ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-11-25
ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ    ᠭᠤᠤᠯ ᠡᠭᠦᠷᠭᠡ ᠬᠠᠷᠢᠭᠤᠴᠠᠯᠭ᠎ᠠ᠄    ︵ᠨᠢᠭᠡ︶ ᠲᠡᠭᠡᠳᠦ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠪᠦᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃    ︵ᠬᠤᠶᠠᠷ︶ ᠪᠦᠬᠦ ᠬᠤᠲᠠ ᠶᠢᠨ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠪᠡᠶᠡᠴᠢ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ  ᠴᠢᠬᠤᠯᠠᠴᠢᠯᠠᠵᠦ ᠣᠷᠣᠨ ᠰᠠᠭᠤᠴᠠ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃    ︵ᠭᠤᠷᠪᠠ︶ ᠪᠦᠬᠦ ᠬᠤᠲᠠ ᠶᠢᠨ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ ᠲᠥᠷᠦ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠬᠠᠮᠢᠶᠠᠷᠤᠯᠲᠠ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠢ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠢᠱᠢᠯᠲᠡ ᠦᠨ᠎ᠡ ᠬᠢᠭᠡᠳ ᠠᠵᠤ ᠠᠬᠤᠢ ᠶᠢᠨ ᠬᠠᠮᠢᠶᠠᠷᠤᠯᠲᠠ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ ᠵᠢᠴᠢ ᠪᠦᠬᠦ ᠬᠤᠲᠠ ᠶᠢᠨ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠬᠤᠲᠠ ᠶᠢᠨ ᠭᠡᠷ ᠪᠠᠶᠢᠰᠢᠩ ᠤᠨ ᠳᠠᠩᠰᠠᠯᠠᠯ ᠤᠨ ᠠᠵᠢᠯ ᠢ ᠬᠠᠮᠵᠢᠯᠴᠠᠨ ᠵᠢᠯᠣᠭᠤᠳᠤᠨ᠎ᠠ᠃    ︵ᠲᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠪᠦᠲᠦᠭᠡᠨ ᠪᠠᠢᠭᠤᠯᠤᠯᠲᠠ ᠶᠢᠨ ᠪᠠᠷᠢᠯᠭ᠎ᠠ ᠶᠢᠨ ᠪᠠᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠶᠢᠨ ᠪᠠᠷᠢᠮᠵᠢᠶ᠎ᠠ ᠨᠣᠷᠮ᠎ᠠ ᠶᠢᠨ ᠬᠡᠷᠡᠭᠵᠢᠭᠦᠯᠬᠦ ᠪᠠ ᠪᠠᠷᠢᠯᠭ᠎ᠠ ᠶᠢᠨ ᠪᠠᠢᠭᠤᠯᠤᠭᠰᠠᠨ ᠦᠨ᠎ᠡ ᠶᠢ ᠪᠣᠳᠣᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠬᠤᠲᠠ ᠶᠢᠨ ᠪᠠᠷᠢᠯᠭ᠎ᠠ ᠶᠢᠨ ᠪᠠᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠵᠤ ᠨᠡᠶᠢᠲᠡᠯᠡᠨ᠎ᠡ᠃    ︵ᠲᠠᠪᠤ︶ ᠪᠦᠬᠦ ᠬᠤᠲᠠ ᠶᠢᠨ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠦᠬᠦ ᠬᠤᠲᠠ ᠶᠢᠨ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠢᠭᠤᠯᠤᠯᠲᠠ ᠶᠢᠨ ᠠᠵᠢᠯᠯᠠᠭ᠎ᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠴᠤ ᠠᠰᠠᠭᠤᠨ ᠯᠠᠪᠯᠠᠬᠤ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠪᠦᠬᠦ ᠬᠤᠲᠠ ᠶᠢᠨ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠬᠤ ᠪᠠ ᠵᠢᠯᠣᠭᠤᠳᠤᠨ᠎ᠠ᠃ ᠪᠦᠬᠦ ᠬᠤᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠬᠦᠴᠦᠨ ᠤ ᠬᠠᠮᠲᠤᠷᠠᠯᠴᠠᠭ᠎ᠠ ᠳᠤ ᠣᠷᠣᠯᠴᠠᠭᠤᠯᠤᠨ᠎ᠠ᠃    ︵ᠵᠢᠷᠭᠤᠭ᠎ᠠ︶ ᠪᠦᠬᠦ ᠬᠤᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠲᠣᠭᠤᠷᠢᠭ︶ ᠤᠨ ᠭᠡᠷ ᠪᠠᠶᠢᠰᠢᠩ ᠤᠨ ᠪᠠᠷᠢᠯᠭ᠎ᠠ ᠶᠢᠨ ᠢᠨᠵᠧᠨᠧᠷᠢᠩ ᠪᠣᠯᠤᠨ ᠪᠤᠰᠤᠳ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ᠂ ᠪᠠᠷᠢᠯᠭ᠎ᠠ ᠪᠠᠷᠢᠬᠤ ᠵᠥᠪᠰᠢᠶᠡᠷᠡᠯ ᠪᠠ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ ᠪᠦᠬᠦ ᠬᠤᠲᠠ ᠶᠢᠨ ᠪᠠᠷᠢᠯᠭ᠎ᠠ ᠶᠢᠨ ᠶᠠᠰᠤ ᠴᠢᠨᠠᠷ ᠂ ᠠᠮᠤᠷ ᠲᠦᠪᠰᠢᠨ ᠤ ᠠᠳᠠᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠪᠠ᠃ ᠪᠦᠬᠦ ᠬᠤᠲᠠ ᠶᠢᠨ ᠪᠦᠲᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠰᠢᠭᠦᠰᠦ ᠶᠢ ᠬᠢᠨᠠᠨ ᠪᠠᠶᠢᠴᠠᠭᠠᠵᠦ ᠰᠢᠯᠭᠠᠨ ᠠᠪᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠥᠷᠦ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃     ︵ᠳᠣᠯᠤᠭ᠎ᠠ︶ ᠬᠤᠲᠠ ᠶᠢᠨ ᠬᠠᠶᠢᠨ ᠪᠠᠶᠢᠴᠠᠭᠠᠬᠤ᠂ ᠪᠠᠷᠢᠯᠭ᠎ᠠ ᠶᠢᠨ ᠬᠡᠮᠵᠢᠯᠲᠡ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠲᠠ ᠶᠢᠨ ᠱᠤᠭᠤᠮᠠᠯ ᠱᠤᠭᠤᠬᠤ ᠠᠵᠢᠯ ᠢ ᠬᠠᠷᠢᠭᠤᠴᠠᠨ᠎ᠠ᠃ ᠬᠤᠲᠠ ᠶᠢ ᠵᠠᠰᠠᠨ ᠰᠡᠯᠪᠢᠬᠦ ᠪᠠ ᠠᠮᠢ ᠠᠬᠤᠶ ᠶᠢ ᠵᠠᠰᠠᠨ ᠰᠡᠷᠭᠦᠭᠡᠬᠦ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃      ︵ᠨᠠᠢᠮᠠ︶ ᠬᠤᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠣᠭᠤᠷᠢᠭ︶ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠳᠤ ᠣᠷᠣᠭᠤᠯᠵᠤ ᠪᠦᠲᠦᠭᠡᠨ ᠪᠠᠶᠢᠭᠤᠯᠬᠤ᠂ ᠬᠠᠮᠢᠶᠠᠷᠬᠤ ᠲᠥᠷᠦ ᠶᠢᠨ ᠪᠣᠳᠣᠯᠭ᠎ᠠ ᠪᠠ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠤᠲᠠ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠶᠠᠪᠤᠳᠠᠯ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠬᠤᠲᠠ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠳᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃     ︵ᠶᠢᠰᠦ︶ ᠪᠦᠬᠦ ᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠪᠠ ᠵᠠᠳᠠᠭᠠᠶ ᠱᠦᠢᠨᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠶᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠ︶ ᠪᠦᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠬᠦᠷᠢᠶ᠎ᠡ ᠬᠡᠪᠴᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠢᠭᠤᠯᠤᠯᠲᠠ ᠶᠢ ᠬᠠᠷᠢᠭᠤᠴᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃      ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠳᠣᠲᠣᠭᠠᠳᠤ ᠪᠠᠶᠢᠭᠤᠯᠤᠮᠵᠢ᠄    ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠣᠯᠤᠨ ᠴᠢᠬᠤᠯᠠ ᠡᠬᠡ ᠪᠢᠴᠢᠭ ᠲᠤᠭᠤᠷᠪᠢᠬᠤ ᠶᠢ ᠬᠠᠷᠢᠭᠤᠴᠠᠵᠤ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠲᠣᠭᠲᠠᠭᠠᠬᠤ ᠬᠡᠷᠡᠭᠲᠡᠶ᠃ ᠪᠢᠴᠢᠭ ᠮᠠᠲ᠋ᠧᠷᠢᠶᠠᠯ ᠴᠠᠬᠢᠯᠭᠠᠨ ᠢ  ᠰᠢᠢᠳᠪᠦᠷᠢᠯᠡᠬᠦ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠬᠢᠬᠦ᠂ ᠰᠦᠯᠵᠢᠶᠡᠨ ᠤ ᠠᠮᠤᠷ ᠲᠦᠪᠰᠢᠨ᠂ ᠪᠢᠴᠢᠭ ᠬᠠᠷ᠎ᠠ ᠳᠠᠩᠰᠠ ᠡᠪᠬᠡᠮᠡᠯ᠂ ᠲᠠᠮᠠᠭ᠎ᠠ ᠶᠢᠨ ᠲᠣᠯᠢ ᠪᠢᠴᠢᠭ ᠤᠨ ᠬᠠᠮᠢᠶᠠᠷᠤᠯᠲᠠ ᠵᠢᠴᠢ ᠴᠢᠬᠤᠯᠠ ᠬᠤᠷᠠᠯ ᠤᠨ ᠬᠤᠷᠠᠯ ᠤᠨ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ᠃ ᠴᠢᠬᠤᠯᠠ ᠠᠵᠢᠯ ᠤᠨ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠨ᠎ᠡ᠃ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠪᠠ ᠠᠷᠤ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠳᠤ ᠬᠠᠷᠢᠭᠤᠯᠲᠠ ᠥᠭᠬᠦ ᠠᠵᠢᠯ ᠢ ᠬᠠᠷᠢᠭᠤᠴᠠᠨ ᠰᠢᠢᠳᠪᠦᠷᠢᠯᠡᠨ᠎ᠡ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠪᠠᠶᠢᠭᠤᠯᠤᠮᠵᠢ᠂ ᠪᠠᠶᠢᠭᠤᠯᠤᠮᠵᠢ ᠣᠷᠣᠨ ᠲᠤᠭ᠎ᠠ᠂ ᠬᠥᠳᠡᠯᠮᠦᠷᠢ ᠶᠢᠨ ᠴᠠᠯᠢᠩ᠂ ᠳᠠᠭᠠᠳᠬᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠡ ᠶᠢᠨ ᠢᠶᠠᠨ ᠤᠳᠤᠷᠢᠳᠬᠤ ᠪᠠᠭ ᠤᠨ ᠪᠠᠶᠢᠭᠤᠯᠤᠯᠲᠠ᠂ ᠬᠠᠮᠢᠶᠠᠷᠴᠤ  ᠪᠠᠶᠢᠭ᠎ᠠ ᠺᠠᠳ᠋ᠷ ᠢ ᠪᠣᠯᠪᠠᠰᠤᠷᠠᠭᠤᠯᠬᠤ᠂ ᠰᠤᠷᠭᠠᠨ ᠬᠥᠮᠦᠵᠢᠭᠦᠯᠬᠦ᠂ ᠬᠢᠨᠠᠨ ᠰᠢᠯᠭᠠᠬᠤ᠂ ᠱᠠᠩᠨᠠᠵᠤ ᠲᠣᠷᠭᠠᠬᠤ᠂ ᠲᠣᠮᠢᠯᠠᠵᠤ ᠪᠠᠭᠤᠯᠭᠠᠬᠤ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠺᠠᠳ᠋ᠷ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠠᠵᠢᠯ ᠲᠥᠷᠥᠯ ᠤᠨ ᠴᠢᠳᠠᠪᠤᠷᠢᠲᠠᠨ ᠬᠥᠮᠦᠵᠢᠭᠦᠯᠬᠦ ᠠᠵᠢᠯ ᠢ ᠬᠠᠷᠢᠭᠤᠴᠠᠨ ᠲᠣᠭᠲᠠᠭᠠᠬᠤ ᠬᠡᠷᠡᠭᠲᠡᠶ᠃ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠲᠤᠰᠢᠶᠠᠯ ᠤᠨ ᠬᠢᠨᠠᠨ ᠰᠢᠯᠭᠠᠵᠤ ᠲᠣᠭᠲᠠᠭᠠᠬᠤ᠂ ᠮᠡᠷᠭᠡᠵᠢᠯ ᠤᠨ ᠴᠣᠯᠠ ᠬᠢᠨᠠᠨ ᠲᠣᠭᠲᠠᠭᠠᠵᠤ ᠮᠡᠳᠡᠭᠦᠯᠬᠦ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠢᠶᠠᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠵᠠᠰᠠᠬᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠣᠯᠠᠨ ᠨᠡᠶᠢᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ᠂ ᠲᠣᠭᠠᠴᠠᠭ᠎ᠠ ᠬᠢᠵᠦ ᠬᠠᠮᠢᠶᠠᠷᠬᠤ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ︽ᠳᠣᠲᠣᠭᠠᠳᠤ ᠡᠵᠡᠮᠰᠢᠯ︾ ᠤᠨ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ᠂ ᠬᠠᠮᠢᠶᠠᠷᠬᠤ᠂ ᠪᠦᠷᠢᠳᠬᠡᠬᠦ ᠠᠵᠢᠯ ᠢ ᠬᠠᠷᠢᠭᠤᠴᠠᠨ᠎ᠠ᠃     ︵ᠬᠤᠶᠠᠷ︶ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠰᠤᠭ᠃ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠤᠨ ᠬᠤᠲᠠ ᠪᠠᠯᠭᠠᠰᠤ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ ᠪᠠᠯᠭᠠᠰᠤᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠲᠥᠯᠥᠪᠵᠢᠭᠦᠯᠪᠡ ᠪᠠ ᠤᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠪᠠᠯᠭᠠᠰᠤ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠵᠢᠯᠣᠭᠤᠳᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠬᠤᠯᠪᠣᠭᠳᠠᠯ ᠪᠦᠬᠦᠢ ᠵᠦᠢᠯ ᠢ ᠳᠠᠭᠠᠭᠠᠨ ᠬᠦᠢᠴᠡᠳᠭᠡᠭᠦ ᠬᠡᠷᠡᠭᠲᠡᠶ᠃ ᠪᠦᠬᠦ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠤᠪᠢᠶᠠᠷᠢᠯᠠᠯᠲᠠ᠂ ᠪᠤᠴᠠᠭᠠᠯᠲᠠ ᠵᠢᠴᠢ ᠣᠷᠣᠨ ᠰᠠᠭᠤᠴᠠ ᠶᠢᠨ ᠨᠥᠬᠦᠪᠥᠷᠢ ᠶᠢ ᠬᠢᠨᠠᠨ ᠬᠠᠷᠭᠤᠭᠤᠯᠬᠤ᠂ ᠲᠠᠷᠬᠠᠭᠠᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃    ︵ᠭᠤᠷᠪᠠ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠲᠠ ᠶᠢᠨ ᠤᠰᠤ ᠵᠠᠯᠠᠬᠤ᠂ ᠵᠠᠮ᠂ ᠤᠰᠤ ᠲᠠᠲᠠᠬᠤ ᠵᠡᠷᠭᠡ ᠠᠵᠢᠯ ᠢ ᠬᠢᠨᠠᠵᠤ ᠬᠠᠮᠢᠶᠠᠷᠤᠨ᠎ᠠ᠃ ᠬᠤᠲᠠ ᠶᠢᠨ ᠲᠣᠭᠤᠷᠢᠭ ᠤᠨ ᠵᠠᠮ᠂ ᠬᠥᠭᠦᠷᠭᠡ ᠶᠢᠨ ᠭᠤᠯᠳᠤᠩ᠂ ᠵᠠᠮ ᠤᠨ ᠳ᠋ᠧᠩ᠂ ᠡᠪᠳᠡᠷᠡᠵᠦ ᠬᠠᠭᠤᠴᠢᠷᠠᠭᠰᠠᠨ ᠪᠡᠯᠡᠳᠬᠡᠮᠵᠢ᠂ ᠤᠰᠤ ᠭᠠᠳᠠᠭᠰᠢᠯᠠᠭᠤᠯᠬᠤ ᠪᠣᠬᠢᠷᠲᠤᠯ ᠭᠠᠳᠠᠭᠰᠢᠯᠠᠭᠤᠯᠬᠤ ᠪᠡᠯᠡᠳᠬᠡᠮᠵᠢ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠪᠣᠯᠤᠨ ᠲᠥᠬᠦᠷ ᠬᠤᠭᠤᠯᠠᠶ ᠲᠣᠤᠷ᠂  ᠬᠦᠪᠰᠦᠬᠡᠷ ᠬᠤᠲᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠰᠡᠯᠪᠢᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠠᠵᠢᠯ ᠢ ᠵᠢᠯᠣᠭᠤᠳᠴᠤ᠂ ᠬᠤᠲᠠ ᠶᠢᠨ ᠲᠣᠮᠣ ᠳᠤᠮᠳᠠ ᠬᠡᠯᠪᠡᠷᠢ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠦᠨᠳᠦ ᠠᠵᠤ ᠦᠢᠯᠡᠳᠪᠦᠷᠢ ᠶᠢᠨ ᠰᠢᠯᠭᠠᠨ ᠠᠪᠬᠤ ᠠᠵᠢᠯ ᠳᠤ ᠣᠷᠣᠯᠴᠠᠨ᠎ᠠ᠃ ᠪᠦᠬᠦ ᠬᠤᠲᠠ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠢᠭᠤᠯᠤᠯᠲᠠ ᠶᠢᠨ ᠵᠢᠯᠣᠭᠤᠳᠤᠯᠭ᠎ᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠲᠣᠭᠠᠴᠠᠭ᠎ᠠ ᠬᠢᠬᠦ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠦᠪ ᠬᠤᠳᠠ ᠲᠣᠭᠤᠷᠢᠭ ᠤᠨ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠲᠣᠬᠢᠷᠠᠭᠤᠯᠬᠤ ᠪᠠ ᠦᠵᠡᠮᠵᠢ ᠭᠡᠷᠡᠯᠲᠦᠭᠦᠯᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠳᠤ ᠬᠢᠨᠠᠯᠲᠠ ᠲᠠᠯᠪᠢᠬᠤ᠂ ᠵᠢᠯᠣᠭᠤᠳᠬᠤ ᠪᠠ ᠬᠢᠨᠠᠨ ᠰᠢᠯᠭᠠᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠲᠦᠷᠪᠡ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠦᠨᠡᠲᠡᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠵᠦᠢᠯᠡᠰ ᠢ ᠡᠭᠦᠷᠭᠡᠯᠡᠬᠦ ᠪᠠᠷᠢᠴᠠᠭᠠᠯᠠᠬᠤ᠂ ᠬᠢᠨᠠᠨ ᠵᠥᠪᠰᠢᠶᠡᠷᠡᠬᠦ ᠪᠠ ᠬᠦᠢᠴᠡᠳᠬᠡᠵᠦ ᠬᠠᠷᠢᠭᠤ ᠥᠭᠬᠦ ᠠᠵᠢᠯ᠃ ᠬᠠᠮᠢᠶ᠎ᠠ ᠪᠦᠬᠦᠢ ᠲᠠᠷᠬᠠᠭᠠᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠵᠦᠢᠯᠡᠰ ᠤᠨ ᠲᠤᠬᠠᠶᠢᠯᠠᠭᠰᠠᠨ ᠠᠵᠢᠯ ᠤᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠲᠠᠢ ᠬᠤᠯᠪᠣᠭᠳᠠᠬᠤ ᠪᠤᠰᠤᠳ ᠵᠦᠢᠯᠡᠰ ᠢ ᠬᠠᠷᠢᠭᠤᠴᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠭᠡᠷ ᠪᠠᠶᠢᠰᠢᠩ ᠪᠠᠷᠢᠬᠤ ᠪᠠ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠠᠰᠠᠯ ᠴᠢᠮᠡᠭᠯᠡᠯ᠂ ᠭᠡᠷ ᠳᠣᠲᠣᠷᠠᠬᠢ ᠵᠠᠰᠠᠯ ᠴᠢᠮᠡᠭᠯᠡᠯ᠂ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ᠂ ᠭᠡᠷ᠎ᠡ ᠶᠢᠨ ᠬᠠᠮᠢᠶᠠᠷᠤᠯᠲᠠ ᠂ ᠪᠠᠷᠢᠯᠭ᠎ᠠ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ ᠪᠦᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠯᠠᠪᠯᠠᠯᠭ᠎ᠠ ᠶᠢᠨ ᠨᠢᠭᠡᠴᠡ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠠᠵᠤ ᠠᠬᠤᠶᠢᠯᠠᠯ᠂ ᠬᠢᠨᠠᠨ ᠬᠠᠮᠢᠶᠠᠷᠬᠤ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠬᠠᠮᠢᠶᠠᠷᠤᠨ᠎ᠠ᠃ ᠶᠠᠰᠤ ᠴᠢᠨᠠᠷ᠂ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠶᠢᠨ ᠬᠦᠨᠳᠦ ᠠᠵᠢᠯ ᠢ ᠰᠢᠯᠭᠠᠨ ᠠᠪᠬᠤ ᠵᠢᠴᠢ ᠳᠠᠩᠰᠠᠯᠠᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠳᠠᠪᠰᠢᠯᠲᠠ ᠪᠠ ᠰᠢᠨ᠎ᠡ ᠶᠢ ᠡᠭᠦᠳᠬᠦ ᠶᠢ ᠵᠢᠯᠣᠭᠤᠳᠬᠤ ᠶᠢᠨ ᠬᠠᠮᠲᠤ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠬᠦ ᠦᠭᠡᠢ ᠬᠢᠨᠠᠯᠲᠠ ᠲᠠᠯᠪᠢᠨ᠎ᠠ᠃ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠪᠠ ᠪᠠᠷᠢᠯᠭ᠎ᠠ ᠪᠠᠷᠢᠬᠤ ᠠᠵᠢᠯ ᠤᠨ ᠬᠠᠤᠯᠢ ᠶᠢ ᠬᠢᠨᠠᠨ ᠲᠣᠭᠲᠠᠭᠠᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠪᠣᠯᠤᠨ ᠰᠤᠯᠠ ᠰᠠᠪᠠᠯᠠᠬᠤ ᠱᠦᠢᠨᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠡᠨᠧᠷᠭᠢ ᠠᠷᠪᠢᠯᠠᠬᠤ ᠲᠤᠰᠬᠠᠶ ᠵᠦᠢᠯ ᠤᠨ ᠪᠡᠯᠡ ᠮᠥᠩᠭᠦ ᠶᠢ ᠬᠠᠮᠵᠢᠯᠴᠠᠨ ᠲᠣᠬᠢᠷᠠᠭᠤᠯᠬᠤ ᠬᠡᠷᠡᠭᠲᠡᠶ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠵᠢᠯᠣᠭᠤᠳᠬᠤ ᠶᠢᠨ ᠬᠠᠮᠲᠤ ᠦᠨᠡᠯᠡᠬᠦ ᠲᠡᠮᠳᠡᠭ ᠢ ᠬᠢᠨᠠᠨ ᠬᠠᠮᠢᠶᠠᠷᠤᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠶᠢᠨ ᠳᠤᠮᠳᠠᠬᠢ ᠬᠡᠷᠡᠭᠯᠡᠯᠲᠡ ᠶᠢ ᠵᠢᠯᠣᠭᠤᠳᠤᠨ᠎ᠠ᠃ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠂ ᠣᠷᠣᠭᠤᠯᠵᠤ ᠢᠷᠡᠬᠦ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ᠃ ᠠᠵᠤ ᠠᠬᠤᠶᠢᠯᠠᠯ ᠢ ᠬᠢᠨᠠᠨ ᠪᠠᠶᠢᠴᠠᠭᠠᠬᠤ᠂ ᠤᠨ ᠤ ᠪᠠᠶᠢᠴᠠᠭᠠᠯᠲᠠ ᠬᠢᠬᠦ᠂ ᠮᠡᠳᠡᠭᠦᠯᠬᠦ ᠠᠵᠢᠯ ᠢ ᠬᠠᠷᠢᠭᠤᠴᠠᠨ᠎ᠠ︔ ᠪᠠᠷᠢᠯᠭ᠎ᠠ ᠶᠢᠨ ᠦᠢᠯᠡᠰ ᠤᠨ ᠠᠵᠢᠯ ᠡᠷᠬᠢᠯᠡᠭᠰᠡᠳ ᠤᠨ ᠳᠠᠩᠰᠠᠯᠠᠨ ᠬᠠᠮᠢᠶᠠᠷᠬᠤ ᠶᠢ ᠬᠠᠷᠢᠭᠤᠴᠠᠨ᠎ᠠ᠃ ᠠᠵᠤ ᠠᠬᠤᠶᠢᠯᠠᠯ ᠤᠨ ᠠᠵᠢᠯᠲᠠᠨ ᠢ ᠬᠢᠨᠠᠨ ᠰᠢᠯᠭᠠᠬᠤ᠂ ᠬᠥᠳᠡᠯᠦᠩᠭᠦᠶ ᠪᠠᠷ ᠬᠢᠨᠠᠨ ᠬᠠᠮᠢᠶᠠᠷᠬᠤ ᠵᠢᠴᠢ ᠦᠷᠭᠦᠯᠵᠢᠯᠡᠨ ᠰᠤᠷᠭᠠᠨ ᠬᠥᠮᠦᠵᠢᠭᠦᠯᠬᠦ ᠠᠵᠢᠯ ᠢ ᠬᠠᠷᠢᠭᠤᠴᠠᠨ᠎ᠠ︔ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠶᠢᠨ ᠬᠠᠤᠯᠢ ᠪᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠤᠨ ᠬᠢᠨᠠᠯᠲᠠ ᠬᠠᠮᠢᠶᠠᠷᠤᠯᠲᠠ ᠪᠣᠯᠤᠨ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠪᠠᠶᠢᠭᠤᠯᠬᠤ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠨ᠎ᠠ᠃    ︵ᠲᠠᠪᠤ︶ ᠢᠯᠴᠢ ᠬᠠᠩᠭᠠᠬᠤ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠳᠠᠰᠤᠭ᠃ ᠬᠤᠲᠠ ᠶᠢᠨ ᠢᠯᠴᠢ ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ᠂ ᠪᠣᠬᠢᠷ ᠤᠰᠤ᠂ ᠰᠢᠲᠠᠮᠠᠬᠠᠶ ᠬᠡᠢ ᠶᠢᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ︔ ᠪᠦᠬᠦ ᠬᠤᠲᠠ ᠶᠢᠨ ᠢᠯᠴᠢ ᠬᠠᠩᠭᠠᠬᠤ᠂ ᠰᠢᠲᠠᠮᠠᠬᠠᠶ ᠬᠡᠢ ᠶᠢᠨ ᠠᠵᠢᠯ ᠢ ᠵᠢᠯᠣᠭᠤᠳᠴᠤ᠂ ᠢᠯᠴᠢ ᠬᠠᠩᠭᠠᠬᠤ ᠪᠠ ᠰᠢᠲᠠᠮᠠᠬᠠᠶ ᠬᠡᠢ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠨ ᠵᠢᠷᠤᠮᠵᠢᠭᠤᠯᠤᠨ᠎ᠠ᠃ ᠪᠦᠬᠦ ᠬᠤᠲᠠ ᠵᠢᠴᠢ ᠭᠤᠣᠯ ᠬᠤᠲᠠ ᠲᠣᠭᠤᠷᠢᠭ ᠤᠨ ᠢᠯᠴᠢ ᠬᠠᠩᠭᠠᠬᠤ᠂ ᠰᠢᠲᠠᠮᠠᠬᠠᠢ ᠬᠡᠢ ᠶᠢᠨ ᠲᠤᠰᠬᠠᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠭᠤᠣᠯ ᠬᠤᠲᠠ ᠲᠣᠭᠤᠷᠢᠭ ᠤᠨ ᠢᠯᠴᠢ ᠬᠠᠩᠭᠠᠬᠤ ᠬᠠᠭᠤᠴᠢᠨ ᠬᠤᠭᠤᠯᠠᠶ ᠲᠣᠣᠷ ᠵᠢᠴᠢ ᠢᠯᠴᠢ ᠰᠣᠯᠢᠬᠤ ᠥᠷᠲᠡᠭᠡ ᠶᠢᠨ ᠥᠭᠡᠷᠡᠴᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠢᠯᠴᠢ ᠬᠠᠩᠭᠠᠬᠤ᠂ ᠰᠢᠲᠠᠮᠠᠬᠠᠶ ᠬᠡᠢ ᠶᠢᠨ ᠠᠵᠢᠯ ᠲᠥᠷᠥᠯ ᠤᠨ ᠳᠣᠲᠣᠷᠠᠬᠢ ᠰᠢᠨ᠎ᠡ ᠮᠠᠲ᠋ᠧᠷᠢᠶᠠᠯ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃     ︵ᠵᠢᠷᠭᠤᠭ᠎ᠠ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ᠃    ᠬᠠᠶ᠋ᠢᠭ᠄    ᠬᠠᠷᠢᠯᠴᠠᠬᠤ ᠤᠲᠠᠰᠤ᠄ 0475 — 7922048    ᠵᠠᠬᠢᠳᠠᠯ ᠨᠡᠪᠲᠡᠷᠡᠬᠦ ᠬᠠᠶ᠋ᠢᠭ᠄ ᠬᠤᠤᠯᠢᠩᠭᠤᠤᠯ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ    ᠰᠢᠤᠳᠠᠨ ᠳ᠋ᠤᠭᠠᠷ᠄ 029200
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号