ᠤᠯᠤᠰ ᠤᠨ ᠪᠠᠶᠠᠷ ᠤᠨ ᠤᠷᠲᠤ ᠠᠮᠠᠷᠠᠯᠲᠠ ᠪᠣᠯ ᠭᠡᠷ ᠬᠤᠲᠠᠯᠠᠭᠠᠷ ᠢᠶᠠᠨ ᠴᠤᠭᠯᠠᠷᠠᠵᠤ᠂ ᠤᠯᠠᠨ ᠬᠦᠮᠦᠰ | ᠵᠤᠭᠠᠴᠠᠵᠦ ᠲᠤᠭᠤᠷᠢᠬᠤ ᠴᠢᠬᠤᠯᠠ ᠡᠳᠦᠷ ᠪᠣᠯᠤᠨ᠎ᠠ᠂ ᠶᠠᠭ ᠡᠨᠡ ᠦᠶᠡᠰ ᠰᠣᠶᠣᠯ ᠤᠨ ᠹᠷᠣᠨᠲ ᠤᠨ ᠮᠦᠽᠧᠶ ᠶᠢᠨ | ᠠᠵᠢᠯᠲᠠᠳ ᠬᠠᠷᠢᠨ ᠦᠷᠭᠦᠯᠵᠢᠯᠡᠨ ᠰᠠᠶᠢᠨ ᠠᠵᠢᠯᠯᠠᠵᠤ᠂ ᠵᠢᠵᠢᠭᠦᠷᠯᠡᠬᠦ ᠠᠵᠢᠯ ᠢ ᠰᠠᠶᠢᠲᠤᠷ ᠬᠢᠵᠦ᠂ ᠬᠠᠷᠢᠯᠴᠠᠨ | ᠨᠡᠪᠳᠡᠷᠡᠯᠴᠡᠨ ᠵᠣᠬᠢᠴᠠᠭᠤᠯᠭ᠎ᠠ ᠪᠠᠨ ᠴᠢᠩᠭᠠᠳᠬᠠᠬᠤ᠂ ᠠᠮᠤᠷ ᠲᠦᠪᠰᠢᠨ ᠢ ᠪᠠᠲᠤᠯᠠᠵᠤ ᠪᠦᠬᠦ ᠬᠤᠲᠠ ᠶᠢᠨ ᠠᠷᠠᠳ | ᠲᠦᠮᠡᠨ ᠢ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠥᠩᠭᠡᠷᠡᠭᠦᠯᠬᠦ ᠬᠡᠷᠡᠭᠲᠡᠶ᠃ | | | | ᠬᠤᠤᠯᠢᠩᠭᠤᠤᠯ ᠬᠤᠲᠠ ᠶᠢᠨ ᠮᠦᠽᠧᠶ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠭᠰᠡᠨ ᠰᠠᠭᠤᠷᠢᠨ ᠳᠡᠭᠡᠷ᠎ᠡ᠂ | ᠳᠡᠯᠭᠡᠨ ᠦᠵᠡᠭᠦᠯᠬᠦ ᠪᠠ ᠦᠢᠯᠡᠴᠢᠯᠡᠬᠦ ᠬᠢᠷᠢ ᠬᠡᠮᠵᠢᠶ᠎ᠡ ᠪᠠᠨ ᠶᠡᠬᠡᠪᠡᠷ ᠳᠡᠭᠡᠭᠰᠢᠯᠡᠭᠦᠯᠵᠦ᠂ ᠮᠦᠽᠧᠶ ᠶᠢᠨ ᠨᠡᠶᠢᠭᠡᠮ ᠤᠨ | ᠴᠢᠳᠠᠮᠵᠢ ᠶᠢ ᠬᠦᠢᠴᠡᠳ ᠪᠠᠳᠠᠷᠠᠭᠤᠯᠵᠤ᠂ ᠨᠠᠩ ᠣᠯᠠᠨ ᠬᠥᠮᠦᠨ ᠳᠤ ᠮᠦᠽᠧᠶ ᠶᠢ ᠣᠢᠯᠠᠭᠠᠭᠤᠯᠵᠤ᠂ ᠮᠦᠽᠧᠶ ᠳᠤ | ᠣᠷᠣᠭᠤᠯᠬᠤ ᠬᠡᠷᠡᠭᠲᠡᠶ᠃ | | | | | | | | | | | | | | | | ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠭᠰᠡᠨ ᠬᠤᠤᠯᠢᠩᠭᠤᠤᠯ ᠬᠤᠲᠠ ᠶᠢᠨ | ᠮᠦᠽᠧᠶ ᠶᠢᠨ ᠰᠣᠶᠣᠯ ᠤᠨ ᠠᠵᠢᠯᠲᠠᠳ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠵᠤ | ᠪᠠᠶᠢᠨ᠎ᠠ᠃ ᠡᠬᠡ ᠤᠯᠤᠰ ᠤᠨ 70 ᠵᠢᠯ ᠤᠨ ᠤᠢ ᠶᠢ ᠪᠡᠯᠭᠡᠯᠡᠬᠦ ᠡᠳᠦᠷ ᠲᠤ ᠰᠣᠶᠣᠯ ᠤᠨ ᠶᠡᠭᠡ ᠬᠥᠭᠵᠢᠯᠲᠡ ᠶᠡᠭᠡ | ᠴᠡᠴᠡᠭᠯᠡᠯᠲᠡ ᠶᠢᠨ ᠴᠢᠬᠤᠯᠠ ᠠᠵᠠ ᠲᠣᠬᠢᠶᠠᠯ ᠢ ᠠᠮᠵᠢᠨ᠂ ᠰᠣᠶᠣᠯ ᠤᠨ ᠠᠵᠢᠯ ᠤᠨ ᠴᠢᠭᠯᠡᠯᠲᠡ ᠶᠣᠰᠣᠭᠠᠷ᠂ | ᠰᠣᠶᠣᠯ ᠤᠨ ᠠᠵᠢᠯ ᠤᠨ ᠵᠢᠮ᠎ᠡ ᠶᠣᠰᠣ ᠶᠢ ᠵᠢᠷᠤᠮᠯᠠᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ | ᠰᠣᠶᠣᠯ ᠤᠨ ᠭᠢᠯᠠᠰ ᠴᠡᠭ ᠭᠠᠷᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ | ᠬᠡᠷᠡᠭᠴᠡᠭᠡ ᠶᠢ ᠬᠠᠩᠭᠠᠬᠤ ᠬᠡᠷᠡᠭᠲᠡᠶ᠃ |