ᠰᠣᠶᠣᠯ ᠪᠠ ᠵᠢᠭᠤᠯᠴᠢᠯᠠᠯ ᠤᠨ ᠲᠣᠪᠴᠢᠶ᠎ᠠ | | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮ ᠪᠠ | ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠵᠢᠴᠢ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠣᠶᠣᠯ ᠪᠠ ᠵᠢᠭᠤᠯᠴᠢᠯᠠᠯ ᠤᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠰᠣᠶᠣᠯ ᠪᠠ ᠵᠢᠭᠤᠯᠴᠢᠯᠠᠯ ᠤᠨ ᠦᠢᠯᠡᠰ᠂ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ | ᠰᠣᠶᠣᠯ ᠪᠠ ᠵᠢᠭᠤᠯᠴᠢᠯᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ︵ᠭᠤᠷᠪᠠ︶ ᠰᠣᠶᠣᠯ ᠪᠠ ᠵᠢᠭᠤᠯᠴᠢᠯᠠᠯ ᠤᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ ᠴᠢᠩᠭᠠᠳᠬᠠᠵᠤ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ | ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠰᠢᠨ᠎ᠡ᠃ | ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠵᠤ ᠬᠠᠮᠢᠶᠠᠷᠤᠨ᠎ᠠ᠃ | ᠰᠣᠶᠣᠯ ᠤᠨ ᠵᠢᠭᠤᠯᠴᠢᠯᠠᠯ ᠤᠨ ᠴᠢᠬᠤᠯᠠ ᠶᠡᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ | ᠪᠦᠬᠦ ᠬᠤᠲᠠ ᠶᠢᠨ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ | ᠪᠠᠶᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠡᠩᠨᠡᠭᠡ ᠶᠢᠨ ᠪᠠᠶᠢᠭᠤᠯᠤᠯᠲᠠ ᠪᠠ ᠵᠠᠬ᠎ᠠ | ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠂ ᠡᠨᠡ ᠨᠢ ᠪᠥᠬᠦ | ᠬᠤᠲᠠ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠬᠥᠲᠥᠯᠥᠨ ᠵᠢᠯᠣᠭᠤᠳᠴᠤ ᠠᠬᠢᠭᠤᠯᠬᠤ ᠶᠢ | ᠵᠢᠭᠠᠵᠤ ᠪᠤᠢ᠃ | ︵ᠲᠠᠪᠤ︶ ᠤᠳᠬ᠎ᠠ ᠵᠣᠬᠢᠶᠠᠯ ᠤᠷᠠᠯᠢᠭ ᠤᠨ ᠠᠵᠢᠯ ᠢ ᠵᠢᠯᠣᠭᠤᠳᠤᠨ ᠬᠠᠮᠢᠶᠠᠷᠴᠤ᠂ ᠤᠳᠬ᠎ᠠ ᠵᠣᠬᠢᠶᠠᠯ | ᠤᠷᠠᠯᠢᠭ ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ ᠢ ᠬᠠᠮᠢᠶᠠᠷᠤᠨ ᠵᠢᠯᠣᠭᠤᠳᠤᠨ᠎ᠠ᠄ ᠨᠡᠶᠢᠭᠡᠮ ᠵᠢᠷᠤᠮ ᠤᠨ | ᠭᠤᠤᠯᠯᠠᠬᠤ ᠥᠷᠲᠡᠭ ᠤᠨ ᠦᠵᠡᠯᠲᠡ ᠢᠯᠡᠷᠡᠭᠦᠯᠬᠦ ᠶᠢ ᠲᠦᠯᠬᠢᠨ ᠠᠬᠢᠭᠤᠯᠵᠤ᠂ ᠬᠥᠲᠥᠯᠥᠨ ᠵᠢᠯᠣᠭᠤᠳᠬᠤ᠂ | ᠲᠥᠯᠥᠭᠡᠯᠡᠬᠦ ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠤᠨ ᠦᠢᠯᠡᠳᠪᠦᠷᠢᠯᠡᠯ | ᠪᠠ ᠬᠥᠭᠵᠢᠯᠲᠡ ᠶᠢ ᠬᠥᠲᠥᠯᠥᠨ ᠵᠢᠯᠣᠭᠤᠳᠤᠨ᠎ᠠ᠃ ᠪᠦᠬᠦ ᠬᠤᠲᠠ ᠶᠢᠨ ᠴᠢᠨᠠᠷᠲᠠᠶ ᠴᠢᠬᠤᠯᠠ ᠶᠡᠭᠡ ᠤᠷᠠᠯᠢᠭ ᠤᠨ | ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ ᠃ ᠤᠯᠠᠭᠠᠨᠮᠥ᠋ᠴᠢᠷ ᠤᠨ ᠦᠢᠯᠡᠰ ᠤᠨ | ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ | ︵ᠵᠢᠷᠭᠤᠭ᠎ᠠ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ | ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠵᠢᠭᠤᠯᠴᠢᠯᠠᠯ ᠤᠨ ᠦᠢᠯᠡᠴᠢᠯᠡᠬᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ | ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ | ᠪᠠ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠄ ᠪᠦᠬᠦ | ᠬᠤᠲᠠ ᠶᠢᠨ ᠰᠣᠶᠣᠯ᠂ ᠵᠢᠭᠤᠯᠴᠢᠯᠠᠯ ᠤᠨ ᠭᠤᠤᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠬᠡᠨ ᠤ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠳᠣᠯᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠵᠠᠬ᠎ᠠ | ᠳᠡᠯᠭᠡᠭᠦᠷ ᠲᠤ ᠰᠢᠯᠵᠢᠭᠰᠡᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ | ᠲᠦᠭᠡᠮᠡᠯᠵᠢᠭᠦᠯᠬᠦ ᠪᠠ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ | ︵ᠨᠠᠢᠮᠠ︶ ᠰᠣᠶᠣᠯ᠂ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ | ᠲᠥᠯᠥᠪᠵᠢᠭᠦᠯᠵᠦ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ | ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠤᠨ ᠵᠠᠬ᠎ᠠ | ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠵᠢᠯᠲᠠ᠂ | ᠤᠶᠤᠨᠴᠢᠯᠠᠯᠳᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ | ᠨᠡᠭᠡᠭᠡᠨ ᠬᠥᠭᠵᠢᠭᠦᠯᠬᠦ ᠶᠢ ᠬᠠᠷᠢᠭᠤᠴᠠᠨ᠎ᠠ᠃ | ︵ᠶᠢᠰᠦ︶ ᠪᠦᠬᠦ ᠬᠤᠲᠠ ᠶᠢᠨ ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠦᠬᠦ ᠬᠤᠲᠠ ᠶᠢᠨ ᠰᠣᠶᠣᠯ᠂ ᠲᠡᠤᠬᠡ ᠶᠢᠨ | ᠳᠤᠷᠠᠰᠬᠠᠯᠲᠤ ᠵᠦᠢᠯ᠂ ᠵᠢᠭᠤᠯᠴᠢᠯᠠᠯ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠵᠠᠬ᠎ᠠ ᠳᠡᠯᠭᠡᠭᠦᠷ ᠤᠨ ᠡᠵᠡᠩᠨᠡᠯᠲᠡ ᠪᠠ ᠰᠣᠶᠣᠯ | ᠵᠢᠭᠤᠯᠴᠢᠯᠠᠯ ᠤᠨ ᠦᠢᠯᠡᠳᠬᠦᠨ᠂ ᠦᠢᠯᠡᠴᠢᠯᠡᠬᠡᠨ ᠤ ᠶᠠᠰᠤ ᠴᠢᠨᠠᠷ ᠲᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ | ᠬᠢᠵᠦ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠤᠨ᠎ᠠ᠃ | | ︵ᠠᠷᠪᠠ︶ ᠰᠣᠶᠣᠯ᠂ ᠵᠢᠭᠤᠯᠴᠢᠯᠠᠯ ᠤᠨ ᠠᠵᠢᠯ ᠲᠥᠷᠥᠯ ᠤᠨ ᠴᠢᠳᠠᠪᠤᠷᠢᠲᠠᠨ ᠤ ᠨᠡᠭᠡᠭᠡᠯᠲᠡ ᠪᠣᠯᠤᠨ | ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠰᠣᠶᠣᠯ ᠵᠢᠭᠤᠯᠴᠢᠯᠠᠯ ᠤᠨ ᠠᠵᠢᠯ ᠡᠷᠬᠢᠯᠡᠵᠦ ᠪᠠᠶᠢᠭ᠎ᠠ ᠬᠥᠮᠦᠰ ᠤᠨ | ᠰᠤᠷᠭᠠᠨ ᠬᠥᠮᠦᠵᠢᠯ᠂ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠂ ᠬᠠᠮᠢᠶ᠎ᠠ ᠪᠦᠬᠦᠢ ᠬᠠᠤᠯᠢ ᠳᠦᠷᠢᠮ ᠪᠣᠯᠤᠨ | ᠪᠦᠷᠢᠳᠬᠡᠬᠦ ᠳᠦᠷᠢᠮ ᠢ ᠵᠢᠯᠣᠭᠤᠳᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠰᠣᠶᠣᠯ᠂ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠬᠢᠭᠡᠳ ᠤᠬᠠᠭᠤᠯᠤᠨ | ᠳᠡᠯᠭᠡᠷᠡᠭᠦᠯᠬᠦ ᠠᠵᠢᠯ ᠢ ᠵᠢᠯᠣᠭᠤᠳᠤᠨ ᠬᠠᠮᠢᠶᠠᠷᠴᠤ᠂ ᠰᠣᠶᠣᠯ᠂ ᠵᠢᠭᠤᠯᠴᠢᠯᠠᠯ ᠤᠨ ᠭᠠᠳᠠᠭᠠᠳᠤ ᠰᠣᠯᠢᠯᠴᠠᠭᠠᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ | ︵ᠠᠷᠪᠠᠨ ᠬᠤᠶᠠᠷ︶ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠠᠪᠤᠷᠠᠬᠤ᠂ ᠬᠠᠮᠠᠭᠠᠯᠠᠬᠤ᠂ | ᠬᠠᠮᠢᠶᠠᠷᠬᠤ ᠪᠠ ᠠᠰᠢᠭᠯᠠᠬᠤ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠰᠣᠶᠣᠯ᠂ ᠵᠢᠭᠤᠯᠴᠢᠯᠠᠯ ᠤᠨ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠪᠠ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠨ᠎ᠠ | ᠃ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠵᠢᠯᠣᠭᠤᠳᠤᠨ ᠵᠣᠬᠢᠴᠠᠭᠤᠯᠵᠤ᠂ | ᠭᠡᠨᠡᠳᠲᠡ ᠶᠢᠨ ᠬᠡᠷᠡᠭ ᠢ ᠰᠡᠷᠭᠡᠶᠢᠯᠡᠨ ᠰᠢᠢᠳᠪᠦᠷᠢᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠶ᠃ | ︵ᠠᠷᠪᠠᠨ ᠳᠥᠷᠪᠡᠨ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠪᠣᠯᠤᠨ ᠠᠵᠢᠯᠯᠠᠭᠠᠨ ᠢ | ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠵᠠᠬᠢᠳᠠᠯ ᠰᠤᠷᠪᠤᠯᠵᠢᠯᠠᠯ᠂ ᠨᠢᠭᠤᠴᠠ ᠴᠢᠬᠤᠯᠠ | ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠢᠢᠳᠪᠦᠷᠢᠯᠡᠯᠳᠡ᠂ | ᠰᠣᠨᠢᠨ ᠮᠡᠳᠡᠭᠡ ᠨᠡᠶᠢᠲᠡᠯᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠵᠡᠷᠭᠡ ᠠᠵᠢᠯ ᠢ ᠡᠭᠦᠷᠭᠡᠯᠡᠨ᠎ᠡ᠃ | ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠢ ᠲᠤᠭᠤᠷᠪᠢᠪᠠ᠃ ᠪᠠᠶᠢᠭᠤᠯᠤᠯᠭ᠎ᠠ ᠶᠢᠨ ᠡᠯᠧᠺᠲᠷᠣᠨ ᠵᠠᠰᠠᠭ ᠤᠨ ᠶᠠᠪᠤᠳᠠᠯ | ᠪᠣᠯᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃ | ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠠᠵᠢᠯ ᠢ ᠬᠠᠷᠢᠭᠤᠴᠠᠨ᠎ᠠ᠃ ᠰᠠᠯᠠᠭ᠎ᠠ ᠮᠥᠴᠢᠷ ᠤᠨ | ᠲᠥᠰᠦᠪ᠂ ᠲᠥᠰᠦᠪ ᠤᠨ ᠭᠦᠢᠴᠡᠳᠭᠡᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠰᠣᠶᠣᠯ ᠪᠠ | ᠵᠤᠭᠠᠴᠠᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠪᠣᠯᠤᠨ ᠬᠠᠷᠢᠶ᠎ᠠ | ᠨᠢᠭᠡᠴᠡ ᠶᠢᠨ ᠢᠶᠠᠨ ᠳᠣᠲᠣᠭᠠᠳᠤ ᠶᠢᠨ ᠬᠢᠨᠠᠨ ᠪᠣᠳᠣᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ | ᠬᠠᠷᠢᠭᠤᠴᠠᠨ᠎ᠠ᠃ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠪᠠ ᠵᠠᠰᠠᠭ ᠤᠨ ᠣᠷᠳᠣᠨ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠶᠢ ᠬᠠᠷᠢᠭᠤᠴᠠᠨ᠎ᠠ᠃ | ︵ᠬᠤᠶᠠᠷ︶ ᠨᠡᠶᠢᠭᠡᠮ ᠤᠨ ᠰᠣᠶᠣᠯ ᠪᠠ ᠤᠷᠠᠯᠢᠭ ᠤᠨ ᠬᠤᠪᠢ᠃ ᠤᠷᠠᠯᠢᠭ ᠤᠨ ᠦᠢᠯᠡᠰ ᠪᠣᠯᠤᠨ | ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃ ᠪᠦᠬᠦ | ᠬᠤᠲᠠ ᠶᠢᠨ ᠤᠷᠠᠯᠢᠭ ᠤᠨ ᠵᠣᠬᠢᠶᠠᠨ ᠪᠦᠲᠦᠭᠡᠯᠭᠡ ᠶᠢ ᠵᠢᠯᠣᠭᠤᠳᠴᠤ᠂ ᠭᠤᠣᠯᠳᠠᠯᠭ᠎ᠠ ᠲᠠᠢ ᠰᠡᠳᠦᠪᠲᠦ ᠤᠷᠠᠯᠢᠭ ᠤᠨ | ᠵᠣᠬᠢᠶᠠᠨ ᠪᠦᠲᠦᠭᠡᠯᠭᠡ ᠶᠢᠨ ᠲᠥᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠢᠯᠡᠷᠡᠭᠦᠯᠦᠭᠰᠡᠨ᠂ ᠬᠥᠲᠥᠯᠥᠨ ᠵᠢᠯᠣᠭᠤᠳᠬᠤ ᠲᠥᠯᠥᠭᠡᠯᠡᠬᠦ ᠴᠢᠨᠠᠷᠲᠠᠢ ᠵᠢᠱᠢᠶ᠎ᠡ | ᠦᠵᠡᠭᠦᠯᠬᠦ ᠴᠢᠨᠠᠷᠲᠠᠢ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ᠎ᠡ᠃ ᠪᠦᠬᠦ ᠬᠤᠲᠠ ᠶᠢᠨ ᠴᠢᠨᠠᠷᠲᠠᠶ | ᠤᠷᠠᠯᠢᠭ ᠤᠨ ᠦᠵᠡᠭᠦᠯᠦᠯᠭᠡ ᠶᠢᠨ ᠬᠥᠪᠡᠭᠡ᠂ ᠦᠵᠡᠰᠬᠦᠯᠡᠩ ᠵᠢᠴᠢ ᠴᠢᠬᠤᠯᠠ ᠶᠡᠭᠡ ᠤᠳᠬ᠎ᠠ ᠤᠷᠠᠯᠢᠭ ᠤᠨ | ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠤᠨ᠎ᠠ᠃ ᠪᠦᠬᠦ ᠬᠤᠲᠠ ᠶᠢᠨ ᠨᠡᠶᠢᠭᠡᠮ ᠤᠨ ᠤᠷᠠᠯᠢᠭ ᠤᠨ ᠲᠦᠪᠰᠢᠨ ᠤ | ᠳᠡᠰ ᠰᠢᠯᠭᠠᠬᠤ ᠠᠵᠢᠯ ᠢ ᠬᠢᠨᠠᠵᠤ ᠬᠠᠮᠢᠶᠠᠷᠤᠨ᠎ᠠ᠃ | ᠰᠣᠶᠣᠯ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠵᠢᠴᠢ ᠣᠯᠠᠨ | ᠨᠡᠶᠢᠲᠡ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠣᠯᠠᠨ ᠨᠠᠶᠢᠳᠠ ᠶᠢᠨ | ᠰᠣᠶᠣᠯ ᠤᠨ ᠦᠢᠯᠡᠴᠢᠯᠡᠭᠡ ᠪᠠ ᠵᠤᠭᠠᠴᠠᠯ ᠤᠨ ᠣᠯᠠᠨ ᠨᠡᠶᠢᠳᠡ ᠶᠢᠨ ᠦᠢᠯᠡᠴᠢᠯᠡᠭᠡᠨ ᠤ ᠵᠢᠯᠣᠭᠤᠳᠬᠤ᠂ | ᠵᠣᠬᠢᠴᠠᠭᠤᠯᠬᠤ ᠪᠠ ᠠᠬᠢᠭᠤᠯᠬᠤ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠣᠯᠠᠨ ᠨᠡᠶᠢᠳᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠪᠰᠤᠷᠤᠨ ᠵᠢᠯᠣᠭᠤᠳᠬᠤ᠂ ᠵᠢᠱᠢᠶ᠎ᠡ | ᠦᠵᠡᠭᠦᠯᠬᠦ ᠴᠢᠨᠠᠷᠲᠠᠶ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠣᠯᠠᠨ ᠲᠦᠮᠡᠨ ᠤ ᠰᠣᠶᠣᠯ᠂ ᠴᠥᠭᠡᠨ ᠲᠣᠭᠠᠲᠤ ᠦᠨᠳᠦᠰᠦᠲᠡᠨ ᠤ ᠰᠣᠶᠣᠯ᠂ | ᠨᠠᠰᠤᠨ ᠳᠤ ᠦᠯᠦ ᠬᠦᠷᠦᠭᠰᠡᠳ ᠤᠨ ᠰᠣᠶᠣᠯ ᠪᠣᠯᠤᠨ ᠨᠠᠰᠤᠲᠠᠶᠢᠴᠤᠳ ᠤᠨ ᠰᠣᠶᠣᠯ ᠤᠨ ᠠᠵᠢᠯ ᠢ ᠵᠢᠯᠣᠭᠤᠳᠤᠨ᠎ᠠ᠃ | ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ ᠶᠢᠨ ᠲᠤᠰᠬᠠᠶ ᠮᠡᠷᠭᠡᠵᠢᠯ ᠪᠣᠯᠤᠨ ᠦᠨᠳᠦᠰᠦᠨ ᠱᠠᠲᠤᠨ ᠤ | ᠰᠣᠶᠣᠯ ᠤᠨ ᠦᠢᠯᠡᠴᠢᠯᠡᠬᠡᠨ ᠤ ᠲᠥᠪ ᠤᠨ ᠪᠦᠲᠦᠭᠡᠨ ᠪᠠᠶᠢᠭᠤᠯᠤᠯᠲᠠ ᠵᠢᠴᠢ ᠠᠰᠢᠭᠯᠠᠬᠤ ᠠᠵᠢᠯ ᠢ ᠵᠢᠯᠣᠭᠤᠳᠤᠨ᠎ᠠ᠃ | ᠣᠯᠠᠨ ᠨᠡᠶᠢᠲᠡ ᠶᠢᠨ ᠲᠤᠭᠠᠴᠢᠯᠠᠭᠰᠠᠨ ᠰᠤᠶᠤᠯ ᠪᠠ ᠡᠷᠳᠡᠨ ᠤ ᠦᠯᠡᠳᠡᠭᠳᠡᠯ ᠢ ᠬᠠᠮᠠᠭᠠᠯᠠᠬᠤ ᠠᠵᠢᠯ ᠢ | ᠵᠢᠯᠣᠭᠤᠳᠤᠨ᠎ᠠ᠃ ᠪᠦᠲᠦᠭᠡᠨ ᠪᠠᠶᠢᠭᠤᠯᠬᠤ ᠪᠠ ᠠᠰᠢᠭᠯᠠᠬᠤ ᠠᠵᠢᠯ᠃ ᠠᠷᠠᠳ ᠤᠨ ᠤᠳᠬ᠎ᠠ ᠤᠷᠠᠯᠢᠭ ᠤᠨ ᠪᠦᠯᠬᠦᠮ | ᠪᠣᠯᠤᠨ ᠰᠣᠶᠣᠯ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠡᠩᠨᠡᠭᠡ ᠶᠢᠨ ᠪᠠᠶᠢᠭᠤᠯᠤᠯᠲᠠ ᠶᠢ | ᠵᠢᠯᠣᠭᠤᠳᠤᠨ᠎ᠠ᠃ | ᠰᠣᠶᠣᠯ᠂ ᠵᠢᠭᠤᠯᠴᠢᠯᠠᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ ᠢ ᠵᠣᠬᠢᠶᠠᠨ | ᠪᠠᠶᠢᠭᠤᠯᠤᠨ ᠲᠤᠭᠤᠷᠪᠢᠨ᠎ᠠ᠃ ᠠᠵᠢᠯ ᠲᠥᠷᠥᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠨ | ᠲᠡᠭᠦᠯᠳᠡᠷᠵᠢᠭᠦᠯᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ᠬᠠᠷᠢᠭᠤᠴᠠᠬᠤ ᠶᠢᠨ ᠬᠠᠮᠲᠤ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ | ᠥᠷᠨᠢᠭᠦᠯᠪᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ | ᠬᠤᠲᠠ ᠶᠢᠨ ᠪᠠᠶᠠᠷ ᠲᠤᠷᠠᠰᠬᠠᠯ ᠤᠨ ᠶᠣᠰᠣᠯᠠᠯ ᠤᠨ ᠠᠵᠢᠯ ᠤᠨ ᠲᠤᠰᠬᠠᠢ ᠵᠦᠢᠯ ᠤᠨ ᠳᠤᠭᠤᠶᠢᠯᠠᠩ ᠢ ᠬᠢᠨᠠᠨ | ᠬᠠᠷᠭᠤᠭᠤᠯᠬᠤ᠂ ᠳᠠᠩᠰᠠᠯᠠᠭᠤᠯᠬᠤ ᠵᠡᠷᠭᠡ ᠡᠳᠦᠷ ᠳᠣᠳᠥᠮ ᠤᠨ ᠠᠵᠢᠯ ᠢ ᠡᠭᠦᠷᠭᠡᠯᠡᠨ᠎ᠡ᠃ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠷᠦ ᠶᠢᠨ ᠪᠣᠳᠣᠯᠭ᠎ᠠ ᠪᠠ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠣᠳᠠᠰ ᠤᠨ ᠪᠤᠰᠤ ᠰᠣᠶᠣᠯ ᠤᠨ | ᠥᠪ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ | ᠳᠠᠩᠰᠠ ᠡᠪᠬᠡᠮᠡᠯ ᠵᠢᠴᠢ ᠬᠠᠮᠢᠶ᠎ᠠ ᠪᠦᠬᠦᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠦᠵᠡᠭᠦᠯᠦᠯᠭᠡ᠂ ᠦᠵᠡᠭᠦᠯᠦᠯᠭᠡ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ᠂ ᠲᠦᠩᠯᠢᠶᠣᠤ ᠬᠤᠲᠠ ᠶᠢᠨ | ᠳᠡᠰ ᠤᠨ ᠪᠣᠳᠠᠰ ᠤᠨ ᠪᠤᠰᠤ ᠰᠣᠶᠣᠯ ᠤᠨ ᠥᠪ ᠵᠠᠯᠭᠠᠮᠵᠢᠯᠠᠭᠴᠢ ᠬᠢᠭᠡᠳ ᠤᠯᠠᠮᠵᠢᠯᠠᠨ ᠵᠠᠯᠭᠠᠮᠵᠢᠯᠠᠬᠤ ᠲᠥᠷᠥᠯ | ᠵᠦᠢᠯ ᠤᠨ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠲᠠ ᠶᠢᠨ ᠱᠠᠲᠤᠨ ᠤ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠨ ᠵᠠᠯᠭᠠᠮᠵᠢᠯᠠᠭᠴᠢ ᠵᠢᠴᠢ ᠤᠯᠠᠮᠵᠢᠯᠠᠨ ᠵᠠᠯᠭᠠᠮᠵᠢᠯᠠᠬᠤ ᠲᠥᠷᠥᠯ ᠵᠦᠢᠯ ᠢ ᠦᠨᠡᠯᠡᠨ ᠲᠣᠭᠲᠠᠭᠠᠬᠤ | ᠠᠵᠢᠯ ᠢ ᠬᠠᠷᠢᠭᠤᠴᠠᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠰᠤᠳᠤᠯᠬᠤ᠂ ᠤᠬᠠᠭᠤᠯᠬᠤ ᠪᠠ ᠤᠯᠠᠮᠵᠢᠯᠠᠬᠤ | ᠠᠵᠢᠯ ᠢ ᠵᠣᠬᠢᠶᠠᠨ ᠪᠠᠶᠢᠭᠤᠯᠤᠨ᠎ᠠ᠃ | ︵ᠭᠤᠷᠪᠠ︶ ᠡᠬᠢ ᠪᠠᠶᠠᠯᠢᠭ ᠢ ᠨᠡᠭᠡᠭᠡᠬᠦ ᠪᠠ ᠠᠵᠤ ᠦᠢᠯᠡᠰ ᠢ ᠬᠥᠭᠵᠢᠭᠦᠯᠬᠦ ᠠᠯᠪᠠᠨ ᠭᠡᠷ᠃ ᠰᠣᠶᠣᠯ ᠤᠨ | ᠠᠵᠤ ᠦᠢᠯᠡᠰ᠂ ᠵᠢᠭᠤᠯᠴᠢᠯᠠᠯ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠣᠶᠣᠯ ᠤᠨ ᠠᠵᠤ | ᠦᠢᠯᠡᠰ ᠤᠨ ᠬᠠᠮᠢᠶ᠎ᠠ ᠪᠦᠬᠦᠢ ᠡᠵᠡᠩᠨᠡᠯᠲᠡ ᠪᠠ ᠵᠢᠭᠤᠯᠴᠢᠯᠠᠯ ᠤᠨ ᠠᠵᠤ ᠦᠢᠯᠡᠰ ᠵᠢᠴᠢ ᠰᠢᠨ᠎ᠡ ᠡᠵᠡᠩᠨᠡᠯᠲᠡ ᠶᠢᠨ | ᠪᠠᠶᠢᠳᠠᠯ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ ᠰᠣᠶᠣᠯ᠂ ᠵᠢᠭᠤᠯᠴᠢᠯᠠᠯ ᠬᠢᠭᠡᠳ ᠬᠤᠯᠪᠣᠭᠳᠠᠯ ᠪᠦᠬᠦᠢ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ ᠤᠨ ᠠᠵᠤ ᠦᠢᠯᠡᠰ ᠪᠣᠯᠤᠨ | ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠲᠥᠯᠥᠪᠵᠢᠭᠦᠯᠪᠡ᠂ ᠨᠡᠭᠡᠭᠡᠯᠲᠡ | ᠪᠠ ᠬᠠᠮᠠᠭᠠᠯᠠᠯᠲᠠ ᠶᠢ ᠡᠭᠦᠷᠭᠡᠯᠡᠨ᠎ᠡ᠃ ᠪᠥᠬᠦ ᠬᠤᠲᠠ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ | ᠠᠬᠢᠭᠤᠯᠬᠤ ᠶᠢ ᠵᠢᠯᠣᠭᠤᠳᠴᠤ᠂ ᠰᠣᠶᠣᠯ ᠪᠠ ᠵᠢᠭᠤᠯᠴᠢᠯᠠᠯ ᠤᠨ ᠴᠢᠬᠤᠯᠠ ᠶᠡᠭᠡ ᠲᠥᠷᠥᠯ ᠵᠦᠢᠯ ᠢ ᠨᠤᠲᠠᠯᠠᠬᠤ᠂ | ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠠᠵᠢᠯ ᠢ ᠠᠬᠢᠭᠤᠯᠬᠤ ᠶᠢ ᠬᠠᠷᠢᠭᠤᠴᠠᠨ᠎ᠠ᠃ | ᠭᠤᠤᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ᠂ ᠵᠣᠷᠢᠭᠰᠠᠨ ᠭᠠᠵᠠᠷ᠂ ᠵᠠᠮ ᠱᠤᠭᠤᠮ ᠤᠨ | ᠲᠥᠯᠥᠪᠵᠢᠭᠦᠯᠭᠡ ᠶᠢ ᠵᠢᠯᠣᠭᠤᠳᠤᠨ᠎ᠠ᠃ ᠰᠣᠶᠣᠯ ᠪᠠ ᠵᠢᠭᠤᠯᠴᠢᠯᠠᠯ ᠤᠨ ᠪᠦᠲᠦᠭᠡᠭᠳᠡᠬᠦᠨ ᠤ ᠰᠢᠨ᠎ᠡ ᠶᠢ ᠡᠭᠦᠳᠬᠦ | ᠵᠢᠴᠢ ᠨᠡᠭᠡᠭᠡᠨ ᠬᠥᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠬᠤᠲᠠ ᠶᠢᠨ ᠴᠢᠬᠤᠯᠠ | ᠶᠡᠭᠡ ᠰᠣᠶᠣᠯ ᠪᠠ ᠵᠤᠭᠠᠴᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠳᠠᠭᠠᠭᠠᠨ ᠡᠷᠬᠢᠯᠡᠨᠡᠮ᠃ ᠤᠯᠤᠰ ᠤᠨ | ᠳᠣᠲᠣᠭᠠᠳᠤ ᠭᠠᠳᠠᠭᠠᠳᠤ ᠶᠢᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠪᠠ ᠤᠬᠠᠭᠤᠯᠤᠨ ᠳᠡᠯᠭᠡᠷᠡᠭᠦᠯᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠳᠦᠷᠪᠡ︶ ᠲᠡᠤᠬᠡ ᠶᠢᠨ ᠳᠤᠷᠠᠰᠬᠠᠯᠲᠤ ᠵᠦᠢᠯ ᠪᠣᠯᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠲ᠋ᠣᠺ᠃ | ᠲᠡᠤᠬᠡ ᠶᠢᠨ ᠳᠤᠷᠠᠰᠬᠠᠯᠲᠤ ᠵᠦᠶ᠋ᠯᠡᠰ ᠪᠠ ᠮᠦᠽᠧᠶ ᠶᠢᠨ ᠬᠠᠮᠢᠶᠠᠷᠤᠯᠲᠠ ᠶᠢᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠲᠥᠰᠦᠯ ᠢ ᠲᠤᠭᠤᠷᠪᠢᠨ ᠪᠢᠴᠢᠵᠦ᠂ ᠲᠡᠤᠬᠡ ᠶᠢᠨ ᠳᠤᠷᠠᠰᠬᠠᠯᠲᠤ ᠵᠦᠢᠯᠡᠰ᠂ ᠮᠦᠽᠧᠶ ᠶᠢᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠄ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠲᠠᠢ ᠬᠠᠮᠵᠢᠯᠴᠠᠨ | ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠵᠢᠯᠴᠠᠨ ᠲᠡᠤᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠰᠠᠶᠢᠲᠤᠷ | ᠬᠢᠨ᠎ᠡ᠃ ᠤᠯᠠᠮᠵᠢᠯᠠᠯᠲᠤ ᠲᠣᠰᠬᠤᠨ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠨ | ᠬᠠᠮᠢᠶᠠᠷᠬᠤ ᠠᠵᠢᠯ᠃ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠱᠠᠲᠤᠨ ᠤ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ ᠪᠠᠲᠤᠯᠠᠨ | ᠲᠠᠨᠢᠯᠴᠠᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠲᠡᠤᠬᠡ ᠶᠢᠨ ᠳᠤᠷᠠᠰᠬᠠᠯᠲᠤ ᠵᠦᠢᠯ᠂ ᠮᠦᠽᠧᠶ ᠶᠢᠨ | ᠦᠢᠯᠡᠰ ᠢ ᠵᠢᠯᠣᠭᠤᠳᠴᠤ ᠬᠠᠮᠢᠶᠠᠷᠬᠤ ᠶᠢ ᠬᠠᠷᠢᠭᠤᠴᠠᠨ᠎ᠠ︔ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠡᠤᠬᠡ ᠶᠢᠨ ᠳᠤᠷᠠᠰᠬᠠᠯᠲᠤ ᠵᠦᠢᠯ ᠪᠠ | ᠮᠦᠽᠧᠶ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃ | ᠰᠣᠶᠣᠯ ᠤᠨ ᠵᠠᠬ᠎ᠠ ᠳᠡᠯᠭᠡᠭᠦᠷ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠪᠠ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠲᠤᠭᠤᠷᠪᠢᠨ ᠲᠣᠭᠲᠠᠭᠠᠬᠤ ᠵᠢᠷᠤᠮᠵᠢᠯ ᠤᠨ | ᠡᠮᠬᠢ ᠵᠠᠮᠪᠠᠷᠠᠭ᠎ᠠ ᠶᠢᠨ ᠬᠢᠨᠠᠯᠲᠠ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠄ ᠪᠦᠬᠦ ᠬᠤᠲᠠ ᠶᠢᠨ | ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ | ᠬᠢᠨᠠᠯᠲᠠ ᠲᠠᠯᠪᠢᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠯᠡᠴᠢᠯᠡᠨ ᠮᠡᠳᠡᠭᠦᠯᠵᠦ ᠵᠠᠭᠠᠯᠳᠤᠯᠭ᠎ᠠ ᠶᠢ | ᠵᠣᠬᠢᠴᠠᠭᠤᠯᠤᠨ ᠰᠢᠪᠠᠳᠠᠨ ᠰᠢᠢᠳᠪᠦᠷᠢᠯᠡᠨ᠎ᠡ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠳᠤ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠨ᠎ᠡ᠃ ᠬᠠᠮᠢᠶᠠᠷᠤᠯᠲᠠ ᠶᠢᠨ ᠰᠣᠶᠣᠯ ᠪᠠ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠦᠢᠯᠡᠴᠢᠯᠡᠭᠡᠨ ᠤ ᠶᠠᠰᠤ ᠴᠢᠨᠠᠷ ᠪᠠ ᠠᠶᠤᠯ ᠦᠭᠡᠢ ᠦᠢᠯᠡᠳᠪᠦᠷᠢᠯᠡᠯ᠃ ᠵᠢᠭᠤᠯᠴᠢᠯᠠᠯ ᠤᠨ ᠠᠵᠤ | ᠠᠬᠤᠢ ᠶᠢᠨ ᠠᠵᠢᠯᠯᠠᠭᠠᠨ ᠢ ᠬᠢᠨᠠᠨ ᠬᠡᠮᠵᠢᠬᠦ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ᠂ | ᠵᠢᠭᠤᠯᠴᠢᠯᠠᠯ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠬᠢᠨᠠᠯᠲᠠ ᠬᠠᠮᠢᠶᠠᠷᠤᠯᠲᠠ ᠶᠢ | ᠡᠭᠦᠷᠭᠡᠯᠡᠨ᠎ᠡ᠃ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ᠂ ᠵᠢᠭᠤᠯᠴᠢᠯᠠᠯ ᠤᠨ ᠬᠥᠲᠥᠴᠢ ᠶᠢᠨ | ᠲᠡᠰ ᠤᠨ ᠰᠢᠯᠭᠠᠯᠲᠠ ᠵᠡᠷᠭᠡ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠣᠶᠣᠯ ᠪᠠ | ᠵᠢᠭᠤᠯᠴᠢᠯᠠᠯ ᠤᠨ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠬᠢᠨᠠᠨ ᠬᠠᠷᠭᠤᠭᠤᠯᠬᠤ | ᠠᠵᠢᠯ ᠢ ᠬᠠᠷᠢᠭᠤᠴᠠᠨ᠎ᠠ᠃ | ︵ᠲᠠᠪᠤ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠨᠠᠮ ᠪᠠ | ᠣᠯᠠᠨ ᠲᠦᠮᠡᠨ ᠤ ᠠᠵᠢᠯ ᠢ ᠬᠠᠷᠢᠭᠤᠴᠠᠨ᠎ᠠ᠃ | | ᠬᠠᠶ᠋ᠢᠭ᠄ | ᠬᠠᠷᠢᠯᠴᠠᠬᠤ ᠤᠲᠠᠰᠤ᠄ 0475 — 2348125 | ᠵᠠᠬᠢᠳᠠᠯ ᠨᠡᠪᠲᠡᠷᠡᠬᠦ ᠬᠠᠶ᠋ᠢᠭ᠄ ᠬᠤᠤᠯᠢᠩᠭᠤᠤᠯ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ | ᠰᠢᠤᠳᠠᠨ ᠳ᠋ᠤᠭᠠᠷ᠄ 029200 | | |