ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠶ ᠪᠠᠷ ᠲᠡᠮᠡᠴᠡᠵᠦ᠂ ᠴᠥᠬᠦᠷᠡᠰᠢ ᠦᠭᠡᠢ ᠲᠡᠮᠡᠴᠡᠨ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢᠨ ᠪᠤᠳᠠᠳᠦ ᠠᠴᠢ ᠬᠤᠯᠪᠤᠭᠳᠠᠯ ᠢ ᠣᠨᠣᠪᠴᠢᠲᠠᠶ | ᠡᠵᠡᠮᠳᠡᠬᠦ ᠬᠡᠷᠡᠭᠲᠡᠶ | ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ — — — ᠵᠠᠨ ᠴᠢᠩ ᠯᠢᠨ | | | | | | | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠠᠭᠤᠤ ᠶᠡᠭᠡ | ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ | ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠭᠠᠳ ᠳᠡᠯᠡᠬᠡᠶ | ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠶᠢ ᠣᠯᠤᠭᠰᠠᠨ ᠪᠠᠶᠢᠨ᠎ᠠ᠃ ᠢᠯᠠᠩᠭᠤᠶ᠎ᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ | ᠯᠤᠲᠤ ᠶᠡᠭᠡ ᠤᠯᠤᠰ ᠲᠥᠷᠦ ᠶᠢᠨ ᠰᠥᠰᠥ ᠵᠣᠷᠢᠭ ᠪᠣᠯᠤᠨ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ᠂ ᠲᠤᠭ ᠡᠭᠦᠷᠭᠡ | ᠴᠢᠭᠯᠡᠯ ᠢ ᠲᠣᠭᠲᠠᠭᠠᠵᠤ᠂ ᠲᠥᠯᠥᠪᠵᠢᠭᠦᠯᠦᠨ ᠪᠠᠶᠢᠷᠢᠯᠠᠭᠤᠯᠵᠤ᠂ ᠬᠦᠴᠢᠷ ᠢ ᠰᠥᠷᠦᠨ ᠤᠷᠤᠭᠰᠢᠯᠠᠵᠤ᠂ ᠡᠷᠡᠮᠡᠬᠡᠶᠢᠯᠡᠨ | ᠤᠷᠤᠭᠰᠢᠯᠠᠵᠤ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠲᠡᠤᠬᠡᠳᠦ ᠴᠢᠨᠠᠷᠲᠠᠶ ᠠᠮᠵᠢᠯᠲᠠ ᠣᠯᠵᠤ᠂ | ᠲᠡᠤᠬᠡᠳᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠰᠢᠨ᠎ᠡ ᠬᠥᠭᠵᠢᠯᠲᠡ ᠶᠢᠨ ᠱᠠᠲᠤ ᠦᠶ᠎ᠡ ᠲᠡᠰᠢ ᠠᠬᠢᠭᠤᠯᠪᠠ᠃ | ᠪᠥᠬᠦᠳᠡ ᠨᠠᠶᠢᠷᠠᠮᠳᠠᠬᠤ ᠤᠯᠤᠰ ᠤᠨ ᠤᠷᠤᠭᠰᠢᠯᠠᠯᠲᠠ ᠶᠢᠨ ᠢᠳᠡᠷᠡᠭᠦᠨ ᠠᠯᠬᠤᠭ᠎ᠠ ᠶᠢ ᠳᠠᠭᠠᠯᠳᠤᠨ᠂ ᠮᠠᠨ ᠤ ᠬᠤᠲᠠ | ᠢᠮᠠᠭᠲᠠ ᠴᠠᠭ ᠦᠶ᠎ᠡ ᠲᠠᠢ ᠵᠡᠷᠭᠡᠴᠡᠵᠦ᠂ ᠡᠬᠡ ᠤᠯᠤᠰ ᠲᠠᠢ ᠪᠠᠨ ᠬᠠᠮᠲᠤ ᠤᠷᠤᠭᠰᠢᠯᠠᠵᠤ᠂ ᠦᠶ᠎ᠡ ᠦᠶ᠎ᠡ ᠶᠢᠨ | ᠬᠤᠤᠯᠢᠩᠭᠤᠤᠯ ᠤᠨ ᠬᠥᠮᠦᠨ ᠰᠢᠷᠭᠠᠭᠤ ᠬᠠᠳᠠᠭᠤᠵᠢᠯᠳᠠᠢ ᠪᠠᠷ ᠦᠢᠯᠡᠰ ᠪᠤᠰᠬᠠᠵᠦ᠂ ᠪᠦᠬᠦ ᠲᠠᠯ᠎ᠠ ᠪᠠᠷ ᠤᠷᠤᠭᠰᠢᠯᠠᠵᠤ᠂ | ᠠᠵᠤ ᠠᠬᠤᠶ ᠨᠡᠶᠢᠭᠡᠮ ᠲᠦᠷᠭᠡᠨ ᠬᠥᠭᠵᠢᠵᠦ᠂ ᠬᠤᠲᠠ ᠬᠥᠳᠡᠭᠡ ᠶᠢᠨ ᠬᠤᠪᠢᠷᠠᠯᠲᠠ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠦᠷᠭᠦᠯᠵᠢᠯᠡᠨ ᠰᠠᠶᠢᠵᠢᠷᠠᠵᠤ᠂ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ ᠴᠠᠭ ᠦᠶ᠎ᠡ᠂ ᠲᠡᠤᠬᠡ᠂ | ᠬᠤᠤᠯᠢᠩᠭᠤᠤᠯ ᠤᠨ ᠠᠷᠠᠳ ᠲᠦᠮᠡᠨ ᠤ ᠮᠠᠭᠲᠠᠭᠠᠯ ᠳᠠᠭᠤᠤ ᠶᠢ ᠲᠠᠰᠤᠷᠠᠯᠲᠠ ᠦᠭᠡᠢ ᠪᠢᠴᠢᠭᠯᠡᠵᠦ ᠪᠠᠶᠢᠨ᠎ᠠ᠃ | ᠥᠩᠭᠡᠷᠡᠭᠰᠡᠨ ᠤᠳᠤ ᠶᠢ ᠬᠠᠷᠢᠴᠠᠭᠤᠯᠵᠦ ᠦᠵᠡᠪᠡᠯ ᠣᠯᠠᠨ ᠠᠷᠪᠢᠨ ᠲᠥᠷᠥᠭᠳᠡᠯ ᠲᠠᠢ᠃ ᠢᠲᠡᠭᠡᠯ ᠵᠣᠷᠢᠭ ᠢᠶᠠᠨ | ᠪᠠᠲᠤᠳᠬᠠᠵᠤ᠂ ᠵᠣᠷᠢᠭᠲᠠᠶ ᠪᠠᠷ ᠲᠡᠮᠡᠴᠡᠵᠦ᠂ ᠴᠥᠬᠦᠷᠡᠰᠢ ᠦᠭᠡᠢ ᠲᠡᠮᠡᠴᠡᠵᠦ᠂ ᠠᠷᠠᠳ ᠣᠯᠠᠨ ᠳᠤ ᠵᠣᠯ ᠵᠢᠷᠭᠠᠯ | ᠡᠳ᠋ᠯᠡᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠭ ᠰᠠᠨᠠᠭ᠎ᠠ ᠪᠠ | ᠡᠭᠦᠷᠭᠡ ᠬᠠᠷᠢᠭᠤᠴᠠᠯᠭ᠎ᠠ ᠨᠢ ᠴᠠᠭ ᠮᠥᠴᠡ ᠤᠯᠠᠷᠢᠬᠤ ᠶᠢ ᠲᠠᠭᠠᠯᠳᠤᠨ ᠥᠩᠭᠡ ᠨᠢ ᠪᠠᠭᠤᠷᠠᠭᠰᠠᠨ ᠦᠭᠡᠢ ᠭᠡᠳᠡᠷᠭᠦ ᠪᠠᠨ | ᠤᠯᠠᠮ ᠪᠠᠲᠤᠵᠢᠵᠤ᠂ ᠰᠢᠨ᠎ᠡ ᠴᠠᠭ ᠦᠶ᠎ᠡ ᠨᠢ ᠲᠡᠭᠦᠨ ᠤ ᠪᠤᠳᠠᠳᠦ ᠤᠳᠬ᠎ᠠ ᠠᠭᠤᠯᠭ᠎ᠠ ᠶᠢ ᠨᠠᠩ ᠰᠠᠶᠢᠨ ᠢᠯᠡᠷᠡᠭᠦᠯᠦᠭᠰᠡᠨ | ᠪᠠᠶᠢᠨ᠎ᠠ᠃ ᠪᠢᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ ᠵᠢᠭᠠᠭᠰᠠᠨ ᠤᠷᠤᠭᠰᠢᠯᠠᠯᠲᠠ ᠶᠢᠨ ᠴᠢᠭᠯᠡᠯ ᠢ ᠪᠠᠲᠤ ᠢᠲᠡᠭᠡᠬᠦ | ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠠᠷᠢ ᠶᠢᠨ | ᠤᠲᠤᠭ᠎ᠠ ᠮᠠᠨᠠᠷᠠᠭᠰᠠᠨ ᠬᠤᠪᠢᠰᠬᠠᠯ ᠤᠨ ᠴᠠᠭ ᠦᠶ᠎ᠡ ᠶᠢ ᠳᠤᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠭᠰᠠᠨ | ᠪᠦᠲᠦᠭᠡᠨ ᠪᠠᠶᠢᠭᠤᠯᠤᠯᠲᠠ ᠶᠢᠨ ᠤᠨ ᠰᠠᠷ᠎ᠠ ᠶᠢ ᠥᠩᠭᠡᠷᠡᠭᠦᠯᠵᠦ᠂ ᠬᠦᠴᠢᠷ ᠪᠡᠷᠬᠡᠰᠢᠶᠡᠯ ᠤᠨ ᠳᠤᠮᠳᠠ ᠨᠢᠭᠡᠨ ᠵᠠᠮ ᠢ | ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠨᠢ ᠳᠤᠮᠳᠠᠳᠤ ᠤᠯᠤᠰ ᠤᠨ ᠬᠥᠭᠵᠢᠯᠲᠡ | ᠳᠠᠪᠰᠢᠯᠲᠠ ᠶᠢᠨ ᠦᠨᠳᠦᠰᠦᠨ ᠴᠢᠭᠯᠡᠯ ᠪᠣᠯᠤᠨ ᠵᠥᠪ ᠵᠠᠮ ᠢ ᠲᠣᠳᠣᠷᠬᠠᠶ ᠵᠢᠭᠠᠵᠤ᠂ ᠪᠦᠬᠦ ᠠᠷᠠᠳ ᠲᠦᠮᠡᠨ ᠤ ᠪᠦᠯᠬᠦᠮᠳᠡᠨ | ᠲᠡᠮᠡᠴᠡᠬᠦ ᠯᠤᠲᠤ ᠶᠡᠭᠡ ᠬᠠᠯᠠᠭᠤᠨ ᠰᠡᠳᠬᠢᠯᠭᠡ ᠪᠣᠯᠤᠨ ᠬᠦᠴᠦᠨ ᠴᠢᠳᠠᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠠᠷᠠᠳ | ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠯᠤᠰ ᠢᠷᠡᠭᠡᠳᠦᠶ ᠬᠤᠪᠢ ᠵᠠᠶᠠᠭ᠎ᠠ ᠶᠢ ᠦᠨᠳᠦᠰᠦᠨ ᠠᠴᠠ ᠨᠢ | ᠬᠤᠪᠢᠷᠠᠭᠤᠯᠤᠭᠰᠠᠨ ᠪᠠᠶᠢᠨ᠎ᠠ᠃ | ᠪᠢᠳᠡ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠦ᠂ ᠵᠣᠭᠰᠣᠯᠲᠠ ᠣᠨᠴᠠᠭᠠᠢ ᠡᠷᠡᠰ ᠪᠠᠲᠤ ᠪᠠᠶᠢᠵᠤ᠂ ᠵᠥᠪ | ᠴᠢᠭᠯᠡᠯ ᠢ ᠪᠠᠲᠤ ᠡᠵᠡᠮᠳᠡᠵᠦ᠂ ᠡᠯ᠎ᠡ ᠵᠦᠢᠯ ᠤᠨ ᠴᠢᠬᠤᠯᠠ ᠶᠡᠭᠡ ᠰᠢᠯᠭᠠᠯᠲᠠ ᠶᠢᠨ ᠡᠮᠦᠨ᠎ᠡ ︽ᠬᠥᠪᠪᠥᠯᠵᠡᠬᠦ ᠡᠭᠦᠯᠡ ᠨᠢᠳᠦᠨ | ᠬᠠᠷᠠᠭ᠎ᠠ ᠶᠢ ᠬᠠᠯᠬᠠᠯᠠᠬᠤ ᠠᠴᠠ ᠠᠶᠤᠬᠤ ᠦᠭᠡᠢ︾᠂ ︽ᠪᠠᠷᠠᠭᠠᠨ ᠡᠭᠦᠯᠡ ᠨᠢᠰᠦᠨ ᠥᠩᠭᠡᠷᠡᠬᠦ ᠳᠤ ᠮᠥᠨ ᠲᠠᠶᠢᠪᠤᠭᠤ | ᠪᠠᠶᠢᠬᠤ ᠬᠡᠷᠡᠭᠲᠡᠶ︾᠃ ᠪᠢᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ ᠨᠤᠭᠤᠷᠠᠰᠢ ᠦᠭᠡᠢ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠤᠬᠰᠠᠨ᠂ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠤᠬᠰᠠᠨ᠂ ᠥᠭᠡᠷᠡᠴᠢᠯᠡᠯᠲᠡ ᠨᠡᠭᠡᠭᠡᠯᠲᠡ ᠬᠢᠬᠦ ᠪᠣᠯ ᠴᠥᠮ ᠲᠡᠮᠡᠴᠡᠯ ᠤᠨ | ᠳᠤᠮᠳᠠ ᠮᠡᠨᠳᠦᠯᠡᠵᠦ᠂ ᠲᠡᠮᠡᠴᠡᠯ ᠤᠨ ᠳᠤᠮᠳᠠ ᠬᠥᠭᠵᠢᠵᠦ᠂ ᠲᠡᠮᠡᠴᠡᠯ ᠤᠨ ᠳᠤᠮᠳᠠ ᠪᠤᠵᠠᠭᠠᠶᠢᠷᠠᠭᠰᠠᠨ ᠶᠤᠮ᠂ ᠳᠤᠮᠳᠠᠳᠤ | ᠤᠯᠤᠰ ᠤᠨ ᠠᠷᠠᠳ ᠲᠦᠮᠡᠨ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠨᠢ ᠮᠥᠨ ᠴᠦ ᠰᠤᠯᠠ ᠰᠡᠯᠡᠭᠦᠤ ᠰᠠᠭᠤᠵᠤ ᠰᠤᠯᠠ ᠰᠡᠯᠡᠭᠦᠤ ᠠᠯᠬᠤᠬᠤ ᠶᠠᠪᠤᠳᠠᠯ ᠤᠬᠳᠤ ᠪᠢᠰᠢ | ᠶᠤᠮ᠃ ᠪᠢᠳᠡᠨ ᠳᠤ ᠣᠯᠳᠠᠬᠤᠶ᠎ᠠ ᠪᠡᠷᠬᠡ ᠲᠡᠤᠬᠡ ᠶᠢᠨ ᠠᠵᠠ ᠲᠣᠬᠢᠶᠠᠯ ᠲᠤᠯᠭᠠᠷᠠᠵᠤ ᠪᠠᠶᠢᠬᠤ ᠪᠥᠭᠡᠳ ᠠᠯᠢ ᠣᠯᠠᠨ ᠬᠦᠨᠳᠦ | ᠶᠡᠭᠡ ᠠᠶᠤᠯ ᠲᠦᠭᠰᠢᠭᠦᠷᠢ ᠶᠢᠨ ᠰᠢᠯᠭᠠᠯᠲᠠ ᠲᠤᠯᠭᠠᠷᠠᠵᠤ ᠪᠠᠶᠢᠨ᠎ᠠ᠃ ᠮᠠᠨ ᠤ ᠤᠳᠤᠷᠢᠳᠬᠤ ᠺᠠᠳ᠋ᠷᠴᠤᠳ ᠪᠠᠭ᠎ᠠ ᠠᠴᠠ | ᠶᠡᠭᠡ ᠶᠢ ᠣᠯᠵᠤ ᠮᠡᠳᠡᠬᠦ ᠴᠢᠳᠠᠪᠤᠷᠢ ᠶᠢ ᠪᠣᠯᠪᠠᠰᠤᠷᠠᠭᠤᠯᠵᠤ᠂ ᠤᠷᠤᠭᠰᠢᠯᠠᠯᠲᠠ ᠶᠢᠨ ᠵᠠᠮ ᠳᠡᠭᠡᠷ᠎ᠡ ᠵᠣᠷᠢᠭᠲᠠᠶ ᠪᠠᠷ ᠲᠡᠮᠡᠴᠡᠵᠦ | ᠂ ᠴᠢᠳᠠᠮᠠᠭᠠᠶ ᠪᠠᠷ ᠲᠡᠮᠡᠴᠡᠬᠦ ᠪᠠᠶᠢᠯᠳᠤᠭᠴᠢ ᠪᠣᠯᠬᠤ ᠬᠡᠷᠡᠭᠲᠡᠶ᠃ ᠪᠢᠳᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ | ᠵᠢᠷᠤᠭᠯᠠᠭᠰᠠᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠦᠢᠯᠡᠳᠦᠯᠭᠡᠵᠢᠬᠦᠯᠬᠦ ᠬᠡᠷᠡᠭᠲᠡᠶ᠃ ᠵᠠᠮ ᠢ ᠪᠣᠯ ᠶᠠᠪᠤᠵᠤ ᠪᠠᠶᠢᠭᠠᠳ | ᠣᠯᠤᠭᠰᠠᠨ ᠶᠤᠮ᠂ ᠠᠵᠢᠯ ᠦᠢᠯᠡᠰ ᠢ ᠪᠣᠯ ᠬᠢᠵᠦ ᠪᠠᠶᠢᠭᠠᠳ ᠪᠦᠲᠦᠭᠡᠭᠰᠡᠨ ᠶᠤᠮ᠂ ᠶᠠᠭ ᠠᠭᠤᠯᠠ ᠳᠠᠭᠠᠷᠠᠪᠠᠯ ᠵᠠᠮ | ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠡᠷᠴᠢ ᠵᠣᠷᠢᠭ᠂ ᠲᠤᠰᠤᠯ ᠤᠰᠤ ᠴᠢᠯᠠᠭᠤ ᠴᠤᠭᠤᠯᠬᠤ᠂ ᠳᠡᠭᠡᠰᠦ ᠪᠠᠷ | ᠮᠣᠳᠣ ᠬᠢᠷᠥᠭᠡᠳᠡᠬᠦ ᠬᠠᠳᠠᠨ ᠵᠣᠷᠢᠭ᠂ ᠬᠦᠴᠢᠷ ᠢ ᠮᠡᠳᠡᠵᠦ ᠪᠠᠶᠢᠭᠠᠳ ᠤᠷᠤᠭᠰᠢᠯᠠᠬᠤ᠂ ᠬᠦᠴᠢᠷ ᠢ ᠰᠥᠷᠦᠨ ᠤᠷᠤᠭᠰᠢᠯᠠᠬᠤ | ᠡᠷᠴᠢ ᠬᠦᠴᠦᠨ ᠳᠤ ᠲᠦᠰᠢᠭᠯᠡᠪᠡᠯ ᠪᠢᠳᠡ ᠰᠠᠶ᠋ᠢ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠠᠴᠠ ᠪᠢᠰᠢ ᠠᠯᠢᠪᠠ | ᠬᠦᠴᠢᠷ ᠪᠡᠷᠬᠡᠰᠢᠶᠡᠯ ᠳᠤ ᠳᠠᠷᠤᠭᠳᠠᠬᠤ ᠦᠭᠡᠢ ᠪᠠᠶᠢᠵᠤ ᠴᠢᠳᠠᠨ᠎ᠠ᠃ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ | ᠂ ᠢᠷᠠᠭᠤ ᠠᠯᠳᠠᠷ ᠤᠨ ᠲᠥᠯᠥᠭᠡ᠂ ᠪᠢᠳᠡ ᠬᠥᠮᠦᠨ ᠨᠢᠭᠡᠪᠦᠷᠢ ᠴᠥᠮ ᠰᠢᠨ᠎ᠡ ᠴᠠᠭ ᠦᠶ᠎ᠡ ᠶᠢᠨ ᠡᠷᠡᠰ ᠪᠠᠲᠤ ᠂ ᠡᠷᠡᠯᠬᠡᠭᠯᠡᠨ | ᠲᠡᠮᠡᠴᠡᠭᠴᠢ ᠪᠣᠯᠵᠤ᠂ ᠬᠥᠭᠵᠢᠨ ᠴᠡᠴᠡᠭᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠶ᠃ | ᠳᠤᠮᠳᠠᠳᠤ ᠤᠯᠤᠰ ᠬᠥᠭᠵᠢᠯ ᠪᠠᠳᠠᠷᠠᠯ ᠤᠨ ᠦᠶ᠎ᠡ ᠶᠢ ᠤᠭᠲᠤᠵᠤ᠂ ᠲᠡᠮᠡᠴᠡᠯ ᠶᠠᠭ ᠰᠠᠶᠢᠬᠠᠨ ᠶᠠᠪᠤᠭᠳᠠᠵᠦ ᠪᠠᠶᠢᠭ᠎ᠠ | ᠴᠠᠭ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢ ᠥᠷᠨᠢᠭᠦᠯᠵᠦ᠂ ᠰᠤᠷᠭᠠᠨ ᠬᠥᠮᠦᠵᠢᠯ ᠪᠤᠯ ᠵᠥᠪᠬᠡᠨ ᠠᠷᠭ᠎ᠠ ᠪᠠᠷᠢᠯ ᠲᠡᠳᠦᠶ ᠶᠤᠮ᠂ ᠡᠴᠦᠰ ᠤᠨ ᠦᠷ᠎ᠡ | ᠪᠦᠲᠦᠮᠵᠢ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠳᠡᠭᠡᠷ᠎ᠡ ᠨᠠᠶᠢᠳᠠᠪᠤᠷᠢᠵᠢᠭᠤᠯᠵᠦ᠂ ᠪᠢᠳᠡ ᠬᠠᠳᠠᠭᠠᠰᠤ | ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠦ᠂ ᠴᠠᠭ | ᠦᠶ᠎ᠡ ᠶᠢᠨ ᠠᠮᠵᠢᠯᠲᠠ ᠪᠦᠲᠦᠮᠵᠢ ᠶᠢ ᠡᠭᠦᠳᠴᠦ᠂ ᠴᠠᠭ ᠦᠶ᠎ᠡ ᠶᠢᠨ ᠠᠮᠵᠢᠯᠲᠠ ᠪᠦᠲᠦᠮᠵᠢ ᠶᠢᠨ ᠬᠠᠭᠤᠳᠠᠰᠦ ᠢ | ᠲᠤᠰᠢᠶᠠᠬᠤ ᠬᠡᠷᠡᠭᠳᠠᠢ᠃ | |