ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ | ᠴᠠᠭ ᠦᠶ᠎ᠡ ᠶᠢᠨ ᠱᠠᠭᠠᠷᠳᠠᠯᠭ᠎ᠠ ᠶᠢ ᠬᠦᠨᠵᠡᠬᠡᠢ ᠤᠬᠠᠬᠤ ᠬᠡᠷᠡᠭᠲᠡᠶ | | | | | ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ ᠤ | ᠳᠡᠳ᠋ ᠬᠤᠳᠠ ᠶᠢᠨ ᠳᠠᠷᠤᠭ᠎ᠠ ᠵᠠᠩ ᠴᠢᠨ ᠾᠦᠢ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ᠂ ᠮᠠᠨ ᠤ ᠨᠠᠮ ᠪᠦᠬᠦ | ᠤᠯᠤᠰ ᠤᠨ ᠲᠥᠷᠥ ᠪᠠᠷᠢᠭᠰᠠᠨ 70 ᠵᠢᠯ ᠤᠨ ᠴᠢᠬᠤᠯᠠ ᠴᠠᠭ ᠮᠥᠴᠡ ᠳᠤ᠂ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠵᠦ᠂ ᠶᠡᠷᠦᠩᠬᠡᠶ ᠱᠦᠵᠢ | ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠲᠡᠤᠬᠡ ᠶᠢᠨ ᠴᠢᠩᠭ᠎ᠠ ᠡᠭᠦᠷᠭᠡᠯᠡᠯ ᠪᠣᠯᠤᠨ ᠨᠠᠮ ᠨᠢ ᠨᠠᠮ ᠢᠶᠠᠨ ᠬᠠᠮᠢᠶᠠᠷᠬᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠡᠷᠡᠰ ᠪᠠᠲᠤ ᠵᠣᠷᠢᠭ ᠢ ᠬᠦᠢᠴᠡᠳ ᠢᠯᠡᠷᠡᠭᠦᠯᠪᠡ᠃ ᠨᠠᠷᠢᠨ | ᠬᠢᠨᠠᠮᠠᠭᠠᠶ ᠰᠤᠳᠤᠯᠤᠨ ᠤᠩᠰᠢᠬᠤ ᠪᠠᠷ ᠳᠠᠮᠵᠢᠨ ᠭᠦᠨ ᠲᠥᠷᠥᠭᠳᠡᠯ ᠲᠠᠢ ᠪᠣᠯᠵᠤ᠂ ᠣᠳᠣ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠡᠳᠦᠨ ᠣᠢᠯᠠᠭᠠᠯᠲᠠ ᠪᠠᠨ ᠶᠠᠷᠢᠶ᠎ᠠ᠃ | ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ ᠤᠶᠢᠯᠭᠠᠨ᠎ᠠ᠃ | ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ | ᠶᠠᠷᠢᠶ᠎ᠠ ᠨᠢ ᠤᠳᠬ᠎ᠠ ᠰᠠᠨᠠᠭ᠎ᠠ ᠭᠦᠨ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠮᠠᠨ ᠤ ᠨᠠᠮ ᠤᠨ ᠲᠥᠷᠥ ᠪᠠᠷᠢᠬᠤ | ᠴᠢᠳᠠᠪᠤᠷᠢ ᠪᠣᠯᠤᠨ ᠤᠳᠤᠷᠢᠳᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠢᠲᠡᠭᠡᠯ ᠵᠣᠷᠢᠭ ᠢ ᠢᠯᠡᠷᠡᠭᠦᠯᠵᠦ᠂ | ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠢᠳᠡᠨ ᠤ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ | ᠰᠠᠶᠢᠲᠤᠷ ᠥᠷᠨᠢᠭᠦᠯᠬᠦ ᠳᠤ ᠦᠨᠳᠦᠰᠦᠨ ᠵᠢᠷᠤᠮᠯᠠᠯ ᠪᠠ ᠪᠠᠷᠢᠮᠲᠠᠯᠠᠯ ᠬᠠᠩᠭᠠᠵᠠᠶ᠃ ᠪᠢ ᠡᠨᠡ ᠤᠳᠠᠭ᠎ᠠ ᠶᠢᠨ ᠭᠤᠤᠯ | ᠰᠡᠳᠦᠪᠲᠦ ᠬᠥᠮᠦᠵᠢᠯ ᠢ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ | ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠤᠨ ᠠᠷᠠᠳ ᠤᠨ | ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠨ᠎ᠠ᠃ ᠦᠢᠯᠡᠴᠢᠯᠡᠬᠦ ᠵᠣᠷᠢᠯᠲᠠ ᠶᠢᠨ ᠦᠵᠡᠯ ᠤᠬᠠᠮᠰᠠᠷ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠲᠡᠷᠢᠭᠦᠨ ᠤ ᠴᠢᠨᠠᠷ ᠪᠠ ᠣᠯᠠᠨ ᠲᠦᠮᠡᠨᠴᠢ ᠴᠢᠨᠠᠷ ᠢ ᠪᠠᠷᠢᠮᠲᠠᠯᠠᠨ ᠴᠢᠩᠭᠠᠳᠬᠠᠬᠤ ᠪᠠᠷ | ᠦᠨᠳᠦᠰᠦᠨ ᠬᠡᠮᠵᠢᠭᠦᠷ ᠪᠣᠯᠭᠠᠵᠤ᠂ ᠣᠯᠠᠨ ᠲᠦᠮᠡᠨ ᠲᠠᠢ ᠬᠠᠷᠢᠯᠴᠠᠬᠤ ᠪᠠ ᠦᠢᠯᠡᠴᠢᠯᠡᠬᠦ ᠶᠠᠪᠤᠳᠠᠯ ᠢ ᠡᠳᠦᠷ ᠲᠤᠲᠤᠮ ᠤᠨ | ᠠᠵᠢᠯ ᠢᠶᠠᠨ ᠪᠣᠯᠭᠠᠵᠤ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ | ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠤᠨ ᠤᠷᠲᠤ ᠬᠤᠭᠤᠴᠠᠭ᠎ᠠ ᠪᠠᠷ ᠲᠥᠷᠥ | ᠪᠠᠷᠢᠬᠤ ᠠᠩᠭᠢ ᠶᠢᠨ ᠰᠠᠭᠤᠷᠢ ᠪᠣᠯᠤᠨ ᠣᠯᠠᠨ ᠲᠦᠮᠡᠨ ᠤ ᠰᠠᠭᠤᠷᠢ ᠶᠢ ᠲᠠᠰᠤᠷᠠᠯᠲᠠ ᠦᠭᠡᠢ ᠪᠠᠲᠤ ᠪᠠᠬᠢ ᠲᠠᠯᠪᠢᠬᠤ | ᠬᠡᠷᠡᠭᠲᠡᠶ᠃ | ᠭᠤᠤᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠪᠡ᠃ ᠣᠨᠣᠯ ᠤᠨ ᠲᠠᠯ᠎ᠠ ᠪᠠᠷ | ᠰᠢᠨ᠎ᠡ ᠶᠢ ᠡᠭᠦᠳᠬᠦ ᠶᠠᠪᠤᠳᠠᠯ ᠨᠢᠭᠡ ᠠᠯᠬᠤᠮ ᠤᠷᠤᠭᠰᠢᠯᠠᠬᠤ ᠪᠦᠷᠢ ᠣᠨᠣᠯ ᠢᠶᠠᠷ ᠵᠡᠪᠰᠡᠭᠯᠡᠬᠦ ᠶᠠᠪᠤᠳᠠᠯ ᠳᠠᠷᠤᠶ ᠨᠢᠭᠡ | ᠠᠯᠬᠤᠮ ᠤᠷᠤᠭᠰᠢᠯᠠᠬᠤ ᠪᠣᠯᠤᠨ᠎ᠠ᠃ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ | ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠡᠨᠡᠬᠦ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ | ᠲᠡᠭᠦᠨ ᠤ ᠳᠣᠲᠣᠭᠠᠳᠤ ᠯᠤᠭᠢᠭ ᠬᠠᠷᠢᠴᠠᠭ᠎ᠠ ᠶᠢ ᠪᠦᠬᠦ ᠲᠠᠯ᠎ᠠ ᠪᠠᠷ ᠡᠵᠡᠮᠳᠡᠬᠦ ᠨᠢ ᠭᠤᠤᠯ ᠰᠡᠳᠦᠪᠲᠦ ᠬᠥᠮᠦᠵᠢᠯ ᠤᠨ | ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠰᠢᠨ᠎ᠡ ᠴᠠᠭ ᠦᠶ᠎ᠡ ᠶᠢᠨ ᠨᠠᠮ ᠤᠨ | ᠲᠡᠤᠬᠡᠳᠦ ᠡᠭᠦᠷᠭᠡ ᠶᠢ ᠪᠡᠶᠡᠯᠡᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠵᠤ᠂ ᠠᠭᠤᠤ | ᠶᠡᠭᠡ ᠲᠡᠮᠡᠴᠡᠯ ᠬᠢᠵᠦ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠵᠦ᠂ ᠠᠭᠤᠤ ᠶᠡᠭᠡ ᠦᠢᠯᠡᠰ ᠢ ᠠᠬᠢᠭᠤᠯᠵᠤ᠂ | ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠳᠤ ᠡᠷᠬᠡᠪᠰᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠶ᠃ ᠤᠳᠤᠷᠢᠳᠬᠤ ᠺᠠᠳ᠋ᠷ | ᠪᠣᠯᠤᠭᠰᠠᠨ ᠤ ᠬᠤᠪᠢ ᠳᠤ᠂ ᠨᠠᠩ ᠴᠤ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠪᠠᠲᠤ ᠪᠣᠶ ᠪᠣᠯᠭᠠᠵᠤ᠂ | ᠰᠢᠷᠭᠠᠭᠤ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠣᠶᠤᠨ | ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠡᠭᠡᠳᠦ ᠱᠠᠲᠤᠨ ᠤ | ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠭ ᠰᠠᠨᠠᠭ᠎ᠠ ᠪᠠᠨ ᠰᠠᠬᠢᠵᠤ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠣᠳᠠᠲᠤ ᠠᠵᠢᠯᠯᠠᠭ᠎ᠠ | ᠪᠣᠯᠭᠠᠨ ᠬᠤᠪᠢᠷᠠᠭᠤᠯᠵᠤ᠂ ᠬᠤᠤᠯᠢᠩᠭᠤᠤᠯ ᠬᠤᠲᠠ ᠶᠢᠨ ᠬᠥᠭᠵᠢᠯᠲᠡ ᠶᠢ ᠠᠬᠢᠭᠤᠯᠬᠤ ᠳᠤᠮᠳᠠ ᠬᠤᠰᠢᠭᠤᠴᠢ ᠪᠣᠯᠵᠤ᠂ | ᠦᠯᠢᠭᠡᠷ ᠳᠠᠭᠤᠷᠢᠶᠠᠯ ᠪᠣᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | ᠭᠤᠤᠯ ᠰᠡᠳᠦᠪᠲᠦ ᠰᠤᠷᠭᠠᠨ ᠬᠥᠮᠦᠵᠢᠯ ᠤᠨ ᠡᠮᠬᠢ ᠵᠢᠷᠤᠮ ᠲᠠᠢ ᠥᠷᠨᠢᠬᠦ ᠶᠢ ᠥᠨᠳᠥᠷ ᠪᠠᠷᠢᠮᠵᠢᠶ᠎ᠠ ᠪᠠᠷ ᠲᠦᠯᠬᠢᠨ | ᠠᠬᠢᠭᠤᠯᠪᠠ᠃ ᠶᠡᠷᠦᠩᠬᠡᠶ ᠱᠦᠵᠢ ᠰᠢ ᠶᠢᠨ ᠫᠢᠩ᠄ ︽ᠥᠩᠭᠡᠪᠴᠢ ᠬᠤᠭᠤᠰᠣᠨ ᠶᠠᠷᠢᠭᠠᠳ ᠰᠠᠭᠤᠪᠠᠯ ᠲᠥᠷᠥ ᠭᠦᠷᠦᠨ᠎ᠡ | ᠮᠥᠬᠦᠵᠦ᠂ ᠦᠨᠡᠨ ᠪᠣᠳᠠᠲᠠᠶ ᠠᠵᠢᠯᠯᠠᠪᠠᠯ ᠤᠯᠤᠰ ᠣᠷᠣᠨ ᠮᠠᠨᠳᠤᠮᠤᠶ︾᠂ ︽ᠦᠨᠡᠨ ᠪᠣᠳᠠᠲᠠᠶ ᠠᠳᠬᠤᠵᠤ᠂ ᠳᠠᠬᠢᠨ | ᠪᠣᠳᠠᠲᠠᠶ ᠠᠳᠬᠤᠵᠤ᠂ ᠦᠨᠡᠨ ᠪᠣᠳᠠᠲᠠᠶ ᠠᠳᠬᠤᠬᠤ ᠦᠭᠡᠢ ᠪᠣᠯ ᠶᠠᠮᠠᠷ ᠰᠠᠶᠢᠨ ᠵᠢᠷᠤᠭ ᠲᠥᠰᠦᠪ ᠴᠦ ᠭᠡᠰᠡᠨ ᠬᠤᠭᠤᠰᠣᠨ | ᠴᠠᠭᠠᠰᠤ ᠲᠡᠳᠦᠶ ᠪᠣᠯᠵᠤ᠂ ᠬᠡᠳᠦᠶ ᠣᠶᠢᠷᠠᠬᠠᠨ ᠬᠠᠷᠠᠯᠲᠠ ᠴᠤ ᠭᠡᠰᠡᠨ ᠲᠣᠯᠢ ᠰᠢᠭ᠋ ᠪᠣᠯᠬᠤ ᠶᠤᠮ︾᠃ ᠡᠶᠢᠮᠦ ᠠᠴᠠ ᠭᠤᠤᠯ | ᠰᠡᠳᠦᠪᠲᠦ ᠬᠥᠮᠦᠵᠢᠯ ᠢ ᠥᠷᠨᠢᠭᠦᠯᠬᠦ ᠶᠢ ᠡᠳᠦᠷ ᠲᠤᠲᠤᠮ ᠤᠨ ᠠᠵᠢᠯ ᠢ ᠲᠦᠯᠬᠢᠨ ᠠᠬᠢᠭᠤᠯᠬᠤ ᠴᠢᠬᠤᠯᠠ ᠠᠵᠠ ᠲᠣᠬᠢᠶᠠᠯ | ᠪᠠ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠠᠯ᠎ᠠ ᠪᠠᠷ᠂ ︽ᠬᠤᠤᠯᠢᠩᠭᠤᠤᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠲᠤᠬᠠᠶ ᠰᠠᠨᠠᠯ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠠᠵᠢᠯ ᠤᠨ ᠡᠭᠦᠷᠭᠡ ᠶᠢ ᠬᠤᠪᠢᠶᠠᠷᠢᠯᠠᠬᠤ ᠬᠦᠰᠦᠨᠦᠭᠲᠦ︾ ᠶᠢᠨ ᠬᠠᠷᠠᠯᠲᠠ ᠡᠭᠦᠷᠭᠡ ᠶᠢ ᠴᠢᠩᠭ᠎ᠠ ᠵᠢᠷᠤᠮᠯᠠᠨ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠭᠤᠤᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠲᠠᠯ᠎ᠠ ᠪᠠᠷ᠂ ᠡᠯ᠎ᠡ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ︽ | ᠬᠠᠮᠢᠶᠠᠷᠬᠤ᠂ ᠵᠠᠰᠠᠬᠤ᠂ ᠬᠠᠮᠠᠭᠠᠯᠠᠬᠤ︾ ᠭᠤᠷᠪᠠᠨ ᠵᠦᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠭᠤᠤᠯ ᠤᠨ ᠵᠠᠮ ᠳᠤ ᠭᠦᠨᠵᠡᠭᠡᠶᠢᠷᠡᠨ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠬᠤ ᠲᠣᠭᠲᠠᠴᠠ ᠶᠢ | ᠪᠦᠷᠢᠨᠰᠢᠭᠦᠯᠵᠦ᠂ ᠨᠢᠭᠡᠨᠲᠡ ᠴᠡᠭᠴᠡᠯᠡᠨ ᠵᠠᠰᠠᠭᠰᠠᠨ ᠭᠤᠤᠯ ᠤᠨ ᠵᠠᠮ ᠤᠨ ︽ᠡᠷᠭᠢᠨ ᠬᠠᠷᠠᠬᠤ︾ ᠶᠢ ᠴᠢᠩᠭᠠᠳᠬᠠᠨ᠂ ︽ | ᠳᠥᠷᠪᠡᠨ ᠳᠤᠷ᠎ᠠ ᠪᠠᠷ︾ ᠪᠠᠶᠢᠬᠤ ᠠᠰᠠᠭᠤᠳᠠᠯ ᠳᠠᠬᠢᠨ ᠳᠠᠪᠲᠠᠨ ᠢᠯᠡᠷᠡᠬᠦ ᠶᠢ ᠡᠷᠡᠰ ᠬᠤᠷᠢᠭᠯᠠᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠪᠠᠷ᠂ ᠶᠠᠭᠠᠬᠢᠭᠰᠠᠨ ᠴᠤ ᠠᠯᠳᠠᠭ᠎ᠠ ᠭᠠᠷᠭᠠᠬᠤ ᠦᠭᠡᠢ ᠣᠪᠣᠷ ᠢᠶᠠᠷ | ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠵᠦ᠂ ᠴᠠᠭ ᠲᠤᠬᠠᠶ ᠳᠤᠨᠢ ᠠᠰᠠᠭᠤᠳᠠᠯ ᠢ | ᠢᠯᠡᠷᠡᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠭᠦᠨᠵᠡᠭᠡᠶ | ᠠᠭᠤᠰᠤᠯᠴᠠᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠣᠶ ᠪᠣᠯᠭᠠᠬᠤ ᠵᠡᠷᠭᠡ ᠠᠵᠢᠯᠯᠠᠭ᠎ᠠ ᠶᠢ | ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠳᠤ ᠨᠠᠩ ᠰᠢᠯᠢᠳᠡᠭ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ | ᠢ ᠬᠠᠩᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ᠂ ᠭᠠᠳᠠᠭᠠᠳᠤ ᠬᠥᠭᠵᠢᠭᠰᠡᠨ ᠭᠠᠵᠠᠷ ᠣᠷᠣᠨ ᠤ | ᠠᠵᠤ ᠦᠢᠯᠡᠰ ᠤᠨ ᠰᠢᠯᠵᠢᠯᠲᠡ ᠠᠴᠠ ᠪᠣᠯᠤᠭᠰᠠᠨ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠳᠣᠲᠣᠭᠠᠳᠤ | ᠲᠣᠮᠣ ᠬᠡᠯᠪᠡᠷᠢ ᠶᠢᠨ ᠬᠥᠩᠭᠡᠨ ᠴᠠᠭᠠᠨ ᠤ ᠠᠵᠤ ᠠᠬᠤᠶᠢᠯᠠᠯ ᠤᠨ ᠲᠠᠭᠡᠳᠦ ᠳᠣᠣᠷᠠᠳᠤ ᠤᠷᠤᠰᠬᠠᠯ ᠳᠤ ᠢᠵᠢ ᠪᠦᠷᠢᠳᠦᠭᠦᠯᠦᠨ | ᠳᠠᠯᠳᠠ ᠬᠦᠴᠦᠨ ᠢ ᠠᠭᠤᠳᠠᠯᠵᠤ᠂ ᠪᠣᠳᠠᠲᠤ ᠬᠦᠴᠦᠨ ᠲᠠᠢ ᠲᠣᠮᠣ ᠠᠵᠤ ᠠᠬᠤᠶᠢᠯᠠᠯ᠂ ᠲᠣᠮᠣ ᠪᠦᠯᠦᠭᠯᠡᠯ ᠤᠨ ᠪᠠᠶᠢᠯᠳᠤᠬᠤ | ᠪᠣᠳᠣᠯᠭ᠎ᠠ ᠶᠢᠨ ᠴᠢᠩᠭᠡᠯᠢᠭ ᠢ ᠣᠷᠣᠭᠤᠯᠵᠤ ᠢᠷᠡᠬᠦ ᠶᠢ ᠵᠣᠷᠢᠭᠵᠢᠭᠤᠯᠤᠨ᠎ᠠ᠃ ᠬᠤᠳᠠᠯᠳᠤᠭᠠᠴᠢᠨ ᠤᠷᠢᠬᠤ ᠦᠢᠯᠡᠴᠢᠯᠡᠭᠡᠨ ᠤ | ᠡᠩᠨᠡᠭᠡᠨ ᠤ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠤᠳᠠᠯᠳᠤᠭᠠᠴᠢᠨ ᠤᠷᠢᠬᠤ ᠬᠥᠮᠦᠰ ᠤᠨ | ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠨᠳᠥᠷ ᠦᠷ᠎ᠡ ᠪᠦᠲᠦᠮᠵᠢᠲᠡᠢ ᠦᠢᠯᠡᠴᠢᠯᠡᠬᠦ᠂ | ᠳᠥᠭᠦᠮ ᠳᠥᠲᠡ ᠰᠠᠭᠠᠳ ᠥᠬᠡᠶ ᠨᠡᠪᠲᠡᠷᠡᠬᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ | ᠬᠡᠷᠡᠭᠲᠡᠢ᠃ | | |