| 2 ᠰᠠᠷ᠎ᠠ ᠶᠢᠨ 25 ᠤ ᠡᠳᠣᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 2018 ᠣᠨ ᠤ | ᠳ᠋ᠦᠩᠨᠡᠬᠦ ᠪᠠ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠢ ᠡᠷᠬᠢᠯᠡᠨ ᠬᠤᠷᠠᠯᠳᠣᠭᠤᠯᠵᠦ᠂ ᠵᠠᠰᠠᠭ ᠤᠨ ᠣᠷᠳᠣᠨ ᠤ | ᠠᠯᠪᠠᠨ ᠭᠡᠷ ᠤᠨ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠠ ᠠᠵᠢᠯ ᠤᠨ ᠠᠮᠵᠢᠯᠲᠡ | ᠪᠦᠲᠦᠮᠵᠢ ᠪᠠᠷ ᠲᠣᠪᠣᠶᠢᠮ᠎ᠠ 4 ᠲᠠᠷᠢᠬᠦᠨ ᠤ ᠲᠠᠰᠤᠭ᠂ 6 ᠨᠡᠷᠡᠰ ᠰᠢᠯᠢᠳᠡᠭ ᠡᠪ ᠬᠠᠮᠲᠦ ᠨᠠᠮ ᠤᠨ ᠬᠡᠰᠢᠬᠦᠨ᠂ 14 | ᠨᠠᠷᠠᠰ ᠲᠡᠷᠢᠬᠦᠨ ᠤ ᠬᠤᠪᠢ ᠬᠦᠮᠦᠨ ᠢ ᠬᠦᠬᠢᠬᠦᠯᠦᠨ ᠰᠠᠶᠢᠰᠢᠶᠠᠵᠠᠢ᠃ | | | | ᠬᠤᠷᠠᠯ ᠠᠴᠠ ᠵᠢᠭᠠᠨ ᠭᠠᠷᠭᠠᠭᠰᠠᠨ ᠨᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠦᠬᠦ | ᠬᠤᠲᠠ ᠶᠢᠨ ᠲᠡᠭᠡᠲᠦ ᠱᠠᠲᠣᠨ ᠳᠤ ᠮᠡᠳᠡᠬᠦᠯᠵᠦ ᠲᠣᠣᠷ᠎ᠠ ᠱᠠᠲᠣᠨ ᠳᠤ ᠲᠠᠮᠵᠢᠭᠤᠯᠬᠤ᠂ ᠣᠯᠠᠨ ᠲᠦᠮᠡᠨ ᠲᠠᠢ | ᠬᠠᠷᠢᠯᠴᠠᠬᠤ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠬᠦᠬᠦᠷᠭᠡ ᠪᠠ ᠬᠤᠯᠪᠣᠭᠠᠰᠦ ᠪᠣᠯᠣᠭᠰᠠᠨ ᠤ ᠬᠤᠪᠢ ᠳᠤ᠂ | ᠣᠯᠣᠰ ᠲᠦᠷᠦ ᠶᠢᠨ ᠵᠣᠭᠰᠣᠴᠠ ᠪᠠᠨ ᠨᠡᠩ ᠭᠤᠶᠢᠪᠠᠰᠢ ᠦᠬᠡᠢ ᠪᠠᠷᠢᠮᠳᠠᠯᠠᠵᠦ᠂ ᠨᠠᠩ ᠪᠠᠲᠦ ᠴᠢᠩᠭ᠎ᠠ ᠠᠵᠢᠯ ᠤᠨ | ᠠᠷᠭ᠎ᠠ ᠬᠡᠮᠵᠢᠶ᠎ᠡ ᠪᠠᠷ ᠣᠯᠣᠰ ᠲᠦᠷᠦ ᠶᠢᠨ ᠰᠠᠬᠢᠯᠭ᠎ᠠ ᠪᠠᠲᠦ ᠪᠠ ᠣᠯᠣᠰ ᠲᠦᠷᠦ ᠶᠢᠨ ᠶᠣᠰᠦ ᠲᠦᠷᠢᠮ ᠢ ᠴᠢᠩᠭ᠎ᠠ | ᠰᠠᠬᠢᠵᠦ᠂ ︽ᠲᠦᠷᠪᠡᠨ ᠣᠬᠠᠮᠰᠡᠷ︾ ᠢ ᠣᠯᠠᠮ ᠨᠢᠭᠡ ᠠᠯᠬᠤᠮ ᠪᠠᠲᠦ ᠪᠠᠬᠢ ᠪᠣᠢ ᠪᠣᠯᠭᠠᠵᠤ᠂ ︽ᠲᠦᠷᠪᠡᠨ ᠢᠳᠡᠭᠡᠯ | ︾ ᠢᠶᠠᠨ ᠪᠠᠳᠣᠳᠬᠠᠵᠦ᠂ ︽ᠬᠤᠶᠠᠷ ᠬᠠᠮᠠᠭᠠᠯᠠᠯᠲᠠ︾ ᠶᠢ ᠡᠷᠡᠰ ᠪᠡᠶᠡᠯᠡᠬᠦᠯᠦᠨ᠎ᠡ᠃ ᠣᠯᠣᠰ ᠲᠦᠷᠦ ᠶᠢᠨ ᠲᠠᠯ᠎ᠠ ᠪᠠᠷ | ᠬᠢᠷᠢ ᠲᠡᠩᠴᠡᠭᠰᠡᠨ᠂ ᠰᠠᠬᠢᠯᠭ᠎ᠠ ᠪᠠᠲᠦ ᠴᠢᠩᠭ᠎ᠠ᠂ ᠬᠦᠨᠲᠦ ᠡᠬᠦᠷᠭᠡ ᠶᠢ ᠡᠬᠦᠷᠭᠡᠯᠡᠵᠦ ᠴᠢᠳᠠᠬᠤ ᠠᠵᠢᠯ ᠤᠨ | ᠡᠩᠨᠡᠭᠡ ᠶᠢ ᠴᠢᠷᠮᠠᠶᠢᠨ ᠪᠠᠶᠡᠯᠡᠬᠦᠯᠬᠦ ᠬᠡᠷᠡᠭᠳᠡᠢ ᠬᠡᠰᠡᠨ ᠪᠠᠶᠢᠨ᠎ᠠ᠃ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠣᠯᠣᠰ ᠲᠦᠷᠦ ᠶᠢᠨ ᠣᠨᠣᠯ ᠤᠨ ᠰᠣᠷᠣᠯᠴᠠᠯᠭ᠎ᠠ ᠪᠠᠨ | ᠴᠢᠩᠭᠠᠳᠬᠠᠵᠦ᠂ ᠲᠣᠬᠠᠶᠢᠯᠠᠭᠰᠠᠨ ᠠᠵᠢᠯ ᠤᠨ ᠮᠡᠳᠡᠯᠭᠡ ᠶᠢᠨ ᠪᠦᠲᠦᠴᠡ ᠪᠠᠨ ᠲᠡᠬᠦᠯᠳᠡᠷᠵᠢᠬᠦᠯᠵᠦ᠂ ᠪᠦᠯᠬᠦᠮᠳᠡᠨ | ᠬᠠᠮᠵᠢᠯᠴᠠᠬᠤ᠂ ᠠᠵᠢᠯ ᠤᠨ ᠪᠠᠶᠢᠷᠢᠰᠢᠯ ᠢ ᠴᠢᠬᠤᠯᠠᠴᠢᠯᠠᠨ ᠨᠠᠶᠢᠳᠠᠪᠣᠷᠢᠵᠢᠭᠤᠯᠬᠤ ᠶᠢ ᠶᠡᠬᠡᠪᠡᠷ ᠪᠣᠢ ᠪᠣᠯᠭᠠᠵᠤ᠂ | ᠠᠯᠪᠠᠨ ᠭᠡᠷ ᠤᠨ ︽ᠬᠡᠯᠡᠪᠡᠯ ᠬᠢᠬᠦ᠂ ᠲᠣᠭᠳᠠᠭᠠᠪᠠᠯ ᠬᠢᠬᠦ᠂ ᠬᠢᠬᠦ ᠳᠡᠭᠡᠨ ᠰᠠᠶᠢᠨ ᠬᠢᠬᠦ︾ ᠠᠵᠢᠯ ᠤᠨ ᠣᠯᠠᠮᠵᠢᠯᠠᠯ ᠢ | ᠪᠦᠬᠦ ᠲᠠᠯ᠎ᠠ ᠪᠠᠷ ᠪᠠᠷᠢᠮᠳᠠᠯᠠᠵᠦ᠂ ᠦᠨᠳᠣᠷ ᠦᠷ᠎ᠠ ᠪᠦᠲᠦᠮᠵᠢ᠂ ᠦᠨᠳᠣᠷ ᠪᠠᠷᠢᠮᠵᠢᠶ᠎ᠡ ᠪᠠᠷ ᠡᠯ᠎ᠡ ᠵᠦᠢᠯ ᠤᠨ ᠠᠵᠢᠯ ᠢ | ᠪᠡᠶᠡᠯᠡᠬᠦᠯᠬᠦ ᠬᠡᠷᠡᠭᠲᠡᠢ ᠬᠡᠵᠦ ᠬᠤᠷᠠᠯ ᠠᠴᠠ ᠱᠠᠭᠠᠷᠳᠠᠵᠠᠢ᠃ | |
| ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠵᠢᠯ ᠤᠨ ᠰᠣᠷᠳᠠᠯ ᠢᠶᠠᠨ ᠬᠤᠪᠢᠷᠠᠭᠤᠯᠬᠤ ᠶᠢ
| ᠦᠷᠬᠦᠯᠵᠢᠯᠡᠨ ᠬᠦᠨᠵᠡᠭᠡᠶᠢᠷᠡᠬᠦᠯᠵᠦ᠂ ᠰᠠᠨᠠᠭᠠᠴᠢᠯᠠᠭ᠎ᠠ ᠠᠴᠠ ᠪᠠᠨ ᠲᠠᠷᠢᠬᠦᠨ ᠤ ᠬᠢ ᠪᠠᠷ ᠪᠠᠷᠢᠮᠵᠢᠶ᠎ᠡ ᠪᠣᠯᠭᠠᠨ ᠵᠦᠷᠢᠶ᠎ᠠ
| ᠪᠠᠨ ᠡᠷᠢᠵᠦ᠂ ᠣᠬᠠᠮᠰᠡᠷ ᠠᠴᠠ ᠪᠠᠨ ᠦᠪᠡᠷ ᠤᠨ ᠲᠣᠳᠠᠭᠤᠳᠠᠯ ᠢᠶᠠᠨ ᠨᠦᠬᠦᠪᠣᠷᠢᠯᠡᠵᠦ᠂ ᠭᠤᠶᠠᠴᠢ ᠦᠬᠡᠢ ᠵᠢᠳᠬᠦᠬᠦ᠂
| ᠲᠡᠰᠪᠣᠷᠢ ᠬᠠᠳᠠᠭᠤᠵᠢᠯᠲᠡᠢ ᠪᠠᠷ ᠲᠡᠮᠡᠴᠠᠬᠦ ᠠᠵᠢᠯ ᠤᠨ ᠣᠪᠣᠷ ᠢ ᠦᠷᠬᠦᠯᠵᠢᠯᠡᠨ ᠪᠠᠷᠢᠮᠳᠠᠯᠠᠵᠦ᠂ ᠬᠡᠯᠪᠡᠷᠢ ᠶᠢᠨ
| ᠦᠵᠡᠯᠲᠠ᠂ ᠨᠣᠶᠠᠨᠴᠢ ᠰᠣᠷᠳᠠᠯ ᠵᠡᠷᠭᠡ ︽ᠲᠦᠷᠪᠡᠨ ᠰᠣᠷᠳᠠᠯ︾ ᠤᠨ ᠠᠰᠠᠭᠤᠳᠠᠯ ᠢ ᠲᠦᠷᠣᠬᠦᠯᠡᠨ ᠡᠰᠡᠷᠬᠦᠴᠡᠵᠦ᠂
| ᠢᠮᠡᠭ᠌ᠲᠠ ᠣᠯᠠᠨ ᠲᠦᠮᠡᠨ ᠤ ᠪᠣᠳᠣᠯ ᠰᠠᠨᠠᠯ ᠢᠶᠠᠷ ᠠᠵᠢᠯ ᠤᠨ ᠲᠣᠰᠣᠯᠲᠡ ᠪᠣᠯᠭᠠᠵᠦ᠂ ᠠᠷᠠᠳ ᠲᠦᠮᠡᠨ ᠳᠤ
| ᠦᠢᠯᠡᠴᠢᠯᠡᠬᠦ ᠦᠨᠳᠣᠰᠦᠨ ᠵᠣᠷᠢᠯᠲᠠ ᠪᠠᠷ ᠬᠦᠨᠵᠡᠭᠡᠢ ᠦᠢᠯᠡᠳᠣᠯᠭᠡᠵᠢᠬᠦᠯᠦᠨᠡ᠃ ᠬᠤᠲᠠ ᠶᠢᠨ ᠵᠠᠰᠠᠭ ᠤᠨ
| ᠣᠷᠳᠣᠨ ᠤ ᠠᠯᠪᠠᠨ ᠭᠡᠷ ᠤᠨ ᠠᠵᠢᠯ ᠤᠨ ᠰᠢᠨ᠎ᠡ ᠪᠠᠶᠢᠳᠠᠯ ᠪᠣᠢ ᠪᠣᠯᠭᠠᠬᠤ ᠶᠢᠨ ᠲᠦᠯᠦᠭᠡ᠂ ᠪᠦᠬᠦ ᠬᠤᠲᠠ ᠶᠢᠨ
| ᠠᠵᠤ ᠠᠬᠤᠢ ᠨᠠᠶᠢᠭᠡᠮ ᠤᠨ ᠡᠷᠡᠬᠦᠯ ᠢᠶᠠᠷ ᠬᠦᠭᠵᠢᠬᠦ ᠳᠤ ᠰᠢᠨ᠎ᠡ ᠬᠤᠪᠢ ᠨᠠᠮᠠᠷᠢ ᠦᠵᠡᠬᠦᠯᠬᠦ ᠬᠡᠷᠡᠭᠲᠡᠢ ᠬᠡᠵᠦ
| ᠬᠤᠷᠠᠯ ᠠᠴᠠ ᠴᠢᠬᠤᠯᠠᠴᠢᠯᠠᠪᠠ᠃
| 2018 ᠣᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠨᠠᠶᠢᠲᠠ ᠦᠪᠡᠷᠳᠡᠭᠡᠨ ᠵᠠᠰᠠᠬᠤ
| ᠣᠷᠣᠨ᠂ ᠲᠦᠩᠯᠢᠶᠣᠣ ᠬᠤᠲᠠ ᠶᠢᠨ ᠲᠡᠰ ᠤᠨ 6 ᠵᠦᠢᠯ ᠤᠨ ᠢᠷᠡᠭᠤ ᠠᠯᠳᠠᠷ ᠬᠦᠷᠳᠡᠵᠦ᠂ ᠦᠪᠡᠷᠳᠡᠭᠡᠨ ᠵᠠᠰᠠᠬᠤ
| ᠣᠷᠣᠨ᠂ ᠲᠦᠩᠯᠢᠶᠣᠣ ᠬᠤᠲᠠ ᠶᠢᠨ ᠲᠡᠰ ᠤᠨ ᠬᠦᠬᠢᠬᠦᠯᠦᠯ 4 ᠬᠦᠮᠦᠨ ᠣᠳᠠᠭ᠎ᠠ ᠬᠦᠷᠲᠡᠪᠡ᠃
|
| | ᠢᠷᠡᠯᠲᠠ᠄ ᠵᠠᠰᠠᠭ ᠤᠨ ᠣᠷᠳᠣᠨ ᠤ ᠠᠯᠪᠠᠨ ᠭᠡᠷ ᠱᠢ ᠯᠧᠢ ᠣᠷᠴᠢᠭᠤᠯᠣᠭᠴᠢ᠄ ᠬᠦᠷᠡᠯᠵᠢᠷᠣᠭᠡ |