ᠮᠠᠯ ᠳᠠᠷᠢᠶᠠᠯᠠᠩ ᠤᠨ ᠦᠢᠯᠡᠰ ᠰᠢᠨ᠎ᠡ ᠰᠢᠪᠳᠣᠯᠣᠯᠳᠠ ᠲᠠᠢ ᠪᠣᠯᠪᠠ᠃ ᠨᠡᠶᠢᠳᠡ ᠪᠡᠶᠡᠯᠡᠬᠦᠯᠦᠭᠰᠡᠨ ᠳᠠᠷᠢᠮᠠᠯ | ᠤᠨ ᠶᠡᠷᠦᠩᠬᠡᠢ ᠳᠠᠯᠠᠪᠠᠢ 32 ᠳᠦᠮᠡᠨ ᠮᠣ᠋᠂ ᠮᠠᠯ ᠳᠡᠵᠢᠬᠡᠪᠦᠷᠢ ᠶᠢᠨ ᠶᠡᠷᠦᠩᠬᠡᠢ ᠳᠤᠭ᠎ᠠ ᠨᠢ 9.6 ᠳᠦᠮᠡᠨ | ᠳᠣᠯᠣᠭᠠᠢ᠂ ᠵᠢᠬᠦᠷᠳᠡᠨ ᠤ ᠳᠦᠷᠦᠯ ᠤᠨ ᠳᠡᠵᠢᠬᠡᠪᠦᠷᠢ ᠶᠢᠨ ᠬᠡᠮᠵᠢᠶ᠎ᠡ ᠨᠢ 6.5 ᠳᠦᠮᠡ᠂ ᠣᠳᠣᠬᠠᠨ ᠤ ᠪᠠᠶᠢᠭ᠎ᠠ | ᠬᠦᠷᠢᠶ᠎ᠡ ᠬᠡᠪᠴᠢᠶᠡᠵᠢᠯᠡᠯᠳᠡ ᠶᠢᠨ ᠳᠡᠵᠢᠬᠡᠪᠦᠷᠢ ᠶᠢᠨ ᠳᠠᠯᠠᠪᠠᠢ 5᠂ ᠳᠡᠵᠢᠬᠡᠪᠦᠷᠢ ᠶᠢᠨ ᠶᠡᠭᠡ ᠡᠷᠦᠬᠡ 374 ᠡᠷᠦᠬᠡ᠂ | ᠳᠡᠵᠢᠬᠡᠪᠦᠷᠢ ᠶᠢᠨ ᠳᠣᠰᠬᠠᠢ ᠬᠤᠷᠰᠢᠶ᠎ᠠ 27 ᠪᠣᠢ᠃ | ᠮᠠᠯᠴᠢᠨ ᠳᠠᠷᠢᠶᠠᠴᠢᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢᠯᠡᠳᠳᠡ ᠰᠠᠶᠢᠵᠢᠷᠠᠵᠠᠢ᠃ ᠬᠦᠳᠡᠭᠡ | ᠳᠣᠰᠬᠤᠨ ᠤ ᠦᠨᠳᠦᠰᠦᠨ ᠳᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠨᠢ ᠳᠠᠰᠣᠷᠠᠯᠳᠠ ᠦᠬᠡᠢ ᠴᠢᠩᠭᠠᠳᠬᠠᠵᠣ | ᠂ ᠠᠶᠣᠯᠳᠠᠢ ᠬᠡᠷ ᠪᠠᠶᠢᠰᠢᠩ ᠢ ᠦᠬᠡᠷᠡᠴᠢᠯᠡᠨ ᠪᠠᠶᠢᠭᠤᠯᠬᠤ᠂ ᠵᠠᠮ ᠵᠡᠬᠡᠯᠢ ᠶᠢ ᠬᠠᠳᠠᠭᠤᠷᠠᠭᠤᠯᠣᠭᠰᠠᠨ᠂ ᠣᠣᠭᠤᠬᠤ | ᠣᠰᠣ ᠠᠮᠣᠷ ᠳᠦᠪᠰᠢᠨ᠂ ᠰᠣᠷᠭᠠᠭᠤᠯᠢ᠂ ᠡᠷᠡᠬᠦᠯ ᠬᠠᠮᠠᠭᠠᠯᠠᠯ ᠤᠨ ᠳᠠᠰᠤᠭ᠂ ᠬᠡᠳᠣ ᠳᠡᠯᠬᠡᠬᠦᠷ᠂ ᠬᠦᠳᠡᠯᠬᠡᠬᠡᠨ ᠤ | ᠳᠠᠰᠤᠭ᠂ ᠳᠣᠰᠬᠤᠨ ᠪᠦᠷᠢ ᠳᠤ ᠴᠠᠬᠢᠯᠭᠠᠨ ᠨᠡᠪᠳᠡᠷᠡᠬᠦ᠂ ᠷᠠᠳᠢᠤ᠋ ᠲᠧᠯᠸᠢᠰ᠂ ᠨᠠᠰᠣᠵᠢᠯ ᠤᠨ ᠳᠠᠭᠠᠳᠬᠠᠯ ᠤᠨ ︽ | ᠠᠷᠪᠠᠨ ᠳᠦᠷᠦᠯ︾ ᠤᠨ ᠢᠨᠵᠧᠨᠧᠷᠢᠩ ᠨᠢ ᠪᠦᠬᠦ ᠳᠠᠯ᠎ᠠ ᠪᠠᠷ ᠬᠤᠷᠳᠣᠰᠴᠠᠢ᠃ ᠬᠤᠳᠠ ᠶᠢᠨ ᠵᠠᠮ ᠢᠶᠠᠷ ᠭᠤᠣᠯ | ᠪᠣᠯᠭᠠᠵᠣ᠂ ᠳᠣᠰᠬᠤᠨ ᠤ ᠵᠠᠮ ᠢᠶᠠᠷ ᠰᠣᠳᠠᠯ ᠪᠣᠯᠭᠠᠭᠰᠠᠨ ᠬᠦᠳᠡᠭᠡ ᠳᠣᠰᠬᠤᠨ ᠤ ᠵᠠᠰᠠᠮᠠᠯ ᠵᠠᠮ ᠤᠨ ᠳᠣᠣᠷ ᠤᠨ | ᠰᠢᠰᠲ᠋ᠧᠮ ᠢ ᠪᠡᠶᠡᠯᠡᠬᠦᠯᠵᠣ᠂ ᠬᠤᠳᠠ ᠬᠦᠳᠡᠭᠡ ᠶᠢᠨ ᠵᠠᠮ ᠢ ᠪᠦᠳᠦᠮᠵᠢᠳᠠᠢ ᠨᠡᠪᠳᠡᠷᠡᠬᠦᠯᠬᠦ ᠶᠢ ᠪᠡᠶᠡᠯᠡᠬᠦᠯᠵᠡᠢ᠃ | ᠬᠦᠳᠡᠭᠡ ᠳᠣᠰᠬᠤᠨ ᠤ ᠬᠤᠭ ᠨᠣᠪᠰᠢ ᠪᠣᠬᠢᠷ ᠣᠰᠣ ᠶᠢ ᠴᠡᠭᠴᠡᠯᠡᠨ ᠵᠠᠰᠠᠭᠰᠠᠨ ᠬᠢᠷᠢ ᠳᠦᠪᠰᠢᠨ ᠳᠣᠪᠣᠶᠢᠮ᠎ᠠ | ᠳᠡᠭᠡᠭᠰᠢᠯᠡᠵᠡᠢ᠃ ᠬᠤᠳᠠ ᠬᠦᠳᠡᠭᠡ ᠶᠢᠨ ᠣᠷᠴᠢᠨ ᠳᠣᠭᠤᠷᠢᠨ ᠤ ᠡᠷᠡᠬᠦᠯ ᠬᠠᠮᠠᠭᠠᠯᠠᠯ ᠢ ᠨᠢᠬᠡ ᠴᠣᠭᠴᠠᠵᠢᠭᠤᠯᠣᠯᠳᠠ | ᠶᠢ ᠳᠣᠰᠬᠤᠨ ᠪᠦᠷᠢ ᠳᠤ ᠪᠦᠷᠬᠦᠬᠦᠯᠵᠣ᠂ ︽ᠡᠷᠦᠬᠡ ᠶᠢ ᠴᠣᠭᠯᠠᠭᠤᠯᠣᠭᠰᠠᠨ᠂ ᠳᠣᠰᠬᠤᠨ ᠤ ᠬᠤᠷᠢᠶᠠᠯᠳᠠ᠂ | ᠳᠣᠰᠬᠤᠨ ᠤ ᠳᠡᠭᠡᠭᠡᠪᠦᠷᠢ᠂ ᠳᠣᠰᠬᠤᠨ ᠳᠤ ᠰᠢᠢᠳᠪᠦᠷᠢᠯᠡᠬᠦ︾ ᠬᠤᠭ ᠨᠣᠪᠰᠢ ᠶᠢ ᠰᠢᠢᠳᠪᠦᠷᠢᠯᠡᠬᠦ ᠵᠠᠭᠪᠣᠷ ᠪᠣᠯᠣᠨ | ︽ᠪᠦᠳᠦᠬᠡᠨ ᠪᠠᠶᠢᠭᠤᠯᠣᠯᠳᠠ ᠡᠵᠡᠩᠨᠡᠯᠳᠡ ᠶᠢ ᠨᠢᠬᠡ ᠴᠣᠭᠴᠠᠴᠢᠯᠠᠭᠰᠠᠨ ᠣᠷᠣᠨ ᠬᠡᠪᠴᠢᠶᠠᠨ ᠤ ᠵᠠᠰᠠᠯᠳᠠ︾ ᠶᠢᠨ | ᠪᠣᠬᠢᠷ ᠣᠰᠣᠨ ᠤ ᠵᠠᠰᠠᠯᠳᠠ ᠶᠢᠨ ᠵᠠᠭᠪᠣᠷ ᠪᠣᠯᠣᠨ ᠪᠦᠷᠢᠯᠳᠦᠵᠡᠢ᠃ | ᠢᠷᠡᠯᠳᠡ᠄ ᠬᠤᠳᠠ ᠶᠢᠨ ᠳᠠᠷᠢᠶᠠᠯᠠᠩ ᠮᠠᠯ ᠠᠵᠣ ᠠᠬᠤᠢ ᠶᠢᠨ ᠳᠣᠪᠴᠢᠶ᠎ᠠ ᠵᠠᠢ ᠯᠢ ᠨᠠ | ᠣᠷᠴᠢᠭᠤᠯᠣᠭᠴᠢ᠄ ᠣᠷᠠᠨᠳᠡᠷᠬᠡᠯ |