︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠳᠦᠪᠳᠦ ᠬᠦᠮᠦᠵᠢᠯ | ᠤᠨ ᠬᠤᠶᠠᠳᠤᠭᠠᠷ ᠪᠦᠯᠦᠭ ᠤᠨ ᠰᠤᠷᠤᠯᠴᠠᠯᠭ᠎ᠠ ᠶᠢᠨ ᠤᠯᠤᠯᠳᠠ ᠲᠦᠷᠦᠭᠳᠡᠯ | ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠶᠢᠨ | ᠲᠥᠯᠥᠭᠡ ᠬᠦᠴᠦ ᠪᠠᠨ ᠨᠡᠮᠡᠷᠢᠯᠡᠶ᠎ᠠ | ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠭᠤᠤ ᠶᠢᠨ ᡁᠢ | | | | | ᠤᠭ ᠰᠠᠨᠠᠭ᠎ᠠ ᠪᠠᠨ ᠦᠯᠦ ᠮᠠᠷᠲᠠᠪᠠᠯ ᠰᠠᠶ᠋ᠢ ᠢᠲᠡᠭᠡᠯ ᠵᠣᠷᠢᠭ ᠢᠶᠠᠨ ᠪᠠᠲᠤᠳᠬᠠᠵᠤ ᠴᠢᠳᠠᠨ᠎ᠠ︔ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠪᠡᠯ ᠰᠠᠶ᠋ᠢ ᠡᠷᠡᠮᠡᠬᠡᠶᠢᠯᠡᠨ ᠤᠷᠤᠭᠰᠢᠯᠠᠵᠤ ᠴᠢᠳᠠᠨ᠎ᠠ᠃ 9 ᠰᠠᠷ᠎ᠠ ᠶᠢᠨ 17 ᠤ ᠡᠳᠦᠷ᠂ | ᠮᠠᠨ ᠤ ᠬᠤᠲᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ | ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠶᠢᠨ ᠬᠠᠮᠲᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠭᠤᠤᠯ ᠰᠡᠳᠦᠪᠲᠦ | ᠬᠥᠮᠦᠵᠢᠯ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠬᠠᠮᠲᠤ ᠮᠠᠨ ᠤ ᠬᠤᠲᠠ ᠶᠢᠨ ᠭᠤᠤᠯ ᠰᠡᠳᠦᠪᠲᠦ ᠬᠥᠮᠦᠵᠢᠯ ᠥᠷᠨᠢᠭᠦᠯᠬᠦ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠱᠠᠭᠠᠷᠳᠠᠯᠭ᠎ᠠ ᠶᠣᠰᠣᠭᠠᠷ᠂ ᠪᠢ ︽ᠶᠡᠷᠦᠩᠬᠡᠶ ᠱᠦᠵᠢ ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠴᠢᠬᠤᠯᠠ ᠥᠭᠦᠯᠡᠯᠲᠡ ᠶᠢᠨ ᠲᠡᠭᠦᠪᠦᠷᠢ︾᠂ ︽ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠬᠤ ᠬᠥᠲᠥᠯᠪᠦᠷᠢ︾ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠭᠦᠨᠵᠡᠭᠡᠶ ᠰᠤᠳᠤᠯᠤᠨ ᠤᠩᠰᠢᠵᠤ᠂ ᠤᠯᠤᠰ | ᠲᠥᠷᠦ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠪᠡ᠃ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠪᠠ᠃ ᠤᠭ ᠰᠠᠨᠠᠭ᠎ᠠ ᠪᠠᠨ ᠦᠯᠦ ᠮᠠᠷᠲᠠᠪᠠᠯ᠂ | ᠡᠴᠦᠰ ᠤᠨ ᠢᠯᠠᠯᠲᠠ ᠶᠢ ᠦᠯᠦ ᠣᠯᠵᠤ ᠴᠢᠳᠠᠨ᠎ᠠ᠃ ᠶᠡᠷᠦᠩᠬᠡᠶ ᠱᠦᠵᠢ ᠰᠢ ᠶᠢᠨ ᠫᠢᠩ ︽ᠲᠣᠰ ᠤᠳᠠᠭ᠎ᠠ ᠶᠢᠨ ᠭᠤᠤᠯ | ᠰᠡᠳᠦᠪᠲᠦ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠠᠭᠤᠤ ᠶᠡᠭᠡ ᠲᠡᠮᠡᠴᠡᠯ᠂ ᠠᠭᠤᠤ ᠶᠡᠭᠡ | ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ ᠪᠠᠶᠢᠭᠠᠳ | ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠳᠦ ᠢᠯᠠᠯᠲᠠ ᠶᠢ ᠣᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ | ᠬᠤᠯᠪᠣᠭᠳᠠᠯ ᠲᠠᠢ ᠶᠤᠮ︾ ᠭᠡᠵᠦ ᠵᠢᠭᠠᠵᠤ ᠭᠠᠷᠭᠠᠪᠠ᠃ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠦᠵᠡᠯ | ᠰᠠᠨᠠᠭ᠎ᠠ ᠪᠠᠷ ᠨᠠᠮ ᠪᠠᠶᠢᠭᠤᠯᠬᠤ᠂ ᠣᠨᠣᠯ ᠢᠶᠠᠷ ᠨᠠᠮ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠰᠤᠷᠤᠯᠴᠠᠬᠤ ᠰᠡᠳᠬᠢᠬᠦ | ᠬᠡᠷᠡᠭᠯᠡᠬᠦ ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠰᠢᠰᠲ᠋ᠧᠮ ᠲᠠᠢ | ᠰᠤᠷᠤᠯᠴᠠᠵᠤ᠂ ᠭᠦᠨᠵᠡᠭᠡᠶ ᠰᠡᠳᠬᠢᠨ ᠰᠤᠷᠤᠯᠴᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ︽ᠳᠥᠷᠪᠡᠨ | ᠤᠬᠠᠮᠰᠠᠷ︾ ᠢ ᠲᠠᠰᠤᠷᠠᠯᠲᠠ ᠦᠭᠡᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠢᠲᠡᠭᠡᠯ ᠪᠢᠰᠢᠷᠡᠯ ᠤᠨ ᠰᠠᠭᠤᠷᠢ᠂ ᠣᠶᠤᠨ ᠰᠠᠨᠠᠭᠠᠨ ᠤ ᠺᠠᠯᠼ ᠢ ᠪᠠᠲᠤᠳᠬᠠᠵᠤ᠂ | ᠦᠵᠡᠯ ᠰᠠᠨᠠᠭᠠᠨ ᠤ ᠵᠠᠯᠠᠭᠤᠷ ᠢ ᠡᠵᠡᠮᠳᠡᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠦᠨᠡᠨᠬᠦ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠬᠡᠷᠡᠭᠲᠡᠶ᠃ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠨ᠎ᠡ᠃ ᠶᠡᠷᠦᠩᠬᠡᠶ ᠱᠦᠵᠢ ᠰᠢ ᠶᠢᠨ ᠫᠢᠩ ︽ᠲᠣᠰ | ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ | ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠬᠦᠰᠡᠯ | ᠵᠡᠭᠦᠳᠦ ᠪᠠᠨ ᠲᠡᠷᠭᠡᠯᠰᠢᠭᠦᠯᠬᠦ ᠶᠢᠨ ᠲᠥᠯᠥᠭᠡ ᠶᠤᠮ᠃ ᠪᠣᠳᠠᠲᠠᠶ ᠬᠠᠷᠠᠯᠲᠠ ᠪᠣᠯ ᠣᠨᠣᠯ ᠤᠨ ᠰᠤᠷᠤᠯᠴᠠᠯᠭ᠎ᠠ ᠳᠤ | ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠥ ᠶᠢᠨ ᠳᠠᠪᠲᠠᠯᠲᠠ ᠶᠢ ᠬᠦᠯᠢᠶᠡᠵᠦ᠂ ᠠᠵᠢᠯ ᠬᠢᠵᠦ ᠦᠢᠯᠡᠰ ᠪᠣᠰᠬᠠᠨ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠨ | ᠥᠭᠴᠦ᠂ ᠦᠯᠢᠭᠡᠷ ᠳᠠᠭᠤᠷᠢᠶᠠᠯ ᠪᠣᠯᠬᠤ ᠶᠠᠪᠤᠳᠠᠯ ᠪᠣᠯᠤᠨ᠎ᠠ᠃︾ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠢᠶᠠᠷ | ᠳᠠᠮᠵᠢᠭᠤᠯᠤᠨ᠂ ᠪᠢ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ | ᠨᠠᠮ ᠤᠨ ᠲᠥᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ | ᠰᠤᠷᠤᠯᠴᠠᠨ ᠪᠠᠲᠤᠲᠠᠶ ᠬᠡᠷᠡᠭᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ | ᠤᠯᠠᠮ ᠨᠢᠭᠡ ᠠᠯᠬᠤᠮ ᠲᠤᠭᠤᠰᠢᠯᠠᠭᠤᠯᠤᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ | ᠡᠷᠴᠢ ᠵᠣᠷᠢᠭ ᠢᠶᠠᠨ ᠤᠯᠠᠮ ᠨᠢᠭᠡ ᠠᠯᠬᠤᠮ ᠦᠢᠯᠡᠳᠦᠯᠬᠡᠵᠢᠬᠦᠯᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠬᠦ᠂ | ᠢᠳᠡᠪᠬᠢᠲᠡᠶ ᠪᠠᠷ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯ ᠤᠨ ᠡᠭᠦᠷᠭᠡ ᠶᠢ ᠭᠦᠨᠵᠡᠭᠡᠶ ᠲᠤᠭᠤᠰᠢᠯᠠᠭᠤᠯᠪᠠ᠃ ︽︿ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤ ᠡᠴᠦᠰ ᠤᠨ | ᠡᠴᠦᠰ ᠲᠡᠭᠡᠨ ᠳᠤᠮᠳᠠᠳᠤ ᠤᠯᠤᠰ ᠤᠨ ᠡᠪ ᠬᠠᠮᠲᠤ ᠨᠠᠮ ᠡᠷᠬᠡᠪᠰᠢ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠳᠤ | ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠡᠷᠡᠭᠲᠡᠶ︾᠃ ᠲᠣᠰ | ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠬᠤ ᠳᠤ᠂ ᠡᠷᠡᠰ ᠬᠠᠲᠠᠭᠤ ᠲᠡᠮᠡᠴᠡᠯ ᠤᠨ ᠵᠣᠷᠢᠭ | ᠰᠠᠨᠠᠭ᠎ᠠ ᠪᠠᠷ᠂ ᠬᠠᠲᠠᠭᠤ ᠪᠡᠷᠬᠡ ᠶᠢ ᠬᠥᠨᠳᠡᠬᠦ ᠠᠵᠢᠯ ᠤᠨ ᠣᠪᠣᠷ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠠᠵᠢᠯ ᠤᠨ | ᠰᠤᠷᠲᠠᠯ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠢ ᠰᠠᠶᠢᠲᠤᠷ ᠠᠳᠬᠤᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠬᠦᠯᠦᠨ᠂ | ᠰᠣᠶᠣᠯ ᠵᠤᠭᠠᠴᠠᠯ ᠤᠨ ᠠᠯᠳᠠᠷᠰᠢᠯ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ | ᠲᠠᠯ᠎ᠠ ᠶᠢᠨ ᠠᠵᠢᠯ ᠢ ᠴᠢᠩᠭ᠎ᠠ ᠠᠳᠬᠤᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠳᠤ ᠥᠪᠡᠷ ᠤᠨ | ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ | | ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ | |