ᠬᠤᠣᠯᠢᠩᠭᠤᠣᠯ ᠬᠤᠳᠠ 2019 ᠣᠨ ᠤ ᠬᠠᠪᠣᠷ ᠤᠨ ᠣᠯᠠᠷᠢᠯ ᠤᠨ ᠶᠡᠭᠡ ᠬᠡᠯᠪᠡᠷᠢ ᠶᠢᠨ ᠠᠵᠢᠯᠳᠠᠨ ᠡᠯᠰᠡᠬᠦ ᠬᠤᠷᠠᠯ ᠵᠢᠴᠢ ︽ᠬᠠᠪᠣᠷ ᠤᠨ ᠠᠵᠢᠯᠯᠠᠭ᠎ᠠ︾ ᠳᠣᠰᠬᠠᠢ ᠳᠠᠯᠠᠪᠠᠢ ᠠᠵᠢᠯᠳᠠᠨ ᠡᠯᠰᠡᠬᠦ ᠬᠤᠷᠠᠯ ᠶᠠᠪᠣᠭᠳᠠᠭᠤᠯᠪᠠ
ᠨᠡᠶᠢᠲᠡᠯᠡᠭᠰᠡᠨ ᠴᠠᠭ᠄
2019-02-26

     ᠬᠦᠳᠡᠭᠡ ᠳᠣᠰᠬᠤᠨ ᠮᠠᠯᠵᠢᠬᠤ ᠣᠷᠣᠨ ᠤ ᠬᠦᠳᠡᠯᠮᠦᠷᠢ ᠬᠦᠴᠦ ᠶᠢ ᠣᠯᠠᠮ ᠨᠢᠬᠡ ᠠᠯᠬᠤᠮ ᠳᠦᠯᠬᠢᠨ

ᠠᠬᠢᠭᠤᠯᠵᠣ᠂ ᠣᠨᠴᠠᠭᠠᠶᠢᠯᠠᠨ ᠳᠠᠩᠰᠠᠯᠠᠵᠣ ᠺᠠᠷᠲᠯᠠᠭᠰᠠᠨ ᠬᠦᠳᠡᠭᠡ ᠳᠣᠰᠬᠤᠨ ᠮᠠᠯᠵᠢᠬᠤ ᠣᠷᠣᠨ ᠤ ᠶᠠᠳᠠᠭᠤ

ᠬᠦᠴᠢᠷᠳᠡᠯᠳᠡᠢ ᠬᠦᠳᠡᠯᠮᠦᠷᠢ ᠬᠦᠴᠦ ᠶᠢ ᠠᠵᠢᠯ ᠣᠯᠭᠤᠬᠤ ᠪᠠ ᠦᠢᠯᠡᠰ ᠴᠣᠭᠴᠠᠯᠠᠬᠤ ᠪᠠᠷ ᠰᠢᠯᠵᠢᠬᠦᠯᠬᠦ᠂ ᠬᠦᠳᠡᠭᠡ

ᠳᠣᠰᠬᠤᠨ ᠢ ᠪᠦᠬᠦ ᠳᠠᠯ᠎ᠠ ᠪᠠᠷ ᠳᠡᠮᠵᠢᠨ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢ ᠶᠠᠪᠣᠭᠳᠠᠭᠤᠯᠬᠤ ᠶᠢᠨ ᠳᠦᠯᠦᠬᠡ᠂

2 ᠰᠠᠷ᠎ᠠ ᠶᠢᠨ 23 ᠤ ᠡᠳᠦᠷ ᠬᠤᠣᠯᠢᠩᠭᠤᠣᠯ ᠬᠤᠳᠠ ︽ᠠᠵᠢᠯ ᠣᠯᠬᠤ ᠶᠢ ᠰᠢᠯᠵᠢᠬᠦᠯᠬᠦ ᠶᠢ ᠠᠬᠢᠭᠤᠯᠵᠣ᠂

ᠪᠣᠭᠤᠮᠳᠠ ᠰᠢᠪᠳᠣᠯᠠᠬᠤ ᠳᠠᠶᠢᠯᠠᠯᠳᠣᠭᠠᠨ ᠳᠤ ᠬᠦᠴᠦᠨ ᠨᠡᠮᠡᠷᠢᠯᠡᠶ᠎ᠡ︾ 2019 ᠣᠨ ᠤ ᠬᠠᠪᠣᠷ ᠤᠨ ᠣᠯᠠᠷᠢᠯ ᠤᠨ

ᠶᠡᠭᠡ ᠬᠡᠯᠪᠡᠷᠢ ᠶᠢᠨ ᠠᠵᠢᠯᠳᠠᠨ ᠡᠯᠰᠡᠬᠦ ᠵᠢᠴᠢ ︽ᠬᠠᠪᠣᠷ ᠤᠨ ᠠᠵᠢᠯᠯᠠᠭ᠎ᠠ︾ ᠳᠣᠰᠬᠠᠢ ᠳᠠᠯᠠᠪᠠᠢ ᠠᠵᠢᠯᠳᠠᠨ ᠡᠯᠰᠡᠬᠦ

ᠬᠤᠷᠠᠯ ᠶᠠᠪᠣᠭᠳᠠᠭᠤᠯᠪᠠ᠃ ᠳᠣᠰ ᠣᠳᠠᠭᠠᠨ ᠤ ᠠᠵᠢᠯᠳᠠᠨ ᠡᠯᠰᠡᠬᠦ ᠬᠤᠷᠠᠯ ᠳᠤ ᠨᠡᠶᠢᠳᠡ 34 ᠠᠵᠣ ᠠᠬᠤᠶᠢᠯᠠᠯ

ᠣᠷᠣᠯᠴᠠᠵᠣ᠂ 1086 ᠠᠵᠢᠯ ᠤᠨ ᠪᠠᠶᠢᠷᠢ ᠬᠠᠩᠭᠠᠵᠣ᠂ 1000 ᠭᠠᠷᠣᠢ ᠨᠡᠷᠡᠰ ᠠᠵᠢᠯ ᠡᠷᠢᠬᠦ ᠬᠦᠰᠡᠯ ᠲᠠᠢ

ᠬᠦᠮᠦᠰ ᠢᠷᠡᠵᠣ᠂ 600 ᠭᠠᠷᠣᠢ ᠬᠦᠮᠦᠨ ᠠᠩᠬ᠎ᠠ ᠠᠯᠬᠤᠮ ᠤᠨ ᠠᠵᠢᠯ ᠣᠯᠬᠤ ᠰᠠᠨᠠᠯ ᠢ ᠳᠣᠭᠳᠠᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号