︽ᠳᠥᠷᠪᠡᠨ ᠰᠡᠳᠬᠢᠯ︾ ᠢᠶᠠᠷ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠬᠦ ᠬᠡᠷᠡᠭᠲᠡᠶ | --- ᠰᠢᠨ᠎ᠡ ᠴᠠᠭ ᠦᠶ᠎ᠡ ᠶᠢᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠺᠠᠳ᠋ᠷ | ᠪᠣᠯᠰᠤᠭᠠᠶ | | ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠰᠢᠦᠸᠠᠨ ᠳ᠋ᠦᠩ ᠱᠧᠩ | | | | | | ᠪᠦᠬᠦ ᠨᠠᠮ ᠢᠶᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠲᠣᠳᠣᠷᠬᠠᠶ ᠲᠣᠭᠲᠠᠭᠠᠭᠰᠠᠨ ᠴᠢᠬᠤᠯᠠ ᠡᠭᠦᠷᠭᠡ ᠪᠣᠯᠤᠨ᠎ᠠ᠂ ᠤᠶᠢᠷ᠎ᠠ ᠶᠢᠨ ᠬᠤᠭᠤᠴᠠᠭᠠᠨ ᠳᠤ᠂ ᠲᠥᠪᠯᠡᠷᠡᠩᠭᠦᠶ | ᠰᠤᠷᠤᠯᠴᠠᠯᠭ᠎ᠠ ᠪᠠ ᠬᠤᠪᠢ ᠬᠥᠮᠦᠨ ᠤ ᠰᠤᠷᠤᠯᠴᠠᠯᠭ᠎ᠠ ᠢᠶᠠᠷ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ | ᠬᠤᠪᠢ ᠳᠤ᠂ ᠡᠷᠬᠡᠪᠰᠢ ᠬᠤᠪᠢᠰᠬᠠᠯᠴᠢ ᠶᠢᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠰᠢᠨ᠎ᠡ ᠴᠠᠭ ᠦᠶ᠎ᠡ | ᠳᠤ ᠪᠣᠳᠠᠲᠤ ᠠᠵᠢᠯᠯᠠᠭ᠎ᠠ ᠪᠠᠷ ᠢᠶᠠᠨ ︽ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ︾ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ | ᠦᠢᠯᠡᠳᠦᠯᠬᠡᠵᠢᠭᠦᠯᠦᠨᠡ ᠭᠡᠳᠡᠭ ᠢ ᠪᠢ ᠨᠠᠩ ᠭᠦᠨᠵᠡᠭᠡᠶ ᠮᠡᠳᠡᠷᠡᠵᠦ ᠪᠠᠶᠢᠨ᠎ᠠ᠃ | ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠮᠠᠷᠺᠰ ᠤᠨ | ᠦᠵᠡᠯ ᠤᠨ ᠡᠷᠡᠰ ᠪᠠᠲᠤ ᠬᠠᠮᠠᠭᠠᠯᠠᠭᠴᠢ ᠪᠣᠯᠬᠤ ᠬᠡᠷᠡᠭᠲᠡᠶ᠃ ︽ᠳᠡᠯᠡᠬᠡᠶ ᠳ᠋ᠠᠬᠢᠨ ᠡᠷᠬᠢᠮ ᠲᠡᠬᠡᠳᠦ ᠶᠣᠰᠣ ᠰᠤᠷᠲᠠᠬᠤᠨ ᠠᠨᠤ | ᠦᠨᠡᠨᠴᠢ ᠰᠢᠳᠤᠷᠭᠤ ᠠᠴᠠ ᠡᠷᠬᠢᠮ ᠲᠡᠬᠡᠳᠦ ᠪᠣᠯᠠᠢ᠃ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ | ᠬᠤᠪᠢ ᠳᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠣᠯ ᠳᠠᠷᠤᠶ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ | ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ | ᠮᠠᠷᠺᠰ ᠤᠨ ᠦᠵᠡᠯ ᠤᠨ ᠣᠨᠣᠯ ᠢ ᠭᠦᠨᠵᠡᠭᠡᠶ ᠰᠤᠷᠤᠯᠴᠠᠨ ᠭᠦᠨᠵᠡᠭᠡᠶ ᠡᠵᠡᠮᠰᠢᠵᠦ ᠰᠠᠶᠢᠲᠤᠷ ᠬᠡᠷᠡᠭᠯᠡᠵᠦ᠂ ᠨᠠᠮᠴᠢ ᠴᠢᠨᠠᠷ ᠢ | ᠳᠠᠪᠲᠠᠨ ᠪᠣᠯᠪᠠᠰᠤᠷᠠᠭᠤᠯᠵᠤ᠂ ᠵᠥᠷᠢᠶ᠎ᠡ ᠪᠠᠨ ᠣᠨᠣᠪᠴᠢᠲᠠᠶ ᠲᠣᠳᠣᠯᠠᠵᠤ᠂ ᠢᠲᠡᠭᠡᠯ ᠪᠢᠰᠢᠷᠡᠯ ᠤᠨ ᠰᠠᠭᠤᠷᠢ᠂ ᠣᠶᠤᠨ | ᠰᠠᠨᠠᠭᠠᠨ ᠤ ᠺᠠᠯᠼ ᠢ ᠪᠠᠲᠤ ᠴᠣᠭᠴᠠᠯᠠᠵᠤ᠂ ᠦᠵᠡᠯ ᠰᠠᠨᠠᠭᠠᠨ ᠤ ᠵᠠᠯᠠᠭᠤᠷ ᠢ ᠪᠠᠲᠤ ᠡᠵᠡᠮᠳᠡᠵᠦ᠂ ᠦᠵᠡᠯ ᠰᠠᠨᠠᠭᠠᠨ ᠤ ︽ | ᠶᠡᠷᠦᠩᠬᠡᠶ ᠨᠡᠭᠡᠭᠡᠯᠭᠡ︾ ᠶᠢ ᠴᠢᠩᠭᠠᠷᠠᠭᠤᠯᠬᠤ ᠬᠡᠷᠡᠭᠲᠡᠶ᠃ ᠮᠠᠷᠺᠰ ᠤᠨ ᠦᠵᠡᠯ ᠪᠣᠯᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠰᠢᠨᠵᠢᠯᠡᠬᠦ ᠤᠬᠠᠭᠠᠨᠴᠢ | ᠣᠶᠤᠨ ᠤᠬᠠᠭᠠᠨ ᠪᠣᠯᠤᠨ ᠤᠨᠤᠯ ᠤᠨ ᠬᠦᠴᠦᠨ ᠴᠢᠳᠠᠯ ᠢ ᠲᠠᠰᠤᠷᠠᠯᠲᠠ ᠦᠭᠡᠢ ᠰᠢᠩᠭᠡᠭᠡᠨ ᠠᠪᠴᠤ᠂ ᠮᠠᠷᠺᠰ ᠤᠨ | ᠦᠵᠡᠯ ᠤᠨ ᠣᠨᠣᠯ ᠢ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠵᠤ᠂ ᠡᠷᠡᠰ ᠪᠠᠲᠤ ᠮᠠᠷᠺᠰ ᠤᠨ | ᠦᠵᠡᠯ ᠤᠨ ᠰᠢᠳᠦᠨ ᠪᠢᠰᠢᠷᠡᠭᠴᠢ ᠪᠤᠯᠬᠤ ᠬᠡᠷᠡᠭᠲᠡᠶ᠃ | ᠬᠠᠤᠯᠢ ᠲᠦᠷᠢᠮ ᠠᠴᠠ ᠵᠢᠷᠦᠬᠡᠰᠢᠶᠡᠬᠦ ᠰᠡᠳᠬᠢᠯ ᠢᠶᠠᠨ ᠡᠭᠦᠷᠢᠳᠡ ᠪᠠᠲᠤᠯᠠᠵᠤ᠂ ᠤᠯᠤᠰ ᠲᠥᠷᠥ ᠶᠢᠨ | ᠪᠠᠶᠢᠭᠤᠯᠤᠯᠲᠠ ᠪᠠᠨ ᠴᠢᠩᠭᠠᠳᠬᠠᠨ᠂ ᠠᠷᠢᠭᠤᠨ ᠴᠢᠬᠡᠴᠢ ᠪᠠᠶᠢᠬᠤ ᠤᠬᠠᠮᠰᠠᠷᠲᠤ ᠦᠢᠯᠡᠳᠦᠯᠭᠡᠭᠴᠢ ᠪᠤᠯᠬᠤ ᠬᠡᠷᠡᠭᠲᠡᠶ᠃ ︽ | ᠲᠡᠭᠰᠢ ᠰᠢᠯᠤᠭᠤᠨ ᠪᠠᠶᠢᠬᠤ ᠶᠢ ᠮᠡᠳᠡᠶ᠎ᠡ ᠭᠡᠪᠡᠯ ᠵᠠᠪᠠᠯ ᠪᠠᠷᠢᠮᠵᠢᠶ᠎ᠠ ᠪᠠᠶᠢᠬᠤ ᠬᠡᠷᠡᠭᠲᠡᠶ︔ ᠨᠡᠶᠢᠭᠡᠮ ᠲᠣᠭᠤᠷᠢᠭ ᠢ ᠮᠡᠳᠡᠶ᠎ᠡ | ᠭᠡᠪᠡᠯ ᠳᠦᠷᠢᠮ ᠲᠣᠭᠲᠠᠭᠠᠯ ᠪᠠᠶᠢᠬᠤ ᠬᠡᠷᠡᠭᠲᠡᠶ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ | ᠶᠣᠰᠣ ᠳᠦᠷᠢᠮ ᠢ ᠪᠠᠷᠢᠮᠲᠠᠯᠠᠵᠤ᠂ ᠢᠮᠠᠭᠲᠠ ᠨᠠᠮ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ | ᠤᠯᠤᠰ ᠲᠥᠷᠥ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ | ᠨᠠᠮ ᠤᠨ ᠳᠦᠷᠢᠮ ᠢ ᠨᠠᠷᠢᠨ ᠬᠢᠨᠠᠮᠠᠭᠠᠶ ᠰᠤᠷᠤᠯᠴᠠᠵᠤ᠂ ᠬᠤᠶᠠᠷ ︽ᠳᠦᠷᠢᠮ︾ ᠢ ᠭᠦᠨᠵᠡᠭᠡᠶ ᠲᠤᠭᠤᠰᠢᠯᠠᠭᠤᠯᠵᠦ᠂ | ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠡᠷᠬᠢᠮᠯᠡᠨ ᠶᠣᠰᠣ ᠳᠦᠷᠢᠮ ᠢ ᠰᠠᠬᠢᠳᠠᠭ ᠮᠡᠷᠭᠡᠨ ᠬᠥᠮᠦᠨ ᠪᠣᠯᠬᠤ ᠬᠡᠷᠡᠭᠲᠡᠶ᠃ | ᠨᠠᠮ ᠢ ᠴᠢᠩᠭ᠎ᠠ ᠵᠠᠰᠠᠬᠤ ᠬᠢᠭᠡᠳ ᠥᠭᠡᠷᠡᠴᠢᠯᠡᠯᠲᠡ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠲᠠᠨᠢᠵᠤ᠂ ᠪᠠᠲᠤ ᠴᠢᠩᠭ᠎ᠠ | ᠡᠭᠦᠷᠭᠡᠯᠡᠯ ᠢᠶᠠᠷ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠵᠤ᠂ ᠥᠭᠡᠷᠡᠴᠢᠯᠡᠯᠲᠡ | ᠬᠥᠭᠵᠢᠯᠲᠡ ᠶᠢᠨ ᠪᠣᠳᠠᠲᠠᠶ ᠠᠵᠢᠭᠯᠠᠭᠴᠢ ᠪᠣᠯᠬᠤ ᠬᠡᠷᠡᠭᠲᠡᠶ᠃ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ | ᠳᠡᠷᠭᠡᠳᠡᠬᠢ ᠬᠥᠮᠦᠰ ᠢᠶᠠᠨ ᠰᠠᠶᠢᠲᠤᠷ ᠬᠠᠮᠢᠶᠠᠷᠴᠤ᠂ ᠰᠠᠶᠢᠨ ᠰᠠᠶᠢᠬᠠᠨ ᠭᠡᠷ ᠤᠨ ᠰᠤᠷᠲᠠᠯ ᠤᠨ ᠡᠭᠦᠳᠦᠭᠴᠢ ᠪᠣᠯᠬᠤ ᠬᠡᠷᠡᠭᠲᠡᠶ᠃ | ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠡᠷᠬᠡ ᠶᠢ ᠵᠥᠪ ᠬᠡᠷᠡᠭᠯᠡᠵᠦ᠂ ᠡᠷᠬᠡ ᠶᠢ | ᠪᠣᠯᠭᠤᠮᠵᠢᠲᠠᠶ ᠬᠡᠷᠡᠭᠯᠡᠵᠦ᠂ ᠡᠷᠬᠡ ᠶᠢ ᠴᠡᠪᠡᠷ ᠬᠡᠷᠡᠭᠯᠡᠵᠦ᠂ ᠡᠪ ᠬᠠᠮᠲᠤ ᠨᠠᠮ ᠤᠨ ᠭᠡᠰᠢᠭᠦᠨ ᠤ ᠤᠯᠤᠰ ᠲᠥᠷᠦ ᠶᠢᠨ | ᠳᠠᠷᠤᠭᠠᠰᠤ ᠶᠢ ᠬᠥᠩᠭᠡᠯᠡᠬᠦ ᠬᠡᠷᠡᠭᠲᠡᠶ᠃ | ᠠᠵᠢᠯ ᠦᠢᠯᠡᠰ ᠤᠨ ᠤᠷᠤᠭᠰᠢ ᠳᠠᠪᠰᠢᠬᠤ ᠵᠣᠷᠢᠭ ᠢᠶᠠᠨ ᠡᠭᠦᠷᠢᠳᠡ ᠪᠠᠲᠤᠯᠠᠵᠤ᠂ ᠲᠦᠷᠦᠭᠦᠯᠡᠨ ᠠᠵᠢᠯ ᠬᠢᠵᠦ | ᠦᠢᠯᠡᠰ ᠪᠣᠰᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠵᠢᠱᠢᠶᠡᠴᠢ ᠪᠣᠯᠬᠤ ᠬᠡᠷᠡᠭᠲᠡᠶ᠃ ᠬᠥᠭᠵᠢᠯᠲᠡ ᠪᠣᠯ ᠤᠯᠤᠰ ᠢᠶᠠᠨ | ᠮᠠᠨᠳᠤᠭᠤᠯᠬᠤ ᠶᠢᠨ ᠲᠡᠷᠢᠭᠦᠨ ᠴᠢᠬᠤᠯᠠ ᠶᠠᠪᠤᠳᠠᠯ ᠮᠥᠨ᠃ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠷᠬᠡᠪᠰᠢ | ᠠᠮᠢ ᠠᠬᠤᠶ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠵᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ | ᠬᠤᠤᠯᠢᠩᠭᠤᠤᠯ᠂ ᠮᠢᠩᠭᠠᠨ ᠳ᠋ᠦᠩᠰᠢᠭᠤᠷ ᠤᠨ ᠬᠤᠤᠯᠢᠩᠭᠤᠤᠯ ᠤᠨ ᠲᠣᠭᠤᠷᠢᠨ ᠳᠤ ᠪᠦᠲᠦᠭᠡᠨ ᠪᠠᠶᠢᠭᠤᠯᠵᠦ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠣᠷᠴᠢᠨ ᠲᠣᠭᠤᠷᠢᠨ ᠤ ᠵᠠᠰᠠᠯᠲᠠ ᠪᠠ ᠳᠦᠷᠢᠮ ᠤᠨ | ᠪᠠᠶᠢᠭᠤᠯᠤᠯᠳᠠ ᠳᠡᠭᠡᠷ᠎ᠡ ᠬᠦᠴᠦ ᠲᠠᠯᠪᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠣᠯᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠢ ᠲᠡᠭᠦᠯᠳᠡᠷᠵᠢᠭᠦᠯᠵᠦ᠂ ᠪᠣᠬᠢᠷᠲᠤᠯ | ᠦᠭᠡᠢ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠪᠦᠲᠦᠴᠡ ᠶᠢᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠪᠣᠳᠠᠲᠤ ᠴᠣᠭᠴᠠ ᠶᠢᠨ ᠠᠵᠤ ᠠᠬᠤᠶ ᠶᠢ | ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠲᠡᠭᠡᠳᠦ ᠨᠠᠷᠢᠯᠢᠭ ᠤᠷᠤᠶᠢᠯᠠᠭᠰᠠᠨ᠂ ᠤᠲᠤᠭ᠎ᠠ ᠪᠠᠭ᠎ᠠ᠂ ᠦᠨᠳᠦᠷ | ᠨᠡᠮᠡᠯᠳᠡᠦᠷᠳᠡᠭ ᠪᠦᠬᠦᠢ ᠬᠦᠩᠭᠡᠨᠴᠠᠭᠠᠨ ᠢ ᠭᠦᠨᠵᠡᠭᠡᠶ ᠡᠳ᠋ᠰᠢᠭᠦᠯᠬᠦ ᠲᠥᠷᠥᠯ ᠵᠦᠢᠯ ᠢ ᠶᠡᠬᠡᠪᠡᠷ ᠬᠥᠭᠵᠢᠭᠦᠯᠵᠦ᠂ ᠡᠬᠢ | ᠪᠠᠶᠠᠯᠢᠭ ᠤᠨ ᠬᠤᠷᠣᠭᠳᠠᠯ ᠪᠠᠭ᠎ᠠ᠂ ᠬᠠᠮᠤᠭ ᠤᠨ ᠳᠣᠤᠷ᠎ᠠ ᠪᠣᠬᠢᠷᠲᠤᠯ ᠭᠠᠳᠠᠭᠰᠢᠯᠠᠭᠤᠯᠤᠯᠲᠠ᠂ ᠬᠠᠮᠤᠭ ᠤᠨ ᠪᠠᠭ᠎ᠠ ᠠᠮᠢ | ᠠᠬᠤᠢ ᠶᠢᠨ ᠨᠥᠯᠥᠭᠡᠯᠡᠯ ᠢᠶᠠᠷ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠠᠷᠠᠳ ᠲᠦᠮᠡᠨ ᠳᠤ ᠲᠠᠯᠠᠷᠬᠠᠬᠤ ᠰᠡᠳᠬᠢᠯ ᠢᠶᠠᠨ ᠡᠭᠦᠷᠢᠳᠡ ᠪᠠᠲᠤᠯᠠᠵᠤ᠂ ᠪᠠᠲᠤ ᠴᠡᠭᠡᠵᠢᠯᠡᠵᠦ᠂ ᠣᠯᠠᠨ ᠲᠦᠮᠡᠨ ᠤ | ᠠᠰᠢᠭ ᠲᠤᠰᠠ ᠶᠢᠨ ᠪᠠᠲᠤ ᠴᠢᠩᠭ᠎ᠠ ᠬᠠᠮᠠᠭᠠᠯᠠᠭᠴᠢ ᠪᠣᠯᠤᠨ᠎ᠠ᠃ ᠠᠷᠠᠳᠴᠢ ᠴᠢᠨᠠᠷ ᠪᠣᠯ ᠮᠠᠷᠺᠰ ᠤᠨ ᠦᠵᠡᠯ ᠤᠨ | ᠬᠠᠮᠤᠭ ᠤᠨ ᠢᠯᠡ ᠲᠣᠳᠣ ᠵᠠᠩ ᠴᠢᠨᠠᠷ ᠮᠥᠨ᠂ ᠪᠠᠰᠠ ᠴᠤ ᠮᠠᠨ ᠤ ᠨᠠᠮ ᠤᠨ ᠬᠠᠮᠤᠭ ᠤᠨ ᠪᠠᠲᠤ ᠪᠠᠬᠢ ᠲᠥᠷᠥ ᠪᠠᠷᠢᠬᠤ | ᠰᠠᠭᠤᠷᠢ ᠪᠠ ᠬᠠᠮᠤᠭ ᠤᠨ ᠭᠦᠨ ᠵᠤᠵᠠᠭᠠᠨ ᠥᠮᠥᠭ ᠲᠦᠰᠢᠭ ᠮᠥᠨ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ | ᠪᠣᠯᠤᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠠᠷᠠᠳ | ᠲᠦᠮᠡᠨ ᠳᠤ ᠵᠣᠯ ᠵᠢᠷᠭᠠᠯ ᠣᠯᠭᠤᠬᠤ ᠪᠠᠷ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠬᠠᠷᠭᠤᠭᠤᠯᠵᠤ᠂ ︽ | ᠲᠦᠷᠪᠡ ᠶᠢ ᠬᠦᠴᠦᠯᠡᠬᠦ︾ ︽ᠭᠤᠷᠪᠠᠨ ᠯᠠᠪᠳᠠᠭᠤᠨ ᠪᠠᠲᠤᠲᠠᠶ︾ ᠴᠢᠬᠤᠯᠠ ᠱᠠᠭᠠᠷᠳᠠᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠦ᠂ ᠵᠣᠯ ᠵᠢᠷᠭᠠᠯᠲᠤ ᠬᠤᠤᠯᠢᠩᠭᠤᠤᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠲᠦᠭᠡᠮᠡᠯ | ᠠᠰᠢᠭ ᠬᠦᠷᠲᠡᠭᠡᠬᠦ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ | ᠠᠮᠢᠳᠤᠷᠠᠯ ᠤᠨ ᠢᠨᠵᠧᠨᠧᠷᠢᠩ ᠢ ᠪᠦᠬᠦ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠠᠷᠠᠳ ᠣᠯᠠᠨ ᠤ ᠲᠣᠰ ᠪᠡᠶ᠎ᠡ ᠶᠢᠨ | ᠠᠰᠢᠭ ᠲᠤᠰᠠ ᠶᠢ ᠬᠦᠴᠦᠯᠡᠨ ᠬᠠᠮᠠᠭᠠᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃ | |