠨ ᠤ ᠡᠪ | ᠬᠠᠮᠲᠤ ᠶᠢᠨ ᠲᠡᠮᠡᠴᠡᠯ ᠪᠣᠯ ᠶᠡᠷᠦ ᠠᠴᠠ ᠵᠥᠷᠢᠴᠡᠯ ᠠᠰᠠᠭᠤᠳᠠᠯ᠂ ᠠᠶᠤᠯ ᠲᠦᠭᠰᠢᠭᠦᠷᠢ ᠥᠷᠢᠰᠥᠯᠳᠦᠭᠡᠨ ᠳᠤ ᠴᠢᠭᠯᠡᠭᠰᠡᠨ | ᠶᠤᠮ ᠭᠡᠵᠦ ᠵᠢᠭᠠᠵᠤ ᠭᠠᠷᠭᠠᠪᠠ᠃ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ | ᠬᠥᠭᠵᠢᠯᠲᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠲᠠᠰᠤᠷᠠᠯᠲᠠ ᠦᠭᠡᠢ ᠬᠤᠷᠠᠮᠳᠤᠵᠤ ᠴᠢᠨᠠᠭᠰᠢᠯᠠᠪᠠᠯ | ᠲᠥᠪᠯᠡᠷᠡᠩᠭᠦᠶ ᠢᠯᠡᠷᠡᠵᠦ ᠪᠠᠶᠢᠭ᠎ᠠ ᠴᠠᠭ ᠦᠶ᠎ᠠ ᠳᠤ ᠣᠷᠣᠵᠤ᠂ ᠲᠤᠯᠭᠠᠷᠠᠵᠤ ᠪᠠᠶᠢᠭ᠎ᠠ ᠴᠢᠬᠤᠯᠠ ᠶᠡᠭᠡ ᠲᠡᠮᠡᠴᠡᠯ ᠴᠥᠭᠡᠨ | ᠪᠤᠰᠤ ᠪᠠᠶᠢᠵᠤ᠂ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ᠂ ᠠᠵᠢᠯ᠂ ᠭᠠᠳᠠᠭᠠᠳᠤ ᠬᠠᠷᠢᠯᠴᠠᠭᠠᠨ ᠤ | ᠠᠵᠢᠯ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠳᠤ ᠴᠥᠮ ᠲᠤᠯᠭᠠᠷᠠᠵᠤ ᠪᠠᠶᠢᠬᠤ ᠪᠥᠭᠡᠳ ᠤᠯᠠᠮ ᠠᠴᠠ ᠤᠯᠠᠮ | ᠪᠤᠳᠤᠯᠢᠶᠠᠨᠲᠠᠶ ᠪᠣᠯᠵᠤ ᠪᠠᠶᠢᠨ᠎ᠠ᠃ ᠡᠶᠢᠮᠦ ᠠᠴᠠ᠂ ᠨᠢᠭᠡᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠪᠠᠭ᠎ᠠ ᠠᠴᠠ | ᠶᠡᠭᠡ ᠶᠢ ᠣᠯᠵᠤ ᠮᠡᠳᠡᠬᠦ ᠴᠢᠳᠠᠪᠤᠷᠢ ᠲᠠᠢ ᠪᠠᠶᠢᠵᠤ᠂ ᠳᠠᠯᠳᠠ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ | ᠤᠷᠢᠳᠴᠢᠯᠠᠨ ᠮᠠᠭᠠᠳᠯᠠᠵᠤ᠂ ᠠᠶᠤᠯ ᠲᠦᠭᠰᠢᠭᠦᠷᠢ ᠬᠠᠮᠢᠭ᠎ᠠ ᠪᠠᠶᠢᠬᠤ ᠶᠢ ᠮᠡᠳᠡᠬᠦ᠂ ᠶᠠᠭᠤ ᠪᠣᠯᠬᠤ ᠶᠢ ᠮᠡᠳᠡᠬᠦ᠂ | ᠬᠥᠭᠵᠢᠯᠲᠡ ᠶᠢᠨ ᠬᠠᠨᠳᠤᠰᠢ ᠶᠠᠮᠠᠷ ᠪᠣᠯᠬᠤ᠂ ᠲᠡᠮᠡᠴᠡᠬᠦ ᠶᠣᠰᠣᠲᠠᠶ ᠶᠢ ᠨᠢ ᠲᠡᠮᠡᠴᠡᠬᠦ ᠬᠡᠷᠡᠭᠲᠡᠶ᠃ | ᠲᠡᠮᠡᠴᠡᠬᠦ ᠠᠷᠭ᠎ᠠ᠃ ᠶᠡᠷᠦᠩᠬᠡᠶ ᠱᠦᠵᠢ ᠰᠢ ᠶᠢᠨ ᠫᠢᠩ᠂ ᠠᠷᠭ᠎ᠠ ᠪᠣᠳᠣᠯᠭ᠎ᠠ ᠠᠷᠭ᠎ᠠ ᠶᠢ ᠴᠢᠬᠤᠯᠠᠴᠢᠯᠠᠵᠤ᠂ | ᠲᠡᠮᠡᠴᠡᠯ ᠤᠨ ᠡᠷᠳᠡᠮ ᠢ ᠪᠠᠳᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠭᠤᠤᠯ ᠵᠥᠷᠢᠴᠡᠯ ᠢ ᠠᠳᠬᠤᠵᠤ᠂ | ᠵᠥᠷᠢᠴᠡᠯ ᠢ ᠠᠳᠬᠤᠬᠤ ᠶᠢᠨ ᠭᠤᠤᠯ ᠲᠠᠯ᠎ᠠ ᠨᠢ᠂ ᠠᠰᠢᠭᠲᠠᠢ ᠲᠠᠯ᠎ᠠ ᠨᠢ ᠬᠡᠮᠵᠢᠶ᠎ᠡ ᠲᠠᠢ ᠪᠠᠶᠢᠬᠤ ᠶᠢ ᠪᠠᠷᠢᠮᠲᠠᠯᠠᠵᠤ᠂ | ᠵᠣᠬᠢᠰᠲᠠᠶ ᠠᠷᠭ᠎ᠠ ᠬᠡᠯᠪᠡᠷᠢ ᠶᠢ ᠰᠣᠩᠭᠤᠵᠤ᠂ ᠲᠡᠮᠡᠴᠡᠯ ᠤᠨ ᠪᠠᠶᠢᠳᠠᠯ ᠢ ᠡᠵᠡᠮᠳᠡᠵᠦ᠂ ᠵᠠᠷᠴᠢᠮ ᠤᠨ ᠠᠰᠠᠭᠤᠳᠠᠯ ᠳᠡᠭᠡᠷ᠎ᠡ | ᠥᠴᠦᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠠᠷᠭ᠎ᠠ ᠪᠣᠳᠣᠯᠭ᠎ᠠ ᠶᠢᠨ ᠠᠰᠠᠭᠤᠳᠠᠯ ᠳᠡᠭᠡᠷ᠎ᠡ ᠬᠥᠳᠡᠯᠦᠩᠭᠦᠶ ᠪᠠᠶᠢᠬᠤ | ᠬᠡᠷᠡᠭᠲᠡᠶ᠃ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂ ᠴᠠᠭ᠂ ᠬᠡᠮᠵᠢᠶ᠎ᠡ᠂ ᠦᠷ᠎ᠡ ᠪᠦᠲᠦᠮᠵᠢ ᠶᠢ ᠡᠵᠡᠮᠰᠢᠵᠦ᠂ | ᠲᠡᠮᠡᠴᠡᠯ ᠤᠨ ᠠᠷᠭ᠎ᠠ ᠪᠣᠳᠣᠯᠭ᠎ᠠ ᠪᠠᠨ ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ᠃ ᠪᠦᠯᠬᠦᠮᠳᠡᠵᠦ ᠪᠣᠯᠬᠤ ᠬᠦᠴᠦᠨ | ᠪᠦᠬᠦᠨ ᠲᠠᠢ ᠪᠦᠯᠬᠦᠮᠳᠡᠵᠦ᠂ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠲᠡᠮᠡᠴᠡᠯ ᠤᠨ ᠳᠤᠮᠳᠠ ᠪᠦᠯᠬᠦᠮᠳᠡᠯ ᠢ | ᠲᠡᠮᠡᠴᠡᠨ ᠣᠯᠵᠤ᠂ ᠲᠡᠮᠡᠴᠡᠯ ᠤᠨ ᠳᠤᠮᠳᠠ ᠬᠠᠮᠲᠤᠷᠠᠯᠴᠠᠭ᠎ᠠ ᠶᠢ ᠡᠷᠢᠯᠬᠢᠯᠡᠵᠦ᠂ ᠲᠡᠮᠡᠴᠡᠯ ᠤᠨ ᠳᠤᠮᠳᠠ ᠬᠠᠮᠲᠤ ᠪᠠᠷ ᠠᠰᠢᠭ | ᠬᠦᠷᠲᠡᠬᠦ ᠶᠢ ᠲᠡᠮᠡᠴᠡᠨ ᠣᠯᠬᠤ ᠬᠡᠷᠡᠭᠲᠡᠶ᠃ ᠪᠢᠳᠡ ᠠᠵᠢᠯ ᠤᠨ ᠳᠤᠮᠳᠠᠬᠢ ᠪᠣᠳᠠᠲᠠᠶ ᠪᠠᠶᠢᠳᠠᠯ ᠢ ᠡᠵᠡᠮᠰᠢᠵᠦ᠂ ᠠᠷᠠᠳ | ᠣᠯᠠᠨ ᠤ ᠦᠨᠡᠨ ᠪᠣᠳᠠᠲᠠᠶ ᠪᠤᠳᠤᠯ ᠢ ᠲᠣᠳᠣᠷᠬᠠᠶ ᠣᠶᠢᠯᠠᠭᠠᠵᠤ᠂ ᠪᠣᠳᠠᠲᠠᠶ ᠶᠢ ᠡᠷᠬᠢᠮᠯᠡᠭᠰᠡᠨ ᠪᠥᠭᠡᠳ ᠲᠤᠰᠠᠲᠠᠶ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠷᠠᠳ ᠣᠯᠠᠨ ᠤ ᠬᠦᠴᠢᠷ ᠵᠣᠪᠠᠭᠤᠷᠢ ᠶᠢ ᠦᠨᠡᠨᠬᠦ | ᠰᠢᠢᠳᠪᠦᠷᠢᠯᠡᠵᠦ᠂ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ | ᠲᠡᠮᠡᠴᠡᠯ ᠤᠨ ᠢᠯᠠᠯᠲᠠ ᠶᠢ ᠪᠠᠲᠤ ᠰᠠᠬᠢᠨ᠎ᠠ᠃ ᠶᠡᠷᠦᠩᠬᠡᠶ ᠱᠦᠵᠢ ᠰᠢ ᠶᠢᠨ ᠫᠢᠩ᠂ ᠨᠡᠶᠢᠭᠡᠮ ᠪᠣᠯ ᠵᠥᠷᠢᠴᠡᠯ ᠤᠨ | ᠬᠥᠳᠡᠯᠭᠡᠭᠡᠨ ᠤ ᠳᠤᠮᠳᠠ ᠤᠷᠤᠭᠰᠢᠯᠠᠵᠤ ᠪᠠᠶᠢᠳᠠᠭ᠂ ᠵᠥᠷᠢᠴᠡᠯ ᠪᠠᠶᠢᠪᠠᠯ ᠲᠡᠮᠡᠴᠡᠯ ᠪᠠᠶᠢᠳᠠᠭ᠃ ᠣᠳᠣᠬᠠᠨ ᠳᠤ᠂ ᠪᠢᠳᠡ ᠶᠠᠭ | ᠨᠠᠷᠢᠨ ᠪᠤᠳᠤᠯᠢᠶᠠᠨᠲᠠᠶ ᠳᠡᠯᠡᠬᠡᠶ ᠶᠢᠨ ᠣᠷᠴᠢᠨ ᠲᠣᠭᠤᠷᠢᠨ ᠳᠤ ᠣᠷᠣᠰᠢᠵᠤ᠂ ᠳᠣᠲᠣᠭᠠᠳᠤ ᠶᠢᠨ ᠵᠣᠪᠠᠯᠠᠩ ᠭᠠᠳᠠᠭᠠᠳᠤ ᠶᠢᠨ | ᠠᠶᠤᠯ ᠲᠠᠰᠤᠷᠠᠯᠲᠠ ᠦᠭᠡᠢ ᠣᠷᠣᠰᠢᠵᠤ᠂ ᠤᠯᠤᠰ ᠤᠨ ᠣᠷᠣᠨ ᠨᠤᠲᠤᠭ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠣᠭᠤᠳᠬᠤ ᠪᠠᠶᠢᠷᠢ ᠰᠠᠭᠤᠷᠢ ᠶᠢ | ᠪᠠᠷᠢᠮᠲᠠᠯᠠᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠮᠥᠩᠭᠦᠨ ᠬᠦᠢᠯᠭᠡᠭᠡᠨ ᠤ | ᠬᠦᠷᠢᠶᠡᠨ ᠤ ᠳᠠᠯᠳᠠ ᠬᠡᠮ ᠢ ᠠᠷᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠠᠮᠢ ᠠᠬᠤᠶ ᠣᠷᠴᠢᠨ ᠲᠣᠭᠤᠷᠢᠨ ᠢ | ᠵᠠᠰᠠᠬᠤ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠠᠷᠭᠠᠴᠠᠬᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ | ᠣᠯᠠᠨ ᠲᠦᠮᠡᠨ ᠤ ᠬᠡᠷᠡᠭ ᠶᠠᠪᠤᠳᠠᠯ ᠢ ᠰᠢᠢᠳᠪᠦᠷᠢᠯᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠴᠣᠬᠢᠯᠲᠠ ᠥᠭᠬᠦ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠯᠢ ᠣᠯᠠᠨ ᠠᠰᠠᠭᠤᠳᠠᠯ ᠳᠡᠭᠡᠷ᠎ᠡ ᠪᠦᠷ ᠲᠡᠮᠡᠴᠡᠯ ᠳᠤ ᠲᠤᠯᠭᠠᠷᠠᠵᠤ | ᠪᠠᠶᠢᠨ᠎ᠠ᠃ ᠪᠢᠳᠡᠨ ᠤ ᠬᠢᠬᠦ ᠠᠵᠢᠯ ᠪᠣᠯ ᠵᠣᠷᠢᠭᠲᠠᠶ ᠲᠡᠮᠡᠴᠡᠵᠦ᠂ ᠴᠢᠳᠠᠮᠠᠭᠠᠶ ᠪᠠᠷ ᠲᠡᠮᠡᠴᠡᠬᠦ ᠶᠠᠪᠤᠳᠠᠯ ᠪᠣᠯᠤᠨ᠎ᠠ᠃ | ᠡᠶᠢᠮᠦ ᠠᠴᠠ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠬᠦ ᠤᠯᠤᠰ ᠲᠥᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠶ ᠲᠡᠮᠡᠴᠡᠬᠦ᠂ ᠴᠢᠳᠠᠮᠠᠭᠠᠶ ᠲᠡᠮᠡᠴᠡᠬᠦ ᠰᠢᠳᠤᠷᠭᠤ | ᠪᠠᠶᠢᠯᠳᠤᠭᠴᠢ ᠪᠣᠯᠬᠤ ᠬᠡᠷᠡᠭᠲᠡᠶ᠃ | | ᠢᠷᠡᠯᠲᠡ᠄ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ | ᠠᠯᠪᠠᠨ ᠭᠡᠷ | |