ᠤᠰᠤᠨ ᠤ ᠶᠠᠪᠤᠳᠠᠯ ᠤᠨ ᠲᠣᠪᠴᠢᠶ᠎ᠠ | | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ ᠪᠠᠲᠤᠯᠠᠨ᠎ᠠ᠃ | ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠲᠥᠯᠥᠪᠵᠢᠭᠦᠯᠪᠡ ᠪᠠ ᠲᠥᠷᠦ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠵᠤ᠂ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠲᠥᠯᠥᠪᠵᠢᠭᠦᠯᠪᠡ᠂ ᠭᠤᠣᠯ ᠨᠠᠭᠤᠷ ᠤᠨ | ᠦᠶᠡᠷ ᠢ ᠰᠡᠷᠭᠡᠶᠢᠯᠡᠬᠦ ᠲᠥᠯᠥᠪᠵᠢᠭᠦᠯᠪᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ | ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ | ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ | ᠪᠠᠶᠠᠯᠢᠭ ᠤᠨ ᠨᠢᠭᠡᠳᠦᠯᠲᠡᠢ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠦᠬᠦ ᠬᠤᠲᠠ ᠶᠢᠨ ᠤᠰᠤᠨ ᠤ | ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠪᠡ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ | ᠲᠥᠰᠦᠯ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠴᠢᠬᠤᠯᠠ ᠰᠠᠪᠠ | ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ | ᠦᠶᠡᠷ ᠢ ᠰᠡᠷᠭᠡᠶᠢᠯᠡᠬᠦ ᠶᠢ ᠨᠤᠲᠠᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ | ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠤᠰᠤ ᠬᠠᠩᠭᠠᠬᠤ ᠪᠠ ᠰᠤᠮᠤᠨ ᠤ ᠤᠰᠤ ᠬᠠᠩᠭᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ | ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ | ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠴᠢᠨᠠᠷᠲᠠᠶ ᠪᠡᠯᠡ ᠮᠥᠩᠭᠦ ᠲᠣᠬᠢᠷᠠᠭᠤᠯᠬᠤ ᠰᠠᠨᠠᠯ ᠢ ᠳᠤᠷᠠᠳᠴᠤ᠂ ᠲᠥᠷᠥᠯ ᠵᠦᠢᠯ ᠢ ᠬᠡᠷᠡᠭᠵᠢᠭᠦᠯᠬᠦ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠲᠥᠯᠥᠪᠵᠢᠭᠦᠯᠭᠡ ᠶᠢᠨ ᠳᠣᠲᠣᠷᠠᠬᠢ ᠪᠠ ᠤᠨ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠥᠷᠥᠯ ᠵᠦᠢᠯ ᠢ ᠬᠢᠨᠠᠨ | ᠵᠥᠪᠰᠢᠶᠡᠷᠡᠵᠦ᠂ ᠬᠠᠷᠭᠤᠭᠤᠯᠤᠨ ᠵᠥᠪᠰᠢᠶᠡᠷᠡᠨ᠎ᠡ᠃ | ︵ᠲᠦᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠤᠷᠠᠬᠢ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠠᠭᠠᠯᠠᠯᠲᠠ ᠶᠢ ᠵᠢᠯᠣᠭᠤᠳᠤᠨ᠎ᠠ᠃ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | | ︵ᠲᠠᠪᠤ︶ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠨ ᠬᠡᠷᠡᠭᠯᠡᠬᠦ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ | ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ᠬᠤᠲᠠ ᠶᠢᠨ ᠪᠣᠬᠢᠷ | ᠤᠰᠤ ᠶᠢ ᠰᠢᠢᠳᠪᠦᠷᠢᠯᠡᠬᠦ᠂ ᠡᠭᠡᠭᠦᠯᠦᠨ ᠬᠡᠷᠡᠭᠯᠡᠬᠦ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢ ᠨᠡᠭᠡᠭᠡᠨ | ᠠᠰᠢᠭᠯᠠᠬᠤ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠤᠰᠤᠨ ᠣᠷᠣᠨ ᠵᠢᠴᠢ ᠲᠡᠳᠡᠭᠡᠷ ᠤᠨ | ᠬᠠᠮᠢᠶᠠᠷᠤᠯᠲᠠ᠂ ᠬᠠᠮᠠᠭᠠᠯᠠᠯᠲᠠ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠦᠬᠦ ᠬᠤᠲᠠ ᠶᠢᠨ ᠤᠰᠤᠨ | ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠪᠦᠲᠦᠭᠡᠨ ᠪᠠᠢᠭᠤᠯᠤᠯᠲᠠ ᠶᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠪᠦᠬᠦ ᠬᠤᠲᠠ ᠶᠢᠨ ᠴᠢᠬᠤᠯᠠ ᠭᠤᠣᠯ ᠮᠥᠷᠡᠨ᠂ ᠨᠠᠭᠤᠷ ᠲᠣᠭᠤᠷᠢᠮ ᠢ ᠵᠠᠰᠠᠬᠤ᠂ | ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ ᠪᠥᠬᠦ ᠬᠤᠲᠠ ᠶᠢᠨ ᠭᠤᠤᠯ ᠮᠥᠷᠡᠨ ᠨᠠᠭᠤᠷ | ᠴᠥᠭᠦᠷᠥᠮ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠭᠤᠤᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢᠨ ᠤᠷᠤᠰᠴᠠ ᠶᠢᠨ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠮᠥᠷᠡᠨ | ᠨᠠᠭᠤᠷ ᠴᠥᠭᠦᠷᠥᠮ ᠤᠨ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ | ︵ᠳᠣᠯᠤᠭ᠎ᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ | ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠴᠢᠬᠤᠯᠠ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠵᠢᠯᠣᠭᠤᠳᠴᠤ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ | ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ | ︵ᠨᠠᠢᠮᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ | ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠶ᠃ | ᠮᠠᠨ ᠤ ᠬᠤᠲᠠ ᠶᠢᠨ ᠲᠥᠷᠥᠯ ᠵᠦᠢᠯ ᠪᠠᠶᠢᠭᠤᠯᠤᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠶᠢᠰᠦ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ | ᠤᠰᠤᠯᠠᠬᠤ ᠪᠠ ᠤᠰᠤ ᠵᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠬᠥᠳᠡᠭᠡ | ᠲᠣᠰᠬᠤᠨ ᠤ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠨᠡᠶᠢᠭᠡᠮᠴᠢᠯᠡᠭᠰᠡᠨ | ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠ︶ ᠤᠰᠤᠨ ᠲᠤ ᠬᠤᠯᠪᠣᠭᠳᠠᠭᠰᠠᠨ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠵᠤ᠂ ᠲᠣᠰ ᠱᠠᠲᠤᠨ ᠤ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠬᠤ | ᠪᠠ ᠬᠥᠨᠳᠡᠯᠡᠨ ᠠᠴᠠ ᠲᠠᠰᠤᠯᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠤᠰᠤᠨ ᠴᠥᠭᠦᠷᠥᠮ᠂ ᠳᠠᠪᠠᠭ᠎ᠠ | ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠨᠢᠭᠡ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠬᠦ | ᠬᠡᠷᠡᠭᠲᠡᠶ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ | ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ | ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠢᠳᠠᠪᠤᠷᠢᠵᠢᠭᠤᠯᠬᠤ᠂ ᠦᠶᠡᠷ ᠤᠨ | ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠪᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠨᠠᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠢᠳᠠᠯ | ᠭᠠᠩ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠭᠤᠤᠯ ᠮᠥᠷᠡᠨ ᠨᠠᠭᠤᠷ | ᠴᠥᠭᠦᠷᠥᠮ ᠪᠠ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠢ ᠬᠤᠷᠢᠭᠯᠠᠬᠤ | ᠲᠣᠬᠢᠷᠠᠭᠤᠯᠤᠯᠲᠠ ᠵᠢᠴᠢ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠬᠤ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵ᠠᠷᠪᠠᠨ ᠭᠤᠷᠪᠠ︶ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠲᠦᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠤᠯᠢᠩᠭᠤᠤᠯ ᠬᠤᠲᠠ ᠶᠢᠨ ᠤᠰᠤᠨ ᠤ | ᠶᠠᠪᠤᠳᠠᠯ ᠤᠨ ᠲᠣᠪᠴᠢᠶ᠎ᠠ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ | ᠲᠣᠬᠢᠷᠠᠭᠤᠯᠬᠤ ᠪᠠ ᠠᠷᠪᠢᠯᠠᠨ ᠬᠠᠮᠠᠭᠠᠯᠠᠬᠤ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ | ᠨᠠᠩ ᠴᠢᠬᠤᠯᠠᠴᠢᠯᠠᠬᠤ ᠲᠡᠰᠢ ᠬᠤᠪᠢᠷᠠᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ | ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠰᠠᠶᠢᠬᠠᠨ | ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠤᠰᠤ | ᠬᠡᠷᠡᠭᠯᠡᠬᠦ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠪᠣᠯᠤᠨ ᠤᠰᠤᠨ ᠤ ᠡᠬᠢ ᠪᠠᠶᠠᠯᠢᠭ ᠤᠨ ᠦᠷᠭᠦᠯᠵᠢᠯᠡᠨ | ᠠᠰᠢᠭᠯᠠᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠠᠮᠤᠷ ᠲᠦᠪᠰᠢᠨ ᠤ | ᠪᠠᠲᠤᠯᠠᠭ᠎ᠠ ᠬᠠᠩᠭᠠᠨ᠎ᠠ᠃ | ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠃ | 1. ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠪᠠᠶᠢᠭᠤᠯᠤᠯᠭ᠎ᠠ ᠶᠢᠨ | ᠨᠠᠷᠢᠨ ᠪᠢᠴᠢᠭ᠂ ᠳᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠪᠠᠶᠢᠴᠠᠭᠠᠨ ᠰᠤᠳᠤᠯᠬᠤ᠂ ᠮᠡᠳᠡᠭᠡ ᠵᠠᠩᠭᠢ᠂ | ᠰᠣᠨᠢᠨ ᠮᠡᠳᠡᠭᠡᠨ ᠤ ᠤᠬᠠᠭᠤᠯᠭ᠎ᠠ᠂ ᠵᠠᠬᠢᠳᠠᠯ ᠰᠤᠷᠪᠤᠯᠵᠢᠯᠠᠯ᠂ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠲᠡᠤᠬᠡ ᠣᠶᠢᠯᠠᠯᠭ᠎ᠠ ᠶᠢᠨ ᠣᠶᠢᠯᠠᠪᠤᠷᠢ ᠶᠢ ᠨᠠᠶᠢᠷᠠᠭᠤᠯᠤᠨ ᠵᠣᠬᠢᠶᠠᠬᠤ᠂ ᠳᠦᠷᠢᠮ ᠲᠣᠭᠲᠠᠭᠠᠯ ᠤᠨ | ᠪᠠᠶᠢᠭᠤᠯᠤᠯᠲᠠ᠂ ᠶᠠᠳᠠᠭᠤ ᠶᠢ ᠲᠡᠳᠬᠦᠬᠦ᠂ ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠠᠵᠢᠯ ᠢ ᠡᠭᠦᠷᠭᠡᠯᠡᠵᠦ᠂ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ︔ ᠪᠠᠶᠢᠭᠤᠯᠤᠯᠭ᠎ᠠ ᠪᠣᠯᠤᠨ ᠬᠠᠷᠢᠶ᠎ᠠ | ᠨᠢᠭᠡᠴᠡ ᠶᠢᠨ ᠢᠶᠠᠨ ᠪᠠᠶᠢᠭᠤᠯᠤᠮᠵᠢ᠂ ᠪᠠᠶᠢᠭᠤᠯᠤᠮᠵᠢ ᠣᠷᠣᠨ ᠲᠤᠭ᠎ᠠ᠂ ᠬᠥᠳᠡᠯᠮᠦᠷᠢ ᠴᠠᠯᠢᠩ᠂ ᠮᠡᠷᠭᠡᠵᠢᠯ ᠤᠨ | ᠴᠣᠯᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠬᠠᠷᠠᠯᠲᠠᠲᠤ ᠬᠠᠷᠢᠭᠤᠴᠠᠯᠭ᠎ᠠ ᠶᠢ ᠬᠢᠨᠠᠨ ᠰᠢᠯᠭᠠᠬᠤ | ᠵᠢᠴᠢ ᠺᠠᠳ᠋ᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ | ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠲᠦᠷ ᠴᠠᠭ ᠲᠤᠰᠢᠶᠠᠭᠰᠠᠨ ᠶᠡᠷᠦᠩᠬᠡᠶᠢᠯᠡᠭᠰᠡᠨ ᠴᠢᠨᠠᠷᠲᠠᠢ ᠠᠵᠢᠯ ᠢ ᠲᠦᠷᠦᠭᠦᠯᠡᠨ | ᠵᠣᠬᠢᠶᠠᠨ ᠪᠠᠶᠢᠭᠤᠯᠵᠤ ᠪᠡᠶᠡᠯᠡᠭᠦᠯᠦᠨ᠎ᠡ᠃ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠨᠠᠮ ᠣᠯᠠᠨ ᠲᠦᠮᠡᠨ᠂ | ᠡᠪᠯᠡᠯ ᠤᠨ ᠠᠵᠢᠯ ᠵᠡᠷᠭᠡ ᠶᠢ ᠬᠠᠷᠢᠭᠤᠴᠠᠨ᠎ᠠ᠃ | 2. ᠪᠦᠬᠦ ᠬᠤᠲᠠ ᠶᠢᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ | ᠠᠵᠢᠯ ᠢ ᠡᠭᠦᠷᠭᠡᠯᠡᠨ᠎ᠡ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠢ ᠵᠣᠬᠢᠴᠠᠭᠤᠯᠬᠤ᠂ | ᠲᠣᠬᠢᠷᠠᠭᠤᠯᠬᠤ᠂ ᠬᠢᠨᠠᠨ ᠵᠢᠯᠣᠭᠤᠳᠬᠤ ᠪᠠ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ | ᠭᠤᠤᠯ ᠮᠥᠷᠡᠨ ᠨᠠᠭᠤᠷ ᠴᠥᠭᠦᠷᠥᠮ ᠵᠢᠴᠢ ᠤᠰᠤᠨ ᠣᠷᠣᠨ ᠢ ᠬᠠᠮᠢᠶᠠᠷᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ | ᠭᠤᠣᠯ ᠤᠨ ᠵᠠᠮ ᠤᠨ ᠡᠯᠡᠰᠦ ᠮᠠᠯᠲᠠᠬᠤ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠴᠢᠬᠤᠯᠠ ᠶᠡᠭᠡ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠣᠷᠣᠭᠤᠯᠬᠤ ᠪᠠ ᠮᠡᠷᠭᠡᠵᠢᠯ | ᠳᠡᠯᠭᠡᠷᠡᠭᠦᠯᠬᠦ ᠶᠠᠪᠤᠳᠠᠯ ᠢ ᠵᠣᠬᠢᠶᠠᠨ ᠪᠠᠶᠢᠭᠤᠯᠤᠨ᠎ᠠ︔ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ | ᠰᠤᠷᠭᠠᠨ ᠬᠥᠮᠦᠵᠢᠯ ᠢ ᠵᠣᠬᠢᠶᠠᠨ ᠪᠠᠶᠢᠭᠤᠯᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠡᠯ᠎ᠡ ᠰᠠᠯᠠᠭ᠎ᠠ | ᠮᠥᠴᠢᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠬᠠᠪᠰᠤᠷᠤᠨ᠎ᠠ︔ ᠤᠰᠤᠨ ᠠᠰᠢᠭᠯᠠᠯᠲᠠ ᠶᠢᠨ | ᠨᠡᠶᠢᠭᠡᠮᠯᠢᠭ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠬᠤᠶᠠᠷ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠳᠠᠰᠤᠭ᠃ | 1. ᠤᠰᠤᠨ ᠠᠰᠢᠭᠯᠠᠯᠲᠠ ᠶᠢᠨ ᠶᠡᠷᠦᠩᠬᠡᠶ ᠲᠥᠯᠥᠪᠵᠢᠭᠦᠯᠪᠡ᠂ ᠲᠤᠰᠬᠠᠶ ᠲᠥᠯᠥᠪᠵᠢᠭᠦᠯᠪᠡ ᠪᠠ ᠲᠤᠰᠬᠠᠶ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠦᠬᠦ ᠬᠤᠲᠠ ᠶᠢᠨ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠬᠡᠷᠡᠭᠵᠢᠭᠦᠯᠵᠦ ᠪᠣᠯᠬᠤᠶᠢᠴᠠ | ᠰᠤᠳᠤᠯᠭᠠᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠤᠨ᠎ᠠ᠃ ᠤᠰᠤᠨ ᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷᠲᠠᠶ ᠬᠢᠨᠠᠨ ᠪᠠᠶᠢᠴᠠᠭᠠᠬᠤ ᠠᠵᠢᠯ ᠢ | ᠵᠢᠯᠣᠭᠤᠳᠤᠨ᠎ᠠ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠶᠢᠨ ᠲᠥᠯᠥᠪᠯᠡᠭᠡ ᠪᠠ ᠤᠰᠤᠨ ᠠᠰᠢᠭᠯᠠᠯᠲᠠ ᠶᠢᠨ ᠡᠳ᠋ ᠤᠨ ᠵᠠᠰᠠᠭ ᠤᠨ ᠪᠡᠯᠡ ᠮᠥᠩᠭᠦ ᠶᠢ | ᠲᠣᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠠᠯᠠᠭ᠎ᠠ | ᠮᠥᠴᠢᠷ ᠤᠨ ᠲᠥᠰᠦᠪ ᠪᠠ ᠲᠥᠰᠦᠪ ᠤᠨ ᠬᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠡᠳ᠋ ᠤᠨ | ᠶᠠᠪᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠥᠷᠥᠯ ᠵᠦᠢᠯ ᠢ ᠬᠡᠷᠡᠭᠵᠢᠭᠦᠯᠬᠦ ᠶᠢᠨ | ᠬᠢᠨᠠᠯᠲᠠ ᠬᠠᠮᠢᠶᠠᠷᠤᠯᠲᠠ ᠪᠠ ᠠᠮᠵᠢᠯᠲᠠ ᠪᠦᠲᠦᠮᠵᠢ ᠶᠢᠨ ᠦᠨᠡᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ | ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ᠂ ᠤᠰᠤᠨ ᠠᠰᠢᠭᠯᠠᠯᠲᠠ ᠶᠢᠨ ᠲᠠᠲᠠᠭᠠᠯ ᠵᠡᠷᠭᠡ ᠶᠢ ᠬᠠᠷᠢᠭᠤᠴᠠᠨ᠎ᠠ | ᠃ | 2. ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠨ᠎ᠡ᠃ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ᠣᠷᠣᠨ ᠪᠦᠰᠡ ᠠᠯᠤᠰᠯᠠᠨ ᠰᠠᠪᠠ ᠭᠠᠵᠠᠷ ᠠᠯᠤᠰᠯᠠᠨ ᠤᠰᠤ ᠲᠠᠲᠠᠬᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠬᠢᠨᠠᠯᠲᠠ | ᠲᠠᠯᠪᠢᠨ᠎ᠠ᠃ | 3. ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠠᠷᠢᠶᠠᠯᠠᠩ ᠮᠠᠯ | ᠠᠵᠤ ᠠᠬᠤᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ | ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠮᠠᠯᠵᠢᠬᠤ | ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ | ᠤᠰᠤ ᠬᠠᠩᠭᠠᠬᠤ ᠪᠠ ᠰᠤᠮᠤᠨ ᠤ ᠤᠰᠤ ᠬᠠᠩᠭᠠᠬᠤ ᠠᠵᠢᠯ ᠢ ᠵᠢᠯᠣᠭᠤᠳᠤᠨ᠎ᠠ᠃ | 4. ᠤᠰᠤᠨ ᠠᠰᠢᠭᠯᠠᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠤᠨ ᠭᠤᠤᠯᠳᠠᠯᠭ᠎ᠠ ᠲᠠᠢ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠪᠣᠯᠤᠨ ᠠᠶᠤᠯ ᠦᠭᠡᠢ ᠶᠢᠨ | ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ᠎ᠠ᠃ ᠤᠰᠤᠨ ᠴᠥᠭᠦᠷᠥᠮ᠂ ᠳᠠᠯᠠᠩ᠂ ᠤᠰᠤᠨ | ᠬᠠᠭᠠᠯᠲᠠ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠨ | ᠵᠢᠯᠣᠭᠤᠳᠤᠨ᠎ᠠ᠃ ᠦᠶᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠨᠤᠲᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ | ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠦ᠂ ᠦᠶᠡᠷ ᠭᠠᠩ ᠤᠨ ᠭᠠᠮᠰᠢᠭ ᠢ ᠰᠡᠷᠭᠡᠶᠢᠯᠡᠨ | ᠵᠠᠰᠠᠬᠤ ᠲᠥᠯᠥᠪᠵᠢᠭᠦᠯᠪᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠶ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ | ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠭᠤᠤᠯ ᠮᠥᠷᠡᠨ ᠨᠠᠭᠤᠷ ᠴᠥᠭᠦᠷᠥᠮ ᠪᠠ ᠴᠢᠬᠤᠯᠠ ᠤᠰᠤᠨ ᠤ | ᠢᠨᠵᠧᠨᠧᠷᠢᠩ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠢ ᠬᠤᠷᠢᠭᠯᠠᠬᠤ ᠲᠣᠬᠢᠷᠠᠭᠤᠯᠤᠯᠲᠠ ᠵᠢᠴᠢ ᠪᠠᠴᠢᠮ | ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵ᠭᠤᠷᠪᠠ︶ ᠤᠰᠤᠨ ᠤ ᠶᠠᠪᠤᠳᠠᠯ ᠤᠨ ᠤᠰᠤᠨ ᠤ ᠡᠬᠢ ᠪᠠᠶᠠᠯᠢᠭ ᠤᠨ ᠬᠤᠪᠢ᠃ | 1. ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠠᠤᠯᠢ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃ ᠤᠰᠤᠨ | ᠠᠰᠢᠭᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ | ᠪᠠᠶᠢᠴᠠᠭᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ | ᠵᠠᠬᠢᠷᠭᠠᠨ ᠤ ᠲᠥᠯᠥᠪᠦᠷᠢ ᠶᠢᠨ ᠠᠵᠢᠯ ᠢ ᠳᠠᠭᠠᠭᠠᠨ ᠡᠷᠬᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠠᠵᠢᠯ ᠢ ᠡᠭᠦᠷᠭᠡᠯᠡᠪᠡ᠃ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤᠨ ᠤ ᠶᠠᠪᠤᠳᠠᠯ ᠤᠨ | ᠵᠢᠭᠤᠷᠠᠯᠳᠤᠭᠠᠨ ᠢ ᠵᠣᠬᠢᠴᠠᠭᠤᠯᠤᠨ᠂ ᠤᠰᠤᠨ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ | ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ | 2. ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠬᠠᠮᠢᠶ᠎ᠠ | ᠪᠦᠬᠦᠢ ᠠᠵᠢᠯ ᠢ ᠡᠭᠦᠷᠭᠡᠯᠡᠵᠦ᠂ ᠤᠰᠤᠨ ᠤ ᠡᠬᠢ ᠪᠠᠶᠠᠯᠢᠭ ᠤᠨ ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ | ᠡᠬᠢ ᠪᠠᠶᠠᠯᠢᠭ ᠢ ᠨᠤᠲᠠᠯᠠᠬᠤ ᠵᠡᠷᠭᠡ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠬᠡᠮᠵᠢᠶ᠎ᠡ ᠶᠢ | ᠬᠤᠪᠢᠶᠠᠷᠢᠯᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠤᠭᠤᠬᠤ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠤᠰᠤᠨ ᠤ ᠡᠬᠢ | ᠪᠠᠶᠠᠯᠢᠭ ᠢ ᠪᠠᠶᠢᠴᠠᠭᠠᠬᠤ᠂ ᠦᠨᠡᠯᠡᠬᠦ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠬᠤᠤᠯᠢᠩᠭᠤᠤᠯ ᠬᠤᠲᠠ ᠶᠢᠨ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠵᠦ᠂ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ᠢ | ᠨᠠᠶᠢᠷᠠᠭᠤᠯᠤᠨ ᠵᠣᠬᠢᠶᠠᠬᠤ ᠪᠠ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠶᠢ ᠵᠢᠯᠣᠭᠤᠳᠬᠤ | ᠬᠠᠮᠢᠶᠠᠷᠤᠯᠲᠠ ᠶᠢᠨ ᠠᠵᠢᠯ ᠳᠤ ᠣᠷᠣᠯᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠤᠰᠤ ᠶᠢ ᠠᠷᠪᠢᠯᠠᠵᠤ ᠬᠡᠷᠡᠭᠯᠡᠬᠦ᠂ | ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠶᠢ ᠬᠢᠵᠠᠭᠠᠷᠯᠠᠬᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠬᠢᠵᠠᠭᠠᠷᠯᠠᠬᠤ᠂ ᠤᠰᠤ ᠶᠢ ᠲᠥᠯᠥᠪᠯᠡᠭᠡ ᠲᠠᠢ | ᠬᠡᠷᠡᠭᠯᠡᠬᠦ ᠪᠠ ᠨᠣᠷᠮ᠎ᠠ ᠲᠣᠭᠲᠠᠭᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ᠤᠰᠤᠨ ᠤ | ᠡᠷᠬᠡ ᠶᠢᠨ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠲᠠ ᠶᠢᠨ ᠪᠣᠬᠢᠷ | ᠤᠰᠤ ᠶᠢ ᠰᠢᠢᠳᠪᠦᠷᠢᠯᠡᠬᠦ᠂ ᠡᠭᠡᠭᠦᠯᠦᠨ ᠬᠡᠷᠡᠭᠯᠡᠬᠦ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢ ᠨᠡᠭᠡᠭᠡᠨ | ᠠᠰᠢᠭᠯᠠᠬᠤ ᠠᠵᠢᠯ ᠢ ᠵᠢᠯᠣᠭᠤᠳᠤᠨ᠎ᠠ᠃ | 3. ᠪᠥᠬᠦ ᠬᠤᠲᠠ ᠶᠢᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ | ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠬᠤᠲᠠ ᠶᠢᠨ ᠬᠥᠷᠥᠰᠥ ᠰᠢᠷᠣᠶ ᠶᠢᠨ ᠢᠳᠡᠭᠳᠡᠯ ᠢ | ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ | ᠬᠢᠨᠠᠨ ᠵᠥᠪᠰᠢᠶᠡᠷᠡᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ | | ᠬᠠᠶ᠋ᠢᠭ᠄ | ᠬᠠᠷᠢᠯᠴᠠᠬᠤ ᠤᠲᠠᠰᠤ᠄ 0475 — 7922429 | ᠵᠠᠬᠢᠳᠠᠯ ᠨᠡᠪᠲᠡᠷᠡᠬᠦ ᠬᠠᠶ᠋ᠢᠭ᠄ ᠬᠤᠤᠯᠢᠩᠭᠤᠤᠯ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ | ᠰᠢᠤᠳᠠᠨ ᠳ᠋ᠤᠭᠠᠷ᠄ 029200 | | |