ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠠᠷᠠᠳ ᠤᠨ ᠲᠥᠯᠥᠭᠡ ᠬᠦᠴᠦᠯᠡᠨ ᠵᠢᠳᠬᠦᠵᠦ | ᠬᠠᠷᠢᠭᠤᠴᠠᠯᠭ᠎ᠠ ᠡᠭᠦᠷᠭᠡᠯᠡᠨ᠎ᠡ | ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠬᠤᠳᠠ | ᠶᠢᠨ ᠳᠡᠳ᠋ ᠳᠠᠷᠤᠭ᠎ᠠ ᠯᠢᠦ ᠵᠢᠩ ᠹᠦ᠋ | | | | | ᠦᠨᠦ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠰᠠᠨ 70 ᠵᠢᠯ ᠤᠨ ᠣᠢ | ᠪᠣᠯᠤᠨ᠎ᠠ᠂ ᠨᠠᠮ ᠤᠨ ᠲᠥᠪ ᠬᠤᠷᠢᠶ᠎ᠠ 6 ᠰᠠᠷ᠎ᠠ ᠠᠴᠠ ᠡᠬᠢᠯᠡᠨ᠂ ᠪᠦᠬᠦ ᠨᠠᠮ ᠤᠨ ᠬᠡᠪᠴᠢᠶᠡᠨ ᠳᠤ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠥᠷᠨᠢᠭᠦᠯᠬᠦ ᠪᠠᠷ | ᠲᠣᠭᠲᠠᠵᠤ᠂ ᠤᠶᠢᠷ᠎ᠠ ᠶᠢᠨ ᠬᠤᠭᠤᠴᠠᠭᠠᠨ ᠳᠤ᠂ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠪᠠᠷᠢᠮᠲᠠᠯᠠᠵᠤ | ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ | ᠱᠠᠭᠠᠷᠳᠠᠯᠭ᠎ᠠ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠥᠪᠡᠷ ᠤᠨ ᠤᠯᠤᠰ ᠲᠥᠷᠥ ᠪᠠ ᠠᠵᠢᠯ ᠤᠨ ᠡᠭᠦᠷᠭᠡᠯᠡᠯ ᠳᠠᠬᠢ ᠵᠥᠷᠢᠶ᠎ᠡ ᠪᠠᠨ | ᠭᠦᠨᠵᠡᠭᠡᠶ ᠡᠷᠢᠵᠦ᠂ ᠭᠤᠤᠯ ᠰᠡᠳᠦᠪᠲᠦ ᠬᠥᠮᠦᠵᠢᠯ ᠤᠨ ᠠᠵᠠ ᠲᠣᠬᠢᠶᠠᠯ ᠢ ᠠᠰᠢᠭᠯᠠ᠂ ᠥᠪᠡᠷ ᠤᠨ ᠬᠤᠪᠢᠳᠠᠨ ᠬᠠᠮᠢᠶᠠᠷᠴᠤ | ᠪᠠᠶᠢᠭ᠎ᠠ ᠠᠵᠢᠯ ᠲᠠᠢ ᠪᠠᠨ ᠤᠶᠠᠯᠳᠤᠭᠤᠯᠵᠤ᠂ ᠬᠤᠪᠢ ᠬᠥᠮᠦᠨ ᠤ ᠲᠥᠷᠥᠭᠳᠡᠯ ᠢᠶᠠᠨ ᠶᠠᠷᠢᠶ᠎ᠠ᠃ | ᠤᠭ ᠰᠠᠨᠠᠭ᠎ᠠ ᠪᠠᠨ ᠪᠠᠷᠢᠮᠲᠠᠯᠠᠬᠤ ᠳᠤ᠂ ︽ᠰᠤᠷᠤᠯᠴᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠪᠠᠰᠤ ᠡᠴᠦᠰ ᠤᠨ | ᠢᠯᠠᠯᠲᠠ ᠶᠢ ᠣᠯᠵᠤ ᠴᠢᠳᠠᠮᠤᠶ︾᠃ ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ | ᠶᠤᠮ᠂ ᠡᠪ ᠬᠠᠮᠲᠤ ᠨᠠᠮ ᠤᠨ ᠭᠡᠰᠢᠭᠦᠨ ᠨᠢᠭᠡᠪᠦᠷᠢ ᠨᠠᠮ ᠤᠨ ᠲᠤᠭ ᠤᠨ ᠡᠮᠦᠨ᠎ᠡ ᠲᠠᠩᠭᠠᠷᠢᠬᠯᠠᠬᠰᠠᠨ ᠡᠳᠦᠷ ᠤᠨ ᠵᠣᠷᠢᠯᠲᠠ | ᠪᠣᠯ ᠳᠠᠷᠤᠶ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠠᠪᠤᠳᠠᠯ ᠪᠣᠯᠤᠨ᠎ᠠ᠂ ᠬᠦᠰᠡᠯᠡᠩ | ᠬᠡᠳᠡᠭ ᠨᠢ ᠳᠠᠷᠤᠶ ᠠᠯᠢᠪᠠ ᠪᠦᠬᠦᠨ ᠴᠥᠮ ᠥᠷᠭᠡᠨ ᠣᠯᠠᠨ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠶᠤᠮ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ | ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠤ ᠰᠤᠷᠤᠯᠴᠠᠯᠭ᠎ᠠ᠂ ᠦᠢᠯᠡᠳᠦᠯᠭᠡ ᠶᠢᠨ ᠳ᠋ᠦᠩᠨᠡᠯᠲᠡ ᠵᠡᠷᠭᠡ ᠣᠯᠠᠨ | ᠵᠦᠢᠯ ᠤᠨ ᠬᠡᠯᠪᠡᠷᠢ ᠪᠠᠷ ︽ᠨᠠᠮ ᠤᠨ ᠳᠦᠷᠢᠮ︾ ︽ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠥᠭᠦᠯᠡᠯᠲᠡ ᠶᠢᠨ ᠲᠡᠭᠦᠪᠦᠷᠢ︾ ᠪᠣᠯᠤᠨ ᠶᠡᠷᠦᠩᠬᠡᠶ ᠱᠦᠵᠢ ᠶᠢᠨ | ᠬᠠᠮᠤᠭ ᠤᠨ ᠰᠢᠨ᠎ᠡ ᠬᠤᠯᠪᠣᠭᠳᠠᠯ ᠪᠦᠬᠦᠢ ᠤᠨᠤᠯ ᠤᠨ ᠵᠣᠬᠢᠶᠠᠯ᠂ ᠴᠢᠬᠤᠯᠠ ᠶᠠᠷᠢᠶ᠎ᠠ ᠵᠢᠴᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ | ᠨᠠᠮᠴᠢ ᠴᠢᠨᠠᠷ ᠢ ᠴᠢᠩᠭᠠᠳᠬᠠᠬᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠢᠯᠡᠷᠡᠭᠦᠯᠵᠦ᠂ | ᠠᠵᠢᠯ ᠢᠶᠠᠨ ᠴᠢᠨᠠᠷ ᠰᠠᠶᠢᠲᠠᠶ ᠥᠷᠨᠢᠭᠦᠯᠬᠦ ᠶᠢ ᠠᠬᠢᠭᠤᠯᠬᠤ ᠠᠮᠢᠳᠤᠯᠢᠭ ᠦᠢᠯᠡᠳᠦᠯᠬᠡ ᠪᠣᠯᠭᠠᠨ ᠬᠤᠪᠢᠷᠠᠭᠤᠯᠬᠤ ᠬᠡᠷᠡᠭᠲᠡᠶ᠃ | | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠳᠤ᠂ ︽ᠬᠠᠷᠢᠭᠤᠴᠠᠯᠭ᠎ᠠ︾ ᠶᠢ ᠪᠠᠷᠢᠮᠲᠠᠯᠠᠵᠤ᠂ ᠪᠡᠶ᠎ᠡ ᠪᠠᠨ ᠵᠠᠰᠠᠬᠤ | ᠦᠨᠳᠦᠰᠦ ᠰᠠᠭᠤᠷᠢ ᠶᠢ ᠴᠣᠭᠴᠠᠯᠠᠬᠤ ᠬᠡᠷᠡᠭᠲᠡᠶ᠃ ᠬᠦᠰᠡᠯᠡᠩ ᠪᠠ ᠢᠲᠡᠭᠡᠯ ᠵᠣᠷᠢᠭ ᠪᠣᠯ ᠳᠤᠮᠳᠠᠳᠤ ᠤᠯᠤᠰ ᠤᠨ ᠡᠪ | ᠬᠠᠮᠲᠤ ᠶᠢᠨ ᠦᠨᠳᠦᠰᠦ ᠮᠥᠨ᠂ ᠲᠡᠷᠡ ᠨᠢ ᠬᠥᠮᠦᠰ ᠤᠨ ᠦᠢᠯᠡ ᠠᠵᠢᠯᠯᠠᠭ᠎ᠠ ᠶᠢ ᠵᠢᠯᠣᠭᠤᠳᠴᠤ ᠪᠠᠶᠢᠳᠠᠭ᠂ ᠬᠡᠷᠪᠡ ᠵᠥᠪ | ᠬᠦᠰᠡᠯᠡᠩ ᠪᠠ ᠢᠲᠡᠭᠡᠯ ᠵᠣᠷᠢᠭ ᠪᠠᠶᠢᠬᠤ ᠦᠭᠡᠢ ᠪᠣᠯ ᠳᠠᠷᠤᠶ ᠤᠷᠤᠭᠰᠢᠯᠠᠯᠲᠠ ᠶᠢᠨ ᠳᠤᠮᠳᠠ ᠴᠢᠭᠯᠡᠯ ᠢᠶᠠᠨ ᠠᠯᠳᠠᠵᠤ᠂ ᠠᠮᠢ | ᠨᠠᠰᠤ ᠨᠢ ᠳᠠᠷᠤᠶ ᠤᠳᠬ᠎ᠠ ᠠᠭᠤᠯᠭ᠎ᠠ ᠦᠭᠡᠢ ᠪᠣᠯᠬᠤ ᠶᠤᠮ᠃ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠴᠢᠳᠠᠮᠠᠭᠠᠶ ᠪᠠᠷ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ | ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠠᠷᠢᠭᠤᠴᠠᠯᠭ᠎ᠠ ᠪᠠᠨ ᠡᠭᠦᠷᠭᠡᠯᠡᠵᠦ᠂ ᠤᠬᠠᠮᠰᠠᠷ ᠠᠴᠠ ᠪᠠᠨ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠷᠢᠭᠤᠴᠠᠯᠭ᠎ᠠ ᠡᠭᠦᠷᠭᠡᠯᠡᠬᠦ | ᠦᠭᠡᠢ᠂ ᠵᠠᠶᠢᠯᠠᠵᠤ ᠲᠤᠳᠠᠭᠠᠬᠤ ᠦᠭᠡᠢ᠂ ᠬᠠᠷᠢᠭᠤᠴᠠᠯᠭ᠎ᠠ ᠠᠯᠳᠠᠬᠤ ᠦᠭᠡᠢ ᠪᠠᠶᠢᠬᠤ ᠪᠠᠷ ᠪᠠᠷᠠᠬᠤ ᠦᠭᠡᠢ᠂ ᠪᠠᠰᠠ ᠥᠪᠡᠷ | ᠪᠡᠶ᠎ᠡ ᠳᠤ ᠪᠠᠨ ᠲᠠᠷᠤᠮᠳᠠ ᠦᠭᠴᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠡᠮᠡᠴᠡᠯ ᠤᠨ ᠵᠣᠷᠢᠭ | ᠰᠠᠨᠠᠭ᠎ᠠ ᠶᠢ ᠪᠠᠷᠢᠮᠲᠠᠯᠠᠨ᠂ ᠠᠶᠤᠯ ᠲᠦᠭᠰᠢᠭᠦᠷᠢ ᠥᠷᠢᠰᠥᠯᠳᠦᠭᠡᠨ ᠳᠤ ᠰᠢᠭᠤᠳ ᠬᠠᠨᠳᠤᠵᠤ᠂ ᠣᠷᠣᠨ ᠪᠠᠶᠢᠷᠢ ᠳᠠᠭᠠᠨ | ᠪᠠᠶᠢᠵᠤ᠂ ᠠᠵᠢᠯ ᠶᠠᠪᠤᠳᠠᠯ ᠬᠢᠵᠦ᠂ ᠦᠷ᠎ᠡ ᠪᠦᠲᠦᠮᠵᠢ ᠶᠢ ᠨᠢ ᠣᠯᠬᠤ ᠪᠠᠷ ᠪᠠᠷᠠᠬᠤ ᠦᠭᠡᠢ᠂ ᠨᠠᠮ ᠪᠠ ᠠᠷᠠᠳ ᠲᠦᠮᠡᠨ ᠤ | ᠰᠠᠶᠢᠨ ᠨᠠᠮ ᠤᠨ ᠭᠡᠰᠢᠭᠦᠨ ᠪᠣᠯᠬᠤ ᠬᠡᠷᠡᠭᠲᠡᠶ᠃ | ᠵᠥᠷᠢᠶ᠎ᠡ ᠪᠠᠨ ᠡᠷᠢᠬᠦ ᠳᠤ ︽ᠰᠤᠳᠤᠯᠬᠤ︾ ᠶᠢ ᠪᠠᠷᠢᠮᠲᠠᠯᠠᠨ ᠬᠦᠴᠦ ᠲᠠᠯᠪᠢᠵᠦ᠂ ᠬᠤᠲᠠ ᠶᠢ ᠬᠦᠭᠵᠢᠬᠦᠯᠵᠦ ᠲᠡᠶᠢᠯᠬᠦ | ᠦᠢᠯᠡᠰ ᠢ ᠪᠠᠶᠢᠭᠤᠯᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠬᠢᠬᠦ ᠶᠢ ᠴᠢᠩᠭ᠎ᠠ ᠠᠳᠬᠤᠵᠤ᠂ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠶᠢ ᠪᠦᠬᠦ ᠶᠠᠪᠤᠴᠠ ᠳᠤ ᠲᠤᠭᠤᠰᠢᠯᠠᠭᠤᠯᠵᠠᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠨᠠᠮ ᠪᠣᠯᠤᠨ ᠠᠷᠠᠳ ᠣᠯᠠᠨ ᠤ ᠮᠢᠬ᠎ᠠ ᠴᠢᠰᠤᠨ ᠤ ᠬᠠᠷᠢᠯᠴᠠᠭ᠎ᠠ ᠶᠢ ᠨᠢᠭᠲᠠᠷᠠᠭᠤᠯᠬᠤ ᠠᠴᠠ ᠡᠭᠦᠰᠴᠦ᠂ ᠪᠦᠬᠦ | ᠬᠤᠲᠠ ᠶᠢᠨ ᠠᠵᠤ ᠠᠬᠤᠢ ᠨᠡᠶᠢᠬᠡᠮ ᠤᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠬᠤ ᠠᠴᠠ ᠡᠭᠦᠰᠴᠦ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠭᠤᠯᠭ᠎ᠠ ᠶᠢᠨ | ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠬᠡᠷᠡᠭᠲᠡᠢ᠃ ᠦᠨᠡᠨᠬᠦ᠂ ᠠᠮᠢᠳᠤᠷᠠᠯ ᠳᠤ | ᠭᠦᠨᠵᠡᠭᠡᠶᠢᠷᠡᠵᠦ᠂ ᠪᠠᠶᠢᠴᠠᠭᠠᠨ ᠰᠤᠳᠤᠯᠤᠯᠲᠠ ᠬᠢᠬᠦ ᠳᠤᠮᠳᠠ ᠨᠠᠮ ᠤᠨ ᠰᠢᠨ᠎ᠡ ᠶᠢ ᠡᠭᠦᠳᠬᠦ ᠣᠨᠣᠯ ᠵᠢᠴᠢ ᠲᠡᠭᠦᠨ ᠤ | ᠵᠣᠷᠢᠭ ᠰᠠᠨᠠᠭᠠᠨ ᠤ ᠠᠭᠤᠯᠤᠭᠳᠠᠬᠤᠨ ᠢ ᠣᠶᠢᠯᠠᠭᠠᠵᠤ᠂ ᠪᠠᠶᠢᠴᠠᠭᠠᠨ ᠰᠤᠳᠤᠯᠤᠯᠲᠠ ᠬᠢᠬᠦ ᠳᠤᠮᠳᠠ ᠲᠣᠰ ᠪᠡᠶ᠎ᠡ ᠪᠣᠯᠤᠨ ᠬᠡᠪ | ᠳᠠᠭᠤᠷᠢᠶᠠᠯ ᠤᠨ ᠵᠥᠷᠢᠶ᠎ᠡ ᠬᠦᠷᠦᠯᠴᠡᠬᠦ ᠦᠭᠡᠢ ᠪᠠᠶᠢᠵᠤ᠂ ᠪᠠᠶᠢᠴᠠᠭᠠᠨ ᠰᠤᠳᠤᠯᠤᠯᠲᠠ ᠬᠢᠬᠦ ᠳᠤᠮᠳᠠ ᠣᠯᠠᠨ ᠲᠦᠮᠡᠨ ᠤ | ᠬᠦᠴᠦᠨ ᠴᠢᠳᠠᠯ ᠢ ᠨᠢᠭᠲᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠶᠢ ᠦᠨᠡᠨᠬᠦ ᠪᠣᠳᠠᠲᠠᠶ ᠠᠰᠠᠭᠤᠳᠠᠯ ᠢ | ᠰᠢᠢᠳᠪᠦᠷᠢᠯᠡᠬᠦ ᠶᠠᠪᠤᠴᠠ ᠪᠣᠯᠭᠠᠬᠤ ᠬᠡᠷᠡᠭᠲᠡᠶ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ︽ᠪᠣᠳᠠᠲᠠᠶ︾ ᠪᠠᠶᠢᠬᠤ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ | ᠣᠶᠤᠨ ᠤᠬᠠᠭᠠᠨ ᠢᠶᠠᠨ ᠰᠢᠪᠬᠠᠬᠤ ᠬᠡᠷᠡᠭᠲᠡᠶ᠃ ︽ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ | ᠨᠠᠶᠢᠳᠠᠪᠤᠷᠢᠵᠢᠭᠤᠯᠤᠯᠲᠠ︾᠃ ᠨᠠᠮ ᠤᠨ ᠭᠡᠰᠢᠭᠦᠨ ᠺᠠᠳ᠋ᠷ ᠤᠨ ᠬᠡᠯᠡᠵᠦ ᠪᠣᠯᠬᠤ ᠦᠭᠡᠢ ᠵᠦᠢᠯ ᠢ ᠬᠦᠢᠴᠡᠳ ᠬᠢᠵᠦ ᠪᠣᠯᠬᠤ | ᠦᠭᠡᠢ᠂ ᠬᠡᠯᠡᠬᠦ ᠨᠢ ᠰᠠᠶᠢᠨ ᠬᠢᠵᠦ ᠴᠢᠳᠠᠬᠤ ᠦᠭᠡᠢ᠂ ᠦᠭᠡ ᠬᠡᠯᠡ ᠲᠠᠢ ᠠᠪᠤᠷᠭᠤ ᠬᠥᠮᠦᠨ ᠤ ᠦᠢᠯᠡ ᠠᠵᠢᠯᠯᠠᠭ᠎ᠠ ᠨᠢ | ᠪᠣᠭᠤᠨᠢ ᠪᠠᠶᠢᠳᠠᠭ᠂ ᠡᠨᠡ ᠨᠢ ᠬᠤᠪᠢ ᠬᠥᠮᠦᠨ ᠤ ᠳᠦᠷᠢ ᠲᠥᠷᠬᠦ ᠶᠢ ᠬᠤᠬᠢᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ | ᠡᠩᠨᠡᠭᠡᠨ ᠤ ᠳᠦᠷᠢ ᠲᠥᠷᠬᠦ ᠶᠢ ᠭᠤᠲᠤᠭᠠᠵᠤ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠠᠵᠢᠯ ᠬᠢᠵᠦ ᠦᠢᠯᠡᠰ ᠪᠣᠰᠬᠠᠬᠤ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠭᠦᠷᠭᠡ ᠲᠤᠰᠢᠶᠠᠯ ᠢᠶᠠᠨ ᠬᠦᠢᠴᠡᠳᠭᠡᠵᠦ | ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠲᠤᠰᠢᠶᠠᠯ ᠬᠠᠷᠢᠭᠤᠴᠠᠯᠭ᠎ᠠ ᠶᠢᠨ ᠳᠣᠲᠣᠷᠠᠬᠢ ᠡᠯ᠎ᠡ | ᠵᠦᠢᠯ ᠤᠨ ᠠᠵᠢᠯ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠦ᠂ ᠶᠠᠪᠤᠳᠠᠯ ᠪᠦᠬᠦᠨ ᠢ ᠬᠠᠷᠢᠭᠤ ᠥᠭᠬᠦ ᠬᠡᠷᠡᠭᠲᠡᠶ᠃ | ︽ᠲᠩᠷᠢ ᠲᠤᠯᠤᠮ᠎ᠠ ᠮᠣᠳᠣᠨ ᠳᠤ ᠦᠨᠳᠦᠰᠦ ᠪᠣᠶ᠂ ᠠᠭᠤᠯᠠ ᠤᠰᠤ ᠳᠤ ᠦᠨᠳᠦᠰᠦ ᠪᠣᠶ︾᠂ ᠠᠷᠠᠳ ᠲᠦᠮᠡᠨ ᠪᠣᠯ | ᠨᠠᠮ ᠪᠣᠯᠤᠨ ᠤᠯᠤᠰ ᠤᠨ ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ ᠦᠨᠳᠦᠰᠦᠨ ᠬᠦᠴᠦᠨ ᠮᠥᠨ᠂ ᠤᠭ ᠰᠠᠨᠠᠭ᠎ᠠ ᠪᠠᠨ | ᠦᠯᠦ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠪᠠᠨ ᠪᠠᠶᠢᠵᠤ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠴᠢᠩ ᠦᠨᠡᠨᠴᠢ ᠰᠡᠳᠬᠢᠯ ᠢ ᠡᠭᠦᠷᠢᠳᠡ ᠪᠠᠲᠤᠯᠠᠪᠠᠯ ᠰᠠᠶ᠋ᠢ | ᠬᠤᠪᠢᠰᠬᠠᠯᠳᠦ ᠪᠠᠭᠠᠳᠤᠷᠴᠤᠳ ᠲᠤ ᠤᠰᠤᠯᠳᠤᠬᠤ ᠦᠭᠡᠢ᠂ ᠤᠷᠢᠳᠤᠬᠢ ᠪᠠᠨ ᠳᠤᠷᠠᠰᠤᠨ ᠰᠠᠨᠠᠭᠠᠯᠵᠠᠵᠤ᠂ ᠠᠷᠠᠳ ᠤᠨ | ᠰᠡᠳᠬᠢᠯ ᠢ ᠣᠯᠵᠤ᠂ ᠭᠠᠪᠢᠶ᠎ᠠ ᠵᠢᠳᠬᠦᠯ ᠥᠨᠢ ᠤᠳᠠᠭᠠᠨ ᠪᠠᠶᠢᠵᠤ ᠴᠢᠳᠠᠨ᠎ᠠ᠃ | | ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ | | |