ᠬᠦᠰᠡᠯᠡᠩ ᠢᠲᠡᠭᠡᠯ ᠪᠢᠰᠢᠷᠡᠯ ᠤᠨ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠶ
ᠨᠡᠶᠢᠲᠡᠯᠡᠭᠰᠡᠨ ᠴᠠᠭ᠄
2019-10-28
ᠬᠦᠰᠡᠯᠡᠩ ᠢᠲᠡᠭᠡᠯ ᠪᠢᠰᠢᠷᠡᠯ ᠤᠨ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠶ          ᠬᠤᠤᠯᠢᠩᠭᠤᠤᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ          ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ        ᠯᠢᠦᠶ ᠼᠠᠢ

   ᠬᠦᠰᠡᠯᠡᠩ ᠪᠠ ᠢᠲᠡᠭᠡᠯ ᠵᠣᠷᠢᠭ ᠪᠣᠯ ᠳᠤᠮᠳᠠᠳᠤ ᠤᠯᠤᠰ ᠤᠨ ᠡᠪ ᠬᠠᠮᠲᠤ ᠶᠢᠨ ᠤᠯᠤᠰ ᠲᠥᠷᠥ ᠶᠢᠨ ᠰᠦᠭ ᠰᠦᠨᠡᠰᠦ

ᠮᠥᠨ᠃ ᠳᠤᠮᠳᠠᠳᠤ ᠤᠯᠤᠰ ᠤᠨ ᠡᠪ ᠬᠠᠮᠲᠤ ᠶᠢᠨ ᠬᠦᠰᠡᠯᠡᠩ ᠪᠣᠯ ᠡᠪ ᠬᠠᠮᠲᠤ ᠶᠣᠰᠣᠨ ᠤ ᠪᠠ ᠳᠤᠮᠳᠠᠳᠤ ᠤᠯᠤᠰ ᠤᠨ

ᠣᠨᠴᠠᠯᠢᠭ ᠪᠦᠬᠦᠢ ᠨᠡᠶᠢᠭᠡᠮ ᠵᠢᠷᠤᠮ ᠤᠨ ᠬᠦᠰᠡᠯᠡᠩ ᠮᠥᠨ᠃ ᠳᠤᠮᠳᠠᠳᠤ ᠤᠯᠤᠰ ᠤᠨ ᠡᠪ ᠬᠠᠮᠲᠤ ᠶᠢᠨ ᠢᠲᠡᠭᠡᠯ

ᠵᠣᠷᠢᠭ ᠲᠤ ᠮᠠᠷᠺᠰ ᠤᠨ ᠦᠵᠡᠯ ᠤᠨ ᠲᠤᠬᠠᠶ ᠢᠲᠡᠭᠡᠯ ᠪᠢᠰᠢᠷᠡᠯ᠂ ᠨᠡᠶᠢᠭᠡᠮ ᠵᠢᠷᠤᠮ ᠪᠠ ᠡᠪ ᠬᠠᠮᠲᠤ ᠶᠣᠰᠣᠨ ᠤ ᠲᠤᠬᠠᠶ

ᠢᠲᠡᠭᠡᠯ ᠵᠣᠷᠢᠭ ᠪᠠᠭᠲᠠᠨ᠎ᠠ᠂ ᠡᠨᠡ ᠪᠣᠯ ᠡᠪ ᠬᠠᠮᠲᠤ ᠶᠢᠨ ᠶᠢᠷᠲᠢᠨᠴᠦ ᠶᠢᠨ ᠦᠵᠡᠯᠲᠡ᠂ ᠥᠷᠲᠡᠭ ᠤᠨ ᠦᠵᠡᠯᠲᠡ ᠶᠢᠨ ︽

ᠶᠡᠷᠦᠩᠬᠡᠶ ᠨᠡᠭᠡᠭᠡᠯᠭᠡ︾ ᠮᠥᠨ᠃ ᠡᠷᠡᠰ ᠪᠠᠲᠤ ᠬᠦᠰᠡᠯᠡᠩ ᠪᠠ ᠢᠲᠡᠭᠡᠯ ᠵᠣᠷᠢᠭ ᠪᠣᠯ ᠮᠥᠩᠬᠡ ᠶᠢᠨ ᠰᠡᠳᠦᠪ ᠮᠥᠨ᠂ ᠡᠨᠡ

ᠬᠦ ᠴᠢᠬᠤᠯᠠ ᠶᠡᠭᠡ ᠰᠡᠳᠦᠪ ᠨᠢ ᠣᠨᠣᠯ ᠤᠨ ᠦᠢᠯᠡ ᠠᠵᠢᠯᠯᠠᠭ᠎ᠠ ᠪᠣᠯᠲᠠᠯ᠎ᠠ ᠦᠷᠭᠦᠯᠵᠢᠯᠡᠬᠦ ᠳᠤ ᠬᠦᠰᠡᠯᠡᠩ ᠪᠠ ᠢᠲᠡᠭᠡᠯ

ᠵᠣᠷᠢᠭ ᠤᠨ ᠲᠣᠭᠲᠠᠪᠤᠷᠢᠲᠤ ᠴᠢᠨᠠᠷ ᠢ ᠴᠢᠩᠭᠠᠳᠬᠠᠬᠤ ᠴᠢᠬᠤᠯᠠᠲᠠᠶ ᠶᠤᠮ᠃ ᠲᠡᠭᠡᠪᠡᠯ᠂ ᠡᠨᠡ ᠬᠦ ᠰᠡᠳᠦᠪ ᠢ ᠬᠡᠷᠬᠢᠨ

ᠰᠠᠶᠢᠲᠤᠷ ᠵᠠᠰᠠᠬᠤ ᠪᠣᠶ ᠭᠡᠪᠡᠯ᠂ ᠲᠠᠰᠤᠷᠠᠯᠲᠠ ᠥᠬᠡᠶ ᠥᠪᠡᠷ ᠢ ᠪᠠᠨ ᠴᠡᠪᠡᠷᠰᠢᠭᠦᠯᠬᠦ ᠪᠠ ᠰᠢᠨᠡᠴᠢᠯᠡᠵᠦ᠂ ᠰᠡᠳᠬᠢᠯ

ᠵᠢᠷᠦᠬᠡᠨ ᠳᠡᠭᠡᠨ ᠬᠦᠰᠡᠯᠡᠩ ᠤᠨ ᠳ᠋ᠧᠩ ᠢᠶᠠᠨ ᠭᠡᠷᠡᠯᠲᠦᠭᠦᠯᠬᠦ᠂ ᠶᠣᠰᠣ ᠳᠦᠷᠢᠮ ᠤᠨ ᠴᠡᠭᠡᠷ ᠱᠤᠭᠤᠮ ᠢ ᠴᠢᠩᠭ᠎ᠠ ᠠᠳᠬᠤᠵᠤ᠂

ᠬᠠᠷᠢᠭᠤᠴᠠᠯᠭ᠎ᠠ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ︽ᠳᠥᠷᠪᠡᠨ ᠠᠮᠤᠢ︾ ᠳᠤ

ᠲᠤᠪᠤᠶᠢᠵᠦ᠂ ᠲᠡᠭᠡᠳᠦ ᠳᠣᠣᠷᠠᠳᠤ ᠱᠠᠲᠤᠨ ᠤ ᠵᠢᠩᠬᠢᠨᠢ ᠡᠷᠳᠡᠮ᠂ ᠬᠠᠲᠠᠭᠤ ᠡᠷᠳᠡᠮ ᠢ ᠳᠣᠪᠤᠶᠢᠯᠭᠠᠬᠤ ᠬᠡᠷᠡᠭᠲᠡᠶ᠃  

   ᠨᠢᠭᠡ ᠳᠤ ᠬᠦᠰᠡᠯᠡᠩ ᠪᠠ ᠢᠲᠡᠭᠡᠯ ᠵᠣᠷᠢᠭ ᠤᠨ ᠭᠤᠤᠯᠳᠠᠯᠭ᠎ᠠ ᠨᠢ ᠶᠢᠷᠲᠢᠨᠴᠦ ᠶᠢᠨ ᠦᠵᠡᠯᠲᠡ ᠢ ᠥᠭᠡᠷᠡᠴᠢᠯᠡᠬᠦ ᠳᠤ

ᠪᠠᠶᠢᠨ᠎ᠠ᠃ ᠮᠠᠷᠺᠰ ᠤᠨ ᠦᠵᠡᠯ ᠤᠨ ᠭᠦᠨ ᠤᠬᠠᠭᠠᠨ᠂ ᠤᠯᠤᠰ ᠲᠥᠷᠦ ᠶᠢᠨ ᠠᠵᠤ ᠠᠬᠤᠢ ᠶᠢᠨ ᠤᠬᠠᠭᠠᠨ᠂ ᠰᠢᠨᠵᠢᠯᠡᠬᠦ

ᠤᠬᠠᠭᠠᠨ ᠤ ᠨᠡᠶᠢᠭᠡᠮ ᠵᠢᠷᠤᠮ ᠢ ᠰᠤᠷᠤᠯᠴᠠᠵᠤ᠂ ᠬᠤᠪᠢᠰᠤᠩᠭᠤᠶ ᠪᠣᠳᠠᠰᠴᠢ ᠦᠵᠡᠯ ᠪᠣᠯᠤᠨ ᠡᠰᠢ ᠶᠢᠨ ᠦᠵᠡᠯᠲᠡ ᠪᠠ

ᠠᠷᠭ᠎ᠠ ᠪᠠᠷ ᠠᠰᠠᠭᠤᠳᠠᠯ ᠢ ᠵᠠᠳᠠᠯᠵᠤ᠂ ᠵᠥᠷᠢᠴᠡᠯ ᠢ ᠰᠢᠢᠳᠪᠦᠷᠢᠯᠡᠬᠦ ᠶᠢ ᠰᠤᠷᠬᠤ ᠬᠡᠷᠡᠭᠲᠡᠶ᠃ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ

ᠨᠡᠪᠲᠡᠷᠡᠲᠡᠯ᠎ᠡ ᠣᠶᠢᠯᠠᠭᠠᠵᠤ᠂ ᠰᠢᠨᠵᠢᠯᠡᠬᠦ ᠤᠬᠠᠭᠠᠨᠴᠢ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠵᠡᠯ

ᠰᠠᠨᠠᠭᠠᠨ ᠤ ᠥᠭᠡᠷᠡᠴᠢᠯᠡᠯᠲᠡ ᠶᠢ ᠨᠠᠷᠢᠨ ᠬᠢᠨᠠᠮᠠᠭᠠᠶ ᠬᠢᠵᠦ᠂ ᠦᠷᠭᠦᠯᠵᠢ ᠥᠪᠡᠷ ᠢ ᠪᠠᠨ ᠥᠭᠡᠷᠡᠴᠢᠯᠡᠵᠦ᠂

ᠣᠶᠢᠯᠠᠭᠠᠭᠳᠠᠬᠤᠨ ᠤ ᠵᠥᠪ ᠣᠨᠣᠪᠴᠢᠲᠠᠶ ᠪᠠᠶᠢᠬᠤ ᠶᠢ ᠢᠯᠭᠠᠬᠤ ᠳᠤ ᠴᠢᠳᠠᠮᠠᠭᠠᠶ ᠪᠠᠶᠢᠵᠤ᠂ ᠲᠣᠰ ᠪᠡᠶ᠎ᠡ ᠶᠢᠨ ᠦᠭᠡ ᠶᠠᠷᠢᠶ᠎ᠠ

ᠦᠢᠯᠡ ᠠᠵᠢᠯᠯᠠᠭ᠎ᠠ ᠪᠠᠨ ᠰᠠᠶᠢᠲᠤᠷ ᠡᠵᠡᠮᠳᠡᠬᠦ ᠬᠡᠷᠡᠭᠲᠡᠶ᠃

  ᠬᠤᠶᠠᠷ ᠲᠤ ᠬᠦᠰᠡᠯᠡᠩ ᠢᠲᠡᠭᠡᠯ ᠵᠣᠷᠢᠭ ᠤᠨ ᠲᠠᠯ᠎ᠠ ᠪᠠᠷ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ

ᠲᠥᠪ ᠴᠢᠩᠭ᠎ᠠ ᠪᠣᠯᠭᠠᠪᠠ᠃ ᠨᠠᠮ ᠤᠨ ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠪᠣᠯ ᠨᠠᠮ ᠤᠨ ᠭᠡᠰᠢᠭᠦᠨ ᠤ

ᠨᠠᠮᠴᠢ ᠴᠢᠨᠠᠷ ᠢ ᠬᠠᠶᠢᠯᠤᠭᠤᠯᠬᠤ ᠭᠤᠤᠯ ᠲᠠᠪᠴᠠᠩ ᠮᠥᠨ᠃ ᠰᠢᠨ᠎ᠡ ᠪᠠᠶᠢᠳᠠᠯ ᠤᠨ ᠳᠣᠤᠷ᠎ᠠ ᠪᠠᠲᠤ ᠪᠠᠬᠢ ᠬᠦᠰᠡᠯᠡᠩ ᠪᠠ

ᠢᠲᠡᠭᠡᠯ ᠵᠣᠷᠢᠭ ᠢ ᠪᠤᠢ ᠪᠣᠯᠭᠠᠬᠤ ᠳᠤ ᠲᠤᠰ ᠪᠡᠶ᠎ᠡ ᠶᠢᠨ ᠪᠠᠶᠢᠭᠤᠯᠤᠯᠲᠠ ᠠᠴᠠ ᠠᠪᠴᠤ ᠦᠵᠡᠭᠰᠡᠨ ᠴᠦ ᠲᠡᠷᠡ᠂

ᠳᠡᠯᠡᠬᠡᠶ ᠶᠢᠨ ᠪᠠᠶᠢᠷᠢᠰᠢᠯ ᠤᠨ ᠬᠤᠪᠢᠷᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠳᠡᠯᠡᠬᠡᠶ ᠶᠢᠨ ᠲᠥᠷᠦ ᠶᠢᠨ

ᠨᠠᠮ ᠤᠨ ᠨᠥᠯᠥᠭᠡ ᠠᠴᠠ ᠠᠪᠴᠤ ᠦᠵᠡᠭᠰᠡᠨ ᠴᠦ ᠲᠡᠷᠡ᠂ ᠴᠥᠮ ᠨᠠᠮ ᠤᠨ ᠳᠣᠲᠣᠭᠠᠳᠤ ᠶᠢᠨ ᠤᠯᠤᠰ ᠲᠥᠷᠦ ᠶᠢᠨ

ᠠᠮᠢᠳᠤᠷᠠᠯ ᠢ ᠲᠥᠪ ᠴᠢᠩᠭ᠎ᠠ ᠪᠣᠯᠭᠠᠬᠤ ᠶᠢ ᠱᠠᠭᠠᠷᠳᠠᠳᠠᠭ᠃ ᠭᠠᠭᠴᠠ ᠬᠦ ᠶᠡᠭᠡ ᠲᠠᠯ᠎ᠠ ᠶᠡᠭᠡ ᠬᠠᠨᠳᠤᠰᠢ ᠶᠢᠨ ᠲᠠᠯ᠎ᠠ ᠠᠴᠠ᠂

ᠨᠠᠮ ᠤᠨ ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠢ ᠴᠢᠩᠳᠠᠯᠠᠬᠤ ᠦᠨᠳᠦᠷᠴᠡ ᠠᠴᠠ ᠡᠷᠴᠢ ᠵᠣᠷᠢᠭ ᠢᠶᠠᠨ

ᠳᠠᠪᠲᠠᠨ ᠪᠣᠯᠪᠠᠰᠤᠷᠠᠭᠤᠯᠵᠤ᠂ ᠦᠵᠡᠯᠲᠡ ᠪᠠᠨ ᠳᠡᠭᠡᠭᠰᠢᠯᠡᠭᠦᠯᠪᠡᠯ᠂ ᠢᠩᠭᠢᠵᠦ ᠪᠣᠶ ᠪᠣᠯᠭᠠᠭᠰᠠᠨ ᠬᠦᠰᠡᠯᠡᠩ ᠢᠲᠡᠭᠡᠯ

ᠪᠢᠰᠢᠷᠡᠯ ᠰᠠᠶ᠋ᠢ ᠡᠪᠳᠡᠷᠡᠰᠢ ᠦᠭᠡᠢ ᠪᠠᠲᠤ ᠪᠠᠬᠢ ᠶᠤᠮ᠃

   ᠭᠤᠷᠪᠠ ᠳᠤ᠂ ᠬᠦᠰᠡᠯᠡᠩ ᠢᠲᠡᠭᠡᠯ ᠪᠢᠰᠢᠷᠡᠯ ᠤᠨ ᠠᠬᠤᠶ ᠪᠠᠶᠢᠳᠠᠯ ᠨᠢ ᠦᠵᠡᠯ ᠰᠠᠨᠠᠭᠠᠨ ᠳᠡᠭᠡᠷᠡᠬᠢ ᠭᠦᠨᠵᠡᠭᠡᠶ

ᠲᠠᠨᠢᠯᠲᠠ ᠳᠤ ᠪᠠᠶᠢᠨ᠎ᠠ᠃ ᠬᠦᠰᠡᠯᠡᠩ ᠪᠠ ᠢᠲᠡᠭᠡᠯ ᠵᠣᠷᠢᠭ ᠪᠣᠯ ᠣᠶᠤᠨ ᠰᠠᠨᠠᠭᠠᠨ ᠤ ᠭᠦᠨ ᠳᠠᠬᠢ ᠣᠷᠭᠢᠯᠤᠨ ᠪᠠᠳᠠᠷᠠᠵᠤ

ᠪᠠᠲᠤ ᠰᠠᠬᠢᠬᠤ ᠶᠠᠪᠤᠳᠠᠯ  ᠪᠠᠶᠢᠬᠤ ᠶᠣᠰᠣᠲᠠᠶ᠂ ᠬᠠᠷᠠᠯᠲᠠ ᠶᠢᠨ ᠬᠥᠭᠡᠭᠡᠴᠡᠯᠳᠦᠯ ᠨᠢ ᠲᠣᠭᠲᠠᠪᠤᠷᠢ ᠦᠭᠡᠢ ᠪᠤᠶᠤ ᠳᠤᠲᠠᠭᠤ

ᠲᠣᠷᠭᠤᠨ ᠬᠠᠶᠠᠬᠤ ᠦᠭᠡᠢ ᠪᠠᠶᠢᠵᠤ ᠪᠣᠯᠬᠤ ᠦᠭᠡᠢ᠂ ᠬᠠᠷᠢᠨ ᠡᠷᠡᠰ ᠪᠠᠲᠤ ᠬᠠᠳᠠᠨ ᠪᠠᠲᠤ ᠵᠣᠷᠢᠭ ᠰᠠᠨᠠᠭ᠎ᠠ ᠪᠠᠷ ᠠᠵᠢᠯ

ᠦᠢᠯᠡᠰ᠂ ᠬᠥᠮᠦᠨ ᠤ ᠠᠮᠢᠳᠤᠷᠠᠯ ᠤᠨ ᠰᠠᠶᠢᠨ ᠰᠠᠶᠢᠬᠠᠨ ᠬᠥᠭᠡᠭᠡᠴᠡᠯᠳᠦᠯ ᠢ ᠡᠷᠡᠰ ᠰᠢᠭᠤᠷᠬᠠᠶ ᠪᠠᠷ ᠪᠡᠶᠡᠯᠡᠭᠦᠯᠬᠦ ᠬᠡᠷᠡᠭᠲᠡᠶ᠃

ᠬᠦᠰᠡᠯᠡᠩ ᠪᠠ ᠢᠲᠡᠭᠡᠯ ᠵᠣᠷᠢᠭ ᠤᠨ ᠬᠥᠭᠡᠭᠡᠴᠡᠯᠳᠦᠯ ᠡᠶᠢᠮᠦᠷᠬᠦᠤ ᠠᠬᠤᠶ ᠪᠠᠶᠢᠳᠠᠯ ᠳᠤ ᠣᠷᠣᠪᠠᠯ ᠳᠠᠷᠤᠶ ᠬᠦᠴᠦᠷᠬᠡᠭ ᠶᠡᠭᠡ

ᠬᠥᠳᠡᠯᠭᠡᠬᠦ ᠬᠦᠴᠦᠨ ᠢ ᠪᠦᠷᠢᠯᠳᠦᠭᠦᠯᠳᠡᠭ᠃

   ᠳᠥᠷᠪᠡ ᠳᠤ ᠬᠦᠰᠡᠯᠡᠩ ᠢᠲᠡᠭᠡᠯ ᠵᠣᠷᠢᠭ ᠤᠨ ᠬᠥᠳᠡᠯᠭᠡᠭᠴᠢ ᠡᠨᠧᠷᠭᠢ ᠨᠢ ᠦᠢᠯᠡ ᠠᠵᠢᠯᠯᠠᠭ᠎ᠠ ᠳᠡᠭᠡᠷᠡᠬᠢ ᠤᠬᠠᠮᠰᠠᠷᠲᠤ

ᠴᠢᠨᠠᠷ ᠲᠤ ᠪᠠᠶᠢᠳᠠᠭ᠃ ᠰᠤᠷᠤᠯᠴᠠᠯᠭ᠎ᠠ ᠶᠢ ᠡᠷᠡᠰ ᠪᠠᠷᠢᠮᠲᠠᠯᠠᠵᠤ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ

ᠨᠡᠮᠡᠭᠳᠡᠭᠦᠯᠵᠦ᠂ ᠠᠵᠢᠯ ᠦᠢᠯᠡᠰ ᠤᠨ ᠬᠥᠭᠵᠢᠯᠲᠡ ᠳᠠᠪᠰᠢᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ᠃ ᠤᠯᠤᠰ

ᠲᠥᠷᠥ ᠶᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠪᠦᠬᠦ ᠲᠠᠯ᠎ᠠ ᠶᠢ ᠬᠠᠷᠠᠭᠠᠯᠵᠠᠬᠤ ᠶᠢ ᠪᠠᠷᠢᠮᠲᠠᠯᠠᠵᠤ᠂ ᠤᠯᠤᠰ

ᠲᠥᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠪᠠ ᠦᠵᠡᠯ ᠰᠠᠨᠠᠭ᠎ᠠ ᠶᠣᠰᠣ ᠮᠣᠷᠠᠯ ᠢ ᠢᠮᠠᠭᠲᠠ ᠠᠷᠢᠭᠤᠨ ᠴᠡᠪᠡᠷ ᠪᠠᠶᠢᠯᠭᠠᠵᠤ

᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠬᠡᠷᠡᠭᠲᠡᠶ᠃ ᠨᠠᠮ ᠤᠨ

ᠭᠡᠰᠢᠭᠦᠨ ᠤ ᠬᠤᠰᠢᠭᠤᠴᠢ ᠴᠡᠷᠢᠭ ᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢ ᠡᠭᠡᠯ ᠵᠢᠷ ᠤᠨ ᠠᠵᠢᠯ ᠳᠤ

ᠠᠭᠤᠰᠬᠠᠨ ᠣᠷᠣᠭᠤᠯᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠪᠠᠷ ᠡᠬᠢᠯᠡᠯᠲᠡ ᠪᠠ ᠲᠡᠭᠦᠰᠬᠡᠯ

ᠪᠣᠯᠭᠠᠵᠤ᠂ ᠤᠬᠠᠮᠰᠠᠷ ᠠᠴᠠ ᠪᠠᠨ ᠣᠯᠠᠨ ᠲᠦᠮᠡᠨ ᠤ ᠡᠮᠦᠨ᠎ᠡ ᠶᠠᠪᠤᠵᠤ᠂ ᠨᠠᠮ ᠪᠠ ᠠᠷᠠᠳ ᠲᠦᠮᠡᠨ ᠳᠤ ᠠᠰᠢᠭᠲᠠᠢ ᠬᠡᠷᠡᠭ

ᠶᠠᠪᠤᠳᠠᠯ ᠢ ᠢᠳᠡᠪᠬᠢᠲᠡᠶ ᠪᠠᠷ ᠲᠦᠷᠦᠭᠦᠯᠡᠨ ᠬᠢᠬᠦ ᠶᠢᠨ ᠬᠠᠮᠲᠤ ᠴᠢᠷᠮᠠᠶᠢᠨ ᠰᠠᠶᠢᠲᠤᠷ ᠬᠢᠬᠦ ᠬᠡᠷᠡᠭᠲᠡᠶ᠃

     ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ  ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ

ᠭᠡᠷ

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号