︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠳᠦᠪᠳᠦ | ᠬᠦᠮᠦᠵᠢᠯ ᠤᠨ ᠬᠤᠶᠠᠳᠤᠭᠠᠷ ᠪᠦᠯᠦᠭ ᠤᠨ ᠰᠤᠷᠤᠯᠴᠠᠯᠭ᠎ᠠ ᠶᠢᠨ ᠤᠯᠤᠯᠳᠠ ᠲᠦᠷᠦᠭᠳᠡᠯ | ᠢᠲᠡᠭᠡᠯ ᠵᠣᠷᠢᠭ ᠢᠶᠠᠨ ᠪᠠᠲᠤᠳᠬᠠᠵᠤ ᠵᠣᠷᠢᠭᠲᠠᠶ ᠪᠠᠷ ᠬᠠᠷᠢᠭᠤᠴᠠᠯᠭ᠎ᠠ ᠡᠬᠦᠷᠬᠡᠯᠡᠵᠦ ᠰᠢᠨ᠎ᠡ ᠴᠠᠭ ᠦᠶ᠎ᠡ ᠶᠢᠨ | ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠴᠢᠷᠮᠠᠶᠢᠨ᠎ᠠ | ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠳᠡᠳ᠋ ᠬᠤᠳᠠ ᠶᠢᠨ ᠳᠠᠷᠤᠭ᠎ᠠ — — — | — ᠵᠤᠤ ᠵᠢᠶᠦ᠋ᠨ ᠸᠧᠶ | | | | | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠪᠣᠯ ᠣᠳᠣᠬᠠᠨ ᠤ ᠪᠦᠬᠦ ᠨᠠᠮ ᠤᠨ ᠲᠡᠬᠡᠳᠦ ᠳᠣᠣᠷᠠᠳᠤ ᠱᠠᠲᠤᠨ ᠤ ᠴᠢᠬᠤᠯᠠ ᠶᠡᠭᠡ ᠤᠯᠤᠰ ᠲᠥᠷᠦ ᠶᠢᠨ ᠡᠭᠦᠷᠭᠡ | ᠪᠠᠶᠢᠵᠤ᠂ ᠨᠠᠩ ᠰᠠᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠨᠠᠮ ᠤᠨ ᠲᠥᠷᠥ ᠪᠠᠷᠢᠬᠤ | ᠰᠠᠭᠤᠷᠢ ᠶᠢ ᠴᠢᠩᠭᠠᠳᠬᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠦᠨᠳᠦᠰᠦᠨ ᠵᠢᠷᠤᠮᠯᠠᠯ ᠪᠠ ᠳᠦᠷᠢᠮ ᠤᠨ | ᠪᠠᠲᠤᠯᠠᠭ᠎ᠠ ᠬᠠᠩᠭᠠᠵᠤ᠂ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠮᠠᠨ ᠤ ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠤᠭᠰᠠᠨ ᠰᠠᠭᠤᠷᠢᠨ ᠳᠡᠭᠡᠷ᠎ᠡ᠂ ᠭᠤᠤᠯ ᠰᠡᠳᠦᠪᠲᠦ ᠬᠥᠮᠦᠵᠢᠯ ᠤᠨ ᠪᠣᠳᠠᠲᠠᠶ | ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠵᠦ ᠪᠠᠶᠢᠭ᠎ᠠ ᠡᠨᠡ ᠬᠦ ᠠᠵᠢᠯ ᠢ ᠭᠦᠨᠵᠡᠭᠡᠶ ᠦᠢᠯᠡᠳᠦᠯᠬᠡᠵᠢᠬᠦᠯᠵᠦ᠂ ᠬᠤᠲᠠ ᠶᠢᠨ ᠬᠠᠮᠢᠶᠠᠷᠤᠯᠲᠠ᠂ ᠬᠤᠲᠠ ᠶᠢᠨ | ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠵᠡᠷᠭᠡ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠢᠶᠠᠨ ᠲᠣᠭᠤᠷᠢᠨ ᠳᠤ | ᠬᠡᠳᠦᠨ ᠲᠥᠷᠥᠭᠳᠡᠯ ᠢᠶᠠᠨ ᠶᠠᠷᠢᠶ᠎ᠠ᠃ | ᠤᠭ ᠰᠠᠨᠠᠭ᠎ᠠ ᠪᠠᠨ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠢᠮᠠᠭᠲᠠ ᠨᠠᠮ ᠤᠨ ᠤᠨᠤᠯ ᠤᠨ ᠰᠢᠳᠦᠨ ᠪᠢᠰᠢᠷᠡᠭᠴᠢ | ᠪᠣᠯᠤᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠳᠠᠬᠢᠨᠲᠠ ᠡᠷᠭᠢᠴᠡᠭᠦᠯᠵᠦ᠂ ᠶᠡᠷᠦᠩᠬᠡᠶ ᠱᠦᠵᠢ | ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠲᠤᠬᠠᠶ ᠥᠭᠦᠯᠡᠯᠲᠡ ᠶᠢᠨ ᠲᠡᠭᠦᠪᠦᠷᠢ ᠶᠢ ᠨᠠᠷᠢᠨ ᠬᠢᠨᠠᠮᠠᠭᠠᠶ ᠰᠤᠳᠤᠯᠤᠨ ᠨᠠᠶᠢᠷᠠᠭᠤᠯᠵᠤ᠂ ᠤᠨᠤᠯ ᠤᠨ | ᠰᠤᠷᠤᠯᠴᠠᠯᠭ᠎ᠠ ᠥᠷᠨᠢᠭᠦᠯᠬᠦ᠂ ᠵᠠᠳᠠᠯᠤᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠴᠢᠬᠤᠯᠠ ᠤᠯᠤᠰ ᠲᠥᠷᠦ ᠶᠢᠨ ᠠᠴᠢ ᠬᠤᠯᠪᠣᠭᠳᠠᠯ ᠪᠠ | ᠦᠵᠡᠯ ᠰᠠᠨᠠᠭᠠᠨ ᠤ ᠠᠭᠤᠯᠬᠤᠨ ᠢ ᠭᠦᠨᠵᠡᠭᠡᠶ ᠣᠶᠢᠯᠠᠭᠠᠪᠠ᠃ ᠭᠤᠤᠯᠳᠠᠯᠭ᠎ᠠ ᠲᠠᠢ ᠭᠤᠤᠯ ᠰᠡᠳᠦᠪᠲᠦ ᠬᠥᠮᠦᠵᠢᠯ ᠬᠢᠭᠡᠳ | ᠵᠠᠰᠠᠭ ᠤᠨ ᠶᠠᠪᠤᠳᠠᠯ ᠤᠨ ᠠᠵᠢᠯ᠂ ᠨᠠᠮᠴᠢ ᠴᠢᠨᠠᠷ ᠤᠨ ᠬᠥᠮᠦᠵᠢᠯ ᠵᠡᠷᠭᠡ ᠲᠠᠯ᠎ᠠ ᠶᠢᠨ ᠭᠠᠷᠳᠠᠬᠤ ᠴᠡᠭ ᠠᠴᠠ ︽ᠳᠥᠷᠪᠡᠨ | ᠤᠬᠠᠮᠰᠠᠷ︾ ᠢᠶᠠᠨ ᠤᠯᠠᠮ ᠴᠢᠨᠠᠭᠰᠢᠳᠠ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠦᠨ᠎ᠡ᠃ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠢᠮᠠᠭᠲᠠ ᠨᠠᠮ ᠤᠨ ᠡᠷᠬᠡ | ᠰᠦᠷᠲᠦ ᠬᠠᠮᠠᠭᠠᠯᠠᠭᠴᠢ ᠪᠣᠯᠬᠤ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠶᠢᠨ ᠤᠭ | ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠳᠠᠬᠢᠨᠲᠠ ᠴᠢᠬᠤᠯᠠᠴᠢᠯᠠᠪᠠ᠂ ᠳᠠᠷᠤᠶ ᠳᠤᠮᠳᠠᠳᠤ ᠤᠯᠤᠰ ᠤᠨ ᠠᠷᠠᠳ | ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠵᠦ᠂ ᠡᠭᠦᠷᠭᠡ | ᠬᠠᠷᠢᠭᠤᠴᠠᠯᠭ᠎ᠠ ᠪᠠᠨ ᠨᠠᠩ ᠰᠠᠶᠢᠲᠤᠷ ᠬᠦᠢᠴᠡᠳᠭᠡᠬᠦ ᠶᠢᠨ ᠲᠥᠯᠥᠭᠡ᠂ ᠦᠵᠡᠯ ᠰᠠᠨᠠᠭ᠎ᠠ ᠲᠠᠨᠢᠯᠲᠠ᠂ ᠪᠣᠯᠪᠠᠰᠤᠷᠠᠯ᠂ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠬᠤ ᠬᠡᠷᠡᠭᠲᠡᠶ᠃ ᠲᠡᠷᠡᠴᠢᠯᠡᠨ | ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠨᠢᠭᠡᠴᠡ ᠶᠢᠨ ᠲᠤᠬᠠᠶᠢᠯᠠᠭᠰᠠᠨ ᠠᠵᠢᠯ᠂ ᠨᠠᠮ ᠤᠨ ᠪᠠᠶᠢᠭᠤᠯᠤᠯᠳᠠ ᠵᠡᠷᠭᠡ | ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠶᠡᠭᠡ ᠲᠠᠯ᠎ᠠ ᠶᠢ ᠪᠣᠳᠣᠯᠬᠢᠯᠠᠬᠤ᠂ ᠪᠠᠭ᠎ᠠ ᠶᠠᠪᠤᠳᠠᠯ ᠠᠴᠠ ᠭᠠᠷᠳᠠᠨ ᠬᠢᠬᠦ | ᠠᠵᠢᠯ ᠤᠨ ᠵᠠᠷᠴᠢᠮ ᠶᠣᠰᠣᠭᠠᠷ᠂ ᠠᠷᠠᠳ ᠲᠦᠮᠡᠨ ᠳᠤ ᠦᠢᠯᠡᠴᠢᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ | ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠴᠠᠭ ᠢᠮᠠᠭᠲᠠ ᠰᠡᠳᠬᠢᠯ ᠳᠡᠭᠡᠨ ᠪᠣᠳᠣᠵᠤ᠂ | ᠠᠷᠠᠳ ᠤᠨ ᠰᠠᠨᠠᠯ ᠢ ᠰᠣᠨᠣᠰᠬᠤ᠂ ᠪᠠᠶᠢᠴᠠᠭᠠᠨ ᠰᠤᠳᠤᠯᠤᠯᠲᠠ ᠬᠢᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ | ᠳᠦᠷᠢᠮ ᠢ ᠲᠡᠭᠦᠯᠳᠡᠷᠵᠢᠭᠦᠯᠬᠦ ᠵᠡᠷᠭᠡ ᠠᠵᠢᠯ ᠤᠨ ᠭᠤᠭᠴᠤᠭ᠎ᠠ ᠠᠴᠠ ᠬᠦᠴᠦ ᠣᠷᠣᠭᠤᠯᠤᠨ᠂ ᠬᠤᠲᠠ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠬᠦ᠂ | ᠬᠤᠲᠠ ᠶᠢᠨ ᠨᠣᠭᠤᠭᠠᠷᠠᠭᠤᠯᠤᠯᠲᠠ ᠶᠢᠨ ᠲᠠᠯᠠᠪᠠᠢ ᠶᠢ ᠨᠡᠮᠡᠭᠳᠡᠭᠦᠯᠬᠦ᠂ ᠬᠤᠲᠠ ᠶᠢᠨ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠳᠠᠮᠵᠢᠭᠤᠯᠤᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠬᠥᠭᠡᠭᠡᠴᠡᠯᠳᠦᠯ ᠢ ᠲᠠᠰᠤᠷᠠᠯᠲᠠ ᠥᠬᠡᠶ ᠬᠠᠩᠭᠠᠵᠤ᠂ ᠡᠭᠦᠨ ᠤ ᠤᠯᠠᠮ ᠢᠶᠠᠷ ᠡᠪ ᠬᠠᠮᠲᠤ ᠶᠢᠨ ᠡᠭᠦᠷᠭᠡᠯᠡᠵᠦ ᠪᠠᠶᠢᠭ᠎ᠠ | ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠬᠦᠢᠴᠡᠳᠬᠡᠬᠦ ᠬᠡᠷᠡᠭᠲᠡᠶ᠃ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ ᠵᠥᠷᠢᠶ᠎ᠡ ᠪᠠᠨ ᠡᠷᠢᠵᠦ᠂ ᠢᠮᠠᠭᠲᠠ ᠨᠠᠮ ᠤᠨ ᠤᠯᠠᠮᠵᠢᠯᠠᠯᠲᠤ | ᠵᠠᠯᠭᠠᠮᠵᠢᠯᠠᠭᠴᠢ ᠪᠣᠯᠬᠤ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯ ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷ ᠲᠤ ᠬᠢᠭᠰᠡᠨ ᠨᠢᠭᠡ | ᠤᠳᠠᠭ᠎ᠠ ᠶᠢᠨ ᠤᠯᠤᠰ ᠲᠥᠷᠦ ᠶᠢᠨ ᠪᠠᠶᠢᠴᠠᠭᠠᠯᠳᠠ ᠪᠣᠯᠤᠨ᠎ᠠ᠂ ᠪᠢ ᠨᠠᠮ ᠪᠣᠯᠤᠨ ᠤᠯᠤᠰ ᠲᠤ ᠬᠠᠷᠢᠭᠤᠴᠠᠬᠤ᠂ ᠤᠯᠤᠰ ᠤᠨ | ᠠᠵᠢᠯ ᠦᠢᠯᠡᠰ ᠲᠤ ᠬᠠᠷᠢᠭᠤᠴᠠᠬᠤ᠂ ᠬᠤᠪᠢ ᠬᠥᠮᠦᠨ ᠵᠢᠴᠢ ᠭᠡᠷ ᠪᠦᠯᠢ ᠳᠤ ᠬᠠᠷᠢᠭᠤᠴᠠᠬᠤ ᠣᠪᠣᠷ ᠢᠶᠠᠷ᠂ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ | ᠠᠵᠢᠯ ᠤᠨ ᠪᠠᠷᠢᠮᠵᠢᠶ᠎ᠠ ᠲᠠᠢ ᠭᠦᠨᠵᠡᠭᠡᠶ ᠬᠠᠷᠭᠤᠭᠤᠯᠵᠤ᠂ ᠵᠥᠷᠢᠶ᠎ᠡ ᠬᠦᠷᠦᠯᠴᠡᠬᠦ ᠦᠭᠡᠢ ᠲᠠᠯ᠎ᠠ᠂ ᠠᠰᠠᠭᠤᠳᠠᠯ ᠤᠨ ᠦᠨᠳᠦᠰᠦ | ᠰᠤᠷᠪᠤᠯᠵᠢ ᠶᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠬᠤ ᠶᠢᠨ ᠬᠠᠮᠲᠤ ᠲᠡᠭᠦᠨ ᠢ ᠨᠠᠮ ᠤᠨ ᠪᠠᠶᠢᠭᠤᠯᠤᠯᠲᠠ ᠶᠢ ᠴᠢᠨᠠᠭᠰᠢᠳᠠ | ᠴᠢᠩᠭᠠᠳᠬᠠᠬᠤ᠂ ᠠᠵᠢᠯ ᠤᠨ ᠴᠢᠳᠠᠪᠤᠷᠢ ᠪᠠᠨ ᠴᠢᠩᠭᠠᠳᠬᠠᠬᠤ᠂ ᠠᠵᠢᠯ ᠤᠨ ᠠᠷᠭ᠎ᠠ ᠪᠠᠨ ᠰᠠᠶᠢᠵᠢᠷᠠᠭᠤᠯᠬᠤ ᠶᠠᠪᠤᠳᠠᠯ | ᠪᠣᠯᠭᠠᠨ᠎ᠠ᠃ ᠨᠠᠮ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠵᠣᠷᠢᠭᠲᠠᠶ ᠪᠠᠷ ᠬᠢᠲᠤᠭ᠎ᠠ ᠶᠢᠨ ᠢᠷ ᠢ ᠳᠣᠲᠣᠭᠰᠢ | ᠬᠠᠨᠳᠤᠭᠤᠯᠵᠤ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠦᠷᠭᠦᠯᠵᠢᠯᠡᠨ ᠬᠤᠲᠠ ᠶᠢᠨ ᠬᠠᠮᠢᠶᠠᠷᠤᠯᠲᠠ | ᠂ ᠨᠣᠭᠤᠭᠠᠷᠠᠭᠤᠯᠤᠯᠲᠠ ᠭᠤᠶᠤᠵᠢᠭᠤᠯᠤᠯᠳᠠ᠂ ᠳᠥᠭᠦᠮ ᠪᠦᠳᠦᠴᠡᠳᠦ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ᠂ | ᠠᠷᠠᠳ ᠲᠤ ᠳᠥᠭᠦᠮ ᠦᠵᠡᠭᠦᠯᠬᠦ ᠶᠠᠪᠤᠵᠤ ᠰᠠᠭᠤᠬᠤ ᠵᠡᠷᠭᠡ ᠠᠷᠠᠳ ᠣᠯᠠᠨ ᠤ ᠬᠠᠯᠠᠮᠵᠢᠯᠠᠵᠤ ᠪᠠᠶᠢᠭ᠎ᠠ ᠠᠵᠢᠯ ᠤᠨ | ᠲᠣᠭᠤᠷᠢᠨ ᠳᠤ᠂ ︽ᠵᠡᠭᠡᠯᠢ ᠭᠤᠳᠤᠮᠵᠢ ᠰᠢᠶᠠᠩ ᠪᠠᠯᠭᠠᠰᠤ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠲᠤ ᠮᠡᠳᠡᠭᠦᠯᠬᠦ︾᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ | ᠰᠠᠨᠠᠭᠠᠴᠢᠯᠠᠭ᠎ᠠ ᠠᠴᠠ ᠪᠠᠨ ᠵᠥᠷᠢᠶ᠎ᠡ ᠪᠠᠨ ᠡᠷᠢᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ | ᠠᠷᠠᠳ ᠲᠤ ᠦᠢᠯᠡᠴᠢᠯᠡᠬᠦ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠮᠠᠭᠲᠠ ᠨᠠᠮ ᠤᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠪᠠ | ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠣᠭᠤᠷᠢᠨ ᠳᠤ᠂ | ᠴᠡᠭᠴᠡᠯᠡᠨ ᠰᠠᠶᠢᠵᠢᠷᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠮᠡᠳᠡᠪᠡᠰᠦ ᠳᠠᠷᠤᠶ | ᠰᠠᠶᠢᠵᠢᠷᠠᠭᠤᠯᠵᠤ᠂ ᠵᠠᠰᠠᠪᠠᠰᠤ ᠵᠣᠬᠢᠬᠤ ᠶᠢ ᠨᠢ ᠪᠦᠬᠦᠨ ᠢ ᠥᠭᠡᠷᠡᠴᠢᠯᠡᠬᠦ ᠶᠢ ᠪᠡᠶᠡᠯᠡᠭᠦᠯᠪᠡ᠃ ᠨᠠᠷᠢᠨ ᠨᠢᠭᠲᠠ | ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠶᠢ ᠪᠠᠷᠢᠮᠲᠠᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ | ᠮᠥᠴᠢᠷ ᠨᠢᠭᠡᠴᠡ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠲᠥᠷᠥᠯ ᠬᠤᠪᠢᠶᠠᠨ ᠵᠢᠯᠣᠭᠤᠳᠴᠤ᠂ ᠰᠠᠯᠠᠭ᠎ᠠ ᠮᠥᠴᠢᠷ ᠨᠢᠭᠡᠴᠡ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠬᠠᠮᠲᠤ᠂ ᠪᠣᠳᠠᠲᠠᠶ ᠠᠵᠢᠯ ᠪᠣᠯᠤᠨ ᠭᠤᠤᠯ ᠰᠡᠳᠦᠪᠲᠦ | ᠬᠥᠮᠦᠵᠢᠯ ᠤᠨ ᠨᠡᠶᠢᠯᠡᠯ ᠴᠡᠭ ᠢ ᠴᠢᠨᠠᠭᠰᠢᠳᠠ ᠴᠢᠩᠭᠠᠳᠬᠠᠵᠤ᠂ ︽ᠵᠡᠭᠡᠯᠢ ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠬᠦ | ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾᠂ ᠤᠶᠤᠨᠲᠤ ᠤᠰᠤᠨ ᠤ ᠶᠠᠪᠤᠳᠠᠯ᠂ ᠢᠯᠴᠢ ᠬᠠᠩᠭᠠᠬᠤ ᠪᠠᠭᠲᠠᠭᠠᠮᠵᠢ ᠶᠢ | ᠨᠡᠮᠡᠭᠳᠡᠭᠦᠯᠬᠦ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠵᠡᠷᠭᠡ ᠠᠷᠠᠳ ᠲᠤ ᠳᠥᠭᠦᠮ ᠦᠵᠡᠭᠦᠯᠬᠦ ᠴᠢᠨᠠᠷᠲᠠᠶ ᠠᠵᠢᠯ ᠢ | ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠶᠢᠨ ᠬᠠᠮᠲᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ | ᠵᠢᠴᠢ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠠᠭᠤᠰᠤᠯᠴᠠᠭᠤᠯᠵᠤ᠂ ᠨᠠᠮ ᠤᠨ | ᠪᠠᠶᠢᠭᠤᠯᠤᠯᠳᠠ ᠪᠠᠷ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ ᠵᠡᠭᠡᠯᠢ ᠭᠤᠳᠤᠮᠵᠢ ᠶᠢ ᠪᠦᠬᠦᠨ ᠢ ᠰᠢᠢᠳᠪᠦᠷᠢᠯᠡᠬᠦ︾ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠦᠷᠢᠯᠳᠦᠭᠦᠯᠵᠦ᠂ ᠣᠯᠠᠨ ᠲᠦᠮᠡᠨ ᠤ ᠵᠣᠯ | ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠶ︔ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠣᠭᠲᠠᠭᠠᠯ ᠠᠴᠠ ᠵᠥᠷᠢᠴᠡᠭᠰᠡᠨ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ᠂ ᠵᠠᠮ ᠡᠵᠡᠯᠡᠨ ᠡᠵᠡᠩᠨᠡᠬᠦ ᠵᠡᠷᠭᠡ ᠳᠦᠷᠢᠮ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠪᠡᠷᠯᠡᠨ ᠠᠷᠢᠯᠭᠠᠬᠤ ᠬᠦᠴᠦᠯᠡᠴᠡ ᠪᠠᠨ ᠴᠢᠩᠭᠠᠳᠬᠠᠵᠦ᠂ | ᠲᠡᠷᠡᠴᠢᠯᠡᠨ ᠣᠳᠣ ᠪᠠᠶᠢᠭ᠎ᠠ ᠬᠤᠲᠠ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠲᠠᠢ ᠤᠶᠠᠯᠳᠤᠭᠤᠯᠵᠤ᠂ | ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠴᠣᠩᠬᠤ ᠪᠠᠨ ᠨᠡᠬᠡᠭᠡᠪᠡᠯ ᠣᠢ | ᠰᠢᠭᠤᠶ᠂ ᠭᠡᠷ ᠠᠴᠠ ᠪᠠᠨ ᠭᠠᠷᠪᠠᠯ ᠴᠡᠴᠡᠷᠯᠢᠭ᠂ ᠬᠤᠲᠠ ᠠᠴᠠ ᠪᠠᠨ ᠭᠠᠷᠪᠠᠯ ᠲᠠᠯ᠎ᠠ ᠨᠤᠲᠤᠭ︾ ᠭᠡᠬᠦ ᠪᠦᠬᠦ ᠣᠷᠣᠨ | ᠪᠦᠰᠡ ᠶᠢᠨ ᠠᠮᠢ ᠠᠬᠤᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | ᠶᠡᠷᠦᠩᠬᠡᠶᠢᠯᠡᠭᠡᠳ ᠬᠡᠯᠡᠪᠡᠯ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠤᠨ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠵᠤ᠂ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ | ᠬᠠᠷᠢᠭᠤᠴᠠᠯᠭᠠᠲᠤ ᠰᠡᠳᠬᠢᠯᠭᠡ ᠪᠣᠯᠤᠨ ᠵᠣᠷᠢᠭ ᠢ ᠲᠠᠰᠤᠷᠠᠯᠲᠠ ᠦᠭᠡᠢ ᠴᠢᠩᠭᠠᠳᠬᠠᠬᠤ ᠶᠢᠨ ᠬᠠᠮᠲᠤ | ᠨᠠᠶᠢᠳᠠᠪᠤᠷᠢᠵᠢᠭᠤᠯᠤᠯᠲᠠ ᠶᠢ ᠢᠮᠠᠭᠲᠠ ᠠᠳᠬᠤᠬᠤ ᠰᠥᠰᠥ ᠵᠣᠷᠢᠭ ᠪᠣᠯᠤᠨ ᠡᠷᠴᠢ ᠵᠣᠷᠢᠭ ᠢ ᠪᠣᠳᠠᠲᠠᠶ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠠᠶ᠂ ᠠᠵᠢᠯ ᠤᠨ ᠠᠷᠭ᠎ᠠ ᠪᠠᠨ ᠦᠷᠭᠦᠯᠵᠢᠯᠡᠨ ᠰᠠᠶᠢᠵᠢᠷᠠᠭᠤᠯᠵᠤ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠣᠯᠤᠨ ᠬᠦᠷᠲᠡᠮᠵᠢ ᠶᠢᠨ | ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ | |