ᠬᠤᠤᠯᠢᠩᠭᠤᠤᠯ ᠬᠤᠲᠠ ᠶᠢᠨ ᠬᠦᠭᠵᠢᠬᠦᠯᠦᠯᠳᠡ ᠬᠢᠭᠡᠳ ᠦᠭᠡᠷᠡᠴᠢᠯᠡᠯᠳᠡ ᠶᠢᠨ ᠵᠦᠪᠯᠡᠯ | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠪᠡ ᠪᠠ ᠤᠨ ᠤ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠤᠰᠬᠠᠶ ᠵᠦᠢᠯ ᠤᠨ ᠲᠥᠯᠥᠪᠵᠢᠭᠦᠯᠪᠡ᠂ | ᠣᠷᠣᠨ ᠤ ᠬᠤᠲᠠ ᠶᠢᠨ ᠲᠥᠯᠥᠪᠵᠢᠭᠦᠯᠪᠡ᠂ ᠣᠷᠣᠨ ᠵᠠᠶ ᠶᠢᠨ ᠲᠥᠯᠥᠪᠵᠢᠭᠦᠯᠪᠡ ᠬᠢᠭᠡᠳ ᠬᠤᠤᠯᠢᠨ ᠭᠤᠤᠯ | ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠲᠦᠷᠦᠭᠦᠯᠡᠨ | ᠵᠣᠬᠢᠶᠠᠨ ᠪᠠᠶᠢᠭᠤᠯᠤᠨ᠎ᠠ᠃ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠰᠦᠯ ᠤᠨ ᠳᠦᠷᠢᠮ ᠲᠣᠭᠲᠠᠭᠠᠯ ᠢ ᠣᠷᠣᠯᠠᠨ ᠲᠤᠭᠤᠷᠪᠢᠪᠠ᠃ | ︵ᠬᠤᠶᠠᠷ︶ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ᠂ ᠴᠢᠨᠠᠷ | ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ | ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢ ᠳᠤᠷᠠᠳᠤᠨ ᠭᠠᠷᠭᠠᠨ᠎ᠠ᠃ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠶᠢᠨ ᠦᠨᠡᠯᠡᠨ ᠵᠢᠱᠢᠵᠦ ᠬᠢᠨᠠᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ | ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ | ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢᠨ | ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ | ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠬᠤᠷᠸ᠎ᠠ ᠠᠵᠤ ᠠᠬᠤᠢ ᠶᠢᠨ ᠲᠥᠷᠦ ᠶᠢᠨ | ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠢ ᠶᠢᠨ ᠠᠷᠭᠠᠴᠠᠬᠤ ᠠᠷᠭ᠎ᠠ ᠬᠡᠮᠵᠢᠶ᠎ᠡ ᠶᠢ | ᠲᠦᠷᠦᠭᠦᠯᠡᠨ ᠰᠤᠳᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠢ ᠶᠢᠨ | ᠠᠵᠢᠯᠯᠠᠭᠠᠨ ᠳᠤ ᠲᠣᠬᠢᠷᠠᠭᠤᠯᠤᠯᠲᠠ ᠬᠢᠵᠦ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ | ︵ᠲᠦᠷᠪᠡ︶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ | ᠳᠤᠷᠠᠳᠴᠤ᠂ ᠬᠠᠲᠠᠭᠤ ᠪᠡᠶᠡᠲᠦ ᠪᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠵᠣᠬᠢᠴᠠᠭᠤᠯᠤᠨ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠲᠠᠪᠤ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠪᠠᠶᠢᠯᠳᠤᠬᠤ | ᠪᠣᠳᠣᠯᠭ᠎ᠠ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠶᠢ ᠳᠤᠷᠠᠳᠤᠨ᠎ᠠ᠃ ᠭᠠᠳᠠᠭᠰᠢ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠭᠠᠳᠠᠭᠰᠢ ᠭᠠᠷᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ | ᠨᠠᠷᠢᠨ ᠳᠠᠩᠰᠠ ᠶᠢ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠬᠤᠤᠯᠢᠨ | ᠭᠤᠤᠯ ᠬᠤᠲᠠ ᠶᠢᠨ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ | ᠬᠡᠪᠴᠢᠶ᠎ᠡ᠂ ᠪᠦᠲᠦᠴᠡ ᠶᠢᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠪᠠᠷ ᠬᠢᠨᠠᠨ ᠵᠥᠪᠰᠢᠶᠡᠷᠡᠬᠦ᠂ ᠳᠠᠩᠰᠠᠯᠠᠬᠤ᠂ ᠵᠣᠬᠢᠴᠠᠭᠤᠯᠤᠨ ᠬᠢᠨᠠᠨ ᠵᠥᠪᠰᠢᠶᠡᠷᠡᠬᠦ ᠲᠥᠷᠥᠯ ᠵᠦᠢᠯ ᠢ | ᠲᠥᠯᠥᠪᠵᠢᠭᠦᠯᠵᠦ᠂ ᠴᠢᠬᠤᠯᠠ ᠶᠡᠭᠡ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ | ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠲᠥᠯᠥᠪᠵᠢᠭᠦᠯᠦᠨ᠎ᠡ᠃ ᠬᠤᠳᠳᠤᠭ ᠲᠥᠯᠥᠪᠯᠡᠨ | ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ | ︵ᠳᠣᠯᠤᠭ᠎ᠠ︶ ᠣᠷᠣᠨ ᠤ ᠬᠤᠲᠠ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠤᠯᠢᠨ ᠭᠤᠤᠯ ᠬᠤᠲᠠ ᠶᠢᠨ ᠲᠣᠭᠤᠷᠢᠭ ᠤᠨ ᠵᠣᠬᠢᠴᠠᠩᠭᠤᠶ | ᠬᠥᠭᠵᠢᠯᠲᠡ ᠶᠢᠨ ᠲᠥᠯᠥᠪᠵᠢᠭᠦᠯᠪᠡ ᠪᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠵᠣᠬᠢᠶᠠᠨ | ᠪᠠᠶᠢᠭᠤᠯᠤᠨ᠎ᠠ᠃ ᠣᠷᠦ᠋ᠢᠯᠠᠭᠰᠠᠨ ᠤᠯᠤᠰ ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠯᠬᠢᠨ | ᠠᠬᠢᠭᠤᠯᠵᠤ᠂ ᠬᠤᠤᠯᠢᠩᠭᠤᠤᠯ ᠬᠤᠲᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ | ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ᠂ ᠴᠢᠬᠤᠯᠠ | ᠶᠡᠭᠡ ᠵᠦᠢᠯᠡᠰ ᠤᠨ ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ | ᠵᠣᠬᠢᠴᠠᠭᠤᠯᠤᠨ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠠ | ᠴᠢᠬᠤᠯᠠ ᠶᠡᠭᠡ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠣᠷᠣᠨ ᠪᠦᠰᠡ ᠶᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠰᠠᠪᠠ | ᠭᠠᠵᠠᠷ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ | ︵ᠨᠠᠢᠮᠠ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠵᠤ᠂ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠪᠡ ᠪᠠ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ | ᠤᠳᠤ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ | ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ | ︵ᠶᠢᠰᠦ︶ ᠲᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠬᠥᠭᠵᠢᠯᠲᠡ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠪᠤᠶᠢᠵᠢᠭᠤᠯᠬᠤ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠠᠵᠤ ᠦᠢᠯᠡᠰ ᠤᠨ ᠳᠡᠰ ᠳᠡᠪᠰᠢᠬᠦ᠂ ᠴᠢᠬᠤᠯᠠ ᠶᠡᠭᠡ | ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠤᠯᠢᠩᠭᠤᠤᠯ ᠬᠤᠲᠠ ᠶᠢᠨ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢ ᠲᠥᠯᠥᠪᠵᠢᠭᠦᠯᠦᠨ ᠪᠠᠶᠢᠷᠢᠰᠢᠭᠤᠯᠤᠨ᠎ᠠ᠃ | ︵ᠠᠷᠪᠠ︶ ᠰᠢᠭᠤᠳ ᠪᠡᠯᠡ ᠲᠣᠬᠢᠷᠠᠭᠤᠯᠬᠤ ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠬᠠᠮᠢᠶᠠᠷᠬᠤ ᠪᠠ ᠵᠠᠬ᠎ᠠ ᠳᠡᠯᠭᠡᠭᠦᠷ ᠲᠤ ᠭᠠᠷᠭᠠᠭᠰᠠᠨ ᠠᠵᠤ | ᠠᠬᠤᠶᠢᠯᠠᠯ ᠢ ᠪᠠᠲᠤᠯᠠᠨ ᠲᠠᠨᠢᠯᠴᠠᠭᠤᠯᠵᠤ ᠬᠢᠨᠠᠨ ᠬᠠᠷᠭᠤᠭᠤᠯᠬᠤ ᠠᠵᠢᠯ ᠳᠤ ᠣᠷᠣᠯᠴᠠᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠬᠤᠤᠯᠢᠨ ᠭᠤᠤᠯ ᠬᠤᠲᠠ ᠶᠢᠨ ᠨᠡᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠤᠨ ᠠᠬᠢᠭᠤᠯᠤᠨ᠎ᠠ᠃ | ︵ᠠᠷᠪᠠᠨ ᠨᠢᠭᠡ︶ ᠤᠨᠴᠠᠭᠠᠢ ᠦᠷᠭᠦᠯᠵᠢᠯᠡᠨ ᠬᠥᠭᠵᠢᠭᠦᠯᠵᠦ ᠪᠣᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ | ᠰᠡᠷᠭᠦᠭᠡᠬᠦ᠂ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢᠯᠡᠬᠦ ᠲᠣᠭᠲᠠᠴᠠ ᠶᠢ ᠪᠦᠷᠢᠨᠰᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠳᠤᠷᠠᠳᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠣᠯᠤᠨ ᠠᠷᠢᠭᠤᠨ ᠴᠡᠪᠡᠷ | ᠦᠢᠯᠡᠳᠪᠦᠷᠢᠯᠡᠯ ᠢ ᠶᠡᠷᠦᠩᠬᠡᠶᠢᠯᠡᠨ ᠵᠣᠬᠢᠴᠠᠭᠤᠯᠵᠤ ᠪᠠᠶᠢᠭᠠᠳ ᠬᠤᠯᠪᠣᠭᠳᠠᠯ ᠪᠦᠬᠦᠢ ᠠᠵᠢᠯ ᠢ ᠠᠬᠢᠭᠤᠯᠤᠨ᠎ᠠ᠃ | ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ᠂ ᠡᠭᠦᠷᠭᠡ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠬᠤᠶᠠᠷ︶ ᠨᠡᠶᠢᠭᠡᠮ ᠤᠨ ᠬᠥᠭᠵᠢᠯᠲᠡ ᠪᠣᠯᠤᠨ ᠤᠯᠤᠰ ᠠᠷᠠᠳ ᠤᠨ ᠠᠵᠤ ᠠᠬᠤᠢ ᠶᠢᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ | ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ | ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠢᠯ ᠣᠯᠭᠤᠯᠲᠠ ᠶᠢ | ᠠᠬᠢᠭᠤᠯᠬᠤ᠂ ᠨᠡᠶᠢᠭᠡᠮ ᠤᠨ ᠪᠠᠲᠤᠯᠠᠭ᠎ᠠ ᠪᠠ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠰᠠᠨᠠᠭᠤᠯᠭ᠎ᠠ ᠶᠢ | ᠳᠤᠷᠠᠳᠤᠨ ᠭᠠᠷᠭᠠᠨ᠎ᠠ᠃ | ︵ᠠᠷᠪᠠᠨ ᠭᠤᠷᠪᠠ︶ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ | ᠂ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ | ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠴᠡᠷᠢᠭ ᠤᠨ ᠬᠡᠷᠡᠭᠯᠡᠭᠡ ᠪᠠ ᠠᠷᠠᠳ ᠤᠨ | ᠬᠡᠷᠡᠭᠯᠡᠭᠡ ᠶᠢ ᠠᠭᠤᠰᠤᠯᠳᠤᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ | ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠲᠦᠷᠪᠡ︶ ᠬᠤᠤᠯᠢᠨ ᠭᠤᠤᠯ ᠬᠤᠲᠠ ᠶᠢᠨ ᠠᠮᠤ ᠪᠤᠳᠠᠭᠠᠨ ᠤ ᠬᠦᠢᠯᠬᠡᠬᠡᠨ ᠪᠣᠯᠤᠨ ᠡᠳ᠋ ᠪᠣᠳᠠᠰ | ᠨᠥᠭᠡᠴᠡᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠬᠤᠤᠯᠢᠨ | ᠭᠤᠤᠯ ᠬᠤᠲᠠ ᠶᠢᠨ ᠴᠢᠬᠤᠯᠠ ᠡᠳ᠋ ᠪᠣᠳᠠᠰ ᠨᠥᠭᠡᠴᠡᠯᠡᠬᠦ ᠲᠥᠯᠥᠪᠵᠢᠭᠦᠯᠪᠡ᠂ ᠨᠥᠭᠡᠴᠡᠯᠡᠬᠦ ᠲᠥᠷᠥᠯ ᠵᠦᠢᠯ ᠤᠨ | ᠭᠠᠷᠴᠠᠭ ᠢ ᠲᠤᠤᠱᠯᠠᠭᠤᠯᠤᠨ ᠬᠡᠷᠡᠭᠵᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ᠂ ᠲᠦᠩᠯᠢᠶᠣᠤ ᠬᠤᠲᠠ ᠵᠢᠴᠢ ᠬᠤᠤᠯᠢᠨ ᠭᠤᠤᠯ ᠬᠤᠲᠠ ᠶᠢᠨ ᠨᠥᠭᠡᠴᠡᠯᠡᠬᠦ ᠶᠡᠷᠦᠩᠬᠡᠶ | ᠲᠥᠯᠥᠪᠵᠢᠭᠦᠯᠪᠡ ᠪᠣᠯᠤᠨ ᠲᠥᠷᠥᠯ ᠵᠦᠢᠯ ᠤᠨ ᠭᠠᠷᠴᠠᠭ ᠢ ᠦᠨᠳᠦᠰᠦᠯᠡᠨ᠂ ᠬᠤᠤᠯᠢᠩᠭᠤᠤᠯ ᠬᠤᠲᠠ ᠶᠢᠨ ᠪᠠᠴᠢᠮ | ᠪᠠᠶᠢᠳᠠᠯ ᠢ ᠠᠷᠭᠠᠴᠠᠬᠤ ᠴᠢᠬᠤᠯᠠ ᠨᠥᠭᠡᠴᠡ ᠡᠳ᠋ ᠪᠠᠷᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ | ᠪᠦᠬᠦᠢ ᠬᠡᠷᠡᠭᠯᠡᠬᠦ ᠲᠥᠯᠥᠪᠯᠡᠭᠡ ᠪᠣᠯᠤᠨ ᠵᠠᠷᠯᠢᠭ ᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠤᠯᠢᠨ ᠭᠤᠤᠯ ᠬᠤᠲᠠ ᠶᠢᠨ | ᠠᠮᠤ ᠪᠤᠳᠠᠭ᠎ᠠ᠂ ᠡᠮ ᠤᠨ ᠵᠦᠢᠯ ᠤᠨ ᠨᠥᠭᠡᠴᠡ ᠪᠣᠯᠤᠨ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢ | ᠬᠠᠮᠢᠶᠠᠷᠤᠨ᠎ᠠ᠃ ᠬᠤᠲᠠ ᠶᠢᠨ ᠳᠣᠲᠣᠷ᠎ᠠ ᠭᠠᠳᠠᠨᠠᠬᠢ ᠠᠮᠤ ᠪᠤᠳᠠᠭ᠎ᠠ ᠪᠠ ᠨᠥᠭᠡᠴᠡ ᠡᠳ᠋ ᠪᠣᠳᠠᠰ ᠤᠨ ᠬᠠᠩᠭᠠᠯᠭ᠎ᠠ | ᠬᠡᠷᠡᠭᠴᠡᠭᠡ ᠶᠢᠨ ᠬᠤᠪᠢᠷᠠᠯᠲᠠ ᠶᠢ ᠬᠢᠨᠠᠨ ᠬᠡᠮᠵᠢᠨ᠎ᠡ᠃ ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ | ᠬᠦᠢᠯᠭᠡᠭᠡᠨ ᠤ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠣᠳᠠᠲᠠᠶ ᠠᠵᠢᠯ ᠢ ᠡᠭᠦᠷᠭᠡᠯᠡᠵᠦ᠂ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠪᠣᠯᠤᠨ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ ᠬᠢᠭᠡᠳ | ᠬᠠᠮᠢᠶᠠᠷᠤᠯᠲᠠ ᠶᠢ ᠬᠠᠷᠢᠭᠤᠴᠠᠨ᠎ᠠ᠃ ᠠᠮᠤ ᠪᠤᠳᠠᠭ᠎ᠠ ᠪᠣᠯᠤᠨ ᠡᠳ᠋ ᠪᠠᠷᠠᠭ᠎ᠠ ᠶᠢᠨ ᠨᠥᠭᠡᠴᠡᠯᠡᠨ ᠬᠠᠳᠠᠭᠠᠯᠠᠬᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ ᠬᠦᠢᠯᠬᠡᠬᠡᠨ ᠤ ᠠᠵᠢᠯ ᠲᠥᠷᠥᠯ ᠤᠨ ᠠᠶᠤᠯ | ᠦᠭᠡᠢ ᠦᠢᠯᠡᠳᠪᠦᠷᠢᠯᠡᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠤᠤᠯᠢᠩᠭᠤᠤᠯ ᠬᠤᠲᠠ ᠶᠢᠨ | ᠱᠠᠲᠤᠨ ᠤ ᠠᠮᠤ ᠪᠤᠳᠠᠭ᠎ᠠ᠂ ᠡᠮ ᠤᠨ ᠵᠦᠢᠯ ᠨᠥᠭᠡᠴᠡᠯᠡᠬᠦ ᠪᠠ ᠭᠠᠮᠰᠢᠭ ᠠᠴᠠ ᠠᠪᠤᠷᠠᠬᠤ ᠡᠳ᠋ ᠪᠠᠷᠠᠭ᠎ᠠ | ᠨᠥᠭᠡᠴᠡᠯᠡᠬᠦ ᠶᠢ ᠳᠠᠭᠠᠭᠠᠨ ᠬᠠᠳᠠᠭᠠᠯᠠᠬᠤ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ | ︵ᠠᠷᠪᠠᠨ ᠲᠠᠪᠤ︶ ᠬᠤᠤᠯᠢᠩᠭᠤᠤᠯ ᠬᠤᠲᠠ ᠶᠢᠨ ᠨᠥᠭᠡᠴᠡᠯᠡᠬᠦ ᠶᠡᠷᠦᠩᠬᠡᠶ ᠬᠥᠭᠵᠢᠯᠲᠡ ᠶᠢᠨ | ᠲᠥᠯᠥᠪᠵᠢᠭᠦᠯᠭᠡ ᠶᠢ ᠦᠨᠳᠦᠰᠦᠯᠡᠨ᠂ ᠬᠤᠤᠯᠢᠨ ᠭᠤᠤᠯ ᠬᠤᠲᠠ ᠶᠢᠨ ᠨᠥᠭᠡᠴᠡᠯᠡᠬᠦ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠨᠢᠭᠡᠳᠦᠯᠲᠡᠶ ᠬᠠᠷᠢᠭᠤᠴᠠᠵᠤ᠂ ᠬᠤᠤᠯᠢᠨ ᠭᠤᠤᠯ ᠬᠤᠲᠠ ᠶᠢᠨ | ᠨᠥᠭᠡᠴᠡᠯᠡᠬᠦ ᠰᠠᠭᠤᠷᠢ ᠪᠡᠯᠡᠳᠬᠡᠮᠵᠢ᠂ ᠠᠮᠤ ᠪᠤᠳᠠᠭᠠᠨ ᠤ ᠬᠦᠢᠯᠭᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠤᠯᠪᠣᠭᠳᠠᠯ ᠪᠦᠬᠦᠢ ᠨᠥᠭᠡᠴᠡᠯᠡᠬᠦ ᠰᠠᠭᠤᠷᠢ ᠪᠡᠯᠡᠳᠬᠡᠮᠵᠢ ᠪᠣᠯᠤᠨ ᠠᠮᠤ ᠪᠤᠳᠠᠭᠠᠨ ᠤ ᠬᠦᠢᠯᠭᠡᠭᠡᠨ ᠤ | ᠪᠡᠯᠡᠳᠬᠡᠮᠵᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠬᠤᠤᠯᠢᠩᠭᠤᠤᠯ | ᠬᠤᠲᠠ ᠶᠢᠨ ᠲᠣᠰ ᠱᠠᠲᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠠᠮᠢᠶᠠᠷᠤᠨ᠎ᠠ᠃ | ︵ᠠᠷᠪᠠᠨ ᠵᠢᠷᠭᠤᠭ᠎ᠠ︶ ᠬᠠᠮᠢᠶᠠᠷᠴᠤ ᠪᠦᠬᠦᠢ ᠵᠠᠰᠠᠭ ᠤᠨ ᠣᠷᠳᠣᠨ ᠤ ᠨᠥᠭᠡᠴᠡ᠂ ᠠᠵᠤ ᠠᠬᠤᠶᠢᠯᠠᠯ ᠤᠨ | ᠨᠥᠭᠡᠴᠡ ᠵᠢᠴᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠠᠮᠤ ᠪᠤᠳᠠᠭᠠᠨ ᠤ ᠬᠦᠢᠯᠭᠡᠭᠡᠡ ᠳᠤ ᠬᠢᠨᠠᠯᠲᠠ ᠲᠠᠯᠪᠢᠵᠤ ᠪᠠᠶᠢᠴᠠᠭᠠᠬᠤ | ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠠᠮᠤ ᠪᠤᠳᠠᠭ᠎ᠠ | ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯ | ᠦᠭᠡᠢ ᠪᠠ ᠪᠦᠳᠦᠭᠦᠯᠢᠭ ᠠᠮᠤ ᠪᠤᠳᠠᠭᠠᠨ ᠤ ᠠᠷᠢᠭᠤᠨ ᠴᠡᠪᠡᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠬᠤᠤᠯᠢᠨ ᠭᠤᠤᠯ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠤᠨ ᠬᠥᠮᠥᠷᠭᠡ ᠶᠢᠨ ᠬᠠᠳᠠᠭᠠᠯᠠᠯᠲᠠ ᠶᠢ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭ᠎ᠠ ᠶᠢᠨ ᠠᠮᠤᠷ ᠲᠦᠪᠰᠢᠨ ᠤ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠ ᠬᠤᠲᠠ ᠶᠢᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠬᠢᠨᠠᠬᠤ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠤ ᠠᠵᠢᠯ ᠲᠥᠷᠥᠯ ᠤᠨ | ᠬᠠᠮᠢᠶᠠᠷᠤᠯᠲᠠ ᠪᠣᠯᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ | ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠂ ᠠᠮᠤ ᠪᠤᠳᠠᠭᠠᠨ ᠤ ᠬᠦᠢᠯᠭᠡᠭᠡᠨ ᠪᠣᠯᠤᠨ | ᠡᠳ᠋ ᠪᠠᠷᠠᠭ᠎ᠠ ᠨᠥᠭᠡᠴᠡᠯᠡᠬᠦ ᠪᠠᠷᠢᠮᠵᠢᠶ᠎ᠠ᠂ ᠠᠮᠤ ᠪᠤᠳᠠᠭᠠᠨ ᠤ ᠬᠠᠰᠢᠶ᠎ᠠ ᠶᠢ ᠨᠠᠶᠢᠳᠠᠪᠤᠷᠢᠵᠢᠭᠤᠯᠵᠦ᠂ ᠬᠤᠯᠪᠣᠭᠳᠠᠯ | ᠪᠦᠬᠦᠢ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠮᠤ | ᠪᠤᠳᠠᠭ᠎ᠠ ᠪᠠ ᠡᠳ᠋ ᠪᠣᠳᠠᠰ ᠤᠨ ᠨᠥᠭᠡᠴᠡ ᠶᠢᠨ ᠭᠠᠳᠠᠭᠠᠳᠤ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠬᠠᠷᠢᠭᠤᠴᠠᠨ᠎ᠠ᠃ | ︵ᠠᠷᠪᠠᠨ ᠨᠠᠢᠮᠠ︶ ᠬᠤᠤᠯᠢᠩᠭᠤᠤᠯ ᠬᠤᠲᠠ ᠶᠢᠨ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ | ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ | ᠨᠡᠶᠢᠭᠡᠮ ᠤᠨ ᠠᠮᠤᠷ ᠲᠦᠪᠰᠢᠨ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠮᠥᠷᠳᠡᠵᠦ᠂ | ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ | ᠲᠡᠩᠴᠡᠭᠦᠷᠢᠲᠡᠶ ᠪᠠᠶᠢᠯᠭᠠᠬᠤ ᠶᠢ ᠬᠠᠷᠢᠭᠤᠴᠠᠵᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠭᠦᠨ᠂ ᠲᠦᠭᠦᠬᠡᠶ | ᠮᠠᠲ᠋ᠧᠷᠢᠶᠠᠯ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠢ ᠲᠤᠬᠢᠷᠠᠭᠤᠯᠤᠨ ᠡᠵᠡᠮᠳᠡᠬᠦ ᠰᠠᠨᠠᠯ ᠢ ᠬᠠᠮᠵᠢᠯᠴᠠᠨ ᠳᠤᠷᠠᠳᠬᠤ ᠶᠢᠨ ᠬᠠᠮᠲᠤ ᠵᠣᠬᠢᠴᠠᠭᠤᠯᠤᠨ | ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠤᠯᠢᠩᠭᠤᠤᠯ ᠬᠤᠲᠠ ᠶᠢᠨ | ᠨᠥᠭᠡᠴᠡ ᠡᠳ᠋ ᠪᠣᠳᠠᠰ ᠤᠨ ᠲᠥᠷᠥᠯ ᠵᠦᠢᠯ ᠤᠨ ᠭᠠᠷᠴᠠᠭ᠂ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠨ᠎ᠠ᠃ | ︵ᠠᠷᠪᠠ ᠶᠢᠰᠦ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠤᠤᠯᠢᠨ ᠭᠤᠤᠯ ᠬᠤᠲᠠ ᠠᠴᠠ ᠬᠠᠮᠢᠶᠠᠷᠴᠤ ᠪᠠᠶ᠋ᠭ᠎ᠠ | ᠴᠢᠬᠤᠯᠠ ᠲᠠᠸᠠᠷ ᠤᠨ ᠦᠢᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ ᠰᠦᠢᠳᠭᠡᠯ ᠬᠤᠷᠢᠶᠠᠬᠤ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠲᠣᠭᠲᠠᠭᠠᠵᠤ᠂ ᠬᠤᠤᠯᠢᠩᠭᠤᠤᠯ ᠬᠤᠲᠠ ᠶᠢᠨ ᠴᠢᠬᠤᠯᠠ ᠲᠠᠸᠠᠷ ᠪᠣᠯᠤᠨ ᠦᠢᠯᠡᠴᠢᠯᠡᠭᠡᠨ ᠤ | ᠦᠨ᠎ᠡ ᠬᠠᠩᠰᠢ ᠶᠢ ᠬᠢᠨᠠᠨ ᠬᠡᠮᠵᠢᠬᠦ ᠠᠵᠢᠯ ᠤᠨ ᠬᠤᠳᠳᠤᠭ ᠲᠤ ᠮᠡᠳᠡᠭᠡ ᠵᠠᠩᠭᠢ ᠨᠡᠶᠢᠲᠡᠯᠡᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵ᠬᠤᠷᠢ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠬᠤᠷᠢᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠭᠤᠤᠯ ᠣᠶᠤᠨ ᠴᠢᠳᠠᠯ ᠢᠶᠠᠨ ᠬᠤᠷᠸ᠎ᠠ | ᠲᠠᠯ᠎ᠠ ᠶᠢ ᠬᠠᠮᠢᠶᠠᠷᠬᠤ᠂ ᠪᠦᠬᠦ ᠲᠠᠯ᠎ᠠ ᠶᠢ ᠲᠥᠯᠥᠪᠵᠢᠭᠦᠯᠬᠦ᠂ ᠶᠡᠭᠡ ᠶᠠᠪᠤᠳᠠᠯ ᠢ ᠠᠳᠬᠤᠬᠤ ᠳᠡᠭᠡᠷ᠎ᠡ ᠰᠢᠯᠵᠢᠭᠦᠯᠵᠦ᠂ | ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠢᠨᠵᠧᠨᠧᠷᠢᠩ ᠢ ᠶᠡᠷᠦᠩᠬᠡᠶᠢᠯᠡᠨ | ᠵᠣᠬᠢᠴᠠᠭᠤᠯᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠪᠢᠴᠢᠯ ᠬᠠᠮᠢᠶᠠᠷᠤᠯᠲᠠ ᠶᠢᠨ ᠬᠡᠷᠡᠭ ᠶᠠᠪᠤᠳᠠᠯ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ | ᠪᠠᠭᠠᠰᠬᠠᠨ᠎ᠠ᠃ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠰᠢᠭᠤᠳ ᠲᠣᠬᠢᠷᠠᠭᠤᠯᠬᠤ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠳᠤ | ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠲᠥᠪ ᠭᠤᠤᠯᠴᠢ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | 1. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠤᠤᠯᠢᠩᠭᠤᠤᠯ ᠬᠤᠲᠠ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠭᠤᠤᠯ ᠴᠣᠭᠴᠠ ᠶᠢᠨ ᠰᠢᠰᠲ᠋ᠧᠮ ᠢ ᠲᠣᠭᠲᠠᠭᠠᠬᠤ ᠡᠭᠦᠷᠭᠡ | ᠴᠢᠳᠠᠪᠬᠢ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠳᠦᠷᠢᠮ ᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ | ᠨᠢᠭᠡᠳᠦᠯᠲᠡᠶ ᠳᠤ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠲᠤᠭ᠎ᠠ ᠬᠡᠮᠵᠢᠶ᠎ᠡ ᠶᠢ | ᠴᠣᠮᠬᠠᠳᠬᠠᠵᠤ᠂ ᠲᠥᠯᠥᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢᠨ ᠤᠳᠤᠷᠢᠳᠤᠮᠵᠢ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ | ᠬᠡᠷᠡᠭᠲᠡᠶ᠃ | 2. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠤᠷᠸ᠎ᠠ ᠲᠣᠬᠢᠷᠠᠭᠤᠯᠤᠯ | ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠮᠠᠶ᠋ᠢᠭ ᠤᠨ | ᠲᠠᠯ᠎ᠠ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠥᠪᠵᠢᠭᠦᠯᠪᠡ᠂ ᠡᠳ᠋ ᠤᠨ ᠵᠠᠰᠠᠭ᠂ ᠮᠥᠩᠭᠦᠨ ᠭᠦᠢᠯᠭᠡᠭᠡ | ᠵᠡᠷᠭᠡ ᠲᠥᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ | ᠠᠵᠤ ᠠᠬᠤᠢ ᠶᠢᠨ ᠬᠢᠨᠠᠨ ᠬᠡᠮᠵᠢᠬᠦ ᠤᠷᠢᠳᠴᠢᠯᠠᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ | ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠥᠷᠦ ᠶᠢᠨ ᠪᠣᠳᠣᠯᠭ᠎ᠠ ᠶᠢᠨ ᠨᠥᠭᠡᠴᠡ ᠶᠢᠨ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠢᠩᠭ᠎ᠠ᠂ | ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ᠃ | 3. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ | ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠡᠯᠡ | ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠬᠡᠪᠴᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠤᠰᠬᠠᠬᠤ ᠦᠨ᠎ᠡ | ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠤᠨ᠎ᠠ᠃ | 4 . ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠥᠭᠡᠴᠡᠯᠡᠬᠦ ᠰᠢᠰᠲ᠋ᠧᠮᠵᠢ ᠪᠣᠯᠤᠨ | ᠡᠵᠡᠩᠨᠡᠬᠦ ᠠᠷᠭ᠎ᠠ ᠮᠠᠶ᠋ᠢᠭ ᠢ ᠥᠭᠡᠷᠡᠴᠢᠯᠡᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠨᠥᠭᠡᠴᠡᠯᠡᠬᠦ ᠬᠥᠲᠥᠯᠥᠨ | ᠵᠢᠯᠣᠭᠤᠳᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠠᠵᠤ ᠠᠬᠤᠶᠢᠯᠠᠯ ᠤᠨ ᠬᠤᠳᠠᠯᠳᠤᠭᠠᠨ ᠤ | ᠨᠥᠭᠡᠴᠡᠯᠡᠬᠦ ᠦᠢᠯᠡᠳᠦᠯ ᠢ ᠵᠣᠷᠢᠭᠵᠢᠭᠤᠯᠵᠤ᠂ ᠵᠠᠰᠠᠭ ᠤᠨ ᠣᠷᠳᠣᠨ ᠤ ᠨᠥᠭᠡᠴᠡᠯᠡᠬᠦ ᠬᠢᠭᠡᠳ ᠠᠵᠤ ᠠᠬᠤᠶᠢᠯᠠᠯ ᠤᠨ | ᠨᠥᠭᠡᠴᠡᠯᠡᠬᠦ ᠬᠠᠷᠢᠯᠴᠠᠨ ᠨᠥᠬᠦᠪᠥᠷᠢᠯᠡᠭᠰᠡᠨ ᠬᠠᠮᠵᠢᠯᠴᠠᠨ ᠬᠥᠭᠵᠢᠬᠦ ᠪᠠᠶᠢᠷᠢᠰᠢᠯ ᠢ ᠪᠤᠢ ᠪᠣᠯᠭᠠᠬᠤ ᠶᠢ ᠲᠦᠯᠬᠢᠨ | ᠠᠬᠢᠭᠤᠯᠤᠨ᠎ᠠ᠃ | 5. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠠᠬ᠎ᠠ ᠳᠡᠯᠭᠡᠭᠦᠷ ᠢ ᠵᠠᠳᠠᠯᠤᠨ | ᠲᠥᠰᠦᠭᠡᠯᠡᠬᠦ ᠪᠠ ᠬᠢᠨᠠᠨ ᠬᠡᠮᠵᠢᠬᠦ ᠰᠡᠷᠡᠮᠵᠢ ᠶᠢᠨ ᠳᠣᠬᠢᠶ᠎ᠠ ᠶᠢ ᠴᠢᠩᠭᠠᠳᠬᠠᠵᠤ᠂ ᠲᠣᠮᠣ ᠳ᠋ᠠᠶᠢᠲ᠋ᠠ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠥᠳᠡᠯᠦᠩᠭᠦᠶ ᠬᠢᠨᠠᠨ ᠡᠵᠡᠮᠳᠡᠬᠦ ᠪᠠᠨ | ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠨᠥᠭᠡᠴᠡᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ | ᠤᠯᠤᠰ ᠤᠨ ᠠᠮᠤᠷ ᠲᠦᠪᠰᠢᠨ ᠢ ᠪᠠᠲᠤᠯᠠᠬᠤ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠵᠠᠬ᠎ᠠ | ᠳᠡᠯᠭᠡᠭᠦᠷ ᠢ ᠬᠥᠲᠥᠯᠥᠨ ᠵᠢᠯᠣᠭᠤᠳᠬᠤ ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠤᠨ᠎ᠠ᠃ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶᠡᠨ ᠤ | ᠬᠢᠨᠠᠯᠲᠠ ᠬᠠᠮᠢᠶᠠᠷᠤᠯᠲᠠ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠢ ᠬᠦᠴᠦᠯᠡᠨ | ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠬᠤᠤᠯᠢᠩᠭᠤᠤᠯ | ᠬᠤᠲᠠ ᠶᠢᠨ ᠨᠥᠭᠡᠴᠡᠯᠡᠯ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠪᠡ ᠪᠠ ᠲᠥᠷᠥᠯ ᠵᠦᠢᠯ ᠤᠨ ᠭᠠᠷᠴᠠᠭ | ᠵᠢᠴᠢ ᠬᠡᠷᠡᠭᠯᠡᠬᠦ ᠵᠢᠭᠠᠯᠲᠠ ᠶᠢ ᠦᠨᠳᠦᠰᠦᠯᠡᠨ ᠨᠥᠭᠡᠴᠡᠯᠡᠬᠦ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠪᠡ ᠪᠣᠯᠤᠨ | ᠲᠥᠷᠥᠯ ᠵᠦᠢᠯ ᠤᠨ ᠭᠠᠷᠴᠠᠭ ᠵᠢᠴᠢ ᠬᠥᠳᠡᠯᠭᠡᠨ ᠬᠡᠷᠡᠭᠯᠡᠬᠦ ᠵᠠᠷᠯᠢᠭ ᠲᠤ ᠬᠢᠨᠠᠯᠲᠠ ᠲᠠᠯᠪᠢᠵᠤ᠂ ᠨᠥᠭᠡᠴᠡᠯᠡᠬᠦ ᠭᠤᠤᠯ | ᠴᠣᠭᠴᠠ ᠶᠢ ᠰᠠᠶᠢᠲᠤᠷ ᠬᠢᠵᠦ᠂ ᠬᠤᠤᠯᠢᠩᠭᠤᠤᠯ ᠬᠤᠲᠠ ᠶᠢᠨ ᠨᠥᠭᠡᠴᠡᠯᠡᠬᠦ ᠡᠳ᠋ ᠪᠣᠳᠠᠰ ᠢ ᠬᠤᠷᠢᠶᠠᠵᠤ ᠳᠡᠶᠢᠯᠬᠦ᠂ | ᠰᠠᠶᠢᠲᠤᠷ ᠬᠠᠳᠠᠭᠠᠯᠠᠵᠤ ᠳᠡᠶᠢᠯᠬᠦ᠂ ᠲᠣᠬᠢᠷᠠᠭᠤᠯᠵᠤ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ | | ︵ᠬᠤᠷᠢᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 1. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠤᠤᠯᠢᠩᠭᠤᠤᠯ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠤᠯᠢᠩᠭᠤᠤᠯ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠮᠦᠨ ᠠᠮᠠ ᠶᠢᠨ | ᠬᠤᠪᠢᠷᠠᠯᠲᠠ ᠶᠢᠨ ᠪᠠᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠬᠤ᠂ ᠬᠥᠮᠦᠨ ᠠᠮᠠ ᠶᠢᠨ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠬᠤ᠂ ᠴᠢᠬᠤᠯᠠ ᠶᠡᠭᠡ | ᠰᠢᠢᠳᠪᠦᠷᠢᠳᠦ ᠪᠣᠳᠣᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠬᠦ᠂ ᠴᠢᠬᠤᠯᠠ ᠶᠡᠭᠡ | ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠪᠡ ᠪᠠ ᠬᠥᠮᠦᠨ ᠠᠮᠠ ᠶᠢᠨ ᠲᠥᠷᠥ ᠶᠢᠨ ᠪᠣᠳᠣᠯᠭ᠎ᠠ ᠶᠢᠨ | ᠰᠤᠳᠤᠯᠭᠠᠨ ᠢ ᠲᠡᠭᠦᠯᠳᠡᠷᠵᠢᠭᠦᠯᠬᠦ ᠶᠢ ᠬᠠᠷᠢᠭᠤᠴᠠᠵᠤ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ | ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠦᠷᠭᠦᠯᠵᠢᠯᠡᠨ ᠬᠥᠭᠵᠢᠬᠦ ᠵᠢᠴᠢ ᠬᠥᠮᠦᠨ ᠠᠮᠠ ᠶᠢᠨ ᠤᠷᠲᠤ | ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠬᠤᠤᠯᠢᠩᠭᠤᠤᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠨᠢ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ | ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠦᠷᠡᠵᠢᠯ ᠲᠠᠢ ᠬᠤᠯᠪᠣᠭᠳᠠᠬᠤ | ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠠᠵᠤ ᠠᠬᠤᠶ | ᠨᠡᠶᠢᠭᠡᠮ ᠤᠨ ᠲᠥᠷᠥ ᠶᠢᠨ ᠪᠣᠳᠣᠯᠭ᠎ᠠ ᠶᠢ ᠲᠥᠬᠦᠷᠵᠢᠭᠦᠯᠦᠨ ᠵᠣᠯᠭᠠᠭᠤᠯᠬᠤ ᠶᠢ ᠠᠬᠢᠭᠤᠯᠤᠨ᠂ ᠬᠥᠮᠦᠨ ᠠᠮᠠ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠲᠦᠩᠯᠢᠶᠣᠤ ᠬᠤᠲᠠ ᠵᠢᠴᠢ ᠬᠤᠤᠯᠢᠩᠭᠤᠤᠯ ᠬᠤᠲᠠ ᠶᠢᠨ ᠬᠥᠮᠦᠨ ᠠᠮᠠ ᠶᠢᠨ ᠬᠥᠭᠵᠢᠯᠲᠡ ᠶᠢᠨ | ᠲᠥᠯᠥᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ | 2. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠤᠤᠯᠢᠩᠭᠤᠤᠯ ᠬᠤᠲᠠ ᠶᠢᠨ | ᠡᠨᠧᠷᠭᠢ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠤᠯᠢᠩᠭᠤᠤᠯ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠵᠣᠯᠭᠠᠭᠤᠯᠵᠤ | ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠬᠤᠤᠯᠢᠩᠭᠤᠤᠯ ᠬᠤᠲᠠ ᠶᠢᠨ | ᠡᠨᠧᠷᠭᠢ ᠶᠢᠨ ᠲᠣᠪᠴᠢᠶ᠎ᠠ ᠬᠠᠷᠢᠭᠤᠴᠠᠨ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠪᠡ᠂ ᠲᠥᠰᠦᠯ ᠪᠣᠯᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠬᠤᠤᠯᠢᠩᠭᠤᠤᠯ ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ | ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠣᠯᠤᠨ ᠬᠥᠳᠡᠯᠭᠡᠨ ᠬᠡᠷᠡᠭᠯᠡᠬᠦ ᠰᠢᠢᠳᠪᠦᠷᠢᠳᠦ ᠪᠣᠳᠣᠯᠭ᠎ᠠ ᠶᠢ ᠬᠠᠷᠢᠭᠤᠴᠠᠨ | ᠳᠤᠷᠠᠳᠴᠤ᠂ ᠬᠤᠤᠯᠢᠩᠭᠤᠤᠯ ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ | ᠲᠥᠯᠥᠪᠵᠢᠭᠦᠯᠪᠡ᠂ ᠲᠥᠷᠥᠯ ᠵᠦᠶ᠋ᠯ ᠤᠨ ᠭᠠᠷᠴᠠᠭ ᠪᠣᠯᠤᠨ ᠪᠠᠷᠢᠮᠵᠢᠶ᠎ᠠ ᠶᠢ ᠵᠣᠬᠢᠶᠠᠨ ᠪᠠᠢᠭᠤᠯᠤᠨ ᠨᠠᠶᠢᠷᠠᠭᠤᠯᠤᠨ | ᠵᠣᠬᠢᠶᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠤᠨ | ᠬᠤᠳᠠᠯᠳᠤᠨ ᠠᠪᠬᠤ ᠲᠥᠯᠥᠪᠯᠡᠭᠡ ᠪᠠᠨ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠥᠳᠡᠯᠭᠡᠨ ᠬᠡᠷᠡᠭᠯᠡᠬᠦ | ᠵᠠᠷᠯᠢᠭ ᠪᠠᠭᠤᠯᠭᠠᠨ᠎ᠠ᠃ ᠬᠤᠤᠯᠢᠩᠭᠤᠤᠯ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ | ᠬᠤᠤᠯᠢᠩᠭᠤᠤᠯ ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠲᠥᠯᠥᠪᠵᠢᠭᠦᠯᠪᠡ᠂ ᠲᠥᠷᠥᠯ | ᠵᠦᠶ᠋ᠯ ᠤᠨ ᠭᠠᠷᠴᠠᠭ ᠪᠠ ᠪᠠᠷᠢᠮᠵᠢᠶ᠎ᠠ᠂ ᠤᠨ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠬᠤᠤᠯᠢᠩᠭᠤᠤᠯ | ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠠᠭᠤᠯᠭᠠᠬᠤ᠂ ᠡᠭᠡᠯᠵᠢᠯᠡᠭᠦᠯᠬᠦ ᠪᠠ ᠬᠢᠨᠠᠨ ᠬᠠᠮᠢᠶᠠᠷᠬᠤ ᠶᠢ | ᠬᠠᠷᠢᠭᠤᠴᠠᠵᠤ᠂ ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠬᠡᠷᠡᠭᠯᠡᠬᠦ ᠵᠢᠭᠠᠪᠤᠷᠢ ᠶᠢ ᠦᠨᠳᠦᠰᠦᠯᠡᠨ ᠳᠡᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠵᠦ | ᠰᠢᠯᠵᠢᠭᠦᠯᠦᠨ ᠭᠠᠷᠭᠠᠨ᠎ᠠ᠃ | ᠳᠣᠲᠣᠭᠠᠳᠤ ᠪᠠᠶᠢᠭᠤᠯᠤᠮᠵᠢ᠄ | ︵ᠨᠢᠭᠡ︶ ᠨᠠᠮ ᠵᠠᠰᠠᠭ ᠤᠨ ᠠᠯᠪᠠᠨ ᠭᠡᠷ᠃ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ | ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠡᠷᠭᠢᠯᠲᠡ ᠶᠢᠨ ᠠᠵᠢᠯ ᠢ ᠬᠠᠷᠢᠭᠤᠴᠠᠨ᠎ᠠ︔ ᠮᠡᠳᠡᠭᠡ | ᠵᠠᠩᠭᠢ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ᠂ ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ᠂ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠪᠠ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠄ | ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠬᠠᠷᠢᠭᠤᠴᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢᠨ ᠱᠠᠲᠤ ᠦᠶ᠎ᠡ ᠶᠢᠨ ᠴᠢᠨᠠᠷᠲᠠᠶ ᠲᠥᠯᠥᠪᠵᠢᠭᠦᠯᠪᠡ᠂ ᠰᠠᠨᠠᠯ ᠵᠢᠴᠢ ᠬᠤᠯᠪᠣᠭᠳᠠᠯ ᠪᠦᠬᠦᠢ | ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠵᠡᠷᠭᠡ ᠠᠵᠢᠯ ᠢ ᠰᠤᠳᠤᠯᠤᠨ ᠵᠢᠯᠣᠭᠤᠳᠤᠨ᠎ᠠ︔ ᠨᠠᠮ ᠤᠨ | ᠪᠠᠶᠢᠭᠤᠯᠤᠯᠲᠠ ᠶᠢᠨ ᠠᠵᠢᠯ ᠢ ᠬᠢᠨᠠᠨ ᠰᠢᠯᠭᠠᠬᠤ ᠪᠠ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ | ᠠᠵᠢᠯ ᠢ ᠬᠠᠷᠢᠭᠤᠴᠠᠵᠤ᠂ ᠨᠠᠮ ᠤᠨ ᠭᠡᠰᠢᠭᠦᠨ ᠢ ᠬᠥᠮᠦᠵᠢᠭᠦᠯᠬᠦ᠂ ᠬᠠᠮᠢᠶᠠᠷᠬᠤ ᠪᠠ ᠬᠥᠭᠵᠢᠭᠦᠯᠬᠦ ᠠᠵᠢᠯ ᠢ ᠰᠠᠶᠢᠲᠤᠷ | ᠬᠢᠬᠦ ᠶᠢ ᠵᠢᠯᠣᠭᠤᠳᠤᠨ᠂ ᠳᠤᠭᠤᠶᠢᠯᠠᠩ ᠤᠨ ᠠᠵᠢᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ | ᠶᠡᠷᠦᠩᠬᠡᠶᠢᠯᠡᠬᠦ᠂ ᠳᠡᠭᠡᠭᠰᠢ ᠮᠡᠳᠡᠭᠦᠯᠬᠦ᠄ ᠨᠠᠮ ᠤᠨ ᠳᠣᠲᠣᠭᠠᠳᠤ ᠶᠢᠨ ᠲᠤᠭ᠎ᠠ ᠪᠦᠷᠢᠳᠬᠡᠯ᠂ ᠵᠣᠬᠢᠶᠠᠨ | ᠪᠠᠶᠢᠭᠤᠯᠤᠯᠲᠠ ᠶᠢᠨ ᠬᠠᠷᠢᠴᠠᠭ᠎ᠠ ᠶᠢ ᠬᠦᠯᠢᠶᠡᠨ ᠠᠪᠴᠤ ᠳᠠᠮᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠨᠠᠮ ᠤᠨ | ᠵᠠᠷᠤᠳᠠᠯ ᠢ ᠬᠤᠷᠢᠶᠠᠬᠤ᠂ ᠬᠠᠮᠢᠶᠠᠷᠬᠤ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠄ ᠣᠯᠠᠨ ᠲᠦᠮᠡᠨ ᠤ ᠪᠦᠯᠬᠦᠮ ᠤᠨ | ᠠᠵᠢᠯ ᠢ ᠬᠠᠷᠢᠭᠤᠴᠠᠨ᠎ᠠ᠃ ᠡᠭᠦᠨ ᠤ ᠬᠠᠮᠲᠤ ᠪᠤᠰᠤᠳ ᠲᠤᠰᠢᠶᠠᠨ ᠰᠢᠢᠳᠪᠦᠷᠢᠯᠡᠬᠦᠯᠬᠦ ᠵᠦᠢᠯᠡᠰ ᠢ ᠪᠡᠶᠡᠯᠡᠭᠦᠯᠦᠨ᠎ᠡ᠃ | | ︵ᠬᠤᠶᠠᠷ︶ ᠤᠯᠤᠰ ᠠᠷᠠᠳ ᠤᠨ ᠠᠵᠤ ᠠᠬᠤᠶ ᠬᠢᠭᠡᠳ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠶᠡᠷᠦᠩᠬᠡᠶᠢᠯᠡᠭᠰᠡᠨ ᠬᠤᠪᠢ᠃ ᠬᠤᠤᠯᠢᠩᠭᠤᠤᠯ ᠬᠤᠲᠠ ᠶᠢᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ | ᠲᠥᠯᠥᠪᠵᠢᠭᠦᠯᠬᠦ ᠰᠠᠨᠠᠭᠤᠯᠭ᠎ᠠ ᠳᠤᠷᠠᠳᠪᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠤᠷᠲᠤᠪᠲᠤᠷ ᠪᠠ | ᠤᠷᠲᠤ ᠬᠤᠭᠤᠴᠠᠭᠠᠨ ᠤ ᠬᠥᠭᠵᠢᠯᠲᠡ᠂ ᠪᠦᠲᠦᠴᠡ ᠶᠢᠨ ᠲᠣᠬᠢᠷᠠᠭᠤᠯᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠪᠠ | ᠄ ᠬᠤᠤᠯᠢᠩᠭᠤᠤᠯ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠤᠷᠲᠤᠪᠲᠤᠷ | ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠥᠯᠥᠪᠯᠡᠨ ᠲᠣᠭᠲᠠᠭᠠᠬᠤ ᠶᠢᠨ ᠬᠠᠮᠲᠤ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠳᠤ ᠬᠢᠨᠠᠨ ᠬᠡᠮᠵᠢᠯᠲᠡ ᠪᠠ ᠦᠨᠡᠯᠡᠯᠲᠡ ᠬᠢᠨ᠎ᠡ︔ ᠬᠤᠤᠯᠢᠩᠭᠤᠤᠯ ᠬᠤᠲᠠ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠲᠤᠰᠬᠠᠶ ᠲᠥᠯᠥᠪᠵᠢᠭᠦᠯᠪᠡ᠂ ᠣᠷᠣᠨ ᠪᠦᠰᠡ ᠶᠢᠨ | ᠲᠥᠯᠥᠪᠵᠢᠭᠦᠯᠪᠡ ᠪᠠ ᠣᠷᠣᠨ ᠵᠠᠶ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ ︔ | ᠴᠢᠬᠤᠯᠠ ᠪᠢᠴᠢᠭ ᠮᠠᠲ᠋ᠧᠷᠢᠶᠠᠯ ᠢ ᠨᠣᠤᠷᠠᠭᠯᠠᠨᠠ᠃ | ᠬᠤᠤᠯᠢᠩᠭᠤᠤᠯ ᠬᠤᠲᠠ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠪᠡ︔ | ᠬᠤᠤᠯᠢᠩᠭᠤᠤᠯ ᠬᠤᠲᠠ ᠶᠢᠨ ᠠᠵᠤ ᠠᠬᠤᠢ ᠶᠢᠨ ᠲᠣᠬᠢᠷᠠᠭᠤᠯᠤᠯᠲᠠ ᠶᠢᠨ ᠬᠠᠷᠠᠯᠲᠠ ᠶᠢ ᠳᠤᠷᠠᠳᠪᠠ︔ ᠠᠵᠤ | ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠳᠤ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ︔ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠤᠨ ᠤ ᠲᠥᠯᠥᠪᠯᠡᠭᠡ ᠶᠢ | ᠵᠣᠬᠢᠶᠠᠨ ᠪᠠᠶᠢᠭᠤᠯᠵᠤ ᠲᠥᠯᠥᠪᠯᠡᠨ ᠲᠣᠭᠲᠠᠭᠠᠨ᠎ᠠ᠃ | ᠬᠤᠤᠯᠢᠩᠭᠤᠤᠯ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠥᠪᠵᠢᠭᠦᠯᠪᠡ᠂ | ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ | ᠪᠣᠯᠤᠨ ᠤᠯᠤᠰ ᠠᠷᠠᠳ ᠤᠨ ᠠᠵᠤ ᠠᠬᠤᠶ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠷᠢᠴᠠᠭ᠎ᠠ ᠶᠢ ᠰᠤᠳᠤᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ︔ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠶᠠᠨ ᠪᠠᠶᠢᠭᠤᠯᠵᠤ ᠲᠥᠯᠥᠪᠯᠡᠨ ᠲᠣᠭᠲᠠᠭᠠᠨ᠎ᠠ᠃ | ᠬᠤᠤᠯᠢᠩᠭᠤᠤᠯ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠥᠪᠵᠢᠭᠦᠯᠪᠡ᠂ | ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ | ᠪᠣᠯᠤᠨ ᠤᠯᠤᠰ ᠠᠷᠠᠳ ᠤᠨ ᠠᠵᠤ ᠠᠬᠤᠶ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠷᠢᠴᠠᠭ᠎ᠠ ᠶᠢ ᠰᠤᠳᠤᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ︔ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠡᠩ ᠤᠨ ᠦᠶ᠎ᠡ ᠪᠠ ᠲᠠᠶᠢᠨ ᠤ | ᠦᠶ᠎ᠡ ᠶᠢᠨ ᠪᠠᠶᠢᠳᠠᠯ ᠢ ᠬᠤᠪᠢᠷᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ᠎ᠠ︔ ᠬᠤᠤᠯᠢᠩᠭᠤᠤᠯ | ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠳᠤᠮᠳᠠᠬᠢ ᠬᠠᠮᠢᠶ᠎ᠠ ᠪᠦᠬᠦᠢ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠴᠤ᠂ | ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ | ᠰᠢᠨᠵᠢᠯᠡᠵᠦ᠂ ᠬᠤᠤᠯᠢᠩᠭᠤᠤᠯ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ | ᠬᠡᠪᠴᠢᠶ᠎ᠡ ᠪᠣᠯᠤᠨ ᠪᠡᠯᠡ ᠣᠷᠣᠭᠤᠯᠤᠯᠲᠠ ᠶᠢᠨ ᠪᠦᠲᠦᠴᠡ ᠶᠢ ᠲᠤᠬᠢᠷᠠᠭᠤᠯᠤᠨ ᠡᠵᠡᠮᠳᠡᠬᠦ ᠬᠠᠷᠠᠯᠲᠠ᠂ ᠰᠠᠨᠠᠭᠤᠯᠭ᠎ᠠ᠂ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠬᠤᠤᠯᠢᠩᠭᠤᠤᠯ ᠬᠤᠲᠠ ᠶᠢᠨ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠴᠢᠬᠤᠯᠠ ᠶᠡᠭᠡ | ᠲᠥᠷᠥᠯ ᠵᠦᠢᠯ ᠢ ᠲᠥᠰᠦᠪᠯᠡᠨ ᠨᠥᠭᠡᠴᠡᠯᠡᠵᠦ᠂ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠲᠣᠬᠢᠷᠠᠭᠤᠯᠤᠨ᠎ᠠ᠃ | ᠵᠠᠰᠠᠭ ᠤᠨ ᠣᠷᠳᠣᠨ ᠪᠣᠯᠤᠨ ᠨᠡᠶᠢᠭᠡᠮ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠳᠡᠯᠭᠡᠷᠡᠭᠦᠯᠬᠦ ᠳᠤ | ᠣᠷᠣᠯᠴᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠴᠢᠷᠮᠠᠶᠢᠨ ᠣᠯᠬᠤ ᠶᠢᠨ ᠬᠠᠮᠲᠤ ᠬᠤᠷᠢᠶᠠᠩᠭᠤᠶᠢᠯᠠᠵᠤ᠂ ᠬᠤᠤᠯᠢᠩᠭᠤᠤᠯ | ᠬᠤᠲᠠ ᠶᠢᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ | ᠲᠤᠭᠤᠷᠪᠢᠨ ᠲᠣᠭᠲᠠᠭᠠᠨ᠎ᠠ᠃ | ᠬᠤᠤᠯᠢᠩᠭᠤᠤᠯ ᠬᠤᠲᠠ ᠶᠢᠨ ᠪᠦᠬᠦ ᠨᠡᠶᠢᠭᠡᠮ ᠤᠨ ᠪᠡᠯᠡ ᠮᠥᠩᠭᠦ ᠶᠢ ᠲᠡᠩᠴᠡᠭᠦᠷᠢᠲᠡᠶ ᠪᠠᠶᠢᠯᠭᠠᠬᠤ ᠶᠢ ᠰᠤᠳᠤᠯᠤᠨ | ᠵᠠᠳᠠᠯᠵᠤ᠂ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠡᠳ᠋ ᠤᠨ ᠵᠠᠰᠠᠭ ᠭᠠᠶᠢᠯᠢ ᠮᠥᠩᠭᠦᠨ ᠬᠦᠢᠯᠭᠡᠭᠡᠨ ᠤ | ᠲᠥᠷᠦ ᠶᠢᠨ ᠪᠣᠳᠣᠯᠭ᠎ᠠ ᠶᠢ ᠨᠢᠭᠡᠳᠦᠯᠲᠡᠶ ᠳᠤ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠬᠢᠨ᠎ᠡ ︔ | ᠬᠤᠤᠯᠢᠩᠭᠤᠤᠯ ᠬᠤᠲᠠ ᠶᠢᠨ ᠡᠳ᠋ ᠤᠨ ᠵᠠᠰᠠᠭ᠂ ᠥᠭᠡᠷᠡᠴᠢᠯᠡᠯᠲᠡ ᠶᠢᠨ ᠵᠡᠷᠭᠡ ᠠᠰᠠᠭᠤᠳᠠᠯ ᠢ ᠰᠤᠳᠤᠯᠬᠤ ᠳᠤ | ᠣᠷᠣᠯᠴᠠᠵᠤ᠂ ᠡᠳ᠋ ᠤᠨ ᠵᠠᠰᠠᠭ ᠤᠨ ᠲᠥᠷᠦ ᠶᠢᠨ ᠪᠣᠳᠣᠯᠭ᠎ᠠ ᠪᠣᠯᠤᠨ ᠮᠥᠩᠭᠦᠨ ᠬᠦᠢᠯᠬᠡᠬᠡᠨ ᠤ ᠲᠥᠷᠦ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠵᠠᠳᠠᠯᠬᠤ ᠶᠢᠨ ᠬᠠᠮᠲᠤ ᠰᠠᠨᠠᠭᠤᠯᠭ᠎ᠠ ᠲᠤᠷᠠᠳᠨᠠ︔ ᠬᠤᠤᠯᠢᠩᠭᠤᠤᠯ | ᠬᠤᠲᠠ ᠶᠢᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠠᠮᠢᠶᠠᠷᠤᠯᠲᠠ ᠶᠢᠨ ᠠᠵᠢᠯ ᠵᠢᠴᠢ | ᠬᠤᠤᠯᠢᠩᠭᠤᠤᠯ ᠬᠤᠲᠠ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠ ᠠᠳᠠᠯ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠵᠢᠴᠢ ᠳᠦᠷᠢᠮ ᠤᠨ ᠪᠠᠶᠢᠭᠤᠯᠤᠯᠲᠠ ᠶᠢ ᠠᠬᠢᠭᠤᠯᠬᠤ ᠳᠤ | ᠣᠷᠣᠯᠴᠠᠨ᠎ᠠ︔ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠢ ᠲᠠᠨᠢᠯᠴᠠᠭᠤᠯᠵᠤ ᠬᠢᠨᠠᠨ ᠬᠠᠷᠭᠤᠭᠤᠯᠬᠤ ᠳᠤ | ᠣᠷᠣᠯᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠄ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ | ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠲᠠ ᠶᠢᠨ | ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠲᠣᠭᠲᠠᠭᠠᠭᠰᠠᠨ ᠤᠴᠢᠷ | ᠶᠠᠪᠤᠳᠠᠯ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠪᠠᠳᠠᠨ | ᠰᠢᠢᠳᠪᠦᠷᠢᠯᠡᠨ᠎ᠡ᠃ | ᠬᠤᠤᠯᠢᠩᠭᠤᠤᠯ ᠬᠤᠲᠠ ᠶᠢᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠰᠤᠳᠤᠯᠵᠤ᠂ ᠠᠵᠤ | ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠤᠨ᠎ᠠ︔ | ᠬᠤᠤᠯᠢᠩᠭᠤᠤᠯ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠲᠤᠰᠬᠠᠶ ᠵᠦᠢᠯ ᠤᠨ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ︔ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠵᠢᠯᠣᠭᠤᠳᠴᠤ᠂ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ | ᠨᠠᠷᠢᠨ ᠪᠢᠴᠢᠭᠡᠴᠢ ᠶᠢᠨ ᠬᠤᠪᠢᠴᠠᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠬᠤᠲᠠ ᠶᠢᠨ ᠨᠠᠮ ᠤᠨ | ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠨᠢᠭᠡᠳᠦᠯᠲᠡᠢ ᠳᠤ | ᠲᠥᠯᠥᠪᠵᠢᠭᠦᠯᠦᠨ ᠵᠣᠬᠢᠴᠠᠭᠤᠯᠬᠤ ᠶᠢ ᠬᠦᠯᠢᠶᠡᠨ᠎ᠡ᠃ | ︵ᠭᠤᠷᠪᠠ︶ ᠭᠠᠵᠠᠷ ᠣᠷᠣᠨ ᠤ ᠠᠵᠤ ᠠᠬᠤᠶ ᠬᠢᠭᠡᠳ ᠠᠵᠤ ᠦᠢᠯᠡᠰ ᠤᠨ ᠬᠥᠭᠵᠢᠯᠲᠡ ᠶᠢᠨ ᠰᠲ᠋ᠣᠺ᠃ | ᠬᠤᠤᠯᠢᠩᠭᠤᠤᠯ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠤᠭᠤᠷᠪᠢᠵᠤ᠂ ᠣᠷᠣᠨ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠪᠠ ︔ ᠴᠢᠬᠤᠯᠠ ᠶᠡᠭᠡ ᠲᠥᠷᠥᠯ ᠵᠦᠢᠯ ᠤᠨ | ᠪᠠᠶᠢᠷᠢᠯᠠᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠬᠤᠤᠯᠢᠩᠭᠤᠤᠯ | ᠭᠤᠤᠯ ᠬᠤᠲᠠ ᠶᠢᠨ ᠤᠯᠤᠰ ᠤᠨ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ | ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ᠎ᠠ᠄ ᠭᠤᠤᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ | ᠰᠠᠪᠠ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ ︔ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠥᠯᠥᠪᠵᠢᠭᠦᠯᠪᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | | ᠬᠤᠤᠯᠢᠩᠭᠤᠤᠯ ᠬᠤᠲᠠ ᠶᠢᠨ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠠᠯᠠ | ᠣᠷᠣᠭᠤᠯᠤᠯᠲᠠ ᠶᠢᠨ ᠲᠥᠯᠥᠪᠵᠢᠭᠦᠯᠪᠡ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠶᠢ ᠰᠤᠳᠤᠯᠤᠨ ᠳᠤᠷᠠᠳᠴᠤ᠂ | ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ᠎ᠠ ︔ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠵᠢᠭᠡᠯᠡᠯᠭᠡ ᠶᠢᠨ ᠲᠥᠯᠥᠪᠵᠢᠭᠦᠯᠭᠡ ᠶᠢᠨ ᠬᠤᠳᠳᠤᠭ ᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠵᠤ ᠴᠢᠬᠤᠯᠠ ᠶᠡᠭᠡ ᠪᠡᠯᠡᠳᠬᠡᠯ ᠲᠥᠷᠥᠯ ᠵᠦᠢᠯ ᠢ ᠳᠤᠷᠠᠳᠤᠨ ᠭᠠᠷᠭᠠᠨ᠎ᠠ᠄ | ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠭᠠᠳᠠᠭᠠᠳᠤ ᠶᠢᠨ | ᠵᠢᠭᠡᠯᠡᠯᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠲᠥᠷᠥᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠪᠠ ᠶᠡᠭᠡ ᠲᠣᠭᠠᠨ ᠤ ᠭᠤᠪᠢᠭᠤᠯᠭ᠎ᠠ | ᠬᠡᠷᠡᠭᠯᠡᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠬᠠᠮᠵᠢᠯᠴᠠᠨ | ᠥᠷᠨᠢᠭᠦᠯᠦᠨ᠎ᠡ ︔ ᠬᠤᠤᠯᠢᠩᠭᠤᠤᠯ ᠬᠤᠲᠠ ᠶᠢᠨ ᠭᠠᠳᠠᠭᠰᠢ ᠨᠡᠭᠡᠭᠡᠯᠲᠡ ᠬᠢᠬᠦ ᠠᠰᠠᠭᠤᠳᠠᠯ ᠢ ᠰᠤᠳᠤᠯᠵᠤ᠂ ᠭᠠᠵᠠᠷ | ᠣᠷᠣᠨ ᠤ ᠠᠵᠤ ᠠᠬᠤᠢ ᠶᠢᠨ ᠬᠠᠮᠵᠢᠯᠴᠠᠭ᠎ᠠ ᠶᠢ ᠵᠢᠯᠣᠭᠤᠳᠤᠨ᠂ ᠬᠤᠤᠯᠢᠩᠭᠤᠤᠯ ᠬᠤᠲᠠ ᠶᠢᠨ ᠠᠵᠤ ᠠᠬᠤᠢ ᠶᠢᠨ | ᠬᠠᠮᠵᠢᠯᠴᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠲᠦᠷᠪᠡ︶ ᠨᠡᠶᠢᠭᠡᠮ ᠤᠨ ᠬᠥᠭᠵᠢᠯᠲᠡ ᠬᠢᠭᠡᠳ ᠠᠮᠤ ᠪᠤᠳᠠᠭ᠎ᠠ ᠡᠳ᠋ ᠪᠠᠷᠠᠭ᠎ᠠ ᠨᠥᠭᠡᠴᠡᠯᠡᠬᠦ ᠬᠤᠪᠢᠴᠠᠭ᠎ᠠ᠃ | ᠡᠮᠬᠢ ᠵᠠᠮᠪᠠᠷᠠᠭ᠎ᠠ ᠲᠠᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ ᠪᠠ ᠲᠥᠷᠥ ᠶᠢᠨ | ᠪᠣᠳᠣᠯᠭ᠎ᠠ ᠶᠢ ᠵᠣᠬᠢᠴᠠᠭᠤᠯᠤᠨ ᠬᠡᠷᠡᠭᠵᠢᠭᠦᠯᠬᠦ ᠶᠢ ᠶᠡᠷᠦᠩᠬᠡᠶᠢᠯᠡᠨ ᠳᠤᠷᠠᠳᠪᠠ︔ ᠨᠡᠶᠢᠭᠡᠮ ᠤᠨ ᠦᠢᠯᠡᠰ ᠪᠠ ᠠᠵᠤ | ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠵᠢᠴᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ︔ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠄ ᠬᠥᠮᠦᠨ ᠠᠮᠠ ᠶᠢᠨ ᠬᠥᠭᠵᠢᠯᠲᠡ ᠪᠣᠯᠤᠨ ᠠᠷᠭᠠᠴᠠᠬᠤ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠠᠵᠢᠯ ᠣᠯᠭᠤᠯᠲᠠ ᠶᠢ | ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ | ᠠᠬᠤᠢ ᠶᠢᠨ ᠵᠣᠬᠢᠴᠠᠩᠭᠤᠶ ᠬᠥᠭᠵᠢᠯᠲᠡ ᠶᠢ ᠲᠡᠭᠦᠯᠳᠡᠷᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ ᠪᠠ | ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ | ᠥᠭᠡᠷᠡᠴᠢᠯᠡᠯᠲᠡ ᠵᠢᠴᠢ ᠬᠤᠯᠪᠣᠭᠳᠠᠯ ᠪᠦᠬᠦᠢ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ︔ ᠬᠡᠷᠡᠭᠯᠡᠭᠡᠨ ᠢ ᠠᠬᠢᠭᠤᠯᠬᠤ ᠪᠠᠶᠢᠭᠤᠯᠤᠯ ᠲᠣᠭᠲᠠᠴᠠ ᠶᠢ ᠵᠣᠬᠢᠴᠠᠩᠭᠤᠶ ᠪᠠᠷ ᠬᠡᠷᠡᠭᠵᠢᠭᠦᠯᠬᠦ ᠵᠢᠴᠢ | ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠳᠤᠷᠠᠳᠬᠤ ᠬᠡᠷᠡᠭᠲᠡᠶ᠃ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠪᠠ ᠲᠡᠭᠡᠳᠦ ᠮᠡᠷᠭᠡᠵᠢᠯ ᠤᠨ ᠠᠵᠤ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠬᠤ ᠲᠥᠯᠥᠪᠵᠢᠭᠦᠯᠪᠡ ᠪᠠ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠵᠤ᠂ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠪᠠ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠲᠦᠯᠬᠢᠨ ᠠᠬᠢᠭᠤᠯᠤᠨ᠎ᠠ ︔ ᠬᠤᠯᠪᠣᠭᠳᠠᠯ | ᠪᠦᠬᠦᠢ ᠲᠠᠯ᠎ᠠ ᠶᠢᠨ ᠬᠡᠨ ᠲᠠᠢ ᠬᠠᠮᠲᠤᠷᠠᠨ ᠬᠤᠤᠯᠢᠩᠭᠤᠤᠯ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠰᠠᠨᠠᠭᠤᠯᠭ᠎ᠠ ᠶᠢ | ᠳᠤᠷᠠᠳᠤᠨ ᠭᠠᠷᠭᠠᠪᠠ︔ ᠬᠤᠤᠯᠢᠩᠭᠤᠤᠯ ᠬᠤᠲᠠ ᠶᠢᠨ ᠮᠡᠷᠭᠡᠵᠢᠯ ᠠᠵᠤ ᠠᠬᠤᠢ ᠶᠢᠨ ᠠᠮᠤᠷ ᠲᠦᠪᠰᠢᠨ ᠪᠠ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠲᠥᠷᠦ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠳᠤᠷᠠᠳᠤᠨ ᠭᠠᠷᠭᠠᠵᠤ᠂ ᠮᠡᠷᠭᠡᠵᠢᠯ ᠤᠨ ᠰᠢᠨ᠎ᠡ ᠡᠭᠦᠳᠦᠯᠲᠡ ᠪᠠ ᠬᠤᠯᠪᠣᠭᠳᠠᠯ ᠪᠦᠬᠦᠢ ᠲᠡᠭᠡᠳᠦ | ᠰᠢᠨ᠎ᠡ ᠮᠡᠷᠭᠡᠵᠢᠯ ᠤᠨ ᠠᠵᠤ ᠦᠶᠢᠯᠡᠰᠵᠢᠯᠲᠡ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ ᠢ ᠵᠣᠬᠢᠶᠠᠨ ᠪᠠᠶᠢᠭᠤᠯᠤᠨ᠎ᠠ᠄ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠪᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ | ᠂ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠢ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ᠂ ᠠᠷᠭ᠎ᠠ ᠶᠢ | ᠲᠣᠭᠲᠠᠭᠠᠨ᠎ᠠ᠃ ᠠᠮᠤ ᠪᠤᠳᠠᠭ᠎ᠠ᠂ ᠬᠥᠪᠥᠩ᠂ ᠰᠢᠬᠢᠷ᠂ ᠬᠢᠮᠢ ᠶᠢᠨ ᠪᠣᠷᠳᠣᠭᠤᠷ ᠵᠡᠷᠭᠡ ᠨᠥᠭᠡᠴᠡ ᠶᠢᠨ | ᠲᠥᠯᠥᠪᠵᠢᠭᠦᠯᠪᠡ ᠪᠠ ᠶᠡᠷᠦᠩᠬᠡᠶ ᠬᠡᠮᠵᠢᠶᠡᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠬᠤᠤᠯᠢᠩᠭᠤᠤᠯ | ᠬᠤᠲᠠ ᠶᠢᠨ ᠠᠮᠤ ᠪᠤᠳᠠᠭ᠎ᠠ ᠶᠢ ᠲᠥᠯᠥᠪᠯᠡᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠤ ᠬᠤᠷᠸ᠎ᠠ ᠲᠣᠬᠢᠷᠠᠭᠤᠯᠭ᠎ᠠ ᠡᠵᠡᠮᠰᠢᠯ᠂ ᠶᠡᠷᠦᠩᠬᠡᠶ | ᠬᠡᠮᠵᠢᠶ᠎ᠡ ᠶᠢ ᠲᠡᠩᠴᠡᠭᠦᠷᠢ ᠲᠠᠢ ᠪᠠᠶᠢᠯᠭᠠᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠬᠤᠤᠯᠢᠩᠭᠤᠤᠯ | ᠬᠤᠲᠠ ᠶᠢᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠪᠣᠳᠣᠯᠭ᠎ᠠ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ ᠪᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ ᠬᠦᠢᠯᠭᠡᠭᠡ ᠪᠠ ᠡᠳ᠋ | ᠪᠣᠳᠠᠰ ᠤᠨ ᠨᠥᠭᠡᠴᠡᠯᠡᠯ ᠤᠨ ᠲᠤᠭ᠎ᠠ ᠪᠦᠷᠢᠳᠬᠡᠯ ᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠪᠣᠯᠤᠨ | ᠠᠮᠤ ᠪᠤᠳᠠᠭᠠᠨ ᠤ ᠬᠤᠷᠰᠢᠯ ᠢ ᠵᠢᠯᠣᠭᠤᠳᠬᠤ ᠠᠵᠢᠯ ᠢ ᠡᠭᠦᠷᠭᠡᠯᠡᠨ᠎ᠡ᠃ ᠠᠮᠤ ᠪᠤᠳᠠᠭ᠎ᠠ ᠪᠣᠯᠤᠨ ᠡᠳ᠋ ᠪᠠᠷᠠᠭ᠎ᠠ | ᠨᠥᠭᠡᠴᠡᠯᠡᠬᠦ ᠵᠠᠬ᠎ᠠ ᠳᠡᠯᠭᠡᠭᠦᠷ ᠢ ᠵᠠᠳᠠᠯᠬᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ | ᠲᠣᠤᠷ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ | ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ ᠬᠦᠢᠯᠭᠡᠭᠡᠨ᠂ ᠡᠳ᠋ ᠪᠣᠳᠠᠰ ᠨᠥᠭᠡᠴᠡᠯᠡᠬᠦ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠪᠡᠯᠡ ᠣᠷᠣᠭᠤᠯᠤᠯᠲᠠ ᠪᠠᠷ ᠲᠣᠬᠢᠷᠠᠭᠤᠯᠬᠤ | ᠰᠠᠨᠠᠭᠤᠯᠭ᠎ᠠ ᠶᠢ ᠳᠤᠷᠠᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠤᠯᠪᠣᠭᠳᠠᠯ ᠪᠦᠬᠦᠢ ᠲᠥᠷᠥᠯ | ᠵᠦᠢᠯ ᠤᠨ ᠭᠤᠶᠤᠴᠢᠯᠠᠯ᠂ ᠬᠢᠨᠠᠨ ᠬᠠᠷᠭᠤᠭᠤᠯᠬᠤ ᠬᠤᠳᠳᠤᠭ ᠢ ᠵᠣᠬᠢᠶᠠᠨ ᠪᠠᠶᠢᠭᠤᠯᠤᠨ ᠵᠢᠯᠣᠭᠤᠳᠤᠨ ᠬᠡᠷᠡᠭᠵᠢᠭᠦᠯᠬᠦ | ᠬᠡᠷᠡᠭᠲᠡᠶ᠃ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ | ᠡᠭᠦᠷᠭᠡᠯᠡᠨ᠎ᠡ᠃ ᠠᠮᠤ ᠪᠤᠳᠠᠭᠠᠨ ᠤ ᠬᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢᠨ ᠬᠤᠯᠪᠣᠭᠳᠠᠯ ᠪᠦᠬᠦᠢ | ᠠᠵᠢᠯ ᠢ ᠲᠤᠭᠤᠷᠪᠢᠨ ᠲᠣᠭᠲᠠᠭᠠᠵᠤ᠂ ᠠᠮᠤ ᠪᠤᠳᠠᠭᠠᠨ ᠤ ᠬᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢ | ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠬᠤᠤᠯᠢᠩᠭᠤᠤᠯ ᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠠᠮᠤ | ᠪᠤᠳᠠᠭᠠᠨ ᠤ ᠬᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ | ᠰᠤᠳᠤᠯᠭᠠᠨ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ︽ᠴᠢᠨᠠᠷ | ᠰᠠᠶᠢᠲᠠᠶ ᠠᠮᠤ ᠪᠤᠳᠠᠭᠠᠨ ᠤ ᠢᠨᠵᠧᠨᠧᠷᠢᠩ︾ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ | ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠠᠮᠤ ᠪᠤᠳᠠᠭᠠᠨ ᠤ ᠬᠦᠢᠯᠭᠡᠭᠡᠨ ᠪᠣᠯᠤᠨ ᠡᠳ᠋ ᠪᠠᠷᠠᠭ᠎ᠠ ᠶᠢᠨ ᠨᠥᠭᠡᠴᠡᠯᠡᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠢᠯᠣᠭᠤᠳᠴᠤ᠂ ᠠᠮᠤ ᠪᠤᠳᠠᠭᠠᠨ ᠤ | ᠬᠦᠢᠯᠬᠡᠬᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠠᠮᠤ ᠪᠤᠳᠠᠭ᠎ᠠ ᠠᠷᠪᠢᠯᠠᠨ ᠬᠤᠬᠢᠷᠠᠯ ᠢ ᠪᠠᠭᠠᠰᠬᠠᠬᠤ | ᠠᠵᠢᠯ ᠢ ᠲᠦᠯᠬᠢᠨ ᠠᠬᠢᠭᠤᠯᠬᠤ ᠬᠡᠷᠡᠭᠲᠡᠶ᠃ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ | ᠠᠵᠢᠯᠯᠠᠭᠠᠨ ᠢ ᠪᠦᠷᠢᠳᠬᠡᠬᠦ ᠪᠠ ᠵᠠᠳᠠᠯᠬᠤ ᠠᠵᠢᠯ ᠢ ᠡᠭᠦᠷᠭᠡᠯᠡᠨ᠎ᠡ᠃ | ᠠᠮᠤ ᠪᠤᠳᠠᠭ᠎ᠠ ᠪᠣᠯᠤᠨ ᠡᠳ᠋ ᠪᠣᠳᠠᠰ ᠤᠨ ᠨᠥᠭᠡᠴᠡ ᠶᠢ ᠬᠢᠨᠠᠨ ᠪᠠᠶᠢᠴᠠᠭᠠᠬᠤ ᠳᠦᠷᠢᠮ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠪᠣᠯᠤᠨ ᠡᠳ᠋ ᠪᠣᠳᠠᠰ ᠤᠨ | ᠨᠥᠭᠡᠴᠡ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠣᠯᠤᠨ ᠬᠠᠳᠠᠭᠠᠯᠠᠯᠲᠠ ᠶᠢᠨ ᠠᠮᠤᠷ ᠲᠦᠪᠰᠢᠨ ᠵᠢᠴᠢ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠠᠮᠤ ᠪᠤᠳᠠᠭ᠎ᠠ ᠬᠤᠳᠠᠯᠳᠤᠨ ᠠᠪᠬᠤ᠂ | ᠬᠠᠳᠠᠭᠠᠯᠠᠬᠤ᠂ ᠲᠡᠭᠡᠭᠡᠪᠦᠷᠢᠯᠡᠬᠦ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯ ᠦᠭᠡᠢ ᠪᠠ | ᠪᠦᠳᠦᠭᠦᠯᠢᠭ ᠠᠮᠤ ᠪᠤᠳᠠᠭᠠᠨ ᠤ ᠠᠷᠢᠭᠤᠨ ᠴᠡᠪᠡᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠬᠤᠤᠯᠢᠩᠭᠤᠤᠯ ᠬᠤᠲᠠ ᠶᠢᠨ ᠨᠥᠭᠡᠴᠡᠯᠡᠬᠦ ᠪᠠ ᠡᠳ᠋ ᠪᠠᠷᠠᠭ᠎ᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠣᠯᠤᠨ | ᠬᠠᠳᠠᠭᠠᠯᠠᠯᠲᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠮᠤ ᠪᠤᠳᠠᠭᠠᠨ ᠤ | ᠬᠦᠢᠯᠬᠡᠬᠡᠨ ᠤ ᠠᠵᠢᠯ ᠲᠥᠷᠥᠯ ᠪᠣᠯᠤᠨ ᠬᠤᠤᠯᠢᠩᠭᠤᠤᠯ ᠬᠤᠲᠠ ᠶᠢᠨ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ | ᠠᠶᠤᠯ ᠦᠭᠡᠢ ᠬᠠᠳᠠᠭᠠᠯᠠᠬᠤ ᠪᠠ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ | ᠬᠤᠤᠯᠢᠩᠭᠤᠤᠯ ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠶᠢᠨ | ᠲᠥᠯᠥᠪᠵᠢᠭᠦᠯᠪᠡ᠂ ᠲᠥᠷᠥᠯ ᠵᠦᠢᠯ ᠤᠨ ᠭᠠᠷᠴᠠᠭ ᠪᠣᠯᠤᠨ ᠪᠠᠷᠢᠮᠵᠢᠶ᠎ᠠ᠂ ᠤᠨ ᠤ ᠬᠤᠳᠠᠯᠳᠤᠨ ᠠᠪᠬᠤ | ᠲᠥᠯᠥᠪᠯᠡᠭᠡ ᠶᠢ ᠦᠨᠳᠦᠰᠦᠯᠡᠨ᠂ ᠬᠤᠤᠯᠢᠩᠭᠤᠤᠯ ᠬᠤᠲᠠ ᠶᠢᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ | ᠪᠠᠭᠤᠯᠭᠠᠬᠤ᠂ ᠡᠭᠡᠯᠵᠢᠯᠡᠭᠦᠯᠬᠦ ᠪᠠ ᠬᠢᠨᠠᠨ ᠬᠠᠮᠢᠶᠠᠷᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠬᠥᠳᠡᠯᠭᠡᠨ ᠬᠡᠷᠡᠭᠯᠡᠬᠦ | ᠲᠥᠯᠥᠪᠯᠡᠭᠡ ᠪᠣᠯᠤᠨ ᠵᠠᠷᠯᠢᠭ ᠢ ᠨᠠᠶᠢᠳᠠᠪᠤᠷᠢᠵᠢᠭᠤᠯᠤᠨ᠎ᠠ᠃ | ︵ᠲᠠᠪᠤ︶ ᠬᠥᠷᠥᠩᠭᠡ ᠶᠢᠨ ᠣᠷᠴᠢᠨ ᠲᠣᠭᠤᠷᠢᠨ ᠬᠢᠭᠡᠳ ᠬᠢᠨᠠᠨ ᠵᠥᠪᠰᠢᠶᠡᠷᠡᠬᠦ ᠰᠲ᠋ᠣᠺ᠃ ᠠᠵᠤ ᠠᠬᠤᠶ | ᠨᠡᠶᠢᠭᠡᠮ ᠤᠨ ᠡᠬᠢ ᠪᠠᠶᠠᠯᠢᠭ᠂ ᠣᠷᠴᠢᠨ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠠᠰᠠᠭᠤᠳᠠᠯ ᠢ ᠶᠡᠷᠦᠩᠬᠡᠶᠢᠯᠡᠨ | ᠵᠠᠳᠠᠯᠤᠨ᠎ᠠ᠄ ᠠᠵᠤ ᠠᠬᠤᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ | ᠠᠬᠤᠶ ᠶᠢ ᠬᠥᠭᠵᠢᠭᠦᠯᠬᠦ ᠲᠥᠯᠥᠪᠵᠢᠭᠦᠯᠪᠡ ᠪᠠ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠄ ᠣᠷᠴᠢᠨ ᠠᠬᠤᠢ ᠶᠢᠨ ᠬᠠᠮᠠᠭᠠᠯᠠᠯᠲᠠ ᠶᠢᠨ | ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ᠎ᠠ︔ | ᠡᠨᠧᠷᠭᠢ ᠠᠷᠪᠢᠯᠠᠬᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠰᠢᠨ᠎ᠡ ᠦᠢᠯᠡᠳᠬᠦᠨ᠂ ᠰᠢᠨ᠎ᠡ | ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠬᠡᠷᠡᠭᠲᠡᠶ | ᠃ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ᠂ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠨᠡᠶᠢᠭᠡᠮ ᠤᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠳᠠᠩᠰᠠᠯᠠᠬᠤ᠂ ᠵᠣᠬᠢᠴᠠᠭᠤᠯᠤᠨ ᠬᠢᠨᠠᠨ ᠵᠥᠪᠰᠢᠶᠡᠷᠡᠬᠦ ᠵᠡᠷᠭᠡ ᠠᠵᠢᠯ ᠢ ᠬᠠᠷᠢᠭᠤᠴᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠪᠡ ᠪᠠ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠄ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠶᠡᠷᠦᠩᠬᠡᠶᠢᠯᠡᠭᠰᠡᠨ ᠬᠥᠭᠵᠢᠯᠲᠡ ᠶᠢᠨ ᠬᠠᠨᠳᠤᠰᠢ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠥᠯᠥᠪᠯᠡᠨ | ᠬᠡᠷᠡᠭᠵᠢᠭᠦᠯᠦᠨ᠎ᠡ︔ ᠠᠷᠠᠳ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠥᠷᠦ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ︔ ᠬᠢᠨᠠᠨ ᠬᠡᠮᠵᠢᠬᠦ᠄ ᠤᠯᠤᠰ | ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠵᠢᠴᠢ ᠭᠠᠳᠠᠭᠠᠳᠤ ᠠᠷᠠᠯᠵᠢᠶᠠᠨ ᠤ ᠪᠠᠶᠢᠳᠠᠯ ᠳᠤ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ | ᠪᠠᠶᠢᠯᠭᠠᠬᠤ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠴᠢᠬᠤᠯᠠ | ᠠᠵᠤ ᠦᠢᠯᠡᠳᠪᠦᠷᠢ ᠶᠢᠨ ᠦᠢᠯᠡᠳᠬᠦᠨ᠂ ᠲᠦᠭᠦᠬᠡᠶ ᠮᠠᠲ᠋ᠧᠷᠢᠶᠠᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠣᠬᠢᠷᠠᠭᠤᠯᠤᠯ ᠡᠵᠡᠮᠳᠡᠯ ᠤᠨ ᠰᠠᠨᠠᠯ ᠢ | ᠳᠤᠷᠠᠳᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠪᠠ︔ ᠣᠳᠣ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ | ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠬᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ᠎ᠠ᠃ | ᠬᠠᠶ᠋ᠢᠭ᠄ | ᠬᠠᠷᠢᠯᠴᠠᠬᠤ ᠤᠲᠠᠰᠤ᠄ 0475 — 7966323 | ᠵᠠᠬᠢᠳᠠᠯ ᠨᠡᠪᠲᠡᠷᠡᠬᠦ ᠬᠠᠶ᠋ᠢᠭ᠄ ᠬᠤᠤᠯᠢᠩᠭᠤᠤᠯ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ | ᠰᠢᠤᠳᠠᠨ ᠳ᠋ᠤᠭᠠᠷ᠄ 029200 | | | | | | | | | |