ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠠᠷᠠᠯᠵᠢᠶ᠎ᠠ | ᠬᠤᠳᠠᠯᠳᠤᠭᠠᠨ ᠤ ᠬᠦᠢᠯᠬᠡᠬᠡ᠂ ᠭᠠᠳᠠᠭᠠᠳᠤ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ᠂ | ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠭᠠᠳᠠᠭᠠᠳᠤ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠭᠦᠢᠯᠬᠡᠬᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ ᠲᠦᠯᠬᠢᠨ | ᠠᠬᠢᠭᠤᠯᠵᠤ᠂ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠬᠡᠨ ᠤ ᠦᠢᠯᠡᠰ ᠪᠣᠯᠤᠨ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠬᠤᠳᠠᠯᠳᠤᠭ᠎ᠠ ᠠᠷᠠᠯᠵᠢᠶᠠᠨ ᠤ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ | ᠬᠦᠢᠯᠬᠡᠬᠡᠨ ᠤ ᠪᠠᠷᠢᠮᠵᠢᠶᠠᠵᠢᠭᠤᠯᠤᠯᠲᠠ ᠪᠣᠯᠤᠨ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠲᠠᠢ | ᠡᠵᠡᠩᠨᠡᠯᠲᠡ᠂ ᠪᠠᠷᠠᠭ᠎ᠠ ᠶᠢᠨ ᠬᠦᠢᠯᠬᠡᠬᠡᠨ ᠤ ᠲᠤᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ | ᠵᠡᠷᠭᠡ ᠣᠳᠣ ᠦᠶ᠎ᠡ ᠶᠢᠨ ᠬᠦᠢᠯᠬᠡᠬᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠭᠤᠷᠪᠠ︶ ᠲᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ | ᠪᠠᠷᠠᠭ᠎ᠠ ᠶᠢᠨ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠣᠳᠣ ᠦᠶ᠎ᠡ ᠶᠢᠨ ᠪᠠᠷᠠᠭ᠎ᠠ ᠶᠢᠨ ᠦ᠋ᠢᠯᠬᠡᠬᠡᠨ ᠤ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠵᠣᠬᠢᠴᠠᠭᠤᠯᠤᠨ ᠬᠠᠮᠢᠶᠠᠷᠬᠤ᠂ ᠶᠡᠷᠦᠩᠬᠡᠶᠢᠯᠡᠨ | ᠦᠢᠯᠡᠴᠢᠯᠡᠬᠦ ᠵᠡᠷᠭᠡ ᠠᠵᠢᠯ ᠢ ᠡᠭᠦᠷᠭᠡᠯᠡᠨ᠎ᠡ᠃ | ᠳᠥᠷᠪᠡᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠠᠷᠭ᠎ᠠ ᠶᠢ | ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ᠶᠡᠭᠡ ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠪᠡ ᠪᠣᠯᠤᠨ | ᠬᠤᠲᠠ ᠶᠢᠨ ᠬᠤᠳᠠᠯᠳᠤᠭᠠᠨ ᠤ ᠲᠣᠤᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ | ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠳᠣ | ᠦᠶ᠎ᠡ ᠶᠢᠨ ᠬᠦᠢᠯᠬᠡᠬᠡᠨ ᠤ ᠲᠣᠤᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ | ᠃ | ︵ᠲᠠᠪᠤ︶ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠬᠤ ᠪᠠ | ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ | ᠦᠨᠡᠨᠴᠢ ᠢᠲᠡᠭᠡᠮᠵᠢᠲᠡᠶ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠬᠡᠷᠡᠭᠲᠡᠶ᠃ ᠣᠨᠴᠠᠭᠠᠢ ᠬᠦᠢᠯᠬᠡᠬᠡᠨ ᠤ ᠠᠵᠢᠯ ᠲᠥᠷᠥᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠢᠨᠠᠵᠤ ᠬᠠᠮᠢᠶᠠᠷᠤᠨ᠎ᠠ᠃ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠬᠡᠨ ᠤ ᠦᠢᠯᠡᠰ᠂ ᠲᠣᠮᠣ ᠬᠡᠯᠪᠡᠷᠢ ᠶᠢᠨ | ᠬᠤᠳᠠᠯᠳᠤᠭ᠎ᠠ ︵ᠴᠤᠭᠯᠠᠭᠠᠨ ᠦᠵᠡᠰᠬᠦᠯᠡᠩ︶ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ | ᠵᠢᠯᠣᠭᠤᠳᠬᠤ ᠶᠢ ᠬᠠᠷᠢᠭᠤᠴᠠᠨ᠎ᠠ᠃ | ︵ᠵᠢᠷᠭᠤᠭ᠎ᠠ︶ ᠪᠦᠬᠦ ᠬᠤᠲᠠ ᠶᠢᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯ | ᠡᠵᠡᠮᠳᠡᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠬᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ | ᠬᠢᠨᠠᠨ ᠬᠡᠮᠵᠢᠵᠦ ᠵᠠᠳᠠᠯᠤᠯᠲᠠ ᠬᠢᠨ᠎ᠡ᠃ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠲᠥᠰᠦᠭᠡᠯᠡᠵᠦ ᠰᠡᠷᠡᠮᠵᠢᠯᠡᠭᠦᠯᠬᠦ | ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠡᠷᠡᠭᠲᠡᠶ᠃ ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ | ᠵᠦᠢᠯ ᠤᠨ ᠨᠥᠭᠡᠴᠡᠯᠡᠯ ᠤᠨ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ ᠬᠠᠷᠢᠭᠤᠴᠠᠨ᠎ᠠ | ᠃ ᠪᠤᠯᠪᠠᠰᠤᠷᠠᠭᠤᠯᠤᠭᠰᠠᠨ ᠲᠤᠰᠤ ᠶᠢᠨ ᠬᠦᠢᠯᠭᠡᠭᠡ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | | ︵ᠳᠣᠯᠤᠭ᠎ᠠ︶ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠯᠵᠢᠶ᠎ᠠ ᠶᠢ ᠠᠬᠢᠭᠤᠯᠬᠤ | ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠤᠯᠤᠰ ᠠᠴᠠ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠤᠨ᠎ᠠ᠃ ᠤᠯᠤᠰ ᠠᠴᠠ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠵᠠᠬᠢᠷᠤᠨ | ᠬᠠᠮᠢᠶᠠᠷᠤᠯᠲᠠ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠦ ᠶᠢᠨ ᠪᠣᠳᠣᠯᠭ᠎ᠠ ᠪᠠ ᠪᠣᠯᠪᠠᠰᠤᠷᠠᠭᠤᠯᠬᠤ ᠠᠷᠠᠯᠵᠢᠶᠠᠨ ᠤ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶ᠎ᠠ ᠶᠢ ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠭᠠᠳᠠᠭᠠᠳᠤ ᠠᠴᠠ ᠲᠧᠭᠨᠢᠭ ᠮᠡᠷᠭᠡᠵᠢᠯ | ᠣᠷᠣᠭᠤᠯᠬᠤ᠂ ᠲᠣᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠤᠯᠤᠰ ᠠᠴᠠ ᠭᠠᠳᠠᠭᠠᠳᠤ ᠳᠤ | ᠭᠠᠷᠭᠠᠬᠤ ᠶᠢ ᠬᠢᠵᠠᠭᠠᠷᠯᠠᠬᠤ ᠲᠧᠭᠨᠢᠭ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | ︵ᠨᠠᠢᠮᠠ︶ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠦᠢᠯᠡᠴᠢᠯᠡᠬᠡᠨ ᠢ ᠭᠠᠳᠠᠭᠠᠳᠤ ᠳᠤ ᠭᠠᠷᠭᠠᠬᠤ ᠪᠠ ᠦᠢᠯᠡᠴᠢᠯᠡᠬᠡᠨ ᠢ ᠭᠠᠳᠠᠭᠰᠢ | ᠳᠠᠭᠠᠭᠠᠴᠢᠯᠠᠭᠤᠯᠬᠤ ᠶᠢ ᠠᠬᠢᠭᠤᠯᠬᠤ ᠤᠯᠤᠰ ᠤᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠦᠢᠯᠡᠴᠢᠯᠡᠬᠡᠨ ᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠪᠥᠬᠦ ᠬᠤᠲᠠ ᠶᠢᠨ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ | ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠳᠣᠲᠣᠷ᠎ᠠ ᠦᠵᠡᠰᠬᠦᠯᠡᠩ ᠡᠷᠬᠢᠯᠡᠬᠦ ᠠᠵᠢᠯᠯᠠᠭ᠎ᠠ ᠶᠢ ᠬᠠᠮᠢᠶᠠᠷᠤᠨ᠎ᠠ᠃ | ︵ᠶᠢᠰᠦ︶ ᠡᠷᠬᠡ ᠣᠯᠭᠤᠭᠰᠠᠨ ᠲᠥᠯᠥᠭᠡᠯᠡᠭᠴᠢ ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ | ᠣᠷᠳᠣᠨ ᠢ ᠦᠨᠳᠦᠰᠦᠯᠡᠨ ᠭᠠᠳᠠᠭᠠᠳᠤ ᠤᠯᠤᠰ ᠲᠠᠢ ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ᠤᠨ ᠢᠯᠭᠠᠯ ︵ᠭᠠᠵᠠᠷ | ᠣᠷᠣᠨ︶ ᠤᠨ ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠶ ᠠᠷᠠᠯᠵᠢᠶᠠᠨ ᠤ ᠬᠠᠷᠢᠴᠠᠭᠠᠨ ᠤ ᠳᠤᠮᠳᠠᠬᠢ | ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠤᠯᠤᠰ ᠤᠨ | ᠠᠯᠪᠠᠨ ᠤ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠲᠤ ᠰᠠᠭᠤᠭ᠎ᠠ | ᠲᠥᠯᠥᠭᠡᠯᠡᠭᠴᠢ ᠶᠢᠨ ᠪᠠᠶᠢᠭᠤᠯᠤᠮᠵᠢ ᠪᠣᠯᠤᠨ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ︵ | ᠺᠤᠨᠰᠦ᠋ᠯ︶ ᠤᠨ ᠣᠷᠳᠣᠨ ᠤ ᠬᠤᠳᠠᠯᠳᠤᠭ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ᠃ | ︵ᠠᠷᠪᠠ︶ ᠮᠠᠨ ᠤ ᠤᠯᠤᠰ ᠤᠨ ᠤᠯᠠᠨ ᠤᠯᠤᠰ ᠤᠨ ᠠᠷᠠᠯᠵᠢᠶᠠᠨ ᠳᠤ ᠣᠷᠣᠬᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠲᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠬᠠᠮᠵᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠢ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠲᠡᠭᠰᠢ ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ | ︵ᠠᠷᠪᠠᠨ ᠨᠢᠭᠡ︶ ᠬᠤᠲᠠ ᠶᠢᠨ ᠭᠠᠳᠠᠭᠠᠳᠤ ᠠᠵᠤ ᠠᠬᠤᠢ ᠶᠢᠨ ᠬᠤᠷᠰᠢᠯᠴᠠᠭᠠᠨ ᠤ ᠠᠵᠢᠯ ᠢ ᠬᠠᠷᠢᠭᠤᠴᠠᠵᠤ᠂ | ᠣᠷᠣᠰ᠂ ᠮᠣᠩᠭᠤᠯ ᠤᠯᠤᠰ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠶ | ᠠᠷᠠᠯᠵᠢᠶᠠᠨ ᠤ ᠬᠤᠷᠰᠢᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠳᠠᠭᠠᠳᠤ ᠲᠠᠢ ᠠᠵᠤ ᠠᠬᠤᠢ ᠶᠢᠨ ᠲᠠᠯ᠎ᠠ ᠪᠠᠷ | ᠬᠠᠮᠲᠤᠷᠠᠨ ᠠᠵᠢᠯᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠶᠢᠨ ᠠᠵᠢᠯ | ᠳᠠᠭᠠᠭᠠᠴᠢᠯᠠᠬᠤ᠂ ᠭᠠᠳᠠᠭᠰᠢ ᠬᠥᠳᠡᠯᠮᠦᠷᠢ ᠁ ᠦᠢᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ | ᠪᠠᠶᠠᠯᠢᠭ ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠭᠠᠳᠠᠭᠠᠳᠤ ᠳᠤ ᠪᠡᠯᠡ ᠣᠷᠣᠭᠤᠯᠵᠤ ᠠᠵᠤ ᠠᠬᠤᠶᠢᠯᠠᠯ ᠡᠷᠬᠢᠯᠡᠬᠦ | ︵ᠮᠥᠩᠭᠦᠨ ᠬᠦᠢᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠢ︶ ᠶᠢ ᠬᠠᠤᠯᠢ ᠶᠣᠰᠣᠭᠠᠷ ᠬᠠᠮᠢᠶᠠᠷᠤᠨ᠎ᠠ᠃ | ᠬᠤᠤᠯᠢᠩᠭᠤᠤᠯ ᠬᠤᠲᠠ ᠶᠢᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ | ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ | ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠯᠲᠠ ᠶᠢ ᠠᠰᠢᠭᠯᠠᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ | ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠭᠡᠷ᠎ᠡ ᠳᠦᠷᠢᠮ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ᠃ | ︵ᠠᠷᠪᠠᠨ ᠭᠤᠷᠪᠠ︶ ᠬᠤᠤᠯᠢᠩᠭᠤᠤᠯ ᠬᠤᠲᠠ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ | ᠡᠭᠦᠷᠭᠡ ᠴᠢᠳᠠᠪᠤᠷᠢ ᠶᠢ ᠡᠭᠦᠷᠭᠡᠯᠡᠨ᠎ᠡ᠃ | ︵ᠠᠷᠪᠠᠨ ᠳᠥᠷᠪᠡᠨ︶ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ | ᠬᠤᠤᠯᠢᠩᠭᠤᠤᠯ ᠬᠤᠲᠠ ᠶᠢᠨ ᠵᠥᠪᠯᠡᠯ ᠤᠨ ᠡᠭᠦᠷᠭᠡ ᠴᠢᠳᠠᠪᠤᠷᠢ ᠶᠢ ᠬᠡᠷᠡᠭᠵᠢᠭᠦᠯᠦᠨ᠎ᠡ᠃ | ︵ᠠᠷᠪᠠᠨ ᠲᠠᠪᠤ︶ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠵᠦᠢᠯᠡᠰ ᠢ ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ᠂ ᠠᠷᠢᠬᠢᠨ ᠤ | ᠵᠦᠢᠯ ᠤᠨ ᠬᠦᠢᠯᠭᠡᠭᠡᠨ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ | ᠠᠬᠤᠢ ᠶᠢᠨ ᠡᠮᠬᠢ ᠳᠢᠭᠯᠢᠮ ᠤᠨ ᠬᠠᠮᠢᠶ᠎ᠠ ᠪᠦᠬᠦᠢ ᠠᠵᠢᠯ ᠢ ᠲᠦᠷᠦᠭᠦᠯᠡᠨ ᠠᠬᠢᠭᠤᠯᠬᠤ ᠶᠢ ᠬᠠᠷᠢᠭᠤᠴᠠᠨ᠎ᠠ᠃ | ᠠᠷᠢᠬᠢᠨ ᠤ ᠵᠦᠢᠯ ᠤᠨ ᠬᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ︵2︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠵᠡᠩᠨᠡᠭᠴᠢᠳ ᠤᠨ | ᠲᠥᠪᠯᠡᠷᠡᠭᠦᠯᠦᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠥᠪᠡᠷᠲᠡᠭᠡᠨ | ᠵᠠᠰᠠᠬᠤ ᠣᠷᠣᠨ ᠤ ᠶᠡᠷᠦᠩᠬᠡᠶᠢᠯᠡᠭᠰᠡᠨ ᠠᠵᠤ ᠠᠬᠤᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠢᠰᠢᠭᠡ ᠶᠢᠨ ᠲᠠᠸᠠᠷ ᠤᠨ ᠲᠤᠰᠬᠠᠶ ᠵᠦᠶ᠋ᠯ ᠤᠨ | ᠠᠵᠢᠯ ᠳᠤ ᠴᠣᠬᠢᠯᠲᠠ ᠥᠭᠬᠦ ᠵᠣᠬᠢᠴᠠᠭᠤᠯᠬᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ᠠᠷᠢᠬᠢᠨ ᠤ ᠵᠦᠶ᠋ᠯ ᠤᠨ ᠭᠦᠶ᠋ᠯᠭᠡᠭᠡᠨ ᠢ ᠬᠢᠨᠠᠨ ᠬᠠᠮᠢᠶᠠᠷᠬᠤ ᠪᠠ ᠠᠷᠢᠬᠢᠨ ᠤ ᠵᠦᠶ᠋ᠯ ᠤᠨ ᠢᠳᠡᠭᠡᠨ ᠤ ᠠᠶᠤᠯ ᠦᠭᠡᠢ ᠶᠢ | ᠬᠠᠷᠢᠭᠤᠴᠠᠨ᠎ᠠ᠃ | 2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠡᠮ ᠤᠨ ᠵᠦᠶ᠋ᠯ ᠤᠨ ᠭᠦᠶ᠋ᠯᠭᠡᠭᠡᠨ ᠤ | ᠬᠠᠮᠢᠶᠠᠷᠤᠯᠲᠠ ᠶᠢᠨ ᠲᠠᠯ᠎ᠠ ᠪᠠᠷ ᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠳᠡᠭᠡᠰᠦ ᠱᠠᠲᠤᠨ ᠤ ᠲᠤᠬᠠᠶᠢᠯᠠᠭᠰᠠᠨ ᠠᠵᠢᠯ ᠤᠨ | ᠰᠠᠯᠠᠭ᠎ᠠ ᠮᠥᠴᠢᠷ ᠤᠨ ᠲᠣᠭᠲᠠᠭᠠᠭᠰᠠᠨ ᠡᠮ ᠤᠨ ᠵᠦᠶ᠋ᠯ ᠢ ᠬᠥᠭᠵᠢᠭᠦᠯᠬᠦ ᠲᠥᠯᠥᠪᠵᠢᠭᠦᠯᠪᠡ ᠪᠠ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ︵2︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠶ᠋ᠯ ᠤᠨ ᠭᠦᠶ᠋ᠯᠭᠡᠭᠡᠨ ᠤ | ᠬᠥᠭᠵᠢᠯᠲᠡ ᠶᠢᠨ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠬᠠᠮᠵᠢᠯᠴᠠᠵᠤ᠂ ᠡᠯ᠎ᠡ | ᠱᠠᠲᠤᠨ ᠤ ᠡᠮ ᠤᠨ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠮ ᠤᠨ ᠵᠦᠶ᠋ᠯ ᠤᠨ | ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | 3᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠴᠢᠬᠤᠯᠠ | ᠬᠡᠷᠡᠭᠯᠡᠭᠡᠨ ᠤ ᠵᠦᠶ᠋ᠯ ᠤᠨ ᠨᠥᠭᠡᠴᠡᠯᠡᠨ ᠬᠠᠮᠢᠶᠠᠷᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ⑴ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠢᠬᠠᠨ ᠤ ᠵᠦᠶ᠋ᠯ ᠤᠨ ᠨᠥᠭᠡᠴᠡ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ | ︵2︶ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ ᠨᠢ ᠬᠢᠯᠢ ᠶᠢᠨ ᠣᠷᠣᠨ ᠳᠤ | ᠪᠣᠷᠣᠯᠠᠭᠤᠯᠬᠤ ᠴᠠᠢ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ︵3︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠤᠰᠤᠳ ᠴᠢᠬᠤᠯᠠ ᠬᠡᠷᠡᠭᠯᠡᠭᠡᠨ ᠤ ᠵᠦᠶ᠋ᠯ ᠢ | ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠤᠨ ᠠᠵᠢᠯᠯᠠᠭᠠᠨ ᠢ ᠬᠠᠷᠢᠭᠤᠴᠠᠵᠤ᠂ ᠨᠢᠭᠤᠴᠠ ᠶᠢ | ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠰᠣᠨᠢᠨ ᠮᠡᠳᠡᠭᠡ ᠤᠬᠠᠭᠤᠯᠭ᠎ᠠ ᠪᠠ ᠪᠠᠶᠢᠭᠤᠯᠭ᠎ᠠ ᠶᠢᠨ ᠬᠡᠷᠡᠭ ᠶᠠᠪᠤᠳᠠᠯ᠂ | ᠡᠳ᠋ ᠤᠨ ᠶᠠᠪᠤᠳᠠᠯ ᠵᠢᠴᠢ ᠠᠷᠤ ᠲᠠᠯ᠎ᠠ ᠶᠢᠨ ᠦᠶ᠋ᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ | ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ | ᠪᠣᠯᠤᠨ ᠬᠠᠷᠠᠯᠲᠠ ᠶᠢ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠣᠯᠠᠨ ᠲᠦᠮᠡᠨ ᠤ | ᠪᠦᠯᠬᠦᠮ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ | ᠺᠠᠳ᠋ᠷᠴᠤᠳ ᠤᠨ ᠠᠵᠢᠯ ᠢ ᠬᠠᠷᠢᠭᠤᠴᠠᠨ᠎ᠠ᠃ ᠬᠡᠷᠡᠭᠵᠢᠭᠦᠯᠬᠦ ᠪᠠᠶᠢᠭᠤᠯᠤᠯᠭ᠎ᠠ ᠶᠢᠨ ᠳᠣᠲᠣᠭᠠᠳᠤ ᠶᠢᠨ ᠡᠯ᠎ᠡ ᠵᠦᠶ᠋ᠯ ᠤᠨ | ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠬᠢᠨᠠᠯᠲᠠ ᠲᠠᠯᠪᠢᠬᠤ ᠬᠡᠷᠡᠭᠲᠡᠶ᠃ | ︵ᠬᠤᠶᠠᠷ︶ ᠤᠯᠤᠰ ᠠᠴᠠ ᠳᠣᠲᠣᠭᠠᠳᠤ ᠶᠢᠨ ᠠᠷᠠᠯᠵᠢᠶᠠᠨ ᠤ ᠰᠲ᠋ᠣᠺ ᠤᠨ ᠡᠭᠦᠷᠭᠡ ᠴᠢᠳᠠᠪᠤᠷᠢ ᠲᠤᠰᠢᠶᠠᠯ᠄ | ᠪᠦᠬᠦ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ | ᠲᠥᠯᠥᠪᠯᠡᠨ ᠲᠣᠭᠲᠠᠭᠠᠨ᠎ᠠ᠃ ᠤᠯᠤᠰ ᠠᠴᠠ ᠳᠣᠲᠣᠭᠠᠳᠤ ᠶᠢᠨ ᠠᠷᠠᠯᠵᠢᠶᠠᠨ ᠤ ᠠᠵᠢᠯᠯᠠᠭᠠᠨ ᠤ ᠪᠠᠶᠢᠳᠠᠯ ᠢ | ᠬᠤᠷᠢᠶᠠᠩᠭᠤᠶᠢᠯᠠᠨ ᠵᠠᠳᠠᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠪᠣᠯᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠬᠤ ᠶᠢᠨ ᠬᠠᠮᠲᠤ | ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ | ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ | ᠪᠢᠴᠢᠨ᠎ᠡ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ | ᠃ | ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠬᠤ | ᠬᠡᠷᠡᠭᠲᠡᠶ᠃ ᠪᠥᠭᠡᠮ ᠦᠶ᠋ᠯᠡᠳᠬᠦᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠪᠡ᠂ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠴᠤ᠂ ᠬᠤᠳᠠᠯᠳᠤᠭᠠᠨ ᠤ ᠲᠣᠤᠷ ᠴᠢᠭ ᠤᠨ | ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠭᠦᠶ᠋ᠯᠭᠡᠭᠡᠨ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠶ᠋ᠯᠭᠡᠭᠡᠨ ᠵᠡᠷᠭᠡ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠠᠵᠢᠯ ᠢ ᠠᠬᠢᠭᠤᠯᠤᠨ᠎ᠠ᠃ ᠮᠠᠰᠢᠨ ᠲᠡᠷᠭᠡᠨ ᠤ ᠭᠦᠶ᠋ᠯᠭᠡᠭᠡᠨ ᠤ ᠠᠵᠢᠯ ᠲᠥᠷᠥᠯ ᠢ ᠬᠢᠨᠠᠵᠤ ᠬᠠᠮᠢᠶᠠᠷᠤᠨ᠎ᠠ | ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠬᠤ ᠠᠵᠢᠯ ᠢ ᠲᠦᠷᠦᠭᠦᠯᠡᠨ | ᠬᠢᠵᠦ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠢᠲᠡᠭᠡᠮᠵᠢ ᠶᠢᠨ ᠪᠣᠷᠣᠯᠠᠭᠤᠯᠭ᠎ᠠ ᠶᠢ ᠠᠬᠢᠭᠤᠯᠤᠨ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ | ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠯᠣᠭᠤᠳᠤᠨ᠎ᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠷᠠᠯᠵᠢᠶᠠᠯᠠᠬᠤ | ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠰᠢᠭᠤᠳ ᠪᠣᠷᠣᠯᠠᠭᠤᠯᠬᠤ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ | ᠵᠦᠢᠯ ᠤᠨ ᠬᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ᠳᠣᠲᠣᠭᠠᠳᠤ ᠠᠷᠠᠯᠵᠢᠶᠠᠨ ᠤ ᠬᠦᠢᠯᠭᠡᠭᠡᠨ ᠤ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ | ᠠᠬᠢᠭᠤᠯᠤᠨ᠎ᠠ᠃ ᠳᠣᠲᠣᠭᠠᠳᠤ ᠠᠷᠠᠯᠵᠢᠶᠠᠨ ᠤ ᠬᠦᠢᠯᠬᠡᠬᠡᠨ ᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ | ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠬᠤ ᠪᠠ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠵᠢᠯ ᠢ ᠵᠢᠯᠣᠭᠤᠳᠤᠨ᠎ᠠ᠃ ᠳᠣᠲᠣᠭᠠᠳᠤ ᠠᠷᠠᠯᠵᠢᠶ᠎ᠠ ᠶᠢᠨ ᠬᠠᠮ ᠦᠵᠡᠰᠬᠦᠯᠡᠩ᠂ ᠬᠡᠯᠬᠢᠶᠡᠯᠡᠨ ᠡᠵᠡᠩᠨᠡᠬᠦ᠂ | ᠪᠠᠷᠠᠭ᠎ᠠ ᠶᠢᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ | ᠦᠶ᠎ᠡ ᠶᠢᠨ ᠬᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠦᠨ᠎ᠡ ᠬᠠᠶᠠᠵᠤ | ᠬᠤᠳᠠᠯᠳᠤᠬᠤ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ ᠵᠡᠷᠭᠡ ᠶᠢ ᠬᠠᠤᠯᠢ ᠶᠣᠰᠣᠭᠠᠷ | ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠬᠡᠨ ᠤ ᠦᠢᠯᠡᠰ ︵ᠢᠳᠡᠭᠡᠨ ᠤᠮᠳᠠᠭᠠᠨ᠂ ᠬᠤᠨᠤᠭ | ᠪᠠᠭᠤᠳᠠᠯ ᠤᠨ ᠦᠢᠯᠡᠰ ᠪᠠᠭᠲᠠᠨ᠎ᠠ︶ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠪᠡ ᠪᠠ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ | ᠲᠣᠭᠲᠠᠭᠠᠨ᠎ᠠ᠃ ᠰᠦᠯᠵᠢᠶᠡᠨ ᠤ ᠵᠢᠵᠢᠭᠯᠡᠨ ᠬᠤᠳᠠᠯᠳᠤᠬᠤ ᠲᠤᠭ᠎ᠠ ᠪᠦᠷᠢᠳᠬᠡᠯ ᠪᠠ ᠦᠨᠡᠯᠡᠯᠲᠡ ᠶᠢᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ | ᠴᠤᠭᠯᠠᠷᠠᠯ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ | ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠬᠢᠷᠠᠭᠤᠯᠤᠯ ᠡᠵᠡᠮᠳᠡᠯ ᠪᠠ ᠬᠡᠷᠡᠭᠯᠡᠭᠡ ᠶᠢ ᠠᠬᠢᠭᠤᠯᠬᠤ ᠲᠠᠯ᠎ᠠ ᠶᠢᠨ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ | ᠠᠵᠢᠯᠯᠠᠭᠠᠨ ᠤ ᠬᠢᠨᠠᠨ ᠬᠡᠮᠵᠢᠯᠲᠡ ᠪᠠ ᠳᠣᠲᠣᠭᠠᠳᠤ ᠠᠷᠠᠯᠵᠢᠶᠠᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ | ᠃ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠠᠪᠠᠭ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠮᠢᠬᠠᠨ ᠤ ᠲᠥᠷᠥᠯ ᠵᠡᠷᠭᠡ ᠴᠢᠬᠤᠯᠠ ᠲᠠᠸᠠᠷ ᠤᠨ ᠨᠥᠭᠡᠴᠡᠯᠡᠨ ᠬᠠᠮᠢᠶᠠᠷᠬᠤ ᠶᠢ | ᠬᠠᠷᠢᠭᠤᠴᠠᠨ᠎ᠠ᠃ ᠬᠦᠨᠳᠦ ᠴᠢᠬᠤᠯᠠ ᠲᠠᠸᠠᠷ ᠪᠣᠯᠤᠨ ᠦᠢᠯᠡᠳᠪᠦᠷᠢᠯᠡᠯ ᠤᠨ ᠬᠡᠷᠡᠭᠰᠡᠯ ᠤᠨ ᠬᠦᠢᠯᠭᠡᠭᠡᠨ ᠤ | ᠬᠠᠮᠢᠶᠠᠷᠤᠯᠲᠠ ᠵᠢᠴᠢ ᠠᠵᠢᠯ ᠲᠥᠷᠥᠯ ᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠷᠢᠬᠢᠨ ᠤ ᠵᠦᠢᠯ ᠤᠨ | ᠬᠦᠢᠯᠭᠡᠭᠡᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠬᠡᠷᠡᠭᠯᠡᠭᠡ ᠶᠢ ᠠᠬᠢᠭᠤᠯᠬᠤ ᠠᠵᠢᠯ ᠢ | ᠬᠠᠷᠢᠭᠤᠴᠠᠨ᠎ᠠ᠃ | ᠭᠠᠳᠠᠭᠠᠳᠤ ᠪᠡᠯᠡ ᠶᠢᠨ ᠭᠠᠳᠠᠭᠠᠳᠤ ᠪᠡᠯᠡ ᠶᠢᠨ ᠭᠠᠳᠠᠭᠠᠳᠤ ᠠᠷᠠᠯᠵᠢᠶᠠᠨ ᠤ ᠰᠲ᠋ᠣᠺ ︵ᠪᠣᠭᠤᠮᠲᠠ ᠶᠢᠨ ᠰᠲ᠋ᠣᠺ︶ | ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠄ ᠤᠯᠤᠰ ᠠᠴᠠ ᠭᠠᠳᠠᠭᠠᠳᠤ ᠶᠢᠨ ᠠᠷᠠᠯᠵᠢᠶ᠎ᠠ᠂ ᠭᠠᠳᠠᠭᠠᠳᠤ | ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ | ᠠᠵᠢᠯᠯᠠᠭᠠᠨ ᠤ ᠪᠠᠶᠢᠳᠠᠯ ᠢ ᠬᠤᠷᠢᠶᠠᠩᠭᠤᠶᠢᠯᠠᠨ ᠵᠠᠳᠠᠯᠤᠨ᠎ᠠ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢ | ᠠᠬᠢᠭᠤᠯᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ | ︔ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠲᠠᠢ ᠬᠠᠮᠵᠢᠯᠴᠠᠨ ᠴᠢᠬᠤᠯᠠ ᠠᠵᠤ ᠦᠢᠯᠡᠳᠪᠦᠷᠢ ᠶᠢᠨ | ᠦᠢᠯᠡᠳᠬᠦᠨ᠂ ᠲᠦᠭᠦᠬᠡᠶ ᠮᠠᠲ᠋ᠧᠷᠢᠶᠠᠯ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠪᠣᠯᠤᠨ ᠪᠣᠭᠤᠮᠲᠠ ᠶᠢᠨ ᠭᠠᠢᠯᠢ ᠪᠣᠯᠤᠨ ᠤᠨ ᠤ | ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ︔ ᠪᠦᠬᠦ ᠬᠤᠲᠠ ᠶᠢᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ | ᠬᠡᠯᠪᠡᠷᠢ ᠶᠢᠨ ᠬᠥᠭᠵᠢᠯᠲᠡ ᠶᠢᠨ ᠠᠵᠢᠯ ᠢ ᠲᠦᠷᠦᠭᠦᠯᠡᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ | ᠪᠣᠯᠤᠨ ᠲᠦᠩᠯᠢᠶᠣᠤ ᠬᠤᠲᠠ ᠶᠢᠨ ᠮᠠᠰᠢᠨ ᠴᠠᠬᠢᠯᠭᠠᠨ ᠤ ᠦᠢᠯᠡᠳᠬᠦᠨ ︵ᠣᠯᠠᠨ ᠤᠯᠤᠰ ᠤᠨ ᠳᠠᠭᠠᠭᠠᠴᠢᠯᠠᠯᠲᠠ | ᠵᠠᠷᠯᠠᠬᠤ ᠪᠠᠭᠲᠠᠨ᠎ᠠ︶ ᠪᠣᠯᠤᠨ ᠲᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ᠂ ᠲᠠᠷᠬᠠᠬᠤ ᠶᠢ | ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠵᠡᠷᠭᠡ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ | ᠵᠥᠪᠰᠢᠶᠡᠷᠡᠯ ᠤᠨ ᠦᠨᠡᠮᠯᠡᠯ ᠤᠨ ᠭᠠᠷᠳᠠᠮ ᠬᠦᠢᠴᠡᠳᠬᠡᠬᠦ ᠶᠢ ᠵᠣᠬᠢᠴᠠᠭᠤᠯᠤᠨ᠎ᠠ᠃ ᠪᠦᠬᠦ ᠬᠤᠲᠠ ᠶᠢᠨ | ᠦᠢᠯᠡᠴᠢᠯᠡᠭᠡᠨ ᠤ ᠠᠷᠠᠯᠵᠢᠶ᠎ᠠ᠂ ᠮᠡᠷᠭᠡᠵᠢᠯ ᠤᠨ ᠠᠷᠠᠯᠵᠢᠶ᠎ᠠ᠂ ᠦᠢᠯᠡᠴᠢᠯᠡᠭᠡᠨ ᠤ ᠭᠠᠳᠠᠭᠰᠢ | ᠳᠠᠭᠠᠭᠠᠴᠢᠯᠠᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠥᠷᠦ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠣᠯᠠᠨ ᠤᠯᠤᠰ ᠤᠨ ᠪᠠᠷᠠᠭ᠎ᠠ ᠶᠢᠨ | ᠲᠡᠭᠡᠭᠡᠪᠦᠷᠢ ᠶᠢᠨ ᠣᠷᠣᠯᠠᠨ ᠬᠦᠢᠴᠡᠳᠬᠡᠬᠦ ᠠᠵᠤ ᠠᠬᠤᠶᠢᠯᠠᠯ ᠤᠨ ᠳᠠᠩᠰᠠᠯᠠᠭᠤᠯᠬᠤ ᠠᠵᠢᠯ ᠢ ᠵᠣᠬᠢᠴᠠᠭᠤᠯᠤᠨ᠎ᠠ᠃ | ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠯᠤᠭ᠎ᠠ ᠬᠤᠯᠪᠣᠭᠳᠠᠬᠤ ᠠᠵᠢᠯ ᠢ ᠬᠠᠷᠢᠭᠤᠴᠠᠨ᠎ᠠ᠃ ᠪᠦᠬᠦ | ᠬᠤᠲᠠ ᠶᠢᠨ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ᠃ | ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠤᠯᠤᠰ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠦᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠬᠠᠤᠯᠢ ᠶᠣᠰᠣᠭᠠᠷ | ᠬᠠᠮᠢᠶᠠᠷᠤᠨ᠎ᠠ᠃ ᠭᠠᠳᠠᠭᠠᠳᠤ ᠳᠤ ᠪᠡᠯᠡ ᠣᠷᠣᠭᠤᠯᠬᠤ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠬᠥᠳᠡᠯᠮᠦᠷᠢ | ᠦᠢᠯᠡᠴᠢᠯᠡᠭᠡᠨ ᠤ ᠬᠠᠮᠲᠤᠷᠠᠯᠴᠠᠭ᠎ᠠ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ ᠵᠢᠴᠢ ᠲᠤᠭ᠎ᠠ | ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠬᠠᠮᠢᠶᠠᠷᠴᠤ᠂ ᠬᠢᠨᠠᠯᠲᠠ ᠲᠠᠯᠪᠢᠨ᠎ᠠ᠃ ᠭᠠᠳᠠᠭᠰᠢ ᠬᠥᠳᠡᠯᠮᠦᠷᠢ | ᠦᠢᠯᠡᠴᠢᠯᠡᠭᠡ ᠲᠣᠮᠢᠯᠠᠬᠤ ᠪᠠ ᠬᠢᠯᠢ ᠶᠢᠨ ᠭᠠᠳᠠᠨ᠎ᠠ ᠠᠵᠢᠯ ᠣᠯᠤᠭᠰᠠᠳ ᠤᠨ ᠡᠷᠬᠡ ᠠᠰᠢᠭ ᠢ ᠬᠠᠮᠠᠭᠠᠯᠠᠬᠤ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠭᠠᠳᠠᠭᠠᠳᠤ ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠪᠠ | ᠵᠥᠪᠳᠡᠯᠴᠡᠬᠦ ᠶᠢ ᠬᠠᠷᠢᠭᠤᠴᠠᠵᠤ᠂ ᠬᠢᠯᠢ ᠶᠢᠨ ᠭᠠᠳᠠᠨᠠᠬᠢ ᠠᠵᠤ ᠠᠬᠤᠶ ᠠᠷᠠᠯᠵᠢᠶᠠᠨ ᠤ ᠬᠤᠷᠰᠢᠯᠴᠠᠭᠠᠨ ᠤ ᠣᠷᠣᠨ ᠤ | ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠤᠨ᠎ᠠ᠃ | ᠬᠤᠤᠯᠢᠩᠭᠤᠤᠯ ᠬᠤᠲᠠ ᠶᠢᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ | ᠤᠯᠤᠰ ᠠᠴᠠ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠪᠣᠭᠤᠮᠲᠠ ᠶᠢᠨ ᠠᠵᠢᠯ ᠤᠨ | ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠦᠨ᠎ᠡ᠃ ᠣᠩᠭᠤᠴᠠᠨ ᠤ ᠭᠠᠷᠠᠮ ᠪᠣᠯᠤᠨ ᠠᠭᠠᠷ ᠤᠨ ᠠᠶᠠᠯᠠᠯ ᠤᠨ ᠪᠣᠭᠤᠮᠲᠠ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠪᠣᠭᠤᠮᠲᠠ ᠶᠢᠨ ᠣᠨᠴᠣᠭᠤᠶ | ᠬᠢᠨᠠᠨ ᠬᠠᠮᠢᠶᠠᠷᠬᠤ ᠲᠠᠯᠠᠪᠤᠷ ︵ᠣᠷᠣᠨ ᠪᠦᠰᠡ︶ ᠤᠨ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠶᠢ | ᠵᠣᠬᠢᠴᠠᠭᠤᠯᠤᠨ ᠠᠬᠢᠭᠤᠯᠵᠤ᠂ ᠭᠠᠶᠢᠯᠢ ᠪᠠᠲᠤᠯᠠᠬᠤ ᠪᠠᠷᠠᠭ᠎ᠠ ᠶᠢᠨ ᠦ᠋ᠢᠯᠭᠡᠭᠡᠨ ᠢ ᠵᠢᠯᠣᠭᠤᠳᠤᠨ ᠬᠥᠭᠵᠢᠭᠦᠯᠦᠨ᠎ᠡ᠃ | ᠬᠠᠮᠢᠶ᠎ᠠ ᠪᠦᠬᠦᠢ ᠳᠠᠯᠠᠢ ᠳᠠᠭᠠᠤ ᠭᠠᠷᠠᠮ ᠵᠢᠴᠢ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠬᠤ | ᠠᠵᠢᠯ ᠢ ᠬᠠᠷᠢᠭᠤᠴᠠᠨ᠎ᠠ᠃ | | ᠬᠠᠶ᠋ᠢᠭ᠄ | ᠬᠠᠷᠢᠯᠴᠠᠬᠤ ᠤᠲᠠᠰᠤ᠄ 0475 — 7966306 | ᠵᠠᠬᠢᠳᠠᠯ ᠨᠡᠪᠲᠡᠷᠡᠬᠦ ᠬᠠᠶ᠋ᠢᠭ᠄ ᠬᠤᠤᠯᠢᠩᠭᠤᠤᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠰᠢᠤᠳᠠᠨ ᠳ᠋ᠤᠭᠠᠷ᠄ 029200 | | |