ᠬᠠᠤᠯᠢ ᠴᠠᠭᠠᠵᠠ ᠶᠢᠨ ᠲᠣᠪᠴᠢᠶ᠎ᠠ | | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ | ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ | ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ | ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠲᠦᠯᠬᠢᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠶᠡᠷᠦᠩᠬᠡᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ | ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠪᠦᠬᠦ ᠬᠤᠲᠠ ᠶᠢᠨ | ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠬᠢᠳᠠᠯ ᠰᠤᠷᠪᠤᠯᠵᠢᠯᠠᠭ᠎ᠠ ᠶᠢ | ᠳᠠᠪᠲᠠᠨ ᠪᠠᠶᠢᠴᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ | ᠬᠦᠯᠢᠶᠡᠬᠦ ᠬᠡᠷᠡᠭ ᠪᠠ ᠵᠠᠬᠢᠳᠠᠯ ᠰᠤᠷᠪᠤᠯᠵᠢᠯᠠᠭ᠎ᠠ ᠶᠢ ᠳᠠᠪᠲᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠤᠲᠠ ᠶᠢᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ | ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ | ᠲᠥᠯᠥᠪᠵᠢᠭᠦᠯᠭᠡ ᠶᠢ ᠲᠤᠭᠤᠷᠪᠢᠬᠤ ᠶᠢ ᠬᠠᠷᠢᠭᠤᠴᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ | ᠣᠷᠣᠯᠴᠠᠬᠤ ᠶᠢ ᠠᠬᠢᠭᠤᠯᠤᠨ ᠠᠬᠢᠭᠤᠯᠤᠨ᠎ᠠ᠃ ᠪᠦᠬᠦ ᠬᠤᠲᠠ ᠶᠢᠨ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ | ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠢᠨᠠᠯᠲᠠ | ᠲᠠᠯᠪᠢᠭᠴᠢ᠂ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ | ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ | ︵ᠲᠦᠷᠪᠡ︶ ᠪᠦᠬᠦ ᠬᠤᠲᠠ ᠶᠢᠨ ᠨᠡᠶᠢᠭᠡᠮ ᠲᠣᠭᠤᠷᠢᠭ ᠤᠨ ᠠᠵᠢᠯ ᠢ ᠬᠠᠷᠢᠭᠤᠴᠠᠨ ᠵᠢᠯᠣᠭᠤᠳᠴᠤ | ᠬᠠᠮᠢᠶᠠᠷᠤᠨ᠎ᠠ᠃ ᠪᠦᠬᠦ ᠬᠤᠲᠠ ᠶᠢᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ | ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ᠎ᠠ᠃ | ︵ᠲᠠᠪᠤ︶ ᠪᠦᠬᠦ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠤᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠶᠢ ᠬᠠᠷᠢᠭᠤᠴᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠬᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠪᠠᠶᠢᠷᠢᠯᠠᠭᠤᠯᠤᠨ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ | ᠲᠤᠰᠠᠯᠠᠮᠵᠢ᠂ ᠠᠯᠪᠠᠨ ᠭᠡᠷᠡᠴᠢᠯᠡᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠲᠠ ᠶᠢᠨ ᠬᠠᠤᠯᠢ ᠴᠠᠭᠠᠵᠠ ᠶᠢᠨ ᠲᠤᠰᠬᠠᠢ | ᠮᠡᠷᠭᠡᠵᠢᠯᠲᠡᠨ ᠤ ᠬᠥᠮᠥᠷᠭᠡ᠂ ᠬᠤᠲᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ | ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ | ᠪᠠᠭᠠᠵᠢ ᠬᠡᠷᠡᠭᠰᠡᠯ᠂ ᠴᠠᠭᠳᠠᠭᠠᠨ ᠤ ᠲᠡᠷᠭᠡ ᠬᠥᠰᠬᠡ᠂ ᠴᠢᠮᠡᠭᠡ ᠨᠡᠪᠲᠡᠷᠡᠯᠭᠡ ᠵᠢᠴᠢ ᠡᠳ᠋ ᠪᠣᠳᠠᠰ ᠲᠣᠨᠤᠭ | ᠲᠥᠬᠦᠭᠡᠷᠦᠮᠵᠢ ᠶᠢ ᠬᠠᠷᠢᠭᠤᠴᠠᠨ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠲᠥᠬᠦᠭᠡᠷᠦᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ | ᠬᠠᠷᠢᠭᠤᠴᠠᠨ᠎ᠠ᠃ | ︵ᠳᠣᠯᠤᠭ᠎ᠠ︶ ᠪᠦᠬᠦ ᠬᠤᠲᠠ ᠶᠢᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡᠨ ᠤ ᠪᠠᠢᠭᠤᠯᠤᠯᠲᠠ ᠶᠢᠨ | ᠬᠠᠮᠢᠶ᠎ᠠ ᠪᠦᠬᠦᠢ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠴᠤ᠂ ᠪᠦᠬᠦ ᠬᠤᠲᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ | ᠶᠠᠪᠤᠳᠠᠯ ᠤᠨ ᠱᠠᠭᠠᠷᠳᠠᠨ ᠪᠠᠶᠢᠴᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠨᠠᠢᠮᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ | ᠪᠠᠶᠢᠭᠤᠯᠤᠯᠲᠠ᠂ ᠨᠠᠮ ᠤᠨ ᠪᠠᠶᠢᠭᠤᠯᠤᠯᠲᠠ᠂ ᠠᠵᠢᠯ ᠤᠨ ᠰᠤᠷᠲᠠᠯ ᠤᠨ ᠪᠠᠶᠢᠭᠤᠯᠤᠯᠲᠠ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ | ᠠᠵᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ | ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠶᠢ | ᠬᠠᠷᠢᠭᠤᠴᠠᠵᠤ᠂ ᠲᠣᠪᠴᠢᠶ᠎ᠠ ᠶᠢᠨ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠮᠡᠳᠡᠭᠦᠯᠦᠯᠲᠡ ᠶᠢ | ᠲᠤᠭᠤᠷᠪᠢᠬᠤ ᠪᠠ ᠲᠣᠪᠴᠢᠶ᠎ᠠ ᠶᠢᠨ ᠲᠠᠷᠬᠠᠭᠠᠭᠰᠠᠨ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ | ᠬᠠᠷᠢᠭᠤᠴᠠᠵᠤ᠂ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ︔ | ᠲᠣᠪᠴᠢᠶ᠎ᠠ ᠶᠢᠨ ᠳᠠᠷᠤᠭ᠎ᠠ ᠨᠠᠷ ᠤᠨ ᠠᠵᠢᠯᠯᠠᠬᠤ ᠬᠤᠷᠠᠯ᠂ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠲᠣᠭᠲᠠᠭᠠᠭᠰᠠᠨ ᠵᠦᠢᠯᠡᠰ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠵᠤ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ︔ ᠪᠦᠬᠦ ᠲᠠᠯ᠎ᠠ ᠶᠢᠨ | ᠬᠠᠷᠠᠯᠲᠠ ᠶᠢᠨ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ᠂ ᠡᠳᠦᠷ ᠲᠤᠲᠤᠮ ᠤᠨ ᠬᠦᠯᠢᠶᠡᠨ ᠠᠪᠬᠤ ᠶᠢ | ᠬᠠᠷᠢᠭᠤᠴᠠᠨ᠎ᠠ︔ ᠪᠢᠴᠢᠭ ᠮᠠᠲ᠋ᠧᠷᠢᠶᠠᠯ ᠬᠤᠷᠢᠶᠠᠨ ᠲᠠᠷᠬᠠᠭᠠᠬᠤ᠂ ᠨᠢᠭᠤᠴᠠ ᠮᠠᠲ᠋ᠧᠷᠢᠶᠠᠯ ᠤᠨ ᠨᠢᠭᠤᠴᠠ ᠶᠢ | ᠬᠠᠮᠠᠭᠠᠯᠠᠬᠤ᠂ ᠳᠠᠩᠰᠠ ᠡᠪᠬᠡᠮᠡᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠵᠡᠷᠭᠡ ᠠᠵᠢᠯ ᠢ ᠬᠠᠷᠢᠭᠤᠴᠠᠨ᠎ᠠ︔ ᠲᠤᠰ | ᠲᠣᠪᠴᠢᠶᠠᠨ ᠤ ᠲᠡᠷᠭᠡ᠂ ᠬᠤᠪᠴᠠᠰᠤ ᠬᠤᠨᠠᠷ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠠᠵᠢᠯ ᠢ | ᠬᠠᠮᠢᠶᠠᠷᠤᠨ᠎ᠠ︔ ᠲᠣᠪᠴᠢᠶ᠎ᠠ ᠪᠠᠶᠢᠭᠤᠯᠭ᠎ᠠ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ︔ | ᠲᠣᠪᠴᠢᠶ᠎ᠠ ᠶᠢᠨ ᠪᠠᠶᠢᠭᠤᠯᠭ᠎ᠠ ᠶᠢ ᠬᠠᠷᠢᠭᠤᠴᠠᠨ᠎ᠠ᠃ | ︵ᠬᠤᠶᠠᠷ︶ ᠦᠨᠳᠦᠰᠦᠨ ᠱᠠᠲᠤᠨ ᠤ ᠰᠠᠯᠠᠭ᠎ᠠ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ | ᠨᠡᠶᠢᠭᠡᠮ ᠤᠨ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠬᠤ᠂ ᠬᠠᠪᠰᠤᠷᠤᠨ ᠰᠤᠷᠭᠠᠬᠤ᠂ ᠠᠷᠠᠳ ᠤᠨ | ᠡᠶᠡᠳᠡᠭᠦᠯᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠪᠠ ᠦᠨᠳᠦᠰᠦᠨ | ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠠᠵᠢᠯ ᠢ ᠬᠠᠷᠢᠭᠤᠴᠠᠨ ᠵᠢᠯᠣᠭᠤᠳᠴᠤ᠂ ᠪᠦᠬᠦ | ᠬᠤᠲᠠ ᠶᠢᠨ ᠡᠷᠡᠭᠦᠦ ᠶᠢᠨ ᠬᠤᠭᠤᠴᠠᠭ᠎ᠠ ᠳᠠᠭᠤᠰᠴᠤ ᠰᠤᠯᠠᠯᠠᠭᠳᠠᠭᠰᠠᠨ ᠬᠥᠮᠦᠰ ᠢ ᠲᠥᠪᠬᠢᠨᠡᠭᠦᠯᠵᠦ ᠬᠠᠪᠰᠤᠷᠤᠨ | ᠰᠤᠷᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ᠃ ᠠᠷᠠᠳ ᠤᠨ ᠬᠢᠨᠠᠯᠲᠠ ᠲᠠᠯᠪᠢᠭᠴᠢ᠂ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ᠂ ᠠᠩᠬ᠎ᠠ | ᠲᠣᠮᠢᠯᠠᠬᠤ ᠪᠣᠯᠪᠠᠰᠤᠷᠠᠭᠤᠯᠤᠯ᠂ ᠲᠤᠰᠬᠠᠶ ᠵᠦᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠬᠢᠨᠠᠨ | ᠰᠢᠯᠭᠠᠬᠤ᠂ ᠱᠠᠩᠨᠠᠵᠤ ᠲᠣᠷᠭᠠᠬᠤ᠂ ᠮᠡᠳᠡᠭᠡ ᠵᠠᠩᠭᠢ ᠪᠠᠶᠢᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ | ︔ ᠠᠷᠠᠳ ᠤᠨ ᠬᠢᠨᠠᠯᠲᠠ ᠲᠠᠯᠪᠢᠭᠴᠢ᠂ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ | ᠠᠵᠢᠯ ᠤᠨ ᠡᠯ᠎ᠡ ᠵᠦᠢᠯ ᠤᠨ ᠳᠦᠷᠢᠮ ᠲᠣᠭᠲᠠᠭᠠᠯ ᠢ ᠲᠣᠭᠲᠠᠭᠠᠪᠠ︔ ᠠᠷᠠᠳ ᠤᠨ ᠬᠢᠨᠠᠯᠲᠠ ᠲᠠᠯᠪᠢᠭᠴᠢ᠂ | ᠬᠠᠪᠰᠤᠷᠤᠨ ᠰᠢᠭᠦᠭᠴᠢ ᠶᠢ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠭᠤᠯᠬᠤ ᠶᠢ ᠬᠠᠷᠢᠭᠤᠴᠠᠨ᠎ᠠ︔ ᠠᠷᠠᠳ ᠤᠨ | ᠬᠢᠨᠠᠯᠲᠠ ᠲᠠᠯᠪᠢᠭᠴᠢ᠂ ᠬᠠᠪᠰᠤᠷᠤᠨ ᠰᠢᠭᠦᠭᠴᠢ ᠳᠤ ᠬᠢᠨᠠᠯᠲᠠ ᠲᠠᠯᠪᠢᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ | ᠵᠣᠬᠢᠴᠠᠭᠤᠯᠤᠨ ᠰᠢᠢᠳᠪᠦᠷᠢᠯᠡᠵᠦ᠂ ᠠᠷᠠᠳ ᠤᠨ ᠬᠢᠨᠠᠯᠲᠠ ᠲᠠᠯᠪᠢᠭᠴᠢ᠂ ᠬᠠᠪᠰᠤᠷᠤᠨ ᠰᠢᠭᠦᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠭᠦ ᠳᠤ ᠪᠠᠲᠤᠯᠠᠭ᠎ᠠ ᠬᠠᠩᠭᠠᠨ᠎ᠠ︔ ᠠᠷᠠᠳ ᠤᠨ ᠬᠢᠨᠠᠯᠲᠠ ᠲᠠᠯᠪᠢᠭᠴᠢ᠂ | ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ | ᠠᠰᠠᠭᠤᠳᠠᠯ ᠢ ᠰᠤᠳᠤᠯᠤᠨ ᠨᠤᠲᠠᠯᠠᠬᠤ ᠠᠵᠢᠯ ᠢ ᠬᠠᠷᠢᠭᠤᠴᠠᠨ᠎ᠠ︔ ᠠᠷᠠᠳ ᠤᠨ ᠬᠢᠨᠠᠯᠲᠠ ᠲᠠᠯᠪᠢᠭᠴᠢ᠂ ᠬᠠᠪᠰᠤᠷᠤᠨ | ᠰᠢᠭᠦᠭᠴᠢ ᠶᠢᠨ ᠳᠦᠷᠢᠮ ᠢ ᠤᠬᠠᠭᠤᠯᠬᠤ ᠪᠠ ᠳᠡᠯᠭᠡᠷᠡᠭᠦᠯᠬᠦ ᠶᠢ ᠬᠠᠷᠢᠭᠤᠴᠠᠨ᠎ᠠ︔ ᠲᠣᠰ ᠭᠠᠵᠠᠷ ᠣᠷᠣᠨ ᠤ | ᠠᠷᠠᠳ ᠤᠨ ᠬᠢᠨᠠᠯᠲᠠ ᠲᠠᠯᠪᠢᠭᠴᠢ᠂ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠬᠢᠨᠠᠯᠲᠠ ᠲᠠᠯᠪᠢᠨ ᠵᠢᠯᠣᠭᠤᠳᠬᠤ ᠶᠢ ᠬᠠᠷᠢᠭᠤᠴᠠᠨ᠎ᠠ︔ ᠳᠠᠭᠠᠭᠠᠨ | ᠭᠦᠢᠴᠡᠳᠬᠡᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ | ᠠᠵᠢᠯ᠃ | ︵ᠭᠤᠷᠪᠠ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ᠃ | ᠪᠦᠬᠦ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ᠂ ᠬᠠᠤᠯᠢᠴᠢ ᠶᠢᠨ ᠠᠵᠢᠯ᠂ ᠠᠯᠪᠠᠨ | ᠭᠡᠷᠡᠴᠢᠯᠡᠭᠡ ᠶᠢᠨ ᠠᠵᠢᠯ᠂ ᠠᠷᠠᠳ ᠲᠦᠮᠡᠨ ᠤ ᠬᠠᠪᠰᠤᠷᠤᠨ ᠰᠢᠭᠦᠭᠴᠢ ᠶᠢᠨ ᠠᠵᠢᠯ ᠳᠤ ᠬᠢᠨᠠᠯᠲᠠ ᠲᠠᠯᠪᠢᠬᠤ ᠶᠢ | ᠬᠠᠮᠢᠶᠠᠷᠴᠤ᠂ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠮᠠᠨ ᠤ ᠬᠤᠲᠠ ᠶᠢᠨ ᠬᠠᠤᠯᠢᠴᠢ ᠶᠢᠨ ᠠᠵᠢᠯ ᠪᠠ ᠵᠠᠰᠠᠭ | ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠤᠨ ᠬᠠᠤᠯᠢ | ᠴᠠᠭᠠᠵᠠ ᠶᠢᠨ ᠵᠥᠪᠯᠡᠭᠴᠢ ᠶᠢᠨ ᠠᠵᠢᠯ ᠢ ᠬᠠᠮᠢᠶᠠᠷᠴᠤ ᠵᠢᠯᠣᠭᠤᠳᠤᠨ᠎ᠠ︔ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠤᠨ ᠪᠠᠶᠢᠴᠠᠭᠠᠯᠲᠠ᠂ ᠠᠵᠢᠯ ᠡᠷᠬᠢᠯᠡᠬᠦ᠂ ᠬᠠᠤᠯᠢᠴᠢ ᠶᠢᠨ ᠳᠠᠩᠰᠠᠯᠠᠭᠤᠯᠤᠯᠲᠠ ᠪᠠ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠬᠠᠤᠯᠢᠴᠢ ᠶᠢᠨ | ᠲᠤᠬᠠᠶᠢᠯᠠᠭᠰᠠᠨ ᠠᠵᠢᠯ ᠢ ᠵᠢᠯᠣᠭᠤᠳᠴᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠬᠢᠨᠠᠵᠤ ᠪᠠᠶᠢᠴᠠᠭᠠᠨ᠎ᠠ︔ ᠠᠵᠢᠯ | ᠡᠷᠬᠢᠯᠡᠬᠦ ᠬᠠᠤᠯᠢᠴᠢ ᠶᠢᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ︔ ᠮᠠᠨ ᠤ ᠬᠤᠲᠠ ᠶᠢᠨ ᠠᠯᠪᠠᠨ | ᠭᠡᠷᠡᠴᠢᠯᠡᠭᠡ ᠶᠢᠨ ᠪᠠᠶᠢᠭᠤᠯᠤᠮᠵᠢ ᠪᠠ ᠠᠯᠪᠠᠨ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ | ᠬᠠᠮᠢᠶᠠᠷᠴᠤ ᠵᠢᠯᠣᠭᠤᠳᠤᠨ᠎ᠠ︔ ᠮᠠᠨ ᠤ ᠬᠤᠲᠠ ᠶᠢᠨ ᠠᠯᠪᠠᠨ ᠭᠡᠷᠡᠴᠢᠯᠡᠭᠡ ᠶᠢᠨ ᠠᠵᠢᠯ ᠤᠨ ᠲᠥᠯᠥᠪᠵᠢᠭᠦᠯᠪᠡ ᠪᠠ | ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠬᠡᠷᠡᠭ ᠰᠢᠢᠳᠪᠦᠷᠢᠯᠡᠬᠦ ᠶᠠᠰᠤ ᠴᠢᠨᠠᠷ ᠢ | ᠵᠣᠬᠢᠶᠠᠨ ᠪᠠᠶᠢᠭᠤᠯᠤᠨ ᠪᠠᠶᠢᠴᠠᠭᠠᠵᠤ᠂ ᠠᠯᠪᠠᠨ ᠭᠡᠷᠡᠴᠢᠯᠡᠭᠡ ᠶᠢᠨ ᠠᠵᠢᠯ ᠤᠨ ᠭᠤᠮᠣᠳᠠᠯ ᠲᠣᠭᠠᠴᠢᠬᠤ᠂ ᠳᠠᠬᠢᠨ | ᠵᠥᠪᠯᠡᠬᠦ ᠠᠵᠢᠯ ᠢ ᠬᠠᠷᠢᠭᠤᠴᠠᠵᠤ᠂ ᠪᠤᠷᠤᠭᠤ ᠭᠡᠷᠡᠴᠢ᠂ ᠬᠠᠭᠤᠷᠮᠠᠭ ᠭᠡᠷᠡᠴᠢ ᠶᠢ ᠵᠠᠯᠠᠷᠠᠭᠤᠯᠬᠤ ᠪᠤᠶᠤ ᠬᠦᠴᠦᠨ | ᠦᠭᠡᠢ ᠪᠣᠯᠭᠠᠨ᠎ᠠ᠃ | ︵ᠲᠦᠷᠪᠡ︶ ᠨᠡᠶᠢᠭᠡᠮ ᠲᠣᠭᠤᠷᠢᠭ ᠤᠨ ᠬᠠᠤᠯᠢ ᠬᠡᠷᠡᠭᠵᠢᠭᠦᠯᠬᠦ ᠶᠡᠭᠡ ᠠᠩᠭᠢ᠃ ᠪᠦᠬᠦ ᠬᠤᠲᠠ ᠶᠢᠨ ᠨᠡᠶᠢᠭᠡᠮ | ᠲᠣᠭᠤᠷᠢᠭ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠬᠤᠲᠠ ᠶᠢᠨ ᠨᠡᠶᠢᠭᠡᠮ ᠲᠣᠭᠤᠷᠢᠭ ᠤᠨ | ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ︔ ᠨᠡᠶᠢᠭᠡᠮ ᠲᠣᠭᠤᠷᠢᠭ ᠤᠨ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ᠂ ᠲᠣᠭᠲᠠᠭᠠᠯ ᠪᠠ | ᠳᠦᠷᠢᠮ ᠢ ᠲᠤᠭᠤᠷᠪᠢᠨ ᠲᠣᠭᠲᠠᠭᠠᠨ᠎ᠠ︔ ᠬᠤᠲᠠ ᠶᠢᠨ ᠨᠡᠶᠢᠭᠡᠮ ᠲᠣᠭᠤᠷᠢᠭ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠤᠭᠤᠷᠣᠨᠳᠣᠬᠢ ᠵᠣᠬᠢᠴᠠᠭᠤᠯᠬᠤ ᠠᠵᠢᠯ ᠢ ᠰᠠᠶᠢᠲᠤᠷ ᠬᠢᠨ᠎ᠡ᠃ | ᠨᠡᠶᠢᠭᠡᠮ ᠲᠣᠭᠤᠷᠢᠭ ᠤᠨ ᠠᠵᠢᠯ ᠤᠨ ᠳᠤᠮᠳᠠᠬᠢ ᠪᠣᠳᠠᠲᠠᠢ ᠠᠵᠢᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ | ᠨᠡᠶᠢᠭᠡᠮ ᠲᠣᠭᠤᠷᠢᠭ ᠤᠨ ᠡᠷᠡᠭᠦᠦ ᠭᠦᠢᠴᠡᠳᠬᠡᠵᠦ ᠪᠠᠶᠢᠭ᠎ᠠ ᠬᠥᠮᠦᠰ ᠢ ᠵᠣᠯᠭᠠᠭᠤᠯᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠂ ᠪᠣᠳᠠᠲᠠᠢ ᠠᠵᠢᠯ ᠶᠠᠪᠤᠳᠠᠯ ᠢ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠬᠡᠷᠡᠭᠲᠡᠢ᠃ | ᠨᠡᠶᠢᠭᠡᠮ ᠲᠣᠭᠤᠷᠢᠭ ᠤᠨ ᠡᠷᠡᠭᠦᠤ ᠰᠢᠢᠳᠭᠡᠯ ᠬᠦᠢᠴᠡᠳᠬᠡᠵᠦ ᠪᠠᠶᠢᠭ᠎ᠠ ᠬᠥᠮᠦᠰ ᠤᠨ ᠦᠨᠳᠦᠰᠦᠨ ᠪᠠᠶᠢᠳᠠᠯ ᠪᠠ | ᠨᠡᠶᠢᠭᠡᠮ ᠲᠣᠭᠤᠷᠢᠭ ᠤᠨ ᠠᠵᠢᠯ ᠤᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠶᠢᠯᠭᠠᠨ ᠡᠵᠡᠮᠰᠢᠵᠦ᠂ | ᠬᠤᠯᠪᠣᠭᠳᠠᠯ ᠪᠦᠬᠦᠢ ᠮᠠᠲ᠋ᠧᠷᠢᠶᠠᠯ ᠢ ᠴᠤᠭᠯᠠᠭᠤᠯᠤᠨ᠂ ᠠᠵᠢᠯ ᠥᠷᠨᠢᠭᠦᠯᠬᠦ ᠰᠠᠨᠠᠯ ᠪᠠ ᠰᠠᠨᠠᠭᠤᠯᠭ᠎ᠠ ᠳᠤᠷᠠᠳᠬᠤ | ᠬᠡᠷᠡᠭᠲᠡᠶ᠃ ᠨᠡᠶᠢᠭᠡᠮ ᠲᠣᠭᠤᠷᠢᠭ ᠤᠨ ᠡᠷᠡᠭᠦᠤ ᠰᠢᠢᠳᠬᠡᠯ ᠬᠦᠢᠴᠡᠳᠭᠡᠭᠰᠡᠳ ᠤᠨ ᠵᠠᠰᠠᠭ ᠵᠠᠬᠢᠷᠭᠠᠨ ᠤ ᠱᠠᠩᠨᠠᠯ ᠤᠨ | ᠠᠵᠢᠯ ᠢ ᠵᠢᠯᠣᠭᠤᠳᠤᠨ᠎ᠠ︔ ᠨᠡᠶᠢᠭᠡᠮ ᠲᠣᠭᠤᠷᠢᠭ ᠤᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | | ︵ᠲᠠᠪᠤ︶ ᠤᠯᠤᠰ ᠲᠥᠷᠥ ᠶᠢᠨ ᠴᠠᠭᠳᠠᠭᠠᠨ ᠤ ᠶᠠᠪᠤᠳᠠᠯ ᠤᠨ ᠲᠠᠰᠤᠭ᠃ ᠬᠠᠤᠯᠢ ᠪᠠᠷᠢᠬᠤ ᠵᠠᠰᠠᠭ ᠵᠠᠬᠢᠷᠭᠠᠨ ᠤ | ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠲᠥᠯᠥᠪᠯᠡᠭᠡ ᠪᠠ ᠴᠠᠭᠳᠠᠭᠠᠨ ᠤ ᠶᠠᠪᠤᠳᠠᠯ ᠢ ᠰᠢᠪᠠᠳᠠᠨ ᠪᠠᠶᠢᠴᠠᠭᠠᠬᠤ ᠠᠵᠢᠯ ᠤᠨ ᠲᠥᠯᠥᠪᠯᠡᠭᠡ ᠶᠢ | ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠬᠤᠲᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠪᠠᠶᠢᠭᠤᠯᠤᠯᠲᠠ᠂ | ᠠᠵᠢᠯ ᠤᠨ ᠰᠤᠷᠲᠠᠯ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠬᠠᠤᠯᠢ ᠪᠠᠷᠢᠬᠤ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠭᠰᠡᠨ᠂ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠪᠠ ᠲᠤᠰᠢᠶᠠᠯ ᠢᠶᠠᠨ | ᠬᠦᠢᠴᠡᠳᠭᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠢᠰᠲ᠋ᠧᠮ ᠤᠨ ᠴᠠᠭᠳᠠᠭᠠᠨ ᠤ ᠪᠠᠭᠠᠵᠢ ᠵᠢᠴᠢ ᠴᠠᠭᠳᠠᠭᠠᠨ ᠤ ᠲᠡᠷᠭᠡ᠂ ᠴᠠᠭᠳᠠᠭᠠᠨ ᠤ ᠢᠯᠡᠳᠬᠡᠮᠵᠢ ᠲᠡᠮᠳᠡᠭ | ᠬᠡᠷᠡᠭᠯᠡᠭᠰᠡᠨ ᠪᠠᠶᠢᠳᠠᠯ ᠢ ᠰᠢᠪᠠᠳᠠᠨ ᠪᠠᠶᠢᠴᠠᠭᠠᠬᠤ ᠶᠢ ᠬᠠᠷᠢᠭᠤᠴᠠᠨ᠎ᠠ᠃ | ︵ᠵᠢᠷᠭᠤᠭ᠎ᠠ︶ ᠬᠠᠤᠯᠢ ᠳᠦᠷᠢᠮ ᠤᠨ ᠲᠠᠰᠤᠭ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠶᠡᠷᠦᠩᠬᠡᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ | ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ︔ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢ | ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠡᠩ ᠤᠨ ᠴᠢᠨᠠᠷ ᠤᠨ ᠴᠢᠬᠤᠯᠠ ᠴᠢᠨᠠᠷ ᠤᠨ | ᠠᠰᠠᠭᠤᠳᠠᠯ ᠢ ᠵᠣᠬᠢᠴᠠᠭᠤᠯᠤᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ | ᠠᠵᠢᠯᠲᠠᠨ ᠤ ᠬᠢᠨᠠᠨ ᠬᠠᠷᠭᠤᠭᠤᠯᠬᠤ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠰᠠᠭ ᠤᠨ | ᠣᠷᠳᠣᠨ ᠤ ᠳᠦᠷᠢᠮ ᠲᠣᠭᠲᠠᠭᠠᠯ ᠢ ᠳᠠᠩᠰᠠᠯᠠᠵᠤ ᠬᠢᠨᠠᠨ ᠪᠠᠶᠢᠴᠠᠭᠠᠬᠤ ᠪᠠ ᠢᠯᠭᠠᠷᠠᠭᠤᠯᠤᠨ ᠲᠢᠭᠯᠡᠬᠦ ᠠᠵᠢᠯ ᠢ | ᠬᠠᠷᠢᠭᠤᠴᠠᠨ᠎ᠠ︔ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠲᠣᠰ ᠰᠢᠰᠲ᠋ᠧᠮ ᠤᠨ ᠢᠶᠠᠨ ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠪᠠᠶᠢᠴᠠᠭᠠᠵᠤ ᠬᠢᠨᠠᠯᠲᠠ ᠲᠠᠯᠪᠢᠬᠤ ᠠᠵᠢᠯ ᠳᠤ ᠣᠷᠣᠯᠴᠠᠨ᠎ᠠ︔ ᠪᠦᠬᠦ ᠬᠤᠲᠠ ᠶᠢᠨ ᠵᠠᠰᠠᠭ ᠵᠠᠬᠢᠷᠭᠠᠨ ᠤ ᠳᠠᠬᠢᠨ | ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠵᠠᠬᠢᠳᠠᠯ ᠰᠤᠷᠪᠤᠯᠵᠢᠯᠠᠭ᠎ᠠ ᠶᠢ ᠳᠠᠬᠢᠨ ᠪᠠᠶᠢᠴᠠᠭᠠᠬᠤ ᠠᠵᠢᠯ ᠢ | ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠷᠭᠤ | ᠬᠦᠯᠢᠶᠡᠬᠦ ᠬᠡᠷᠡᠭ ᠪᠠ ᠵᠠᠬᠢᠳᠠᠯ ᠰᠤᠷᠪᠤᠯᠵᠢᠯᠠᠯ ᠢ ᠳᠠᠬᠢᠨ ᠪᠠᠶᠢᠴᠠᠭᠠᠬᠤ ᠶᠠᠪᠤᠳᠠᠯ ᠢ ᠬᠠᠷᠢᠭᠤᠴᠠᠨ ᠰᠢᠢᠳᠪᠦᠷᠢᠯᠡᠨ᠎ᠡ᠃ | ᠠᠷᠠᠳ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠠᠰᠤᠭ᠃ ᠪᠦᠬᠦ ᠬᠤᠲᠠ ᠶᠢᠨ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ︔ ᠪᠥᠬᠦ ᠬᠤᠲᠠ ᠶᠢᠨ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ︔ ᠡᠯ᠎ᠡ ᠰᠠᠯᠠᠭ᠎ᠠ ᠮᠥᠴᠢᠷ ᠤᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ | ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠬᠢᠨᠠᠯᠲᠠ | ᠲᠠᠯᠪᠢᠵᠤ᠂ ᠪᠦᠬᠦ ᠠᠷᠠᠳ ᠤᠨ ᠬᠠᠤᠯᠢ ᠲᠦᠭᠡᠮᠡᠯᠵᠢᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ | ᠲᠥᠷᠦ ᠶᠢᠨ ᠠᠵᠢᠯᠲᠠᠨ ᠤ ᠬᠠᠤᠯᠢ ᠰᠤᠷᠴᠤ ᠬᠠᠤᠯᠢ ᠬᠡᠷᠡᠭᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠪᠦᠬᠦ | ᠬᠤᠲᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ | ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠪᠠᠶᠢᠴᠠᠭᠠᠬᠤ᠂ ᠰᠢᠯᠭᠠᠨ ᠠᠪᠬᠤ᠂ ᠳ᠋ᠦᠩᠨᠡᠬᠦ ᠠᠵᠢᠯ ᠢ | ᠬᠠᠷᠢᠭᠤᠴᠠᠨ᠎ᠠ᠃ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠠᠵᠢᠯ ᠢ ᠵᠢᠯᠣᠭᠤᠳᠤᠨ᠎ᠠ᠃ | ︵ᠨᠠᠢᠮᠠ︶ ᠬᠤᠲᠠ ᠶᠢᠨ ᠨᠠᠮ ᠤᠨ ᠬᠤᠷᠢᠶ᠎ᠠ ᠬᠠᠤᠯᠢ ᠶᠣᠰᠣᠭᠠᠷ ᠬᠤᠲᠠ ᠶᠢ ᠵᠠᠰᠠᠬᠤ ᠠᠯᠪᠠᠨ ᠭᠡᠷ ᠤᠨ ᠨᠠᠷᠢᠨ | ᠪᠢᠴᠢᠭᠡᠴᠢ ᠶᠢᠨ ᠰᠠᠯᠠᠭ᠎ᠠ᠃ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ | ᠵᠠᠰᠠᠬᠤ ᠵᠥᠪᠯᠡᠯ ᠤᠨ ᠠᠯᠪᠠᠨ ᠭᠡᠷ ︵ᠳᠣᠷᠣᠭᠰᠢ ᠬᠠᠤᠯᠢ ᠶᠣᠰᠣᠭᠠᠷ ᠬᠤᠲᠠ ᠪᠠᠨ ᠵᠠᠰᠠᠬᠤ ᠠᠯᠪᠠᠨ ᠭᠡᠷ ᠭᠡᠵᠦ | ᠲᠣᠪᠴᠢᠯᠠᠨ᠎ᠠ︶ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠬᠠᠤᠯᠢ ᠶᠣᠰᠣᠭᠠᠷ ᠬᠤᠲᠠ ᠪᠠᠨ ᠵᠠᠰᠠᠬᠤ ᠪᠣᠳᠠᠲᠠᠢ | ᠠᠵᠢᠯ ᠢ ᠡᠭᠦᠷᠭᠡᠯᠡᠵᠦ᠂ ᠬᠠᠤᠯᠢ ᠶᠣᠰᠣᠭᠠᠷ ᠬᠤᠲᠠ ᠪᠠᠨ ᠵᠠᠰᠠᠬᠤ ᠡᠳᠦᠷ ᠲᠤᠲᠤᠮ ᠤᠨ ᠬᠡᠷᠡᠭ ᠶᠠᠪᠤᠳᠠᠯ ᠢ | ᠬᠠᠷᠢᠭᠤᠴᠠᠨ ᠰᠢᠢᠳᠪᠦᠷᠢᠯᠡᠨ᠎ᠡ᠃ ᠬᠠᠤᠯᠢ ᠶᠣᠰᠣᠭᠠᠷ ᠬᠤᠲᠠ ᠪᠠᠨ ᠵᠠᠰᠠᠬᠤ ᠠᠯᠪᠠᠨ ᠭᠡᠷ ᠤᠨ ᠤᠳᠤᠷᠢᠳᠤᠯᠭ᠎ᠠ | ᠳᠣᠣᠷ᠎ᠠ᠂ ᠪᠦᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠢ | ᠲᠥᠷᠦ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠢ ᠵᠣᠬᠢᠴᠠᠭᠤᠯᠤᠨ ᠰᠢᠪᠠᠳᠠᠵᠤ ᠪᠠᠶᠢᠭᠠᠳ ᠪᠦᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ | ᠺᠣᠮᠢᠰ ᠪᠠ ᠬᠠᠤᠯᠢ ᠶᠣᠰᠣᠭᠠᠷ ᠬᠤᠲᠠ ᠪᠠᠨ ᠵᠠᠰᠠᠬᠤ ᠲᠣᠭᠲᠠᠭᠠᠯ ᠭᠠᠷᠭᠠᠬᠤ ᠤᠴᠢᠷ ᠶᠠᠪᠤᠳᠠᠯ᠂ ᠠᠵᠢᠯ ᠤᠨ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠢᠳᠠᠪᠤᠷᠢᠵᠢᠭᠤᠯᠤᠨ᠎ᠠ᠃ | ᠬᠠᠶ᠋ᠢᠭ᠄ | ᠬᠠᠷᠢᠯᠴᠠᠬᠤ ᠤᠲᠠᠰᠤ᠄ 0475 — 2277148 | ᠵᠠᠬᠢᠳᠠᠯ ᠨᠡᠪᠲᠡᠷᠡᠬᠦ ᠬᠠᠶ᠋ᠢᠭ᠄ ᠬᠤᠤᠯᠢᠩᠭᠤᠤᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | ᠰᠢᠤᠳᠠᠨ ᠳ᠋ᠤᠭᠠᠷ᠄ 029200 | |