ᠦᠨᠳᠦᠰᠦᠨ ᠱᠠᠲᠤᠨ ᠤ ᠱᠦᠵᠢ ᠭᠤᠤᠯ ᠰᠡᠳᠦᠪᠲᠦ ᠬᠥᠮᠦᠵᠢᠯ ᠤᠨ ᠲᠤᠬᠠᠶ ᠶᠠᠷᠢᠭᠰᠠᠨ ᠨᠢ | — — — ᠵᠦᠰᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ | ᠵᠧᠤ ᠬᠠᠢ ᠮᠢᠨ ᠢ ᠲᠤᠰᠬᠠᠶᠢᠯᠠᠨ ᠰᠤᠷᠪᠤᠯᠵᠢᠯᠠᠪᠠ | | | | | | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠰᠡᠳᠦᠪᠲᠦ ᠬᠥᠮᠦᠵᠢᠯ ᠬᠢᠵᠦ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠭᠤᠤᠯ ᠰᠡᠳᠦᠪᠲᠦ ᠬᠥᠮᠦᠵᠢᠯ ᠢ ᠠᠬᠢᠭᠤᠯᠬᠤ ᠳᠤᠮᠳᠠᠬᠢ ᠵᠢᠱᠢᠶ᠎ᠡ ᠦᠵᠡᠭᠦᠯᠵᠦ | ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠥᠯᠥᠭᠡ᠂ ︽ᠬᠤᠤᠯᠢᠩᠭᠤᠤᠯ ᠤᠨ ᠬᠤᠰᠢᠭᠤᠴᠢ︾ | ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ ᠥᠨᠥᠳᠥᠷ ︽ᠦᠨᠳᠦᠰᠦᠨ ᠱᠠᠲᠤᠨ ᠤ ᠱᠦᠵᠢ ᠭᠤᠤᠯ ᠰᠡᠳᠦᠪᠲᠦ ᠬᠥᠮᠦᠵᠢᠯ ᠢ | ᠶᠠᠷᠢᠯᠴᠠᠬᠤ︾ ᠲᠤᠰᠬᠠᠶ ᠪᠤᠯᠤᠩ ᠭᠠᠷᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠠᠷᠠᠭᠠᠨ ᠠᠴᠠ | ᠡᠭᠦᠰᠴᠦ᠂ ︽ᠤᠨᠤᠯ ᠤᠨ ᠰᠤᠷᠤᠯᠴᠠᠯᠭ᠎ᠠ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠳᠠᠪᠲᠠᠯᠲᠠ ᠶᠢ | ᠬᠦᠯᠢᠶᠡᠬᠦ᠂ ᠠᠵᠢᠯ ᠬᠢᠵᠦ ᠦᠢᠯᠡᠰ ᠪᠣᠰᠬᠠᠬᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ | ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠯᠢᠭᠡᠷ ᠳᠠᠭᠤᠷᠢᠶᠠᠯ ᠪᠣᠯᠬᠤ︾ ᠬᠠᠷᠠᠯᠲᠠ ᠶᠢ ᠪᠡᠶᠡᠯᠡᠭᠦᠯᠬᠦ ᠲᠠᠢ | ᠤᠶᠠᠯᠳᠤᠭᠤᠯᠤᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠵᠤ᠂ ᠤᠭ ᠰᠠᠨᠠᠭ᠎ᠠ ᠪᠠᠨ ᠶᠠᠷᠢᠵᠤ᠂ ᠣᠯᠤᠯᠲᠠ | ᠲᠥᠷᠥᠭᠳᠡᠯ ᠢᠶᠠᠨ ᠶᠠᠷᠢᠵᠤ᠂ ᠨᠠᠶᠢᠳᠠᠪᠤᠷᠢᠵᠢᠭᠤᠯᠤᠯᠲᠠ ᠶᠢ ᠶᠠᠷᠢᠵᠤ᠂ ᠥᠷᠭᠡᠨ ᠣᠯᠠᠨ ᠤᠳᠤᠷᠢᠳᠬᠤ ᠺᠠᠳ᠋ᠷ ᠤᠨ ︽ᠤᠭ | ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ | ᠨᠠᠶᠢᠳᠠᠪᠤᠷᠢᠵᠢᠭᠤᠯᠤᠯᠲᠠ ᠶᠢ ᠠᠳᠬᠤᠬᠤ︾᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠠᠵᠢᠯ ᠬᠢᠵᠦ ᠦᠢᠯᠡᠰ ᠪᠣᠰᠬᠠᠬᠤ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ | ᠥᠨᠥᠳᠥᠷ ᠵᠦᠰᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠧᠤ ᠬᠠᠢ ᠮᠢᠨ | ᠰᠤᠷᠪᠤᠯᠵᠢᠯᠠᠭ᠎ᠠ ᠬᠦᠯᠢᠶᠡᠵᠠᠢ᠃ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯ ᠢ ᠥᠷᠨᠢᠭᠦᠯᠦᠭᠰᠡᠨ ᠠᠴᠠ ᠨᠠᠰᠢ᠂ ᠵᠦᠰᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠡᠭᠦᠷᠭᠡ ᠶᠢᠨ ᠲᠣᠭᠤᠷᠢᠨ ᠳᠤ᠂ ︽ᠠᠷᠪᠠᠨ ᠬᠤᠶᠠᠷ | ᠦᠰᠦᠭ︾ ᠤᠨ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠠᠪᠤᠨ ᠶᠡᠭᠡ ᠬᠠᠷᠠᠯᠲᠠ ᠶᠢ ᠪᠠᠲᠤ ᠡᠵᠡᠮᠳᠡᠵᠦ᠂ ᠳᠥᠷᠪᠡᠨ | ︽ᠢᠮᠠᠭᠲᠠ ᠲᠤᠤᠱᠯᠠᠭᠤᠯᠬᠤ︾ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠱᠠᠲᠤᠴᠢ ᠴᠢᠨᠠᠷᠲᠠᠶ ᠦᠷ᠎ᠡ | ᠪᠦᠲᠦᠮᠵᠢ ᠣᠯᠬᠤ ᠶᠢ ᠠᠬᠢᠭᠤᠯᠪᠠ᠃ | ᠨᠢᠭᠡ ᠳᠤ ᠰᠤᠷᠤᠯᠴᠠᠯᠭ᠎ᠠ ᠬᠥᠮᠦᠵᠢᠯ ᠢ ᠪᠣᠳᠠᠲᠠᠶ ᠠᠳᠬᠤᠨ᠎ᠠ᠃ 9 ᠰᠠᠷ᠎ᠠ ᠶᠢᠨ 19 ᠤ ᠡᠳᠦᠷ᠂ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠵᠢᠴᠢ ᠡᠯ᠎ᠡ ᠨᠠᠮ ᠤᠨ ᠡᠭᠦᠷ ᠤᠷᠢᠳ ᠬᠤᠵᠢᠳ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠨᠠᠮ ᠤᠨ ᠭᠡᠰᠢᠭᠦᠨ ᠤ ᠪᠣᠳᠠᠲᠤ ᠪᠠᠶᠢᠳᠠᠯ ᠢ ᠦᠨᠳᠦᠰᠦᠯᠡᠨ᠂ ︽ | ᠰᠠᠷ᠎ᠠ ᠪᠦᠷᠢ ᠶᠢᠨ 24 ᠤ ᠡᠳᠦᠷ︾ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠡᠳᠦᠷ ᠤᠨ ᠳᠦᠷᠢᠮ ᠢ ᠲᠣᠭᠲᠠᠭᠠᠪᠠ᠃ | ︽ᠰᠡᠷᠡᠮᠵᠢᠯᠡᠭᠦᠯᠬᠦ ᠬᠥᠮᠦᠵᠢᠯ ᠨᠢ ᠤᠭ ᠰᠠᠨᠠᠭ᠎ᠠ ᠪᠠᠨ ᠪᠠᠲᠤᠳᠬᠠᠬᠤ ᠶᠢ ᠪᠠᠷᠢᠮᠲᠠᠯᠠᠵᠤ᠂ ᠲᠠᠩᠭᠠᠷᠢᠭ ᠢᠶᠠᠨ ᠳᠠᠬᠢᠨ | ᠡᠷᠭᠢᠴᠡᠭᠦᠯᠵᠦ ᠤᠭ ᠰᠠᠨᠠᠭ᠎ᠠ ᠪᠠᠨ ᠡᠷᠭᠢᠴᠡᠭᠦᠯᠬᠦ᠂ ᠲᠡᠷᠢᠭᠦᠨ ᠤ ᠬᠢ ᠠᠴᠠ ᠰᠤᠷᠤᠯᠴᠠᠵᠤ ᠤᠭ ᠰᠠᠨᠠᠭ᠎ᠠ ᠪᠠᠨ ᠪᠠᠷᠢᠮᠲᠠᠯᠠᠬᠤ᠂ | ᠨᠣᠮ ᠤᠩᠰᠢᠵᠤ ᠤᠭ ᠰᠠᠨᠠᠭ᠎ᠠ ᠪᠠᠨ ᠡᠷᠢᠬᠦ᠂ ᠰᠤᠷᠤᠯᠴᠠᠭᠰᠠᠨ ᠤᠶᠢᠯᠭᠠᠯᠳᠠ ᠤᠭ ᠰᠠᠨᠠᠭ᠎ᠠ ᠪᠠᠨ ᠶᠠᠷᠢᠬᠤ᠂ | ᠲᠥᠪᠯᠡᠷᠡᠭᠦᠯᠦᠨ ᠰᠤᠷᠤᠯᠴᠠᠵᠤ ᠤᠭ ᠰᠠᠨᠠᠭ᠎ᠠ ᠪᠠᠨ ᠪᠠᠬᠢᠵᠢᠭᠦᠯᠬᠦ︾ ᠵᠢᠷᠭᠤᠭᠠᠨ ᠰᠤᠷᠤᠯᠴᠠᠯᠭ᠎ᠠ ᠶᠢᠨ ᠭᠤᠭᠴᠤᠭ᠎ᠠ ᠶᠢ | ᠰᠤᠷᠤᠯᠴᠠᠯᠭ᠎ᠠ ᠬᠥᠮᠦᠵᠢᠯ ᠤᠨ ᠡᠬᠢᠨ ᠠᠴᠠ ᠳᠠᠭᠤᠰᠲᠠᠯ᠎ᠠ ᠲᠤᠭᠤᠰᠢᠯᠠᠭᠤᠯᠵᠠᠶ᠂ ︽ᠥᠷᠯᠥᠭᠡ ᠶᠢᠨ ᠰᠤᠷᠤᠯᠴᠠᠯᠭ᠎ᠠ ᠬᠠᠭᠠᠰ | ᠴᠠᠭ + ᠰᠥᠨᠢ ᠶᠢᠨ ᠬᠢᠴᠢᠶᠡᠯ ᠨᠢᠭᠡ ᠴᠠᠭ︾ ᠤᠨ ᠰᠤᠷᠤᠯᠴᠠᠯᠭ᠎ᠠ ᠶᠢᠨ ᠵᠠᠭᠪᠤᠷ ᠢ ᠬᠡᠷᠡᠭᠯᠡᠨ᠎ᠡ᠃ ᠭᠤᠤᠯ ᠰᠡᠳᠦᠪᠲᠦ | ᠬᠥᠮᠦᠵᠢᠯ ᠢ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠵᠤ᠂ ᠰᠤᠷᠤᠯᠴᠠᠯᠭ᠎ᠠ ᠬᠥᠮᠦᠵᠢᠯ ᠢ ᠦᠨᠡᠨ ᠬᠦ | ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠣᠳᠣᠬᠠᠨ ᠳᠤ᠂ ᠲᠥᠪᠯᠡᠷᠡᠭᠦᠯᠦᠨ ᠰᠤᠷᠤᠯᠴᠠᠬᠤ 60 ᠭᠠᠷᠤᠶ ᠤᠳᠠᠭ᠎ᠠ᠂ | ᠨᠣᠮ ᠤᠩᠰᠢᠬᠤ ᠠᠩᠭᠢ ᠶᠢ 3 ᠤᠳᠠᠭ᠎ᠠ᠂ ᠨᠡᠶᠢᠲᠡᠯᠢᠭ ᠰᠤᠷᠭᠠᠨ ᠬᠥᠮᠦᠵᠢᠯ ᠢ 4 ᠤᠳᠠᠭ᠎ᠠ᠂ ᠬᠠᠪᠰᠤᠷᠤᠨ ᠵᠢᠯᠣᠭᠤᠳᠬᠤ | ᠲᠠᠶᠢᠯᠤᠮᠵᠢ 1 ᠤᠳᠠᠭ᠎ᠠ᠂ ᠨᠠᠮᠴᠢ ᠴᠢᠨᠠᠷ ᠤᠨ ᠬᠥᠮᠦᠵᠢᠯ ᠰᠤᠷᠤᠯᠴᠠᠵᠦ ᠰᠤᠳᠤᠯᠤᠨ ᠶᠠᠷᠢᠯᠴᠠᠭᠰᠠᠨ ᠨᠢ 6 ᠤᠳᠠᠭ᠎ᠠ᠃ | ᠬᠤᠶᠠᠷ ᠲᠤ᠂ ᠪᠠᠶᠢᠴᠠᠭᠠᠨ ᠰᠤᠳᠤᠯᠤᠯᠲᠠ ᠶᠢ ᠪᠣᠳᠠᠲᠠᠶ ᠠᠳᠬᠤᠪᠠ᠃ ᠵᠡᠭᠡᠯᠢ ᠲᠣᠭᠤᠷᠢᠭ ᠲᠤ ᠣᠷᠣᠰᠢᠵᠤ ᠪᠠᠶᠢᠭ᠎ᠠ | ᠲᠤᠪᠤᠶᠢᠮ᠎ᠠ ᠠᠰᠠᠭᠤᠳᠠᠯ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠤᠨ ᠲᠣᠭᠤᠷᠢᠨ ᠳᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠷ ︽ᠭᠤᠷᠪᠠ ᠶᠢ | ᠰᠤᠷᠪᠤᠯᠵᠢᠯᠠᠵᠤ ᠬᠤᠶᠠᠷ ᠢ ᠡᠷᠢᠬᠦ︾ ᠪᠠᠷ ᠠᠴᠢᠶᠠᠯᠠᠪᠤᠷᠢ ᠪᠣᠯᠭᠠᠵᠤ᠂ ︵ᠨᠠᠮ ᠤᠨ ᠡᠭᠦᠷ᠂ ᠨᠠᠮ ᠤᠨ ᠭᠡᠰᠢᠭᠦᠨ᠂ ᠣᠯᠠᠨ | ᠲᠦᠮᠡᠨ ᠢ ᠰᠤᠷᠪᠤᠯᠵᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠷᠢᠵᠦ᠂ ᠠᠵᠢᠯ ᠡᠷᠢᠬᠦ ᠰᠠᠶᠢᠨ ᠵᠣᠷ ᠡᠷᠢᠵᠦ︶ ᠠᠷᠭ᠎ᠠ | ᠬᠡᠯᠪᠡᠷᠢ ᠪᠠᠷ ᠪᠠᠶᠢᠴᠠᠭᠠᠨ ᠰᠤᠳᠤᠯᠤᠯᠲᠠ ᠥᠷᠨᠢᠭᠦᠯᠵᠦ᠂ ᠪᠠᠶᠢᠴᠠᠭᠠᠨ ᠰᠤᠳᠤᠯᠬᠤ ᠰᠡᠳᠦᠪ ᠲᠣᠭᠲᠠᠭᠠᠵᠤ᠂ ᠪᠠᠶᠢᠴᠠᠭᠠᠨ | ᠰᠤᠳᠤᠯᠤᠯᠲᠠ ᠶᠢ ᠦᠨᠡᠨ ᠬᠦ ᠨᠠᠷᠢᠯᠢᠭ ᠬᠢᠵᠦ᠂ ᠣᠳᠣᠬᠠᠨ ᠳᠤ ᠨᠠᠮ ᠪᠠ ᠣᠯᠠᠨ ᠲᠦᠮᠡᠨ ᠤ ᠠᠳᠠᠯ ᠠᠬᠤᠶ᠂ ᠦᠨᠳᠦᠰᠦᠨ | ᠱᠠᠲᠤᠨ ᠤ ᠵᠠᠰᠠᠯᠲᠠ᠂ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠵᠡᠷᠭᠡ 7 | ᠪᠠᠶᠢᠴᠠᠭᠠᠨ ᠰᠤᠳᠤᠯᠬᠤ ᠰᠡᠳᠦᠪ ᠢ ᠲᠣᠭᠲᠠᠭᠠᠵᠤ᠂ 7 ᠪᠠᠶᠢᠴᠠᠭᠠᠨ ᠰᠤᠳᠤᠯᠬᠤ ᠵᠣᠬᠢᠶᠠᠯ ᠪᠢᠴᠢᠵᠦ᠂ ᠰᠤᠷᠪᠤᠯᠵᠢᠯᠠᠬᠤ | ᠪᠠᠶᠢᠴᠠᠭᠠᠨ ᠰᠤᠳᠤᠯᠤᠯᠲᠠ ᠪᠠᠷ ᠳᠠᠮᠵᠢᠨ 25 ᠠᠰᠠᠭᠤᠳᠠᠯ ᠢ ᠳᠠᠷᠠᠭᠠᠯᠠᠨ ᠪᠠᠶᠢᠴᠠᠭᠠᠪᠠ᠃ | ᠭᠤᠷᠪᠠ ᠳᠤ᠂ ᠪᠠᠶᠢᠴᠠᠭᠠᠨ ᠦᠵᠡᠬᠦ ᠠᠰᠠᠭᠤᠳᠠᠯ ᠢ ᠪᠣᠳᠠᠲᠠᠶ ᠠᠳᠬᠤᠪᠠ᠃ ︽ᠲᠠᠪᠤ ᠶᠢ ᠬᠠᠷᠢᠴᠠᠭᠤᠯᠬᠤ︾ | ᠱᠠᠭᠠᠷᠳᠠᠯᠭ᠎ᠠ ᠶᠢ ᠪᠠᠷᠢᠮᠲᠠᠯᠠᠨ᠂ ︽ᠭᠤᠷᠪᠠ ᠶᠢ ᠰᠣᠨᠣᠰᠴᠤ ᠳᠣᠯᠤᠭ᠎ᠠ ᠶᠢ ᠪᠠᠶᠢᠴᠠᠭᠠᠬᠤ︾ ᠠᠷᠭ᠎ᠠ ᠬᠡᠮᠵᠢᠶ᠎ᠡ ᠶᠢ ᠠᠪᠴᠤ᠂ | ᠨᠡᠶᠢᠭᠡᠮ ᠲᠣᠭᠤᠷᠢᠭ ᠤᠨ ᠨᠠᠮ ᠤᠨ ᠡᠭᠦᠷ᠂ ᠰᠠᠭᠤᠭᠠᠯᠢ ᠠᠷᠠᠳ ᠤᠨ ᠨᠠᠮ ᠤᠨ ᠭᠡᠰᠢᠭᠦᠨ ᠪᠠ ᠡᠩ ᠤᠨ ᠣᠯᠠᠨ ᠲᠦᠮᠡᠨ ᠤ | ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠵᠡᠯ | ᠤᠬᠠᠮᠰᠠᠷ ᠤᠨ ᠬᠡᠯᠪᠡᠷᠢ ᠶᠢᠨ ᠬᠦᠷᠢᠶ᠎ᠡ᠂ ᠠᠮᠤᠷ ᠲᠦᠪᠰᠢᠨ ᠦᠢᠯᠡᠳᠪᠦᠷᠢᠯᠡᠯ᠂ ᠵᠢᠵᠢᠭ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠤ | ᠰᠣᠶᠣᠯ ᠵᠡᠷᠭᠡ ᠲᠠᠯ᠎ᠠ ᠶᠢᠨ ᠠᠰᠠᠭᠤᠳᠠᠯ ᠢ ᠭᠦᠨᠵᠡᠭᠡᠶ ᠪᠠᠶᠢᠴᠠᠭᠠᠨ ᠡᠷᠢᠵᠦ᠂ ᠠᠰᠠᠭᠤᠳᠠᠯ ᠤᠨ ᠨᠠᠷᠢᠨ ᠳᠠᠩᠰᠠ ᠶᠢ ᠵᠢᠭᠰᠠᠭᠠᠨ | ᠂ ᠭᠦᠨᠵᠡᠭᠡᠶ ᠪᠠᠶᠢᠴᠠᠭᠠᠨ ᠦᠵᠡᠨ᠎ᠡ᠃ ᠣᠳᠣᠬᠠᠨ ᠳᠤ᠂ ᠨᠡᠶᠢᠲᠡ 78 ᠠᠰᠠᠭᠤᠳᠠᠯ ᠢ ᠪᠠᠶᠢᠴᠠᠭᠠᠨ ᠦᠵᠡᠵᠦ᠂ 28 ᠵᠦᠢᠯ ᠢ | ᠥᠪᠡᠰᠦᠪᠡᠨ ᠰᠢᠢᠳᠪᠦᠷᠢᠯᠡᠵᠦ᠂ 29 ᠵᠦᠢᠯ ᠢ ᠵᠣᠬᠢᠴᠠᠭᠤᠯᠤᠨ ᠰᠢᠢᠳᠪᠦᠷᠢᠯᠡᠵᠦ᠂ 21 ᠵᠦᠢᠯ ᠤᠨ ᠠᠰᠠᠭᠤᠳᠠᠯ ᠢ ᠶᠠᠭ | ᠲᠦᠯᠬᠢᠨ ᠠᠬᠢᠭᠤᠯᠵᠤ ᠪᠠᠶᠢᠨ᠎ᠠ᠃ | ᠳᠥᠷᠪᠡ ᠳᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠣᠳᠠᠲᠠᠶ ᠠᠳᠬᠤᠨ᠎ᠠ᠃ 14 ᠵᠦᠢᠯ | ᠤᠨ ᠲᠤᠰᠬᠠᠶ ᠴᠡᠭᠴᠡᠯᠡᠨ ᠵᠠᠰᠠᠬᠤ ᠠᠰᠠᠭᠤᠳᠠᠯ ᠲᠠᠢ ᠤᠶᠠᠯᠳᠤᠭᠤᠯᠤᠨ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠂ | ᠪᠠᠷᠢᠨ ᠮᠡᠳᠡᠵᠦ ᠪᠠᠷᠢᠨ ᠥᠭᠡᠷᠡᠴᠢᠯᠡᠬᠦ ᠵᠠᠷᠴᠢᠮ ᠢ ᠪᠠᠷᠢᠮᠲᠠᠯᠠᠵᠤ᠂ ︽ᠲᠤᠰᠬᠠᠶ ᠲᠥᠷᠥᠯ ᠢᠶᠠᠷ ᠴᠡᠭᠴᠡᠯᠡᠨ ᠵᠠᠰᠠᠬᠤ᠂ | ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠳᠦᠷᠢᠮ ᠲᠣᠭᠲᠠᠭᠠᠯ ᠲᠣᠭᠲᠠᠭᠠᠬᠤ᠂ ᠵᠢᠭᠠᠨ | ᠵᠢᠯᠣᠭᠤᠳᠬᠤ︾ ᠳᠥᠷᠪᠡᠨ ᠪᠣᠭᠤᠮᠲᠠ ᠶᠢ ᠰᠠᠶᠢᠲᠤᠷ ᠠᠳᠬᠤᠵᠤ᠂ ᠳ᠋ᠤᠭᠠᠷ ᠠᠴᠠ ᠬᠠᠰᠤᠬᠤ ᠬᠠᠮᠢᠶᠠᠷᠤᠯᠲᠠ ᠶᠢ | ᠬᠡᠷᠡᠭᠵᠢᠭᠦᠯᠦᠨ᠂ ᠰᠢᠢᠳᠪᠦᠷᠢᠯᠡᠬᠦ ᠥᠬᠡᠶ ᠪᠣᠯ ᠳ᠋ᠤᠭᠠᠷ ᠠᠴᠠ ᠬᠠᠰᠤᠬᠤ ᠥᠬᠡᠶ ᠪᠠᠶᠢᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠰᠠᠭᠤᠭᠠᠯᠢ ᠠᠷᠠᠳ ᠤᠨ ᠲᠤᠰᠬᠠᠯ ᠴᠢᠩᠭ᠎ᠠ ᠪᠠᠶᠢᠭ᠎ᠠ | ᠪᠤᠵᠠᠷ ᠤᠰᠤ᠂ ᠪᠣᠬᠢᠷ ᠤᠰᠤ᠂ ᠠᠶᠤᠯ ᠦᠭᠡᠢ ᠦᠢᠯᠡᠳᠪᠦᠷᠢᠯᠡᠯ ᠵᠡᠷᠭᠡ ᠠᠰᠠᠭᠤᠳᠠᠯ ᠳᠤ ᠴᠢᠭᠯᠡᠭᠦᠯᠦᠨ᠂ ︽ᠵᠡᠭᠡᠯᠢ | ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠬᠦ᠂ ᠰᠠᠯᠠᠭ᠎ᠠ ᠮᠥᠴᠢᠷ ᠮᠡᠳᠡᠭᠦᠯᠬᠦ︾ ᠲᠣᠭᠲᠠᠴᠠ ᠪᠠᠷ ᠳᠠᠮᠵᠢᠭᠤᠯᠤᠨ | ᠦᠳᠲᠡᠷ ᠲᠦᠷᠭᠡᠨ ᠰᠢᠢᠳᠪᠦᠷᠢᠯᠡᠬᠦ ᠬᠡᠷᠡᠭᠲᠡᠶ᠃ ᠡᠭᠦᠨ ᠤ ᠳᠤ ᠬᠠᠮᠲᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠪᠦᠬᠦ ᠬᠦᠴᠦᠨ ᠢᠶᠠᠷ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠳᠣᠬᠠᠨ ᠳᠤ᠂ ᠰᠢᠨ᠎ᠡ ᠯᠢᠤ ᠱᠢ ᠳ᠋ᠦᠩ ᠭᠤᠤᠯ ᠵᠠᠮ ᠢ ᠥᠷᠭᠡᠳᠬᠡᠬᠦ ᠲᠥᠷᠥᠯ | ᠵᠦᠢᠯ ᠤᠨ ᠪᠠᠷᠢᠯᠭ᠎ᠠ ᠨᠢᠭᠡᠨᠲᠡ ᠳᠠᠭᠤᠰᠴᠤ᠂ ᠴᠠᠬᠢᠯᠭᠠᠨ ᠴᠡᠨᠡᠭᠯᠡᠬᠦ ᠱᠣᠩ ᠢ 9 ᠢᠵᠢ ᠤᠭᠰᠠᠷᠠᠵᠤ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠬᠥᠳᠡᠯᠭᠡᠭᠡᠨ ᠤ ᠲᠠᠰᠤᠭ ᠢ ᠠᠰᠢᠭᠯᠠᠯᠲᠠ ᠳᠤ ᠣᠷᠣᠭᠤᠯᠪᠠ᠃ ᠡᠭᠦᠨ ᠤ ᠬᠠᠮᠲᠤ᠂ | ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ︽ᠡᠷᠭᠢᠨ ᠬᠠᠷᠠᠬᠤ︾ ᠠᠵᠢᠯ ᠥᠷᠨᠢᠭᠦᠯᠵᠦ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠴᠢᠬᠤᠯᠠᠴᠢᠯᠠᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠶ ᠠᠵᠢᠯ ᠢ ᠲᠤᠰᠬᠠᠶ ᠵᠦᠢᠯ ᠢᠶᠠᠷ ᠰᠢᠪᠠᠳᠠᠨ | ᠰᠢᠢᠳᠪᠦᠷᠢᠯᠡᠬᠦᠯᠵᠦ᠂ ᠱᠠᠯᠠᠪᠳᠠᠨ ᠲᠦᠷᠭᠡᠬᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃ ᠣᠳᠣᠬᠠᠨ ᠳᠤ᠂ | ᠨᠢᠭᠡᠨᠲᠡ 57 ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ | ᠪᠤᠬᠢᠨᠢᠳᠤᠬᠤ ᠶᠠᠪᠤᠳᠠᠯ ᠴᠥᠭᠡᠷᠡᠵᠦ᠂ ︽ᠦᠨᠡᠡᠬᠦ ᠵᠤᠯ ᠵᠢᠷᠭᠠᠯᠳᠠᠢ︾ ᠦᠵᠡᠭᠳᠡᠯ ᠣᠯᠠᠰᠢᠷᠠᠪᠠ᠃ ᠠᠯᠢ ᠣᠯᠠᠨ ᠦᠨᠡᠨ | ᠪᠣᠳᠠᠲᠠᠶ ᠴᠡᠭᠴᠡᠯᠡᠨ ᠰᠠᠶᠢᠵᠢᠷᠠᠭᠤᠯᠤᠭᠰᠠᠨ ᠨᠢ ᠰᠠᠭᠤᠭᠠᠯᠢ ᠠᠷᠠᠳ ᠣᠯᠠᠨ ᠤ ᠲᠠᠰᠤᠷᠠᠯᠲᠠ ᠦᠭᠡᠢ ᠥᠭᠡᠳᠡᠯᠡᠨ ᠳᠠᠪᠰᠢᠬᠤ | ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠰᠣᠯᠢᠵᠤ ᠠᠪᠴᠢᠷᠠᠭᠰᠠᠨ ᠪᠠᠶᠢᠨ᠎ᠠ᠃ | | |