︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠪᠠᠷᠢᠮᠳᠠᠯᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠶ᠎ᠠ
ᠨᠡᠶᠢᠲᠡᠯᠡᠭᠰᠡᠨ ᠴᠠᠭ᠄
2019-10-28
   ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠪᠠᠷᠢᠮᠳᠠᠯᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠶ᠎ᠠ             ᠬᠤᠤᠯᠢᠩᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ      ᠯᠢ ᠳ᠋ᠦᠩ ᠾᠦᠢ

    ᠨᠠᠮ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ

ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠢ ︽ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ᠂

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠥᠭᠦᠯᠡᠯᠲᠡ ᠶᠢᠨ ᠲᠡᠭᠦᠪᠦᠷᠢ︾᠂ ︽ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ

ᠬᠥᠲᠥᠯᠪᠦᠷᠢ︾ ᠵᠡᠷᠭᠡ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠭᠦᠨ ᠬᠥᠮᠦᠵᠢᠯ ᠬᠦᠷᠲᠡᠵᠦ᠂ ᠮᠠᠰᠢ ᠶᠡᠭᠡ

ᠣᠯᠤᠯᠲᠠ ᠲᠠᠢ ᠪᠣᠯᠪᠠ᠂ ᠪᠢ ᠳᠣᠤᠷᠠᠬᠢ ᠬᠡᠳᠦᠨ ᠲᠠᠯ᠎ᠠ ᠠᠴᠠ ᠰᠤᠷᠤᠯᠴᠠᠭᠰᠠᠨ ᠲᠥᠷᠥᠭᠳᠡᠯ ᠢᠶᠠᠨ ᠶᠠᠷᠢᠶ᠎ᠠ᠃

   ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠪᠣᠯ ᠳᠤᠮᠳᠠᠳᠤ ᠤᠯᠤᠰ

 ᠤᠨ ᠡᠪ ᠬᠠᠮᠲᠤ ᠨᠠᠮ ᠤᠨ ᠠᠷᠠᠳ ᠲᠦᠮᠡᠨ ᠢ ᠤᠳᠤᠷᠢᠳᠤᠨ ᠢᠯᠠᠯᠲᠠ ᠠᠴᠠ ᠢᠯᠠᠯᠲᠠ ᠳᠤ ᠬᠦᠷᠬᠦ ᠪᠠᠲᠤ ᠪᠠᠷᠢᠮᠲᠠᠯᠠᠯ

ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ᠄ ︽ᠤᠭ ᠰᠠᠨᠠᠭ᠎ᠠ ᠪᠠᠨ ᠦᠯᠦ ᠮᠠᠷᠲᠠᠪᠠᠰᠤ ᠡᠴᠦᠰ ᠤᠨ ᠢᠯᠠᠯᠲᠠ ᠶᠢ

ᠣᠯᠵᠤ ᠦᠯᠦ ᠴᠢᠳᠠᠮᠤᠶ︕ ᠮᠠᠨ ᠤ ᠤᠭ ᠰᠠᠨᠠᠭ᠎ᠠ ᠶᠠᠭᠤ ᠪᠣᠶ︖ ᠱᠠᠩᠬᠠᠶ ᠶᠢᠨ ᠴᠢᠯᠠᠭᠤᠨ ᠡᠬᠦᠳᠡ᠂ ᠨᠠᠨ ᠬᠤ᠋

ᠨᠠᠭᠤᠷ ᠤᠨ ᠤᠯᠠᠭᠠᠨ ᠣᠩᠭᠤᠴᠠ᠂ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠵᠦ᠂ ᠠᠷᠪᠠᠨ ᠳᠥᠷᠪᠡᠨ ᠵᠢᠯ ᠤᠨ

ᠶᠠᠫᠣᠨ ᠢ ᠡᠰᠡᠷᠭᠦᠴᠡᠬᠦ ᠳᠠᠶᠢᠨ᠂ ᠲᠡᠤᠬᠡᠲᠦ ᠴᠢᠨᠠᠷᠲᠠᠶ ᠰᠢᠢᠳᠪᠦᠷᠢᠳᠦ ᠪᠠᠶᠢᠯᠳᠤᠭᠠᠨ ᠬᠢᠭᠰᠡᠨ ᠠᠴᠠ ᠰᠠᠶ᠋ᠢ ᠳᠤᠮᠳᠠᠳᠤ ᠶᠢᠨ

ᠪᠥᠬᠦᠳᠡ ᠨᠠᠶᠢᠷᠠᠮᠳᠠᠬᠤ ᠤᠯᠤᠰ ᠪᠤᠢ ᠪᠣᠯᠤᠭᠰᠠᠨ ᠶᠤᠮ᠃ ᠪᠥᠬᠦᠳᠡ ᠨᠠᠶᠢᠷᠠᠮᠳᠠᠬᠤ ᠤᠯᠤᠰ ᠪᠣᠯ ᠤᠯᠠᠭᠠᠨ ᠥᠩᠭᠡᠲᠡᠶ᠂ ᠡᠨᠡ

ᠬᠦ ᠥᠩᠭᠡ ᠶᠢ ᠰᠤᠯᠠᠷᠠᠭᠤᠯᠵᠤ ᠪᠣᠯᠬᠤ ᠦᠭᠡᠢ᠃ ᠲᠤᠭ᠎ᠠ ᠲᠣᠮᠰᠢ ᠦᠭᠡᠢ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ

ᠮᠠᠨ ᠤ ᠲᠤᠭ ᠢ ᠤᠯᠠᠶᠢᠯᠭᠠᠵᠤ᠂ ᠪᠢᠳᠡ ᠲᠡᠳᠡᠨ ᠤ ᠬᠦᠰᠡᠨ ᠡᠷᠡᠮᠡᠯᠵᠡᠵᠦ ᠪᠠᠶᠢᠭ᠎ᠠ᠂ ᠲᠡᠭᠦᠨ ᠤ ᠲᠥᠯᠥᠭᠡ ᠲᠡᠮᠡᠴᠡᠵᠦ

ᠪᠠᠶᠢᠭ᠎ᠠ᠂ ᠲᠡᠭᠦᠨ ᠤ ᠲᠥᠯᠥᠭᠡ ᠪᠡᠶ᠎ᠡ ᠦᠷᠡᠭᠳᠡᠭᠰᠡᠨ ᠪᠥᠬᠦᠳᠡ ᠨᠠᠶᠢᠷᠠᠮᠳᠠᠬᠤ ᠤᠯᠤᠰ ᠢ ᠰᠠᠶᠢᠲᠤᠷ ᠪᠦᠲᠦᠭᠡᠨ ᠪᠠᠶᠢᠭᠤᠯᠬᠤ

ᠦᠭᠡᠢ ᠪᠣᠯ ᠶᠠᠭᠠᠬᠢᠭᠰᠠᠨ ᠴᠤ ᠪᠣᠯᠬᠤ ᠦᠭᠡᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ

ᠲᠡᠷᠡ ᠡᠳᠦᠷ ᠠᠴᠠ ᠪᠠᠨ ᠡᠬᠢᠯᠡᠨ ᠥᠪᠡᠷ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠷᠢᠮᠲᠠᠯᠠᠵᠤ᠂ ᠳᠤᠮᠳᠠᠳᠤ

ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂

ᠴᠢᠰᠤ ᠤᠷᠤᠰᠬᠠᠵᠤ ᠠᠮᠢ ᠦᠷᠡᠭᠳᠡᠬᠦ ᠠᠴᠠ ᠠᠶᠤᠬᠤ ᠦᠭᠡᠢ ᠪᠠᠶᠢᠵᠤ᠂ ᠶᠠᠫᠣᠨ ᠢ ᠡᠰᠡᠷᠭᠦᠴᠡᠬᠦ ᠳᠠᠢᠨ ᠤ ᠠᠭᠤᠤ ᠶᠡᠭᠡ

ᠢᠯᠠᠯᠲᠠ ᠶᠢ ᠣᠯᠵᠤ᠂ ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠣᠯᠭᠠᠭᠰᠠᠨ ᠨᠡᠶᠢᠭᠡᠮ ᠵᠢᠷᠤᠮᠲᠤ ᠤᠯᠤᠰ ᠢ ᠪᠦᠲᠦᠭᠡᠨ

ᠪᠠᠶᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠣᠭᠤᠯᠴᠢᠯᠠᠭᠳᠠᠵᠤ ᠪᠠᠶᠢᠭᠰᠠᠨ ᠠᠴᠠ ᠪᠠᠨ ᠡᠷᠬᠡ ᠮᠡᠳᠡᠵᠦ ᠡᠵᠡᠨ

ᠰᠠᠭᠤᠬᠤ ᠬᠤᠪᠢᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠨᠡᠶᠢᠭᠡᠮ ᠡᠭᠦᠨ ᠠᠴᠠ ᠡᠬᠢᠯᠡᠨ ᠴᠡᠴᠡᠭᠯᠡᠨ ᠬᠥᠭᠵᠢᠭᠰᠡᠨ

ᠭᠡᠭᠡᠨ ᠰᠠᠷᠠᠭᠤᠯ ᠳᠠᠷᠳᠠᠩ ᠵᠠᠮ ᠢᠶᠠᠷ ᠵᠠᠮᠨᠠᠪᠠ᠃ ᠥᠭᠡᠷᠡᠴᠢᠯᠡᠯᠲᠡ ᠨᠡᠭᠡᠭᠡᠯᠲᠡ ᠠᠵᠤ ᠠᠬᠤᠢ ᠶᠢᠨ ᠪᠦᠲᠦᠭᠡᠨ

ᠪᠠᠶᠢᠭᠤᠯᠤᠯᠲᠠ ᠪᠠᠷ ᠭᠤᠤᠯ ᠪᠣᠯᠭᠠᠭᠰᠠᠨ ᠬᠥᠭᠵᠢᠯᠲᠡ ᠶᠢᠨ ᠴᠠᠭ ᠣᠶᠢᠶ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ

ᠥᠪᠡᠷ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠷᠢᠮᠲᠠᠯᠠᠵᠤ᠂ ᠥᠪᠡᠷ ᠤᠨ ᠵᠠᠮ ᠢᠶᠠᠷ ᠢᠶᠠᠨ ᠵᠠᠮᠨᠠᠬᠤ ᠶᠢ

ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠠᠮ ᠳᠡᠭᠡᠷ᠎ᠡ᠂ ᠪᠦᠬᠦ

ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠷᠰᠢ ᠰᠠᠭᠠᠳ ᠢ ᠢᠯᠠᠨ

ᠳᠠᠪᠠᠵᠤ᠂ ᠴᠥᠬᠦᠷᠡᠰᠢ ᠦᠭᠡᠢ ᠲᠡᠮᠡᠴᠡᠵᠦ᠂ ᠠᠵᠤ ᠠᠬᠤᠶ ᠨᠡᠶᠢᠭᠡᠮ ᠢ ᠦᠳᠲᠡᠷ ᠲᠦᠷᠭᠡᠨ‌ᠠᠵᠤ ᠠᠬᠤᠶ ᠨᠡᠶᠢᠭᠡᠮ ᠢ

ᠦᠳᠲᠡᠷ ᠲᠦᠷᠭᠡᠨ ᠬᠥᠭᠵᠢᠭᠦᠯᠦᠭᠡᠳ᠂ ᠮᠠᠨ ᠤ ᠤᠯᠤᠰ ᠠᠴᠠ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ

ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠪᠣᠳᠠᠲᠤ ᠬᠦᠴᠦᠨ᠂

ᠤᠯᠤᠰ ᠠᠴᠠ ᠶᠡᠷᠦᠩᠬᠡᠶ ᠬᠦᠴᠦᠨ ᠳᠡᠯᠡᠬᠡᠶ ᠶᠢᠨ ᠡᠮᠦᠨ᠎ᠡ ᠡᠩᠨᠡᠭᠡᠨ ᠳᠤ ᠣᠷᠣᠵᠤ᠂ ᠳᠡᠯᠡᠬᠡᠶ ᠳᠡᠭᠡᠷᠡᠬᠢ ᠪᠠᠶᠢᠷᠢ ᠰᠠᠭᠤᠷᠢ

ᠤᠷᠢᠳ ᠡᠮᠦᠨ᠎ᠡ ᠪᠠᠶᠢᠭ᠎ᠠ ᠦᠭᠡᠢ ᠳᠡᠭᠡᠭᠰᠢᠯᠡᠯᠲᠡ ᠶᠢ ᠪᠡᠶᠡᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ

ᠨᠠᠰᠢ᠂ ᠳᠤᠮᠳᠠᠳᠤ ᠤᠯᠤᠰ ‍ᠤᠨ‌ᠡᠪ ᠬᠠᠮᠲᠤ ᠨᠠᠮ ᠥᠪᠡᠷ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ

ᠪᠠᠷᠢᠮᠲᠠᠯᠠᠵᠤ᠂ ᠨᠡᠭᠡᠭᠡᠯᠲᠡ ᠶᠢ ᠥᠷᠭᠡᠳᠬᠡᠵᠦ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠶᠢ

ᠬᠡᠷᠡᠭᠵᠢᠭᠦᠯᠵᠦ᠂ ᠮᠤᠷᠤᠶ ᠰᠠᠷᠤᠶ ᠳᠡᠯᠡᠬᠡᠶ ᠶᠢᠨ ᠣᠷᠴᠢᠨ ᠲᠣᠭᠤᠷᠢᠨ ᠳᠤ ᠯᠠᠪᠳᠠᠭᠤᠨ ᠪᠠᠲᠤᠲᠠᠶ ᠵᠣᠭᠰᠣᠵᠤ᠂ ᠪᠣᠬᠢᠷᠲᠤᠯ

ᠦᠭᠡᠢ ᠬᠥᠭᠵᠢᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ

ᠨᠠᠰᠢᠬᠢ ᠠᠵᠤ ᠠᠬᠤᠶ  ᠨᠡᠶᠢᠭᠡᠮ ᠤᠨ ᠬᠥᠭᠵᠢᠯᠲᠡ ᠶᠢᠨ ᠬᠤᠷᠠᠮᠳᠤᠭᠤᠯᠤᠭᠰᠠᠨ ᠡᠯ᠎ᠡ ᠵᠦᠢᠯ ᠤᠨ ᠬᠠᠷᠰᠢ ᠰᠠᠭᠠᠳ

ᠵᠥᠷᠢᠴᠡᠯ ᠢ ᠰᠢᠢᠳᠪᠦᠷᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ

ᠣᠷᠣᠬᠤ ᠶᠢ ᠠᠬᠢᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠵᠦ᠂

ᠨᠠᠮ ᠤᠨ ᠳᠦᠷᠰᠦ ᠪᠠᠶᠢᠳᠠᠯ᠂ ᠤᠯᠤᠰ ᠣᠷᠣᠨ ᠤ ᠳᠦᠷᠰᠦ ᠪᠠᠶᠢᠳᠠᠯ᠂ ᠠᠷᠠᠳ ᠲᠦᠮᠡᠨ ᠤ ᠳᠦᠷᠰᠦ ᠪᠠᠶᠢᠳᠠᠯ᠂

ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠳᠤ ᠤᠷᠢᠳ ᠡᠮᠦᠨ᠎ᠡ ᠪᠠᠶᠢᠭ᠎ᠠ ᠦᠭᠡᠢ ᠬᠤᠪᠢᠷᠠᠯᠲᠠ ᠭᠠᠷᠴᠤ᠂

ᠨᠡᠢᠭᠡᠮ ᠤᠨ ᠬᠡᠪ ᠰᠤᠷᠲᠠᠯ ᠦᠷᠭᠦᠯᠵᠢᠯᠡᠨ ᠰᠠᠶᠢᠵᠢᠷᠠᠵᠤ᠂ ᠳᠤᠮᠳᠠᠳᠤ ᠶᠢᠨ ᠦᠨᠳᠦᠰᠦᠲᠡᠨ ᠴᠣ᠋ ᠰᠢᠨ᠎ᠡ ᠳᠦᠷᠰᠦ

ᠪᠠᠶᠢᠳᠠᠯ ᠢᠶᠠᠷ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ ᠪᠠᠶᠢᠨ᠎ᠠ᠃

   ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠪᠣᠯ ᠳᠤᠮᠳᠠᠳᠤ ᠤᠯᠤᠰ

 ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠢᠷᠡᠭᠡᠳᠦᠶ ᠵᠦᠭ

ᠤᠷᠤᠭᠰᠢᠯᠠᠬᠤ ᠶᠢᠨ ᠵᠠᠶᠢᠯᠠᠰᠢ ᠦᠭᠡᠢ ᠪᠠᠷᠢᠮᠲᠠᠯᠠᠯ ᠮᠥᠨ᠃ ᠶᠡᠷᠦᠩᠬᠡᠶ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ

ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ

ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠂ ᠦᠶ᠎ᠡ ᠦᠶ᠎ᠡ ᠶᠢᠨ

ᠳᠤᠮᠳᠠᠳᠤ ᠤᠯᠤᠰ ᠤᠨ ᠡᠪ ᠬᠠᠮᠲᠤ ᠶᠢᠨ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠡᠷᠡᠯᠬᠡᠭ ᠪᠠᠭᠠᠲᠤᠷᠯᠢᠭ ᠢᠶᠠᠷ

ᠲᠡᠮᠡᠴᠡᠬᠦ ᠶᠢ ᠵᠣᠷᠢᠭᠵᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ ᠳᠤᠮᠳᠠᠳᠤ ᠤᠯᠤᠰ ᠤᠨ ᠣᠨᠴᠠᠯᠢᠭ ᠪᠦᠬᠦᠢ

ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠂ ᠨᠡᠶᠢᠭᠡᠮ ᠤᠨ ᠭᠤᠤᠯ ᠵᠥᠷᠢᠴᠡᠯ ᠪᠣᠯ ᠠᠷᠠᠳ ᠲᠦᠮᠡᠨ ᠤ ᠡᠳᠦᠷ

ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠠ ᠲᠡᠩᠴᠡᠭᠦᠷᠢ ᠦᠭᠡᠢ ᠬᠦᠢᠴᠡᠳ ᠦᠭᠡᠢ

ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠮᠥᠨ᠂ ᠶᠡᠷᠦᠩᠬᠡᠶ ᠱᠦᠵᠢ ᠰᠢ ᠶᠢᠨ ᠫᠢᠩ᠄ ︽ᠮᠠᠨ ᠤ ᠤᠯᠤᠰ ᠤᠨ ᠨᠡᠶᠢᠭᠡᠮ

ᠵᠢᠷᠤᠮ ᠤᠨ ᠭᠤᠤᠯ ᠵᠥᠷᠢᠴᠡᠯ ᠤᠨ ᠬᠤᠪᠢᠷᠠᠯᠲᠠ ᠪᠣᠯ ᠪᠦᠬᠦ ᠲᠠᠯ᠎ᠠ ᠳᠤ ᠬᠤᠯᠪᠣᠭᠳᠠᠬᠤ ᠲᠡᠤᠬᠡᠲᠦ ᠴᠢᠨᠠᠷᠲᠠᠶ ᠬᠤᠪᠢᠷᠠᠯᠲᠠ

ᠮᠥᠨ ᠭᠡᠳᠡᠭ ᠢ ᠡᠷᠬᠡᠪᠰᠢ ᠲᠠᠨᠢᠵᠤ᠂ ᠨᠠᠮ ᠪᠠ ᠤᠯᠤᠰ ᠣᠷᠣᠨ ᠤ ᠠᠵᠢᠯ ᠳᠤ ᠮᠠᠰᠢ ᠣᠯᠠᠨ ᠰᠢᠨ᠎ᠡ ᠱᠠᠭᠠᠷᠳᠠᠯᠭ᠎ᠠ

ᠳᠤᠷᠠᠳᠤᠭᠰᠠᠨ ᠪᠠᠶᠢᠨ᠎ᠠ᠃ ᠡᠳᠡᠭᠡᠷ ᠰᠢᠨ᠎ᠡ ᠱᠠᠭᠠᠷᠳᠠᠯᠭ᠎ᠠ ᠳᠤ ᠠᠪᠴᠤ ᠬᠡᠯᠡᠪᠡᠯ᠂ ᠮᠠᠨ ᠤ ᠬᠤᠲᠠ ᠳᠤ ᠠᠪᠴᠤ ᠬᠡᠯᠡᠪᠡᠯ᠂

ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ

ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠵᠦ᠂ ᠬᠥᠬᠡᠮᠳᠦᠭ ᠠᠭᠤᠯᠠ᠂ ᠬᠥᠬᠡ ᠣᠭᠲᠠᠷᠭᠤᠶ᠂ ᠴᠡᠩᠭᠡᠭ

ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠡᠷᠬᠡᠪᠰᠢ ᠨᠡᠭᠡᠭᠡᠯᠲᠡ ᠪᠠᠨ ᠤᠯᠠᠮ

ᠴᠢᠨᠠᠭᠰᠢᠳᠠ ᠥᠷᠭᠡᠳᠬᠡᠵᠦ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠶ᠂ ᠢᠯᠠᠩᠭᠤᠶ᠎ᠠ ᠡᠯ᠎ᠡ ᠵᠦᠢᠯ ᠤᠨ

ᠬᠡᠪᠰᠢᠭᠰᠡᠨ ᠠᠵᠤ ᠠᠬᠤᠢ ᠶᠢᠨ ᠬᠥᠭᠵᠢᠯᠲᠡ ᠶᠢᠨ ᠠᠰᠢᠭ ᠲᠤᠰᠠ ᠶᠢ ᠬᠠᠷᠰᠢᠯᠠᠬᠤ ᠬᠠᠷᠢᠴᠠᠭ᠎ᠠ ᠶᠢ ᠥᠭᠡᠷᠡᠴᠢᠯᠡᠬᠦ

ᠶᠠᠪᠤᠴᠠ ᠳᠤ ᠬᠠᠷᠰᠢ ᠰᠠᠭᠠᠳ ᠴᠥᠭᠡᠨ ᠪᠤᠰᠤ᠂ ᠵᠥᠷᠢᠴᠡᠯ ᠲᠤᠪᠤᠶᠢᠮ᠎ᠠ ᠪᠠᠶᠢᠵᠤ᠂ ᠳᠤᠮᠳᠠᠳᠤ ᠤᠯᠤᠰ ᠤᠨ ᠡᠪ ᠬᠠᠮᠲᠤ

ᠨᠠᠮ ᠡᠷᠬᠡᠪᠰᠢ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠳᠠᠶᠢᠯᠠᠯᠳᠤᠭᠠᠨ ᠢ

ᠰᠠᠶᠢᠲᠤᠷ ᠬᠢᠬᠦ ᠶᠢ ᠪᠠᠷᠢᠮᠲᠠᠯᠠᠬᠤ ᠬᠡᠷᠡᠭᠲᠡᠶ᠃ ᠳᠡᠯᠡᠬᠡᠶ ᠶᠢᠨ ᠣᠷᠴᠢᠨ ᠨᠥᠬᠦᠴᠡᠯ ᠳᠤ᠂ ᠮᠠᠨ ᠤ ᠤᠯᠤᠰ ᠨᠢᠭᠡ ᠲᠠᠯ᠎ᠠ ᠪᠠᠷ

ᠠᠵᠤ ᠠᠬᠤᠢ ᠶᠢᠨ ᠶᠡᠷᠦᠩᠬᠡᠶ ᠬᠡᠮᠵᠢᠶ᠎ᠡ ᠪᠠᠨ ᠬᠦᠴᠦᠷᠬᠡᠭ ᠤᠯᠤᠰ ᠤᠨ ᠡᠩᠨᠡᠭᠡᠨ ᠳᠤ ᠣᠷᠣᠭᠤᠯᠤᠭᠰᠠᠨ ᠪᠠᠶᠢᠨ᠎ᠠ᠂ ᠡᠨᠡ

ᠲᠠᠯ᠎ᠠ ᠪᠠᠷ ᠥᠷᠥᠨᠡᠳᠠᠬᠢᠨ ᠤ ᠨᠡᠶᠢᠭᠡᠮ ᠥᠷᠭᠡᠵᠢᠨ ᠨᠥᠯᠥᠭᠡᠯᠡᠭᠳᠡᠵᠦ᠂ ᠲᠡᠳᠡ ᠭᠠᠵᠠᠷ ᠪᠣᠯᠭᠠᠨ ᠳᠤ ᠰᠢᠬᠠᠮᠳᠠᠭᠤᠯᠤᠨ

ᠰᠢᠬᠠᠮᠳᠠᠭᠤᠯᠵᠤ᠂ ᠪᠢᠳᠡᠨ ᠢ ᠳᠡᠯᠡᠬᠡᠶ ᠨᠡᠶᠢᠭᠡᠮ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠱᠠᠭᠠᠷᠳᠠᠵᠤ ᠪᠠᠶᠢᠨ᠎ᠠ᠃

ᠨᠢᠭᠡ ᠲᠠᠯ᠎ᠠ ᠪᠠᠷ ᠣᠳᠣᠬᠠᠨ ᠳᠤ ᠮᠥᠨ ᠯᠡ ᠶᠡᠭᠡ ᠬᠡᠮᠵᠢᠶᠡᠨ ᠤ ᠬᠥᠮᠦᠨ ᠠᠮᠠ ᠨᠢ ᠣᠷᠣᠯᠭ᠎ᠠ ᠪᠠᠭᠠᠲᠠᠶ ᠪᠠᠶᠢᠵᠤ᠂

ᠪᠠᠲᠤᠯᠠᠭ᠎ᠠ ᠶᠢᠨ ᠱᠤᠭᠤᠮ ᠳᠤ ᠰᠠᠶ᠋ᠢᠬᠠᠨ ᠬᠦᠷᠴᠦ᠂ ᠳᠤᠮᠳᠠ ᠵᠡᠷᠭᠡ ᠶᠢᠨ ᠪᠠ ᠳᠤᠮᠳᠠ ᠵᠡᠷᠭᠡ ᠶᠢᠨ ᠭᠡᠷ ᠪᠦᠯᠢ ᠶᠢᠨ ᠡᠵᠡᠯᠡᠬᠦ

ᠬᠠᠷᠢᠴᠠᠯ ᠨᠢ ᠥᠨᠳᠥᠷ ᠪᠢᠰᠢ ᠪᠠᠶᠢᠨ᠎ᠠ᠂ ᠡᠶᠢᠮᠦᠷᠬᠦᠦ ᠨᠡᠶᠢᠭᠡᠮ ᠤᠨ ᠪᠦᠲᠦᠴᠡ ᠳᠤ ᠮᠠᠨ ᠤ ᠤᠯᠤᠰ ᠮᠥᠨ ᠯᠡ ᠨᠡᠶᠢᠭᠡᠮ

ᠵᠢᠷᠤᠮ ᠤᠨ ᠠᠩᠬᠠᠨ ᠤ ᠱᠠᠲᠤᠨ ᠳᠤ ᠣᠷᠣᠰᠢᠵᠤ ᠪᠠᠶᠢᠨ᠎ᠠ᠂ ᠪᠢᠳᠡ ᠡᠭᠦᠨ ᠢ ᠮᠠᠷᠲᠠᠵᠤ ᠪᠣᠯᠬᠤ ᠦᠭᠡᠢ᠂ ᠬᠡᠷᠪᠡ ᠪᠠᠭ᠎ᠠ ᠯᠠ

ᠠᠩᠬᠠᠷᠬᠤ ᠦᠭᠡᠢ ᠪᠣᠯ ᠡᠳᠡᠭᠡᠷ ᠬᠥᠮᠦᠨ ᠠᠮᠠ ᠶᠢᠨ ᠠᠮᠢᠳᠤᠷᠠᠯ ᠤᠨ ᠣᠷᠣᠯᠭ᠎ᠠ ᠪᠣᠯᠤᠨ ᠬᠢᠷᠢ ᠬᠡᠮᠵᠢᠶ᠎ᠡ ᠶᠢ ᠪᠠᠭᠤᠷᠠᠭᠤᠯᠵᠤ

ᠮᠡᠳᠡᠨ᠎ᠡ᠂ ᠡᠶᠢᠮᠦ ᠨᠥᠬᠦᠴᠡᠯ ᠳᠣᠤᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠡᠷᠬᠡᠪᠰᠢ ︽ᠲᠤᠯᠭᠤᠷ ᠵᠣᠷᠢᠯᠲᠠ ᠪᠠᠨ

ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠪᠠᠷᠢᠮᠲᠠᠯᠠᠵᠤ᠂ ᠮᠠᠨ ᠤ ᠤᠯᠤᠰ ᠤᠨ ᠢᠶᠠᠨ

ᠪᠣᠳᠠᠲᠤ ᠪᠠᠶᠢᠳᠠᠯ ᠠᠴᠠ ᠡᠭᠦᠰᠴᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ

ᠲᠡᠮᠡᠴᠡᠬᠦ ᠬᠡᠷᠡᠭᠲᠡᠶ᠃

   ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠪᠠᠷᠢᠮᠲᠠᠯᠠᠵᠤ᠂

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠡᠩ ᠲᠡᠷᠢᠭᠦᠨ ᠳᠤ

ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ︽ᠤᠭ ᠰᠠᠨᠠᠭ᠎ᠠ ᠪᠠᠨ ᠦᠯᠦ ᠮᠠᠷᠲᠠᠵᠤ᠂

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠰᠠᠢᠲᠤᠷ ᠵᠣᠬᠢᠶᠠᠨ

ᠪᠠᠶᠢᠭᠤᠯᠬᠤ ᠬᠡᠷᠡᠭᠲᠡᠢ᠃  ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ ᠶᠢ ᠠᠳᠬᠤᠵᠤ᠂ ᠭᠤᠤᠯ

ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠶ᠃

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠨ ᠪᠣᠯᠤᠭᠰᠠᠨ ᠤ ᠬᠤᠪᠢ ᠳᠤ᠂ ᠨᠠᠮ ᠤᠨ ᠤᠭ ᠰᠠᠨᠠᠭ᠎ᠠ

ᠪᠣᠯᠤᠨ ᠡᠭᠦᠷᠭᠡ ᠬᠠᠷᠢᠭᠤᠴᠠᠯᠭ᠎ᠠ ᠶᠢᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠤᠭ ᠰᠠᠨᠠᠭ᠎ᠠ ᠪᠣᠯᠤᠨ ᠡᠭᠦᠷᠭᠡ

ᠬᠠᠷᠢᠭᠤᠴᠠᠯᠭ᠎ᠠ ᠶᠢᠨ ᠲᠤᠬᠠᠶ ᠲᠠᠨᠢᠯᠲᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ

ᠤᠶᠠᠯᠳᠤᠭᠤᠯᠵᠤ᠂ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠶ ᠤᠶᠢᠯᠭᠠᠯᠳᠠ ᠪᠠᠨ ᠭᠦᠨᠵᠡᠭᠡᠶᠢᠷᠡᠭᠦᠯᠦᠨ᠎ᠡ᠃

ᠬᠤᠶᠠᠷ ᠲᠤ ᠪᠠᠶᠢᠴᠠᠭᠠᠨ ᠦᠵᠡᠬᠦ ᠶᠢ ᠪᠣᠳᠠᠲᠠᠶ ᠠᠳᠬᠤᠵᠤ᠂ ᠪᠠᠶᠢᠴᠠᠭᠠᠨ ᠰᠤᠳᠤᠯᠤᠯᠲᠠ ᠬᠢᠨ᠎ᠡ᠃ ᠶᠠᠷᠢᠶ᠎ᠠ ᠥᠭᠦᠯᠡᠯ ᠤᠨ

ᠵᠠᠮ   ᠢ ᠥᠷᠭᠡᠨ ᠢᠶᠠᠷ ᠨᠡᠭᠡᠭᠡᠵᠦ᠂ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠠᠰᠠᠭᠤᠳᠠᠯ ᠢ ᠢᠯᠡᠷᠡᠭᠦᠯᠵᠦ᠂

ᠦᠨᠳᠦᠰᠦ ᠰᠤᠷᠪᠤᠯᠵᠢ ᠶᠢ ᠨᠢ ᠭᠦᠨ ᠠᠭᠤᠳᠠᠯᠵᠤ᠂ ᠠᠰᠠᠭᠤᠳᠠᠯ ᠢ ᠪᠣᠳᠠᠲᠠᠶ ᠪᠠᠷ ᠡᠷᠢᠬᠦ ᠬᠡᠷᠡᠭᠲᠡᠶ᠃  ᠭᠤᠷᠪᠠ ᠳᠤ᠂

ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠪᠠᠷ

ᠳᠠᠮᠵᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠶᠢᠨ ᠲᠦᠪᠰᠢᠨ ᠢ ᠳᠡᠭᠡᠭᠰᠢᠯᠡᠭᠦᠯᠦᠨ᠎ᠡ᠃

ᠳᠥᠷᠪᠡ ᠳᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ

ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠢᠯᠠᠩᠭᠤᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠨᠠᠮ ᠤᠨ ᠤᠳᠤᠷᠢᠳᠬᠤ ᠳᠤᠭᠤᠶᠢᠯᠠᠩ ᠭᠤᠤᠯ ᠰᠡᠳᠦᠪᠲᠦ ᠬᠥᠮᠦᠵᠢᠯ ᠤᠨ ᠳᠤᠮᠳᠠ ᠲᠣᠯᠣᠭᠠᠶᠢᠯᠠᠬᠤ ᠦᠢᠯᠡᠳᠦᠯ ᠢᠶᠠᠨ

ᠰᠠᠶᠢᠲᠤᠷ ᠪᠠᠳᠠᠷᠠᠭᠤᠯᠵᠤ᠂ ᠡᠯ᠎ᠡ ᠱᠠᠲᠤ ᠦᠶ᠎ᠡ ᠶᠢᠨ ᠠᠵᠢᠯ ᠢᠶᠠᠨ ᠰᠠᠶᠢᠲᠤᠷ ᠥᠷᠨᠢᠭᠦᠯᠵᠦ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠶᠢ ᠴᠡᠪᠡᠷᠰᠢᠭᠦᠯᠵᠦ᠂

ᠢᠲᠡᠭᠡᠯ ᠪᠢᠰᠢᠷᠡᠯ ᠢ ᠨᠠᠩ ᠡᠷᠡᠰ ᠪᠠᠲᠤ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠷ

ᠴᠢᠷᠮᠠᠶᠢᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠨ᠎ᠠ᠃ ᠬᠤᠲᠠ ᠶᠢᠨ

ᠨᠠᠮ ᠤᠨ ᠬᠤᠷᠢᠶᠠᠨ ᠤ ᠭᠤᠤᠯ ᠠᠵᠢᠯ ᠤᠨ ᠲᠣᠭᠤᠷᠢᠨ ᠳᠤ ᠡᠯ᠎ᠡ ᠵᠦᠢᠯ ᠤᠨ ᠬᠢᠨᠠᠯᠲᠠ ᠲᠠᠯᠪᠢᠬᠤ ᠠᠵᠢᠯ ᠢ ᠰᠠᠶᠢᠲᠤᠷ

ᠠᠳᠬᠤᠵᠤ᠂ ᠠᠷᠠᠳ ᠣᠯᠠᠨ ᠤ ᠠᠰᠢᠭ ᠲᠤᠰᠠ ᠶᠢ ᠰᠡᠳᠬᠢᠯ ᠳᠡᠭᠡᠨ ᠪᠣᠳᠣᠵᠤ᠂ ᠠᠷᠠᠳ ᠣᠯᠠᠨ ᠤ ᠳᠤᠮᠳᠠᠬᠢ ᠬᠠᠯᠠᠮᠰᠢᠯ

ᠠᠰᠠᠭᠤᠳᠠᠯ ᠬᠦᠴᠢᠷ ᠠᠰᠠᠭᠤᠳᠠᠯ ᠢ ᠰᠠᠶᠢᠲᠤᠷ ᠪᠠᠶᠢᠴᠠᠭᠠᠨ ᠰᠤᠳᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ

ᠠᠬᠢᠭᠤᠯᠬᠤ ᠬᠡᠷᠡᠭᠲᠡᠶ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠴᠢᠨᠠᠷ ᠰᠠᠶᠢᠲᠠᠶ ᠬᠥᠭᠵᠢᠯᠲᠡ᠂

ᠠᠶᠤᠯ ᠲᠦᠭᠰᠢᠭᠦᠷᠢ ᠶᠢ ᠠᠷᠢᠯᠭᠠᠬᠤ ᠲᠠᠯ᠎ᠠ ᠪᠠᠷ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠣᠷᠣᠰᠢᠵᠤ ᠪᠠᠶᠢᠭ᠎ᠠ

ᠠᠰᠠᠭᠤᠳᠠᠯ᠂ ᠢᠯᠠᠩᠭᠤᠶ᠎ᠠ ᠨᠠᠮ ᠤᠨ ᠱᠤᠭᠤᠮ᠂ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠷᠢᠴᠡᠵᠦ᠂ ᠠᠷᠠᠳ ᠣᠯᠠᠨ ᠤ

ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠳᠤ ᠵᠦᠶ ᠵᠣᠬᠢᠰᠲᠠᠶ ᠰᠠᠨᠠᠭᠤᠯᠭ᠎ᠠ ᠳᠤᠷᠠᠳᠬᠤ ᠶᠢᠨ ᠬᠠᠮᠲᠤ ᠲᠡᠭᠦᠨ ᠤ

ᠴᠡᠭᠴᠡᠯᠡᠨ ᠰᠠᠶᠢᠵᠢᠷᠠᠭᠤᠯᠬᠤ ᠳᠤᠨᠢ ᠬᠢᠨᠠᠯᠲᠠ ᠲᠠᠯᠪᠢᠬᠤ ᠬᠡᠷᠡᠭᠲᠡᠶ᠃ ᠬᠠᠤᠯᠢ ᠴᠠᠭᠠᠵᠠ ᠶᠢ ᠬᠡᠷᠡᠭᠵᠢᠭᠦᠯᠬᠦ ᠲᠠᠯ᠎ᠠ ᠪᠠᠷ ᠬᠢ

ᠬᠢᠨᠠᠯᠲᠠ ᠶᠢ ᠴᠢᠩᠭᠠᠳᠬᠠᠵᠤ᠂ ᠤᠯᠤᠰ ᠤᠨ ᠡᠯ᠎ᠡ ᠵᠦᠢᠯ ᠤᠨ ᠬᠠᠤᠯᠢ ᠴᠠᠭᠠᠵᠠ ᠶᠢ ᠵᠥᠪ ᠣᠨᠣᠪᠴᠢᠲᠠᠶ ᠬᠡᠷᠡᠭᠵᠢᠭᠦᠯᠬᠦ ᠶᠢ

ᠪᠠᠲᠤᠯᠠᠵᠤ᠂ ᠡᠯ᠎ᠡ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠡᠭᠡᠯᠢ ᠭᠤᠳᠤᠮᠵᠢ ᠶᠢᠨ

ᠬᠥᠮᠦᠰ ᠤᠨ ᠶᠡᠭᠡ ᠬᠤᠷᠠᠯ ᠤᠨ ᠦᠢᠯᠡᠳᠦᠯ ᠢ ᠪᠠᠳᠠᠷᠠᠭᠤᠯᠵᠤ᠂ ᠲᠥᠯᠥᠭᠡᠯᠡᠭᠴᠢᠳ ᠤᠨ ᠠᠵᠢᠯᠯᠠᠭ᠎ᠠ ᠶᠢ ᠰᠠᠶᠢᠲᠤᠷ ᠵᠣᠬᠢᠶᠠᠨ

ᠪᠠᠶᠢᠭᠤᠯᠵᠤ᠂ ᠲᠥᠯᠥᠭᠡᠯᠡᠭᠴᠢᠳ ᠤᠨ ᠠᠷᠠᠳ ᠣᠯᠠᠨ ᠤ ᠳᠤᠮᠳᠠᠬᠢ ᠬᠤᠯᠪᠣᠭᠠᠰᠤ ᠬᠥᠭᠦᠷᠭᠡ ᠶᠢᠨ ᠦᠢᠯᠡᠳᠦᠯ ᠢ ᠰᠠᠶᠢᠲᠤᠷ

ᠪᠠᠳᠠᠷᠠᠭᠤᠯᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ᠄ ︽ᠳᠤᠮᠳᠠᠳᠤ ᠤᠯᠤᠰ ᠲᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠬᠡᠷᠡᠭᠵᠢᠭᠦᠯᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ

ᠬᠥᠮᠦᠨ ᠲᠥᠷᠥᠯᠬᠢᠲᠡᠨ ᠤ ᠤᠯᠤᠰ ᠲᠥᠷᠦ ᠶᠢᠨ ᠪᠠᠶᠢᠭᠤᠯᠤᠯ ᠤᠨ ᠠᠭᠤᠤ ᠶᠡᠭᠡ ᠡᠭᠦᠳᠦᠯᠲᠡ ᠮᠥᠨ᠂ ᠣᠷᠴᠢᠨ ᠦᠶ᠎ᠡ ᠠᠴᠠ

ᠨᠠᠭᠠᠰᠢᠬᠢ ᠳᠤᠮᠳᠠᠳᠤ ᠤᠯᠤᠰ ᠤᠨ ᠤᠯᠤᠰ ᠲᠥᠷᠦ ᠶᠢᠨ ᠠᠮᠢᠳᠤᠷᠠᠯ ᠤᠨ ᠬᠠᠷᠠᠰᠠᠯᠲᠤ ᠰᠤᠷᠭᠠᠮᠵᠢ ᠶᠢ ᠭᠦᠨᠵᠡᠭᠡᠶ ᠳ᠋ᠦᠩᠨᠡᠭᠡᠳ

ᠣᠯᠤᠭᠰᠠᠨ ᠦᠨᠳᠦᠰᠦᠨ ᠳ᠋ᠦᠩᠨᠡᠯᠲᠡ ᠮᠥᠨ᠂ ᠳᠤᠮᠳᠠᠳᠤ ᠤᠯᠤᠰ ᠤᠨ ᠨᠡᠶᠢᠭᠡᠮ ᠤᠨ 100 ᠭᠠᠷᠤᠶ ᠵᠢᠯ ᠤᠨ ᠢᠷᠮᠡᠭᠦᠨ

ᠬᠤᠪᠢᠰᠤᠯᠲᠠ ᠮᠥᠨ᠂ ᠬᠥᠭᠵᠢᠯᠲᠡ ᠶᠢᠨ ᠲᠡᠤᠬᠡᠨ ᠦᠷ᠎ᠡ ᠳ᠋ᠦᠩ ᠮᠥᠨ᠂ ᠳᠤᠮᠳᠠᠳᠤ ᠤᠯᠤᠰ ᠠᠴᠠ ᠠᠷᠠᠳ ᠲᠦᠮᠡᠨ ᠡᠵᠡᠨ

ᠪᠣᠯᠵᠤ᠂ ᠥᠪᠡᠷ ᠤᠨ ᠬᠤᠪᠢ ᠵᠠᠶᠠᠭ᠎ᠠ ᠪᠠᠨ ᠡᠵᠡᠮᠰᠢᠬᠦ ᠶᠢᠨ ᠵᠠᠶᠢᠯᠠᠰᠢ ᠦᠭᠡᠢ ᠰᠣᠩᠭᠤᠯᠲᠠ ᠮᠥᠨ᠃︾ ᠪᠢ ︽ᠲᠤᠯᠭᠤᠷ

ᠵᠣᠷᠢᠯᠲᠠ ᠪᠠᠨ ᠮᠠᠷᠲᠠᠯ ᠥᠬᠡᠶ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ

ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠡᠯ᠎ᠡ ᠵᠦᠢᠯ ᠤᠨ ᠲᠣᠭᠲᠠᠭᠠᠭᠰᠠᠨ ᠬᠥᠳᠡᠯᠭᠡᠭᠡᠨ ᠢ

ᠰᠠᠶᠢᠲᠤᠷ ᠪᠡᠶᠡᠯᠡᠭᠦᠯᠵᠦ᠂ ᠦᠵᠡᠯ ᠰᠠᠨᠠᠭ᠎ᠠ ᠲᠠᠨᠢᠯᠲᠠ ᠪᠠ ᠤᠨᠤᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠪᠠᠶᠢᠴᠠᠭᠠᠨ

ᠰᠤᠳᠤᠯᠤᠯᠲᠠ ᠶᠢ ᠴᠢᠩᠭᠠᠳᠬᠠᠬᠤ᠂ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠵᠤ

ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ

ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ

ᠬᠡᠷᠡᠭᠲᠡᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号