︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠳᠦᠪᠳᠦ | ᠬᠦᠮᠦᠵᠢᠯ ᠤᠨ ᠬᠤᠶᠠᠳᠤᠭᠠᠷ ᠪᠦᠯᠦᠭ ᠤᠨ ᠰᠤᠷᠤᠯᠴᠠᠯᠭ᠎ᠠ ᠶᠢᠨ ᠤᠯᠤᠯᠳᠠ ᠲᠦᠷᠦᠭᠳᠡᠯ | ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ | ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠳᠡᠳ᠋ ᠳᠠᠷᠤᠭ᠎ᠠ — — — | ᠨᠢᠶᠧ ᠸᠧᠨ ᠾᠦᠢ | | | | | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠡᠨᠡᠬᠦ ᠴᠢᠬᠤᠯᠠ | ᠴᠠᠭ ᠮᠥᠴᠡ ᠳᠤ᠂ ᠮᠠᠨ ᠤ ᠨᠠᠮ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠶᠠᠭᠤ ᠶᠢ ︽ᠤᠭ ᠰᠠᠨᠠᠭ᠎ᠠ︾ ︽ᠡᠭᠦᠷᠭᠡ | ᠬᠠᠷᠢᠭᠤᠴᠠᠯᠭ᠎ᠠ︾ ᠭᠡᠬᠦ ᠪᠣᠶ︖ ︽ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ︾ ᠪᠣᠯ ᠳᠤᠮᠳᠠᠳᠤ ᠤᠯᠤᠰ ᠤᠨ ᠡᠪ ᠬᠠᠮᠲᠤ ᠶᠢᠨ | ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ | ᠬᠠᠮᠲᠤ ᠶᠢᠨ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ ᠶᠢ | ᠵᠣᠷᠢᠭᠵᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ ᠬᠤᠤᠯᠢᠩᠭᠤᠤᠯ ᠬᠤᠲᠠ ᠶᠢᠨ ᠨᠢᠭᠡᠨ ᠨᠠᠮ ᠤᠨ ᠭᠡᠰᠢᠭᠦᠨ | ᠺᠠᠳ᠋ᠷ ᠪᠤᠯᠤᠭᠰᠠᠨ ᠤ ᠬᠤᠪᠢ ᠳᠤ᠂ ᠬᠡᠷᠬᠢᠨ ︽ᠤᠭ ᠰᠠᠨᠠᠭ᠎ᠠ ᠪᠠᠨ ᠦᠯᠦ ᠮᠠᠷᠲᠠᠬᠤ︾᠂ ︽ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠶᠢ ᠦᠢᠯᠡᠳᠦᠯᠬᠡᠵᠢᠬᠦᠯᠬᠦ ᠳᠤ᠂ ᠪᠢ ᠪᠠᠰᠠ ᠥᠪᠡᠷ ᠤᠨ ᠪᠡᠶ᠎ᠡ ᠲᠠᠢ ᠪᠠᠨ ᠤᠶᠠᠯᠳᠤᠭᠤᠯᠤᠨ ᠭᠦᠨᠵᠡᠭᠡᠶ | ᠪᠣᠳᠣᠯᠬᠢᠯᠠᠪᠠ᠃ | ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ | ᠪᠠᠬᠢᠵᠢᠭᠦᠯᠦᠨ᠎ᠡ᠃ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠣᠯ ᠮᠠᠨ ᠤ ᠨᠠᠮ ᠤᠨ ᠨᠢᠭᠡᠨ ᠴᠢᠬᠤᠯᠠ ᠵᠦᠢᠯ ᠮᠥᠨ᠂ ᠡᠷᠡᠰ | ᠪᠠᠲᠤ ᠤᠨᠤᠯ ᠤᠨ ᠵᠡᠪᠰᠡᠭᠯᠡᠯ ᠲᠠᠢ ᠪᠣᠯᠪᠠᠯ ᠰᠠᠶ᠋ᠢ ᠡᠷᠡᠰ ᠪᠠᠲᠤ ᠢᠲᠡᠭᠡᠯ ᠵᠣᠷᠢᠭ᠂ ᠪᠠᠲᠤ ᠴᠢᠩᠭ᠎ᠠ ᠨᠠᠮᠴᠢ ᠴᠢᠨᠠᠷ᠂ ᠡᠷᠡᠰ | ᠪᠠᠲᠤ ᠬᠠᠷᠢᠭᠤᠴᠠᠯᠭᠠᠲᠤ ᠰᠡᠳᠬᠢᠯᠭᠡ ᠲᠠᠢ ᠪᠣᠯᠵᠤ ᠴᠢᠳᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠣᠳᠣ ᠦᠶ᠎ᠡ ᠶᠢᠨ ᠳᠤᠮᠳᠠᠳᠤ ᠤᠯᠤᠰ ᠤᠨ | ᠮᠠᠷᠺᠰ ᠤᠨ ᠦᠵᠡᠯ ᠪᠠᠶᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠨ᠎ᠡ ᠣᠷᠭᠢᠯ ᠢ | ᠡᠭᠦᠳᠴᠡᠶ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠠᠪᠴᠤ ᠬᠡᠯᠡᠪᠡᠯ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠠᠮᠢ ᠠᠬᠤᠢ ᠶᠢᠨ ᠪᠣᠯᠪᠠᠰᠤᠨ ᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠳᠤ ᠣᠷᠣᠭᠤᠯᠤᠭᠰᠠᠨ ᠠᠴᠠ ᠠᠮᠢ ᠠᠬᠤᠢ ᠶᠢᠨ ᠪᠣᠯᠪᠠᠰᠤᠨ ᠤ ᠪᠠᠶᠢᠷᠢ | ᠰᠠᠭᠤᠷᠢ ᠶᠢ ᠪᠠᠶᠢᠯᠳᠤᠬᠤ ᠪᠣᠳᠣᠯᠭ᠎ᠠ ᠶᠢᠨ ᠰᠢᠨ᠎ᠡ ᠥᠨᠳᠥᠷᠴᠡ ᠳᠤ ᠬᠦᠷᠲᠡᠯ᠎ᠡ ᠳᠡᠭᠡᠭᠰᠢᠯᠡᠭᠦᠯᠦᠭᠰᠡᠨ ᠪᠠᠶᠢᠨ᠎ᠠ᠃ ︽ᠬᠥᠮᠦᠨ | ᠪᠠᠶᠢᠭᠠᠯᠢ ᠠᠮᠢ ᠠᠬᠤᠶ ᠪᠣᠯ ᠳᠠᠷᠤᠶ ᠠᠯᠲᠠᠨ ᠮᠦᠩᠭᠦᠨ ᠠᠭᠤᠯᠠ ᠮᠥᠨ︾᠂ ︽ᠬᠥᠮᠦᠨ ᠪᠠᠶᠢᠭᠠᠯᠢ ᠪᠣᠯ ᠠᠮᠢ ᠨᠠᠰᠤᠨ ᠤ | ᠬᠠᠮᠲᠤ ᠶᠢᠨ ᠴᠣᠭᠴᠠ ᠮᠥᠨ᠂ ᠬᠥᠮᠦᠨ ᠲᠥᠷᠥᠯᠬᠢᠲᠡᠨ ᠡᠷᠬᠡᠪᠰᠢ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢᠯᠢᠭ ᠲᠠᠢ | ᠵᠣᠬᠢᠴᠠᠵᠤ᠂ ᠪᠠᠶᠢᠭᠠᠯᠢ ᠶᠢ ᠬᠠᠮᠠᠭᠠᠯᠠᠬᠤ ᠬᠡᠷᠡᠭᠲᠡᠶ︾᠂ ︽ᠠᠮᠢ ᠨᠠᠰᠤᠨ ᠳᠤ ᠬᠠᠨᠳᠤᠬᠤ ᠲᠠᠢ ᠠᠳᠠᠯᠢ ᠪᠠᠷ ᠠᠮᠢ ᠠᠬᠤᠢ ᠶᠢᠨ | ᠣᠷᠴᠢᠨ ᠲᠣᠭᠤᠷᠢᠨ ᠳᠤ ᠬᠠᠨᠳᠤᠬᠤ ᠬᠡᠷᠡᠭᠲᠡᠶ︾᠂ ︽ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠳᠠᠷᠤᠶ | ᠦᠢᠯᠡᠳᠪᠦᠷᠢᠯᠡᠯ ᠤᠨ ᠬᠦᠴᠦᠨ ᠢ ᠬᠠᠮᠠᠭᠠᠯᠠᠬᠤ ᠪᠣᠯᠤᠨ᠎ᠠ︾ ᠁ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠲᠠᠰᠤᠷᠠᠯᠲᠠ ᠥᠬᠡᠶ ᠴᠢᠩᠭᠠᠷᠠᠵᠤ ᠪᠣᠶ᠃ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠭᠤᠤᠯᠯᠠᠨ ᠬᠠᠮᠢᠶᠠᠷᠬᠤ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠪᠢ ᠪᠣᠬᠢᠷᠲᠤᠯ | ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠰᠠᠶᠢᠲᠤᠷ ᠦᠢᠯᠡᠳᠦᠯᠬᠡᠵᠢᠬᠦᠯᠵᠦ᠂ ︽ᠬᠤᠤᠯᠢᠩᠭᠤᠤᠯ ᠤᠨ ᠣᠭᠲᠠᠷᠭᠤᠶ ᠨᠢ | ᠨᠠᠩ ᠴᠡᠯᠮᠡᠭ᠂ ᠠᠭᠤᠯᠠ ᠨᠢ ᠨᠠᠩ ᠨᠣᠭᠤᠭᠠᠨ᠂ ᠤᠰᠤ ᠨᠢ ᠨᠠᠩ ᠲᠤᠩᠭᠠᠯᠠᠭ᠂ ᠠᠷᠠᠳ ᠣᠯᠠᠨ ᠤ ᠠᠮᠢᠳᠤᠷᠠᠯ ᠨᠢ ᠨᠠᠩ | ᠰᠠᠶᠢᠨ ᠰᠠᠶᠢᠬᠠᠨ ᠪᠣᠯᠭᠠᠬᠤ︾ ᠪᠠᠷ ᠥᠪᠡᠷ ᠤᠨ ᠴᠢᠷᠮᠠᠶᠢᠯᠭ᠎ᠠ ᠶᠢᠨ ᠴᠢᠭᠯᠡᠯ ᠪᠠ ᠲᠡᠮᠡᠴᠡᠬᠦ ᠬᠠᠷᠠᠯᠲᠠ ᠪᠠᠨ ᠪᠣᠯᠭᠠᠨ᠎ᠠ᠃ | ᠠᠷᠠᠳ ᠲᠦᠮᠡᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠢᠷᠭᠡᠳ ᠤᠨ ᠳᠤᠮᠳᠠ ᠦᠨᠳᠦᠰᠦ | ᠬᠠᠳᠬᠤᠨ᠎ᠠ᠃ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦ ᠮᠥᠨ᠂ | ᠮᠢᠨᠦ ᠦᠵᠡᠬᠦ ᠪᠠᠷ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠎ᠠ᠂ ᠡᠨᠡ ᠨᠢ ᠵᠥᠪᠬᠡᠨ ᠥᠷᠳᠡᠭ ᠪᠣᠯᠬᠤ ᠪᠠᠷ | ᠪᠠᠷᠠᠬᠤ ᠦᠭᠡᠢ᠂ ᠪᠠᠰᠠ ᠴᠤ ᠠᠵᠢᠯ ᠤᠨ ᠤᠳᠤᠷᠢᠳᠤᠮᠵᠢ ᠪᠣᠯᠤᠨ᠎ᠠ᠃ ᠪᠢᠳᠡ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ᠂ | ᠠᠷᠠᠳ ᠲᠦᠮᠡᠨ ᠤ ᠠᠰᠢᠭ ᠲᠤᠰᠠ ᠪᠠᠷ ᠵᠣᠷᠢᠯᠲᠠ ᠪᠠ ᠲᠤᠰᠤᠯᠲᠠ ᠪᠣᠯᠭᠠᠬᠤ ᠬᠡᠷᠡᠭᠲᠡᠶ ᠪᠥᠭᠡᠳ ᠣᠯᠠᠨ ᠲᠦᠮᠡᠨ ᠤ ᠣᠶᠤᠨ | ᠤᠬᠠᠭᠠᠨ ᠢ ᠰᠢᠩᠭᠡᠭᠡᠨ ᠠᠪᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ︔ ᠠᠵᠢᠯ ᠢᠶᠠᠨ ᠠᠬᠢᠭᠤᠯᠬᠤ ᠳᠠᠭᠠᠨ ᠵᠥᠪᠬᠡᠨ ᠣᠯᠠᠨ | ᠲᠦᠮᠡᠨ ᠢ ᠪᠦᠯᠬᠦᠮᠳᠡᠭᠦᠯᠵᠦ᠂ ᠣᠯᠠᠨ ᠲᠦᠮᠡᠨ ᠢ ᠴᠢᠳᠠᠮᠠᠭᠠᠶ ᠪᠠᠷ ᠳᠠᠶᠢᠴᠢᠯᠠᠬᠤ ᠬᠡᠷᠡᠭᠲᠡᠶ︔ ᠠᠵᠢᠯ ᠢᠶᠠᠨ ᠦᠨᠡᠯᠡᠬᠦ ᠳᠡᠭᠡᠨ | ᠠᠷᠠᠳ ᠲᠦᠮᠡᠨ ᠰᠡᠳᠬᠢᠯ ᠬᠠᠨᠤᠮᠵᠢᠳᠠᠢ ᠪᠠᠶᠢᠬᠤ ᠡᠰᠡᠬᠦ᠂ ᠠᠷᠠᠳ ᠲᠦᠮᠡᠨ ᠪᠠᠶᠠᠷᠯᠠᠵᠦ ᠪᠠᠶᠢᠬᠤ ᠡᠰᠡᠬᠦ ᠪᠠᠷ ᠰᠢᠯᠭᠠᠬᠤ | ᠪᠠᠷᠢᠮᠵᠢᠶ᠎ᠠ ᠪᠣᠯᠭᠠᠬᠤ ᠬᠡᠷᠡᠭᠲᠡᠶ᠃ ᠪᠣᠳᠠᠲᠠᠶ ᠠᠵᠢᠯ ᠤᠨ ᠲᠠᠯ᠎ᠠ ᠪᠠᠷ ᠠᠪᠴᠤ ᠬᠡᠯᠡᠪᠡᠯ᠂ ︽︿ᠡᠪᠳᠡᠷᠡᠵᠦ ᠰᠦᠢᠳᠦᠭᠰᠡᠨ﹀ ᠢ | ᠴᠥᠮ ᠵᠠᠰᠠᠨ ᠰᠡᠷᠭᠦᠭᠡᠵᠦ᠂ ︿ᠬᠤᠴᠣᠷᠴᠤ﹀ ᠪᠠᠶᠢᠬᠤ ᠶᠢ ᠴᠥᠮ ᠬᠥᠭᠡᠭᠡᠵᠦ ᠬᠦᠢᠴᠡᠬᠦ ᠪᠣᠯᠭᠠᠵᠤ᠂ ᠭᠠᠵᠠᠷ ᠣᠷᠣᠨ ᠤ ᠠᠮᠢ | ᠠᠬᠤᠢ ᠶᠢᠨ ᠴᠢᠳᠠᠮᠵᠢ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠪᠡᠶᠡᠯᠡᠭᠦᠯᠬᠦ︾ ᠪᠣᠯ ᠳᠠᠷᠤᠶ ᠠᠷᠠᠳ ᠲᠦᠮᠡᠨ ᠤ | ᠬᠦᠰᠡᠯ ᠡᠷᠡᠮᠡᠯᠵᠡᠯ ᠮᠥᠨ︔ ︽ᠬᠥᠭᠵᠢᠯᠲᠡ ᠪᠠ ᠠᠮᠢ ᠠᠬᠤᠢ ᠶᠢᠨ ᠬᠤᠶᠠᠷ ᠭᠤᠤᠯ ᠱᠤᠭᠤᠮ ᠢ ᠪᠠᠲᠤ ᠰᠠᠬᠢᠵᠤ᠂ ︿ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ᠂ ᠠᠮᠢ ᠠᠬᠤᠶ ᠶᠢ | ᠬᠥᠭᠵᠢᠭᠦᠯᠬᠦ﹀ ᠰᠢᠨ᠎ᠡ ᠵᠠᠮ ᠢ ᠨᠡᠭᠡᠭᠡᠵᠦ᠂ ᠠᠵᠤ ᠠᠬᠤᠶ ᠨᠡᠶᠢᠭᠡᠮ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠵᠡᠷᠭᠡᠪᠡᠷ ᠠᠬᠢᠭᠤᠯᠬᠤ﹀ ᠪᠣᠯ ᠳᠠᠷᠤᠶ ᠠᠷᠠᠳ ᠤᠨ ᠴᠢᠭᠯᠡᠯ ᠮᠥᠨ︔ ︽︿ᠴᠣᠩᠬᠤ ᠪᠠᠨ ᠨᠡᠬᠡᠭᠡᠪᠡᠯ ᠣᠢ ᠰᠢᠭᠤᠶ᠂ | ᠭᠡᠷ ᠠᠴᠠ ᠪᠠᠨ ᠭᠠᠷᠪᠠᠯ ᠴᠡᠴᠡᠷᠯᠢᠭ᠂ ᠬᠤᠲᠠ ᠠᠴᠠ ᠪᠠᠨ ᠭᠠᠷᠪᠠᠯ ᠲᠠᠯ᠎ᠠ ᠨᠤᠲᠤᠭ﹀ ᠭᠡᠬᠦ ᠪᠦᠬᠦ ᠣᠷᠣᠨ ᠪᠦᠰᠡ ᠶᠢᠨ ᠠᠮᠢ | ᠠᠬᠤᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ︾ ᠪᠣᠯ ᠳᠠᠷᠤᠶ ᠠᠷᠠᠳ ᠲᠦᠮᠡᠨ ᠤ ᠬᠦᠰᠡᠯ ᠮᠥᠨ᠃ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠶᠢᠨ | ᠮᠥᠷᠥ ᠪᠠᠨ ᠲᠡᠨᠢᠢᠯᠭᠡᠨᠡ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠯ ᠰᠢᠢᠳᠪᠦᠷᠢᠳᠦ ᠪᠣᠳᠣᠯᠭ᠎ᠠ | ᠪᠠᠶᠢᠷᠢᠯᠠᠭᠤᠯᠤᠯᠲᠠ ᠶᠢ ᠦᠢᠯᠡᠳᠦᠯᠬᠡᠵᠢᠭᠦᠯᠦᠨ᠂ ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠴᠠ ᠮᠥᠨ᠂ ᠡᠨᠡ ᠪᠣᠯ ᠮᠠᠨ ᠤ | ᠴᠢᠳᠠᠪᠤᠷᠢ ᠶᠢᠨ ᠴᠢᠬᠤᠯᠠ ᠢᠯᠡᠷᠡᠯ ᠮᠥᠨ᠂ ᠪᠠᠰᠠ ᠴᠤ ᠤᠳᠤᠷᠢᠳᠬᠤ ᠺᠠᠳ᠋ᠷᠴᠤᠳ ᠤᠨ ᠠᠵᠢᠯ ᠤᠨ ᠴᠢᠳᠠᠪᠤᠷᠢ ᠶᠢᠨ | ᠴᠢᠬᠤᠯᠠ ᠰᠢᠯᠭᠠᠯᠲᠠ ᠮᠥᠨ᠃ ᠠᠵᠢᠯ ᠤᠨ ᠳᠤᠮᠳᠠ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠠᠮᠢ | ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠳᠡᠭᠡᠷ᠎ᠡ ᠢᠯᠡᠷᠡᠭᠦᠯᠵᠦ᠂ ︽ᠠᠭᠤᠯᠠ ᠤᠰᠤ ᠣᠢ ᠰᠢᠭᠤᠶ | ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠤᠨ ᠠᠭᠤᠷᠬᠠᠶ︾ ᠶᠢ ᠰᠢᠰᠲ᠋ᠧᠮ ᠲᠠᠢ ᠵᠠᠰᠠᠬᠤ ᠰᠡᠳᠬᠢᠬᠦᠶ ᠪᠠᠷ ᠪᠥᠬᠦ | ᠣᠷᠣᠨ ᠪᠦᠰᠡ ᠶᠢᠨ ᠠᠮᠢ ᠠᠬᠤᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠬᠦᠨ ᠢᠶᠠᠷ | ᠲᠠᠮᠵᠢᠭᠤᠯᠤᠨ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠭᠦᠯᠬᠦ︾ ᠭᠡᠬᠦ ᠲᠣᠮᠢᠶᠠᠯᠠᠯ ᠢ | ᠰᠠᠶᠢᠲᠤᠷ ᠲᠠᠶᠢᠯᠪᠤᠷᠢᠯᠠᠨ᠎ᠠ᠃ ᠵᠢᠱᠢᠶᠡᠯᠡᠪᠡᠯ᠂ ᠠᠭᠤᠷᠬᠠᠶ ᠶᠢ ᠵᠠᠰᠠᠨ ᠰᠡᠷᠭᠦᠭᠡᠬᠦ ᠲᠠᠯ᠎ᠠ ᠪᠠᠷ᠂ ᠦᠷᠭᠦᠯᠵᠢᠯᠡᠨ | ᠳᠡᠭᠡᠭᠰᠢᠯᠡᠭᠦᠯᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠤᠤᠯᠢᠩᠭᠤᠤᠯ ᠤᠨ ᠡᠮᠦᠨ᠎ᠡ ᠤᠮᠠᠷ᠎ᠠ ᠵᠠᠳᠠᠭᠠᠶ ᠠᠭᠤᠷᠬᠠᠶ | ᠪᠣᠯᠤᠨ ᠪᠤᠰᠤᠳ ᠠᠭᠤᠷᠬᠠᠢ ᠶᠢᠨ ᠠᠵᠤ ᠠᠬᠤᠶᠢᠯᠠᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ | ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ 2020 ᠤᠨ ᠪᠣᠯᠬᠤ ᠳᠤ ᠪᠦᠬᠦᠨ ᠢ ᠪᠣᠬᠢᠷᠲᠤᠯ ᠦᠭᠡᠢ ᠠᠭᠤᠷᠬᠠᠢ ᠶᠢ ᠪᠦᠲᠦᠭᠡᠨ | ᠪᠠᠶᠢᠭᠤᠯᠵᠦ᠂ ᠠᠷᠠᠳ ᠲᠦᠮᠡᠨ ᠳᠤ ︽ᠥᠭ ᠰᠢᠮᠡᠯᠢᠭ ᠬᠡᠭᠡᠷ᠎ᠡ ᠲᠠᠯ᠎ᠠ ᠮᠢᠩᠭᠠᠨ ᠭᠠᠵᠠᠷ ᠦᠷᠬᠦᠯᠵᠢᠯᠡᠵᠦ᠂ ᠦᠵᠡᠭᠦᠯᠡᠩᠳᠦ | ᠠᠭᠤᠯᠠ ᠤᠰᠤ ᠲᠦᠮᠡᠨ ᠭᠠᠵᠠᠷ ᠰᠤᠨᠵᠢᠷᠠᠭᠰᠠᠨ︾ ᠠᠮᠢ ᠠᠬᠤᠢ ᠶᠢᠨ ᠡᠬᠢ ᠪᠠᠶᠠᠯᠢᠭ ᠦᠯᠡᠳᠡᠭᠡᠵᠦ ᠥᠭᠬᠦ ᠶᠢ ᠪᠠᠲᠤᠯᠠᠨ᠎ᠠ︔ | ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠠᠯ᠎ᠠ ᠪᠠᠷ᠂ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ | ᠭᠦᠨᠵᠡᠭᠡᠶ ᠠᠬᠢᠭᠤᠯᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠢ ᠬᠠᠮᠠᠭᠠᠯᠠᠵᠤ ᠨᠡᠭᠡᠭᠡᠨ ᠠᠰᠢᠭᠯᠠᠬᠤ ᠰᠤᠳᠤᠯᠭᠠᠨ ᠢ | ᠴᠢᠩᠭᠠᠳᠬᠠᠵᠤ᠂ ︽ᠬᠥᠬᠡ ᠲᠩᠷᠢ ᠴᠡᠯᠮᠡᠭᠰᠢᠵᠦ᠂ ᠬᠥᠳᠡᠭᠡ ᠲᠠᠯ᠎ᠠ ᠨᠡᠯᠦ᠋ᠢᠵᠦ᠂ ᠰᠠᠯᠬᠢᠨ ᠤ ᠠᠶ᠎ᠠ ᠪᠠᠷ ᠡᠪᠡᠰᠦ | ᠬᠠᠯᠢᠭᠤᠷᠠᠬᠤ︾ ᠰᠦᠷᠯᠢᠭ ᠰᠠᠶᠢᠬᠠᠨ ᠦᠵᠡᠮᠵᠢ ᠶᠢ ᠳᠠᠬᠢᠨ ᠢᠯᠡᠷᠡᠬᠦᠯᠬᠦ ᠪᠠᠷ ᠴᠢᠷᠮᠠᠶᠢᠨ ᠠᠵᠢᠯᠯᠠᠨ᠎ᠠ︔ ᠤᠰᠤᠨ ᠤ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠲᠠᠯ᠎ᠠ ᠪᠠᠷ᠂ ᠭᠤᠤᠯ ᠮᠥᠷᠡᠨ ᠤ ᠳᠠᠷᠤᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠵᠠᠰᠠᠯᠲᠠ ᠶᠢ | ᠴᠢᠩᠭᠠᠳᠬᠠᠵᠤ᠂ ᠬᠡᠲᠦᠷᠡᠲᠡᠯ᠎ᠡ ᠮᠠᠯᠲᠠᠭᠰᠠᠨ ᠣᠷᠣᠨ ᠤ ᠵᠠᠰᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠤᠰᠤᠨ ᠤ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ︽ᠭᠤᠤᠯ ᠨᠢ ᠰᠢᠯᠤᠭᠤᠨ᠂ | ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠤ︾ ᠤᠰᠤᠨ ᠤ ᠣᠷᠴᠢᠨ ᠲᠣᠭᠤᠷᠢᠨ ᠢ ᠪᠣᠶ | ᠪᠣᠯᠭᠠᠨ᠎ᠠ᠃ | | |