ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠬᠠᠤᠯᠢ︾ ᠵᠡᠷᠭᠡ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠠᠵᠢᠯ ᠤᠨ ᠲᠤᠬᠠᠶ ᠨᠠᠮ ᠪᠠ ᠲᠥᠷᠦ ᠶᠢᠨ ᠠᠯᠢ ᠣᠯᠠᠨ ᠴᠢᠭᠯᠡᠯᠲᠡ᠂ ᠲᠥᠷᠦ ᠶᠢᠨ ᠪᠣᠳᠣᠯᠭ᠎ᠠ᠂ | ᠬᠠᠤᠯᠢ ᠴᠠᠭᠠᠵᠠ᠂ ᠬᠠᠤᠯᠢ ᠲᠣᠭᠲᠠᠭᠠᠯ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠵᠥᠪᠯᠡᠭᠴᠢ ᠲᠤᠰᠠᠯᠠᠭᠴᠢ᠃ | ︵ᠬᠤᠶᠠᠷ︶ ᠦᠨᠳᠦᠰᠦᠲᠡᠨ ᠤ ᠣᠨᠣᠯ᠂ ᠲᠥᠷᠦ ᠶᠢᠨ ᠪᠣᠳᠣᠯᠭ᠎ᠠ ᠪᠠ ᠦᠨᠳᠦᠰᠦᠲᠡᠨ ᠤ ᠠᠰᠠᠭᠤᠳᠠᠯ ᠤᠨ | ᠲᠤᠬᠠᠶ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ | ︔ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠭᠤᠷᠪᠠ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠤᠨ ᠪᠠᠶᠢᠭᠤᠯᠤᠯᠲᠠ ᠳᠤ ᠬᠢᠨᠠᠯᠲᠠ | ᠲᠠᠯᠪᠢᠨ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠤᠴᠢᠷ ᠶᠠᠪᠤᠳᠠᠯ ᠢ | ᠰᠢᠢᠳᠪᠦᠷᠢᠯᠡᠬᠦ ᠳᠤ ᠬᠢᠨᠠᠯᠲᠠ ᠲᠠᠯᠪᠢᠵᠤ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ | ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃ | ︵ᠲᠦᠷᠪᠡ︶ ᠡᠯ᠎ᠡ ᠦᠨᠳᠦᠰᠦᠲᠡᠨ ᠤ ᠬᠤᠭᠤᠷᠣᠨᠳᠣᠬᠢ ᠡᠷᠬᠡ ᠲᠡᠭᠰᠢ ᠪᠦᠯᠬᠦᠮᠳᠡᠯ᠂ ᠬᠠᠷᠢᠯᠴᠠᠨ | ᠬᠠᠪᠰᠤᠷᠠᠯᠴᠠᠨ ᠬᠠᠮᠳᠤᠷᠠᠨ ᠠᠵᠢᠯᠯᠠᠬᠤ ᠶᠢ ᠰᠤᠳᠤᠯᠤᠨ᠎ᠠ︔ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ | ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠤᠯᠤᠰ | ᠣᠷᠣᠨ ᠤ ᠨᠢᠭᠡᠳᠦᠯ ᠢ ᠬᠠᠮᠠᠭᠠᠯᠠᠨ᠎ᠠ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠲᠠᠭᠠᠭᠠᠴᠢᠯᠠᠨ ᠬᠢᠨ᠎ᠡ᠃ | ︵ᠲᠠᠪᠤ︶ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ | ᠨᠡᠭᠡᠭᠡᠯᠲᠡ᠂ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ | ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠣᠨᠴᠠᠭᠠᠢ ᠲᠥᠷᠦ ᠶᠢᠨ ᠪᠣᠳᠣᠯᠭ᠎ᠠ ᠪᠠ | ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ︔ ᠮᠠᠯᠵᠢᠬᠤ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠴᠥᠭᠡᠨ ᠲᠣᠭᠠᠲᠤ ᠦᠨᠳᠦᠰᠦᠲᠡᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ | ᠠᠰᠠᠭᠤᠳᠠᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠦᠨᠳᠦᠰᠦᠲᠡᠨ ᠤ ᠶᠠᠳᠠᠭᠤ ᠶᠢ ᠲᠡᠳᠬᠦᠬᠦ ᠶᠠᠪᠤᠳᠠᠯ ᠢ ᠰᠠᠶᠢᠲᠤᠷ ᠬᠢᠨ᠎ᠡ︔ ᠦᠨᠳᠦᠰᠦᠲᠡᠨ ᠤ ᠭᠠᠵᠠᠷ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠲᠤᠰᠠᠯᠠᠬᠤ᠂ ᠠᠵᠤ ᠠᠬᠤᠶ ᠮᠡᠷᠭᠡᠵᠢᠯ ᠤᠨ ᠬᠠᠮᠵᠢᠯᠴᠠᠭ᠎ᠠ ᠪᠣᠯᠤᠨ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ | ᠣᠨᠴᠠ ᠬᠡᠷᠡᠭᠴᠡᠭᠡᠲᠦ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ | ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠯᠪᠣᠭᠳᠠᠯ ᠪᠦᠬᠦᠢ | ᠴᠢᠭᠯᠡᠯᠲᠡ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠤᠷ᠎ᠠ᠂ ᠬᠤᠤᠯᠢᠩᠭᠤᠤᠯ ᠬᠤᠲᠠ ᠶᠢᠨ ᠴᠥᠭᠡᠨ | ᠲᠣᠭᠠᠲᠤ ᠦᠨᠳᠦᠰᠦᠲᠡᠨ ᠤ ᠰᠣᠶᠣᠯ᠂ ᠤᠷᠠᠯᠢᠭ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠰᠣᠨᠢᠨ ᠮᠡᠳᠡᠭᠡ | ᠬᠡᠪᠯᠡᠯ ᠵᠡᠷᠭᠡ ᠲᠠᠯ᠎ᠠ ᠶᠢᠨ ᠤᠨᠴᠠᠭᠠᠢ ᠠᠰᠠᠭᠤᠳᠠᠯ ᠢ ᠰᠤᠳᠤᠯᠬᠤ ᠶᠢᠨ ᠬᠠᠮᠲᠤ ᠬᠠᠮᠢᠶ᠎ᠠ ᠪᠦᠬᠦᠢ ᠰᠠᠨᠠᠯ ᠢᠶᠠᠨ | ᠳᠤᠷᠠᠳᠴᠤ᠂ ᠵᠣᠬᠢᠴᠠᠩᠭᠤᠶ ᠬᠡᠷᠡᠭ ᠶᠠᠪᠤᠳᠠᠯ ᠢ ᠳᠠᠭᠠᠭᠠᠨ ᠬᠦᠢᠴᠡᠳᠭᠡᠨ᠎ᠡ᠃ | ︵ᠳᠣᠯᠤᠭ᠎ᠠ︶ ᠬᠤᠤᠯᠢᠩᠭᠤᠤᠯ ᠬᠤᠲᠠ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ | ᠬᠠᠮᠢᠶᠠᠷᠴᠤ᠂ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ | ᠠᠪᠤᠷᠠᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠮᠣᠩᠭᠤᠯ ᠦᠭᠡ ᠬᠡᠯᠡ ᠦᠰᠦᠭ | ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ | ᠨᠡᠪᠲᠡᠷᠡᠭᠦᠯᠭᠡ᠂ ᠺᠢᠨᠣ᠋ ᠲᠧᠯᠸᠢᠰ ᠪᠣᠯᠤᠨ ᠦᠨᠳᠦᠰᠦᠲᠡᠨ ᠤ ᠬᠠᠭᠤᠴᠢᠨ ᠦᠰᠦᠭ ᠪᠢᠴᠢᠭ ᠶᠢ ᠴᠤᠭᠯᠠᠭᠤᠯᠬᠤ᠂ | ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠨᠡᠶᠢᠭᠡᠮ ᠤᠨ | ᠥᠩᠭᠡᠨ ᠬᠡᠷᠡᠭᠯᠡᠭᠡᠨ ᠤ ᠦᠰᠦᠭ ᠪᠢᠴᠢᠭ ᠤᠨ ᠠᠵᠢᠯ ᠢ ᠬᠠᠮᠢᠶᠠᠷᠬᠤ ᠪᠠ ᠵᠢᠯᠣᠭᠤᠳᠤᠨ᠎ᠠ᠃ | ︵ ᠨᠠᠢᠮᠠ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠶᠡᠷᠦᠩᠬᠡᠶ ᠲᠥᠯᠥᠪᠵᠢᠭᠦᠯᠭᠡ ᠶᠢᠨ | ᠵᠢᠯᠣᠭᠤᠳᠤᠯᠭ᠎ᠠ ᠳᠣᠤᠷ᠎ᠠ᠂ ᠬᠤᠤᠯᠢᠩᠭᠤᠤᠯ ᠬᠤᠲᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠶᠢ ᠰᠤᠳᠤᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠤ᠂ ᠦᠨᠳᠦᠰᠦᠲᠡᠨ ᠤ | ᠰᠤᠷᠭᠠᠨ ᠬᠥᠮᠦᠵᠢᠯ ᠤᠨ ᠳᠤᠮᠳᠠᠬᠢ ᠤᠨᠴᠠᠭᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠰᠤᠷᠭᠠᠨ | ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠭᠠᠵᠠᠷ ᠣᠷᠣᠨ ᠤ | ᠰᠤᠷᠭᠠᠨ ᠬᠥᠮᠦᠵᠢᠯ ᠤᠨ ᠲᠤᠰᠠᠯᠠᠮᠵᠢ ᠪᠣᠯᠤᠨ ᠬᠤᠤᠯᠢᠩᠭᠤᠤᠯ ᠬᠤᠲᠠ ᠶᠢᠨ ᠰᠤᠷᠭᠠᠨ ᠬᠥᠮᠦᠵᠢᠯ ᠤᠨ ᠲᠡᠳᠬᠦᠨ | ᠳᠡᠮᠵᠢᠬᠦ ᠬᠤᠯᠪᠣᠭᠳᠠᠯ ᠪᠦᠬᠦᠢ ᠶᠠᠪᠤᠳᠠᠯ ᠢ ᠳᠠᠭᠠᠭᠠᠨ ᠭᠦᠢᠴᠡᠳᠬᠡᠨ᠎ᠡ᠃ | ︵ᠶᠢᠰᠦ︶ ᠵᠠᠰᠠᠭ ᠤᠨ ᠣᠷᠳᠣᠨ ᠤ ᠰᠢᠰᠲ᠋ᠧᠮ ᠤᠨ ᠦᠨᠳᠦᠰᠦᠲᠡᠨ ᠤ ᠠᠵᠢᠯ ᠳᠤ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠬᠢᠵᠦ᠂ ᠪᠦᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠠᠵᠢᠯ ᠢ | ᠵᠢᠯᠣᠭᠤᠳᠤᠨ᠎ᠠ︔ ᠦᠨᠳᠦᠰᠦᠲᠡᠨ ᠤ ᠲᠠᠯ᠎ᠠ ᠶᠢᠨ ᠴᠢᠬᠤᠯᠠ ᠠᠰᠠᠭᠤᠳᠠᠯ ᠢ ᠬᠠᠪᠰᠤᠷᠤᠨ᠂ ᠴᠥᠭᠡᠨ ᠲᠣᠭᠠᠲᠤ | ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠢ ᠵᠣᠬᠢᠶᠠᠨ | ᠪᠠᠶᠢᠭᠤᠯᠵᠤ ᠬᠦᠯᠢᠶᠡᠨ ᠠᠪᠴᠤ ᠵᠣᠴᠢᠯᠠᠪᠠ᠃ | ︵ᠠᠷᠪᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠣᠭᠲᠠᠭᠠᠬᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠬᠤ ᠳᠤ | ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ | ᠺᠠᠳ᠋ᠷ ᠢ ᠬᠥᠮᠦᠵᠢᠭᠦᠯᠬᠦ᠂ ᠰᠤᠷᠭᠠᠬᠤ᠂ ᠪᠣᠯᠪᠠᠰᠤᠷᠠᠭᠤᠯᠬᠤ᠂ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠬᠤᠷᠢᠶᠠᠨ ᠤ ᠤᠳᠤᠷᠢᠳᠤᠯᠭ᠎ᠠ ᠶᠢ ᠬᠠᠪᠰᠤᠷᠤᠨ ᠪᠠᠶᠢᠭᠤᠯᠭ᠎ᠠ ᠶᠢᠨ ᠡᠳᠦᠷ | ᠲᠤᠲᠤᠮ ᠤᠨ ᠠᠵᠢᠯ ᠢ ᠰᠢᠢᠳᠪᠦᠷᠢᠯᠡᠵᠦ᠂ ᠬᠤᠷᠢᠶᠠᠨ ᠤ ᠪᠠᠶᠢᠭᠤᠯᠭ᠎ᠠ ᠶᠢᠨ ᠬᠤᠷᠠᠯ ᠤᠨ ᠵᠣᠬᠢᠶᠠᠨ ᠪᠠᠶᠢᠭᠤᠯᠤᠯᠲᠠ᠂ | ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ᠂ ᠨᠠᠷᠢᠨ ᠪᠢᠴᠢᠭ᠂ ᠮᠡᠳᠡᠭᠡ ᠵᠠᠩᠭᠢ᠂ ᠳᠠᠩᠰᠠ ᠡᠪᠬᠡᠮᠡᠯ᠂ | ᠠᠵᠢᠯᠲᠠᠨ ᠤ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ ᠬᠦᠳᠡᠯᠮᠦᠷᠢᠯᠡᠭᠰᠡᠨ ᠴᠠᠯᠢᠩ ᠪᠠ ᠠᠵᠢᠯ ᠠᠴᠠ ᠪᠠᠨ | ᠠᠮᠠᠷᠠᠭᠰᠠᠨ ᠬᠥᠮᠦᠰ᠂ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠭ᠎ᠠ᠂ ᠨᠢᠭᠤᠴᠠ ᠶᠢ ᠬᠠᠮᠠᠭᠠᠯᠠᠬᠤ᠂ ᠡᠳ᠋ ᠤᠨ | ᠶᠠᠪᠤᠳᠠᠯ᠂ ᠵᠠᠰᠠᠭ ᠵᠠᠬᠢᠷᠭᠠᠨ ᠤ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ | ᠬᠠᠷᠢᠭᠤᠴᠠᠵᠤ᠂ ᠦᠨᠳᠦᠰᠦᠲᠡᠨ ᠤ ᠲᠠᠯ᠎ᠠ ᠶᠢᠨ ᠴᠢᠬᠤᠯᠠ ᠠᠰᠠᠭᠤᠳᠠᠯ ᠢ ᠬᠠᠪᠰᠤᠷᠤᠨ᠂ ᠴᠥᠭᠡᠨ ᠲᠣᠭᠠᠲᠤ | ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠪᠠᠶᠢᠴᠠᠭᠠᠨ ᠦᠵᠡᠬᠦ ᠵᠡᠷᠭᠡ ᠶᠠᠪᠤᠳᠠᠯ ᠢ ᠵᠣᠬᠢᠶᠠᠨ | ᠪᠠᠶᠢᠭᠤᠯᠵᠤ ᠬᠦᠯᠢᠶᠡᠨ ᠠᠪᠤᠨ᠎ᠠ᠃ ᠮᠠᠯᠵᠢᠬᠤ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠴᠥᠭᠡᠨ | ᠲᠣᠭᠠᠲᠤ ᠦᠨᠳᠦᠰᠦᠲᠡᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ | ᠪᠠᠶᠢᠴᠠᠭᠠᠨ ᠰᠤᠳᠤᠯᠬᠤ ᠶᠢ ᠵᠣᠬᠢᠶᠠᠨ ᠪᠠᠶᠢᠭᠤᠯᠵᠤ᠂ ᠶᠠᠳᠠᠭᠤ ᠶᠢ ᠲᠡᠳᠬᠦᠬᠦ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠵᠢᠯᠴᠠᠨ ᠦᠨᠳᠦᠰᠦᠲᠡᠨ ᠤ ᠶᠠᠳᠠᠭᠤ ᠶᠢ ᠲᠡᠳᠬᠦᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ | ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠬᠠᠮᠢᠶᠠᠷᠤᠯᠲᠠ | ᠵᠢᠴᠢ ᠮᠥᠷᠳᠡᠨ ᠦᠢᠯᠡᠴᠢᠯᠡᠬᠦ ᠶᠢ ᠬᠡᠷᠡᠭᠵᠢᠭᠦᠯᠦᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠲ᠋ᠣᠺ᠃ ᠦᠨᠳᠦᠰᠦᠲᠡᠨ ᠤ ᠲᠥᠷᠦ ᠶᠢᠨ | ᠪᠣᠳᠣᠯᠭ᠎ᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠴᠥᠭᠡᠨ ᠲᠣᠭᠠᠲᠤ | ᠦᠨᠳᠦᠰᠦᠲᠡᠨ ᠤ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠪᠡ ᠵᠢᠴᠢ ᠬᠤᠯᠪᠣᠭᠳᠠᠯ ᠪᠦᠬᠦᠢ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠳᠤ ᠣᠷᠣᠯᠴᠠᠨ᠎ᠠ︔ ᠦᠨᠳᠦᠰᠦᠲᠡᠨ ᠤ ᠰᠤᠷᠭᠠᠨ | ᠬᠥᠮᠦᠵᠢᠯ᠂ ᠰᠣᠶᠣᠯ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠶᠠᠪᠤᠳᠠᠯ ᠢ ᠡᠷᠬᠢᠯᠡᠵᠦ᠂ ᠦᠨᠳᠦᠰᠦᠲᠡᠨ ᠤ | ᠵᠢᠭᠤᠷᠠᠯᠳᠤᠭᠠᠨ ᠢ ᠡᠶᠡᠳᠡᠭᠦᠯᠦᠨ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ᠎ᠠ︔ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠶᠡᠷᠦᠩᠬᠡᠶᠢᠯᠡᠭᠰᠡᠨ ᠲᠤᠭ᠎ᠠ ᠪᠦᠷᠢᠳᠬᠡᠯ ᠪᠠ ᠵᠠᠳᠠᠯᠤᠯᠲᠠ ᠶᠢ ᠬᠠᠷᠢᠭᠤᠴᠠᠨ᠎ᠠ︔ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠵᠢᠯᠣᠭᠤᠳᠬᠤ ᠪᠠ ᠵᠣᠬᠢᠶᠠᠨ ᠪᠠᠶᠢᠭᠤᠯᠬᠤ ᠠᠵᠢᠯ ᠢ | ᠬᠠᠷᠢᠭᠤᠴᠠᠵᠤ᠂ ᠦᠨᠳᠦᠰᠦᠲᠡᠨ ᠤ ᠲᠠᠯ᠎ᠠ ᠳᠤ ᠬᠤᠯᠪᠣᠭᠳᠠᠬᠤ ᠮᠡᠳᠡᠭᠡ ᠵᠠᠩᠭᠢ ᠪᠣᠯᠤᠨ ᠵᠠᠬᠢᠳᠠᠯ ᠰᠤᠷᠪᠤᠯᠵᠢᠯᠠᠯ ᠤᠨ | ᠠᠵᠢᠯ ᠢ ᠴᠤᠭᠯᠠᠭᠤᠯᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ | ᠦᠨᠳᠦᠰᠦᠲᠡᠨ ᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠪᠦᠬᠦ ᠬᠤᠲᠠ ᠶᠢᠨ | ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠠᠵᠢᠯ ᠢ ᠵᠢᠯᠣᠭᠤᠳᠤᠨ᠎ᠠ᠃ ᠦᠨᠳᠦᠰᠦᠲᠡᠨ ᠤ ᠠᠷᠠᠯᠵᠢᠶ᠎ᠠ | ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠤᠨ ᠦᠢᠯᠡᠳᠪᠦᠷᠢᠯᠡᠯ ᠵᠢᠴᠢ ᠤᠯᠤᠰ᠂ ᠥᠪᠡᠷᠲᠡᠭᠡᠨ ᠵᠠᠰᠠᠬᠤ | ᠣᠷᠣᠨ ᠠᠴᠠ ᠡᠨᠡ ᠲᠠᠯ᠎ᠠ ᠪᠠᠷ ᠬᠡᠷᠡᠭᠵᠢᠭᠦᠯᠬᠦ ᠬᠠᠷᠠᠭᠠᠯᠵᠠᠯᠲᠤ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠵᠢᠯᠣᠭᠤᠳᠤᠨ ᠵᠣᠬᠢᠴᠠᠭᠤᠯᠵᠤ᠂ ᠦᠨᠳᠦᠰᠦᠲᠡᠨ ᠤ ᠭᠠᠵᠠᠷ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠵᠢᠴᠢ ᠠᠵᠤ ᠠᠬᠤᠶ | ᠮᠡᠷᠭᠡᠵᠢᠯ ᠤᠨ ᠬᠠᠮᠲᠤᠷᠠᠯᠴᠠᠭ᠎ᠠ ᠶᠢ ᠬᠠᠪᠰᠤᠷᠤᠨ ᠠᠬᠢᠭᠤᠯᠤᠨ᠎ᠠ︔ ᠤᠯᠤᠰ ᠤᠨ ᠬᠤᠯᠪᠣᠭᠳᠠᠯ ᠪᠦᠬᠦᠢ ᠴᠢᠭᠯᠡᠯᠲᠡ | ᠲᠥᠷᠦ ᠶᠢᠨ ᠪᠣᠳᠣᠯᠭ᠎ᠠ ᠶᠢ ᠦᠨᠳᠦᠰᠦᠯᠡᠵᠦ᠂ ᠬᠤᠤᠯᠢᠩᠭᠤᠤᠯ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ | ᠰᠣᠶᠣᠯ᠂ ᠤᠷᠠᠯᠢᠭ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠨᠢᠨ ᠮᠡᠳᠡᠭᠡ | ᠬᠡᠪᠯᠡᠯ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠣᠨᠴᠠᠭᠠᠢ᠂ ᠴᠢᠬᠤᠯᠠ ᠶᠡᠭᠡ ᠠᠰᠠᠭᠤᠳᠠᠯ ᠢ | ᠰᠤᠳᠤᠯᠵᠤ᠂ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠪᠠ ᠰᠠᠨᠠᠭᠤᠯᠭ᠎ᠠ ᠶᠢ ᠳᠤᠷᠠᠳᠤᠨ ᠭᠠᠷᠭᠠᠨ᠎ᠠ︔ ᠰᠤᠷᠭᠠᠨ | ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠰᠤᠷᠭᠠᠨ | ᠬᠥᠮᠦᠵᠢᠯ ᠤᠨ ᠲᠤᠰᠠᠯᠠᠮᠵᠢ ᠪᠠ ᠦᠨᠳᠦᠰᠦᠲᠡᠨ ᠤ ᠰᠤᠷᠭᠠᠨ ᠬᠥᠮᠦᠵᠢᠯ ᠤᠨ ᠲᠡᠳᠬᠦᠨ ᠳᠡᠮᠵᠢᠬᠦ ᠬᠤᠯᠪᠣᠭᠳᠠᠯ | ᠪᠦᠬᠦᠢ ᠶᠠᠪᠤᠳᠠᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ | ᠦᠨᠳᠦᠰᠦᠲᠡᠨ ᠤ ᠰᠣᠶᠣᠯ ᠪᠠ ᠥᠪᠡᠷᠲᠡᠭᠡᠨ ᠵᠠᠰᠠᠬᠤ ᠣᠷᠣᠨ ᠠᠴᠠ ᠡᠷᠬᠢᠯᠡᠭᠰᠡᠨ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠬᠢᠯᠡᠵᠦ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠡᠮ ᠡᠮᠨᠡᠯᠭᠡ ᠶᠢ ᠠᠭᠤᠳᠠᠯᠤᠨ ᠡᠮᠬᠢᠳᠬᠡᠬᠦ ᠪᠠ | ᠦᠨᠳᠦᠰᠦᠲᠡᠨ ᠤ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠥᠷᠨᠢᠭᠦᠯᠦᠨ᠎ᠡ︔ ᠦᠨᠳᠦᠰᠦᠲᠡᠨ ᠤ | ᠬᠤᠭᠤᠷᠣᠨᠳᠣᠬᠢ ᠰᠣᠶᠣᠯ ᠤᠷᠠᠯᠢᠭ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠡᠷᠭᠡ ᠠᠵᠢᠯ ᠢ ᠥᠷᠨᠢᠭᠦᠯᠦᠨ᠎ᠡ᠃ | ︵ᠭᠤᠷᠪᠠ︶ ᠮᠣᠩᠭᠤᠯ ᠬᠡᠯᠡ ᠪᠢᠴᠢᠭ ᠤᠨ ᠬᠤᠪᠢ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠲᠠᠯ᠎ᠠ ᠪᠠᠷ ᠬᠢ ᠤᠯᠤᠰ ᠠᠴᠠ ᠲᠥᠷᠦ ᠶᠢᠨ ᠪᠣᠳᠣᠯᠭ᠎ᠠ᠂ ᠬᠠᠤᠯᠢ ᠲᠣᠭᠲᠠᠭᠠᠯ ᠢ ᠤᠬᠠᠭᠤᠯᠤᠨ | ᠲᠤᠤᠱᠯᠠᠭᠤᠯᠬᠤ ᠶᠢᠨ ᠬᠠᠮᠲᠤ ᠪᠠᠶᠢᠴᠠᠭᠠᠵᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠥᠬᠦ ᠬᠤᠲᠠ ᠶᠢᠨ ᠮᠣᠩᠭᠤᠯ | ᠦᠭᠡ ᠬᠡᠯᠡ ᠦᠰᠦᠭ ᠪᠢᠴᠢᠭ ᠤᠨ ᠠᠵᠢᠯ ᠢ ᠬᠤᠷᠸ᠎ᠠ ᠲᠠᠯ᠎ᠠ ᠠᠴᠠ ᠬᠠᠮᠢᠶᠠᠷᠴᠤ᠂ ᠮᠣᠩᠭᠤᠯ ᠦᠭᠡ ᠬᠡᠯᠡ ᠦᠰᠦᠭ | ᠪᠢᠴᠢᠭ ᠤᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠭᠤᠤᠯᠳᠠᠯᠭ᠎ᠠ ᠲᠠᠢ ᠰᠤᠳᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠮᠣᠩᠭᠤᠯ ᠬᠡᠯᠡ ᠪᠢᠴᠢᠭ ᠤᠨ ᠡᠷᠳᠡᠮ | ᠰᠢᠨᠵᠢᠯᠡᠭᠡᠨ ᠤ ᠰᠣᠯᠢᠯᠴᠠᠭ᠎ᠠ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠦᠨ᠎ᠡ᠃ ᠮᠣᠩᠭᠤᠯ ᠦᠭᠡ ᠬᠡᠯᠡ | ᠦᠰᠦᠭ ᠪᠢᠴᠢᠭ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠦᠰᠦᠭ ᠪᠢᠴᠢᠭ ᠤᠨ ᠠᠵᠢᠯ ᠢ ᠬᠠᠮᠢᠶᠠᠷᠬᠤ ᠪᠠ | ᠵᠢᠯᠣᠭᠤᠳᠤᠨ᠎ᠠ︔ ᠮᠣᠩᠭᠤᠯ ᠬᠡᠯᠡᠨ ᠤ ᠵᠥᠪ ᠠᠪᠢᠶᠠᠨ ᠤ ᠠᠵᠢᠯ ᠢ ᠵᠢᠯᠣᠭᠤᠳᠴᠤ᠂ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ | ᠨᠡᠪᠲᠡᠷᠡᠭᠦᠯᠭᠡ᠂ ᠺᠢᠨᠣ᠋ ᠲᠧᠯᠸᠢᠰ ᠪᠣᠯᠤᠨ ᠦᠨᠳᠦᠰᠦᠲᠡᠨ ᠤ ᠢᠷᠠᠭᠤ ᠠᠯᠳᠠᠷ ᠢ ᠴᠤᠭᠯᠠᠭᠤᠯᠬᠤ᠂ ᠡᠮᠬᠢᠳᠬᠡᠬᠦ᠂ | ᠬᠡᠪᠯᠡᠭᠦᠯᠬᠦ ᠠᠵᠢᠯ ᠢ ᠵᠢᠯᠣᠭᠤᠳᠤᠨ᠎ᠠ᠃ | ᠬᠠᠷᠢᠯᠴᠠᠬᠤ ᠠᠷᠭ᠎ᠠ᠄ | ᠬᠠᠷᠢᠯᠴᠠᠬᠤ ᠤᠲᠠᠰᠤ᠄ 0475 — 7923340︔ | ᠵᠠᠬᠢᠳᠠᠯ ᠨᠡᠪᠲᠡᠷᠡᠬᠦ ᠬᠠᠶ᠋ᠢᠭ᠄ ᠬᠤᠤᠯᠢᠩᠭᠤᠤᠯ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠰᠢᠤᠳᠠᠨ ᠳ᠋ᠤᠭᠠᠷ᠄ 029200 | | | | | | |