| 2019 ᠤᠨ ᠤ 3 ᠰᠠᠷ᠎ᠠ ᠶᠢᠨ 19 ᠤ ᠡᠳᠤᠷ ᠬᠤᠤᠯᠢᠩᠭᠤᠤᠯ ᠬᠤᠳᠠ ᠶᠢᠨ ᠨᠠᠢᠮᠠᠳᠤᠭᠠᠷ ᠬᠤᠭᠤᠴᠠᠭᠠᠨ | ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠬᠡᠷ᠎ᠡ | | ᠬ᠊ᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠳᠠᠷᠤᠭ᠎ᠠ ᠰᠢᠤᠸᠠᠨ ᠳ᠋ᠦᠩ ᠱᠧᠩ | | | ᠳᠦᠯᠦᠬᠡᠯᠡᠭᠴᠢᠳ ᠡ᠄ | ᠤᠳᠤ᠂ ᠪᠢ ᠬᠤᠳᠠ ᠶᠢᠨ ᠳᠤᠯᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠢ | ᠳᠦᠯᠦᠬᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠡ᠂ ᠬᠢᠨᠡᠨ ᠵᠦᠪᠯᠡᠬᠦ ᠪᠤᠯᠪᠠᠤ᠂ ᠳᠡᠷᠡᠴᠢᠯᠡᠨ ᠬᠤᠳᠠ ᠶᠢᠨ | ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ | ᠳᠤᠷᠠᠳᠬᠤ ᠪᠤᠯᠪᠠᠤ᠃ | ᠨᠢᠬᠡ᠂ 2018 ᠤᠨ ᠤ ᠠᠵᠢᠯ ᠤᠨ ᠡᠷᠬᠢᠴᠡᠬᠦᠯᠦᠯ | ᠦᠩᠬᠡᠷᠡᠭᠰᠡᠨ ᠨᠢᠬᠡ ᠵᠢᠯ ᠪᠤᠯ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠡᠬᠢᠯᠡᠯᠳᠡ ᠶᠢᠨ ᠵᠢᠯ ᠮᠦᠨ᠂ ᠡᠬᠡᠳᠡᠷᠡᠬᠡᠨ ᠪᠤᠳᠤᠯᠢᠶᠠᠨᠳᠠᠢ ᠠᠵᠤ ᠠᠬᠤᠢ | ᠶᠢᠨ ᠪᠠᠶᠢᠳᠠᠯ ᠪᠠ ᠬᠦᠨᠳᠤ ᠨᠤᠴᠢᠳᠠᠢ ᠬᠦᠭᠵᠢᠯᠳᠡ ᠶᠢᠨ ᠡᠬᠦᠷᠬᠡ ᠶᠢᠨ ᠳᠠᠷᠤᠯᠳᠠ ᠶᠢᠨ ᠡᠮᠤᠨ᠎ᠡ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ | ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ᠂ ᠠᠷᠪᠠ ᠶᠢᠰᠤᠳᠤᠬᠡᠷ ᠬᠤᠭᠤᠴᠠᠭᠠᠨ | ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠶᠡᠷᠤᠩᠬᠡᠢ ᠱᠦᠵᠢ | ᠶᠢᠨ ᠦᠪᠤᠷ ᠮᠤᠩᠭᠤᠯ ᠳᠤ ᠬᠢᠭᠰᠡᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ | ᠰᠤᠷᠤᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠬᠤᠳᠠ ᠶᠢᠨ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠬᠢᠨᠠᠯᠳᠠ ᠳᠡᠮᠵᠢᠯᠬᠡ ᠶᠢᠨ | ᠳᠤᠤᠷ᠎ᠠ᠂ ᠨᠢᠭᠳᠠᠷᠠᠨ ᠪᠦᠯᠬᠦᠮᠳᠡᠵᠤ ᠪᠦᠬᠦ ᠬᠤᠳᠠ ᠶᠢᠨ ᠦᠨᠳᠤᠰᠤᠳᠡᠨ ᠨᠦᠬᠦᠳ ᠤᠨ ᠠᠷᠠᠳ ᠳᠦᠮᠡᠨ ᠳᠤ | ᠳᠦᠰᠢᠭᠯᠡᠨ᠂ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠬᠠᠳᠠᠭᠤᠵᠢᠯᠳᠠᠢ ᠳᠡᠮᠡᠴᠡᠵᠤ᠂ ᠬᠤᠳᠠ ᠶᠢᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠠᠩᠬᠠᠳᠤᠭᠠᠷ ᠬᠤᠷᠠᠯ ᠤᠨ ᠳᠤᠭᠳᠠᠭᠠᠭᠰᠠᠨ ᠬᠠᠷᠠᠯᠳᠠ | ᠡᠬᠦᠷᠬᠡ ᠪᠠᠨ ᠬᠤᠭᠤᠴᠠᠭ᠎ᠠ ᠶᠤᠰᠤᠭᠠᠷ ᠪᠡᠶᠡᠯᠡᠬᠦᠯᠵᠤ᠂ ᠪᠦᠬᠦ ᠬᠤᠳᠠ ᠶᠢᠨ ᠠᠵᠤ ᠠᠬᠤᠢ ᠨᠡᠶᠢᠬᠡᠮ ᠤᠨ ᠬᠡᠯᠪᠡᠷᠢ | ᠪᠠᠨ ᠬᠤᠪᠢᠷᠠᠭᠤᠯᠤᠨ ᠬᠦᠭᠵᠢᠯᠲᠡ᠂ ᠪᠤᠬᠢᠷᠳᠤᠯ ᠦᠬᠡᠢ ᠬᠦᠭᠵᠢᠯᠲᠡ᠂ ᠴᠢᠨᠠᠷ ᠰᠠᠶᠢᠳᠠᠢ ᠬᠦᠭᠵᠢᠯᠲᠡ ᠶᠢ ᠬᠦᠴᠦᠨ | ᠲᠠᠢ ᠠᠬᠢᠭᠤᠯᠪᠠ᠃ | — ᠠᠵᠤ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠨᠡᠩ ᠦᠨᠳᠤᠷ ᠪᠤᠯᠪᠠ᠃ ᠰᠢᠨ᠎ᠡ | ᠬᠦᠭᠵᠢᠯᠳᠡ ᠶᠢᠨ ᠦᠢᠯᠡᠭᠠᠭᠳᠠᠬᠤᠨ ᠢ ᠢᠳᠡᠪᠬᠢᠳᠡᠢ ᠦᠢᠯᠡᠳᠤᠯᠬᠡᠵᠢᠬᠦᠯᠵᠤ᠂ ᠳᠤᠭᠳᠠᠭᠤᠨ ᠤ ᠳᠤᠮᠳᠠ | ᠤᠷᠤᠭᠰᠢᠯᠠᠬᠤ ᠠᠵᠢᠯ ᠤᠨ ᠶᠡᠷᠤᠩᠬᠡᠢ ᠬᠦᠭ ᠠᠶᠠᠰ ᠢ ᠪᠠᠳᠤ ᠴᠡᠬᠡᠵᠢᠯᠡᠵᠤ᠂ ᠭᠤᠤᠯᠳᠠᠯᠭ᠎ᠠ ᠪᠠᠨ ᠳᠤᠪᠤᠶᠢᠯᠭᠠᠨ᠂ | ᠳᠦᠷᠦ ᠶᠢᠨ ᠪᠤᠳᠤᠯᠭ᠎ᠠ ᠶᠢ ᠤᠨᠢᠨ ᠳᠡᠬᠡᠷ᠎ᠡ ᠨᠢ ᠬᠡᠷᠡᠭᠵᠢᠬᠦᠯᠵᠤ᠂ ᠤᠷᠤᠨ ᠨᠤᠳᠤᠭ ᠤᠨ ᠦᠢᠯᠡᠳᠪᠤᠷᠢᠯᠡᠯ ᠤᠨ | ᠶᠡᠷᠤᠩᠬᠡᠢ ᠦᠷᠳᠡᠭ ᠢ 166 ᠳ᠋ᠦᠩᠰᠢᠭᠤᠷ ᠳᠦᠬᠦᠷᠢᠭ ᠪᠡᠶᠡᠯᠡᠬᠦᠯᠵᠤ᠂ 2.2 % ᠪᠠᠷ ᠨᠡᠮᠡᠭᠳᠡᠪᠡ︔ ᠪᠦᠬᠦ | ᠨᠡᠶᠢᠬᠡᠮ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠵᠢᠨ᠋ ᠬᠡᠮᠵᠢᠶ᠎ᠡ ᠶᠢ 75.8% ᠪᠡᠶᠡᠯᠡᠬᠦᠯᠪᠡ᠃ | ᠨᠡᠶᠢᠬᠡᠮ ᠤᠨ ᠬᠡᠷᠡᠭᠯᠡᠬᠡᠨ ᠤ ᠡᠳ᠋ᠯᠡᠯ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠬᠡᠮᠵᠢᠶ᠎ᠡ ᠶᠢ 44.6 ᠳ᠋ᠦᠩᠰᠢᠭᠤᠷ | ᠳᠦᠬᠦᠷᠢᠭ ᠪᠡᠶᠡᠯᠡᠬᠦᠯᠵᠤ᠂ 6% ᠪᠠᠷ ᠨᠡᠮᠡᠭᠳᠡᠪᠡ︔ ᠡᠩ ᠤᠨ ᠤᠯᠠᠨ ᠨᠡᠶᠢᠳᠡ ᠶᠢᠨ ᠳᠦᠰᠦᠪ ᠤᠨ ᠤᠷᠤᠯᠭ᠎ᠠ 15. | 7 ᠳ᠋ᠦᠩᠰᠢᠭᠤᠷ ᠳᠦᠬᠦᠷᠢᠭ ᠪᠡᠶᠡᠯᠡᠬᠦᠯᠵᠤ᠂ 1.9% ᠪᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠬᠦᠮᠦᠨ ᠳᠤᠮᠳᠠᠴᠢ ᠶᠢᠨ ᠡᠵᠡᠮᠳᠠᠵᠤ ᠪᠤᠯᠬᠤ ᠤᠷᠤᠯᠭ᠎ᠠ 43081 ᠳᠦᠬᠦᠷᠢᠭ ᠲᠤ ᠬᠦᠷᠴᠤ᠂ 5. | 9% ᠪᠠᠷ ᠨᠡᠮᠡᠭᠳᠡᠵᠤ᠂ ᠶᠡᠷᠤᠩᠬᠡᠶᠢᠯᠡᠭᠰᠡᠨ ᠪᠤᠳᠠᠳᠤ ᠬᠦᠴᠦᠨ ᠳᠤᠮᠳᠠᠳᠤ ᠤᠯᠤᠰ ᠤᠨ ᠪᠠᠷᠠᠭᠤᠨ ᠬᠡᠰᠡᠭ ᠤᠷᠤᠨ ᠤ | ᠵᠠᠭᠤᠨ ᠬᠦᠴᠦᠷᠬᠡᠭ ᠰᠢᠶᠠᠨ ᠤ ᠲᠡᠰ ᠤᠨ ᠬᠤᠳᠠ ᠶᠢᠨ 26 ᠳ᠋ᠤᠭᠠᠷ ᠲᠤ ᠵᠢᠭᠰᠠᠭᠠᠭᠳᠠᠪᠠ᠃ | — ᠦᠬᠡᠷᠡᠴᠢᠯᠡᠯᠳᠡ ᠨᠡᠬᠡᠬᠡᠯᠳᠡ ᠶᠢᠨ ᠠᠮᠢᠵᠢᠷᠠᠯ ᠤᠨ ᠬᠦᠴᠦᠨ ᠨᠡᠩ ᠬᠦᠴᠦᠷᠬᠡᠭ ᠪᠤᠯᠪᠠ᠃ | ᠭᠤᠤᠯᠳᠠᠯᠭ᠎ᠠ ᠲᠠᠢ ᠬᠦᠷᠢᠶᠡᠨ ᠤ ᠦᠬᠡᠷᠡᠴᠢᠯᠡᠯᠳᠡ ᠶᠢ 124 ᠵᠤᠷᠪᠤᠰ ᠪᠡᠶᠡᠯᠡᠬᠦᠯᠵᠤ᠂ ︽ᠬᠡᠳᠤᠷᠡᠬᠦ | ᠳᠡᠭᠡᠨ ᠨᠢᠬᠡ ᠤᠳᠠᠭ᠎ᠠ ᠬᠦᠶᠦᠯᠬᠡᠬᠦ︾ ᠦᠬᠡᠷᠡᠴᠢᠯᠡᠯᠳᠡ ᠦᠪᠡᠷᠳᠡᠬᠡᠨ ᠵᠠᠰᠠᠬᠤ ᠤᠷᠤᠨ ᠤ ᠦᠯᠢᠬᠡᠷ ᠵᠢᠱᠢᠶ᠎ᠡ ᠪᠤᠯᠪᠠ᠃ | ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠦᠷᠦ ᠶᠢᠨ ᠪᠤᠳᠤᠯᠭ᠎ᠠ ᠨᠤᠭᠤᠳ ᠢ | ᠨᠠᠶᠢᠷᠠᠭᠤᠯᠤᠨ ᠳᠤᠭᠳᠠᠭᠠᠵᠤ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠨᠡᠩ ᠰᠢᠯᠢᠳᠡᠭᠵᠢᠬᠦᠯᠵᠤ᠂ | ᠳ᠋ᠦᠩᠰᠢᠭᠤᠷ ᠳᠦᠬᠦᠷᠢᠭ ᠠᠴᠠ ᠳᠡᠬᠡᠭᠰᠢᠬᠢ ᠬᠤᠳᠠᠯᠳᠤᠭᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ | 15 ᠳᠦᠷᠦᠯ ᠵᠦᠢᠯ ᠢ ᠤᠷᠤᠭᠤᠯᠵᠤ᠂ 55 ᠳ᠋ᠦᠩᠰᠢᠭᠤᠷ ᠳᠦᠬᠦᠷᠢᠭ ᠤᠨ ᠪᠡᠯᠡ ᠮᠦᠩᠬᠦ ᠨᠢᠬᠡᠨᠳᠡ ᠪᠡᠯᠡᠨ ᠪᠤᠯᠪᠠ᠃ | ᠤᠯᠤᠰ ᠤᠨ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠳᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ | ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ 4.2 ᠳ᠋ᠦᠩᠰᠢᠭᠤᠷ ᠳᠦᠬᠦᠷᠢᠭ ᠤᠨ ᠭᠠᠶᠢᠯᠢ ᠶᠢᠨ ᠳᠠᠷᠤᠭᠠᠰᠤ | ᠶᠢ ᠬᠦᠩᠬᠡᠯᠡᠪᠡ᠃ ᠶᠢᠨ ᠯᠢᠶᠠᠨ ᠬᠦᠩᠬᠡᠨᠴᠠᠭᠠᠨ ᠮᠠᠲ᠋ᠧᠷᠢᠶᠠᠯ᠂ ᠶᠤᠸᠠᠨ ᠶᠤᠸᠠᠨ ᠪᠦᠯᠦᠭᠯᠡᠯ ᠦᠪᠤᠷ ᠮᠤᠩᠭᠤᠯ ᠤᠨ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠳᠤ ᠤᠷᠤᠪᠠ᠃ | — ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠠᠯᠬᠤᠴᠠ ᠨᠡᠩ ᠳᠦᠷᠬᠡᠳᠪᠡ᠃ | ᠬᠤᠤᠯᠢᠩᠭᠤᠤᠯ ᠤᠨ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ ᠦᠪᠡᠷᠳᠡᠬᠡᠨ ᠵᠠᠰᠠᠬᠤ | ᠤᠷᠤᠨ ᠤ ᠳᠡᠰ ᠤᠨ ᠳᠡᠬᠡᠳᠤ ᠰᠢᠨ᠎ᠡ ᠮᠡᠷᠬᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠤᠷᠤᠨ ᠢᠶᠠᠷ | ᠳᠤᠭᠳᠠᠭᠠᠭᠳᠠᠪᠠ᠃ ᠴᠢᠬᠤᠯᠠ ᠰᠢᠨᠵᠢᠯᠡᠬᠦ ᠤᠬᠠᠭᠠᠨᠴᠢ ᠮᠡᠷᠬᠡᠵᠢᠯ ᠤᠨ ᠦᠷ᠎ᠡ ᠪᠦᠳᠦᠬᠡᠯ ᠢ ᠤᠯᠠᠷᠢᠭᠤᠯᠬᠤ 3 ᠵᠦᠢᠯ | ᠂ ᠵᠠᠩᠭᠢᠯᠠᠭ᠎ᠠ ᠶᠢᠨ ᠮᠡᠷᠬᠡᠵᠢᠯ ᠤᠨ ᠰᠢᠨ᠎ᠡ ᠶᠢ ᠡᠬᠦᠳᠬᠦ 10 ᠵᠦᠢᠯ ᠢ ᠬᠡᠷᠡᠭᠵᠢᠬᠦᠯᠵᠤ᠂ ᠴᠠᠬᠢᠯᠭᠠᠨ ᠢᠶᠠᠷ | ᠬᠦᠩᠬᠡᠨᠴᠠᠭᠠᠨ ᠵᠠᠳᠠᠯᠬᠤ ᠤᠳᠤᠭ᠎ᠠ ᠤᠨᠢᠶᠠᠷ ᠤᠨ ᠬᠡᠳᠤ ᠳᠤᠤᠷ᠎ᠠ ᠭᠠᠳᠠᠭᠰᠢᠯᠠᠭᠤᠯᠬᠤ ᠮᠡᠷᠬᠡᠵᠢᠯ᠂ ᠬᠤᠩ ᠵᠢᠶᠦ᠋ᠨ ᠤ | ︽ᠪᠤᠬᠢᠷᠳᠤᠯ ᠦᠬᠡᠢ ᠦᠢᠯᠡᠳᠪᠤᠷᠢ︾᠂ ᠶᠢᠨ ᠯᠢᠶᠠᠨ ᠤ ︽ᠤᠶᠤᠨᠴᠢ ᠪᠠᠷ ᠦᠢᠯᠡᠳᠬᠦ ᠳᠠᠰᠤᠭ︾ ᠵᠡᠷᠬᠡ ᠶᠢᠨ | ᠰᠢᠨᠵᠢᠯᠡᠬᠦ ᠤᠬᠠᠭᠠᠨᠴᠢ ᠮᠡᠷᠬᠡᠵᠢᠯ ᠤᠨ ᠳᠦᠷᠦᠯ ᠵᠦᠢᠯ ᠨᠢ ᠳᠡᠬᠡᠳᠤ ᠱᠠᠳᠤᠨ ᠤ ᠳᠤᠰᠬᠠᠢ ᠪᠡᠯᠡ ᠮᠦᠩᠬᠦ ᠶᠢ 470 | ᠳᠦᠮᠡᠨ ᠳᠦᠬᠦᠷᠢᠭ ᠤᠯᠵᠤ᠂ ᠰᠢᠨᠵᠢᠯᠡᠬᠦ ᠤᠬᠠᠭᠠᠨ ᠢᠶᠠᠷ ᠳᠤᠯᠭᠠᠭᠤᠷᠢᠯᠠᠬᠤ ᠨᠢ ᠬᠦᠭᠵᠢᠯᠳᠡ ᠶᠢ ᠳᠦᠷᠬᠡᠳᠬᠡᠬᠦ ᠶᠢᠨ | ᠰᠢᠨ᠎ᠡ ᠬᠦᠳᠡᠯᠬᠡᠬᠦᠷ ᠪᠤᠯᠵᠠᠢ᠃ | — ᠠᠮᠢ ᠠᠬᠤᠢ ᠶᠢᠨ ᠪᠠᠶᠢᠭᠤᠯᠤᠯᠳᠠ ᠰᠢᠯᠢᠳᠡᠭ ᠦᠷ᠎ᠡ ᠪᠦᠳᠦᠮᠵᠢ ᠤᠯᠪᠠ᠃ ︽ᠴᠤᠩᠬᠤ ᠪᠠᠨ | ᠨᠡᠬᠡᠬᠡᠪᠡᠯ ᠤᠢ ᠰᠢᠭᠤᠢ᠂ ᠬᠡᠷ ᠠᠴᠠ ᠪᠠᠨ ᠭᠠᠷᠪᠠᠯ ᠴᠡᠴᠡᠷᠯᠢᠭ᠂ ᠬᠤᠳᠠ ᠠᠴᠠ ᠪᠠᠨ ᠭᠠᠷᠪᠠᠯ ᠳᠠᠯ᠎ᠠ ᠨᠤᠳᠤᠭ︾ | ᠪᠤᠯᠬᠤ ᠪᠦᠬᠦ ᠤᠷᠤᠨ ᠤ ᠠᠮᠢ ᠠᠠᠬᠤᠢ ᠶᠢᠨ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠬᠠᠷᠠᠯᠳᠠ ᠶᠢ | ᠨᠠᠶᠢᠳᠠᠪᠤᠷᠢᠵᠢᠭᠤᠯᠵᠤ᠂ ︽ᠬᠦᠬᠡ ᠤᠭᠳᠠᠷᠭᠤᠢ᠂ ᠬᠦᠬᠡᠮᠳᠦᠭ ᠤᠰᠤ᠂ ᠦᠩ ᠰᠢᠮᠡᠬᠡᠯᠢᠭ ᠬᠦᠷᠦᠰᠤ ᠰᠢᠷᠤᠢ︾ ᠶᠢ | ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠳᠤᠳᠠᠢ ᠠᠬᠢᠭᠤᠯᠵᠤ᠂ ᠠᠭᠠᠷ ᠤᠨ ᠴᠢᠨᠠᠷ ᠴᠢᠨᠰᠠᠭ᠎ᠠ ᠢᠯᠡᠳᠳᠡ | ᠰᠠᠶᠢᠵᠢᠷᠠᠵᠤ᠂ ᠬᠢᠨᠠᠨ ᠬᠡᠮᠵᠢᠭᠰᠡᠨ ᠳᠤᠭ᠎ᠠ ᠪᠠᠷᠢᠮᠳᠠ ᠲᠠᠢ ᠪᠤᠯᠤᠭᠰᠨ ᠠᠴᠠ ᠨᠠᠭᠠᠰᠢ ᠰᠢᠯᠢᠳᠡᠭ ᠡᠳᠤᠷ ᠤᠨ ᠲᠤᠭ᠎ᠠ | ᠶᠢᠨ ᠬᠠᠷᠢᠴᠠᠯ 93.4% ᠲᠤ ᠬᠦᠷᠪᠡ᠃ ︽ᠳᠠᠷᠢᠶᠠᠯᠠᠬᠤ ᠶᠢ ᠵᠤᠭᠰᠤᠭᠠᠵᠤ ᠡᠪᠡᠰᠤ ᠪᠡᠯᠴᠢᠬᠡᠷ ᠢ ᠰᠡᠷᠬᠦᠬᠡᠬᠦ︾ ᠨᠢ | 6400 ᠮᠤ᠋᠂ ᠠᠭᠤᠯᠠ ᠶᠢ ᠪᠢᠳᠡᠬᠦᠮᠵᠢᠯᠡᠨ ᠤᠶᠢᠵᠢᠭᠤᠯᠤᠭᠰᠠᠨ ᠨᠢ 1 ᠳᠦᠮᠡᠨ ᠮᠤ᠋ ᠳᠤ ᠬᠦᠷᠴᠤ᠂ 44 ᠳᠦᠮᠡᠨ | ᠳᠡᠭᠰᠢ ᠳᠦᠷᠪᠡᠯᠵᠢᠨ ᠮᠧᠲᠷ ᠳᠠᠯᠠᠪᠠᠢ ᠶᠢ ᠰᠢᠨ᠎ᠡ ᠪᠠᠷ ᠨᠡᠮᠡᠭᠳᠡᠬᠦᠯᠦᠨ ᠨᠤᠭᠤᠭᠠᠷᠠᠭᠤᠯᠵᠤ᠂ ᠨᠤᠭᠤᠭᠠᠷᠠᠭᠤᠯᠤᠭᠰᠠᠨ | ᠪᠦᠷᠬᠦᠴᠡ ᠶᠢᠨ ᠨᠤᠷᠮ᠎ᠠ 46%᠂ ᠨᠤᠭᠤᠭᠠᠷᠠᠭᠰᠠᠨ ᠨᠤᠷᠮ᠎ᠠ 42.4% ᠳᠤ ᠬᠦᠷᠴᠦ᠂ ᠵᠢᠩ ᠬᠤ᠋ ᠤᠯᠤᠰ ᠤᠨ | ᠲᠡᠰ ᠤᠨ ᠨᠤᠭᠤ ᠭᠠᠵᠠᠷ ᠤᠨ ᠴᠡᠴᠡᠷᠯᠢᠭ ᠤᠨ ᠳᠤᠷᠰᠢᠯᠳᠠ ᠶᠢᠨ ᠴᠡᠭ ᠤᠨ ᠪᠠᠶᠢᠭᠤᠯᠤᠯᠳᠠ ᠨᠢ ᠤᠯᠤᠰ ᠤᠨ ᠤᠢ | ᠰᠢᠭᠤᠢ ᠶᠢᠨ ᠳᠤᠪᠴᠢᠶ᠎ᠠ ᠶᠢᠨ ᠵᠦᠪᠰᠢᠶᠡᠷᠡᠯ ᠢ ᠤᠯᠪᠠ᠃ | — ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠦᠴᠦᠨ ᠨᠡᠩ ᠶᠡᠬᠡᠳᠪᠡ᠃ ᠠᠷᠠᠳ ᠤᠨ ᠠᠮᠢᠳᠤᠷᠠᠯ | ᠤᠨ ᠬᠦᠷᠢᠶ᠎ᠡ ᠴᠠᠷᠠᠭᠠᠨ ᠳᠠᠬᠢ ᠵᠠᠷᠤᠯᠭ᠎ᠠ 14.9 ᠳ᠋ᠦᠩᠰᠢᠭᠤᠷ ᠳᠦᠬᠦᠷᠢᠭ ᠲᠤ ᠬᠦᠷᠴᠤ᠂ ᠡᠳ᠋ ᠤᠨ ᠵᠠᠰᠠᠭ ᠤᠨ | ᠵᠠᠷᠤᠯᠭ᠎ᠠ ᠶᠢᠨ 75.3% ᠶᠢ ᠡᠵᠡᠯᠡᠵᠡᠢ᠃ ᠶᠠᠳᠠᠭᠤ ᠡᠷᠤᠬᠡ᠂ ᠳᠤᠤᠷ᠎ᠠ ᠪᠠᠳᠤᠯᠭᠠᠳᠤ ᠡᠷᠤᠬᠡ᠂ ᠤᠨᠴᠠ | ᠬᠦᠴᠢᠷᠳᠡᠯᠳᠡᠢ ᠡᠷᠤᠬᠡ ᠶᠢᠨ ᠴᠤᠭᠴᠠ ᠶᠢᠨ ᠨᠡᠶᠢᠳᠡ 6700 ᠤᠷᠴᠢᠮ ᠬᠦᠮᠦᠨ ᠳᠤ ᠬᠤᠳᠠᠯᠳᠤᠭᠠᠨ ᠤ ᠦᠢᠯᠡᠰ | ᠤᠨ ᠡᠮᠨᠡᠯᠬᠡ ᠶᠢᠨ ᠳᠠᠭᠠᠳᠬᠠᠯ ᠢ ᠳᠦᠯᠦᠪᠤᠷᠢ ᠦᠬᠡᠢ ᠪᠠᠷ ᠰᠢᠢᠳᠪᠤᠷᠢᠯᠡᠨ ᠦᠭᠴᠤ᠂ ᠠᠬᠠᠮᠠᠳ ᠨᠠᠰᠤᠳᠠᠨ᠂ | ᠬᠡᠤᠬᠡᠳ ᠲᠤ ᠳᠦᠯᠦᠪᠤᠷᠢ ᠦᠬᠡᠢ ᠪᠠᠷ ᠨᠢᠰᠬᠡᠯ ᠳᠤ ᠰᠠᠭᠤᠬᠤ ᠪᠠ ᠳᠡᠷᠬᠡᠨ ᠳᠤ ᠰᠠᠭᠤᠬᠤ ᠦᠢᠯᠡᠴᠢᠯᠡᠬᠡᠨ ᠢ | ᠬᠠᠩᠭᠠᠨ ᠦᠭᠴᠡᠢ᠂ 2018 ᠤᠨ ᠳᠤ ᠳᠤᠭᠳᠠᠭᠠᠭᠰᠠᠨ 6 ᠳᠦᠷᠦᠯ 10 ᠵᠦᠢᠯ ᠤᠨ ᠠᠷᠠᠳ ᠤᠨ ᠠᠮᠢᠳᠤᠷᠠᠯ | ᠤᠨ ᠪᠤᠳᠠᠳᠤ ᠶᠠᠪᠤᠳᠠᠯ ᠳᠤ ︽ᠳᠠᠭᠠᠯᠠᠮᠵᠢᠳᠠᠢ ᠬᠠᠷᠢᠭᠤᠯᠳᠠ ᠶᠢᠨ ᠬᠠᠭᠤᠳᠠᠰᠤ︾ ᠳᠣᠰᠢᠶᠠᠵᠣ᠂ ᠠᠷᠠᠳ ᠤᠯᠠᠨ ᠤ | ᠠᠮᠢᠳᠤᠷᠠᠯ ᠳᠤ ᠨᠡᠩ ᠢᠯᠡᠬᠦᠤ ᠬᠦᠷᠳᠡᠬᠡᠮᠵᠢ ᠶᠢᠨ ᠳᠦᠷᠦᠭᠳᠡᠯ᠂ ᠵᠤᠯ ᠵᠢᠷᠭᠠᠯᠳᠤ ᠳᠦᠷᠦᠭᠳᠡᠯ ᠢ ᠠᠪᠴᠢᠷᠠᠵᠤ | ᠦᠭᠬᠦᠭᠰᠡᠨ ᠪᠠᠶᠢᠨ᠎ᠠ᠃ | ᠨᠢᠬᠡ ᠵᠢᠯ ᠤᠨ ᠳᠤᠷᠰᠢ᠂ ᠪᠢᠳᠡ ᠭᠤᠤᠯᠳᠠᠭᠤ ᠳᠤᠤᠷᠠᠬᠢ ᠠᠵᠢᠯ ᠨᠤᠭᠤᠳ ᠢ ᠬᠢᠭᠰᠡᠨ ᠪᠠᠶᠢᠨ᠎ᠠ᠄ | ︵ᠨᠢᠬᠡ︶ ᠭᠤᠤᠯᠳᠠᠯᠭ᠎ᠠ ᠶᠢ ᠠᠳᠬᠤᠨ᠂ ᠳᠣᠳᠠᠭᠤᠳᠠᠯ ᠢ ᠨᠦᠬᠦᠪᠤᠷᠢᠯᠡᠵᠤ᠂ ᠭᠤᠷᠪᠠᠨ ᠶᠡᠭᠡ ᠰᠢᠪᠳᠤᠯᠤᠯᠳᠠ | ᠶᠢᠨ ᠳᠠᠶᠢᠯᠠᠯᠳᠤᠭᠠᠨ ᠢ ᠰᠠᠶᠢᠳᠤᠷ ᠡᠬᠢᠯᠡᠬᠦᠯᠵᠡᠢ᠃ ᠦᠷᠢ ᠦᠭᠴᠡᠭᠡ ᠶᠢ ᠠᠷᠢᠯᠭᠠᠬᠤ ᠠᠩᠬᠠᠨ ᠤ ᠳᠠᠶᠢᠯᠠᠯᠳᠤᠭᠠᠨ | ᠢᠯᠠᠯᠳᠠ ᠲᠠᠢ ᠳᠡᠬᠦᠰᠪᠡ᠃ ᠳᠡᠤᠬᠡ ᠶᠢᠨ ᠦᠷᠢ ᠦᠭᠴᠡᠭᠡ ᠶᠢᠨ ᠶᠡᠷᠤᠩᠬᠡᠢ ᠬᠡᠮᠵᠢᠶ᠎ᠡ ᠶᠡᠭᠡ᠂ ᠦᠷᠢ ᠦᠭᠴᠡᠭᠡ ᠶᠢ | ᠠᠷᠢᠯᠭᠠᠬᠤ ᠵᠠᠩᠭᠢᠯᠠᠭ᠎ᠠ ᠶᠢᠨ ᠴᠠᠭ ᠤᠷᠤᠭᠰᠠᠨ ᠦᠷᠢᠰᠤᠯᠳᠤᠬᠡᠨ ᠳᠤ ᠬᠠᠨᠳᠤᠭᠤᠯᠤᠨ ᠵᠤᠷᠢᠭᠳᠠᠢ ᠪᠠᠷ ᠡᠬᠦᠷᠬᠡ | ᠡᠬᠦᠷᠬᠡᠯᠡᠵᠤ᠂ ᠤᠯᠠᠨ ᠵᠦᠢᠯ ᠤᠨ ᠠᠷᠭ᠎ᠠ ᠪᠠᠷ ᠪᠤᠭᠤᠮᠳᠠ ᠰᠢᠪᠳᠤᠯᠵᠤ᠂ ᠵᠠᠰᠠᠭ ᠤᠨ ᠤᠷᠳᠤᠨ ᠤ ᠦᠷᠢ ᠠᠪᠴᠠᠭᠠᠨ | ᠤ ᠡᠷᠬᠡ ᠶᠢ ᠴᠡᠪᠡᠷᠯᠡᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠦᠨ᠎ᠡ ᠬᠠᠰᠤᠨ ᠬᠤᠳᠠᠯᠳᠤᠨ ᠠᠪᠬᠤ | ᠵᠡᠷᠬᠡ ᠠᠷᠭ᠎ᠠ ᠬᠡᠯᠪᠡᠷᠢ ᠪᠠᠷ ᠳᠠᠮᠵᠢᠨ ᠵᠠᠰᠠᠭ ᠤᠨ ᠤᠷᠳᠤᠨ ᠤ 18.78 ᠳ᠋ᠦᠩᠰᠢᠭᠤᠷ ᠦᠷᠢ ᠦᠭᠴᠡᠭᠡ ᠶᠢ | ᠠᠷᠢᠯᠭᠠᠵᠤ᠂ ᠵᠢᠯ ᠤᠨ ᠳᠤᠭᠳᠠᠭᠠᠭᠰᠠᠨ ᠡᠬᠦᠷᠬᠡ ᠠᠴᠠ 2000 ᠳᠦᠮᠡᠨ ᠳᠦᠬᠦᠷᠢᠭ ᠳᠠᠪᠠᠭᠤᠯᠤᠨ ᠪᠡᠶᠡᠯᠡᠬᠦᠯᠵᠤ᠂ | ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠭᠰᠠᠨ ᠠᠵᠢᠯ ᠨᠢ ᠦᠪᠡᠷᠳᠡᠬᠡᠨ ᠵᠠᠰᠠᠬᠤ ᠤᠷᠤᠨ ᠤ ᠱᠠᠩᠨᠠᠯ | ᠤᠨ ᠮᠦᠩᠬᠦ 1735 ᠳᠦᠮᠡᠨ ᠳᠦᠬᠦᠷᠢᠭ ᠤᠯᠵᠠᠢ᠃ ︽ᠠᠷᠪᠠ ᠶᠢ ᠪᠦᠷᠬᠦᠬᠦᠯᠬᠦ︾ ᠠᠷᠪᠠᠨ ᠵᠦᠢᠯ ᠤᠨ | ᠢᠨᠵᠧᠨᠧᠷᠢᠩ ᠤᠨ ᠦᠷᠢ ᠪᠦᠬᠦᠨ ᠢ ᠳᠦᠯᠦᠵᠤ ᠳᠠᠭᠤᠰᠬᠠᠪᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ | ᠶᠢ ᠪᠠᠬᠢᠵᠢᠬᠦᠯᠦᠨ ᠳᠡᠬᠡᠭᠰᠢᠯᠡᠬᠦᠯᠪᠡ᠃ ᠶᠠᠳᠠᠭᠤ ᠡᠷᠤᠬᠡ ᠶᠢᠨ ᠬᠦᠮᠦᠨ ᠳᠤᠮᠳᠠᠴᠢ ᠶᠢᠨ ᠵᠢᠯ ᠤᠨ ᠤᠷᠤᠯᠭ᠎ᠠ | 10280 ᠳᠦᠬᠦᠷᠢᠭ ᠲᠤ ᠬᠦᠷᠴᠤ᠂ ᠳᠦᠷᠦ ᠶᠢᠨ ᠪᠤᠳᠤᠯᠭ᠎ᠠ ᠶᠢ ᠴᠢᠩᠭ᠎ᠠ ᠡᠵᠡᠮᠰᠢᠵᠤ᠂ ᠬᠦᠳᠡᠯᠤᠩᠬᠦᠢ ᠪᠠᠶᠢᠳᠠᠯ | ᠤᠨ ᠳᠠᠨᠢᠯᠳᠠ ᠶᠢ ᠤᠨᠢᠨ ᠳᠡᠬᠡᠷ᠎ᠡ ᠨᠢ ᠬᠡᠷᠡᠭᠵᠢᠬᠦᠯᠵᠤ᠂ ᠡᠯ᠎ᠡ ᠳᠦᠷᠦᠯ ᠤᠨ ᠠᠵᠢᠯ ᠢᠶᠠᠨ ᠨᠠᠷᠢᠯᠢᠭᠵᠢᠭᠤᠯᠤᠭᠰᠠᠨ | ᠠᠴᠠ ᠶᠠᠳᠠᠭᠤ ᠡᠷᠤᠬᠡ ᠰᠢᠨ᠎ᠡ ᠪᠠᠷ ᠨᠡᠮᠡᠭᠳᠡᠭᠰᠡᠨ ᠦᠬᠡᠢ᠃ ᠪᠤᠬᠢᠷᠳᠤᠯ ᠤᠨ ᠰᠡᠷᠬᠡᠶᠢᠯᠡᠨ ᠵᠠᠰᠠᠯᠳᠠ ᠶᠢ ᠬᠦᠨᠵᠡᠬᠡᠢ | ᠠᠬᠢᠭᠤᠯᠪᠠ᠃ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠵᠢᠴᠢ ︽ | ᠡᠷᠬᠢᠨ ᠬᠠᠷᠠᠬᠤ︾ ᠳᠤ ᠳᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠠᠭᠤᠷᠬᠠᠢ | ᠶᠢᠨ ᠠᠮᠢ ᠠᠬᠤᠢ ᠶᠢ ᠴᠡᠭᠴᠡᠯᠡᠨ ᠵᠠᠰᠠᠬᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠤᠷᠴᠢᠨ ᠳᠤᠭᠤᠷᠢᠨ ᠤ | ᠠᠰᠠᠭᠤᠳᠠᠯ ᠢ ᠳᠤᠰᠬᠠᠶᠢᠯᠠᠨ ᠴᠡᠭᠴᠡᠯᠡᠨ ᠵᠠᠰᠠᠬᠤ ᠳᠦᠰᠦᠯ ᠢ ᠳᠤᠭᠳᠠᠭᠠᠨ ᠬᠡᠷᠡᠭᠵᠢᠬᠦᠯᠵᠤ᠂ 1.54 ᠳ᠋ᠦᠩᠰᠢᠭᠤᠷ | ᠳᠦᠬᠦᠷᠢᠭ ᠤᠨ ᠪᠡᠯᠡ ᠤᠷᠤᠭᠤᠯᠤᠨ 1.29 ᠳᠦᠮᠡᠨ ᠮᠤ᠋ ᠶᠢᠨ ᠠᠭᠤᠷᠬᠠᠢ ᠶᠢᠨ ᠠᠮᠢ ᠠᠬᠤᠢ ᠶᠢᠨ ᠤᠷᠴᠢᠨ | ᠳᠤᠭᠤᠷᠢᠨ ᠢ ᠴᠡᠭᠴᠡᠯᠡᠨ ᠵᠠᠰᠠᠯᠳᠠ ᠶᠢ ᠪᠡᠶᠡᠯᠡᠬᠦᠯᠵᠤ᠂ ᠬᠤᠤᠯᠢᠨ ᠭᠤᠤᠯ ᠤᠨ ᠡᠮᠤᠨ᠎ᠡ ᠬᠤᠶᠢᠨᠠᠬᠢ ᠶᠢᠨ ᠵᠠᠳᠠᠭᠠᠢ | ᠨᠡᠬᠦᠷᠡᠰᠤᠨ ᠠᠭᠤᠷᠬᠠᠢ ᠶᠢᠨ ᠡᠷᠬᠡᠪᠰᠢ ᠵᠠᠰᠠᠬᠤ 2074 ᠮᠤ᠋ ᠶᠢᠨ ᠠᠭᠤᠷᠬᠠᠢ ᠶᠢᠨ ᠰᠢᠷᠤᠢ ᠭᠠᠷᠭᠠᠬᠤ ᠳᠠᠯᠠᠪᠤᠷ ᠤᠨ | ᠴᠡᠭᠴᠡᠯᠡᠨ ᠵᠠᠰᠠᠯᠳᠠ ᠶᠢ ᠦᠨᠳᠤᠰᠤᠨ ᠳᠡᠭᠡᠨ ᠪᠡᠶᠡᠯᠡᠬᠦᠯᠵᠤ᠂ ᠳᠦᠷᠢᠮ ᠠᠴᠠ ᠵᠦᠷᠢᠴᠡᠨ ᠨᠤᠳᠤᠭ ᠳᠡᠪᠢᠰᠬᠡᠷ ᠢ | ᠡᠵᠡᠯᠡᠭᠰᠡᠨ 73 ᠵᠦᠢᠯ ᠤᠨ ᠬᠡᠷᠡᠭ ᠢ ᠰᠢᠢᠳᠬᠡᠪᠡ᠃ ︽ᠭᠤᠤᠯ ᠮᠦᠷᠡᠨ ᠨᠠᠭᠤᠷ ᠴᠦᠬᠦᠷᠤᠮ ᠤᠨ ᠳᠠᠷᠤᠭ᠎ᠠ ᠶᠢᠨ | ᠳᠦᠷᠢᠮ︾ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠪᠤᠷᠤᠬᠤᠵᠢᠷ ᠤᠭᠳᠤᠯᠤᠭᠠᠰᠤ ᠶᠢᠨ ᠤᠰᠤᠨ ᠤ ᠴᠢᠨᠠᠷ | ᠢᠯᠡᠳᠳᠡ ᠰᠠᠶᠢᠵᠢᠷᠠᠪᠠ᠃ ᠪᠢᠳᠡᠬᠦᠮᠵᠢᠯᠡᠭᠰᠡᠨ ᠬᠡᠯᠪᠡᠷᠢ ᠶᠢᠨ ᠨᠡᠬᠦᠷᠡᠰᠤ ᠳᠦᠪᠯᠡᠷᠡᠬᠦᠯᠦᠨ ᠳᠡᠬᠡᠬᠡᠪᠤᠷᠢᠯᠡᠬᠦ ᠰᠠᠩ | ᠬᠠᠳᠠᠭᠠᠯᠠᠮᠵᠢ ᠶᠢᠨ15 ᠳᠠᠯᠠᠪᠤᠷ ᠦᠷᠳᠡᠭᠡ ᠶᠢ ᠡᠬᠢᠯᠡᠨ ᠪᠠᠶᠢᠭᠤᠯᠵᠤ᠂ ᠵᠠᠳᠠᠭᠠᠢ ᠨᠡᠬᠦᠷᠡᠰᠤ ᠬᠠᠳᠠᠭᠠᠠᠯᠠᠬᠤ 15 | ᠳᠠᠯᠠᠪᠤᠷ ᠦᠷᠳᠡᠭᠡ ᠶᠢ ᠬᠠᠤᠯᠢ ᠶᠤᠰᠤᠭᠠᠷ ᠵᠤᠭᠰᠤᠭᠠᠪᠠ︔ ᠶᠤᠸᠠᠨ ᠶᠤᠸᠠᠨ᠂ ᠮᠠᠨᠳᠤᠯ᠎ᠠ ᠨᠡᠬᠦᠷᠡᠰᠤᠨ ᠠᠭᠤᠷᠬᠠᠢ | ᠶᠢᠨ 9 ᠭᠠᠵᠠᠷ ᠤᠨ ᠭᠠᠯ ᠤᠨ ᠴᠡᠭ ᠤᠨ ᠪᠦᠬᠦᠨ ᠢ ᠤᠨᠳᠠᠷᠠᠭᠠᠪᠠ︔ 2 ᠰᠠᠭᠤᠷᠢ ᠢᠯᠴᠢ ᠶᠢᠨ ᠴᠠᠬᠢᠯᠭᠠᠨ ᠮᠠᠰᠢᠨ | ᠪᠦᠯᠦᠭ ᠤᠨ ᠬᠡᠳᠤ ᠳᠤᠤᠷ᠎ᠠ ᠭᠠᠳᠠᠭᠰᠢᠯᠠᠭᠤᠯᠬᠤ ᠰᠢᠨᠡᠳᠬᠡᠨ ᠦᠬᠡᠷᠡᠴᠢᠯᠡᠯᠳᠡ ᠶᠢ ᠪᠡᠶᠡᠯᠡᠬᠦᠯᠪᠡ︔ 15 ᠵᠦᠢᠯ ᠤᠨ | ᠴᠠᠬᠢᠯᠭᠠᠨ ᠢᠶᠠᠷ ᠬᠦᠩᠬᠡᠨᠴᠠᠭᠠᠨ ᠢ ᠵᠠᠳᠠᠯᠬᠤ ᠶᠢᠨ ᠵᠤᠬᠢᠶᠠᠨ ᠪᠠᠶᠢᠭᠤᠯᠤᠯᠳᠠ ᠦᠬᠡᠢ ᠪᠠᠷ ᠭᠠᠳᠠᠭᠰᠢᠯᠠᠭᠤᠯᠵᠤ ᠪᠠᠶᠢᠭ᠎ᠠ | ᠶᠢ ᠵᠠᠰᠠᠬᠤ ᠮᠡᠷᠬᠡᠵᠢᠯ ᠢ ᠠᠰᠢᠭᠯᠠᠯᠳᠠ ᠳᠤ ᠤᠷᠤᠭᠤᠯᠪᠠ︔ 7 ᠳᠦᠬᠦᠷ ᠴᠠᠬᠢᠯᠭᠠᠨ ᠢᠶᠠᠷ ᠬᠦᠩᠬᠡᠨᠴᠠᠭᠠᠨ ᠢ | ᠵᠠᠳᠠᠯᠬᠤ ᠤᠳᠤᠭ᠎ᠠ ᠤᠨᠢᠶᠠᠷ ᠤᠨ ᠬᠡᠳᠤ ᠳᠤᠤᠷ᠎ᠠ ᠭᠠᠳ᠋ᠭᠰᠢᠯᠠᠭᠤᠯᠬᠤ ᠰᠢᠰᠲ᠋ᠧᠮ ᠢ ᠳᠤᠭᠳᠠᠭᠤᠨ ᠢᠶᠠᠷ | ᠡᠷᠬᠢᠯᠳᠤᠬᠦᠯᠵᠤ᠂ ᠳᠤᠮᠳᠠᠳᠤ ᠤᠯᠤᠰ ᠤᠨ ᠢᠨᠵᠧᠨᠧᠷᠢᠩ ᠤᠨ ᠠᠺᠠᠳᠧᠮᠢᠴᠢ ᠶᠢᠨ ᠮᠡᠷᠬᠡᠵᠢᠯᠳᠡᠨ ᠤ ᠳᠤᠭᠤᠶᠢᠯᠠᠩ ᠤᠨ | ᠳᠤᠭᠳᠠᠭᠠᠭᠰᠠᠨ ᠢᠶᠠᠷ ᠡᠯ᠎ᠡ ᠵᠦᠢᠯ ᠤᠨ ᠭᠠᠳ᠋ᠭᠰᠢᠯᠠᠭᠤᠯᠬᠤ ᠳᠤᠭ᠎ᠠ ᠨᠢ ᠳᠡᠯᠡᠬᠡᠢ ᠶᠢᠨ ᠳᠡᠷᠢᠬᠦᠨ ᠤ ᠬᠡᠮᠵᠢᠶᠡᠨ ᠳᠤ | ᠬᠦᠷᠪᠡ᠃ ︽ᠬᠦᠬᠡᠮᠳᠦᠭ ᠤᠰᠤ ᠬᠦᠬᠡ ᠠᠭᠤᠯᠠ ᠨᠢ ᠠᠯᠳᠠ ᠮᠦᠩᠬᠦᠨ ᠠᠭᠤᠯᠠ ᠲᠠᠢ ᠬᠠᠷᠢᠯᠴᠠᠨ ᠳᠦᠰᠢᠯᠴᠡᠵᠤ᠂ | ᠬᠦᠬᠡ ᠤᠭᠳᠠᠷᠭᠤᠢ ᠴᠠᠭᠠᠨ ᠡᠬᠦᠯᠡ ᠨᠢ ᠤᠳᠤᠬᠢᠴᠢᠯᠠᠭᠰᠠᠨ ᠠᠵᠤ ᠦᠢᠯᠡᠳᠪᠤᠷᠢ ᠲᠠᠢ ᠡᠶ᠎ᠡ ᠵᠤᠬᠢᠴᠠᠯᠳᠤᠭᠤᠯᠤᠨ | ᠬᠠᠮᠳᠤ ᠪᠠᠷ ᠠᠮᠢᠳᠤᠷᠠᠬᠤ︾ ᠪᠤᠯ ᠶᠠᠭ ᠰᠠᠶᠢᠬᠠᠨ ᠬᠤᠤᠯᠢᠩᠭᠤᠤᠯ ᠤᠨ ᠠᠮᠢ ᠠᠬᠤᠢ ᠶᠢᠨ ᠨᠡᠷᠡᠳᠤ ᠳᠡᠮᠳᠡᠭ ᠪᠤᠯᠵᠤ | ᠪᠠᠶᠢᠨ᠎ᠠ᠃ | ︵ᠬᠤᠶᠠᠷ︶ ᠳᠦᠷᠦᠯ ᠵᠦᠢᠯ ᠢ ᠠᠳᠬᠤᠵᠤ᠂ ᠶᠠᠰᠤ ᠴᠢᠨᠠᠷ ᠢ ᠳᠡᠬᠡᠭᠰᠢᠯᠡᠬᠦᠯᠦᠨ᠂ ᠠᠵᠤ ᠦᠢᠯᠡᠰ ᠤᠨ | ᠪᠦᠳᠦᠴᠡ ᠶᠢ ᠰᠢᠯᠢᠳᠡᠭᠵᠢᠬᠦᠯᠦᠨ ᠳᠡᠰ ᠳᠡᠪᠰᠢᠬᠦᠯᠪᠡ᠃ ᠭᠤᠤᠯᠯᠠᠬᠤ ᠠᠵᠤ ᠦᠢᠯᠡᠰ ᠤᠨ ᠬᠤᠷᠳᠤᠴᠠ ᠶᠢ | ᠳᠦᠷᠬᠡᠳᠬᠡᠨ ᠦᠷ᠎ᠡ ᠠᠰᠢᠭ ᠢ ᠨᠡᠮᠡᠭᠳᠡᠬᠦᠯᠪᠡ᠃ ᠠᠵᠤ ᠦᠢᠯᠡᠳᠪᠤᠷᠢ ᠶᠢᠨ ᠳᠤᠭᠳᠠᠮᠠᠯ ᠬᠦᠷᠦᠩᠬᠡ ᠶᠢᠨ ᠪᠡᠯᠡ | ᠤᠷᠤᠭᠤᠯᠤᠯᠳᠠ ᠶᠢᠨ 41 ᠳᠦᠷᠦᠯ ᠵᠦᠢᠯ ᠢ ᠬᠡᠷᠡᠭᠵᠢᠬᠦᠯᠵᠤ᠂ 60.3 ᠳ᠋ᠦᠩᠰᠢᠭᠤᠷ ᠳᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠵᠤ᠂ ᠳᠦᠩᠯᠢᠶᠤᠤ ᠬᠤᠳᠠ ᠶᠢᠨ ᠨᠢᠬᠡᠳᠤᠬᠡᠷ ᠲᠤ ᠤᠷᠤᠪᠠ᠃ ᠴᠤᠸᠠᠩ ᠶᠤᠸᠠᠨ 40 | ᠳᠦᠮᠡᠨ ᠳᠤᠨ ᠴᠠᠬᠢᠯᠭᠠᠨ ᠢᠶᠠᠷ ᠬᠦᠩᠬᠡᠨᠴᠠᠭᠠᠨ ᠵᠠᠳᠠᠯᠬᠤ 80 ᠳᠦᠮᠡᠨ ᠳᠤᠨ ᠬᠦᠩᠬᠡᠨᠴᠠᠭᠠᠨ ᠡᠳ᠋ᠰᠢᠬᠦᠯᠬᠦ᠂ ᠯᠢᠶᠠᠨ | ᠱᠧᠩ ᠤᠨ 35 ᠳᠦᠮᠡᠨ ᠬᠠᠽᠧᠯᠧᠲ᠂ ᠰᠢᠨ ᠰᠢᠩ ᠤᠨ ᠰᠢᠨ᠎ᠡ ᠡᠨᠧᠷᠬᠢ ᠶᠢᠨ ᠮᠠᠲ᠋ᠧᠷᠢᠶᠠᠯ᠂ ᠰᠢᠨ ᠳ᠋ᠠ ᠶᠢᠨ | ᠬᠦᠨᠳᠤ ᠠᠵᠤ ᠦᠢᠯᠡᠳᠪᠤᠷᠢ᠂ ᠵᠢᠶᠠ ᠬᠤᠸᠠ ᠶᠢᠨ ᠮᠠᠰᠢᠨ ᠢᠶᠠᠷ ᠬᠢᠭᠰᠡᠨ ᠨᠡᠬᠦᠷᠡᠰᠤ ᠵᠡᠷᠬᠡ ᠳᠦᠷᠦᠯ ᠵᠦᠢᠯ ᠵᠢᠩᠬᠢᠨᠢ | ᠪᠠᠷ ᠠᠰᠢᠭᠯᠠᠯᠳᠠ ᠳᠤ ᠤᠷᠤᠵᠤ᠂ ᠰᠢᠤᠢ ᠶᠠᠩ ᠪᠦᠮᠪᠤᠬᠡᠨ ᠬᠡᠯᠪᠡᠷᠢᠳᠤ ᠬᠦᠩᠬᠡᠨᠴᠠᠭᠠᠨ ᠨᠤᠨᠳᠠᠭ᠂ ᠯᠢᠶᠠᠨ ᠱᠧᠩ | ᠵᠤᠵᠠᠭᠠᠨ ᠤ ᠬᠡᠮᠵᠢᠶ᠎ᠡ 0.0075 ᠮᠢᠯᠢᠮᠧᠲᠷ ᠠᠴᠠ ᠪᠠᠭ᠎ᠠ ᠢᠯᠳᠠᠰᠤ ᠵᠡᠷᠬᠡ ᠶᠢᠨ ᠳᠡᠬᠡᠳᠤ ᠨᠡᠮᠡᠯᠳᠡ ᠦᠷᠳᠡᠭ ᠲᠠᠢ | ᠳᠦᠷᠦᠯ ᠵᠦᠢᠯ ᠤᠨ ᠠᠬᠢᠯᠳᠠ ᠤᠷᠤᠭᠰᠢᠳᠠᠢ ᠪᠠᠶᠢᠵᠤ᠂ ᠮᠢᠩ ᠬᠤᠤ ᠶᠢᠨ ᠵᠤᠭᠠᠩ᠂ ᠵᠢᠩ ᠳ᠋ᠠ ᠨᠤᠨᠳᠠᠭ ᠨᠡᠬᠦᠷᠡᠰᠤᠨ | ᠤ ᠦᠨᠡᠰᠤ ᠵᠡᠷᠬᠡ ᠶᠢᠨ ᠨᠢᠬᠡ ᠪᠦᠯᠦᠭ ᠬᠠᠳᠠᠭᠤ ᠪᠡᠶᠡᠳᠤ ᠬᠠᠶᠠᠭᠳᠠᠯ ᠤᠨ ᠡᠬᠢ ᠰᠤᠷᠪᠤᠯᠵᠢ ᠶᠢᠨ ᠶᠡᠷᠤᠩᠬᠡᠶᠢᠯᠡᠨ | ᠠᠰᠢᠭᠯᠠᠬᠤ ᠳᠦᠷᠦᠯ ᠵᠦᠢᠯ ᠤᠨ ᠬᠤᠷᠳᠤᠴᠠ ᠶᠢ ᠠᠬᠢᠭᠤᠯᠵᠤ᠂ ᠬᠡᠪᠴᠢᠶᠠᠵᠢᠯ ᠠᠴᠠ ᠳᠡᠬᠡᠭᠰᠢᠬᠢ ᠠᠵᠤ ᠠᠬᠤᠶᠢᠯᠠᠯ | 5 ᠡᠷᠤᠬᠡ ᠨᠡᠮᠡᠭᠳᠡᠪᠡ᠃ ᠠᠷᠪᠠᠨ ᠳᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠳᠡᠬᠡᠳᠤ ᠳᠡᠰ ᠤᠨ | ᠬᠦᠩᠬᠡᠨᠴᠠᠭᠠᠨ ᠤ ᠬᠠᠶᠢᠯᠤᠰᠢ ᠶᠢ ᠴᠢᠳᠬᠤᠨ ᠦᠢᠯᠡᠳᠬᠦ ᠠᠵᠤ ᠦᠢᠯᠡᠰ ᠤᠨ ᠬᠡᠯᠬᠡᠵᠢᠶᠡᠯ ᠤᠨ ᠬᠦᠭᠵᠢᠯᠳᠡ ᠶᠢᠨ | ᠶᠠᠷᠢᠶᠠᠨ ᠤ ᠳᠠᠪᠴᠠᠩ ᠪᠤᠯᠤᠨ ᠬᠦᠩᠬᠡᠨᠴᠠᠭᠠᠨ ᠤ ᠬᠡᠷᠡᠭᠯᠡᠯᠳᠡ ᠶᠢ ᠦᠷᠬᠡᠳᠬᠡᠬᠦ ᠳᠡᠬᠡᠳᠤ ᠳᠡᠰ ᠤᠨ ᠶᠠᠷᠢᠶᠠᠨ ᠤ | ᠳᠠᠪᠴᠠᠩ ᠢ ᠠᠮᠵᠢᠯᠳᠠ ᠲᠠᠢ ᠡᠷᠬᠢᠯᠡᠪᠡ᠃ ᠮᠠᠨ ᠤ ᠬᠤᠳᠠ ᠶᠢᠨ ᠳᠡᠬᠡᠳᠤ ᠮᠡᠷᠬᠡᠵᠢᠯ ᠤᠨ ᠬᠦᠩᠬᠡᠨᠴᠠᠭᠠᠨ ᠤ | ᠮᠠᠲ᠋ᠧᠷᠢᠶᠠᠯ ᠤᠨ ᠦᠢᠯᠡᠰ ᠤᠨ ᠰᠠᠭᠤᠷᠢᠨ ᠭᠠᠵᠠᠷ ᠦᠪᠡᠷᠳᠡᠬᠡᠨ ᠵᠠᠰᠠᠬᠤ ᠤᠷᠤᠨ ᠤ ᠳᠡᠰ ᠤᠨ ᠭᠠᠳᠠᠭᠠᠳᠤ | ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠦᠭᠰᠡᠨ ᠰᠠᠭᠤᠷᠢᠨ ᠭᠠᠵᠠᠷ ᠢᠶᠠᠷ ᠦᠨᠡᠯᠡᠭᠳᠡᠭᠰᠡᠨ | ᠪᠠᠶᠢᠨ᠎ᠠ᠃ ᠠᠵᠤ ᠦᠢᠯᠡᠳᠪᠤᠷᠢ ᠶᠢᠨ ᠠᠵᠤ ᠠᠬᠤᠢ ᠳᠦᠩᠯᠢᠶᠤᠤ ᠬᠤᠳᠠ ᠳᠤ ᠦᠷᠬᠦᠯᠵᠢᠯᠡᠨ ᠳᠠᠭᠠᠭᠤᠯᠤᠭᠴᠢ | ᠪᠤᠯᠵᠤ᠂ ᠪᠦᠬᠦ ᠵᠢᠯ ᠤᠨ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠤᠷᠢ ᠶᠢᠨ ᠶᠡᠷᠤᠩᠬᠡᠢ ᠦᠷᠳᠡᠭ 348 | ᠳ᠋ᠦᠩᠰᠢᠭᠤᠷ ᠳᠦᠬᠦᠷᠢᠭ ᠲᠤ ᠬᠦᠷᠴᠤ᠂ 5.7% ᠪᠠᠷ ᠨᠡᠮᠡᠭᠳᠡᠵᠤ᠂ ᠳᠦᠩᠯᠢᠶᠤᠤ ᠬᠤᠳᠠ ᠶᠢᠨ 42% ᠶᠢ | ᠡᠵᠡᠯᠡᠪᠡ︔ ᠦᠢᠯᠡᠳᠪᠤᠷᠢᠯᠡᠭᠰᠡᠨ ᠳᠦᠬᠦᠬᠡᠢ ᠨᠡᠬᠦᠷᠡᠰᠤ 3235 ᠳᠦᠮᠡᠨ ᠳᠤᠨ ᠳᠤ ᠬᠦᠷᠴᠤ᠂ 1.4% ᠪᠠᠷ | ᠨᠡᠮᠡᠭᠳᠡᠪᠡ︔ ᠭᠠᠷᠭᠠᠭᠰᠠᠨ ᠴᠠᠬᠢᠯᠭᠠᠨ 272 ᠳ᠋ᠦᠩᠰᠢᠭᠤᠷ ᠭᠷᠠᠳᠦ᠋ᠰ ᠲᠤ ᠬᠦᠷᠴᠤ᠂ 24.4% ᠪᠠᠷ ᠨᠡᠮᠡᠭᠳᠡᠪᠡ︔ | ᠬᠡᠷᠡᠭᠯᠡᠭᠰᠡᠨ ᠴᠠᠬᠢᠯᠭᠠᠨ 242 ᠳ᠋ᠦᠩᠰᠢᠭᠤᠷ ᠭᠷᠠᠳᠦ᠋ᠰ ᠲᠤ ᠬᠦᠷᠴᠤ᠂ 23.2% ᠪᠠᠷ ᠨᠡᠮᠡᠭᠳᠡᠵᠤ᠂ ᠳᠦᠩᠯᠢᠶᠤᠤ | ᠬᠤᠳᠠ ᠶᠢᠨ 64.2%᠂ ᠦᠪᠤᠷ ᠮᠤᠩᠭᠤᠯ ᠤᠨ ᠵᠡᠬᠦᠨ ᠬᠡᠰᠡᠭ ᠤᠨ 41.2% ᠶᠢ ᠡᠵᠡᠯᠡᠵᠤ᠂ ᠪᠦᠬᠦ ᠤᠷᠤᠨ ᠤ | 103 ᠬᠤᠰᠢᠭᠤ ᠰᠢᠶᠠᠨ ᠬᠤᠳᠠ ᠶᠢᠨ ᠳᠤᠮᠳᠠ ᠳᠠᠷᠢᠬᠦᠨ ᠳᠤ ᠤᠷᠤᠭᠰᠠᠨ ᠪᠠᠶᠢᠨ᠎ᠠ︔ ᠳᠦᠬᠦᠬᠡᠢ ᠬᠦᠩᠬᠡᠨᠴᠠᠭᠠᠨ | 148 ᠳᠦᠮᠡᠨ ᠳᠤᠨ ᠡᠳ᠋ᠰᠢᠬᠦᠯᠵᠤ᠂ 14.5% ᠪᠠᠷ ᠨᠡᠮᠡᠭᠳᠡᠵᠤ᠂ ᠦᠢᠯᠡᠳᠬᠦᠨ ᠨᠢ ᠪᠦᠬᠦ ᠤᠯᠤᠰ ᠤᠨ 4.1% | ᠶᠢ ᠡᠵᠡᠯᠡᠪᠡ︔ ᠬᠦᠩᠬᠡᠨᠴᠠᠭᠠᠨ ᠢ ᠨᠠᠷᠢᠯᠢᠭ ᠡᠳ᠋ᠰᠢᠬᠦᠯᠦᠭᠰᠡᠨ ᠦᠢᠯᠡᠳᠬᠦᠨ 33 ᠳᠦᠮᠡᠨ ᠳᠤᠨ ᠳᠤ ᠬᠦᠷᠴᠤ᠂ | 10.8% ᠪᠠᠷ ᠨᠡᠮᠡᠭᠳᠡᠵᠤ᠂ ᠨᠡᠬᠦᠷᠡᠰᠤᠳᠦ᠋ᠷᠦᠭᠴᠢ 23 ᠳᠦᠮᠡᠨ ᠳᠤᠨ ᠳᠤ ᠬᠦᠷᠴᠤ᠂ 2.2% ᠪᠠᠷ ᠨᠡᠮᠡᠭᠳᠡᠪᠡ᠃ | ᠨᠢᠬᠡᠳᠤᠬᠡᠷ ᠭᠤᠷᠪᠠᠳᠤᠭᠠᠷ ᠠᠵᠤ ᠦᠢᠯᠡᠰ ᠳᠡᠰ ᠳᠡᠪᠰᠢᠪᠡ᠃ ᠨᠢᠬᠡᠳᠤᠬᠡᠷ ᠭᠤᠷᠪᠠᠳᠤᠭᠠᠷ ᠠᠵᠤ ᠦᠢᠯᠡᠰ ᠤᠨ | ᠶᠡᠷᠤᠩᠬᠡᠢ ᠦᠷᠳᠡᠭ ᠤᠨ ᠠᠵᠤ ᠠᠬᠤᠢ ᠶᠢᠨ ᠶᠡᠷᠤᠩᠬᠡᠢ ᠬᠡᠮᠵᠢᠶ᠎ᠡ ᠶᠢᠨ 46% ᠶᠢ ᠡᠵᠡᠯᠡᠵᠤ᠂ 9.3 % ᠪᠠᠷ | ᠳᠡᠬᠡᠭᠰᠢᠯᠡᠪᠡ᠃ ᠳᠠᠷᠢᠶᠠᠯᠠᠩ ᠮᠠᠯ ᠠᠵᠤ ᠠᠬᠤᠢ ᠶᠢᠨ ᠳᠠᠷᠢᠵᠤ ᠳᠡᠵᠢᠬᠡᠬᠦ ᠪᠦᠳᠦᠴᠡ ᠤᠯᠠᠮ ᠨᠢᠬᠡ ᠠᠯᠬᠤᠮ | ᠰᠢᠯᠢᠳᠡᠭᠵᠢᠵᠤ᠂ ︽ᠠᠮᠤ ᠪᠤᠳᠠᠭ᠎ᠠ ᠶᠢ ᠳᠡᠵᠢᠬᠡᠯ ᠪᠤᠷᠳᠤᠭ᠎ᠠ ᠪᠤᠯᠭᠠᠨ ᠬᠤᠪᠢᠷᠠᠭᠤᠯᠬᠤ︾ ᠳᠠᠷᠢᠭᠰᠠᠨ ᠳᠠᠯᠠᠪᠠᠢ 32 | ᠳᠦᠮᠡᠨ ᠮᠤ᠋ ᠳᠤ ᠬᠦᠷᠴᠤ᠂ ᠮᠠᠯ ᠤᠨ ᠶᠡᠷᠤᠩᠬᠡᠢ ᠳᠤᠭ᠎ᠠ 9.6 ᠳᠦᠮᠡᠨ ᠳᠤᠯᠤᠭᠠᠢ ᠳᠤ ᠬᠦᠷᠪᠡ᠃ ᠬᠤᠤᠯᠢᠩᠭᠤᠤᠯ | ᠬᠤᠳᠠ ᠶᠢᠨ ᠵᠢᠭᠤᠯᠴᠢᠯᠠᠯ ᠤᠨ ᠳᠦᠪᠯᠡᠷᠡᠬᠦᠯᠦᠨ ᠳᠠᠷᠬᠠᠭᠠᠬᠤ ᠳᠦᠪ ᠢ ᠪᠠᠶᠢᠭᠤᠯᠤᠨ ᠡᠵᠡᠩᠨᠡᠵᠤ᠂ ᠵᠢᠷᠭᠤᠳᠤᠭᠠᠷ | ᠬᠤᠭᠤᠴᠠᠭᠠᠨ ᠤ ᠬᠤᠷᠴᠢᠨ ᠤ ᠳᠠᠯ᠎ᠠ ᠨᠤᠳᠤᠭ ᠤᠨ ᠵᠢᠭᠤᠯᠴᠢᠯᠠᠯ ᠤᠨ ᠬᠤᠷᠢᠮ ᠤᠨ ᠶᠤᠰᠤᠯᠠᠯ᠂ ᠤᠯᠤᠰ ᠤᠨ | ᠬᠠᠭᠠᠰ ᠵᠠᠢ ᠶᠢᠨ ᠮᠠᠷᠠᠽᠤᠨ ᠤᠷᠤᠯᠳᠤᠭᠠᠨ 2018 ᠤᠨ ᠤ ᠳᠤᠮᠳᠠᠳᠤ ᠤᠯᠤᠰ ᠤᠨ ᠬᠦᠨᠳᠤ ᠬᠦᠩᠬᠡᠨ ᠤ ᠳᠠᠮᠢᠷ | ᠤᠨ ᠨᠡᠶᠢᠬᠡᠮᠯᠢᠭ ᠤᠨ ︽ᠵᠡᠰ ᠮᠧᠳᠡᠯ ᠤᠨ ᠤᠷᠤᠯᠳᠤᠭᠠᠨ︾ ᠪᠤᠯᠤᠨ ︽ᠤᠨᠴᠠᠯᠢᠭᠳᠤ ᠤᠷᠤᠯᠳᠤᠭᠠᠨ ︿ᠬᠠᠮᠤᠭ | ᠰᠠᠶᠢᠬᠠᠨ ᠵᠠᠮ﹀︾ ᠢᠶᠠᠷ ᠦᠨᠡᠯᠡᠭᠳᠡᠪᠡ᠃ ᠬᠤᠤᠯᠢᠩᠭᠤᠤᠯ ᠨᠢᠰᠬᠡᠯ ᠤᠨ ᠪᠠᠭᠤᠳᠠᠯ ᠤᠨ ᠪᠦᠬᠦ ᠵᠢᠯ ᠤᠨ ᠠᠭᠠᠷ ᠤᠨ | ᠡᠭᠡᠯᠵᠢ ᠶᠢᠨ ᠨᠢᠰᠭᠡᠯ 2016 ᠤᠳᠠᠭ᠎ᠠ ᠨᠢᠰᠴᠤ᠂ 9.2 ᠳᠦᠮᠡᠨ ᠬᠦᠮᠦᠨ ᠤᠳᠠᠭᠠᠨ ᠤ ᠠᠶᠠᠨᠴᠢᠨ | ᠳᠡᠬᠡᠬᠡᠪᠤᠷᠢᠯᠡᠪᠡ᠃ ᠵᠠᠰᠠᠮᠠᠯ ᠵᠠᠮ ᠳᠡᠮᠤᠷ ᠵᠠᠮ ᠤᠨ ᠳᠡᠬᠡᠬᠡᠪᠤᠷᠢᠯᠡᠯᠳᠡ 6050 ᠳᠦᠮᠡᠨ ᠳᠤᠨ ᠳᠤ ᠬᠦᠷᠴᠤ᠂ | 10% ᠪᠠᠷ ᠨᠡᠮᠡᠭᠳᠡᠪᠡ᠃ | ( ᠭᠤᠷᠪᠠ ) ᠦᠬᠡᠷᠡᠴᠢᠯᠡᠯᠳᠡ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠤᠷᠢᠯᠡᠨ᠂ ᠳᠤᠳᠤᠭᠠᠳᠤ | ᠠᠮᠢᠵᠢᠷᠠᠯ ᠤᠨ ᠬᠦᠴᠦᠨ ᠢ ᠨᠢ ᠬᠦᠭᠵᠢᠬᠡᠪᠡ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ | ᠦᠬᠡᠷᠡᠴᠢᠯᠡᠯᠳᠡ ᠢᠯᠡᠳᠳᠡ ᠦᠷ᠎ᠡ ᠠᠰᠢᠭ ᠤᠯᠪᠠ᠃ ︽ᠠᠷᠢᠯᠭᠠᠬᠤ ᠪᠠᠶᠢᠭᠤᠯᠬᠤ ᠪᠠᠭᠤᠷᠠᠭᠤᠯᠬᠤ︾ ᠬᠦᠴᠦᠯᠡᠴᠡ | ᠪᠠᠨ ᠨᠡᠮᠡᠭᠳᠡᠬᠦᠯᠵᠤ᠂ ᠪᠤᠳᠠᠳᠤ ᠴᠤᠭᠴᠠ ᠶᠢᠨ ᠠᠵᠤ ᠠᠬᠤᠢ ᠳᠠᠷᠤᠭᠠᠰᠣ ᠦᠭᠡᠢ ᠪᠠᠬᠢᠯᠡᠯᠳᠡ ᠳᠤ ᠤᠷᠤᠯᠴᠠᠪᠠ᠃ | ᠬᠦᠴᠦᠨ ᠦᠬᠡᠢ ᠬᠠᠩᠭᠠᠯᠭ᠎ᠠ ᠶᠢ ᠠᠷᠢᠯᠭᠠᠵᠤ᠂ ᠨᠡᠬᠦᠷᠡᠰᠤᠨ ᠤ ᠦᠢᠯᠡᠳᠪᠤᠷᠢᠯᠡᠯ ᠤᠨ ᠴᠢᠳᠠᠪᠤᠷᠢ ᠶᠢ 60 ᠳᠦᠮᠡᠨ | ᠳᠤᠨ ᠪᠠᠭᠠᠰᠬᠠᠵᠤ᠂ ᠬᠡᠷ ᠪᠠᠶᠢᠰᠢᠩ ᠭᠠᠵᠠᠷ ᠬᠦᠷᠦᠩᠬᠡ ᠶᠢᠨ ᠬᠦᠮᠦᠷᠭᠡᠯᠡᠯ ᠢ 2400 ᠢᠵᠢ ᠪᠠᠭᠠᠰᠬᠠᠪᠠ᠃ | ᠰᠢᠯᠢᠳᠡᠭ ᠪᠦᠳᠦᠴᠡ ᠶᠢᠨ ᠬᠠᠩᠭᠠᠯᠭ᠎ᠠ ᠶᠢ ᠨᠡᠮᠡᠭᠳᠡᠬᠦᠯᠵᠤ᠂ ᠦᠢᠯᠡᠳᠪᠤᠷᠢᠯᠡᠯ ᠡᠵᠡᠩᠨᠡᠯᠳᠡ ᠨᠢ ᠵᠣᠭᠰᠤᠩᠭᠤᠶᠢᠷᠠᠭᠰᠠᠨ | 4 ᠠᠵᠤ ᠠᠬᠤᠶᠢᠯᠠᠯ ᠢ ᠴᠢᠯᠤᠬᠡᠳᠡᠢ ᠪᠤᠯᠭᠠᠪᠠ᠂ ᠡᠬᠦᠨ ᠤ ᠳᠤᠳᠤᠷ᠎ᠠ ᠵᠠᠬ᠎ᠠ ᠳᠡᠯᠬᠡᠬᠦᠷᠴᠢᠯᠡᠯᠳᠡ ᠶᠢᠨ ᠠᠷᠭ᠎ᠠ ᠪᠠᠷ | ᠬᠡᠯᠪᠡᠷᠢ ᠪᠠᠨ ᠬᠤᠪᠢᠷᠠᠭᠤᠯᠤᠨ ᠴᠢᠯᠤᠬᠡᠳᠡᠢ ᠪᠤᠯᠭᠠᠭᠰᠠᠨ ᠬᠦᠩᠬᠡᠨᠴᠠᠭᠠᠨ ᠢ ᠨᠠᠷᠢᠯᠢᠭ ᠡᠳ᠋ᠰᠢᠬᠦᠯᠦᠭᠰᠡᠨ | ᠦᠢᠯᠡᠳᠪᠤᠷᠢᠯᠡᠬᠦ ᠴᠢᠳᠠᠪᠤᠷᠢ 12 ᠳᠦᠮᠡᠨ ᠳᠤᠨ ᠳᠤ ᠬᠦᠷᠴᠤ᠂ ᠰᠤᠯᠠ ᠦᠢᠯᠡᠳᠪᠦᠷᠢᠯᠡᠭᠦ ᠴᠢᠳᠠᠪᠤᠷᠢ ᠳᠠᠬᠢᠨ | ᠠᠮᠢᠵᠢᠷᠠᠯ ᠤᠨ ᠬᠦᠴᠦᠨ ᠲᠠᠢ ᠪᠤᠯᠪᠠ︔ ᠴᠠᠬᠢᠯᠭᠠᠨ ᠢᠶᠠᠷ ᠬᠦᠩᠬᠡᠨᠴᠠᠭᠠᠨ ᠵᠠᠳᠠᠯᠬᠤ ᠦᠢᠯᠡᠳᠪᠤᠷᠢᠯᠡᠬᠦ ᠴᠢᠳᠠᠪᠤᠷᠢ | ᠶᠢᠨ ᠬᠦᠢᠴᠡᠳᠬᠡᠯ ᠳᠤᠭ᠎ᠠ 138.8 ᠳᠦᠮᠡᠨ ᠢ ᠰᠤᠯᠢᠪᠴᠠᠭᠤᠯᠤᠨ ᠪᠡᠶᠡᠯᠡᠬᠦᠯᠵᠤ᠂ ᠳᠦᠪ ᠤᠨ ᠤᠷᠴᠢᠨ | ᠳᠤᠭᠤᠷᠢᠨ ᠤ ᠱᠠᠯᠠᠪᠳᠠᠭᠤᠯᠤᠨ ᠪᠠᠶᠢᠴᠠᠭᠠᠭᠰᠠᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠱᠠᠭᠠᠷᠳᠠᠯᠭ᠎ᠠ ᠶᠤᠰᠤᠭᠠᠷ | ᠪᠡᠶᠡᠯᠡᠬᠦᠯᠪᠡ︔ ᠴᠠᠬᠢᠯᠭᠠᠨ ᠬᠦᠴᠦᠨ ᠤ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠪᠤᠯᠤᠨ ᠬᠤᠷᠰᠢᠬᠤ ᠳᠤᠭᠳᠠᠴᠠ | ᠶᠢ ᠰᠢᠯᠢᠳᠡᠭᠵᠢᠬᠦᠯᠵᠤ᠂ ᠮᠧᠩ ᠳ᠋ᠦᠩ ᠳᠣᠣᠷ᠂ ᠮᠧᠩ ᠰᠢ ᠳᠣᠣᠷ᠂ ᠰᠠᠯᠬᠢᠨ ᠬᠡᠷᠡᠯ ᠭᠠᠯ ᠪᠢᠴᠢᠯ ᠳᠣᠣᠷ ᠪᠤᠯᠤᠨ | ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠪᠢᠴᠢᠯ ᠴᠠᠬᠢᠯᠭᠠᠨ ᠳᠣᠣᠷ ︽ᠳᠦᠷᠪᠡᠨ ᠳᠣᠣᠷ ᠤᠨ ᠨᠡᠶᠢᠯᠡᠯ | ︾ ᠤᠨ ᠦᠷ᠎ᠡ ᠠᠰᠢᠭ ᠤᠨ ᠠᠩᠬᠠᠨ ᠤ ᠠᠮᠵᠢᠯᠳᠠ ᠶᠢ ᠤᠯᠵᠤ᠂ ᠴᠠᠬᠢᠯᠭᠠᠨ ᠬᠡᠷᠡᠭᠯᠡᠬᠦ ᠳᠤᠮᠤ ᠡᠷᠤᠬᠡ ᠳᠤ 5.1 | ᠳ᠋ᠦᠩᠰᠢᠭᠤᠷ ᠭᠷᠠᠳᠦ᠋ᠰ ᠴᠠᠬᠢᠯᠭᠠᠨ ᠢ ᠰᠢᠭᠤᠳ ᠬᠠᠩᠭᠠᠵᠤ᠂ ᠴᠠᠬᠢᠯᠭᠠᠨ ᠬᠦᠴᠦᠨ ᠤ ᠤᠯᠠᠨ ᠳᠠᠯ᠎ᠠ ᠶᠢᠨ ᠠᠷᠠᠯᠵᠢᠶ᠎ᠡ | 10.1 ᠳ᠋ᠦᠩᠰᠢᠭᠤᠷ ᠭᠷᠠᠳᠦ᠋ᠰ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠭᠰᠡᠨ ᠦᠪᠡᠷ ᠤᠨ ᠦᠷᠳᠡᠭ ᠢ 3 | ᠳ᠋ᠦᠩᠰᠢᠭᠤᠷ ᠳᠦᠬᠦᠷᠢᠭ ᠪᠠᠭᠤᠷᠠᠭᠤᠯᠪᠠ᠃ ᠮᠦᠩᠬᠦᠨ ᠬᠦᠢᠯᠬᠡᠬᠡᠨ ᠤ ᠦᠢᠯᠡᠴᠢᠯᠡᠭᠡ ᠶᠢ ᠬᠦᠨᠵᠡᠬᠡᠶᠢᠷᠡᠬᠦᠯᠵᠤ᠂ | ᠬᠤᠶᠠᠳᠤᠭᠠᠷ ᠬᠤᠭᠤᠴᠠᠭᠠᠨ ᠤ ᠵᠠᠰᠠᠭ ᠤᠨ ᠤᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠢ ᠵᠤᠯᠭᠠᠯᠴᠠᠭᠤᠯᠬᠤ | ᠬᠤᠷᠠᠯ ᠵᠢᠴᠢ ᠪᠡᠯᠡ ᠮᠦᠩᠬᠦ ᠬᠤᠷᠠᠮᠳᠤᠭᠤᠯᠬᠤ ᠳᠦᠷᠦᠯ ᠵᠦᠢᠯ ᠳᠤ ᠬᠡᠯᠡᠯᠴᠡᠬᠡᠷ ᠳᠤᠭᠳᠠᠬᠤ ᠶᠡᠭᠡ ᠬᠤᠷᠠᠯ | ᠬᠤᠷᠠᠯᠳᠤᠭᠤᠯᠵᠤ᠂ 14.4 ᠳ᠋ᠦᠩᠰᠢᠭᠤᠷ ᠳᠦᠬᠦᠷᠢᠭ ᠤᠨ ᠪᠡᠯᠡ ᠮᠦᠩᠬᠦ ᠶᠢ ᠪᠤᠳᠠᠳᠠᠢ ᠭᠠᠵᠠᠷ ᠲᠤᠨᠢ | ᠨᠠᠶᠢᠳᠠᠪᠤᠷᠢᠵᠢᠭᠤᠯᠪᠠ᠃ ᠡᠯᠧᠮᠧᠨ᠋ᠲ ᠤᠨ ᠪᠠᠳᠤᠯᠠᠭ᠎ᠠ ᠶᠢ ᠴᠢᠩᠭᠠᠷᠠᠭᠤᠯᠵᠤ᠂ ᠶᠢᠨ ᠵᠢᠤ ᠱᠤᠭᠤᠮ ᠤᠨ ᠠᠮᠤᠷ | ᠳᠦᠪᠰᠢᠨ ᠤ ᠪᠠᠳᠤᠯᠠᠭ᠎ᠠ ᠶᠢᠨ ᠢᠨᠵᠧᠨᠧᠷᠢᠩ ᠪᠠᠷᠢᠯᠭ᠎ᠠ ᠪᠠᠨ ᠳᠠᠭᠤᠰᠬᠠᠵᠤ᠂ ᠮᠢᠨ ᠲᠦᠩ ᠪᠠᠶᠢᠭᠠᠯᠢ ᠶᠢᠨ | ᠰᠢᠳᠠᠬᠠᠮᠠᠢ ᠬᠡᠢ ᠶᠢᠨ ᠬᠤᠭᠤᠯᠠᠢ ᠶᠢᠨ ᠰᠠᠯᠪᠤᠷᠢ ᠱᠤᠭᠤᠮ ᠤᠨ ᠢᠨᠵᠧᠨᠧᠷᠢᠩ᠂ ᠬᠦᠩᠬᠡᠨᠴᠠᠭᠠᠨ ᠤ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠳᠤᠭᠤᠷᠢᠭ ᠵᠡᠷᠬᠡ ᠶᠢᠨ ᠳᠦᠷᠦᠯ ᠵᠦᠢᠯ ᠤᠨ ᠠᠬᠢᠴᠠ | ᠤᠷᠤᠭᠰᠢᠳᠠᠢ ᠪᠠᠶᠢᠵᠤ᠂ ᠠᠵᠤ ᠦᠢᠯᠡᠳᠪᠤᠷᠢ ᠶᠢᠨ ᠳᠦᠬᠦᠷ ᠪᠦᠷᠢᠨᠰᠢᠬᠦᠯᠦᠭᠰᠡᠨ ᠳᠦᠬᠦᠬᠡᠷᠤᠮᠵᠢ ᠤᠯᠠᠮ ᠨᠢᠬᠡ | ᠠᠯᠬᠤᠮ ᠰᠠᠶᠢᠵᠢᠷᠠᠪᠠ᠃ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠦᠬᠡᠷᠡᠴᠢᠯᠡᠯᠳᠡ ᠤᠯᠠᠨ ᠳᠠᠯ᠎ᠠ ᠶᠢᠨ | ᠰᠢᠪᠳᠤᠯᠤᠯᠳᠠ ᠲᠠᠢ ᠪᠤᠯᠪᠠ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠢ | ᠠᠬᠢᠭᠤᠯᠵᠤ᠂ ᠵᠠᠬ᠎ᠠ ᠳᠡᠯᠬᠡᠬᠦᠷ ᠲᠤ ᠤᠷᠤᠭᠤᠯᠬᠤ ᠨᠠᠵᠠᠭᠠᠢ ᠳᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠡᠷᠡᠰ | ᠬᠡᠷᠡᠭᠵᠢᠬᠦᠯᠵᠤ᠂ ︽ᠤᠯᠠᠨ ᠦᠨᠡᠮᠯᠡᠯ ᠢ ᠨᠢᠬᠡᠳᠬᠡᠬᠦ︾ ᠪᠠ ︽ᠬᠤᠶᠠᠷ ᠢ ᠰᠤᠭᠤᠴᠢᠵᠤ᠂ ᠨᠢᠬᠡ ᠶᠢ ᠢᠯᠡ ᠪᠤᠯᠭᠠᠬᠤ | ︾ ᠶᠢ ᠶᠡᠭᠡ ᠪᠠᠷ ᠬᠡᠷᠡᠭᠵᠢᠬᠦᠯᠵᠤ᠂ ︽ᠭᠤᠴᠢᠨ ᠬᠤᠶᠠᠷ ᠦᠨᠡᠮᠯᠡᠯ ᠢ ᠨᠢᠬᠡᠳᠬᠡᠬᠦ︾ ᠡᠵᠡᠩᠨᠡᠯᠳᠡ ᠶᠢᠨ ᠪᠠᠲᠣᠯᠪᠣᠷᠢ | ᠶᠢ 2181 ᠬᠤᠪᠢ ᠳᠠᠷᠬᠠᠭᠠᠵᠠᠢ᠃ ︽ᠠᠵᠤ ᠠᠬᠤᠶᠢᠯᠠᠯ ᠶᠠᠪᠤᠳᠠᠯ ᠬᠦᠢᠴᠡᠳᠬᠡᠬᠦ ᠳᠤ ᠬᠦᠴᠢᠷᠳᠡᠬᠦ ᠦᠬᠡᠢ᠂ | ᠠᠷᠠᠳ ᠢᠷᠬᠡᠳ ᠶᠠᠪᠤᠳᠠᠯ ᠬᠦᠢᠴᠡᠳᠬᠡᠬᠦ ᠳᠤ ᠬᠦᠮᠦᠨ ᠢ ᠡᠷᠢᠬᠦ ᠦᠬᠡᠢ︾ ᠪᠠᠷ ᠬᠠᠷᠠᠯᠳᠠ ᠪᠤᠯᠭᠠᠵᠤ᠂ ︽ᠬᠡᠳᠤᠷᠡᠬᠦ | ᠳᠡᠭᠡᠨ ᠨᠢᠬᠡ ᠤᠳᠠᠭ᠎ᠠ ᠬᠦᠶᠦᠯᠬᠡᠬᠦ︾ ᠦᠬᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠵᠤ᠂ ᠦᠬᠡᠷᠡᠴᠢᠯᠡᠯᠳᠡ ᠶᠢᠨ | 582 ᠵᠦᠢᠯ ᠳᠤ ᠬᠡᠷᠡᠭᠵᠢᠬᠦᠯᠵᠤ᠂ ᠪᠦᠷᠬᠦᠴᠡ ᠶᠢᠨ ᠨᠤᠷᠮ᠎ᠠ 93.3% ᠳᠤ ᠬᠦᠷᠴᠤ᠂ ᠤᠴᠢᠷ ᠶᠠᠪᠤᠳᠠᠯ | ᠰᠢᠢᠳᠪᠤᠷᠢᠯᠡᠬᠦ ᠬᠤᠭᠤᠴᠠᠭ᠎ᠠ ᠶᠢ 61.8% ᠪᠠᠷ ᠪᠤᠭᠤᠨᠢᠰᠬᠠᠵᠤ᠂ ᠠᠵᠤ ᠠᠬᠤᠶᠢᠯᠠᠯ ᠪᠤᠯᠤᠨ ᠤᠯᠠᠨ ᠳᠦᠮᠡᠨ ︽ | ᠤᠯᠠᠨ ᠭᠠᠵᠠᠷ ᠬᠦᠶᠦᠬᠦ︾᠂ ︽ᠳᠠᠬᠢᠨ ᠳᠠᠪᠳᠠᠨ ᠬᠦᠶᠦᠬᠦ︾ ᠶᠢ ᠦᠬᠡᠶᠢᠰᠬᠡᠵᠤ᠂ ︽ᠬᠡᠳᠤᠷᠡᠬᠦ ᠳᠡᠭᠡᠨ ᠨᠢᠬᠡ | ᠤᠳᠠᠭ᠎ᠠ ᠬᠦᠶᠦᠯᠬᠡᠬᠦ︾᠂ ︽ᠳᠠᠬᠢᠨ ᠬᠦᠶᠦᠬᠦ ᠦᠬᠡᠢ︾ ᠶᠢ ᠪᠠᠶᠢᠩᠭᠤᠵᠢᠭᠤᠯᠵᠤ᠂ ᠡᠨᠡ ᠨᠢ ᠦᠪᠡᠷᠳᠡᠬᠡᠨ ᠵᠠᠰᠠᠬᠤ | ᠤᠷᠤᠨ ᠳᠤ ᠬᠠᠮᠤᠭ ᠳᠡᠷᠢᠬᠦᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠬᠤᠰᠢᠭᠤ ᠰᠢᠶᠠᠨ ᠤ ᠳᠡᠰ ᠤᠨ ᠳᠤᠷᠰᠢᠯᠳᠠ ᠴᠡᠭ ᠢᠶᠠᠷ ᠵᠢᠭᠰᠠᠭᠠᠭᠳᠠᠪᠠ᠃ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠡᠬᠢᠯᠡᠬᠦᠯᠵᠤ᠂ ᠭᠠᠶᠢᠯᠢ ᠶᠢᠨ ᠶᠠᠪᠤᠳᠠᠯ᠂ ᠳᠠᠪᠤᠰᠤᠨ ᠤ ᠦᠢᠯᠡᠰ᠂ ᠤᠯᠤᠰ ᠤᠨ ᠦᠮᠴᠢᠯᠡᠯᠳᠤ ᠤᠢ ᠰᠢᠭᠤᠢ ᠶᠢᠨ | ᠳᠠᠯᠠᠪᠠᠢ᠂ ᠬᠠᠮ ᠵᠠᠭᠤᠴᠢᠯᠠᠭᠤᠷ ᠵᠡᠷᠬᠡ ᠶᠢᠨ ᠦᠬᠡᠷᠡᠴᠢᠯᠡᠯᠳᠡ ᠶᠢᠨ ᠠᠵᠢᠯ ᠢ ᠪᠡᠶᠡᠯᠡᠬᠦᠯᠪᠡ᠃ | ︵ᠳᠦᠷᠪᠡ︶ ᠬᠠᠮᠢᠶᠠᠷᠤᠯᠳᠠ ᠶᠢ ᠠᠳᠬᠤᠵᠤ᠂ ᠤᠷᠴᠢᠨ ᠳᠤᠭᠤᠷᠢᠨ ᠢ ᠰᠢᠯᠢᠳᠡᠭᠵᠢᠬᠦᠯᠦᠨ᠂ ᠬᠤᠳᠠ ᠶᠢᠨ | ᠦᠩᠬᠡ ᠳᠦᠷᠰᠤ ᠶᠢ ᠦᠷᠬᠦᠯᠵᠢᠯᠡᠨ ᠰᠠᠶᠢᠵᠢᠷᠠᠭᠤᠯᠪᠠ᠃ ᠳᠦᠯᠦᠪᠵᠢᠬᠦᠯᠬᠡ ᠶᠢᠨ ᠰᠢᠰᠲ᠋ᠧᠮ ᠡᠳᠤᠷ ᠢᠷᠡᠬᠦᠶ᠎ᠡ | ᠰᠠᠶᠢᠵᠢᠷᠠᠪᠠ᠃ ᠭᠤᠤᠯ ᠬᠤᠳᠠ ᠶᠢᠨ ᠳᠤᠭᠤᠷᠢᠭ ᠤᠨ ᠤᠶᠢᠷ᠎ᠠ ᠬᠤᠭᠤᠴᠠᠭᠠᠨ ᠤ ᠳᠦᠯᠦᠪᠵᠢᠬᠦᠯᠬᠡ᠂ ᠠᠵᠤ | ᠦᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠶᠡᠷᠤᠩᠬᠡᠢ ᠳᠦᠯᠦᠪᠵᠢᠬᠦᠯᠬᠡ᠂ ᠤᠶᠤᠨᠴᠢ ᠬᠤᠳᠠ ᠶᠢᠨ ᠶᠡᠷᠤᠩᠬᠡᠢ | ᠳᠦᠯᠦᠪᠵᠢᠬᠦᠯᠬᠡ ᠪᠤᠯᠤᠨ ᠪᠦᠬᠦ ᠤᠷᠤᠨ ᠤ ᠠᠮᠢ ᠠᠬᠤᠢ ᠶᠢᠨ ᠬᠤᠳᠠ ᠶᠢᠨ ᠳᠦᠯᠦᠪᠵᠢᠬᠦᠯᠬᠡ ᠶᠢ ᠨᠠᠶᠢᠷᠠᠭᠤᠯᠤᠨ | ᠳᠠᠭᠤᠰᠬᠠᠵᠤ᠂ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠳᠦᠯᠦᠪᠵᠢᠬᠦᠯᠬᠡ ᠶᠢᠨ ᠦᠨᠡᠯᠡᠯᠳᠡ ᠶᠢ | ᠠᠬᠢᠭᠤᠯᠵᠤ᠂ ᠰᠢᠨ᠎ᠡ ᠬᠤᠳᠠ ᠶᠢᠨ ᠳᠤᠭᠤᠷᠢᠭ ᠤᠨ ᠬᠤᠷᠢᠭᠯᠠᠯᠳᠠ ᠶᠢᠨ ᠴᠢᠨᠠᠷᠳᠠᠢ ᠨᠠᠷᠢᠨ ᠨᠢᠭᠳᠠ | ᠳᠦᠯᠦᠪᠵᠢᠬᠦᠯᠬᠡ ᠶᠢ ᠡᠬᠢᠯᠡᠨ ᠵᠠᠰᠠᠨ ᠨᠠᠶᠢᠷᠠᠭᠤᠯᠵᠤ ᠪᠠᠶᠢᠨ᠎ᠠ᠂ ᠤᠷᠤᠨ ᠵᠠᠢ ᠶᠢᠨ ᠪᠠᠶᠢᠷᠢᠰᠢᠭᠤᠯᠤᠯᠳᠠ ᠶᠢ ᠦᠨᠡᠨᠬᠦ | ᠰᠢᠯᠢᠳᠡᠭᠵᠢᠬᠦᠯᠵᠤ᠂ ᠡᠬᠦᠨ ᠠᠴᠠ ᠬᠤᠶᠢᠰᠢᠬᠢ ᠶᠢᠨ ᠬᠤᠳᠠ ᠶᠢᠨ ᠪᠦᠳᠦᠬᠡᠨ ᠪᠠᠶᠢᠭᠤᠯᠤᠯᠳᠠ ᠪᠤᠯᠤᠨ ᠠᠵᠤ ᠦᠢᠯᠡᠰ | ᠤᠨ ᠬᠦᠭᠵᠢᠯᠳᠡ ᠶᠢᠨ ᠴᠢᠭᠯᠡᠯ᠂ ᠡᠮᠬᠢ ᠵᠢᠷᠤᠮ ᠢ ᠪᠠᠶᠢᠭᠤᠯᠪᠠ᠃ ᠰᠠᠭᠤᠷᠢ ᠳᠦᠬᠦᠬᠡᠷᠤᠮᠵᠢ ᠶᠢ ᠳᠠᠰᠤᠷᠠᠯᠳᠠ ᠦᠬᠡᠢ | ᠰᠢᠯᠢᠳᠡᠭᠵᠢᠬᠦᠯᠪᠡ᠃ ᠬᠤᠳᠠ ᠶᠢᠨ ᠶᠠᠪᠤᠳᠠᠯ ᠤᠨ ᠰᠠᠭᠤᠷᠢ ᠳᠦᠬᠦᠬᠡᠷᠤᠮᠵᠢ ᠶᠢᠨ ᠢᠨᠵᠧᠨᠧᠷᠢᠩ 27᠂ ᠰᠢᠨ᠎ᠡ ᠪᠠᠷ | ᠪᠠᠶᠢᠭᠤᠯᠤᠭᠰᠠᠨ ᠤᠰᠤ ᠬᠠᠩᠭᠠᠬᠤ ᠳᠤᠤᠷ 11 ᠺᠢᠯᠤᠮᠧᠲᠷ᠂ ᠰᠢᠨ᠎ᠡ ᠪᠠᠷ ᠪᠠᠶᠢᠭᠤᠯᠤᠭᠰᠠᠨ ᠪᠤᠬᠢᠷ ᠤᠰᠤᠨ ᠤ | ᠬᠤᠭᠤᠯᠠᠢ ᠶᠢᠨ ᠳᠤᠤᠷ 15 ᠺᠢᠯᠤᠮᠧᠲᠷ᠂ ᠳᠤᠮᠳᠠᠬᠢ ᠤᠰᠤᠨ ᠤ ᠬᠤᠭᠤᠯᠠᠢ ᠶᠢᠨ ᠳᠤᠤᠷ 23 ᠺᠢᠯᠤᠮᠧᠲᠷ᠂ | ᠳᠤᠮᠳᠠᠬᠢ ᠤᠰᠤ ᠶᠢ ᠳᠠᠬᠢᠨ ᠬᠡᠷᠡᠭᠯᠡᠭᠰᠡᠨ ᠨᠤᠷᠮ᠎ᠠ 60% ᠳᠤ ᠬᠦᠷᠪᠡ᠃ ᠳᠦᠩᠯᠢᠶᠤᠤ ᠬᠤᠳᠠ ᠶᠢᠨ ᠳᠡᠷᠢᠬᠦᠨ ᠤ | ᠦᠪᠡᠷᠳᠡᠬᠡᠨ ᠵᠠᠰᠠᠬᠤ ᠤᠷᠤᠨ ᠤ ᠤᠰᠤ ᠠᠷᠪᠢᠯᠠᠭᠰᠠᠨ ᠬᠡᠯᠪᠡᠷᠢ ᠶᠢᠨ ᠬᠤᠰᠢᠭᠤ ᠰᠢᠶᠠᠨ ᠢ ᠠᠮᠵᠢᠯᠲᠠ ᠲᠠᠢ | ᠪᠠᠶᠢᠭᠤᠯᠪᠠ᠃ ᠪᠦᠬᠦ ᠤᠯᠤᠰ ᠤᠨ ᠨᠢᠬᠡᠳᠤᠬᠡᠷ ᠪᠦᠯᠦᠭ ᠤᠨ ᠤᠰᠤ ᠠᠷᠪᠢᠯᠠᠭᠰᠠᠨ ᠬᠡᠯᠪᠡᠷᠢ ᠶᠢᠨ ᠨᠡᠶᠢᠬᠡᠮ ᠤᠨ | ᠪᠦᠳᠦᠬᠡᠨ ᠪᠠᠶᠢᠭᠤᠯᠤᠯᠳᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ︵ᠳᠤᠭᠤᠷᠢᠭ︶ ᠢᠶᠠᠷ ᠦᠨᠡᠯᠡᠭᠳᠡᠭᠰᠡᠨ ᠪᠠᠶᠢᠨ᠎ᠠ | ᠃ ᠬᠤᠳᠠ ᠶᠢᠨ ᠶᠠᠪᠤᠳᠠᠯ ᠤᠨ ᠵᠠᠮ 2.2 ᠳᠦᠮᠡᠨ ᠳᠡᠭᠰᠢ ᠳᠦᠷᠪᠡᠯᠵᠢᠨ ᠮᠧᠲᠷ᠂ ᠬᠦᠳᠡᠭᠡ ᠳᠤᠰᠬᠤᠨ ᠤ ᠵᠠᠰᠠᠮᠠᠯ | ᠵᠠᠮ 2600 ᠳᠡᠭᠰᠢ ᠳᠦᠷᠪᠡᠯᠵᠢᠨ ᠮᠧᠲᠷ ᠤᠨ ᠵᠠᠰᠠᠯᠳᠠ ᠬᠢᠪᠡ᠂ ᠬᠤᠳᠠ ᠶᠢᠨ ᠳᠤᠭᠤᠷᠢᠭ ᠤᠨ ᠳᠤᠳᠤᠷᠠᠬᠢ | ᠳᠦᠪᠯᠡᠷᠡᠭᠰᠡᠨ ᠬᠡᠰᠡᠭ ᠤᠨ ᠳᠦᠬᠦᠮ ᠪᠦᠳᠦᠴᠡᠳᠤ ᠤᠷᠤᠨ ᠰᠠᠭᠤᠴᠠ ᠶᠢᠨ ᠳᠤᠭᠤᠷᠢᠭ ᠢ ᠦᠨᠳᠤᠰᠤᠨ ᠳᠡᠭᠡᠨ | ᠤᠰᠠᠳᠬᠠᠪᠠ᠃ ᠤᠰᠤ ᠬᠠᠩᠭᠠᠬᠤ᠂ ᠢᠯᠴᠢ ᠬᠠᠩᠭᠠᠬᠤ᠂ ᠰᠢᠳᠠᠮᠠᠬᠠᠢ ᠬᠡᠢ ᠵᠡᠷᠬᠡ ᠶᠢᠨ ᠬᠤᠳᠠ ᠶᠢᠨ ᠶᠠᠪᠤᠳᠠᠯ ᠤᠨ | ᠳᠦᠬᠦᠬᠡᠷᠤᠮᠵᠢ ᠶᠢᠨ ᠬᠡᠨᠡᠳᠳᠡ ᠶᠢᠨ ᠠᠳᠡᠭᠳᠡᠯ ᠭᠠᠷᠬᠤ ᠳᠦᠷᠬᠡᠨ ᠳᠤᠰᠬᠠᠬᠤ ᠳᠤᠭᠳᠠᠴᠠ ᠶᠢ ᠪᠦᠷᠢᠨᠰᠢᠬᠦᠯᠵᠤ᠂ | 9900 ᠳᠦᠮᠡᠨ ᠳᠦᠬᠦᠷᠢᠭ ᠤᠨ ᠪᠡᠯᠡ ᠤᠷᠤᠭᠤᠯᠤᠨ ᠪᠦᠬᠦ ᠬᠤᠳᠠ ᠶᠢᠨ ᠢᠯᠴᠢ ᠬᠠᠩᠭᠠᠬᠤ ᠰᠢᠰᠲ᠋ᠧᠮ ᠢ | ᠰᠢᠨᠡᠳᠬᠡᠨ ᠳᠡᠬᠡᠭᠰᠢᠯᠡᠬᠦᠯᠪᠡ᠃ ᠬᠠᠮᠢᠶᠠᠷᠤᠯᠳᠠ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠬᠡᠭᠰᠢᠯᠡᠬᠦᠯᠪᠡ᠃ ᠳᠤᠷ᠎ᠠ ᠪᠠᠷ | ᠢᠶᠠᠨ ᠬᠠᠤᠯᠢ ᠠᠴᠠ ᠵᠦᠷᠢᠴᠡᠭᠰᠡᠨ ᠢ ᠨᠤᠷᠠᠭᠠᠬᠤ ᠵᠠᠰᠠᠯᠳᠠ ᠶᠢᠨ ᠬᠦᠴᠦᠴᠡ ᠪᠠᠨ ᠨᠡᠮᠡᠭᠳᠡᠬᠦᠯᠵᠤ᠂ ᠵᠠᠮ ᠢ ᠡᠵᠡᠯᠡᠨ | ᠡᠵᠡᠩᠨᠡᠬᠦ᠂ ᠬᠤᠪᠢ ᠶᠢᠨ ᠳᠤᠷ᠎ᠠ ᠪᠠᠷ ᠪᠠᠶᠢᠭᠤᠯᠤᠭᠰᠠᠨ᠂ ᠳᠤᠷ᠎ᠠ ᠪᠠᠷ ᠤᠪᠤᠭᠠᠯᠠᠭᠰᠠᠨ᠂ ᠳᠤᠷ᠎ᠠ ᠪᠠᠷ ᠳᠠᠯᠪᠢᠭᠰᠠᠨ | ᠵᠡᠷᠬᠡ ᠶᠢᠨ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠳᠤ ᠬᠦᠴᠦᠨ ᠲᠠᠢ ᠵᠠᠰᠠᠯᠳᠠ ᠬᠢᠵᠡᠢ᠃ ︽ | ᠬᠠᠭᠤᠴᠢᠨ ᠭᠤᠷᠪᠠᠳᠤᠭᠠᠷ ᠠᠰᠠᠷ︾ ᠤᠨ ᠵᠠᠬ᠎ᠠ ᠳᠡᠯᠬᠡᠬᠦᠷ ᠤᠨ ᠬᠠᠮᠢᠶᠠᠷᠤᠯᠳᠠ ᠶᠢ ᠳᠦᠷᠢᠮᠵᠢᠬᠦᠯᠵᠤ᠂ 43 ᠡᠷᠤᠬᠡ | ᠬᠠᠶᠠᠭᠳᠠᠮᠠᠯ ᠡᠳ᠋ ᠬᠤᠳᠠᠯᠳᠤᠨ ᠠᠪᠬᠤ ᠭᠠᠵᠠᠷ ᠢ ᠵᠤᠭᠰᠤᠭᠠᠭᠰᠠᠨ ᠪᠠ ᠰᠢᠯᠵᠢᠬᠦᠯᠵᠤ᠂ 1.2 ᠳᠦᠮᠡᠨ ᠵᠢᠵᠢᠭ ᠵᠠᠷ | ᠮᠡᠳᠡᠭᠡ ᠶᠢ ᠴᠡᠪᠡᠷᠯᠡᠵᠤ᠂ 2.4 ᠳᠦᠮᠡᠨ ᠳᠡᠭᠰᠢ ᠳᠦᠷᠪᠡᠯᠵᠢᠨ ᠮᠧᠲᠷ ᠤᠨ ᠳᠦᠷᠢᠮ ᠠᠴᠠ ᠵᠦᠷᠢᠴᠡᠭᠰᠡᠨ ᠪᠠᠷᠢᠯᠭ᠎ᠠ | ᠶᠢ ᠨᠤᠷᠠᠭᠠᠵᠤ᠂ 80 ᠳᠦᠮᠡᠨ ᠳᠡᠭᠰᠢ ᠳᠦᠷᠪᠡᠯᠵᠢᠨ ᠮᠧᠲᠷ ᠤᠨ ᠪᠠᠷᠢᠯᠭ᠎ᠠ ᠶᠢᠨ ᠬᠤᠭ ᠨᠤᠪᠰᠢ ᠶᠢ ᠠᠷᠢᠯᠭᠠᠨ | ᠴᠡᠪᠡᠷᠯᠡᠵᠤ᠂ ᠬᠤᠳᠠ ᠶᠢᠨ ᠳᠤᠭᠤᠷᠢᠭ ᠤᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠢᠯᠡᠳᠳᠡ ᠬᠤᠪᠢᠷᠠᠯᠳᠠ | ᠭᠠᠷᠪᠠ᠃ ︽ᠪᠦᠬᠦ ᠠᠷᠠᠳ ᠪᠤᠯᠪᠠᠰᠤᠨ ᠢᠶᠠᠷ ᠵᠠᠮᠨᠠᠵᠤ᠂ ᠶᠠᠪᠠᠭᠠᠨ ᠬᠦᠮᠦᠨ ᠳᠤ ᠨᠠᠶᠢᠷ ᠳᠠᠯᠪᠢᠬᠤ︾ ᠠᠵᠢᠯᠯᠠᠭ᠎ᠠ ᠶᠢ | ᠶᠡᠭᠡ ᠪᠠᠷ ᠦᠷᠨᠢᠬᠦᠯᠵᠤ᠂ ︽ᠳᠠᠪᠤᠨ ᠢᠨᠵᠧᠨᠧᠷᠢᠩ︾ ᠢ ᠬᠦᠨᠵᠡᠬᠡᠢ ᠬᠡᠷᠡᠭᠵᠢᠬᠦᠯᠵᠤ᠂ ᠪᠦᠬᠦ ᠤᠯᠤᠰ ᠤᠨ | ᠪᠤᠯᠪᠠᠰᠤᠨ ᠬᠤᠳᠠ ᠶᠢᠨ ᠦᠨᠡᠯᠡᠨ ᠳᠤᠭᠳᠠᠭᠠᠰᠠᠨ ᠬᠢᠷᠢ ᠪᠦᠳᠦᠮᠵᠢ ᠦᠪᠡᠷᠳᠡᠬᠡᠨ ᠵᠠᠰᠠᠬᠤ ᠤᠷᠤᠨ ᠤ 10 ᠨᠡᠷ᠎ᠡ | ᠳᠤᠷᠠᠳᠤᠭᠰᠠᠨ ᠰᠢᠶᠠᠨ ᠳᠡᠰ ᠤᠨ ᠬᠤᠳᠠ ᠶᠢᠨ ᠳᠠᠪᠤᠳᠤᠭᠠᠷ ᠲᠤ ᠤᠷᠤᠪᠠ᠃ | ︵ᠳᠠᠪᠤ︶ ᠪᠠᠳᠤᠯᠠᠭ᠎ᠠ ᠶᠢ ᠠᠳᠬᠤᠨ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠠᠷᠠᠳ ᠳᠦᠮᠡᠨ ᠤ ᠵᠤᠯ | ᠵᠢᠷᠭᠠᠯ ᠢ ᠳᠠᠰᠤᠷᠠᠯᠳᠠ ᠦᠬᠡᠢ ᠨᠡᠮᠡᠭᠳᠡᠬᠦᠯᠪᠡ᠃ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠦᠷᠬᠦᠯᠵᠢᠯᠡᠨ | ᠰᠠᠶᠢᠵᠢᠷᠠᠭᠤᠯᠪᠠ᠃ ᠠᠷᠠᠳ ᠳᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠬᠡᠳᠤᠯ ᠳᠤ | ᠵᠤᠬᠢᠴᠠᠯᠳᠤᠭᠤᠯᠤᠨ ᠬᠢᠵᠠᠭᠠᠷᠳᠠᠢ ᠬᠡᠷᠡᠭᠯᠡᠵᠤ ᠪᠤᠯᠬᠤᠶᠢᠴᠠ ᠪᠡᠯᠡ ᠮᠦᠩᠬᠦ ᠶᠢ ᠠᠷᠠᠳ ᠤᠨ ᠠᠮᠢᠳᠤᠷᠠᠯ ᠤᠨ ᠬᠦᠷᠢᠶ᠎ᠡ | ᠴᠠᠷᠠᠭᠠᠨ ᠳᠤ ᠬᠠᠨᠳᠤᠭᠤᠯᠬᠤ ᠶᠢ ᠪᠠᠷᠢᠮᠳᠠᠯᠠᠪᠠ᠃ ᠡᠯ᠎ᠡ ᠵᠦᠢᠯ ᠤᠨ ᠠᠪᠤᠷᠠᠨ ᠳᠤᠰᠠᠯᠠᠬᠤ ᠪᠡᠯᠡ ᠮᠦᠩᠬᠦ 6275 | ᠳᠦᠮᠡᠨ ᠳᠦᠬᠦᠷᠢᠭ ᠳᠠᠷᠬᠠᠭᠠᠵᠤ᠂ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ | ᠨᠦᠬᠦᠪᠤᠷᠢ ᠮᠦᠩᠬᠦ ᠶᠢᠨ ᠪᠠᠷᠢᠮᠵᠢᠶ᠎ᠡ ᠪᠤᠯᠤᠨ ᠬᠦᠮᠦᠨ ᠳᠤᠮᠳᠠᠴᠢ ᠶᠢᠨ ᠨᠦᠬᠦᠪᠤᠷᠢ ᠶᠢᠨ ᠬᠢᠷᠢ ᠬᠡᠮᠵᠢᠶ᠎ᠡ ᠳᠤᠰ ᠳᠤᠰ | 710 ᠳᠦᠬᠦᠷᠢᠭ᠂ 500 ᠳᠦᠮᠡᠨ ᠳᠦᠬᠦᠷᠢᠭ ᠲᠤ ᠬᠦᠷᠪᠡ᠃ ᠦᠢᠯᠡᠰ ᠪᠦᠳᠦᠬᠡᠬᠦ ᠶᠢ ᠪᠠᠳᠤᠯᠠᠬᠤ ᠵᠢᠬᠡᠯᠡᠯᠬᠡ | ᠶᠢᠨ ᠮᠦᠩᠬᠦ1200 ᠳᠦᠮᠡᠨ ᠳᠦᠬᠦᠷᠢᠭ ᠢ ᠳᠠᠯᠪᠢᠵᠤ᠂ ᠠᠵᠢᠯ ᠤᠯᠤᠭᠰᠠᠳ 2025 ᠬᠦᠮᠦᠨ ᠰᠢᠨ᠎ᠡ ᠪᠠᠷ | ᠨᠡᠮᠡᠭᠳᠡᠵᠤ᠂ ᠬᠤᠳᠠ ᠪᠠᠯᠭᠠᠰᠤᠨ ᠳᠤ ᠳᠠᠩᠰᠠᠯᠠᠨ ᠳᠡᠮᠳᠡᠭᠯᠡᠬᠦᠯᠦᠭᠰᠡᠨ ᠠᠵᠢᠯ ᠠᠯᠳᠠᠭᠰᠠᠳ ᠤᠨ ᠨᠤᠷᠮ᠎ᠠ ᠶᠢ 3.4% | ᠶᠢᠨ ᠳᠤᠳᠤᠷ᠎ᠠ ᠬᠢᠵᠠᠭᠠᠷᠯᠠᠪᠠ᠃ ᠪᠦᠬᠦ ᠬᠤᠳᠠ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ | ᠤᠷᠤᠯᠴᠠᠭᠰᠠᠨ ᠨᠤᠷᠮ᠎ᠠ᠂ ᠨᠠᠰᠣᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠭᠰᠠᠨ ᠨᠤᠷᠮ᠎ᠠ ᠳᠤᠰ ᠳᠤᠰ | 90% ᠪᠠ 86.5% ᠳᠤ ᠬᠦᠷᠴᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ | ᠠᠰᠠᠷᠠᠮᠵᠢ ᠶᠢᠨ ᠪᠡᠯᠡ ᠮᠦᠩᠬᠦ ᠶᠢ ᠰᠠᠷ᠎ᠠ ᠳᠤ ᠬᠦᠮᠦᠨ ᠪᠦᠷᠢ ᠳᠡᠭᠰᠢᠳᠬᠡᠬᠡᠳ 114 ᠳᠦᠬᠦᠷᠢᠭ ᠨᠡᠮᠡᠭᠳᠡᠬᠦᠯᠪᠡ᠃ | ᠴᠢᠳᠠᠪᠤᠷᠢᠳᠠᠨ ᠢ ᠳᠠᠳᠠᠨ ᠠᠪᠴᠢᠷᠠᠬᠤ ᠠᠷᠭ᠎ᠠ ᠶᠢ ᠭᠠᠷᠭᠠᠵᠤ᠂ ᠳᠡᠬᠡᠳᠤ ᠳᠡᠰ ᠤᠨ ᠴᠢᠳᠠᠪᠤᠷᠢᠳᠠᠨ ᠢ 114 | ᠬᠦᠮᠦᠨ ᠤᠷᠤᠭᠤᠯᠤᠨ ᠠᠪᠴᠢᠷᠠᠵᠠᠢ᠃ᠨᠡᠶᠢ᠊ᠬᠡᠮ ᠤᠨ ᠠᠵᠢᠯ ᠦᠢᠯᠡᠰ ᠪᠦᠬᠦ ᠳᠠᠯ᠎ᠠ ᠪᠠᠷ ᠠᠬᠢᠯᠳᠠ ᠲᠠᠢ ᠪᠤᠯᠪᠠ᠃ | ᠰᠤᠷᠭᠠᠨ ᠬᠦᠮᠦᠵᠢᠯ ᠢ ᠳᠠᠷᠢᠬᠦᠨ ᠳᠤ ᠳᠠᠯᠪᠢᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ | ᠭᠤᠤᠯᠳᠠᠯᠭ᠎ᠠ ᠲᠠᠢ ᠰᠤᠷᠭᠠᠨ ᠬᠦᠮᠦᠵᠢᠯ ᠤᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠪᠤᠯᠤᠨ | ᠬᠢᠷᠢ ᠬᠡᠮᠵᠢᠶ᠎ᠡ ᠶᠢ ᠦᠨᠡᠨᠬᠦ ᠪᠠᠳᠤᠯᠠᠵᠤ᠂ ᠪᠠᠭᠰᠢ ᠶᠢᠨ ᠮᠤᠷᠠᠯ ᠰᠤᠷᠳᠠᠯ ᠤᠨ ᠪᠠᠶᠢᠭᠤᠯᠤᠯᠳᠠ ᠶᠢ ᠴᠢᠩᠭᠠᠷᠠᠭᠤᠯᠵᠤ᠂ | ᠰᠤᠷᠭᠠᠨ ᠬᠦᠮᠦᠵᠢᠯ ᠤᠨ ᠵᠢᠭᠠᠨ ᠰᠤᠷᠭᠠᠬᠤ ᠴᠢᠨᠠᠷ ᠴᠢᠨᠰᠠᠭ᠎ᠠ ᠢᠯᠡᠳᠳᠡ ᠳᠡᠬᠡᠭᠰᠢᠯᠡᠵᠤ᠂ ᠦᠨᠳᠤᠷ ᠳᠤᠮᠳᠠᠳᠤ ᠶᠢᠨ | ᠤᠯᠤᠰ ᠤᠨ ᠰᠢᠯᠭᠠᠯᠳᠠ ᠶᠢᠨ ᠵᠢᠩᠬᠢᠨᠢ ᠠᠩᠬᠢ ᠳᠤ ᠤᠷᠤᠭᠰᠠᠨ ᠨᠤᠷᠮ᠎ᠠ 61.5% ᠳᠤ ᠬᠦᠷᠴᠤ᠂ ᠠᠩᠬ᠎ᠠ ᠵᠡᠷᠬᠡ | ᠶᠢᠨ ᠳᠤᠮᠳᠠᠳᠤ ᠰᠤᠷᠭᠠᠭᠤᠯᠢ ᠳᠡᠬᠦᠰᠬᠦ ᠰᠢᠯᠭᠠᠯᠳᠠ ᠶᠢᠨ ᠶᠡᠷᠤᠩᠬᠡᠢ ᠬᠢᠷᠢ ᠪᠦᠳᠦᠮᠵᠢ ᠳᠦᠩᠯᠢᠶᠤᠤ ᠬᠤᠳᠠ ᠶᠢᠨ | ᠳᠡᠷᠢᠬᠦᠨ ᠳᠤ ᠤᠷᠤᠪᠠ᠃ ᠳᠤᠬᠠᠶᠢᠯᠠᠭᠰᠠᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ | ᠬᠡᠮᠵᠢᠶ᠎ᠡ ᠳᠤᠭᠳᠠᠭᠤᠨ ᠢᠶᠠᠷ ᠳᠡᠬᠡᠭᠰᠢᠯᠡᠵᠤ᠂ ᠰᠤᠷᠭᠠᠭᠤᠯᠢ ᠠᠵᠤ ᠠᠬᠤᠶᠢᠯᠠᠯ ᠬᠤᠷᠰᠢᠬᠤ᠂ ᠪᠠᠶᠢᠭᠠᠯᠢ ᠶᠢᠨ | ᠰᠢᠨᠵᠢᠯᠡᠬᠦ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠮᠠᠩᠯᠠᠢ ᠬᠦᠮᠦᠵᠢᠭᠦᠯᠬᠦ ᠳᠤᠷᠰᠢᠯᠳᠠ ᠶᠢᠨ ᠴᠡᠭ ᠤᠨ | ᠠᠵᠢᠯ ᠤᠨ ᠠᠬᠢᠴᠠ ᠤᠷᠤᠭᠰᠢᠳᠠᠢ ᠶᠠᠪᠤᠭᠳᠠᠵᠤ᠂ ᠵᠡᠬᠦᠨ ᠬᠤᠶᠢᠳᠤ ᠶᠢᠨ ᠶᠡᠭᠡ ᠰᠤᠷᠭᠠᠭᠤᠯᠢ ᠶᠢᠨ ᠳᠡᠮᠦᠷᠯᠢᠭ | ᠬᠠᠶᠢᠯᠤᠭᠤᠯᠬᠤ ᠰᠤᠷᠭᠠᠭᠤᠯᠢ ᠮᠠᠨ ᠤ ᠬᠤᠳᠠ ᠳᠤ ᠠᠰᠫᠢᠷᠠᠨᠲ ᠬᠦᠮᠦᠵᠢᠬᠦᠯᠬᠦ ᠰᠠᠭᠤᠷᠢᠨ ᠭᠠᠵᠠᠷ ᠪᠠᠶᠢᠭᠤᠯᠪᠠ᠃ | ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠤᠷᠤᠨ ᠤ | ᠳᠤᠳᠤᠭᠠᠳᠤ ᠭᠠᠳᠠᠭᠠᠳᠤ ᠶᠢᠨ 9 ᠡᠮᠨᠡᠯᠬᠡ ᠶᠢᠨ ᠬᠤᠷᠢᠶ᠎ᠠ ᠲᠠᠢ ᠤᠷᠤᠨ ᠠᠯᠤᠰᠯᠠᠭᠰᠠᠨ ᠡᠮᠴᠢᠯᠡᠭᠡ ᠶᠢᠨ ᠬᠤᠯᠪᠤᠭᠠᠳᠤ | ᠴᠤᠭᠴᠠ ᠶᠢ ᠪᠠᠶᠢᠭᠤᠯᠵᠤ᠂ ᠬᠤᠳᠠ ᠶᠢᠨ ᠠᠷᠠᠳ ᠤᠨ ᠡᠮᠨᠡᠯᠬᠡ ᠶᠢᠨ ᠬᠤᠷᠢᠶ᠎ᠠ ᠤᠨᠳᠤᠤ ᠭᠠᠵᠠᠷ ᠲᠤ ᠡᠮᠨᠡᠬᠦᠯᠪᠡᠯ | ᠰᠢᠭᠤᠳ ᠳᠤᠭᠠᠴᠠᠭ᠎ᠠ ᠬᠢᠬᠦ ᠶᠢ ᠪᠡᠶᠡᠯᠡᠬᠦᠯᠵᠤ᠂ ᠬᠡᠷ ᠪᠦᠯᠢ ᠶᠢᠨ ᠡᠮᠴᠢ ᠶᠢᠨ ᠬᠡᠷ᠎ᠡ ᠳᠤᠭᠳᠠᠭᠰᠠᠨ ᠬᠦᠮᠦᠨ 3.6 | ᠳᠦᠮᠡ ᠳᠤ ᠬᠦᠷᠴᠦ᠂ ᠡᠬᠦᠨ ᠤ ᠳᠤᠳᠤᠷ᠎ᠠ 65 ᠨᠠᠰᠤᠨ ᠠᠴᠠ ᠳᠡᠬᠡᠭᠰᠢᠬᠢ ᠨᠠᠰᠤᠳᠠᠨ ᠤ ᠬᠡᠯᠡᠯᠴᠡᠭᠡ ᠳᠤᠭᠳᠠᠭᠰᠠᠨ | ᠨᠢ 88% ᠳᠤ ᠬᠦᠷᠪᠡ᠃ ᠡᠮ ᠤᠨ ᠵᠦᠢᠯ ᠳᠤ ᠦᠷᠳᠡᠭ ᠨᠡᠮᠡᠬᠦ ᠶᠢ ᠦᠬᠡᠶᠢᠰᠬᠡᠵᠤ᠂ ᠡᠪᠡᠳᠴᠢᠳᠡᠳ ᠲᠤ 922 | ᠳᠦᠮᠡᠨ ᠳᠦᠬᠦᠷᠢᠭ ᠤᠨ ᠠᠰᠢᠭ ᠢ ᠬᠦᠷᠳᠡᠬᠡᠪᠡ᠃ ᠠᠷᠠᠳ ᠤᠨ ᠡᠮᠨᠡᠯᠬᠡ ᠶᠢᠨ ᠬᠤᠷᠢᠶ᠎ᠠ ᠪᠤᠯᠤᠨ ᠡᠬᠡ ᠨᠢᠯᠬᠠᠰ ᠤᠨ | ᠡᠷᠡᠬᠦᠯ ᠮᠠᠨᠳᠤ ᠶᠢ ᠬᠠᠮᠠᠭᠠᠯᠠᠬᠤ ᠬᠤᠷᠢᠶ᠎ᠠ ᠶᠢᠨ ᠨᠡᠬᠦᠯᠬᠡᠬᠦ ᠠᠵᠢᠯ ᠢ ᠪᠠᠶᠠᠯᠠᠬᠦᠯᠪᠡ᠃ ᠰᠤᠶᠤᠯ ᠢᠶᠠᠷ ᠠᠷᠠᠳ ᠢ | ᠬᠠᠷᠠᠭᠠᠯᠵᠠᠬᠤ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠤ᠂ ᠬᠤᠳᠠ ᠶᠢᠨ ᠮᠦᠽᠧᠢ ᠳᠦᠯᠦᠪᠤᠷᠢ ᠦᠬᠡᠢ ᠪᠠᠷ | ᠨᠡᠶᠢᠬᠡᠮ ᠳᠤ ᠨᠡᠬᠡᠬᠡᠯᠳᠡ ᠬᠢᠵᠤ᠂ ᠡᠯ᠎ᠡ ᠵᠦᠢᠯ ᠤᠨ ᠤᠯᠠᠨ ᠳᠦᠮᠡᠨᠴᠢ ᠴᠢᠨᠠᠷᠳᠠᠢ ᠰᠤᠶᠤᠯ ᠤᠨ ᠬᠦᠳᠡᠯᠬᠡᠬᠡᠨ ᠢ | 140 ᠳᠠᠯᠠᠪᠠᠢ ᠤᠳᠠᠭ᠎ᠠ ᠦᠷᠨᠢᠬᠦᠯᠵᠤ᠂ ᠬᠤᠤᠯᠢᠩᠭᠤᠤᠯ ᠬᠤᠳᠠ ᠶᠢᠨ ᠦᠬᠡᠷᠡᠴᠢᠯᠡᠯᠳᠡ ᠨᠡᠬᠡᠬᠡᠯᠳᠡ ᠬᠢᠭᠰᠡᠨ 40 | ᠵᠢᠯ ᠤᠨ ᠤᠢ ᠶᠢ ᠳᠤᠷᠠᠰᠬᠠᠬᠤ ᠳᠤᠮᠤ ᠬᠡᠯᠪᠡᠷᠢ ᠶᠢᠨ ᠬᠡᠷᠡᠯ ᠵᠢᠷᠤᠭ ᠤᠨ ᠦᠷ᠎ᠡ ᠪᠦᠳᠦᠮᠵᠢ ᠶᠢᠨ ᠳᠤᠭᠤᠷᠢᠨ | ᠦᠵᠡᠬᠦᠯᠦᠯᠬᠡ ᠶᠢ ᠡᠷᠬᠢᠯᠡᠵᠡᠢ᠃ ᠨᠡᠶᠢᠬᠡᠮ ᠤᠨ ᠵᠠᠰᠠᠯᠳᠠ ᠶᠢᠨ ᠴᠢᠳᠠᠪᠤᠷᠢ ᠳᠤᠭᠳᠠᠭᠤᠨ ᠢᠶᠠᠷ ᠳᠡᠬᠡᠭᠰᠢᠯᠡᠪᠡ ᠃ | ᠳᠡᠤᠬᠡ ᠠᠴᠠ ᠦᠯᠡᠳᠡᠭᠳᠡᠵᠤ ᠢᠷᠡᠭᠰᠡᠨ 10 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠡᠶᠡᠳᠡᠬᠦᠯᠵᠤ᠂ ᠮᠠᠯᠴᠢᠨ | ᠳᠠᠷᠢᠶᠠᠴᠢᠨ ᠬᠦᠯᠦᠰᠤᠨ ᠠᠵᠢᠯᠴᠢᠨ ᠤ ᠬᠦᠯᠦᠰᠤ ᠴᠠᠯᠢᠩ ᠤᠨ ᠦᠷᠢᠳᠦᠵᠤ ᠪᠠᠶᠢᠭ᠎ᠠ ᠠᠰᠠᠭᠤᠳᠠᠯ ᠢ ᠳᠤᠬᠢᠷᠠᠮᠵᠢᠳᠠᠢ | ᠰᠢᠢᠳᠪᠤᠷᠢᠯᠡᠪᠡ᠃ ᠴᠡᠷᠢᠭ ᠤᠨ ᠠᠯᠪᠠ ᠬᠠᠯᠠᠭᠳᠠᠭᠰᠠᠳ ᠤᠨ ᠦᠢᠯᠡᠴᠢᠯᠡᠬᠡᠨ ᠤ ᠬᠠᠮᠢᠶᠠᠷᠤᠯᠳᠠ ᠶᠢᠨ ᠠᠵᠢᠯ ᠢ ᠡᠮᠬᠢ | ᠵᠠᠮᠪᠠᠷᠠᠭ᠎ᠠ ᠲᠠᠢ ᠦᠷᠨᠢᠬᠦᠯᠪᠡ᠃ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠤᠷ ᠳᠦᠪᠰᠢᠨ ᠤ ᠵᠦᠪᠯᠡᠯ ᠤᠨ | ᠠᠯᠪᠠᠨ ᠬᠡᠷ ᠤᠨ ᠱᠠᠯᠠᠪᠳᠠᠭᠤᠯᠤᠨ ᠪᠠᠶᠢᠴᠠᠭᠠᠵᠤ ᠳᠤᠰᠬᠠᠭᠰᠠᠨ 4 ᠵᠦᠢᠯ ᠤᠨ ᠠᠶᠤᠯ ᠦᠬᠡᠢ ᠶᠢᠨ ᠬᠡᠮ ᠰᠤᠭᠤᠭ | ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠳᠤᠮᠤ ᠶᠡᠭᠡ ᠠᠶᠤᠯ ᠦᠬᠡᠢ ᠦᠢᠯᠡᠳᠪᠤᠷᠢᠯᠡᠯ ᠤᠨ ᠠᠳᠡᠭᠳᠡᠯ ᠭᠠᠷᠤᠭᠰᠠᠨ | ᠦᠬᠡᠢ᠃ ᠢᠳᠡᠬᠡᠨ ᠪᠠ ᠡᠮ ᠤᠨ ᠵᠦᠢᠯᠡᠰ ᠤᠨ ᠠᠮᠤᠷ ᠳᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ | ᠢᠳᠡᠬᠡᠨ ᠤᠮᠳᠠᠭᠠᠨ ᠤ ᠦᠢᠯᠡᠴᠢᠯᠡᠬᠡᠨ ᠤ ᠨᠢᠬᠡᠴᠡ ᠢᠳᠡᠬᠡᠨ ᠤ ᠠᠮᠤᠷ ᠳᠦᠪᠰᠢᠨ ᠤ ᠬᠡᠮᠵᠢᠶ᠎ᠡ ᠪᠠᠷ ᠱᠠᠳᠤ | ᠬᠤᠪᠢᠶᠠᠨ ᠬᠠᠮᠢᠶᠠᠷᠬᠤ ᠪᠦᠬᠦᠨ ᠢ ᠪᠦᠷᠬᠦᠬᠦᠯᠬᠦ ᠶᠢ ᠪᠡᠶᠡᠯᠡᠬᠦᠯᠵᠡᠢ᠃ ᠨᠡᠶᠢᠬᠡᠮ ᠤᠨ ᠠᠮᠤᠷ ᠢ ᠬᠠᠮᠠᠭᠠᠯᠠᠯᠳᠠ ᠶᠢᠨ | ᠰᠡᠷᠬᠡᠶᠢᠯᠡᠨ ᠡᠵᠡᠮᠳᠡᠬᠦ ᠪᠤᠳᠠᠳᠤ ᠦᠢᠯᠡᠳᠤᠯ ᠢ ᠨᠡᠮᠡᠭᠳᠡᠬᠦᠯᠵᠤ᠂ ︽ᠬᠠᠷ᠎ᠠ ᠪᠦᠯᠦᠭᠲᠠᠨ ᠪᠠᠶᠢᠪᠠᠯ ᠱᠦᠬᠦᠷᠳᠡᠬᠦ᠂ | ᠬᠠᠷᠬᠢᠰ ᠬᠦᠴᠦᠨ ᠪᠠᠶᠢᠪᠠᠯ ᠠᠷᠢᠯᠭᠠᠬᠤ᠂ ᠰᠠᠮᠠᠭᠤᠨ ᠪᠠᠶᠢᠪᠠᠯ ᠵᠠᠰᠠᠬᠤ︾ ᠵᠠᠷᠴᠢᠮ ᠢ ᠪᠠᠷᠢᠮᠳᠠᠯᠠᠵᠤ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠬᠦᠨᠵᠡᠬᠡᠢ ᠦᠷᠨᠢᠬᠦᠯᠵᠤ᠂ ᠬᠠᠷᠬᠢᠰ ᠬᠦᠴᠦᠨ | ᠳᠤ ᠬᠤᠯᠪᠤᠭᠳᠠᠭᠰᠠᠨ 1 ᠪᠦᠯᠬᠦᠮ᠂ ᠬᠠᠷᠬᠢᠰ ᠬᠦᠴᠦᠨ ᠤ ᠶᠠᠯᠠᠳᠤ ᠠᠵᠢᠯᠯᠠᠭ᠎ᠠ ᠳᠤ ᠬᠤᠯᠪᠤᠭᠳᠠᠭᠰᠠᠨ 3 ᠪᠦᠯᠬᠦᠮ | ᠳᠤ ᠴᠤᠬᠢᠯᠳᠠ ᠦᠭᠴᠤ᠂ ᠠᠮᠤᠷ ᠢ ᠬᠠᠮᠠᠭᠠᠯᠠᠬᠤ ᠬᠡᠷᠡᠭ ᠠᠳᠠᠯᠢ ᠬᠤᠭᠤᠴᠠᠭᠠᠨ ᠤ ᠬᠢ ᠠᠴᠠ 21% ᠪᠠᠷ | ᠪᠠᠭᠤᠷᠠᠵᠤ᠂ ᠨᠡᠶᠢᠬᠡᠮ ᠤᠨ ᠶᠡᠭᠡ ᠳᠠᠯ᠎ᠠ ᠶᠢᠨ ᠡᠶ᠎ᠡ ᠵᠤᠬᠢᠴᠠᠩᠭᠤᠢ ᠳᠤᠭᠳᠠᠭᠤᠨ ᠢ ᠦᠨᠡᠨᠬᠦ ᠬᠠᠮᠠᠭᠠᠯᠠᠪᠠ᠃ | ᠦᠨᠳᠤᠰᠤᠳᠡᠨ ᠱᠠᠰᠢᠨ ᠰᠤᠷᠳᠠᠬᠤᠨ᠂ ᠠᠷᠠᠳ ᠤᠨ ᠵᠡᠪᠰᠡᠭᠳᠤ ᠬᠦᠴᠦᠨ᠂ ᠬᠤᠶᠠᠷ ᠢ ᠬᠦᠷᠢᠶᠡᠯᠡᠬᠦ ᠪᠠ | ᠬᠠᠯᠠᠮᠵᠢᠯᠠᠨ ᠳᠦᠪᠬᠢᠨᠡᠬᠦᠯᠬᠦ᠂ ᠳᠡᠤᠬᠡ ᠦᠢᠯᠠᠯᠭ᠎ᠠ ᠳᠠᠩᠰᠠ ᠡᠪᠬᠡᠮᠡᠯ᠂ ᠵᠡᠮᠳᠡᠭᠴᠤᠳ ᠢ ᠳᠡᠮᠵᠢᠵᠤ ᠦᠨᠤᠴᠤᠷᠦᠭᠰᠡᠨ | ᠢ ᠬᠠᠪᠰᠤᠷᠠᠬᠤ᠂ ᠡᠮᠡᠭᠳᠡᠶᠢᠴᠤᠳ ᠪᠠ ᠬᠡᠤᠬᠡᠳ᠂ ᠠᠷᠠᠳ ᠤᠨ ᠠᠭᠠᠷ ᠤᠨ ᠰᠡᠷᠬᠡᠶᠢᠯᠡᠯᠳᠡ ᠴᠠᠭ ᠠᠭᠤᠷ᠂ ᠭᠠᠵᠠᠷ | ᠬᠦᠳᠡᠯᠤᠯᠳᠠ ᠶᠢ ᠰᠡᠷᠬᠡᠶᠢᠯᠡᠬᠦ ᠭᠠᠮᠰᠢᠭ ᠢ ᠪᠠᠭᠠᠰᠠᠬᠠᠬᠤ᠂ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠤᠷᠢᠯᠡᠬᠦ᠂ ᠨᠠᠰᠤᠳᠠᠶᠢᠴᠤᠳ ᠪᠤᠯᠤᠨ ᠬᠤᠶᠢᠴᠢ ᠦᠶ᠎ᠡ ᠪᠠᠨ ᠬᠠᠷᠠᠭᠠᠯᠵᠠᠬᠤ ᠵᠡᠷᠬᠡ ᠶᠢᠨ ᠠᠵᠢᠯ | ᠳᠤ ᠰᠢᠨ᠎ᠡ ᠠᠬᠢᠯᠳᠠ ᠲᠠᠢ ᠪᠤᠯᠪᠠ ᠃ | ᠳᠦᠯᠦᠬᠡᠯᠡᠭᠴᠢᠳ ᠡ ︕ ᠦᠩᠬᠡᠷᠡᠭᠰᠡᠨ ᠨᠢᠬᠡ ᠵᠢᠯ ᠳᠤ ᠪᠢᠳᠡ ᠵᠠᠰᠠᠭ ᠤᠨ ᠤᠷᠳᠤᠨ ᠤ ᠬᠤᠪᠢ ᠪᠡᠶ᠎ᠡ | ᠶᠢᠨ ᠪᠦᠳᠦᠬᠡᠨ ᠪᠠᠶᠢᠭᠤᠯᠤᠯᠳᠠ ᠶᠢ ᠨᠡᠩ ᠴᠢᠬᠤᠯᠠᠴᠢᠯᠠᠵᠤ᠂ ᠤᠯᠤᠰ ᠳᠦᠷᠦ ᠶᠢᠨ ᠰᠠᠬᠢᠯᠭ᠎ᠠ ᠪᠠᠳᠤ ᠪᠤᠯᠤᠨ ᠤᠯᠤᠰ | ᠳᠦᠷᠦ ᠶᠢᠨ ᠶᠤᠰᠤ ᠳᠦᠷᠢᠮ ᠢ ᠳᠡᠷᠢᠬᠦᠨ ᠳᠤ ᠳᠠᠯᠪᠢᠬᠤ ᠶᠢ ᠢᠮᠠᠭᠳᠠ ᠵᠢᠷᠤᠮᠯᠡᠵᠤ᠂ ︽ᠳᠦᠷᠪᠡᠨ ᠦᠵᠡᠯ | ᠤᠬᠠᠮᠰᠠᠷ︾ ᠢ ᠪᠠᠳᠤ ᠪᠠᠬᠢ ᠪᠤᠢ ᠪᠤᠯᠭᠠᠵᠤ᠂ ︽ᠳᠦᠷᠪᠡᠨ ᠢᠳᠡᠬᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ | ︾ ᠶᠢ ᠡᠷᠡᠰ ᠬᠦᠢᠴᠡᠳᠬᠡᠪᠡ᠃ ᠰᠤᠷᠳᠠᠯ ᠢᠶᠠᠨ ᠬᠤᠪᠢᠷᠠᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠵᠠᠰᠠᠭ ᠤᠨ | ᠤᠷᠳᠤᠨ ᠤ ᠨᠠᠮ ᠤᠨ ᠳᠤᠭᠤᠶᠢᠯᠠᠩ ᠤᠨ ᠠᠵᠢᠯ ᠢ ᠳᠠᠰᠤᠷᠠᠯᠳᠠ ᠦᠬᠡᠢ ᠴᠢᠩᠭᠠᠷᠠᠭᠤᠯᠵᠤ᠂ ᠵᠠᠰᠠᠭ ᠤᠨ ᠤᠷᠳᠤᠨ ᠤ | ᠨᠠᠮ ᠤᠨ ᠳᠤᠭᠤᠶᠢᠯᠠᠩ ᠤᠨ ᠤᠨᠤᠯ᠂ ᠳᠦᠷᠦ ᠶᠢᠨ ᠪᠤᠳᠤᠯᠭ᠎ᠠ᠂ ᠳᠦᠷᠢᠮ ᠳᠤᠭᠳᠠᠭᠠᠯ᠂ ᠳᠤᠬᠠᠶᠢᠯᠠᠭᠰᠠᠨ ᠠᠵᠢᠯ | ᠤᠨ ᠰᠤᠷᠤᠯᠴᠠᠯᠭ᠎ᠠ ᠶᠢ ᠳᠦᠷᠢᠮᠵᠢᠭᠦᠯᠦᠨ᠂ ᠪᠠᠶᠢᠩᠭᠤᠵᠢᠭᠤᠯᠤᠭᠰᠠᠨ ᠪᠠᠶᠢᠨ᠎ᠠ᠃ ︽ᠭᠤᠷᠪᠠᠨ ᠴᠢᠬᠤᠯᠠ ᠨᠢᠬᠡ ᠳᠤᠮᠤ | ︾ ᠪᠤᠯᠤᠨ ᠬᠠᠮᠳᠤ ᠶᠢᠨ ᠪᠠᠶᠢᠯᠳᠤᠬᠤ ᠪᠤᠳᠤᠯᠭ᠎ᠠ ᠶᠢᠨ ᠳᠦᠷᠢᠮ ᠢ ᠡᠷᠡᠰ ᠢᠶᠠᠷ ᠬᠡᠷᠡᠭᠵᠢᠬᠦᠯᠵᠤ᠂ ᠵᠠᠰᠠᠭ ᠤᠨ | ᠤᠷᠳᠤᠨ ᠤ ᠵᠠᠰᠠᠯᠳᠠ ᠶᠢᠨ ᠴᠢᠳᠠᠪᠤᠷᠢ᠂ ᠬᠦᠢᠴᠡᠳᠬᠡᠬᠦ ᠴᠢᠳᠠᠪᠤᠷᠢ᠂ ᠪᠤᠭᠤᠮᠳᠠ ᠰᠢᠪᠳᠤᠯᠬᠤ ᠴᠢᠳᠠᠪᠤᠷᠢ ᠤᠯᠠᠮ | ᠨᠢᠬᠡ ᠠᠯᠬᠤᠮ ᠳᠡᠬᠡᠭᠰᠢᠯᠡᠵᠡᠢ᠃ ᠨᠠᠮ ᠤᠨ ᠬᠤᠷᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠳᠠ ᠶᠢ ᠡᠷᠡᠰ | ᠳᠤᠶᠢᠯᠪᠤᠷᠢᠳᠠᠢ ᠨᠠᠶᠢᠳᠠᠪᠤᠷᠢᠵᠢᠭᠤᠯᠵᠤ᠂ ᠠᠷᠠᠳ ᠤᠨ ᠳᠦᠯᠦᠬᠡᠯᠡᠭᠴᠢᠳ ᠤᠨ ᠬᠠᠤᠯᠢ ᠴᠠᠭᠠᠵᠠ ᠶᠢᠨ ᠬᠢᠨᠠᠯᠳᠠ᠂ | ᠤᠯᠤᠰ ᠳᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ ᠪᠤᠯᠤᠨ ᠨᠡᠶᠢᠬᠡᠮ ᠤᠨ ᠡᠯ᠎ᠡ ᠡᠳᠡᠬᠡᠳ ᠤᠨ ᠬᠢᠨᠠᠯᠳᠠ | ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠳᠦᠯᠦᠬᠡᠯᠡᠭᠴᠢᠳ ᠤᠨ ᠳᠦᠯᠦᠬᠡᠯᠡᠭᠴᠢ ᠶᠢᠨ 156 | ᠬᠤᠪᠢ ᠰᠠᠨᠠᠯ ᠰᠠᠨᠠᠭᠤᠯᠭ᠎ᠠ᠂ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠤ 100 ᠬᠤᠪᠢ ᠰᠠᠨᠠᠯ ᠳᠤᠷᠠᠳᠤᠯᠭ᠎ᠠ | ᠶᠢ ᠬᠤᠭᠤᠴᠠᠭ᠎ᠠ ᠶᠤᠰᠤᠭᠠᠷ ᠬᠦᠢᠴᠡᠳᠬᠡᠨ ᠬᠠᠷᠢᠭᠤᠯᠪᠠ᠃ ︽ᠳᠤᠯᠤᠳᠤᠭᠠᠷ ᠳᠠᠪᠤᠨ ᠵᠢᠯ︾ ᠤᠨ ᠬᠠᠤᠯᠢ | ᠳᠦᠬᠡᠮᠡᠯᠵᠢᠬᠦᠯᠬᠦ ᠶᠢ ᠬᠦᠨᠵᠡᠬᠡᠢ ᠦᠷᠨᠢᠬᠦᠯᠵᠤ᠂ ︽ᠪᠦᠬᠦ ᠤᠷᠤᠨ ᠤ ᠠᠩᠬ᠎ᠠ ᠬᠤᠭᠤᠴᠠᠭᠠᠨ ᠤ ᠬᠠᠤᠯᠢᠵᠢᠯ ᠤᠨ | ᠵᠠᠰᠠᠭ ᠤᠨ ᠤᠷᠳᠤᠨ ᠪᠤᠯᠭᠠᠨ ᠪᠦᠳᠦᠬᠡᠨ ᠪᠠᠶᠢᠭᠤᠯᠬᠤ ᠵᠢᠱᠢᠶ᠎ᠡ ᠦᠵᠡᠬᠦᠯᠬᠦ ᠬᠤᠰᠢᠭᠤ ᠰᠢᠶᠠᠨ ︵ᠬᠤᠳᠠ︶︾ ᠢᠶᠠᠷ | ᠦᠨᠡᠯᠡᠭᠳᠡᠪᠡ᠃ | ᠤᠴᠢᠷ ᠶᠠᠪᠤᠳᠠᠯ ᠢ ᠦᠩᠬᠡᠷᠡᠬᠦᠯᠬᠦ ᠦᠬᠡᠢ ᠪᠤᠯ ᠬᠦᠴᠢᠷ ᠢ ᠰᠡᠷᠡᠨ ᠮᠡᠳᠡᠵᠤ ᠳᠡᠶᠢᠯᠬᠦ ᠦᠬᠡᠢ᠃ ᠨᠢᠬᠡ ᠵᠢᠯ ᠤᠨ | ᠳᠤᠷᠰᠢ᠂ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢᠨ ︽ᠡᠷᠬᠢᠨ ᠬᠠᠷᠠᠬᠤ︾ | ᠪᠠ ᠤᠯᠤᠰ ᠤᠨ ᠶᠡᠭᠡ ᠱᠠᠯᠠᠪᠳᠠᠭᠤᠯᠤᠨ ᠪᠠᠶᠢᠴᠠᠭᠠᠯᠳᠠ ᠶᠢᠨ ᠤᠯᠤᠰ ᠳᠦᠷᠦ ᠶᠢᠨ ᠪᠠᠶᠢᠴᠠᠭᠠᠯᠳᠠ ᠶᠢᠨ ᠡᠮᠤᠨ᠎ᠡ᠂ | ᠪᠢᠳᠡ ᠵᠤᠭᠰᠤᠴᠠ ᠶᠢᠨ ᠤᠷᠤᠨ ᠪᠠᠶᠢᠷᠢ ᠪᠠᠨ ᠳᠡᠬᠡᠭᠰᠢᠯᠡᠬᠦᠯᠵᠤ᠂ ᠬᠠᠷᠠᠯᠳᠠ ᠪᠠᠨ ᠳᠤᠭᠳᠠᠭᠠᠵᠤ᠂ ᠦᠨᠢ ᠤᠳᠠᠭᠠᠨ | ᠤ ᠠᠮᠵᠢᠯᠳᠠ ᠤᠯᠤᠭᠰᠠᠨ ᠨᠢ᠂ ᠪᠢᠳᠡᠨ ᠤ ᠴᠡᠭᠴᠡᠯᠡᠬᠦ ᠠᠰᠠᠭᠤᠳᠠᠯ ᠪᠠᠶᠢᠪᠠᠯ ᠦᠨᠡᠨ ᠪᠤᠳᠠᠳᠠᠢ ᠴᠡᠭᠴᠡᠯᠡᠨ | ᠰᠠᠶᠢᠵᠢᠷᠠᠭᠤᠯᠬᠤ ᠡᠬᠦᠷᠬᠡ ᠬᠠᠷᠢᠭᠤᠴᠠᠯᠭ᠎ᠠ ᠵᠤᠷᠢᠭᠳᠠᠢ ᠡᠬᠦᠷᠬᠡᠯᠡᠬᠦ ᠶᠢ ᠢᠯᠡᠷᠡᠬᠦᠯᠵᠡᠢ︔ ᠵᠠᠰᠠᠭ ᠤᠨ ᠤᠷᠳᠤᠨ ᠤ | ᠦᠷᠢ ᠦᠭᠴᠡᠭᠡ ᠶᠢ ᠠᠷᠢᠯᠭᠠᠬᠤ ᠪᠠ ︽ᠳᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ | ᠪᠠᠷᠢᠯᠭ᠎ᠠ︾ ᠶᠢ ᠴᠡᠭᠴᠡᠯᠡᠨ ᠴᠡᠪᠡᠷᠯᠡᠬᠦ ᠬᠦᠴᠢᠷ ᠪᠡᠷᠬᠡ ᠲᠠᠢ ᠡᠬᠦᠷᠬᠡ ᠶᠢᠨ ᠡᠮᠤᠨ᠎ᠡ᠂ ᠪᠢᠳᠡ ᠬᠦᠴᠢᠷ ᠢ ᠰᠦᠷᠤᠨ | ᠤᠷᠤᠭᠰᠢᠯᠠᠵᠤ᠂ ᠰᠢᠯᠲᠠᠭᠯᠠᠬᠤ ᠦᠬᠡᠢ ᠳᠦᠯᠬᠢᠯᠴᠡᠬᠦ ᠦᠬᠡᠢ᠂ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠭᠰᠠᠨ | ᠠᠴᠠ ᠪᠢᠳᠡᠨ ᠤ ᠬᠠᠳᠠᠭᠤ ᠳᠠᠶᠢᠯᠠᠯᠳᠤᠭᠠᠨ ᠢ ᠵᠤᠷᠢᠭᠳᠠᠢ ᠢᠯᠠᠬᠤ ᠰᠦᠰᠦ ᠵᠤᠷᠢᠭ ᠢ ᠢᠯᠡᠷᠡᠬᠦᠯᠵᠡᠢ︔ ᠠᠵᠤ ᠠᠬᠤᠢ | ᠶᠢᠨ ᠪᠠᠶᠢᠳᠠᠯ ᠪᠠᠭᠤᠷᠠᠬᠤ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠬᠦᠨᠳᠤ ᠨᠤᠴᠢᠳᠠᠢ ᠬᠤᠤᠰ | ᠳᠠᠷᠤᠯᠳᠠ ᠶᠢᠨ ᠡᠮᠤᠨ᠎ᠡ᠂ ᠪᠢᠳᠡ ᠢᠳᠡᠬᠡᠯ ᠢᠶᠠᠨ ᠪᠠᠳᠤᠳᠬᠠᠵᠤ᠂ ᠪᠤᠯᠤᠳ ᠬᠡᠷᠡᠮ ᠮᠡᠳᠤ ᠬᠠᠳᠠᠭᠤ ᠪᠤᠯᠭᠠᠵᠤ᠂ ᠴᠠᠭ | ᠢ ᠠᠮᠵᠢᠨ ᠬᠦᠳᠡᠯᠤᠯᠴᠡᠵᠤ᠂ ᠳᠡᠬᠡᠳᠤ ᠬᠡᠮᠵᠢᠶᠡᠨ ᠤ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠠᠨ ᠳᠡᠬᠡᠳᠤ | ᠬᠡᠮᠵᠢᠶ᠎ᠡ ᠪᠠᠷ ᠬᠦᠭᠵᠢᠬᠦᠯᠬᠦ ᠪᠠᠷ ᠬᠦᠳᠡᠯᠬᠡᠬᠦᠷ ᠪᠤᠯᠭᠠᠨ ᠪᠠᠶᠢᠳᠠᠯ ᠢ ᠰᠦᠷᠦᠨ ᠤᠷᠤᠭᠰᠢᠯᠠᠬᠤ ᠪᠠᠨ ᠪᠡᠶᠡᠯᠡᠬᠦᠯᠦᠭᠰᠡᠨ | ᠪᠠᠶᠢᠨ᠎ᠠ᠃ ᠡᠨᠡᠬᠦ ᠠᠵᠢᠯ ᠤᠨ ᠠᠮᠵᠢᠯᠳᠠ ᠪᠤᠯᠤᠨ ᠦᠷ᠎ᠡ ᠪᠦᠳᠦᠬᠡᠯ ᠤᠯᠤᠭᠰᠠᠨ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠵᠦᠪ ᠤᠨᠤᠪᠴᠢᠳᠠᠢ | ᠵᠢᠯᠤᠭᠤᠳᠤᠯᠭ᠎ᠠ᠂ ᠳᠡᠬᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠳᠠ ᠶᠢᠨ ᠨᠠᠮ ᠤᠨ | ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠪᠤᠯᠤᠨ ᠰᠢᠨᠵᠢᠯᠡᠬᠦ ᠤᠬᠠᠭᠠᠨᠴᠢ ᠪᠠᠶᠢᠯᠳᠤᠬᠤ ᠪᠤᠳᠤᠯᠭ᠎ᠠ᠂ ᠬᠤᠳᠠ | ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ | ᠬᠦᠴᠦᠳᠡᠢ ᠬᠢᠨᠠᠯᠳᠠ ᠪᠤᠯᠤᠨ ᠳᠡᠮᠵᠢᠯᠬᠡ᠂ ᠪᠦᠬᠦ ᠬᠤᠳᠠ ᠶᠢᠨ ᠠᠷᠠᠳ ᠳᠦᠮᠡᠨ ᠰᠡᠳᠬᠢᠯ ᠢᠶᠠᠨ ᠨᠢᠬᠡᠳᠬᠡᠨ ᠬᠦᠴᠦ | ᠪᠠᠨ ᠬᠠᠮᠳᠤᠳᠬᠠᠵᠤ᠂ ᠬᠦᠴᠦᠯᠡᠨ ᠳᠡᠮᠡᠴᠡᠭᠰᠡᠨ ᠤ ᠦᠷ᠎ᠡ ᠳ᠋ᠦᠩ ᠪᠤᠯᠬᠤ ᠶᠤᠮ᠂ ᠠᠳᠡ ᠪᠢ ᠬᠤᠳᠠ ᠶᠢᠨ ᠠᠷᠠᠳ | ᠤᠨ ᠵᠠᠰᠠᠭ ᠤᠨ ᠤᠷᠳᠤᠨ ᠤ ᠡᠮᠤᠨ᠎ᠡ ᠠᠴᠠ ᠡᠯ᠎ᠡ ᠠᠷᠠᠳ ᠤᠨ ᠳᠦᠯᠦᠬᠡᠯᠡᠭᠴᠢ᠂ ᠤᠯᠤᠰ ᠳᠦᠷᠦ ᠶᠢᠨ ᠵᠦᠪᠯᠡᠯᠬᠡᠨ | ᠤ ᠬᠡᠰᠢᠬᠦᠨ᠂ ᠪᠦᠬᠦ ᠬᠤᠳᠠ ᠶᠢᠨ ᠦᠨᠳᠤᠰᠤᠳᠡᠨ ᠨᠦᠭᠦᠳ ᠤᠨ ᠺᠠᠳ᠋ᠷ ᠤᠯᠠᠨ ᠳᠦᠮᠡᠨ᠂ ᠡᠯ᠎ᠡ ᠡᠳᠡᠬᠡᠳ ᠤᠨ | ᠰᠢᠷᠭᠠᠭᠤ ᠬᠠᠳᠠᠭᠤᠵᠢᠯᠳᠠᠢ ᠠᠵᠢᠯᠯᠠᠵᠤ ᠪᠠᠶᠢᠭ᠎ᠠ ᠪᠦᠬᠦ ᠬᠦᠳᠡᠯᠮᠤᠷᠢᠴᠢᠨ᠂ ᠠᠵᠢᠯ ᠠᠴᠠ ᠪᠠᠨ ᠠᠮᠠᠷᠠᠭᠰᠠᠨ ᠠᠬᠠᠮᠠᠳ | ᠨᠦᠬᠦᠳ᠂ ᠳᠦᠪ ᠦᠪᠡᠷᠳᠡᠬᠡᠨ ᠵᠠᠰᠠᠬᠤ ᠤᠷᠤᠨ ᠤ ᠬᠤᠳᠠ ᠶᠢᠨ ᠬᠠᠷᠢᠶᠠᠳᠤ ᠨᠢᠬᠡᠴᠡ᠂ ᠬᠤᠳᠠ ᠳᠤ ᠰᠠᠭᠤᠭ᠎ᠠ | ᠵᠡᠪᠰᠡᠭᠳᠤ ᠴᠠᠭᠳᠠᠭ᠎ᠠ ᠶᠢᠨ ᠠᠩᠬᠢ᠂ ᠤᠯᠤᠰ ᠳᠦᠷᠦ ᠬᠠᠤᠯᠢ ᠴᠠᠭᠠᠵᠠ ᠶᠢᠨ ᠴᠠᠭᠳᠠᠭ᠎ᠠ᠂ ᠬᠤᠤᠯᠢᠩᠭᠤᠤᠯ ᠤᠨ | ᠬᠦᠭᠵᠢᠯᠳᠡ ᠶᠢ ᠬᠠᠯᠠᠮᠵᠢᠯᠠᠨ ᠳᠡᠮᠵᠢᠭᠰᠡᠬᠡᠷ ᠢᠷᠡᠭᠰᠡᠨ ᠡᠯ᠎ᠡ ᠡᠳᠡᠬᠡᠳ ᠤᠨ ᠨᠠᠶᠢᠵᠠ ᠨᠦᠬᠦᠳ ᠨᠠᠷ ᠲᠠᠭᠠᠨ | ᠬᠠᠯᠠᠭᠤᠨ ᠮᠡᠨᠳᠤᠴᠢᠯᠡᠯ ᠬᠦᠷᠬᠡᠬᠦ ᠶᠢᠨ ᠬᠠᠮᠳᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠵᠤ ᠪᠠᠶᠢᠨ᠎ᠠ︕ | ᠡᠯ᠎ᠡ ᠳᠦᠯᠦᠬᠡᠯᠡᠭᠴᠢᠳ ᠡ᠂ ᠠᠵᠢᠯ ᠤᠨ ᠦᠷ᠎ᠡ ᠪᠦᠳᠦᠮᠵᠢ ᠪᠠᠨ ᠳ᠋ᠦᠩᠨᠡᠬᠦ ᠶᠢᠨ ᠬᠠᠮᠳᠤ ᠴᠢᠨᠠᠷ ᠰᠠᠶᠢᠳᠠᠢ | ᠬᠦᠭᠵᠢᠬᠦᠯᠬᠦ ᠱᠠᠭᠠᠷᠳᠠᠯᠭ᠎ᠠ᠂ ᠠᠷᠠᠳ ᠤᠨ ᠬᠦᠰᠡᠯ ᠮᠦᠷᠦᠬᠡᠳᠤᠯ ᠤᠨ ᠪᠠᠷᠢᠮᠵᠢᠶ᠎ᠡ ᠪᠠᠷ ᠤᠷᠤᠭᠰᠢᠯᠠᠯᠳᠠ ᠶᠢᠨ ᠵᠠᠮ | ᠳᠤ ᠪᠠᠰᠠ ᠮᠠᠰᠢ ᠤᠯᠠᠨ ᠳᠡᠩᠴᠡᠬᠦᠷᠢ ᠦᠬᠡᠢ᠂ ᠬᠦᠢᠴᠡᠳ ᠦᠬᠡᠢ ᠠᠰᠠᠭᠤᠳᠠᠯ ᠤᠷᠤᠰᠢᠵᠤ ᠪᠠᠶᠢᠭ᠎ᠠ ᠶᠢ ᠪᠢᠳᠡ | ᠡᠷᠬᠡᠪᠰᠢ ᠰᠡᠷᠬᠡᠭ ᠢᠶᠠᠷ ᠳᠠᠨᠢᠵᠤ ᠤᠯᠬᠤ ᠬᠡᠷᠡᠭᠲᠠᠢ᠄ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠨᠡᠮᠡᠭᠳᠡᠯ ᠤᠨ | ᠱᠠᠳᠤᠴᠢ ᠴᠢᠨᠠᠷ ᠤᠳᠠᠭᠠᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠳᠡᠤᠬᠡ ᠶᠢᠨ ᠤᠷᠬᠢᠯ ᠤᠨ | ᠬᠤᠭᠤᠴᠠᠭᠠᠨ ᠳᠤ ᠤᠷᠤᠭᠠᠳ ᠪᠠᠶᠢᠨ᠎ᠠ︔ ᠠᠵᠤ ᠦᠢᠯᠡᠰ ᠤᠨ ᠬᠦᠭᠵᠢᠯᠳᠡ ᠶᠢᠨ ᠶᠡᠷᠤᠩᠬᠡᠢ ᠴᠤᠭᠴᠠ ᠶᠢᠨ ᠬᠢᠷᠢ | ᠬᠡᠮᠵᠢᠶ᠎ᠡ ᠦᠨᠳᠤᠷ ᠪᠤᠯᠤᠭᠠᠳᠤᠢ ᠪᠠᠶᠢᠭᠰᠠᠭᠠᠷ᠂ ᠶᠡᠷᠤᠩᠬᠡᠢ ᠬᠡᠮᠵᠢᠶ᠎ᠡ ᠶᠢᠨ ᠨᠡᠮᠡᠭᠳᠡᠯ ᠴᠢᠳᠠᠪᠤᠷᠢ ᠶᠢᠨ ᠬᠤᠪᠢᠷᠠᠭᠤᠯᠬᠤ᠂ | ᠪᠤᠬᠢᠷᠳᠤᠯ ᠦᠬᠡᠢ ᠦᠨᠳᠤᠷ ᠦᠷ᠎ᠡ ᠠᠰᠢᠭ ᠤᠨ ᠳᠠᠯ᠎ᠠ ᠶᠢᠨ ᠡᠬᠦᠷᠬᠡ ᠤᠯᠠᠮ ᠨᠢᠬᠡ ᠠᠯᠬᠤᠮ ᠳᠡᠰ ᠳᠡᠪᠰᠢᠬᠦᠯᠬᠦ | ᠴᠢᠬᠤᠯᠠᠳᠠᠢ︔ ᠠᠷᠠᠳ ᠤᠨ ᠠᠮᠢᠳᠤᠷᠠᠯ ᠤᠨ ᠠᠵᠢᠯ ᠢ ᠳᠡᠬᠡᠭᠰᠢᠬᠦᠯᠬᠦ ᠤᠷᠤᠨ ᠵᠠᠢ ᠨᠡᠯᠢᠶᠡᠳ ᠵᠦᠷᠢᠶᠡᠨ ᠲᠠᠢ᠂ | ᠠᠵᠤ ᠠᠬᠤᠢ ᠶᠢᠨ ᠬᠦᠭᠵᠢᠯᠳᠡ ᠶᠢᠨ ᠦᠷ᠎ᠡ ᠪᠦᠳᠦᠮᠵᠢ ᠪᠠᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠳᠡᠰᠢ | ᠬᠤᠪᠢᠷᠠᠭᠤᠯᠬᠤ ᠳᠤ ᠪᠠᠰᠠ ᠰᠢᠨᠵᠢᠯᠡᠬᠦ ᠤᠬᠠᠭᠠᠨᠴᠢ ᠪᠠᠷ ᠨᠢᠬᠡᠳᠤᠯᠳᠡᠢ ᠳᠦᠯᠦᠪᠯᠡᠵᠤ ᠳᠡᠷᠡ ᠳᠠᠷᠤᠢ ᠳᠤᠨᠢ | ᠰᠢᠢᠳᠪᠤᠷᠢᠯᠡᠬᠦ ᠴᠢᠬᠤᠯᠠᠳᠠᠢ ᠪᠠᠶᠢᠭᠰᠠᠭᠠᠷ︔ ᠬᠤᠳᠠ ᠶᠢᠨ ᠡᠯᠧᠮᠧᠨ᠋ᠲ ᠤᠨ ᠪᠦᠷᠢᠨᠰᠢᠬᠦᠯᠬᠦ ᠪᠠ ᠬᠠᠮᠢᠶᠠᠷᠤᠯᠳᠠ | ᠦᠢᠯᠡᠴᠢᠯᠡᠬᠡᠨ ᠤ ᠳᠠᠯ᠎ᠠ ᠪᠠᠷ ᠪᠠᠰᠠ ᠤᠯᠠᠨ ︽ᠳᠤᠳᠠᠭᠤᠳᠠᠯ︾ ᠲᠠᠢ᠂ ᠬᠠᠮᠢᠶᠠᠷᠤᠯᠳᠠ ᠶᠢᠨ ᠪᠠᠶᠢᠭᠤᠯᠤᠮᠵᠢ᠂ | ᠳᠤᠭᠳᠠᠴᠠ ᠪᠠᠰᠠ ᠤᠯᠠᠮ ᠨᠢᠬᠡ ᠠᠯᠬᠤᠮ ᠰᠠᠶᠢᠵᠢᠷᠠᠭᠤᠯᠤᠨ ᠰᠢᠯᠢᠳᠡᠭᠵᠢᠬᠦᠯᠬᠦ ᠴᠢᠬᠤᠯᠠᠳᠠᠢ︔ ᠵᠠᠰᠠᠭ ᠤᠨ ᠤᠷᠳᠤᠨ | ᠤ ᠡᠬᠦᠷᠬᠡ ᠴᠢᠳᠠᠪᠤᠷᠢ ᠪᠠᠨ ᠬᠤᠪᠢᠷᠠᠭᠤᠯᠬᠤ ᠪᠠ ᠳᠦᠷᠢᠮ ᠳᠤᠭᠳᠠᠭᠠᠯ ᠤᠨ ᠰᠢᠨ᠎ᠡ ᠶᠢ ᠡᠬᠦᠳᠬᠦ ᠶᠢ ᠴᠢᠩᠭᠠᠳᠬᠠᠬᠤ | ᠴᠢᠬᠤᠯᠠᠳᠠᠢ᠂ ᠨᠢᠬᠡ ᠪᠦᠯᠦᠭ ᠺᠠᠳ᠋ᠷᠴᠤᠳ ᠤᠨ ᠰᠤᠷᠳᠠᠯ ᠦᠨᠡᠨᠴᠢ ᠦᠬᠡᠢ᠂ ᠴᠢᠳᠠᠪᠤᠷᠢ ᠨᠢ ᠬᠦᠷᠦᠯᠴᠠᠬᠦ ᠦᠬᠡᠢ᠂ | ᠡᠬᠦᠷᠬᠡ ᠡᠬᠦᠷᠬᠡᠯᠡᠬᠦ ᠨᠢ ᠬᠦᠢᠴᠡᠳ ᠪᠤᠰᠤ᠂ ᠰᠢᠨ᠎ᠡ ᠴᠠᠭ ᠦᠶ᠎ᠡ ᠶᠢᠨ ᠬᠦᠭᠵᠢᠯᠳᠡ ᠶᠢᠨ ᠱᠠᠭᠠᠷᠳᠠᠯᠭ᠎ᠠ ᠳᠤ | ᠪᠦᠷᠢᠮᠤᠰᠤᠨ ᠵᠤᠬᠢᠴᠠᠯᠳᠤᠬᠤ ᠦᠬᠡᠢ ᠪᠠᠶᠢᠬᠤ ᠠᠰᠠᠭᠤᠳᠠᠯ ᠤᠷᠤᠰᠢᠵᠤ ᠪᠠᠶᠢᠨ᠎ᠠ᠃ ᠡᠳᠡᠬᠡᠷ ᠠᠰᠠᠭᠤᠳᠠᠯ ᠳᠤ | ᠬᠠᠨᠳᠤᠭᠤᠯᠤᠨ ᠪᠢᠳᠡ ᠡᠷᠬᠡᠪᠰᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ᠬᠠᠨᠳᠤᠯᠭᠠᠳᠤ ᠴᠢᠨᠠᠷ ᠲᠠᠢ ᠪᠠᠷ ᠬᠦᠴᠦᠨ | ᠪᠦᠬᠦᠢ ᠠᠷᠭ᠎ᠠ ᠬᠡᠮᠵᠢᠶ᠎ᠡ ᠠᠪᠴᠤ ᠰᠢᠢᠳᠪᠤᠷᠢᠯᠡᠨ᠎ᠡ᠃ | ᠬᠤᠶᠠᠷ᠂ 2019 ᠣᠨ ᠤ ᠠᠵᠢᠯ ᠤᠨ ᠲᠣᠬᠢᠷᠠᠭᠤᠯᠣᠯᠲᠠ | 2019 ᠣᠨ ᠪᠣᠯ ᠰᠢᠨ᠎ᠡ ᠲᠣᠮᠳᠠᠲᠦ ᠣᠯᠣᠰ ᠪᠠᠶᠢᠭᠤᠯᠣᠭᠳᠠᠭᠰᠠᠨ 70 ᠵᠢᠯ ᠤᠨ ᠣᠢ ᠪᠣᠯᠬᠤ ᠪᠦᠭᠡᠳ | ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠬᠢᠯᠠᠭ᠎ᠠ ᠶᠢᠨ ᠵᠢᠯ ᠪᠣᠯᠣᠨ᠎ᠠ᠂ ᠮᠦᠨ ᠴᠦ ᠰᠢᠨ᠎ᠡ ᠴᠠᠭ | ᠦᠶ᠎ᠡ ᠶᠢᠨ ᠬᠤᠣᠯᠢᠩᠭᠤᠣᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠴᠢᠬᠤᠯᠠ ᠵᠢᠯ ᠪᠣᠯᠣᠨ᠎ᠠ᠃ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠣᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠣᠮᠳᠠᠲᠦ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠠᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠦ᠂ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠪᠠ ᠠᠷᠪᠠ ᠶᠢᠰᠦᠳᠣᠭᠡᠷ ᠬᠤᠭᠤᠴᠠᠭᠠᠨ ᠤ ᠬᠤᠶᠠᠳᠣᠭᠠᠷ᠂ | ᠭᠤᠷᠪᠠᠳᠣᠭᠠᠷ ᠪᠦᠬᠦᠲᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠦ᠂ ᠲᠦᠪ ᠤᠨ ᠠᠵᠤ | ᠠᠬᠤᠢ ᠶᠢᠨ ᠠᠵᠢᠯ ᠤᠨ ᠬᠤᠷᠠᠯᠳᠣᠭᠠᠨ ᠪᠠ ᠪᠦᠬᠦ ᠣᠯᠣᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ | ᠲᠣᠣᠱᠯᠠᠭᠤᠯᠵᠤ᠂ ᠦᠪᠡᠷᠳᠡᠭᠡᠨ ᠵᠠᠰᠠᠬᠤ ᠣᠷᠣᠨ ᠤ ᠠᠷᠪᠠᠨ ᠭᠤᠷᠪᠠᠳᠣᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠬᠤᠶᠠᠳᠣᠭᠠᠷ ᠬᠤᠷᠠᠯ᠂ ᠲᠦᠩᠯᠢᠶᠣᠣ ᠬᠤᠲᠠ ᠶᠢᠨ ᠲᠠᠪᠣᠳᠣᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠬᠤᠶᠠᠳᠣᠭᠠᠷ ᠬᠤᠷᠠᠯ ᠪᠠ ᠨᠠᠮ ᠤᠨ ᠬᠤᠷᠢᠶ᠎ᠡ ᠶᠢᠨ ᠲᠣᠯᠣᠳᠣᠭᠠᠷ | ᠬᠤᠭᠤᠴᠠᠭᠠᠨ ᠤ ᠠᠷᠪᠠᠨ ᠨᠢᠭᠡᠳᠣᠭᠡᠷ ᠪᠦᠬᠦᠲᠠ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠬᠦᠨᠵᠡᠭᠡᠢ ᠨᠠᠶᠢᠳᠠᠪᠣᠷᠢᠵᠢᠭᠤᠯᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠣᠩᠬᠡᠢ ᠪᠠᠶᠢᠷᠢᠰᠢᠭᠤᠯᠣᠯᠲᠠ ᠶᠢ ᠨᠢᠭᠡᠳᠣᠯᠲᠡᠢ ᠲᠦᠯᠦᠪᠯᠡᠨ ᠠᠬᠢᠭᠤᠯᠵᠦ᠂ ︽ᠲᠦᠷᠪᠡᠨ | ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠲᠠ ᠶᠢ ᠵᠣᠬᠢᠴᠠᠭᠤᠯᠣᠨ ᠠᠬᠢᠭᠤᠯᠵᠦ᠂ | ᠲᠣᠭᠳᠠᠭᠤᠨ ᠪᠠᠶᠢᠳᠠᠯ ᠳᠤ ᠣᠷᠣᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠣᠩᠭᠡᠢ ᠦᠨᠳᠣᠰᠦᠨ ᠰᠠᠨᠠᠭ᠎ᠠ ᠶᠢ | ᠪᠠᠷᠢᠮᠳᠠᠯᠠᠵᠦ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠵᠦ᠂ ᠴᠢᠨᠠᠷ ᠰᠠᠶᠢᠲᠠᠢ ᠬᠦᠭᠵᠢᠯᠲᠡ ᠶᠢ | ᠲᠦᠯᠬᠢᠨ ᠠᠬᠢᠭᠤᠯᠬᠤ ᠶᠢ ᠪᠠᠷᠢᠮᠳᠠᠯᠠᠵᠦ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ | ᠦᠬᠡᠷᠡᠴᠢᠯᠡᠯᠲᠠ ᠪᠠᠷ ᠭᠤᠣᠯ ᠱᠣᠭᠤᠮ ᠪᠣᠯᠭᠠᠬᠤ ᠶᠢ ᠪᠠᠷᠢᠮᠳᠠᠯᠠᠵᠦ᠂ ᠵᠠᠬ᠎ᠠ ᠲᠠᠯᠭᠡᠬᠦᠷᠴᠢᠯᠡᠬᠦ ᠦᠬᠡᠷᠡᠴᠢᠯᠠᠯᠲᠠ ᠶᠢ | ᠬᠦᠨᠵᠡᠭᠡᠶᠢᠷᠡᠬᠦᠯᠬᠦ ᠪᠠ ᠦᠨᠳᠣᠷ ᠬᠢᠷᠢ ᠲᠦᠪᠰᠢᠨ ᠲᠠᠢ ᠨᠠᠬᠡᠬᠡᠯᠲᠡ ᠶᠢ ᠦᠷᠭᠡᠳᠭᠡᠨ ᠬᠢᠬᠦ ᠶᠢ ᠪᠠᠷᠢᠮᠳᠠᠯᠠᠵᠦ᠂ ︽ | ᠲᠦᠷᠪᠡᠨ ᠬᠤᠭᠤᠴᠠᠭ᠎ᠠ ᠲᠠᠪᠬᠤᠴᠠᠭᠠᠲᠦ ᠨᠠᠮᠡᠯᠲᠡ︾ ᠶᠢᠨ ᠰᠢᠨ᠎ᠡ ᠪᠠᠶᠢᠳᠠᠯ ᠢ ᠢᠳᠡᠪᠬᠢᠲᠠᠢ ᠠᠷᠭᠠᠴᠠᠭᠠᠵᠤ᠂ ︽ | ᠲᠠᠪᠣᠨ ᠠᠰᠢᠭᠲᠠᠢ︾ ᠰᠢᠨ᠎ᠡ ᠠᠵᠠ ᠲᠣᠬᠢᠶᠠᠯ ᠢ ᠬᠦᠴᠦᠯᠡᠨ ᠠᠮᠵᠢᠨ ᠠᠳᠬᠤᠵᠤ᠂ ᠣᠳᠣᠬᠢᠴᠢᠯᠠᠭᠰᠠᠨ | ᠡᠨᠧᠷᠬᠢ ᠶᠢᠨ ᠰᠣᠷᠪᠣᠯᠵᠢ ᠶᠢᠨ ᠠᠵᠤ ᠠᠬᠤᠢ ᠪᠣᠯᠭᠠᠨ ᠬᠦᠭᠵᠢᠬᠦᠯᠬᠦ ᠪᠠᠷ ᠭᠠᠷᠳᠠᠴᠠ ᠪᠣᠯᠭᠠᠵᠦ᠂ ︽ᠲᠠᠪᠣᠨ ᠬᠡᠯᠬᠢᠶ᠎ᠡ | ᠲᠦᠷᠪᠡᠨ ᠲᠣᠭᠤᠷᠢᠭ ᠭᠤᠷᠪᠠᠨ ᠬᠤᠲᠠ ᠬᠤᠶᠠᠷ ᠰᠠᠭᠤᠷᠢᠨ ᠭᠠᠵᠠᠷ︾ ᠪᠣᠯᠭᠠᠬᠤ ᠪᠠᠷ ᠬᠦᠴᠦᠯᠡᠨ ᠪᠠᠶᠢᠭᠤᠯᠵᠦ᠂ | ᠭᠤᠷᠪᠠᠨ ᠶᠡᠭᠡ ᠰᠢᠪᠳᠣᠯᠣᠯᠲᠠ ᠶᠢᠨ ᠲᠠᠶᠢᠯᠠᠯᠳᠣᠭᠠᠨ ᠢ ᠡᠷᠡᠰ ᠰᠠᠶᠢᠳᠣᠷ ᠬᠢᠵᠦ ᠢᠯᠡᠯᠲᠠ ᠣᠯᠵᠦ᠂ ᠣᠷᠣᠨ | ᠨᠣᠲᠤᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠵᠦ᠂ ᠨᠡᠮᠡᠭᠳᠡᠯ ᠢ | ᠲᠣᠭᠳᠠᠪᠣᠷᠢᠵᠢᠭᠤᠯᠬᠤ᠂ ᠦᠬᠡᠷᠡᠴᠢᠯᠡᠯᠲᠠ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠣᠷᠠᠯ ᠳᠤ ᠠᠰᠢᠭ ᠬᠦᠷᠳᠡᠭᠡᠬᠦ᠂ ᠠᠶᠣᠯ ᠲᠦᠭᠰᠢᠬᠦᠷᠢ ᠶᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ | ᠠᠬᠢᠭᠤᠯᠵᠦ᠂ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠠᠮᠣᠷ | ᠲᠣᠭᠳᠠᠭᠤᠨ ᠢ ᠪᠠᠳᠣᠯᠠᠵᠦ᠂ ᠦᠪᠣᠷ ᠮᠣᠩᠭᠤᠯ ᠤᠨ ᠵᠡᠬᠦᠨ ᠬᠡᠰᠡᠭ ᠭᠠᠵᠠᠷ ᠣᠷᠣᠨ ᠤ ︽ᠠᠵᠤ ᠠᠬᠤᠢ | ᠬᠦᠭᠵᠢᠯᠲᠡᠢ᠂ ᠣᠷᠴᠢᠨ ᠲᠣᠭᠤᠷᠢᠨ ᠭᠤᠶᠣᠯᠢᠭ᠂ ᠨᠡᠶᠢᠭᠡᠮ ᠵᠣᠬᠢᠴᠠᠯᠲᠠᠢ᠂ ᠠᠷᠠᠳ ᠵᠢᠷᠭᠠᠯᠲᠠᠢ︾ ᠬᠢᠯᠡᠯᠵᠠᠭᠰᠠᠨ | ᠬᠡᠷᠡᠯᠲᠦ ᠰᠣᠪᠣᠳ ᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠵᠦ᠂ ᠰᠢᠯᠢᠳᠡᠭ ᠠᠮᠵᠢᠯᠲᠡ ᠪᠠᠷ ᠢᠶᠠᠨ ᠪᠦᠬᠦᠲᠠ | ᠨᠠᠶᠢᠷᠠᠮᠳᠠᠬᠤ ᠲᠣᠮᠳᠠᠲᠦ ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠠᠶᠠᠷᠯᠡᠨ ᠪᠡᠯᠬᠡᠯᠡᠶ᠎ᠡ᠃ | ᠭᠤᠣᠯ ᠵᠢᠱᠢᠭᠰᠡᠨ ᠬᠠᠷᠠᠯᠲᠡ ᠪᠣᠯ᠄ ᠣᠷᠣᠨ ᠨᠣᠲᠤᠭ ᠤᠨ ᠦᠢᠯᠡᠳᠪᠣᠷᠢᠯᠡᠯ ᠤᠨ ᠶᠡᠷᠣᠩᠭᠡᠢ ᠦᠷᠳᠡᠭ ᠢ | 7% ᠣᠷᠴᠢᠮ ᠨᠡᠮᠡᠭᠳᠡᠬᠦᠯᠵᠦ᠂ ᠪᠦᠬᠦ ᠨᠠᠶᠢᠭᠡᠮ ᠤᠨ ᠲᠣᠭᠳᠠᠮᠠᠯ ᠬᠦᠷᠣᠩᠬᠡ ᠶᠢᠨ ᠪᠡᠯᠡ ᠣᠷᠣᠭᠤᠯᠣᠯᠲᠡ ᠶᠢ | 18% ᠪᠠᠷ ᠨᠡᠮᠡᠭᠳᠡᠬᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠣᠩᠬᠡᠢ ᠬᠡᠮᠵᠢᠶ᠎ᠡ | 6.5% ᠣᠷᠴᠢᠮ ᠨᠠᠮᠡᠭᠳᠡᠬᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ | ᠡᠵᠡᠮᠳᠡᠵᠦ ᠪᠣᠯᠬᠤᠶᠢᠴᠠ ᠣᠷᠣᠯᠭ᠎ᠠ ᠶᠢ 5% ᠨᠠᠮᠡᠭᠳᠡᠬᠦᠯᠵᠦ᠂ ᠡᠩ ᠤᠨ ᠣᠯᠠᠨ ᠨᠡᠶᠢᠲᠠ ᠶᠢᠨ ᠲᠦᠰᠦᠪ ᠤᠨ | ᠣᠷᠣᠯᠭ᠎ᠠ ᠶᠢ 14.6 ᠳ᠋ᠦᠩᠰᠢᠭᠤᠷ ᠲᠦᠬᠦᠷᠢᠭ ᠪᠡᠶᠡᠯᠡᠬᠦᠯᠦᠨ᠎ᠡ᠂ ᠲᠡᠭᠡᠲᠦ ᠱᠠᠲᠣᠨ ᠤ ᠲᠠᠭᠠᠭᠠᠯᠠᠭᠠᠭᠰᠠᠨ ᠡᠯ᠎ᠡ | ᠵᠦᠢᠯ ᠤᠨ ᠬᠢᠵᠠᠭᠠᠷᠯᠠᠬᠤ ᠴᠢᠨᠠᠷᠲᠠᠢ ᠬᠦᠢᠴᠡᠳᠭᠡᠬᠦ ᠲᠤᠭ᠎ᠠ ᠶᠢᠨ ᠡᠬᠦᠷᠭᠡ ᠪᠠᠨ ᠪᠡᠶᠡᠯᠡᠬᠦᠯᠦᠨ᠎ᠡ᠃ | ᠲᠡᠭᠡᠷ᠎ᠠ ᠲᠣᠷᠠᠳᠣᠭᠰᠠᠨ ᠬᠠᠷᠠᠯᠲᠡ ᠶᠢ ᠪᠡᠶᠡᠯᠡᠬᠦᠯᠬᠦ ᠶᠢ ᠦᠨᠡᠨ ᠬᠦ ᠪᠠᠳᠣᠯᠠᠬᠤ ᠶᠢᠨ ᠲᠦᠯᠦᠭᠡ᠂ ᠪᠢᠲᠡ | ᠲᠣᠣᠷᠠᠬᠢ ᠨᠠᠢᠮᠡᠨ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠨ᠎ᠡ᠄ | ︵ᠨᠢᠭᠡ︶ ᠭᠤᠷᠪᠠᠨ ᠶᠡᠭᠡ ᠰᠢᠪᠳᠣᠯᠣᠯᠲᠠ ᠶᠢᠨ ᠲᠠᠶᠢᠯᠠᠯᠳᠣᠭᠠᠨ ᠢ ᠦᠷᠬᠦᠯᠵᠢᠯᠡᠨ ᠰᠠᠶᠢᠳᠣᠷ ᠬᠢᠵᠦ᠂ | ᠴᠢᠨᠠᠷ ᠰᠠᠶᠢᠲᠠᠢ ᠬᠦᠭᠵᠢᠯᠲᠡ ᠶᠢᠨ ᠰᠠᠭᠤᠷᠢ ᠶᠢ ᠪᠠᠳᠣᠳᠬᠠᠨ᠎ᠠ᠃ ᠭᠤᠷᠪᠠᠨ ᠶᠡᠭᠡ ᠲᠠᠶᠢᠯᠠᠯᠳᠣᠭᠠᠨ ᠪᠣᠯ ᠨᠠᠮ ᠤᠨ | ᠠᠷᠪᠠ ᠶᠢᠰᠦᠳᠣᠭᠡᠷ ᠶᠡᠭᠡ ᠬᠤᠷᠠᠯ ᠠᠴᠠ ᠲᠣᠷᠠᠳᠣᠭᠰᠠᠨ ᠴᠢᠬᠤᠯᠠ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠡ | ᠮᠦᠨ᠂ ᠮᠦᠨ ᠴᠦ ᠴᠢᠨᠠᠬᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠡᠷᠭᠡᠪᠰᠢ ᠲᠠᠪᠠᠭ᠋ᠤ ᠴᠢᠬᠤᠯᠠᠲᠠᠢ ᠶᠡᠭᠡ | ᠪᠣᠭᠤᠮᠲᠠ ᠮᠦᠨ᠂ ᠪᠢᠲᠡ ᠡᠨᠡ ᠬᠦ ᠬᠠᠷᠠᠯᠲᠡ ᠶᠢᠨ ᠡᠷᠬᠢᠨ ᠲᠣᠭᠤᠷᠢᠨ ᠳᠤ ᠬᠦᠴᠦᠯᠡᠨ ᠪᠣᠭᠤᠮᠲᠡ ᠰᠢᠪᠳᠣᠯᠣᠨᠠ᠃ | ᠬᠦᠨᠲᠦ ᠶᠡᠭᠡ ᠠᠶᠣᠯ ᠲᠦᠭᠰᠢᠬᠦᠷᠢ ᠶᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠵᠠᠰᠠᠭ ᠤᠨ ᠣᠷᠳᠣᠨ ᠤ | ᠦᠷᠢ ᠦᠭᠴᠡᠭᠡ ᠶᠢᠨ ᠬᠠᠮᠢᠶᠠᠷᠣᠯᠲᠡ ᠶᠢ ᠴᠢᠩᠭᠠᠳᠬᠠᠵᠦ᠂ ᠬᠤᠷᠢᠭ᠎ᠠ ᠱᠣᠭᠤᠮ ᠤᠨ ᠰᠡᠳᠬᠢᠬᠦᠢ ᠶᠢ ᠪᠠᠷᠢᠮᠳᠠᠯᠠᠵᠦ᠂ | ᠰᠠᠨᠠᠭᠠᠰᠢᠷᠠᠨ ᠵᠣᠪᠠᠨᠢᠬᠤ ᠣᠬᠠᠮᠰᠡᠷ ᠢᠶᠠᠨ ᠴᠢᠩᠭᠠᠷᠠᠭᠤᠯᠵᠤ᠂ ᠰᠡᠷᠭᠡᠶᠢᠯᠡᠨ ᠡᠵᠡᠮᠳᠡᠬᠦ ᠴᠢᠳᠠᠪᠣᠷᠢ ᠪᠠᠨ ᠲᠡᠭᠡᠭᠰᠢᠯᠡᠬᠦᠵᠦ | ᠂ ᠰᠢᠨ᠎ᠡ ᠪᠠᠷ ᠣᠷᠣᠭᠤᠯᠬᠤ ᠲᠦᠷᠣᠯ ᠵᠦᠢᠯ ᠤᠨ ᠦᠷᠢ ᠦᠭᠴᠡᠭᠡ ᠶᠢᠨ ᠠᠶᠣᠯ ᠲᠦᠭᠰᠢᠬᠦᠷᠢ ᠳᠤ ᠴᠢᠩᠭ᠎ᠠ ᠦᠨᠡᠯᠡᠨ | ᠵᠢᠱᠢᠵᠦ᠂ ᠬᠢᠨᠡᠨ ᠵᠦᠪᠰᠢᠶᠡᠷᠡᠬᠦ ᠲᠡᠰ ᠲᠠᠷᠠᠭᠠᠯᠠᠯ ᠢ ᠡᠷᠡᠰ ᠬᠡᠷᠡᠭᠵᠢᠬᠦᠯᠦᠨ᠎ᠡ᠃ ᠣᠯᠣᠰ ᠪᠠ ᠦᠪᠡᠷᠳᠡᠭᠡᠨ ᠵᠠᠰᠠᠬᠤ | ᠣᠷᠣᠨ ᠤ ᠬᠢᠵᠠᠭᠠᠷᠯᠠᠭᠰᠠᠨ ᠲᠤᠭ᠎ᠠ ᠲᠣᠳᠣᠷ᠎ᠠ ᠲᠣᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠠᠢ | ᠲᠡᠮᠡᠴᠠᠨ ᠣᠯᠵᠦ᠂ ᠶᠡᠷᠣᠩᠬᠡᠶᠢᠯᠡᠭᠰᠡᠨ ᠭᠠᠶᠢᠯᠢ ᠶᠢ ᠵᠠᠰᠠᠬᠤ ᠶᠢ ᠶᠡᠬᠡᠪᠡᠷ ᠲᠦᠯᠬᠢᠨ ᠠᠬᠢᠭᠤᠯᠵᠦ᠂ ᠬᠠᠭᠤᠴᠢᠨ | ᠭᠠᠶᠢᠯᠢ ᠲᠠᠳᠠᠪᠣᠷᠢ ᠶᠢ ᠦᠷᠬᠦᠯᠵᠢᠯᠡᠨ ᠴᠡᠪᠡᠷᠯᠡᠵᠦ᠂ ᠨᠡᠬᠦᠷᠡᠰᠦ᠂ ᠴᠠᠬᠢᠯᠭᠠᠨ ᠢᠶᠠᠷ ᠬᠦᠩᠬᠡᠨᠴᠠᠭᠠᠨ ᠢ ᠵᠠᠳᠠᠯᠬᠤ ᠵᠡᠷᠭᠡ | ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠤᠨ ᠭᠠᠶᠢᠯᠢ ᠲᠣᠰᠢᠶᠠᠬᠤ ᠶᠢ ᠢᠳᠡᠪᠬᠢᠲᠠᠢ ᠵᠣᠬᠢᠴᠠᠭᠤᠯᠵᠤ᠂ ᠡᠳ᠋ ᠤᠨ | ᠵᠠᠰᠠᠭ ᠤᠨ ᠣᠷᠣᠯᠭ᠎ᠠ ᠪᠣᠯᠣᠨ ᠬᠠᠩᠭᠠᠯᠭ᠎ᠠ ᠶᠢ ᠪᠦᠲᠦᠮᠵᠢᠲᠡᠢ ᠨᠡᠮᠡᠭᠳᠡᠬᠦᠯᠦᠨ᠎ᠡ᠃ ᠮᠦᠩᠬᠦᠨ ᠬᠦᠢᠯᠬᠡᠬᠡᠨ ᠤ | ᠲᠦᠷᠦ ᠶᠢᠨ ᠪᠣᠳᠣᠯᠭ᠎ᠠ ᠶᠢ ᠬᠦᠨᠵᠡᠭᠡᠢ ᠰᠣᠳᠣᠯᠵᠤ᠂ ᠮᠦᠩᠬᠦᠨ ᠬᠦᠢᠯᠭᠡᠭᠡᠨ ᠤ ᠪᠠᠭᠠᠵᠢ ᠶᠢ ᠨᠢᠭᠡᠳᠣᠯᠲᠡᠢ ᠲᠦᠯᠦᠪᠯᠡᠨ | ᠰᠠᠶᠢᠳᠣᠷ ᠬᠡᠷᠡᠭᠯᠡᠵᠦ᠂ ᠦᠷᠢ ᠦᠭᠴᠡᠭᠡ ᠠᠷᠢᠯᠭᠠᠬᠤ ᠴᠢᠳᠠᠪᠣᠷᠢ ᠪᠠᠨ ᠦᠨᠡᠨ ᠬᠦ ᠲᠡᠭᠡᠭᠰᠢᠯᠡᠬᠦᠵᠦ᠂ | ᠣᠷᠣᠨᠴᠢᠯᠠᠭᠰᠠᠨ ᠴᠢᠨᠠᠷᠲᠠᠢ ᠮᠦᠩᠬᠦᠨ ᠬᠦᠢᠯᠭᠡᠭᠡᠨ ᠤ ᠠᠶᠣᠯ ᠲᠦᠭᠰᠢᠬᠦᠷᠢ ᠭᠠᠷᠭᠠᠬᠤ ᠦᠬᠡᠢ ᠪᠠᠶᠢᠬᠤ ᠶᠢ ᠦᠨᠡᠨ | ᠬᠦ ᠪᠠᠳᠣᠯᠠᠨ᠎ᠠ᠃ ᠪᠦᠬᠦ ᠵᠢᠯ ᠤᠨ ᠵᠠᠰᠠᠭ ᠤᠨ ᠣᠷᠳᠣᠨ ᠤ ᠦᠷᠢ ᠦᠭᠴᠡᠭᠡ ᠶᠢ 6 ᠳ᠋ᠦᠩᠰᠢᠭᠤᠷ ᠲᠦᠬᠦᠷᠢᠭ ᠠᠴᠠ | ᠲᠡᠭᠡᠭᠰᠢ ᠠᠷᠢᠯᠭᠠᠵᠦ᠂ ︽ᠠᠷᠪᠠ ᠶᠢ ᠪᠦᠷᠬᠦᠬᠦᠯᠬᠦ︾ ᠦᠷᠭᠡᠳᠭᠡᠭᠰᠡᠨ ᠢᠨᠵᠧᠨᠧᠷᠢᠩ ᠤᠨ ᠪᠡᠯᠡ ᠮᠦᠩᠬᠦ ᠪᠦᠬᠦᠨ ᠢ | ᠰᠣᠯᠢᠵᠦ ᠲᠠᠭᠤᠰᠬᠠᠪᠠ᠃ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠡᠷᠡᠬᠦᠯ ᠪᠣᠰᠦ ᠡᠳ᠋ ᠬᠦᠷᠣᠩᠭᠡ | ᠰᠢᠢᠳᠪᠣᠷᠢᠯᠡᠬᠦ ᠶᠢ ᠢᠳᠡᠪᠬᠢᠲᠠᠢ ᠬᠠᠮᠵᠢᠯᠴᠠᠵᠦ᠂ ᠪᠠᠩᠬᠢ ᠶᠢᠨ ᠦᠷᠢ ᠦᠭᠴᠡᠭᠡ ᠠᠴᠠ ᠵᠠᠶᠢᠯᠠᠬᠤ᠂ ᠬᠠᠣᠯᠢ | ᠪᠣᠰᠦ ᠪᠠᠷ ᠪᠡᠯᠡ ᠴᠣᠭᠯᠠᠭᠤᠯᠬᠤ᠂ ᠮᠦᠩᠬᠦᠨ ᠬᠦᠢᠯᠭᠡᠭᠡᠨ ᠤ ᠮᠡᠭᠡᠯᠡᠯ ᠪᠣᠯᠣᠨ ᠠᠷᠠᠳ ᠤᠨ ᠬᠤᠭᠤᠷᠣᠨᠳᠣᠬᠢ ᠦᠨᠳᠣᠷ | ᠬᠦᠦ ᠲᠠᠢ ᠵᠢᠭᠡᠯᠡᠯᠭᠡ ᠲᠠᠯᠪᠢᠬᠤ ᠵᠡᠷᠭᠡ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠡ | ᠦᠭᠴᠦ᠂ ᠮᠦᠩᠬᠦᠨ ᠬᠦᠢᠯᠭᠡᠭᠡᠨ ᠤ ᠡᠮᠬᠢ ᠲᠢᠭᠯᠢᠮ ᠤᠨ ᠲᠣᠭᠳᠠᠭᠤᠨ ᠪᠠᠶᠢᠬᠤ ᠶᠢ ᠬᠠᠮᠠᠭᠠᠯᠠᠨ᠎ᠠ᠃ | ᠶᠠᠳᠠᠭᠤ ᠠᠴᠠ ᠠᠩᠬᠢᠵᠢᠷᠠᠭᠤᠯᠣᠭᠰᠠᠨ ᠦᠷ᠎ᠠ ᠪᠦᠲᠦᠮᠵᠢ ᠶᠢ ᠪᠠᠬᠢᠵᠢᠬᠦᠯᠬᠦ ᠶᠢ ᠲᠡᠭᠡᠭᠰᠢᠯᠡᠬᠦᠯᠦᠨ᠎ᠡ᠃ | ᠶᠠᠳᠠᠭᠤ ᠶᠢ ᠲᠡᠳᠬᠦᠬᠦ ᠳᠤ ᠵᠣᠷᠢᠯᠳᠠ ᠶᠢ ᠳᠡᠳᠬᠦᠬᠦ ᠪᠠ ᠣᠶᠣᠨ ᠣᠬᠠᠭᠠᠨ ᠢ ᠳᠡᠳᠬᠦᠬᠦ ᠶᠢ | ᠣᠶᠠᠯᠳᠣᠭᠤᠯᠬᠤ ᠶᠢ ᠴᠢᠬᠤᠯᠠᠴᠢᠯᠠᠵᠦ᠂ ᠪᠦᠬᠦ ᠬᠤᠲᠠ ᠶᠢᠨ ᠶᠠᠳᠠᠭᠤ ᠠᠴᠠ ᠠᠩᠬᠢᠵᠢᠷᠠᠭᠤᠯᠬᠤ ᠬᠦᠮᠦᠨ ᠠᠮᠠ ᠶᠢ | ᠭᠤᠣᠯᠳᠠᠯᠭ᠎ᠠ ᠲᠠᠢ ᠠᠩᠬᠠᠷᠴᠦ᠂ ᠦᠷᠬᠦᠯᠵᠢᠯᠡᠨ ᠲᠡᠳᠬᠦᠨ᠎ᠡ᠃ ᠣᠷᠣᠨ ᠨᠣᠲᠤᠭ ᠤᠨ ᠪᠣᠳᠠᠲᠦ ᠪᠠᠶᠢᠳᠠᠯ ᠤᠨ | ᠣᠨᠴᠠᠯᠢᠭ ᠲᠠᠢ ᠪᠠᠨ ᠣᠶᠠᠯᠳᠣᠭᠤᠯᠵᠤ᠂ ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ ᠤ ᠪᠦᠲᠦᠭᠡᠨ | ᠪᠠᠶᠢᠭᠤᠯᠣᠯᠲᠡ᠂ ᠣᠯᠠᠨ ᠢᠶᠠᠷ ᠢᠶᠠᠨ ᠠᠳᠠᠯ ᠦᠢᠯᠡᠰ ᠪᠣᠰᠬᠠᠬᠤ ᠠᠵᠢᠯᠯᠠᠭ᠎ᠠ ᠵᠢᠴᠢ ᠪᠣᠯᠪᠠᠰᠣᠨ ᠬᠤᠲᠠ ᠶᠢ ᠡᠬᠦᠳᠣᠨ | ᠪᠠᠶᠢᠭᠤᠯᠬᠤ ᠵᠡᠷᠭᠡ ᠠᠵᠢᠯ ᠳᠤ ᠨᠢᠬᠡᠳᠣᠯᠲᠡᠢ ᠲᠦᠯᠦᠪᠯᠡᠨ ᠦᠷᠨᠢᠬᠦᠯᠵᠦ᠂ ᠬᠦᠴᠢᠷᠳᠡᠯᠲᠠᠢ ᠣᠯᠠᠨ ᠲᠦᠮᠡᠨ ᠤ ᠡᠳ᠋ | ᠪᠣᠳᠠᠰ ᠤᠨ ᠠᠮᠢᠳᠣᠷᠠᠯ ᠤᠨ ᠠᠰᠠᠭᠤᠳᠠᠯ ᠢ ᠰᠢᠢᠳᠪᠣᠷᠢᠯᠡᠬᠦ ᠮᠦᠷᠳᠡᠭᠡᠨ ᠪᠠᠰᠠ ᠠᠮᠢᠳᠣᠷᠠᠯ ᠤᠨ ᠵᠠᠩ ᠲᠠᠳᠬᠠᠯ ᠢ | ᠦᠬᠡᠷᠡᠴᠢᠯᠡᠬᠦ ᠪᠠ ᠣᠶᠣᠨ ᠰᠠᠨᠠᠭᠠᠨ ᠤ ᠪᠣᠯᠪᠠᠰᠣᠨ ᠪᠠᠶᠢᠳᠠᠯ ᠤᠨ ᠲᠠᠯ᠎ᠠ ᠶᠢᠨ ᠬᠡᠷᠡᠭᠴᠡᠭᠡ ᠶᠢ ᠠᠩᠬᠠᠷᠴᠦ᠂ | ᠲᠦᠪ ᠤᠨ ᠶᠡᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠳᠣᠯᠬᠤ ᠲᠣᠰᠬᠠᠢ ᠲᠣᠭᠤᠷᠢᠨ ᠪᠠᠶᠢᠴᠠᠭᠠᠬᠤ ᠬᠠᠷᠢᠭᠤ | ᠲᠣᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠬᠦᠯᠵᠦ᠂ ᠲᠠᠬᠢᠨ | ᠶᠠᠳᠠᠭᠤᠷᠠᠬᠤ ᠪᠠᠶᠢᠳᠠᠯ ᠭᠠᠷᠬᠤ ᠦᠬᠡᠢ ᠪᠠᠶᠢᠬᠤ ᠶᠢ ᠦᠨᠡᠨ ᠬᠦ ᠪᠠᠳᠣᠯᠠᠵᠤ᠂ ᠲᠠᠩᠰᠠ ᠡᠪᠬᠡᠮᠡᠯ ᠪᠠᠶᠢᠭᠤᠯᠣᠨ ᠺᠠᠷᠲ | ᠵᠣᠬᠢᠶᠠᠭᠰᠠᠨ ᠡᠷᠣᠭᠡ ᠠᠮᠠ ᠪᠦᠬᠦᠨ ᠢ ᠲᠣᠭᠳᠠᠭᠤᠨ ᠢᠶᠠᠷ ᠶᠡᠳᠠᠭᠤ ᠠᠴᠠ ᠠᠩᠬᠢᠵᠢᠷᠠᠭᠤᠯᠬᠤ ᠶᠢ ᠠᠬᠢᠭᠤᠯᠵᠤ᠂ ᠪᠦᠬᠦ | ᠬᠤᠲᠠ ᠶᠢᠨ ᠠᠷᠠᠳ ᠲᠦᠮᠡᠨ ᠬᠠᠮᠳᠣᠪᠡᠷ ᠴᠢᠨᠡᠭᠡᠯᠢᠭ ᠨᠡᠶᠢᠭᠡᠮ ᠳᠤ ᠠᠯᠬᠤᠨ ᠣᠷᠣᠨ᠎ᠠ᠃ | ᠪᠣᠬᠢᠷᠳᠣᠯ ᠢ ᠰᠡᠷᠭᠡᠶᠢᠯᠡᠨ ᠵᠠᠰᠠᠬᠤ ᠶᠢ ᠬᠦᠴᠦᠲᠠᠢ ᠲᠦᠯᠬᠢᠨ ᠠᠬᠢᠭᠤᠯᠣᠨ᠎ᠠ᠃ ᠵᠣᠭᠰᠣᠴᠠ ᠪᠠᠨ | ᠲᠡᠭᠡᠭᠰᠢᠯᠡᠬᠦᠵᠦ᠂ ᠦᠷ᠎ᠡ ᠪᠦᠲᠦᠭᠡᠯ ᠢᠶᠠᠨ ᠪᠠᠬᠢᠵᠢᠬᠦᠯᠵᠦ᠂ ᠲᠦᠪ ᠤᠨ ᠣᠷᠴᠢᠨ ᠲᠣᠭᠤᠷᠢᠨ ᠤ ᠱᠠᠯᠠᠪᠳᠠᠭᠤᠯᠣᠨ | ᠪᠠᠶᠢᠴᠠᠭᠠᠬᠤ ᠪᠠ ︽ᠡᠷᠬᠢᠨ ᠬᠠᠷᠠᠬᠤ︾ ᠬᠠᠷᠢᠭᠤ ᠲᠣᠰᠬᠠᠬᠰᠠᠨ ᠠᠰᠠᠭᠤᠳᠠᠯ ᠢ ᠡᠷᠡᠰ ᠲᠣᠣᠱᠲᠠᠢ ᠴᠡᠭᠴᠡᠯᠡᠨ | ᠰᠠᠶᠢᠵᠢᠷᠠᠭᠤᠯᠣᠨ᠎ᠠ᠃ 1.2 ᠳ᠋ᠦᠩᠰᠢᠭᠤᠷ ᠪᠡᠯᠡ ᠣᠷᠣᠭᠤᠯᠵᠦ ᠬᠤᠣᠯᠢᠩᠭᠤᠣᠯ ᠡᠮᠣᠨ᠎ᠡ ᠬᠤᠶᠢᠨᠠᠬᠢ ᠵᠠᠳᠠᠭᠠᠢ | ᠨᠠᠬᠦᠷᠠᠰᠦᠨ ᠠᠭᠤᠷᠬᠠᠢ ᠶᠢᠨ 5464 ᠮᠦ ᠭᠠᠵᠠᠷ ᠵᠢᠴᠢ ᠪᠣᠰᠣᠣᠳ 32 ᠡᠷᠣᠭᠡ ᠠᠭᠤᠷᠬᠠᠢ ᠶᠢᠨ 4657 ᠮᠦ | ᠭᠠᠵᠠᠷ ᠢ ᠨᠣᠭᠤᠭᠠᠷᠠᠭᠤᠯᠣᠨ ᠴᠡᠭᠴᠡᠯᠡᠨ ᠵᠠᠰᠠᠬᠤ ᠡᠬᠦᠷᠭᠡ ᠶᠢ ᠦᠨᠳᠣᠷ ᠪᠠᠷᠢᠮᠵᠢᠶ᠎ᠡ ᠪᠠᠷ ᠪᠠᠶᠠᠯᠠᠬᠦᠯᠵᠦ᠂ 2020 | ᠣᠨ ᠪᠣᠯᠳᠠᠯ᠎ᠠ ᠪᠦᠬᠦᠨ ᠢ ᠪᠣᠬᠢᠷᠳᠣᠯ ᠦᠬᠡᠢ ᠠᠭᠤᠷᠬᠠᠢ ᠪᠣᠯᠭᠠᠬᠤ ᠶᠢ ᠦᠨᠡᠨ ᠬᠦ ᠪᠠᠳᠣᠯᠠᠵᠦ᠂ ᠠᠷᠠᠳ ᠲᠦᠮᠡᠨ ᠳᠤ | ︽ᠦᠩ ᠰᠢᠮᠡᠯᠢᠭ ᠠᠭᠤᠳᠠᠮ ᠲᠠᠯ᠎ᠠ᠂ ᠬᠦᠭᠡ ᠠᠭᠤᠯᠠ ᠰᠣᠨᠵᠢᠷᠠᠭᠰᠠᠨ︾ ᠠᠮᠢ ᠠᠬᠤᠢ ᠶᠢᠨ ᠡᠳ᠋ ᠪᠠᠶᠠᠯᠢᠭ ᠢ | ᠦᠯᠡᠳᠡᠭᠡᠨ ᠦᠭᠬᠦᠨ᠎ᠡ᠃ ᠬᠦᠭᠡ ᠣᠭᠳᠠᠷᠭᠤᠢ ᠶᠢ ᠬᠠᠮᠠᠭᠠᠯᠠᠬᠤ ᠲᠠᠶᠢᠯᠠᠯᠳᠣᠭᠠᠨ ᠤ ᠢᠯᠡᠯᠲᠡ ᠶᠢ ᠲᠡᠮᠡᠴᠠᠨ ᠣᠯᠣᠨ᠎ᠠ᠃ | ᠭᠤᠣᠯᠯᠠᠬᠤ ᠠᠵᠤ ᠦᠢᠯᠡᠰ ᠤᠨ ᠪᠦᠬᠦ ᠬᠡᠯᠬᠢᠶᠠᠵᠢᠯ ᠤᠨ ᠪᠠᠭᠠᠰᠬᠠᠨ ᠭᠠᠳᠠᠭᠰᠢᠭᠤᠯᠬᠤ ᠶᠢ ᠠᠬᠢᠭᠤᠯᠵᠤ᠂ ︽ | ᠨᠡᠬᠦᠷᠠᠰᠦ ᠬᠠᠳᠠᠭᠠᠯᠠᠬᠤ ᠳᠤ ᠨᠠᠬᠦᠷᠠᠰᠦ ᠦᠵᠡᠭᠳᠡᠬᠦ ᠦᠬᠡᠢ᠂ ᠨᠠᠬᠦᠷᠠᠰᠦ ᠲᠡᠭᠡᠭᠡᠪᠣᠷᠢᠯᠡᠬᠦ ᠳᠤ ᠨᠠᠬᠦᠷᠠᠰᠦ | ᠭᠤᠭᠤᠵᠢᠭᠳᠠᠬᠤ ᠦᠬᠡᠢ᠂ ᠨᠠᠬᠦᠷᠡᠰᠦ ᠦᠢᠯᠡᠳᠪᠣᠷᠢᠯᠡᠬᠦ ᠳᠤ ᠰᠠᠳᠠᠷᠬᠠᠢ ᠰᠢᠳᠠᠭᠠᠬᠤ ᠦᠬᠡᠢ︾ ᠶᠢ ᠦᠷᠬᠦᠯᠵᠢᠯᠡᠨ | ᠠᠬᠢᠭᠤᠯᠵᠤ᠂ 6 ᠰᠠᠷ᠎ᠠ ᠶᠢᠨ ᠰᠡᠬᠦᠯᠴᠢ ᠠᠴᠠ ᠡᠮᠣᠨ᠎ᠡ 15 ᠪᠢᠳᠡᠬᠦᠮᠵᠢᠯᠡᠭᠰᠡᠨ ᠬᠡᠯᠪᠡᠷᠢ ᠶᠢᠨ ᠨᠠᠬᠦᠷᠡᠰᠦ | ᠲᠡᠭᠡᠭᠡᠪᠣᠷᠢᠯᠡᠬᠦ ᠰᠠᠩ ᠬᠠᠳᠠᠭᠠᠯᠠᠮᠵᠢ ᠶᠢᠨ ᠲᠠᠯᠠᠪᠣᠷ ᠢ ᠪᠠᠶᠢᠭᠤᠯᠣᠨ ᠲᠠᠭᠤᠰᠬᠠᠵᠦ᠂ ᠨᠠᠬᠦᠷᠠᠰᠦ ᠬᠦᠮᠦᠷᠭᠡᠯᠡᠨ | ᠬᠠᠳᠠᠭᠠᠯᠠᠬᠤ ᠪᠠ ᠲᠡᠭᠡᠭᠡᠪᠣᠷᠢᠯᠡᠬᠦ᠂ ᠪᠣᠯᠪᠠᠰᠣᠷᠠᠭᠤᠯᠬᠤ ᠪᠠᠨ ᠪᠢᠳᠡᠬᠦᠮᠵᠢᠯᠡᠨ ᠠᠵᠢᠯᠯᠠᠬᠤ ᠶᠢ ᠪᠠᠶᠡᠯᠡᠬᠦᠯᠦᠨ᠎ᠡ᠂ | ᠢᠯᠴᠢ ᠶᠢᠨ ᠴᠠᠬᠢᠯᠭᠠᠨ ᠮᠠᠰᠢᠨ ᠪᠦᠯᠦᠭ ᠤᠨ ᠬᠡᠲᠦ ᠲᠣᠣᠷ᠎ᠠ ᠭᠠᠳᠠᠭᠰᠢᠭᠤᠯᠣᠯᠲᠠ ᠶᠢᠨ ᠰᠢᠨᠡᠳᠭᠡᠨ ᠦᠭᠡᠷᠡᠴᠢᠯᠡᠯᠲᠠ | ᠪᠦᠬᠦᠨ ᠢ ᠪᠡᠶᠡᠯᠡᠬᠦᠯᠵᠦ᠂ ᠴᠠᠬᠢᠯᠭᠠᠨ ᠦᠢᠯᠡᠳᠪᠣᠷᠢ ᠶᠢ ︽ᠬᠦᠪᠣᠩ ᠴᠠᠭᠠᠨ ᠡᠬᠦᠯᠡ︾ ᠭᠠᠷᠭᠠᠯᠭᠠᠨ᠎ᠠ᠂ | ᠴᠠᠬᠢᠯᠭᠠᠨ ᠢᠶᠠᠷ ᠬᠦᠩᠭᠡᠨᠴᠠᠭᠠᠨ ᠢ ᠵᠠᠳᠠᠯᠬᠤ ᠵᠣᠬᠢᠶᠠᠨ ᠪᠠᠶᠢᠭᠤᠯᠣᠯᠲᠠ ᠦᠬᠡᠢ ᠪᠠᠷ ᠭᠠᠳᠠᠭᠰᠢᠭᠤᠯᠣᠯᠲᠠ ᠶᠢ ᠵᠠᠰᠠᠬᠤ | ᠠᠬᠢᠴᠠ ᠶᠢ ᠲᠦᠷᠭᠡᠳᠭᠡᠵᠦ᠂ ᠴᠠᠬᠢᠯᠭᠠᠨ ᠢᠶᠠᠷ ᠬᠦᠩᠭᠡᠨᠴᠠᠭᠠᠨ ᠢ ᠵᠠᠳᠠᠯᠬᠤ ᠶᠢᠨ ᠣᠳᠤᠭ᠎ᠠ ᠣᠨᠢᠶᠠᠷ ᠢ ᠬᠡᠲᠦ ᠲᠣᠣᠷ᠎ᠠ | ᠭᠠᠳᠠᠭᠰᠢᠯᠠᠭᠤᠯᠬᠤ ᠰᠢᠰᠲ᠋ᠧᠮ ᠤᠨ ᠲᠣᠭᠳᠠᠭᠤᠨ ᠠᠵᠢᠯᠯᠠᠬᠤ ᠶᠢ ᠡᠷᠭᠡᠪᠰᠢ ᠪᠠᠳᠣᠯᠠᠵᠦ᠂ ᠪᠦᠬᠦ ᠣᠯᠣᠰ ᠤᠨ | ᠬᠦᠩᠭᠡᠨᠴᠠᠭᠠᠨ ᠤ ᠠᠵᠢᠯ ᠲᠦᠷᠣᠯ ᠤᠨ ᠲᠣᠣᠷ᠎ᠠ ᠭᠠᠳᠠᠭᠰᠢᠯᠠᠭᠤᠯᠬᠤ ᠰᠢᠨ᠎ᠡ ᠪᠠᠷᠢᠮᠵᠢᠶ᠎ᠡ ᠶᠢ ᠪᠠᠶᠢᠭᠤᠯᠵᠤ᠂ | ᠠᠭᠠᠷ ᠤᠨ ᠶᠡᠰᠦ ᠴᠢᠨᠠᠷ ᠰᠢᠯᠢᠳᠡᠭ ᠪᠣᠯᠣᠭᠰᠠᠨ ᠪᠦᠭᠡᠳ ᠲᠣᠭᠳᠠᠭᠤᠨ ᠡᠳᠣᠷ ᠤᠨ ᠲᠤᠭ᠎ᠠ 320 ᠡᠳᠣᠷ ᠠᠴᠠ | ᠲᠡᠭᠡᠭᠰᠢᠬᠢ ᠪᠣᠯᠵᠤ᠂ ᠲᠦᠩᠯᠢᠶᠣᠣ ᠶᠢᠨ ᠬᠤᠶᠢᠲᠦ ᠬᠡᠰᠡᠭ ᠤᠨ ᠠᠭᠠᠷ ᠮᠠᠨᠳᠠᠯ ᠤᠨ ᠪᠣᠬᠢᠷᠳᠣᠯ ᠢ ᠶᠡᠷᠣᠩᠬᠡᠶᠢᠯᠡᠨ | ᠵᠠᠰᠠᠭᠰᠠᠨ ᠵᠢᠱᠢᠶ᠎ᠡ ᠦᠵᠡᠬᠦᠯᠬᠦ ᠣᠷᠣᠨ ᠪᠣᠯᠬᠤ ᠪᠠᠷ ᠪᠦᠲᠦᠭᠡᠨ ᠪᠠᠶᠢᠭᠤᠯᠣᠨ᠎ᠠ᠃ ᠴᠡᠩᠬᠡᠭ ᠣᠰᠦ ᠶᠢ ᠬᠠᠮᠠᠭᠠᠯᠠᠬᠤ | ᠲᠠᠶᠢᠨ ᠤ ᠢᠯᠡᠯᠡᠲᠡ ᠶᠢ ᠲᠡᠮᠡᠴᠠᠨ ᠣᠯᠣᠨ᠎ᠠ᠃ ︽ᠨᠢᠭᠡ ᠭᠤᠣᠯ ᠨᠢᠭᠡ ᠲᠠᠷᠤᠭ᠎ᠠ ᠶᠢᠨ ᠳᠦᠷᠢᠮ ᠢ ᠪᠦᠬᠦᠨ ᠢ | ᠪᠦᠷᠬᠦᠬᠦᠯᠬᠦ᠂ ᠨᠢᠭᠡ ᠭᠤᠣᠯ ᠨᠢᠭᠡ ᠪᠣᠳᠣᠯᠭ᠎ᠠ ᠪᠠᠷ ᠠᠮᠢ ᠠᠬᠤᠢ ᠶᠢ ᠬᠠᠮᠠᠭᠠᠯᠠᠬᠤ︾ ᠶᠢ ᠪᠠᠷᠢᠮᠳᠠᠯᠠᠵᠦ᠂ ᠭᠤᠣᠯ | ᠮᠦᠷᠡᠨ ᠨᠠᠭᠤᠷ ᠪᠦᠷᠢᠲᠦ ᠶᠢᠨ ᠡᠮᠬᠢ ᠵᠠᠮᠪᠠᠷᠠᠭ᠎ᠠ ᠦᠬᠡᠢ ᠶᠢ ᠴᠡᠪᠡᠷᠯᠡᠵᠦ᠂ ︽ᠲᠦᠷᠪᠡᠨ ᠲᠣᠷ᠎ᠠ ᠪᠠᠷ ᠢᠶᠠᠨ︾ ᠤ | ᠲᠣᠰᠬᠠᠢ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠨᠣᠨ ᠮᠦᠷᠡᠨ ᠤ ᠰᠠᠪᠠ ᠭᠠᠵᠠᠷ ᠪᠠ ᠬᠤᠣᠯᠢᠨ ᠭᠤᠣᠯ ᠤᠨ | ᠬᠢᠯᠢ ᠶᠢᠨ ᠲᠣᠳᠣᠷᠠᠬᠢ ᠣᠰᠣᠨ ᠤ ᠠᠮᠢ ᠠᠬᠤᠢ ᠶᠢ ᠵᠠᠰᠠᠨ ᠰᠡᠷᠬᠦᠭᠡᠬᠦ ᠢᠨᠵᠧᠨᠧᠷᠢᠩ ᠢ ᠬᠡᠷᠡᠭᠵᠢᠬᠦᠯᠵᠦ᠂ ᠭᠤᠣᠯ | ᠮᠦᠷᠡᠨ ᠤ ᠣᠰᠣᠨ ᠤ ᠴᠢᠨᠠᠷ ᠲᠣᠭᠳᠠᠭᠤᠨ ᠪᠦᠬᠡᠳ ᠪᠠᠷᠢᠮᠵᠢᠶᠠᠨ ᠳᠤ ᠬᠦᠷᠭᠡᠭᠡᠬᠦ ᠶᠢ ᠦᠨᠡᠨ ᠬᠦ ᠪᠠᠳᠣᠯᠠᠵᠤ᠂ ︽ | ᠭᠤᠣᠯ ᠨᠢ ᠰᠢᠯᠣᠭᠤᠨ᠂ ᠣᠰᠦ ᠨᠢ ᠲᠣᠩᠭᠠᠯᠠᠭ᠂ ᠡᠷᠬᠢ ᠨᠢ ᠨᠣᠭᠤᠭᠠᠨ᠂ ᠦᠵᠡᠮᠵᠢ ᠨᠢ ᠰᠠᠶᠢᠬᠠᠨ︾ ᠣᠰᠣᠨ ᠤ | ᠣᠷᠴᠢᠨ ᠲᠣᠭᠤᠷᠢᠨ ᠢ ᠪᠠᠶᠢᠭᠤᠯᠣᠨ᠎ᠠ᠃ ᠣᠰᠦ ᠰᠢᠷᠣᠢ ᠶᠢ ᠬᠠᠮᠠᠭᠠᠯᠠᠬᠤ ᠲᠠᠶᠢᠯᠠᠯᠳᠣᠭᠠᠨ ᠤ ᠢᠯᠡᠯᠲᠡ ᠶᠢ ᠲᠡᠮᠡᠴᠠᠨ | ᠣᠯᠣᠨ᠎ᠠ᠃ ᠬᠦᠷᠣᠰᠦ ᠰᠢᠷᠣᠢ ᠶᠢᠨ ᠣᠷᠴᠢᠨ ᠠᠬᠤᠢ ᠶᠢᠨ ᠡᠳᠣᠷ ᠲᠣᠳᠣᠮ ᠤᠨ ᠬᠢᠨᠡᠯᠲᠠ ᠬᠠᠮᠢᠶᠠᠷᠣᠯᠲᠠ ᠶᠢ | ᠴᠢᠩᠭᠠᠳᠬᠠᠵᠦ᠂ ᠠᠵᠤ ᠦᠢᠯᠡᠳᠪᠣᠷᠢ ᠶᠢᠨ ᠠᠶᠣᠯᠲᠡᠢ ᠬᠠᠶᠠᠭᠳᠠᠮᠠᠯ ᠪᠣᠳᠠᠰ ᠢ ᠬᠤᠣᠷᠳᠣᠯ ᠦᠬᠡᠢ ᠪᠠᠷ | ᠰᠢᠢᠳᠪᠣᠷᠢᠯᠡᠬᠦ ᠪᠠ ᠡᠬᠢ ᠪᠡᠶᠡᠯᠢᠭ᠌ᠵᠢᠭᠤᠯᠣᠨ ᠠᠰᠢᠭᠯᠠᠬᠤ ᠶᠢ ᠲᠦᠯᠬᠢᠨ ᠠᠬᠢᠭᠤᠯᠵᠦ᠂ ︽ᠲᠠᠪᠣᠨ ᠬᠤᠯᠪᠣᠭᠠᠲᠦ | ᠬᠠᠭᠤᠳᠠᠰᠦ︾ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠨᠢᠭᠤᠴᠡ ᠪᠠᠷ ᠭᠠᠳᠠᠭᠰᠢᠯᠠᠭᠤᠯᠬᠤ᠂ ᠨᠢᠭᠤᠴᠠ ᠪᠠᠷ | ᠲᠡᠭᠡᠭᠡᠪᠣᠷᠢᠯᠡᠬᠦ᠂ ᠨᠢᠭᠤᠴᠠ ᠪᠠᠷ ᠪᠣᠯᠠᠬᠤ ᠵᠡᠷᠭᠡ ᠬᠠᠣᠯᠢ ᠲᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠬᠦᠴᠦᠲᠠᠢ ᠴᠣᠬᠢᠯᠲᠡ ᠦᠭᠬᠦᠨ᠎ᠡ᠃ ᠣᠶᠣᠨᠴᠢ ᠣᠷᠴᠢᠨ ᠲᠣᠭᠤᠷᠢᠨ ᠤ ᠬᠠᠮᠠᠭᠠᠯᠡᠯᠲᠡ ᠶᠢᠨ ᠲᠦᠷᠦᠯ | ᠵᠦᠢᠯ ᠤᠨ ᠪᠠᠶᠢᠭᠤᠯᠣᠯᠲᠡ ᠶᠢ ᠲᠦᠷᠭᠡᠳᠭᠡᠵᠦ᠂ ᠠᠵᠤ ᠦᠢᠯᠡᠰ ᠤᠨ ᠬᠦᠭᠵᠢᠯᠲᠡ ᠪᠣᠯᠣᠨ ᠠᠮᠢ ᠠᠬᠤᠢ ᠶᠢᠨ | ᠬᠠᠮᠠᠭᠠᠯᠡᠯᠲᠡ ᠶᠢᠨ ᠰᠢᠢᠳᠪᠣᠷᠢᠲᠦ ᠪᠣᠳᠣᠯᠭ᠎ᠠ ᠳᠤ ᠰᠢᠨᠵᠢᠯᠡᠬᠦ ᠣᠬᠠᠭᠠᠨᠴᠢ ᠲᠤᠭ᠎ᠠ ᠪᠠᠷᠢᠮᠲᠡ ᠶᠢᠨ ᠬᠠᠩᠭᠠᠨ᠎ᠠ᠃ | ︵ᠬᠤᠶᠡᠷ︶ ᠠᠵᠤ ᠦᠢᠯᠡᠳᠪᠣᠷᠢ ᠶᠢᠨ ᠬᠦᠦᠴᠷᠭᠡᠭ ᠬᠤᠲᠠ ᠳᠤ ᠭᠤᠶᠢᠪᠠᠰᠢ ᠦᠬᠡᠢ ᠰᠠᠭᠤᠷᠢᠯᠠᠵᠦ᠂ | ᠮᠢᠩᠭᠠᠨ ᠳ᠋ᠦᠩᠰᠢᠭᠤᠷ ᠤᠨ ᠬᠤᠣᠯᠢᠩᠭᠤᠣᠯ ᠢ ᠪᠦᠲᠦᠭᠡᠨ ᠪᠠᠶᠢᠭᠤᠯᠣᠨ᠎ᠠ᠃ ︽ᠨᠠᠬᠦᠷᠠᠰᠦ ᠴᠠᠬᠢᠯᠭᠠᠨ ᠲᠣᠣᠷ | ᠬᠦᠩᠬᠡᠨᠴᠠᠭᠠᠨ ᠡᠳ᠋ᠰᠢᠯᠡᠬᠦᠯᠬᠦ︾ ᠶᠢᠨ ᠡᠷᠬᠢᠯᠳᠡᠲᠦ ᠠᠵᠤ ᠠᠬᠤᠢ ᠶᠢᠨ ᠠᠵᠤ ᠦᠢᠯᠡᠰ ᠢᠶᠠᠷ ᠲᠠᠭᠠᠭᠤᠯᠣᠭᠴᠢ | ᠪᠣᠯᠭᠠᠵᠤ᠂ ᠬᠡᠯᠬᠢᠶᠡᠵᠢᠯ ᠢ ᠨᠦᠬᠦᠪᠣᠷᠢᠯᠡᠬᠦ᠂ ᠪᠣᠭᠤᠮᠢ ᠶᠢ ᠠᠷᠢᠯᠭᠠᠬᠤ᠂ ᠰᠦᠷᠦᠭᠵᠢᠯ ᠢ ᠲᠦᠪᠯᠡᠷᠡᠬᠦᠯᠬᠦ ᠲᠡᠭᠡᠷ᠎ᠠ ᠠᠵᠤ | ᠦᠢᠯᠡᠰ ᠤᠨ ᠬᠡᠯᠬᠢᠶᠠᠵᠢᠯ ᠤᠨ ᠵᠠᠬ᠎ᠠ ᠲᠡᠯᠭᠡᠬᠦᠷ ᠤᠨ ᠦᠷᠢᠰᠦᠯᠳᠣᠬᠦ ᠬᠦᠴᠦᠨ ᠪᠠ ᠦᠷᠳᠡᠭ ᠤᠨ ᠡᠬᠦᠳᠣᠨ | ᠪᠦᠲᠦᠭᠡᠬᠦ ᠬᠦᠴᠦᠨ ᠢ ᠨᠡᠮᠡᠭᠳᠡᠬᠦᠯᠵᠦ᠂ ᠡᠬᠢ ᠪᠡᠶᠡᠯᠢᠭ᠋ ᠬᠡᠯᠪᠡᠷᠢ ᠶᠢᠨ ᠣᠷᠣᠨ ᠨᠣᠲᠤᠭ ᠤᠨ ᠬᠤᠪᠢᠷᠠᠭᠤᠯᠣᠨ | ᠬᠦᠭᠵᠢᠬᠦᠯᠬᠦ ᠵᠢᠱᠢᠶ᠎ᠡ ᠦᠵᠡᠬᠦᠯᠬᠦ ᠣᠷᠣᠨ ᠪᠣᠯᠭᠠᠨ ᠡᠬᠦᠳᠣᠨ ᠪᠠᠶᠢᠭᠤᠯᠣᠨ᠎ᠠ᠃ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠷᠴᠢᠮᠯᠡᠬᠦᠯᠦᠨ ᠬᠦᠭᠵᠢᠬᠦᠯᠬᠦ ᠶᠢ ᠲᠦᠯᠬᠢᠨ | ᠠᠬᠢᠭᠤᠯᠣᠨ᠎ᠠ᠃ ᠪᠠᠶᠢᠭᠤᠯᠣᠮᠵᠢ ᠶᠢᠨ ᠦᠬᠡᠷᠡᠴᠢᠯᠡᠯᠲᠡ ᠪᠠᠷ ᠲᠣᠬᠢᠶᠡᠯᠳᠣᠮᠵᠢ ᠪᠣᠯᠭᠠᠵᠤ᠂ ᠬᠦᠷᠢᠶᠡᠯᠡᠩ | ᠲᠣᠭᠤᠷᠢᠭ ᠤᠨ ᠴᠢᠳᠠᠪᠣᠷᠢ ᠶᠢᠨ ᠪᠠᠶᠢᠷᠢ ᠲᠣᠭᠳᠠᠭᠠᠬᠤ ᠶᠢ ᠣᠯᠠᠮ ᠨᠢᠭᠡ ᠠᠯᠬᠤᠮ ᠲᠣᠳᠣᠳᠬᠠᠵᠦ᠂ ᠡᠬᠦᠷᠭᠡ | ᠬᠠᠷᠢᠭᠤᠴᠠᠯᠭ᠎ᠠ ᠶᠢᠨ ᠬᠠᠷᠢᠴᠠᠭ᠎ᠠ ᠪᠠᠨ ᠰᠢᠯᠣᠭᠤᠳᠬᠠᠵᠤ᠂ ᠡᠷᠭᠡ ᠬᠠᠷᠢᠭᠤᠴᠠᠯᠭ᠎ᠠ ᠲᠣᠳᠣᠷᠬᠠᠢ᠂ ᠡᠷᠭᠡ | ᠲᠣᠰᠢᠶᠠᠯ ᠤᠨ ᠨᠢᠬᠡᠳᠣᠯ ᠤᠨ ᠬᠠᠮᠢᠶᠡᠷᠣᠯᠲᠡ ᠶᠢᠨ ᠪᠠᠶᠢᠭᠤᠯᠣᠮᠵᠢ ᠶᠢ ᠪᠦᠷᠢᠨᠰᠢᠬᠦᠯᠦᠨ ᠲᠡᠬᠦᠯᠳᠡᠷᠵᠢᠬᠦᠯᠦᠨ᠎ᠡ᠃ | ᠭᠤᠣᠯᠯᠠᠬᠤ ᠠᠵᠤ ᠦᠢᠯᠡᠰ ᠢᠶᠠᠷ ᠭᠤᠣᠯ ᠪᠣᠯᠭᠠᠭᠰᠠᠨ ᠮᠢᠩᠭᠠᠨ ᠳ᠋ᠦᠩᠰᠢᠭᠤᠷ ᠬᠤᠣᠯᠢᠩᠭᠤᠣᠯ ᠤᠨ ᠠᠵᠤ | ᠦᠢᠯᠡᠰ ᠤᠨ ᠲᠦᠯᠦᠪᠵᠢᠬᠦᠯᠭᠡ ᠶᠢ ᠨᠢᠭᠡᠳᠣᠯᠲᠡᠢ ᠲᠦᠯᠬᠢᠨ ᠠᠬᠢᠭᠤᠯᠵᠤ᠂ ᠦᠢᠯᠡᠳᠪᠣᠷᠢᠯᠡᠯ ᠤᠨ ᠴᠢᠬᠤᠯᠠ | ᠡᠯᠧᠮᠧᠨ᠋ᠲ ᠤᠨ ᠲᠣᠬᠢᠷᠠᠭᠤᠯᠣᠯᠲᠡ ᠶᠢ ᠰᠢᠯᠢᠳᠡᠭᠵᠢᠬᠦᠯᠵᠦ᠂ ᠴᠢᠳᠠᠮᠵᠢ ᠶᠢᠨ ᠪᠠᠶᠢᠷᠢᠰᠢᠭᠤᠯᠣᠯᠲᠡ ᠪᠠᠨ ᠵᠦᠢ | ᠵᠣᠬᠢᠰᠲᠠᠢ ᠪᠠᠷ ᠬᠤᠪᠢᠶᠠᠷᠢᠯᠠᠵᠤ᠂ ᠲᠠᠪᠠᠭᠤᠯᠢᠭ ᠠᠵᠤ ᠦᠢᠯᠡᠰ ᠤᠨ ᠰᠦᠷᠦᠭᠵᠢᠯ ᠢ ᠪᠣᠵᠠᠭᠠᠶᠢᠷᠠᠭᠤᠯᠣᠨ᠎ᠠ᠃ | ᠬᠦᠷᠢᠶᠠᠯᠠᠩ ᠲᠣᠭᠤᠷᠢᠭ ᠤᠨ ᠣᠷᠴᠢᠨ ᠲᠣᠭᠤᠷᠢᠨ ᠢ ᠬᠠᠮᠠᠭᠠᠯᠠᠬᠤ ᠰᠠᠭᠤᠷᠢ ᠲᠦᠬᠦᠭᠡᠷᠣᠮᠵᠢ ᠶᠢᠨ ᠪᠠᠶᠢᠭᠤᠯᠣᠯᠲᠡ ᠶᠢ | ᠪᠠᠬᠢᠵᠢᠬᠦᠯᠵᠦ᠂ ᠪᠣᠬᠢᠷ ᠣᠰᠣᠨ ᠤ ᠬᠤᠭᠤᠯᠠᠢ ᠶᠢᠨ ᠲᠣᠣᠷ᠂ ᠲᠦᠪᠯᠡᠷᠡᠬᠦᠯᠦᠨ ᠢᠯᠴᠢ ᠬᠦᠷᠭᠡᠬᠦ᠂ ᠬᠠᠳᠠᠭᠤ | ᠬᠠᠶᠠᠭᠳᠠᠮᠠᠯ ᠤᠨ ᠲᠠᠯᠠᠪᠣᠷ ᠵᠡᠷᠭᠡ ᠴᠢᠳᠠᠮᠵᠢ ᠶᠢᠨ ᠴᠢᠨᠠᠷᠲᠠᠢ ᠲᠦᠬᠦᠭᠡᠷᠣᠮᠵᠢ ᠶᠢ ᠰᠠᠶᠢᠵᠢᠷᠠᠭᠤᠯᠣᠨ᠎ᠠ᠃ ᠵᠠᠬᠠᠨᠠᠭᠤᠷ | ᠬᠦᠷᠢᠶᠠᠯᠠᠩ ᠲᠣᠭᠤᠷᠢᠭ ᠤᠨ ᠬᠠᠮᠵᠢᠯᠴᠠᠨ ᠬᠠᠷᠢᠯᠴᠠᠨ ᠨᠦᠬᠦᠪᠣᠷᠢᠯᠡᠬᠦ ᠶᠢ ᠬᠦᠨᠵᠡᠭᠡᠶᠢᠷᠡᠬᠦᠯᠵᠦ᠂ ᠬᠠᠷᠢᠴᠠᠭᠤᠯᠣᠭᠰᠠᠨ | ᠲᠠᠪᠠᠭᠠᠣᠯᠢᠭ ᠢᠶᠠᠨ ᠪᠠᠳᠠᠷᠠᠭᠤᠯᠵᠤ᠂ ᠠᠳᠠᠯᠢ ᠴᠢᠨᠠᠷ ᠤᠨ ᠦᠷᠢᠰᠦᠯᠳᠣᠭᠡᠨ ᠠᠴᠠ ᠵᠠᠶᠢᠯᠠᠭᠤᠯᠵᠤ᠂ ᠣᠷᠣᠨ ᠪᠠᠶᠢᠷᠢ | ᠰᠣᠯᠢᠪᠴᠠᠭᠤᠯᠣᠨ ᠬᠦᠭᠵᠢᠬᠦᠯᠬᠦ ᠶᠢ ᠪᠠᠶᠡᠯᠡᠬᠦᠯᠦᠨ᠎ᠡ᠃ ᠠᠵᠤ ᠦᠢᠯᠡᠳᠪᠣᠷᠢ ᠶᠢᠨ ᠬᠦᠷᠢᠶᠠᠯᠠᠩ ᠲᠣᠭᠤᠷᠢᠭ ᠤᠨ | ᠣᠷᠲᠦ ᠬᠤᠭᠤᠴᠠᠭ᠎ᠠ ᠪᠠᠷ ᠰᠣᠯᠠ ᠪᠠᠶᠢᠭ᠎ᠠ ᠭᠠᠵᠠᠷ ᠰᠢᠷᠣᠢ ᠶᠢ ᠡᠮᠬᠢᠯᠡᠨ ᠲᠠᠬᠢᠨ ᠠᠰᠢᠭᠯᠠᠵᠤ᠂ ᠬᠦᠩᠬᠡᠨᠴᠠᠭᠠᠠᠨ ᠤ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠠᠯᠠᠩ ᠲᠣᠭᠤᠷᠢᠭ ᠤᠨ ᠭᠤᠣᠯ ᠰᠠᠭᠤᠷᠢ ᠲᠦᠬᠦᠭᠡᠷᠣᠮᠵᠢ ᠶᠢ | ᠵᠢᠯ ᠤᠨ ᠲᠣᠳᠣᠷ᠎ᠠ ᠬᠢᠵᠦ ᠲᠠᠭᠤᠰᠬᠠᠬᠤ ᠪᠠᠷ ᠬᠦᠴᠦᠯᠡᠨ ᠴᠢᠷᠮᠠᠶᠢᠵᠦ᠂ ᠲᠦᠷᠣᠯ ᠵᠦᠢᠯ ᠤᠨ ᠲᠦᠪᠯᠡᠷᠡᠬᠦ ᠪᠠ ᠠᠵᠤ | ᠦᠢᠯᠡᠰ ᠤᠨ ᠬᠦᠭᠵᠢᠯᠲᠡ ᠳᠤ ᠬᠦᠷᠣᠯᠴᠠᠬᠦᠶᠢᠴᠡ ᠣᠷᠣᠨ ᠵᠠᠢ ᠲᠠᠢ ᠪᠣᠯᠭᠠᠨ᠎ᠠ᠃ | ᠭᠤᠣᠯᠯᠠᠬᠤ ᠠᠵᠤ ᠦᠢᠯᠡᠰ ᠤᠨ ᠬᠡᠯᠬᠢᠶᠠᠵᠢᠯ ᠤᠨ ᠭᠤᠣᠯᠳᠠᠯᠭ᠎ᠠ ᠲᠠᠢ ᠲᠦᠷᠣᠯ ᠵᠦᠢᠯ ᠤᠨ ᠪᠦᠲᠦᠭᠡᠨ | ᠪᠠᠶᠢᠭᠤᠯᠣᠯᠲᠡ ᠶᠢ ᠲᠦᠯᠬᠢᠨ ᠠᠬᠢᠭᠤᠯᠣᠨ᠎ᠠ᠃ ᠲᠦᠷᠣᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠪᠡᠯᠡ | ᠣᠷᠣᠭᠤᠯᠣᠯᠲᠠ ᠶᠢᠨ ᠲᠣᠯᠭᠠᠭᠤᠷᠢᠯᠡᠨ ᠲᠠᠶᠢᠴᠢᠯᠠᠬᠤ ᠦᠢᠯᠡᠳᠣᠯ ᠢ ᠬᠦᠢᠴᠡᠳ ᠪᠠᠳᠠᠷᠠᠭᠤᠯᠵᠤ᠂ ᠲᠡᠭᠡᠲᠦ ᠨᠠᠷᠢᠯᠢᠭ | ᠬᠤᠰᠢᠭᠤᠴᠢ᠂ ᠪᠠᠭ᠎ᠠ ᠣᠳᠤᠭ᠎ᠠ ᠭᠠᠷᠬᠤ᠂ ᠦᠨᠳᠣᠷ ᠨᠠᠮᠠᠯᠲᠡ ᠦᠷᠳᠡᠭ ᠪᠦᠬᠦᠢ ᠲᠦᠷᠦᠯ ᠵᠦᠢᠯ ᠢ ᠶᠡᠭᠡ | ᠬᠦᠴᠦᠨ ᠢᠶᠠᠷ ᠲᠠᠳᠠᠨ ᠠᠪᠴᠢᠷᠠᠵᠤ᠂ ᠭᠤᠣᠯ ᠠᠵᠤ ᠦᠢᠯᠡᠳᠪᠣᠷᠢ ᠶᠢᠨ ᠦᠢᠯᠡᠳᠬᠦᠨ ᠤ ᠦᠷᠳᠡᠭ ᠢ ᠲᠣᠮᠳᠠ | ᠲᠣᠣᠷ᠎ᠠ ᠲᠡᠰ ᠠᠴᠠ ᠲᠣᠮᠳᠠ ᠲᠡᠭᠡᠲᠦ ᠲᠦᠪᠰᠢᠨ ᠳᠤ ᠣᠷᠣᠭᠤᠯᠬᠤ ᠶᠢ ᠠᠬᠢᠭᠤᠯᠣᠨ᠎ᠠ᠃ ᠪᠦᠬᠦ ᠵᠢᠯ ᠤᠨ ᠠᠵᠤ | ᠦᠢᠯᠡᠳᠪᠣᠷᠢ ᠶᠢᠨ ᠭᠤᠣᠯᠳᠠᠭ᠎ᠠ ᠲᠠᠢ ᠲᠦᠷᠣᠯ ᠵᠦᠢᠯ ᠢ 43 ᠬᠡᠷᠡᠭᠵᠢᠬᠦᠯᠬᠦ ᠪᠠᠷ ᠲᠦᠯᠦᠪᠯᠡᠵᠦ᠂ ᠲᠣᠭᠳᠠᠮᠠᠯ | ᠬᠦᠷᠣᠩᠭᠡ ᠶᠢᠨ ᠪᠡᠯᠡ ᠣᠷᠣᠭᠤᠯᠣᠯᠲᠠ ᠶᠢ 74.5 ᠳ᠋ᠦᠩᠰᠢᠭᠤᠷ ᠲᠦᠬᠦᠷᠢᠭ ᠪᠡᠶᠡᠯᠡᠬᠦᠯᠦᠨ᠎ᠡ᠃ ᠨᠢᠭᠡ ᠪᠦᠯᠦᠭ | ᠪᠠᠶᠢᠭᠤᠯᠵᠤ ᠪᠠᠶᠢᠭ᠎ᠠ ᠲᠦᠷᠦᠯ ᠵᠦᠢᠯ ᠢ ᠦᠨᠡᠨ ᠬᠦ ᠪᠠᠳᠣᠯᠠᠨ᠎ᠠ᠃ ᠰᠢᠦᠢ ᠶᠠᠩ ᠪᠦᠮᠪᠣᠭᠡᠨ ᠬᠡᠯᠪᠡᠷᠢᠲᠦ | ᠬᠦᠩᠬᠡᠨᠴᠠᠭᠠᠨ ᠤ ᠨᠣᠨᠳᠠᠭ᠂ ᠵᠢᠶᠠ ᠴᠧᠩ ᠰᠢᠭᠠᠷᠣ ᠰᠢᠢᠳᠪᠣᠷᠢᠯᠡᠬᠦ ᠶᠢ ᠶᠡᠭᠡ ᠪᠠᠷ ᠵᠠᠰᠠᠬᠤ᠂ ᠮᠢᠩ ᠬᠤᠣ | ᠵᠣᠭᠠᠩ ᠤᠨ ᠲᠦᠷᠣᠯ ᠵᠦᠢᠯ 4 ᠰᠠᠷ᠎ᠠ ᠳᠤ ᠠᠰᠢᠭᠯᠠᠯᠲᠠ ᠳᠤ ᠣᠷᠣᠭᠤᠯᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠣᠨ᠎ᠠ᠃ ᠨᠢᠭᠡ ᠪᠦᠯᠦᠭ ᠨᠢᠭᠡᠨᠲᠡ ᠡᠬᠢᠯᠡᠬᠦᠯᠦᠭᠰᠡᠨ ᠲᠦᠷᠦᠯ ᠵᠦᠢᠯ ᠤᠨ ᠪᠠᠶᠢᠭᠤᠯᠣᠯᠲᠡ ᠶᠢ ᠲᠦᠷᠭᠡᠳᠭᠡᠨ᠎ᠡ | ᠃ ᠴᠤᠸᠠᠩ ᠶᠤᠸᠠᠨ ᠤ ᠬᠤᠶᠢᠨᠠᠬᠢ 40 ᠲᠦᠮᠡᠨ ᠲᠣᠨ ᠬᠠᠮᠤᠭ ᠦᠨᠳᠣᠷ ᠣᠶᠣᠨ ᠬᠠᠳᠠᠨ ᠴᠢᠨᠠᠷᠲᠠᠢ | ᠬᠦᠩᠬᠡᠨᠴᠠᠭᠠᠨ ᠤ ᠬᠠᠶᠢᠯᠣᠰᠢ ᠪᠣᠯᠪᠠᠰᠣᠷᠠᠭᠤᠯᠬᠤ᠂ 45 ᠲᠦᠮᠡᠨ ᠲᠣᠨ ᠨᠡᠬᠦᠷᠡᠰᠦᠳᠦ᠋ᠷᠦᠭᠴᠢ᠂ 12 ᠲᠦᠮᠡᠨ ᠲᠣᠨ | ᠠᠵᠤ ᠦᠢᠯᠡᠳᠪᠣᠷᠢ ᠶᠢᠨ ᠴᠠᠬᠢᠭᠤᠷ ᠂ ᠯᠢᠶᠠᠨ ᠴᠧᠩ 15 ᠲᠦᠮᠡᠨ ᠲᠣᠨ ᠤ ᠵᠣᠵᠠᠭᠠᠨ ᠤ ᠬᠡᠮᠵᠢᠶ᠎ᠡ 0.0075 | ᠮᠢᠯᠢᠮᠧᠲᠷ ᠠᠴᠠ ᠪᠠᠭ᠎ᠠ ᠢᠯᠳᠠᠰᠦ᠂ ᠶᠠ ᠧᠦ ᠲᠣᠮᠳᠠ ᠲᠡᠭᠡᠲᠦ ᠬᠦᠩᠭᠡᠨᠴᠠᠭᠠᠨ ᠤ ᠭᠠᠩᠨᠠᠬᠤ ᠮᠠᠲ᠋ᠧᠷᠢᠶᠠᠯ᠂ ᠶᠢᠩ | ᠺᠧᠦ ᠾᠧᠩ ᠳ᠋ᠠ ᠬᠦᠩᠬᠡᠨᠴᠠᠭᠠᠨ ᠤ ᠨᠣᠨᠳᠠᠭ ᠵᠡᠷᠭᠡ ᠲᠦᠷᠦᠯ ᠵᠦᠢᠯ ᠢ ᠵᠢᠯ ᠤᠨ ᠲᠣᠳᠣᠷ᠎ᠠ ᠪᠠᠶᠢᠭᠤᠯᠬᠤ ᠪᠠᠷ | ᠬᠦᠴᠦᠯᠡᠨ ᠴᠢᠷᠮᠠᠶᠢᠵᠦ᠂ ᠲᠡᠭᠡᠲᠦ ᠲᠡᠰ ᠤᠨ ᠬᠦᠩᠬᠡᠨᠴᠠᠭᠠᠨ ᠤ ᠮᠠᠲ᠋ᠧᠷᠢᠶᠠᠯ ᠤᠨ ᠡᠳ᠋ᠰᠢᠯᠡᠬᠦᠯᠬᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠣᠯᠲᠡ ᠶᠢᠨ ᠰᠠᠭᠤᠷᠢ ᠶᠢ ᠪᠠᠬᠢᠵᠢᠬᠦᠯᠦᠨ᠎ᠡ᠃ ᠴᠤᠸᠠᠩ ᠶᠤᠸᠠᠨ᠂ ᠶᠢᠨ ᠯᠢᠶᠠᠨ᠂ ᠵᠢᠢ | ᠹᠧᠩ ᠵᠠᠷᠭᠡ ᠰᠠᠯᠬᠢᠨ ᠬᠦᠴᠦᠨ ᠤ ᠴᠠᠬᠢᠯᠭᠠᠨ ᠤ ᠲᠦᠷᠣᠯ ᠵᠦᠢᠯ ᠢ ᠡᠬᠢᠯᠡᠬᠦᠯᠵᠦ᠂ ᠰᠡᠯᠬᠢᠨ ᠴᠠᠬᠢᠯᠭᠠᠨ ᠬᠦᠴᠦᠨ ᠤ | ᠮᠠᠰᠢᠨ ᠴᠣᠭᠴᠠᠯᠠᠪᠣᠷᠢ ᠶᠢᠨ ᠪᠠᠭᠳᠠᠭᠠᠮᠵᠢ ᠨᠢ 31 ᠲᠦᠮᠡᠨ ᠺᠢᠯᠣᠸᠠᠲ ᠰᠢᠨ᠎ᠡ ᠪᠠᠷ ᠨᠡᠮᠡᠭᠳᠡᠬᠦᠯᠵᠦ᠂ ᠣᠯᠠᠨ | ᠲᠦᠷᠦᠯ ᠤᠨ ᠡᠨᠧᠷᠬᠢ ᠶᠢᠨ ᠰᠣᠷᠪᠣᠯᠵᠢ ᠶᠢ ᠲᠦᠪᠯᠡᠷᠡᠬᠦᠯᠦᠨ ᠰᠢᠩᠭᠡᠬᠦ ᠰᠠᠭᠤᠷᠢᠨ ᠭᠠᠵᠠᠷ ᠢ ᠴᠢᠷᠮᠠᠶᠢᠨ ᠪᠦᠲᠦᠭᠡᠨ | ᠪᠠᠶᠢᠭᠤᠯᠣᠨ᠎ᠠ᠃ ᠨᠢᠭᠡ ᠪᠦᠯᠦᠭ ᠬᠡᠯᠡᠯᠴᠡᠵᠦ ᠪᠠᠶᠢᠭ᠎ᠠ ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠣᠨ᠎ᠠ᠃ | ᠴᠤᠸᠠᠩ ᠶᠤᠸᠠᠨ ᠤ ᠠᠶᠣᠯᠲᠠᠢ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠣᠨ ᠠᠰᠢᠭᠯᠠᠬᠤ᠂ ᠯᠢᠶᠠᠨ ᠱᠧᠩ | ᠠᠶᠣᠯᠲᠠᠢ ᠬᠠᠶᠠᠭᠳᠠᠮᠠᠯ ᠢ ᠬᠤᠣᠷᠳᠠᠯ ᠦᠬᠡᠢ ᠪᠠᠷ ᠰᠢᠢᠳᠪᠣᠷᠢᠯᠡᠬᠦ᠂ ᠢ ᠳ᠋ᠠ ᠶᠢᠨ ᠬᠦᠬᠦᠷ ᠦᠬᠡᠶᠢᠳᠡᠬᠦᠯᠦᠭᠰᠡᠨ | ᠵᠣᠭᠠᠩ ᠵᠡᠷᠭᠡ ᠲᠦᠷᠣᠯ ᠵᠦᠢᠯ ᠤᠨ ᠡᠮᠣᠨᠡᠬᠢ ᠬᠤᠭᠤᠴᠠᠭᠠᠨ ᠤ ᠭᠠᠷ ᠬᠦᠢᠴᠡᠳᠭᠡᠯ ᠢ ᠲᠦᠷᠭᠡᠳᠭᠡᠵᠦ᠂ ᠵᠢᠯ ᠤᠨ | ᠲᠣᠳᠣᠷ᠎ᠠ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠦ᠂ ᠬᠠᠶᠠᠭᠳᠠᠮᠠᠯ ᠪᠣᠳᠠᠰ ᠢ ᠶᠡᠷᠣᠩᠬᠡᠶᠢᠯᠡᠨ ᠠᠰᠢᠭᠯᠠᠬᠤ ᠠᠵᠤ | ᠦᠢᠯᠡᠰ ᠢ ᠪᠣᠵᠠᠭᠠᠶᠢᠷᠠᠭᠤᠯᠣᠨ ᠬᠦᠴᠦᠷᠭᠡᠭᠵᠢᠬᠦᠯᠦᠨ᠎ᠡ᠃ ᠨᠢᠭᠡ ᠪᠦᠯᠦᠭ ᠨᠦᠬᠡᠴᠡᠯᠡᠬᠦ ᠲᠦᠷᠦᠯ ᠵᠦᠢᠯ ᠳᠤ | ᠬᠡᠯᠡᠯᠴᠡᠭᠡᠷ ᠲᠣᠭᠳᠠᠵᠤ ᠭᠠᠷ ᠤᠨ ᠦᠰᠦᠭ ᠵᠢᠷᠣᠨᠡ᠃ ᠳ᠋ᠢᠩ ᠱᠧᠩ ᠬᠤᠶᠠᠳᠣᠭᠠᠷ ᠵᠣᠷᠪᠣᠰ ᠬᠠᠽᠧᠯᠧᠲ | ᠬᠦᠩᠬᠡᠨᠴᠠᠭᠠᠨ ᠤ ᠬᠠᠪᠳᠠᠰᠦ᠂ ᠰᠢᠨ ᠰᠢᠩ ps ᠬᠠᠪᠳᠠᠰᠦ ᠶᠢᠨ ᠰᠠᠭᠤᠷᠢ᠂ ᠹᠦ᠋ ᠶᠣᠣ ᠬᠦᠩᠬᠡᠨᠴᠠᠭᠠᠨ ᠬᠡᠯᠪᠠᠷᠢᠲᠦ | ᠮᠠᠲ᠋ᠧᠷᠢᠶᠠᠯ᠂ ᠵᠧ ᠵᠢᠶᠠᠩ ᠤᠨ ᠶᠥᠩ ᠺᠠᠩ ᠬᠦᠩᠬᠡᠨᠴᠠᠭᠠᠨ ᠢᠶᠠᠷ ᠦᠢᠯᠡᠳᠣᠭ᠍ᠰᠡᠨ ᠢᠯᠴᠢ ᠰᠠᠳᠠᠷᠠᠭᠤᠯᠬᠤ ᠮᠠᠰᠢᠨ᠂ | ᠮᠠᠰᠢᠨ ᠲᠡᠷᠭᠡᠨ ᠤ ᠣᠭᠤᠷ ᠤᠨ ᠪᠡᠶ᠎ᠡ ᠪᠠ ᠠᠮᠰᠡᠷ ᠵᠡᠷᠭᠡ ᠲᠦᠷᠦᠯ ᠵᠦᠢᠯ ᠢ ᠠᠩᠬᠠᠷᠴᠦ᠂ ᠲᠡᠭᠡᠷ᠎ᠠ ᠬᠠᠭᠠᠰ ᠵᠢᠯ ᠳᠤ | ᠬᠡᠯᠡᠯᠴᠡᠭᠡᠷ ᠲᠣᠭᠳᠠᠵᠤ ᠰᠠᠭᠤᠷᠢᠰᠢᠯᠠᠭᠤᠯᠬᠤ ᠪᠠᠷ ᠴᠢᠷᠮᠠᠶᠢᠵᠦ᠂ ᠠᠵᠤ ᠦᠢᠯᠡᠰ ᠤᠨ ᠬᠦᠭᠵᠢᠯᠲᠡ ᠶᠢᠨ ᠰᠡᠯᠬᠦᠬᠦ | ᠬᠦᠴᠦᠨ ᠢ ᠲᠡᠰᠣᠷᠠᠯᠲᠡ ᠦᠬᠡᠢ ᠲᠡᠭᠡᠭᠰᠢᠯᠡᠬᠦᠯᠦᠨ᠎ᠡ᠃ | ᠵᠠᠩᠬᠢᠯᠠᠭ᠎ᠠ ᠶᠢᠨ ᠭᠤᠭᠴᠤᠭ᠎ᠠ ᠶᠢ ᠴᠢᠬᠤᠯᠠᠴᠢᠯᠠᠵᠤ ᠬᠦᠭᠵᠢᠯᠲᠡ ᠶᠢᠨ ᠪᠣᠭᠤᠮᠢ ᠶᠢ ᠠᠷᠢᠯᠭᠠᠨ᠎ᠠ᠃ ︽ | ᠨᠠᠬᠦᠷᠠᠰᠦ ᠭᠠᠷᠭᠠᠵᠦ ᠨᠠᠬᠦᠷᠠᠰᠦ ᠲᠣᠳᠠᠬᠤ︾ ᠬᠦᠴᠢᠷ ᠠᠰᠠᠭᠤᠳᠠᠯ ᠢ ᠬᠦᠴᠦᠯᠡᠨ ᠠᠷᠢᠯᠭᠠᠵᠤ᠂ ᠵᠢᠢ ᠮᠸᠢ ᠤ | ᠬᠤᠳᠳᠠᠭ ᠤᠨ ᠠᠭᠤᠷᠬᠠᠢ ᠶᠢᠨ ᠦᠢᠯᠡᠳᠪᠣᠷᠢ ᠠᠭᠤᠷᠬᠠᠢ ᠮᠠᠯᠳᠠᠬᠤ ᠡᠷᠬᠡ ᠶᠢᠨ ᠦᠨᠡᠮᠯᠡᠯ᠂ ᠠᠭᠤᠷᠬᠠᠢ ᠶᠢᠨ ᠬᠦᠷᠢᠶ᠎ᠡ | ᠬᠡᠪᠴᠢᠶ᠎ᠡ ᠶᠢ ᠢᠯᠭᠠᠨ ᠲᠣᠭᠳᠠᠭᠠᠬᠤ ᠭᠠᠷ ᠬᠦᠢᠴᠡᠳᠭᠡᠯ ᠬᠢᠬᠦ ᠶᠢ ᠠᠬᠢᠭᠤᠯᠵᠤ᠂ ᠵᠢᠯ ᠤᠨ ᠲᠣᠳᠣᠷ᠎ᠠ ᠠᠵᠢᠯ | ᠡᠬᠢᠯᠡᠬᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠵᠠᠳᠠᠭᠠᠢ ᠨᠠᠬᠦᠷᠠᠰᠦᠨ ᠠᠵᠤ ᠦᠢᠯᠡᠰ ᠤᠨ 400 ᠲᠦᠮᠡᠨ | ᠲᠣᠨ ᠦᠷᠭᠡᠳᠭᠡᠭᠰᠡᠨ ᠴᠢᠳᠠᠪᠣᠷᠢ ᠶᠢᠨ ᠲᠦᠷᠣᠯ ᠵᠦᠢᠯ ᠢ ᠣᠷᠢᠳᠠᠪᠡᠷ ᠬᠤᠲᠠ ᠶᠢᠨ ᠲᠣᠳᠣᠷᠠᠬᠢ ᠨᠠᠬᠦᠷᠠᠰᠦ | ᠬᠡᠷᠡᠭᠯᠡᠵᠦ ᠪᠠᠶᠢᠭ᠎ᠠ ᠲᠣᠮᠣ ᠡᠷᠣᠭᠡ ᠳᠤ ᠬᠠᠩᠭᠠᠬᠤ ᠶᠢ ᠢᠳᠡᠪᠬᠢᠲᠠᠢ ᠵᠣᠬᠢᠴᠠᠭᠤᠯᠣᠨᠡ᠃ ᠲᠣᠣᠷ᠎ᠠ ᠴᠠᠬᠢᠯᠭᠠᠨ | ᠦᠨ᠎ᠡ ᠶᠢᠨ ᠲᠠᠪᠠᠭᠤᠯᠢᠭ ᠢ ᠶᠡᠭᠡᠳᠭᠡᠬᠦ ᠪᠠᠷ ᠬᠦᠴᠦᠯᠡᠵᠦ᠂ ᠦᠪᠡᠷᠳᠡᠭᠡᠨ ᠵᠠᠰᠠᠬᠤ ᠣᠷᠣᠨ ᠤ ᠲᠦᠯᠦᠪᠵᠢᠬᠦᠯᠭᠡ ᠶᠢᠨ | ᠣᠯᠣᠰ ᠤᠨ ᠣᠳᠣᠬᠢᠴᠢᠯᠠᠭᠰᠠᠨ ᠡᠨᠧᠷᠬᠢ ᠶᠢᠨ ᠰᠣᠷᠪᠣᠯᠵᠢ ᠶᠢᠨ ᠠᠵᠤ ᠠᠬᠤᠢ ᠶᠢᠨ ᠵᠢᠱᠢᠶ᠎ᠡ ᠦᠵᠡᠬᠦᠯᠬᠦ ᠣᠷᠣᠨ ᠢ | ᠪᠠᠶᠢᠭᠤᠯᠬᠤ ᠪᠠ ᠲᠦᠩᠯᠢᠶᠣᠣ ᠬᠤᠲᠠ ᠶᠢᠨ ᠣᠳᠣᠬᠢᠴᠢᠯᠠᠭᠰᠠᠨ ᠡᠨᠧᠷᠬᠢ ᠶᠢᠨ ᠰᠣᠷᠪᠣᠯᠵᠢ ᠶᠢᠨ ᠠᠵᠤ ᠠᠬᠤᠢ ᠶᠢᠨ | ᠵᠢᠱᠢᠶ᠎ᠡ ᠦᠵᠡᠬᠦᠯᠬᠦ ᠬᠤᠲᠠ ᠶᠢ ᠡᠬᠦᠳᠣᠨ ᠪᠠᠶᠢᠭᠤᠯᠬᠤ ᠴᠢᠬᠤᠯᠠ ᠶᠡᠭᠡ ᠠᠵᠤ ᠲᠣᠬᠢᠶᠠᠯ ᠢ ᠠᠳᠬᠤᠵᠦ᠂ | ᠣᠳᠣᠬᠢᠴᠢᠯᠠᠭᠰᠠᠨ ᠡᠨᠧᠷᠬᠢ ᠶᠢᠨ ᠰᠣᠷᠪᠣᠯᠵᠢ ᠶᠢᠨ ᠠᠵᠤ ᠠᠬᠤᠢ ᠶᠢᠨ ᠣᠷᠢᠳᠡᠪᠡᠷ ᠬᠦᠭᠵᠢᠭᠰᠡᠨ ᠭᠠᠵᠠᠷ ᠣᠷᠣᠨ ᠢ | ᠴᠢᠷᠮᠠᠶᠢᠨ ᠡᠬᠦᠳᠴᠦ᠂ ︽ᠦᠪᠡᠰᠣᠪᠡᠨ ᠭᠠᠷᠭᠠᠵᠦ ᠦᠪᠡᠰᠣᠪᠡᠨ ᠬᠡᠷᠡᠭᠯᠡᠬᠦ᠂ ᠬᠠᠷᠢᠯᠴᠠᠨ ᠬᠡᠷᠡᠭᠯᠡᠬᠦ ᠪᠠᠷ ᠪᠡᠯᠡᠳᠭᠡᠯ | ᠪᠣᠯᠭᠠᠬᠤ᠂ ᠦᠯᠡᠬᠦᠦ ᠴᠠᠬᠢᠯᠭᠠᠨ ᠢ ᠭᠠᠳᠠᠭᠠᠲᠦ ᠳᠤ ᠬᠡᠷᠡᠭᠯᠡᠬᠦ︾ ᠣᠶᠣᠨᠴᠢ ᠴᠠᠬᠢᠯᠭᠠᠨ ᠲᠣᠣᠷ ᠢ ᠴᠢᠷᠮᠠᠶᠢᠨ | ᠪᠠᠶᠢᠭᠤᠯᠣᠨ᠎ᠠ᠃ ᠠᠵᠤ ᠦᠢᠯᠡᠳᠪᠣᠷᠢ ᠶᠢᠨ ᠬᠦᠷᠢᠶᠡᠯᠡᠩ ᠲᠣᠭᠤᠷᠢᠭ ᠢᠶᠠᠨ ᠣᠯᠣᠰ ᠤᠨ ᠲᠦᠷᠪᠡᠳᠣᠭᠡᠷ ᠪᠦᠯᠦᠭ ᠤᠨ | ᠴᠠᠬᠢᠯᠭᠠᠨ ᠲᠦᠭᠡᠭᠡᠬᠦ ᠬᠡᠮᠵᠢᠶ᠎ᠡ ᠶᠢ ᠨᠡᠮᠡᠭᠳᠡᠬᠦᠯᠬᠦ ᠲᠣᠬᠠᠶᠢᠯᠠᠭᠰᠠᠨ ᠠᠵᠢᠯ ᠤᠨ ᠦᠬᠡᠷᠡᠴᠢᠯᠡᠯᠲᠠ ᠶᠢᠨ ᠲᠣᠷᠰᠢᠯᠲᠡ ᠶᠢᠨ | ᠴᠡᠭ ᠢ ᠲᠡᠮᠡᠴᠠᠨ ᠣᠯᠬᠤ ᠪᠠᠷ ᠴᠢᠷᠮᠠᠶᠢᠨ᠎ᠡ᠃ ᠬᠤᠣᠯᠢᠨ ᠭᠤᠣᠯ ᠤᠨ ᠣᠰᠣᠨ ᠤ ᠡᠬᠢ ᠰᠣᠷᠪᠣᠯᠵᠢ ᠶᠢᠨ ᠠᠵᠤ | ᠠᠬᠤᠢ ᠶᠢ ᠵᠠᠰᠠᠨ ᠰᠡᠷᠬᠦᠭᠡᠬᠦ ᠢᠨᠵᠧᠨᠧᠷᠢᠩ᠂ ᠣᠯᠠᠭᠠᠨᠬᠠᠲᠠ ᠠᠴᠠ ᠣᠰᠦ ᠲᠣᠬᠢᠷᠠᠭᠤᠯᠬᠤ᠂ ᠮᠢᠨ ᠲᠦᠩ | ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠶᠢᠨ ᠰᠠᠯᠪᠣᠷᠢ ᠱᠣᠭᠤᠮ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠣᠯᠲᠠ ᠶᠢ ᠲᠦᠷᠭᠡᠳᠭᠡᠵᠦ᠂ ᠠᠵᠤ ᠠᠬᠤᠶᠢᠯᠠᠯ ᠤᠨ ᠣᠰᠦ ᠬᠡᠷᠡᠭᠯᠡᠬᠦ ᠬᠡᠢ ᠬᠡᠷᠡᠭᠯᠡᠬᠦ ᠱᠠᠭᠠᠷᠳᠠᠯᠭ᠎ᠠ ᠶᠢ | ᠬᠠᠩᠭᠠᠵᠤ᠂ ᠪᠣᠳᠠᠲᠦ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠦᠯᠢᠭᠡᠷ ᠵᠢᠱᠢᠶ᠎ᠡ | ᠣᠷᠣᠨ ᠪᠣᠯᠭᠠᠨ ᠪᠠᠶᠢᠭᠤᠯᠬᠤ ᠳᠤ ᠪᠠᠲᠦ ᠪᠠᠬᠢ ᠰᠠᠭᠤᠷᠢ ᠶᠢ ᠲᠠᠯᠪᠢᠵᠦ ᠦᠭᠬᠦᠨ᠎ᠡ᠃ | ᠭᠤᠣᠯᠳᠠᠯᠭ᠎ᠠ ᠲᠠᠢ ᠬᠦᠷᠢᠶ᠎ᠡ ᠬᠡᠪᠴᠢᠶᠠᠨ ᠤ ᠠᠵᠤ ᠠᠬᠤᠢ ᠶᠢᠨ ᠡᠷᠬᠢᠯᠲᠡ ᠶᠢᠨ ᠪᠠᠳᠣᠯᠠᠭ᠎ᠠ ᠶᠢ ᠠᠩᠬᠠᠷᠣᠨᠡ | ᠃ ᠠᠵᠤ ᠦᠢᠯᠡᠳᠪᠣᠷᠢ ᠶᠢᠨ ᠠᠵᠤ ᠠᠬᠤᠢ ᠶᠢᠨ ᠲᠣᠭᠳᠠᠭᠰᠠᠨ ᠬᠤᠭᠤᠴᠠᠭᠠᠨ ᠳᠤ ᠲᠣᠬᠢᠷᠠᠭᠤᠯᠬᠤ ᠠᠵᠢᠯ ᠤᠨ | ᠲᠣᠭᠳᠠᠴᠠ ᠶᠢ ᠪᠠᠶᠢᠭᠤᠯᠵᠦ᠂ ᠭᠠᠵᠠᠷ ᠤᠨ ᠲᠡᠰ ᠤᠨ ᠣᠳᠣᠷᠢᠳᠣᠯᠭ᠎ᠠ ᠭᠤᠣᠯ ᠠᠵᠤ ᠦᠢᠯᠡᠰ ᠢ ᠲᠠᠭᠠᠭᠠᠴᠢᠯᠠᠨ | ᠬᠤᠯᠪᠣᠭᠠᠯᠠᠬᠤ ᠣᠷᠲᠦ ᠬᠤᠭᠤᠴᠠᠭ᠎ᠠ ᠬᠦᠴᠦᠨ ᠲᠠᠢ ᠲᠣᠭᠳᠠᠴᠠ ᠶᠢ ᠲᠡᠬᠦᠯᠳᠡᠷᠵᠢᠬᠦᠯᠵᠦ᠂ ᠶᠢᠨ ᠯᠢᠶᠠᠨ ᠤ 100 | ᠲᠦᠮᠡᠨ ᠲᠣᠨ ᠤ ᠴᠠᠬᠢᠯᠭᠠᠨ ᠢᠶᠠᠷ ᠬᠦᠩᠬᠡᠨᠴᠠᠭᠠᠨ ᠵᠠᠳᠠᠯᠬᠤ᠂ ᠴᠤᠸᠠᠩ ᠶᠤᠸᠠᠨ ᠤ ᠡᠮᠣᠨᠡᠬᠢ 40 ᠲᠦᠮᠡᠨ ᠲᠣᠨ ᠤ | ᠬᠠᠮᠤᠭ ᠤᠨ ᠦᠨᠳᠣᠷ ᠣᠶᠠᠨ ᠬᠠᠳᠠᠨ ᠴᠢᠨᠠᠷᠲᠠᠢ ᠬᠦᠩᠬᠡᠨᠴᠠᠭᠠᠨ ᠤ ᠬᠠᠶᠢᠯᠣᠰᠢ ᠪᠣᠯᠪᠠᠰᠣᠷᠠᠭᠤᠯᠬᠤ᠂ ᠯᠢᠶᠠᠨ ᠱᠧᠩ | ᠤᠨ 35 ᠲᠦᠮᠡᠨ ᠲᠣᠨ ᠬᠠᠽᠧᠯᠧᠲ ᠬᠦᠩᠬᠡᠨᠴᠠᠭᠠᠨ ᠤ ᠬᠠᠪᠳᠠᠰᠦ᠂ ᠰᠢᠨ ᠰᠢᠩ ᠤᠨ 12 ᠲᠦᠮᠡᠨ ᠲᠣᠨ ᠤ | ᠰᠢᠨ᠎ᠡ ᠡᠨᠧᠷᠬᠢ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠲᠦᠷᠣᠯ ᠵᠦᠢᠯ ᠢ ᠲᠣᠭᠳᠠᠭᠤᠨ ᠢᠶᠠᠷ ᠡᠷᠬᠢᠯᠳᠣᠬᠦᠯᠬᠦ᠂ | ᠲᠦᠬᠦᠷᠡᠩ ᠠᠴᠢᠶ᠎ᠡ ᠲᠠᠢ ᠦᠢᠯᠡᠳᠪᠣᠷᠢᠯᠡᠬᠦ ᠶᠢ ᠠᠬᠢᠭᠤᠯᠣᠨ᠎ᠠ᠃ ᠣᠣᠯ ᠤᠨ ᠲᠦᠬᠦᠬᠡᠢ ᠬᠦᠩᠬᠡᠨᠴᠠᠭᠠᠨ | ᠦᠢᠯᠡᠳᠪᠣᠷᠢᠯᠡᠬᠦ ᠠᠵᠤ ᠠᠬᠤᠶᠢᠯᠠᠯ᠂ ᠬᠦᠩᠬᠡᠨᠴᠠᠭᠠᠨ ᠢ ᠨᠠᠷᠢᠯᠢᠭ ᠡᠳ᠋ᠰᠢᠯᠡᠬᠦᠯᠬᠦ ᠠᠵᠤ ᠠᠬᠤᠶᠢᠯᠠᠯ᠂ ᠢᠵᠢ | ᠪᠦᠷᠢᠯᠳᠣᠬᠦᠯᠬᠦ ᠦᠢᠯᠡᠴᠢᠯᠡᠭᠡᠨ ᠤ ᠠᠵᠤ ᠠᠬᠤᠶᠢᠯᠠᠯ ᠤᠨ ᠬᠤᠭᠤᠷᠤᠨᠲᠦ ᠪᠠᠶᠢᠯᠳᠣᠬᠤ ᠪᠣᠳᠣᠯᠭ᠎ᠠ ᠶᠢᠨ | ᠬᠠᠮᠳᠣᠷᠠᠯᠴᠠᠭᠠᠨ ᠤ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠦᠭᠵᠢᠯᠲᠡ ᠶᠢᠨ ᠪᠡᠯᠡ | ᠮᠦᠩᠬᠦ᠂ ᠮᠡᠷᠬᠡᠵᠢᠯ᠂ ᠪᠠᠷᠠᠭᠠᠨ ᠤ ᠬᠦᠢᠯᠭᠡᠭᠡ ᠵᠠᠷᠭᠡ ᠶᠢ ᠬᠠᠷᠰᠢᠯᠠᠭᠰᠠᠨ ᠲᠣᠪᠣᠶᠢᠮ᠎ᠠ ᠠᠰᠠᠭᠤᠳᠠᠯ ᠢ ᠠᠷᠢᠯᠭᠠᠵᠤ᠂ | ᠠᠵᠤ ᠠᠬᠤᠶᠢᠯᠠᠯ ᠤᠨ ᠡᠵᠡᠩᠨᠡᠯᠲᠡ ᠶᠢᠨ ᠶᠡᠷᠣᠩᠬᠡᠢ ᠦᠷᠳᠡᠭ ᠢ ᠪᠠᠭᠤᠷᠠᠭᠤᠯᠣᠨ᠎ᠠ᠃ ᠦᠢᠯᠡᠳᠪᠣᠷᠢᠯᠡᠯ ᠡᠵᠡᠩᠨᠡᠯᠲᠡ | ᠨᠢ ᠵᠣᠭᠰᠣᠩᠭᠤᠶᠢᠷᠡᠭ᠌ᠰᠠᠨ ᠠᠵᠤ ᠠᠬᠤᠶᠢᠯᠠᠯ ᠢ ᠴᠢᠯᠦᠭᠡᠲᠠᠢ ᠪᠣᠯᠭᠠᠬᠤ ᠡᠷᠴᠢᠮ ᠢ ᠣᠯᠠᠮ ᠨᠢᠭᠡ ᠠᠯᠬᠤᠮ | ᠴᠢᠩᠭᠠᠷᠠᠭᠤᠯᠵᠦ᠂ ︽ᠨᠢᠭᠡ ᠠᠵᠤ ᠠᠬᠤᠶᠢᠯᠠᠯ ᠨᠢᠭᠡ ᠲᠦᠷᠦ ᠶᠢᠨ ᠪᠣᠳᠣᠯᠭ᠎ᠠ︾ ︽ᠬᠠᠮᠳᠣᠷᠠᠯᠴᠠᠨ ᠲᠠᠬᠢᠨ | ᠪᠠᠶᠢᠭᠤᠯᠬᠤ︾ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠵᠦ᠂ ᠬᠤᠣᠯᠢᠩᠭᠤᠣᠯ ᠨᠠᠬᠦᠷᠡᠰᠦ ᠶᠢᠨ ᠲᠡᠭᠡᠲᠦ ᠨᠠᠷᠢᠯᠢᠭ | ᠬᠦᠩᠬᠡᠨᠴᠠᠭᠠᠨ᠂ ᠬᠦᠩᠬᠡᠨᠴᠠᠭᠠᠨ ᠤ ᠬᠠᠪᠳᠠᠭᠠᠢ᠂ ᠱᠤᠸᠠᠩ ᠰᠢᠩ ᠨᠠᠬᠦᠷᠰᠦᠨ ᠬᠡᠢ ᠵᠡᠷᠭᠡ ᠠᠵᠢᠯ | ᠵᠣᠭᠰᠣᠩᠭᠤᠶᠢᠷᠡᠭ᠌ᠰᠠᠨ ᠠᠵᠤ ᠠᠬᠤᠶᠢᠯᠠᠯ ᠢ ᠠᠮᠢᠳᠣᠯᠢᠭ ᠪᠣᠯᠭᠠᠵᠤ᠂ ᠪᠦᠬᠦ ᠵᠢᠯ ᠳᠤ ᠬᠡᠪᠴᠢᠶᠠᠵᠢᠯ ᠠᠴᠠ ᠲᠡᠭᠡᠭᠰᠢᠬᠢ | ᠠᠵᠤ ᠠᠬᠤᠶᠢᠯᠠᠯ ᠢ 5 ᠡᠷᠣᠭᠡ ᠰᠢᠨ᠎ᠡ ᠪᠠᠷ ᠨᠡᠮᠡᠭᠳᠡᠬᠦᠯᠬᠦ ᠶᠢ ᠦᠨᠡᠨ ᠬᠦ ᠪᠠᠳᠣᠯᠠᠨ᠎ᠠ᠃ | ︵ᠭᠤᠷᠪᠠ︶ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠬᠦᠯᠦᠨ ᠬᠦᠴᠦᠨ | ᠴᠢᠳᠠᠯ ᠢᠶᠠᠨ ᠨᠡᠮᠡᠭᠳᠡᠬᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠶᠡᠬᠡᠪᠡᠷ ᠲᠡᠮᠵᠢᠨ᠎ᠡ᠃ | ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ ᠵᠢᠯ︾ ᠤᠨ ᠠᠵᠢᠯᠯᠠᠭ᠎ᠠ ᠶᠢ ᠦᠷᠨᠢᠬᠦᠯᠵᠦ᠂ ︽ | ᠬᠡᠳᠣᠷᠡᠬᠦ ᠳᠡᠭᠡᠨ ᠨᠢᠭᠡ ᠣᠳᠠᠭ᠎ᠠ ᠬᠦᠶᠦᠬᠦ︾ ᠦᠬᠡᠷᠡᠴᠢᠯᠡᠯᠲᠠ ᠶᠢ ᠦᠷᠬᠦᠯᠵᠢᠯᠡᠨ ᠠᠬᠢᠭᠤᠯᠵᠤ᠂ ᠡᠩ ᠤᠨ ᠠᠵᠤ | ᠠᠬᠤᠶᠢᠯᠠᠯ ᠤᠨ ᠪᠡᠯᠡ ᠣᠷᠣᠭᠤᠯᠣᠯᠲᠡ ᠶᠢᠨ ᠲᠦᠷᠦᠯ ᠵᠦᠢᠯ ᠤᠨ ᠠᠵᠢᠯ ᠡᠬᠢᠯᠡᠬᠦᠯᠬᠦ ᠭᠠᠷᠲᠡᠮ ᠢ 30 ᠡᠳᠣᠷ ᠤᠨ | ᠲᠣᠳᠣᠷ᠎ᠠ ᠪᠦᠬᠦᠨ ᠢ ᠰᠢᠢᠳᠪᠣᠷᠢᠯᠡᠨ ᠲᠠᠭᠤᠰᠬᠠᠬᠤ ᠶᠢ ᠦᠨᠡᠨ ᠬᠦ ᠪᠠᠳᠣᠯᠠᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠦᠭᠵᠢᠯᠲᠡ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠦᠭᠵᠢᠯᠲᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠦᠭᠵᠢᠭᠡᠨ᠎ᠡ᠃ | ᠲᠦᠷᠣ ᠶᠢᠨ ᠪᠣᠳᠣᠯᠭ᠎ᠠ ᠶᠢᠨ ᠲᠠᠯ᠎ᠠ ᠪᠠᠷ ᠲᠡᠮᠵᠢᠬᠦ ᠡᠷᠴᠢᠮ ᠢᠶᠠᠨ ᠴᠢᠩᠭᠠᠳᠬᠠᠨ᠎ᠠ᠃ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠲᠣᠣᠱᠯᠠᠭᠤᠯᠬᠤ ᠰᠠᠨᠠᠯ ᠢ ᠭᠠᠷᠭᠠᠵᠤ | ᠂ ᠭᠠᠶᠢᠯᠢ ᠶᠢ ᠪᠠᠭᠠᠰᠬᠠᠵᠦ ᠰᠦᠢᠳᠭᠡᠯ ᠢ ᠪᠠᠭᠤᠷᠠᠭᠤᠯᠵᠤ ᠲᠦᠷᠦ ᠶᠢᠨ ᠪᠣᠳᠣᠯᠭ᠎ᠠ ᠶᠢ ᠪᠣᠳᠠᠲᠠᠢ ᠳᠤ | ᠨᠠᠶᠢᠳᠠᠪᠣᠷᠢᠵᠢᠭᠤᠯᠬᠤ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠦᠷᠦ ᠶᠢᠨ | ᠪᠣᠳᠣᠯᠭ᠎ᠠ ᠶᠢᠨ ᠴᠡᠪᠡᠷ ᠠᠰᠢᠭ ᠢ ᠡᠳ᠋ᠰᠢᠯᠡᠬᠦᠯᠦᠨᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠣᠳᠠᠭᠠᠰᠢᠷᠠᠨ ᠦᠷᠢᠳᠣᠵᠦ ᠪᠠᠶᠢᠭ᠎ᠠ ᠲᠠᠩᠰᠠ ᠶᠢᠨ ᠠᠰᠠᠭᠤᠳᠠᠯ ᠢ ᠬᠦᠴᠦᠯᠡᠨ ᠰᠢᠢᠳᠪᠣᠷᠢᠯᠡᠵᠦ᠂ ᠠᠵᠣ | ᠠᠬᠤᠶᠢᠯᠠᠯ ᠤᠨ ᠡᠷᠡᠬᠦᠯ ᠢᠶᠠᠷ ᠦᠰᠦᠨ ᠪᠣᠶᠢᠵᠢᠬᠤ ᠳᠤ ᠰᠢᠯᠢᠳᠡᠭ ᠰᠠᠶᠢᠨ ᠨᠦᠬᠦᠴᠡᠯ ᠡᠬᠦᠳᠴᠦ ᠦᠭᠬᠦᠨ᠎ᠡ᠃ | ᠪᠡᠩᠬᠢ ᠠᠵᠣ ᠠᠬᠤᠶᠢᠯᠠᠯ ᠢ ᠵᠣᠯᠭᠠᠯᠴᠠᠭᠤᠯᠬᠤ ᠲᠣᠭᠳᠠᠴᠠ ᠶᠢ ᠬᠦᠨᠵᠡᠭᠡᠶᠢᠷᠡᠬᠦᠯᠵᠦ᠂ ᠪᠡᠯᠡ ᠲᠣᠬᠢᠷᠠᠭᠤᠯᠬᠤ | ᠦᠢᠯᠡᠴᠢᠯᠡᠭᠡᠨ ᠤ ᠲᠡᠪᠴᠠᠩ ᠶᠢᠨ ᠪᠠᠶᠢᠭᠤᠯᠣᠯᠲᠠ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠡᠳ᠋ ᠤᠨ | ᠶᠠᠪᠣᠳᠠᠯ ᠤᠨ ᠲᠦᠷᠢᠮᠵᠢᠭᠰᠡᠨ ᠬᠠᠮᠢᠶᠠᠷᠣᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠬᠦᠳᠡᠯᠣᠩᠬᠦᠢ ᠴᠢᠨᠠᠷᠲᠠᠢ | ᠪᠡᠯᠡ ᠮᠦᠩᠬᠦ ᠬᠦᠷᠣᠯᠴᠠᠬᠦ ᠦᠬᠡᠢ ᠪᠠᠶᠢᠬᠤ ᠪᠡᠯᠡ ᠲᠣᠬᠢᠷᠠᠭᠤᠯᠬᠤ ᠰᠢᠨ᠎ᠡ ᠬᠡᠪ ᠵᠠᠭᠪᠣᠷ ᠢ ᠨᠦᠬᠦᠪᠣᠷᠢᠯᠡᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠠᠢ ᠪᠡᠯᠡ ᠲᠣᠬᠢᠷᠠᠭᠤᠯᠬᠤ ᠳᠤ | ᠦᠨᠡᠲᠠᠢ ᠪᠠᠶᠢᠬᠤ ᠠᠰᠠᠭᠤᠳᠠᠯ ᠢ ᠰᠢᠢᠳᠪᠣᠷᠢᠯᠡᠨ᠎ᠡ᠃ | ᠰᠢᠯᠢᠳᠡᠭ ᠰᠠᠶᠢᠨ ᠬᠦᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ᠠᠰᠠᠭᠤᠳᠠᠯ ᠢᠶᠠᠷ | ᠣᠳᠣᠷᠢᠳᠣᠮᠵᠢ ᠪᠣᠯᠭᠠᠬᠤ ᠪᠠ ᠪᠠᠶᠢᠷᠢ ᠰᠣᠯᠢᠬᠤ ᠦᠵᠡᠯ ᠰᠠᠨᠠᠭ᠎ᠠ ᠶᠢ ᠪᠠᠷᠢᠮᠳᠠᠯᠠᠵᠦ᠂ ᠠᠷᠠᠳ ᠠᠴᠠ ᠡᠵᠡᠩᠨᠡᠭᠰᠡᠨ | ᠠᠵᠣ ᠠᠬᠤᠶᠢᠯᠠᠯ ᠤᠨ ᠵᠠᠬ᠎ᠠ ᠲᠡᠯᠭᠡᠬᠦᠷ ᠲᠤ ᠣᠷᠣᠬᠤ ᠶᠢ ᠬᠢᠨᠡᠨ ᠵᠦᠪᠰᠢᠶᠡᠷᠡᠬᠦ᠂ ᠵᠦᠪᠰᠢᠶᠠᠷᠠᠯ᠂ ᠡᠵᠡᠩᠨᠡᠯᠲᠡ ᠶᠢᠨ | ᠠᠵᠢᠯᠯᠠᠭᠠᠨ᠂ ᠲᠠᠭᠠᠭᠠᠴᠢᠯᠠᠯᠲᠠ ᠵᠠᠷᠯᠠᠵᠤ ᠲᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠡᠷᠭᠡ ᠲᠡᠭᠰᠢ ᠪᠣᠰᠦ | ᠬᠠᠷᠠᠭᠠᠯᠵᠠᠯ ᠦᠵᠡᠬᠦᠯᠬᠦ ᠶᠢ ᠬᠦᠴᠦ ᠲᠠᠯᠪᠢᠨ ᠠᠷᠢᠯᠭᠠᠨ᠎ᠠ᠃ ᠬᠠᠤᠯᠢ ᠬᠡᠷᠡᠭᠵᠢᠬᠦᠯᠦᠯᠲᠡ ᠶᠢᠨ ᠬᠢᠨᠠᠯᠲᠡ ᠶᠢ | ᠴᠢᠩᠭᠠᠳᠬᠠᠵᠦ᠂ ᠬᠠᠣᠯᠢ ᠬᠡᠷᠡᠭᠵᠢᠬᠦᠯᠬᠦ ᠠᠵᠢᠯᠯᠠᠭ᠎ᠠ ᠶᠢ ᠲᠦᠷᠢᠮᠵᠢᠬᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ︽ᠬᠠᠷᠢᠭᠤᠴᠠᠯᠭᠠᠲᠦ ᠰᠠᠯᠠᠭ᠎ᠠ ᠮᠦᠴᠢᠷ | ᠪᠣᠳᠠᠲᠠᠢ ᠲᠦᠯᠬᠢᠨ ᠠᠬᠢᠭᠤᠯᠵᠤ᠂ ᠱᠠᠯᠠᠪᠳᠠᠭᠤᠯᠣᠨ ᠪᠠᠶᠢᠴᠠᠭᠠᠬᠤ ᠰᠠᠯᠠᠭ᠎ᠠ ᠮᠦᠴᠢᠷ ᠪᠦᠬᠦ ᠶᠠᠪᠣᠴᠠ ᠪᠠᠷ ᠮᠦᠷᠳᠡᠵᠦ᠂ | ᠨᠠᠷᠢᠨ ᠪᠣᠳᠣᠯᠢᠶᠡᠨᠲᠠᠢ ᠠᠰᠠᠭᠤᠳᠠᠯ ᠢ ᠴᠠᠭ ᠢᠮᠠᠭᠲᠠ ᠵᠦᠪᠯᠡᠬᠦ︾ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠮᠦᠷᠲᠡᠨ ᠬᠠᠮᠢᠶᠡᠷᠬᠤ ᠦᠢᠯᠡᠴᠢᠯᠡᠭᠡᠨ ᠤ ᠠᠵᠢᠯ ᠤᠨ ᠲᠣᠭᠳᠠᠴᠠ ᠶᠢ ᠪᠠᠶᠢᠭᠤᠯᠵᠤ᠂ ᠠᠷᠠᠳ ᠤᠨ | ᠲᠣᠮᠳᠠᠬᠢ ᠡᠳ᠋ ᠬᠦᠷᠣᠩᠭᠡ ᠣᠷᠣᠵᠤ ᠲᠠᠶᠢᠯᠬᠦ᠂ ᠲᠣᠭᠳᠠᠭᠤᠨ ᠪᠠᠶᠢᠯᠭᠠᠬᠤ᠂ ᠬᠦᠭᠵᠢᠵᠦ ᠲᠡᠶᠢᠯᠬᠦ ᠪᠣᠯᠭᠠᠨ᠎ᠠ᠃ | ᠲᠣᠳᠣᠨᠣ ᠴᠢᠭᠡᠴᠢ ᠵᠠᠰᠠᠭ ᠤᠨ ᠣᠷᠳᠣᠨ ᠪᠠ ᠬᠤᠳᠠᠯᠳᠣᠭᠠᠨ ᠤ ᠬᠠᠷᠢᠴᠠᠭ᠎ᠠ ᠶᠢ ᠪᠠᠶᠢᠭᠤᠯᠣᠨ᠎ᠠ᠃ | ᠵᠠᠰᠠᠭ ᠤᠨ ᠣᠷᠳᠣᠨ ᠤ ᠠᠵᠤ ᠦᠢᠯᠡᠰ ᠤᠨ ᠨᠡᠪᠳᠡᠷᠡᠯᠴᠡᠬᠦ ︽ᠵᠦᠪ ᠲᠠᠯ᠎ᠠ ᠶᠢᠨ ᠨᠠᠷᠢᠨ ᠲᠠᠩᠰᠠ︾ ︽ᠨᠠᠵᠠᠭᠠᠢ | ᠲᠠᠯ᠎ᠠ ᠶᠢᠨ ᠨᠠᠷᠢᠨ ᠲᠠᠩᠰᠠ︾ ᠶᠢ ᠪᠠᠶᠢᠭᠤᠯᠵᠦ᠂ ᠣᠳᠣᠷᠢᠳᠬᠤ ᠺᠠᠳ᠋ᠷ ᠪᠠ ᠠᠵᠤ ᠠᠬᠤᠶᠢᠯᠠᠯᠲᠡᠳ ᠤᠨ ᠠᠵᠢᠯ | ᠲᠡᠭᠡᠷᠡᠬᠢ ᠲᠣᠳᠣᠨᠣ ᠬᠠᠷᠢᠯᠴᠠᠭ᠎ᠠ ᠶᠢ ᠠᠬᠢᠭᠤᠯᠵᠤ᠂ ᠠᠰᠢᠭ ᠲᠣᠰᠠ ᠶᠢᠨ ᠲᠠᠯ᠎ᠠ ᠪᠠᠷ ᠳᠣᠳᠣᠷᠬᠠᠢ ᠪᠣᠯᠭᠠᠨ᠎ᠠ᠃ | ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠦᠭᠵᠢᠭᠡᠬᠦ ᠪᠠ ᠬᠠᠮᠠᠭᠠᠯᠠᠵᠦ᠂ ᠦᠷᠭᠡᠨ ᠣᠯᠠᠨ ᠠᠵᠤ | ᠠᠬᠤᠶᠢᠯᠡᠯᠲᠠᠨ ᠤ ᠠᠳᠠᠯ ᠦᠢᠯᠡᠰ ᠪᠣᠰᠬᠠᠬᠤ ᠳᠤ ᠪᠠᠳᠣᠯᠠᠭ᠎ᠠ ᠲᠠᠢ᠂ ᠠᠵᠢᠯ ᠶᠠᠪᠣᠳᠠᠯ ᠬᠢᠬᠦ ᠲᠠᠪᠴᠡᠩ ᠲᠠᠢ᠂ | ᠣᠯᠣᠰ ᠲᠦᠷᠦ ᠶᠢᠨ ᠲᠠᠯ᠎ᠠ ᠪᠠᠷ ᠢᠷᠡᠭᠤ ᠠᠯᠳᠠᠷᠲᠠᠢ᠂ ᠨᠠᠶᠢᠭᠡᠮ ᠲᠡᠭᠡᠷ᠎ᠠ ᠪᠠᠶᠢᠷᠢ ᠰᠠᠭᠤᠷᠢ ᠲᠠᠢ ᠪᠣᠯᠭᠠᠬᠤ ᠶᠢ | ᠪᠡᠶᠡᠯᠡᠬᠦᠯᠦᠨ᠎ᠡ᠃ | ︵ᠲᠦᠷᠪᠡ︶ ᠭᠤᠷᠪᠠᠳᠣᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠦᠭᠵᠢᠬᠦᠯᠦᠨ ᠮᠠᠨᠳᠣᠭᠤᠯᠵᠦ | ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠠᠰᠣᠷᠠᠯᠲᠡ ᠦᠬᠡᠢ ᠰᠢᠯᠢᠳᠡᠭᠵᠢᠬᠦᠯᠦᠨ᠎ᠡ᠃ ᠵᠠᠰᠠᠭ ᠤᠨ | ᠣᠷᠳᠣᠨ ᠤ ᠲᠦᠯᠦᠪᠵᠢᠬᠦᠯᠭᠡ ᠪᠠᠷ ᠬᠦᠳᠣᠯᠦᠨ ᠵᠢᠯᠣᠭᠤᠳᠬᠤ ᠪᠠ ᠵᠠᠬ᠎ᠠ ᠲᠡᠯᠭᠡᠬᠦᠷ ᠤᠨ ᠲᠣᠭᠳᠠᠴᠠ ᠶᠢ | ᠵᠣᠬᠢᠴᠠᠭᠤᠯᠬᠤ ᠦᠢᠯᠡᠳᠣᠯ ᠢ ᠴᠢᠩᠭᠠᠷᠠᠭᠤᠯᠵᠤ᠂ ᠠᠵᠤ ᠦᠢᠯᠡᠰ ᠤᠨ ᠬᠦᠭᠵᠢᠯᠲᠡ ᠶᠢᠨ ᠬᠠᠨᠳᠣᠰᠢ ᠪᠠ ᠬᠡᠷᠡᠭᠯᠡᠭᠡᠨ ᠤ | ᠲᠡᠰ ᠲᠡᠪᠰᠢᠬᠦᠯᠬᠦ ᠴᠢᠭᠯᠡᠯ ᠢ ᠵᠣᠬᠢᠴᠠᠭᠤᠯᠵᠤ᠂ ᠣᠲᠦ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ | ᠬᠢᠷᠢ ᠲᠦᠪᠰᠢᠨ ᠢ ᠲᠡᠰᠣᠷᠯᠲᠡ ᠦᠬᠡᠢ ᠲᠡᠭᠡᠭᠰᠢᠯᠡᠬᠦᠯᠦᠨ᠎ᠡ᠃ | ᠣᠲᠦ ᠦᠶ᠎ᠡ ᠶᠢᠨ ᠡᠳ᠋ ᠪᠠᠷᠠᠭᠠᠨ ᠤ ᠬᠦᠢᠯᠭᠡᠭᠡᠨ ᠤ ᠵᠦᠢᠯᠡᠰ ᠢ ᠲᠦᠷᠭᠡᠳᠭᠡᠨ᠎ᠡ᠃ ᠨᠡᠬᠦᠷᠠᠰᠦ᠂ ᠴᠠᠬᠢᠯᠭᠠᠨ | ᠬᠦᠴᠦ᠂ ᠬᠦᠩᠬᠡᠨᠴᠠᠭᠠᠨ ᠵᠢᠴᠢ ᠬᠦᠩᠬᠡᠨᠴᠠᠭᠠᠨ ᠢ ᠨᠠᠷᠢᠯᠢᠭ ᠡᠳ᠋ᠰᠢᠯᠡᠬᠦᠯᠬᠦ ᠵᠡᠷᠭᠡ ᠲᠠᠪᠠᠭᠤᠯᠢᠭ ᠦᠢᠯᠡᠳᠬᠦᠨ ᠤ | ᠬᠠᠩᠭᠠᠯᠭ᠎ᠠ ᠶᠢᠨ ᠬᠡᠯᠬᠢᠶ᠎ᠡ ᠶᠢᠨ ᠲᠠᠪᠴᠡᠩ ᠢ ᠲᠦᠯᠦᠪᠵᠢᠬᠦᠯᠦᠨ ᠪᠠᠶᠢᠭᠤᠯᠵᠤ᠂ ᠵᠦᠩ ᠲᠢᠶᠧ ᠡᠳ᠋ ᠪᠠᠷᠠᠭᠠᠨ ᠤ | ᠬᠦᠢᠯᠭᠡᠭᠡᠨ ᠤ ᠡᠵᠡᠩᠨᠡᠯᠲᠡ ᠪᠠᠨ ᠰᠡᠷᠬᠦᠭᠡᠬᠦ ᠶᠢ ᠲᠠᠮᠵᠢᠵᠦ᠂ ᠶᠢᠨ ᠯᠢᠶᠠᠨ ᠡᠳ᠋ ᠪᠠᠷᠠᠭᠠᠨ ᠤ ᠬᠦᠢᠯᠭᠡᠭᠡ᠂ ᠯᠢᠶᠠᠨ | ᠴᠧᠩ ᠤᠨ ᠲᠡᠮᠣᠷ ᠵᠠᠮ ᠤᠨ ᠡᠳ᠋ ᠪᠠᠷᠠᠭᠠᠨ ᠤ ᠬᠦᠢᠯᠭᠡᠭᠡ᠂ ᠴᠤᠸᠠᠩ ᠶᠤᠸᠠᠨ ᠲᠡᠮᠣᠷ ᠵᠡᠮ ᠤᠨ ᠲᠣᠰᠬᠠᠢ ᠬᠡᠷᠡᠭᠯᠡᠬᠦ | ᠱᠣᠭᠤᠮ ᠤᠨ ᠲᠦᠷᠣᠯ ᠵᠦᠢᠯ ᠤᠨ ᠪᠦᠲᠦᠭᠡᠨ ᠪᠠᠶᠢᠭᠤᠯᠣᠯᠲᠡ ᠲᠦᠷᠭᠡᠳᠭᠡᠨ ᠠᠬᠢᠭᠤᠯᠵᠦ᠂ ᠴᠢᠩᠬᠡᠯᠢᠭ ᠡᠳ᠋ | ᠪᠠᠷᠠᠭᠠᠨ ᠤ ᠬᠦᠢᠯᠭᠡᠭᠡ ᠶᠢ ᠶᠡᠬᠡᠪᠡᠷ ᠬᠦᠭᠵᠢᠬᠦᠯᠦᠨ᠎ᠡ᠃ ᠭᠤᠣᠯ ᠬᠤᠲᠠ ᠲᠣᠭᠤᠷᠢᠭ ᠤᠨ ᠲᠠᠷᠢᠶᠠᠯᠠᠩ ᠤᠨ | ᠠᠷᠡᠯᠵᠢᠶᠠᠨ ᠤ ᠵᠠᠬ᠎ᠠ ᠲᠡᠯᠭᠡᠬᠦᠷ᠂ ᠭᠠᠷ ᠳᠠᠮᠵᠢᠭᠰᠠᠨ ᠲᠡᠷᠭᠡᠨ ᠤ ᠠᠷᠠᠯᠵᠢᠶ᠎ᠡ᠂ ᠮᠠᠰᠢᠨ ᠲᠡᠷᠭᠡᠨ ᠤ ᠰᠡᠯᠪᠢᠬᠦ ᠵᠠᠰᠠᠬᠤ᠂ | ᠬᠦᠮᠦᠷᠭᠡᠯᠡᠨ ᠬᠠᠳᠠᠭᠠᠯᠠᠬᠤ ᠡᠳ᠋ ᠪᠠᠷᠠᠭᠠᠨ ᠤ ᠬᠦᠢᠯᠭᠡᠭᠡ᠂ ᠬᠠᠶᠠᠭᠳᠠᠮᠠᠯ ᠪᠣᠳᠠᠰ ᠢ ᠬᠤᠳᠠᠯᠳᠣᠨ ᠠᠪᠬᠤ ᠵᠡᠷᠭᠡ | ᠦᠢᠯᠡᠴᠢᠯᠡᠭᠡᠨ ᠤ ᠦᠢᠯᠡᠰ ᠢ ᠵᠡᠬᠦᠨᠰᠢ ᠪᠠᠨ ᠭᠠᠳᠠᠷ ᠲᠣᠭᠤᠷᠢᠭ ᠤᠨ ᠶᠡᠷᠣᠩᠬᠡᠶᠢᠯᠡᠭᠰᠡᠨ ᠡᠳ᠋ ᠪᠠᠷᠠᠭᠠᠨ ᠤ ᠬᠦᠷᠢᠶᠠᠯᠠᠩ | ᠲᠣᠭᠤᠷᠢᠭ ᠲᠤ ᠰᠢᠯᠵᠢᠬᠦᠯᠬᠦ ᠶᠢ ᠠᠯᠬᠤᠮ ᠠᠯᠬᠤᠮ ᠢᠶᠠᠷ ᠬᠦᠳᠣᠯᠦᠨ ᠵᠢᠯᠣᠭᠤᠳᠴᠦ᠂ ᠣᠳᠣ ᠦᠶ᠎ᠡ ᠶᠢᠨ ᠡᠳ᠋ | ᠪᠠᠷᠠᠭᠠᠨ ᠤ ᠬᠦᠢᠯᠭᠡᠭᠡᠨ ᠤ ᠠᠵᠤ ᠦᠢᠯᠡᠰ ᠤᠨ ᠰᠦᠷᠦᠭᠵᠢᠯ ᠤᠨ ᠬᠦᠭᠵᠢᠯᠲᠡ ᠶᠢ ᠠᠬᠢᠭᠤᠯᠵᠤ᠂ ᠪᠦᠬᠦ ᠵᠢᠯ ᠤᠨ | ᠵᠠᠰᠠᠮᠠᠯ ᠵᠠᠮ ᠲᠡᠮᠣᠷ ᠵᠠᠮ ᠤᠨ ᠪᠠᠷᠠᠭ᠎ᠠ ᠲᠡᠭᠡᠭᠡᠪᠣᠷᠢᠯᠡᠬᠦ ᠬᠡᠮᠵᠢᠶ᠎ᠡ ᠶᠢ 10% ᠪᠠᠷ ᠨᠡᠮᠡᠭᠳᠡᠬᠦᠯᠬᠦ ᠶᠢ ᠬᠦᠴᠦᠯᠡᠨ | ᠴᠢᠷᠮᠠᠶᠢᠨ᠎ᠠ᠃ | ᠰᠣᠶᠣᠯ ᠵᠣᠭᠠᠴᠠᠯ ᠤᠨ ᠦᠢᠯᠡᠰ ᠢ ᠦᠷᠬᠦᠯᠵᠢᠯᠡᠨ ᠪᠣᠵᠠᠭᠠᠶᠢᠷᠠᠭᠤᠯᠣᠨ᠎ᠠ᠃ ᠦᠪᠡᠷᠳᠡᠭᠡᠨ ᠵᠠᠰᠠᠬᠤ | ᠣᠷᠣᠨ ᠤ ︽ᠣᠯᠠᠭᠠᠨᠬᠤᠲᠠ ᠷᠠᠰᠢᠶᠠᠨ ᠬᠠᠶᠢᠯᠡᠷ ᠮᠠᠨᠵᠣᠣᠷ︾ ᠤᠨ ᠨᠢᠭᠡ ᠴᠣᠭᠴᠠᠵᠢᠭᠤᠯᠣᠯᠲᠠ ᠶᠢᠨ | ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠳᠤ ᠢᠳᠡᠪᠬᠢᠲᠠᠢ ᠠᠭᠤᠰᠦᠯᠴᠠᠭᠤᠯᠵᠤ᠂ ᠦᠪᠣᠷ ᠮᠣᠩᠭᠤᠯ ᠤᠨ ᠵᠡᠬᠦᠨ | ᠬᠡᠰᠡᠭ ᠤᠨ ᠵᠢᠷᠭᠤᠭᠠᠨ ᠬᠤᠰᠢᠭᠤ ᠬᠤᠲᠠ ᠲᠣᠭᠤᠷᠢᠭ ᠤᠨ ᠵᠣᠭᠠᠴᠠᠯ ᠤᠨ ᠬᠠᠮᠳᠣᠷᠠᠯᠴᠠᠭ᠎ᠠ ᠶᠢ ᠬᠦᠨᠵᠡᠭᠡᠶᠢᠷᠡᠬᠦᠯᠵᠦ᠂ | ᠣᠷᠣᠨ ᠪᠦᠰᠠ ᠠᠯᠣᠰᠠᠯᠠᠭᠰᠠᠨ ᠰᠣᠳᠣᠨ ᠵᠢᠭᠤᠯᠴᠢᠯᠠᠯ ᠤᠨ ᠵᠠᠮ ᠱᠣᠭᠤᠮ ᠢ ᠰᠢᠯᠢᠳᠡᠭᠵᠢᠬᠦᠯᠦᠨ᠎ᠡ᠃ ᠬᠠᠭᠠᠨᠲᠦ | ᠠᠭᠤᠯᠠ᠂ ᠡᠯᠣᠨ ᠲᠠᠯ᠎ᠠ ᠨᠣᠲᠤᠭ᠂ ᠦᠪᠡᠰᠦᠪᠠᠨ ᠮᠠᠰᠢᠨ ᠵᠢᠯᠣᠭᠤᠲᠣᠨ ᠬᠡᠬᠡᠷ᠎ᠠ ᠪᠠᠭᠤᠳᠠᠯᠯᠠᠬᠤ ᠭᠠᠵᠠᠷ ᠵᠡᠷᠭᠡ | ᠦᠵᠡᠮᠵᠢ ᠶᠢᠨ ᠣᠷᠣᠨ ᠤ ᠲᠦᠬᠦᠷ ᠲᠦᠬᠦᠭᠡᠷᠣᠮᠵᠢ ᠶᠢ ᠣᠯᠠᠮ ᠨᠢᠭᠡ ᠠᠯᠬᠤᠮ ᠲᠡᠬᠦᠯᠳᠡᠷᠵᠢᠬᠦᠯᠦᠨ᠎ᠡ᠃ ᠬᠤᠨᠤᠭ ᠤᠨ | ᠭᠠᠵᠠᠷ ᠤᠨ ᠢᠳᠡᠭᠡᠨ ᠣᠮᠳᠠᠭᠠᠨ᠂ ᠬᠡᠷᠡᠭᠯᠡᠭᠡᠨ ᠤ ᠪᠠᠷᠠᠭ᠎ᠠ ᠬᠤᠳᠠᠯᠳᠣᠨ ᠠᠪᠬᠤ᠂ ᠰᠡᠯᠡᠬᠦᠴᠡᠨ ᠠᠮᠠᠷᠠᠬᠤ ᠵᠤᠭ᠎ᠠ | ᠴᠡᠩᠬᠡᠯ ᠵᠠᠷᠭᠡ ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠬᠡᠮᠵᠢᠶ᠎ᠡ ᠶᠢ ᠲᠣᠭᠳᠠᠭᠤᠨ ᠢᠶᠠᠷ | ᠲᠡᠭᠡᠭᠰᠢᠯᠡᠬᠦᠯᠦᠨ᠎ᠡ᠃ ᠰᠣᠶᠣᠯ ᠵᠣᠭᠠᠴᠠᠯ ᠤᠨ ᠨᠠᠶᠢᠯᠡᠯ ᠳᠤ ᠰᠠᠭᠤᠷᠢᠯᠠᠵᠦ᠂ ᠲᠠᠪᠠᠭᠤᠯᠢᠭ ᠲᠠᠯ᠎ᠠ ᠪᠠᠨ ᠬᠠᠷᠢᠯᠴᠠᠨ | ᠨᠦᠬᠦᠪᠣᠷᠢᠯᠡᠵᠦ᠂ ᠨᠠᠶᠢᠭᠡᠮ ᠤᠨ ᠬᠦᠷᠣᠩᠭᠡ ᠶᠢ ᠲᠠᠳᠠᠵᠦ ᠰᠣᠶᠣᠯ ᠤᠨ ᠠᠵᠤ ᠣᠶᠢᠯᠡᠰ ᠲᠤ ᠣᠷᠣᠭᠤᠯᠵᠤ᠂ ᠡᠯ᠎ᠡ | ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠬᠦ ᠶᠢ ᠵᠣᠷᠢᠭᠵᠢᠭᠤᠯᠣᠨ᠎ᠠ᠃ ᠪᠡᠭᠡᠵᠢᠩ ᠲᠢᠶᠠᠨᠵᠢᠨ | ᠾᠧᠪᠧᠢ᠂ ᠬᠠᠷᠠᠮᠦ᠋ᠷᠡᠨ ᠬᠢᠷᠢᠨ ᠯᠢᠶᠣᠤᠨᠢᠩ ᠢᠶᠠᠷ ᠴᠢᠬᠤᠯᠠ ᠠᠶᠠᠨᠴᠢᠳ ᠤᠨ ᠢᠷᠡᠯᠲᠡ ᠶᠢᠨ ᠭᠠᠵᠠᠷ ᠪᠣᠯᠭᠠᠵᠤ᠂ | ᠬᠠᠨᠳᠣᠯᠭᠠᠲᠦ ᠡᠵᠡᠩᠨᠡᠯᠲᠡ ᠪᠣᠷᠣᠯᠠᠭᠤᠯᠣᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠬᠤᠣᠯᠢᠩᠭᠤᠣᠯ ᠤᠨ | ᠵᠢᠭᠤᠯᠴᠢᠯᠠᠯ ᠤᠨ ᠨᠠᠷᠠᠲᠦ ᠲᠡᠮᠳᠡᠭ ᠤᠨ ᠨᠦᠯᠦᠭᠡᠯᠡᠬᠦ ᠬᠦᠴᠦᠨ ᠪᠠ ᠮᠡᠳᠡᠷᠡᠴᠡ ᠶᠢᠨ ᠬᠡᠮᠵᠢᠶ᠎ᠡ ᠶᠢ ᠲᠠᠰᠣᠷᠠᠯᠲᠡ ᠦᠬᠡᠢ | ᠦᠷᠭᠡᠳᠭᠡᠵᠦ᠂ ᠰᠣᠶᠣᠯ ᠵᠣᠭᠠᠴᠠᠯ ᠤᠨ ᠬᠠᠮ ᠦᠵᠡᠰᠬᠦᠯᠡᠩ ᠤᠨ ᠠᠵᠤ ᠦᠢᠯᠡᠰ ᠢ ᠰᠢᠯᠢᠳᠡᠭᠵᠢᠬᠦᠯᠵᠦ᠂ ᠵᠡᠬᠦᠨ | ᠬᠤᠶᠢᠲᠦ ᠣᠷᠣᠨ ᠳᠤ ᠲᠣᠬᠢᠷᠠᠭᠰᠠᠨ ᠦᠢᠯᠡᠴᠢᠯᠡᠭᠡ᠂ ᠣᠮᠠᠷᠠᠲᠦ ᠣᠷᠣᠨ ᠢ ᠬᠤᠯᠪᠣᠨ ᠨᠡᠪᠳᠡᠷᠡᠬᠦᠯᠦᠭᠰᠡᠨ ᠲᠠᠯ᠎ᠠ | ᠨᠣᠲᠤᠭ ᠤᠨ ᠵᠣᠭᠠᠴᠠᠯ ᠤᠨ ᠴᠢᠬᠤᠯᠠ ᠲᠦᠪᠯᠡᠷᠡᠬᠦᠯᠦᠨ ᠲᠠᠷᠬᠠᠭᠠᠬᠤ ᠭᠠᠵᠠᠷ ᠪᠠ ᠣᠯᠣᠰ ᠤᠨ ᠲᠣᠳᠣᠭᠠᠲᠦ ᠶᠢᠨ | ᠵᠣᠭᠠᠴᠠᠯ ᠤᠨ ᠨᠠᠷᠠᠲᠦ ᠭᠠᠵᠠᠷ ᠢ ᠪᠠᠶᠢᠭᠤᠯᠣᠨ᠎ᠠ᠃ | ᠰᠢᠨ᠎ᠡ ᠪᠠᠷ ᠮᠠᠨᠳᠣᠭᠰᠠᠨ ᠦᠢᠯᠡᠴᠢᠯᠡᠭᠡᠨ ᠤ ᠵᠦᠢᠯᠡᠰ ᠢ ᠢᠳᠡᠪᠬᠢᠲᠠᠢ ᠪᠣᠯᠪᠠᠰᠣᠷᠠᠭᠤᠯᠣᠨ᠎ᠠ᠃ | ᠦᠢᠯᠡᠴᠢᠭᠡᠨ ᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠠ ᠶᠢᠨ ᠴᠢᠨᠠᠷᠲᠠᠢ | ᠦᠬᠡᠷᠡᠴᠢᠯᠡᠯᠲᠠ ᠶᠢ ᠬᠦᠨᠵᠡᠭᠡᠶᠢᠷᠡᠬᠦᠯᠵᠦ᠂ ᠡᠯᠧᠺᠲᠷᠣᠨ ᠬᠤᠳᠠᠯᠳᠤᠭ᠎ᠠ᠂ ᠮᠦᠩᠬᠦᠨ ᠬᠦᠢᠯᠭᠡᠭᠡᠨ ᠤ ᠲᠠᠭᠠᠳᠬᠠᠯ᠂ | ᠵᠠᠭᠤᠴᠢ ᠦᠢᠯᠠᠴᠢᠯᠡᠭᠡ᠂ ᠮᠡᠳᠡᠭᠡ ᠵᠠᠩᠬᠢ ᠶᠢᠨ ᠵᠦᠪᠯᠡᠯᠭᠡ᠂ ᠬᠠᠮ ᠦᠵᠡᠰᠬᠦᠯᠡᠩ ᠤᠨ ᠡᠵᠡᠩᠨᠡᠯᠲᠡ ᠪᠣᠷᠣᠭᠤᠯᠣᠯᠲᠡ | ᠵᠡᠷᠭᠡ ᠰᠢᠨ᠎ᠡ ᠠᠵᠢᠯ ᠦᠢᠯᠡᠰ ᠤᠨ ᠬᠡᠯᠪᠠᠷᠢ ᠶᠢᠨ ᠪᠠᠶᠢᠳᠠᠯ ᠤᠨ ᠦᠷᠨᠢᠨ ᠬᠦᠭᠵᠢᠬᠦ ᠶᠢ ᠳᠡᠮᠵᠢᠨ᠎ᠡ᠃ ᠣᠯᠠᠨ | ᠵᠦᠢᠯ ᠤᠨ ᠬᠡᠯᠪᠡᠷᠢ ᠪᠠᠷ ᠡᠷᠡᠬᠦᠯ ᠮᠡᠨᠲᠦ᠂ ᠨᠠᠰᠣᠲᠠᠨ ᠢ ᠠᠰᠠᠷᠠᠬᠤ᠂ ᠨᠢᠯᠬ᠎ᠠ ᠬᠡᠣᠬᠡᠳ ᠪᠣᠶᠢᠵᠢᠭᠤᠯᠬᠤ ᠵᠡᠷᠭᠡ | ᠦᠢᠯᠡᠴᠢᠯᠡᠭᠡ ᠬᠠᠩᠭᠠᠬᠤ ᠶᠢ ᠨᠠᠮᠡᠭᠳᠡᠬᠦᠯᠵᠦ᠂ ᠭᠡᠷ ᠤᠨ ᠶᠠᠪᠣᠳᠠᠯ᠂ ᠪᠣᠣᠬᠢᠶᠡ ᠰᠢᠣᠳᠠᠨ᠂ ᠬᠠᠣᠯᠢ ᠴᠠᠭᠠᠵᠠ ᠶᠢᠨ | ᠯᠡᠪᠯᠡᠯᠭᠠ᠂ ᠰᠡᠳᠬᠢᠴᠡ ᠶᠢᠨ ᠬᠠᠪᠰᠣᠷᠣᠮᠵᠢ ᠵᠡᠷᠭᠡ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠬᠦᠯᠬᠦ ᠶᠢ | ᠠᠬᠢᠭᠤᠯᠣᠨ᠎ᠠ᠃ ᠠᠷᠠᠯᠵᠢᠶ᠎ᠡ ᠬᠤᠳᠠᠯᠳᠤᠭ᠎ᠠ ᠬᠦᠢᠯᠭᠡᠭᠡᠨ ᠤ ᠠᠵᠤ ᠠᠬᠤᠶᠢᠯᠠᠯ ᠢ ᠵᠣᠷᠢᠭᠵᠢᠭᠤᠯᠵᠤ ᠰᠦᠯᠵᠢᠶᠠᠨ ᠠᠴᠠ | ᠭᠠᠳᠠᠭᠤᠷᠬᠢ ᠦᠢᠯᠠᠭᠠᠯᠲᠡ ᠪᠠ ᠰᠦᠯᠵᠢᠶᠠᠨ ᠦᠩᠬᠡᠷᠡᠯᠲᠡ ᠶᠢᠨ ᠦᠢᠯᠠᠴᠢᠯᠡᠭᠡ ᠶᠢ ᠬᠠᠷᠢᠯᠴᠠᠨ ᠣᠶᠠᠯᠳᠣᠭᠤᠯᠵᠦ᠂ | ᠶᠡᠭᠡ ᠲᠣᠮᠳᠠ ᠬᠡᠯᠪᠡᠷᠢ ᠶᠢᠨ ᠠᠷᠠᠯᠵᠢᠶ᠎ᠡ ᠬᠤᠳᠠᠯᠳᠤᠭ᠎ᠠ ᠳᠤ ᠲᠦᠰᠢᠭᠯᠡᠵᠦ ᠣᠶᠣᠨᠴᠢ ᠬᠤᠳᠠᠯᠳᠣᠭᠠᠨ ᠤ ᠬᠦᠷᠢᠶ᠎ᠡ ᠶᠢ | ᠡᠬᠦᠳᠴᠦ᠂ ᠬᠤᠲᠠ ᠶᠢᠨ ᠠᠷᠠᠳ ᠲᠤ ᠦᠪᠡᠷᠮᠢᠴᠢᠯᠡᠭᠰᠡᠨ᠂ ᠣᠯᠠᠨ ᠶᠠᠩᠵᠣᠴᠢᠯᠠᠭᠰᠠᠨ᠂ ᠲᠦᠬᠦᠮᠴᠢᠯᠡᠭᠰᠡᠨ | ᠬᠡᠷᠡᠭᠯᠡᠭᠡ ᠶᠢ ᠬᠠᠩᠭᠠᠵᠤ ᠦᠭᠬᠦᠨ᠎ᠡ᠃ | ︵ᠲᠠᠪᠤ︶ ᠦᠬᠡᠷᠡᠴᠢᠯᠡᠯᠲᠠ ᠨᠡᠬᠡᠬᠡᠯᠲᠠ ᠶᠢ ᠵᠣᠭᠰᠣᠰᠢ ᠦᠬᠡᠢ ᠬᠦᠨᠵᠡᠭᠡᠶᠢᠷᠡᠬᠦᠯᠵᠦ᠂ ᠰᠢᠨ᠎ᠡ ᠬᠠᠭᠤᠴᠢᠨ | ᠬᠦᠳᠡᠯᠭᠡᠬᠦ ᠬᠦᠴᠦᠨ ᠢ ᠠᠬᠢᠭᠤᠯᠣᠨ ᠬᠤᠪᠢᠷᠠᠭᠤᠯᠣᠯᠲᠡ ᠪᠠᠨ ᠲᠦᠷᠭᠡᠳᠭᠡᠨ᠎ᠡ᠃ ᠰᠢᠨ᠎ᠡ ᠶᠢ ᠡᠬᠦᠳᠬᠦ ᠪᠠᠷ ᠨᠢᠭᠡᠳᠣᠭᠡᠷ | ᠬᠦᠳᠡᠯᠭᠡᠬᠦ ᠬᠦᠴᠦᠨ ᠪᠣᠯᠭᠠᠬᠤ ᠶᠢ ᠪᠠᠷᠢᠮᠳᠠᠯᠠᠵᠦ᠂ ᠭᠤᠣᠯᠳᠠᠯᠭ᠎ᠠ ᠲᠠᠢ ᠬᠦᠷᠢᠶᠠᠨ ᠳᠠᠬᠢ ᠦᠬᠡᠷᠡᠴᠢᠯᠡᠯᠲᠠ ᠶᠢ | ᠬᠦᠨᠵᠡᠭᠡᠢ ᠲᠦᠯᠬᠢᠨ ᠠᠬᠢᠭᠤᠯᠵᠦ᠂ ᠭᠠᠳᠠᠭᠠᠲᠦ ᠲᠠᠢ ᠴᠢᠯᠣᠭᠡᠲᠠᠢ ᠶᠠᠪᠣᠯᠴᠠᠬᠤ ᠶᠢ ᠦᠷᠬᠦᠯᠵᠢᠯᠡᠨ ᠦᠷᠭᠡᠳᠭᠡᠵᠦ᠂ | ᠠᠵᠤ ᠠᠬᠤᠢ ᠶᠢᠨ ᠬᠦᠭᠵᠢᠯᠳᠡ ᠶᠢᠨ ᠶᠡᠰᠦ ᠴᠢᠨᠠᠷ ᠤᠨ ᠬᠤᠪᠢᠰᠣᠯᠲᠡ᠂ ᠦᠷ᠎ᠠ ᠪᠦᠲᠦᠮᠵᠢ ᠶᠢᠨ ᠬᠤᠪᠢᠰᠣᠯᠲᠡ᠂ | ᠬᠦᠳᠡᠯᠭᠡᠬᠦ ᠬᠦᠴᠦᠨ ᠤ ᠬᠤᠪᠢᠰᠣᠯᠲᠡ ᠶᠢ ᠲᠦᠯᠬᠢᠨ ᠠᠬᠢᠭᠤᠯᠣᠨ᠎ᠠ᠃ | ᠰᠢᠨᠵᠢᠯᠡᠬᠦ ᠣᠬᠠᠭᠠᠨᠴᠢ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠣᠷᠢ ᠶᠢ ᠲᠡᠭᠡᠭᠰᠢᠯᠡᠬᠦᠯᠦᠨ᠎ᠡ᠃ | ᠰᠢᠨ᠎ᠡ ᠶᠢ ᠡᠬᠦᠳᠬᠦ ᠪᠡᠶᠡᠴᠢ ᠴᠣᠭᠴᠠ ᠶᠢᠨ ᠨᠢᠭᠡ ᠪᠦᠯᠦᠭ ᠲᠡᠷᠢᠬᠦᠨ ᠤ ᠬᠡᠷᠡᠭᠯᠡᠭᠡᠨ ᠤ ᠲᠡᠭᠡᠲᠦ | ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠬᠦᠯᠦᠨ ᠬᠤᠪᠢᠷᠠᠭᠤᠯᠬᠤ ᠶᠢ ᠵᠣᠷᠢᠭᠵᠢᠭᠤᠯᠵᠤ᠂ ᠬᠤᠩ ᠵᠢᠶᠦ᠋ᠨ | ᠬᠦᠩᠬᠡᠨᠴᠠᠭᠠᠨ ᠴᠠᠬᠢᠯᠭᠠᠨ᠂ ᠯᠢᠶᠠᠨ ᠱᠧᠩ ᠰᠢᠨ᠎ᠡ ᠡᠨᠧᠷᠬᠢ ᠶᠢᠨ ᠲᠡᠭᠡᠲᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠳᠤ ᠭᠤᠶᠣᠴᠢᠯᠠᠨ ᠮᠡᠳᠡᠬᠦᠯᠵᠦ ᠬᠠᠮᠵᠢᠯᠴᠠᠨ ᠬᠠᠪᠰᠣᠷᠴᠦ᠂ ᠶᠢᠨ ᠯᠢᠶᠠᠨ ᠬᠦᠩᠬᠡᠨᠴᠠᠭᠠᠨ ᠤ ᠮᠠᠲ᠋ᠧᠷᠢᠶᠠᠯ ᠢ | ᠲᠠᠮᠵᠢᠵᠦ ᠦᠪᠡᠷᠳᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠢ ᠪᠠᠶᠢᠭᠤᠯᠵᠤ᠂ | ᠶᠢᠨ ᠯᠢᠶᠠᠨ ᠴᠠᠬᠢᠯᠭᠠᠨ ᠤ ᠦᠢᠯᠡᠳᠪᠣᠷᠢ ᠶᠢᠨ ᠦᠯᠡᠳᠡᠪᠣᠷᠢ ᠢᠯᠴᠢ ᠶᠢ ᠬᠤᠷᠢᠶᠠᠨ ᠠᠪᠴᠦ ᠠᠰᠢᠭᠯᠠᠬᠤ᠂ ᠯᠢᠶᠠᠨ | ᠱᠧᠩ ᠴᠢᠨᠠᠷ ᠰᠠᠶᠢᠲᠠᠢ ᠬᠦᠩᠬᠡᠨᠴᠠᠭᠠᠨ ᠢᠯᠢᠳᠡᠰᠦ ᠶᠢᠨ ᠲᠦᠬᠦᠬᠡᠢ ᠮᠡᠲ᠋ᠧᠷᠢᠶᠠᠯ ᠢ ᠨᠠᠬᠡᠭᠡᠨ ᠠᠰᠢᠭᠯᠠᠬᠤ᠂ | ᠴᠠᠬᠢᠯᠭᠠᠨ ᠢᠶᠠᠷ ᠬᠦᠩᠬᠡᠨᠴᠠᠭᠠᠨ ᠢ ᠵᠠᠳᠠᠯᠬᠤ ᠠᠶᠣᠯᠲᠠᠢ ᠬᠠᠶᠠᠭᠳᠠᠮᠠᠯ ᠪᠣᠳᠠᠰ ᠢ ᠬᠤᠣᠷᠳᠠᠯ ᠦᠬᠡᠢ ᠪᠠᠷ ᠰᠢᠢᠳᠪᠣᠷᠢᠯᠡᠬᠦ | ᠪᠠ ᠡᠬᠢ ᠪᠠᠶᠠᠯᠢᠭ ᠪᠣᠯᠭᠠᠨ ᠠᠰᠢᠭᠯᠠᠬᠤ 3 ᠵᠦᠢᠯ ᠤᠨ ᠴᠢᠬᠤᠯᠠ ᠶᠡᠭᠡ ᠰᠢᠨᠵᠢᠯᠡᠬᠦ ᠣᠬᠠᠭᠠᠨᠴᠢ ᠮᠡᠷᠭᠡᠵᠢᠯ ᠤᠨ | ᠦᠷ᠎ᠡ ᠪᠦᠲᠦᠭᠡᠯ ᠤᠨ ᠬᠤᠪᠢᠷᠠᠭᠤᠯᠣᠯᠲᠡ ᠶᠢᠨ ᠢᠨᠵᠧᠨᠧᠷᠢᠩ ᠢ ᠬᠡᠷᠡᠭᠵᠢᠬᠦᠯᠵᠦ᠂ ᠶᠢᠨ ᠯᠢᠶᠠᠨ ᠴᠠᠬᠢᠯᠭᠠᠨ ᠢᠶᠠᠷ | ᠬᠦᠩᠬᠡᠨᠴᠠᠭᠠᠨ ᠢ ᠵᠠᠳᠠᠯᠬᠤ ᠣᠶᠣᠨᠴᠢ ᠰᠣᠳᠣᠯᠣᠨ ᠨᠠᠬᠡᠬᠡᠯᠲᠡ ᠪᠠ ᠯᠠᠨ ᠲᠢᠶᠠᠨ ᠸᠧᠢ ᠶᠧ ᠦᠢᠯᠡᠰ ᠤᠨ ᠬᠡᠲᠦ | ᠴᠢᠩᠭ᠎ᠠ ᠵᠣᠭᠠᠩ ᠤᠨ ᠮᠡᠷᠭᠡᠵᠢᠯ ᠤᠨ ᠰᠣᠳᠣᠯᠣᠨ ᠨᠡᠭᠡᠭᠡᠬᠦ 2 ᠲᠦᠷᠣᠯ ᠵᠠᠩᠬᠢᠯᠠᠭ᠎ᠠ ᠶᠢᠨ ᠮᠡᠷᠭᠡᠵᠢᠯ ᠤᠨ ᠰᠢᠨ᠎ᠡ ᠶᠢ | ᠡᠬᠦᠳᠬᠦ ᠶᠢ ᠪᠡᠶᠡᠯᠡᠬᠦᠯᠬᠦ ᠶᠢ ᠲᠦᠷᠭᠡᠳᠭᠡᠨ᠎ᠡ᠃ ᠪᠦᠬᠦ ᠣᠯᠣᠰ ᠤᠨ ᠴᠢᠨᠠᠷᠲᠠᠢ ᠬᠦᠩᠬᠡᠨᠴᠠᠭᠠᠨ ᠤ ᠠᠵᠣ ᠦᠢᠯᠡᠰ ᠤᠨ | ᠲᠡᠭᠡᠲᠦ ᠲᠡᠰ ᠤᠨ ᠶᠠᠷᠢᠶᠠᠨ ᠤ ᠲᠠᠪᠴᠠᠩ ᠢ ᠦᠷᠬᠦᠯᠵᠢᠯᠡᠨ ᠡᠷᠬᠢᠯᠡᠵᠦ᠂ ᠴᠢᠩᠬᠤᠸᠠ ᠶᠡᠭᠡ ᠰᠣᠷᠭᠠᠭᠤᠯᠢ᠂ ᠬᠢᠷᠢᠨ | ᠶᠡᠭᠡ ᠰᠣᠷᠭᠠᠭᠤᠯᠢ᠂ ᠵᠡᠬᠦᠨ ᠬᠤᠶᠢᠲᠦ ᠶᠢᠨ ᠶᠡᠭᠡ ᠰᠣᠷᠭᠠᠭᠤᠯᠢ᠂ ᠦᠪᠣᠷ ᠮᠣᠩᠭᠤᠯ ᠤᠨ ᠦᠨᠳᠣᠰᠦᠲᠠᠨ ᠤ ᠶᠡᠭᠡ | ᠰᠣᠷᠭᠠᠭᠤᠯᠢ ᠵᠡᠷᠭᠡ ᠶᠢᠨ ᠲᠡᠭᠡᠲᠦ ᠰᠣᠷᠭᠠᠭᠤᠯᠢ ᠲᠠᠢ ᠦᠢᠯᠡᠳᠪᠣᠷᠢᠯᠡᠯ ᠰᠣᠷᠣᠯᠴᠠᠵᠦ ᠰᠣᠳᠣᠯᠬᠤ ᠬᠠᠮᠳᠣᠷᠠᠯᠴᠠᠭ᠎ᠠ ᠶᠢ | ᠦᠷᠬᠦᠯᠵᠢᠯᠡᠨ ᠬᠦᠨᠵᠡᠭᠡᠶᠢᠷᠡᠬᠦᠯᠵᠦ᠂ ᠣᠯᠠᠨ ᠨᠠᠶᠢᠲᠡ ᠶᠢᠨ ᠪᠣᠯᠪᠠᠰᠣᠷᠠᠯ ᠤᠨ ᠲᠦᠪ ᠤᠨ ᠦᠪᠡᠷᠳᠡᠭᠡᠨ ᠵᠠᠰᠠᠬᠤ | ᠣᠷᠣᠨ ᠤ ᠲᠡᠰ ᠤᠨ ᠰᠢᠨᠵᠢᠯᠡᠬᠦ ᠣᠬᠠᠭᠠᠨᠴᠢ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠣᠬᠦᠷ ᠪᠠ ᠣᠯᠣᠰ ᠤᠨ | ᠲᠡᠰ ᠤᠨ ᠣᠯᠠᠨ ᠢᠶᠠᠷ ᠢᠶᠠᠨ ᠰᠢᠨ᠎ᠡ ᠶᠢ ᠡᠬᠦᠳᠬᠦ ᠣᠷᠣᠨ ᠵᠠᠢ ᠪᠠᠶᠢᠭᠤᠯᠬᠤ ᠶᠢ ᠲᠦᠯᠬᠢᠨ ᠠᠬᠢᠭᠤᠯᠵᠤ ᠨᠠᠶᠢᠲᠡ ᠶᠢᠨ | ᠪᠣᠳᠠᠲᠠᠢ ᠦᠢᠯᠡᠳᠣᠯᠭᠡ ᠶᠢᠨ ᠪᠣᠯᠪᠠᠰᠣᠷᠠᠯ ᠤᠨ ᠲᠦᠪ ᠢ ᠪᠠᠶᠢᠭᠤᠯᠣᠨ᠎ᠠ᠃ ᠣᠯᠣᠰ ᠤᠨ ᠲᠡᠰ ᠤᠨ ᠲᠡᠭᠡᠲᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠬᠡᠬᠡᠯᠲᠡ ᠶᠢᠨ ᠣᠷᠣᠨ ᠢ ᠡᠬᠦᠳᠴᠦ ᠡᠬᠢᠯᠡᠬᠦᠯᠦᠨ᠎ᠡ᠃ | ᠭᠤᠣᠯᠳᠠᠯᠭ᠎ᠠ ᠲᠠᠢ ᠬᠦᠷᠢᠶᠠᠨ ᠳᠠᠬᠢ ᠦᠬᠡᠷᠡᠴᠢᠯᠡᠯᠲᠠ ᠶᠢ ᠨᠢᠭᠡᠳᠣᠯᠲᠠᠢ ᠲᠦᠯᠦᠪᠯᠡᠨ᠎ᠡ᠃ ︽ᠲᠠᠯᠪᠢᠬᠤ | ᠬᠠᠮᠢᠶᠡᠷᠬᠤ ᠦᠢᠯᠡᠴᠢᠯᠡᠬᠦ︾ ᠦᠬᠡᠷᠡᠴᠢᠯᠡᠯᠲᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ︽ᠢᠨᠲ᠋ᠧᠷ ᠰᠦᠯᠵᠢᠶ᠎ᠡ + | ᠵᠠᠰᠠᠭ ᠤᠨ ᠣᠷᠳᠣᠨ ᠤ ᠦᠢᠯᠡᠴᠢᠯᠡᠭᠡ︾ ᠶᠢᠨ ᠲᠣᠷᠰᠢᠯᠲᠠ ᠶᠢᠨ ᠴᠡᠭ ᠤᠨ ᠪᠠᠶᠢᠭᠤᠯᠣᠯᠲᠠ ᠶᠢ ᠲᠦᠷᠭᠡᠳᠭᠡᠵᠦ᠂ | ᠲᠣᠭᠠᠴᠠᠯᠠᠭᠰᠠᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠣᠯᠲᠠ ᠶᠢ ᠬᠡᠷᠡᠭᠵᠢᠬᠦᠯᠵᠦ᠂ | ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ︽ᠰᠦᠯᠵᠢᠶ᠎ᠡ ᠶᠢᠨ ᠪᠠ ᠰᠦᠯᠵᠢᠶ᠎ᠡ ᠠᠴᠠ ᠭᠠᠳᠠᠭᠤᠷᠬᠢ ᠶᠢ | ᠠᠭᠤᠰᠣᠯᠴᠠᠭᠤᠯᠬᠤ᠂ ᠴᠠᠭ ᠬᠤᠭᠤᠴᠠᠭ᠎ᠠ ᠣᠷᠣᠨ ᠵᠠᠢ ᠶᠢ ᠠᠭᠤᠰᠣᠯᠴᠠᠭᠤᠯᠬᠤ᠂ ᠠᠵᠢᠯᠯᠠᠬᠤ ᠠᠷᠭ᠎ᠠ ᠵᠠᠮ ᠢ | ᠠᠭᠤᠰᠣᠯᠴᠠᠭᠤᠯᠬᠤ︾ ᠶᠢ ᠲᠦᠯᠬᠢᠨ ᠠᠬᠢᠭᠤᠯᠵᠤ᠂ 24 ᠴᠠᠭ ᠤᠨ ︽ᠠᠮᠠᠷᠠᠬᠤ ᠦᠬᠡᠢ︾ ᠶᠢ ᠪᠠᠶᠡᠯᠡᠬᠦᠯᠦᠨ᠎ᠡ᠃ | ᠪᠠᠶᠢᠭᠤᠯᠣᠮᠵᠢ ᠶᠢᠨ ᠦᠬᠡᠷᠡᠴᠢᠯᠡᠯᠲᠠ ᠶᠢᠨ ᠲᠦᠰᠦᠯ ᠢ ᠨᠠᠶᠢᠳᠠᠪᠣᠷᠢᠵᠢᠭᠤᠯᠵᠤ᠂ ᠪᠠᠶᠢᠭᠤᠯᠣᠮᠵᠢ ᠶᠢᠨ | ᠪᠠᠶᠢᠷᠢᠯᠠᠭᠤᠯᠣᠯᠲᠡ ᠪᠠ ᠡᠬᠦᠷᠭᠡ ᠴᠢᠳᠠᠪᠣᠷᠢ ᠶᠢᠨ ᠲᠣᠬᠢᠷᠠᠭᠤᠯᠣᠯᠲᠡ ᠶᠢ ᠡᠮᠬᠢᠯᠡᠨ ᠰᠢᠯᠢᠳᠡᠭᠵᠢᠬᠦᠯᠵᠦ᠂ ᠵᠠᠰᠠᠭ | ᠵᠠᠬᠢᠷᠭᠠᠨ ᠤ ᠦᠪᠡᠷ ᠤᠨ ᠦᠷᠳᠡᠭ ᠢ ᠪᠠᠭᠤᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ | ᠲᠡᠭᠡᠭᠰᠢᠯᠡᠬᠦᠯᠦᠨ᠎ᠡ᠃ ᠣᠯᠣᠰ ᠤᠨ ᠦᠮᠴᠢᠯᠠᠯ ᠤᠨ ᠠᠵᠤ ᠠᠬᠤᠶᠢᠯᠠᠯ ᠤᠨ ᠦᠬᠡᠷᠡᠴᠢᠯᠡᠯᠲᠠ ᠶᠢ ᠠᠬᠢᠭᠤᠯᠵᠦ᠂ | ᠰᠢᠯᠢᠳᠡᠭ ᠰᠠᠶᠢᠨ ᠪᠡᠯᠡ ᠬᠦᠷᠣᠩᠭᠡ ᠶᠢ ᠣᠷᠣᠭᠤᠯᠬᠤ᠂ ᠭᠠᠵᠠᠷ ᠰᠢᠷᠣᠢ ᠶᠢᠨ ᠡᠵᠡᠩᠨᠡᠯᠲᠠ ᠶᠢᠨ ᠡᠷᠭᠡ ᠶᠢ | ᠪᠠᠷᠢᠴᠠᠭᠠᠯᠠᠬᠤ᠂ ᠣᠨᠴᠠ ᠵᠦᠪᠰᠢᠶᠡᠷᠡᠭᠰᠡᠨ ᠡᠵᠡᠩᠨᠡᠯᠲᠡ ᠶᠢᠨ ᠡᠷᠭᠡ ᠶᠢ ᠬᠤᠪᠢᠷᠠᠭᠤᠯᠣᠨ ᠰᠢᠯᠵᠢᠬᠦᠯᠬᠦ᠂ ᠵᠠᠰᠠᠭ ᠤᠨ | ᠣᠷᠳᠣᠨ ᠤ ᠢᠨᠵᠧᠨᠧᠷᠢᠩ ᠤᠨ ᠲᠦᠷᠣᠯ ᠵᠦᠢᠯ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠣᠨ᠂ | ᠣᠯᠣᠰ ᠤᠨ ᠦᠮᠴᠢᠯᠡᠯ ᠤᠨ ᠠᠵᠤ ᠠᠬᠤᠶᠢᠯᠠᠯ ᠤᠨ ᠪᠣᠳᠠᠲᠤ ᠴᠣᠭᠴᠠ ᠶᠢᠨ ᠴᠢᠨᠠᠷᠲᠠᠢ ᠡᠷᠬᠢᠯᠲᠡ ᠶᠢ ᠠᠬᠢᠭᠤᠯᠵᠦ᠂ | ᠠᠵᠤ ᠠᠬᠤᠶᠢᠯᠠᠯ ᠤᠨ ᠲᠣᠰ ᠪᠡᠶ᠎ᠡ ᠶᠢᠨ ᠦᠷ᠎ᠡ ᠠᠰᠢᠭ ᠢᠶᠠᠨ ᠨᠡᠮᠡᠭᠳᠡᠬᠦᠯᠬᠦ ᠴᠢᠳᠠᠪᠣᠷᠢ ᠶᠢ ᠳᠡᠭᠡᠭᠰᠢᠯᠡᠬᠦᠯᠦᠨ᠎ᠡ᠃ | ᠡᠳ᠋ ᠤᠨ ᠵᠠᠰᠠᠭ ᠭᠠᠶᠢᠯᠢ ᠶᠢᠨ ᠪᠠᠶᠢᠭᠤᠯᠣᠮᠵᠢ ᠶᠢᠨ ᠦᠬᠡᠷᠡᠴᠢᠯᠡᠯᠲᠠ ᠶᠢ ᠬᠦᠨᠵᠡᠭᠡᠶᠢᠷᠡᠬᠦᠯᠵᠦ᠂ ᠣᠷᠣᠨ ᠨᠣᠲᠤᠭ ᠤᠨ | ᠡᠷᠭᠡ ᠲᠣᠰᠢᠶᠠᠯ ᠲᠠᠢ ᠬᠠᠷᠢᠯᠴᠠᠨ ᠵᠣᠬᠢᠴᠠᠯᠳᠣᠭᠰᠠᠨ ᠡᠳ᠋ ᠤᠨ ᠵᠠᠰᠠᠭ ᠤᠨ ᠡᠷᠭᠡ ᠶᠢ ᠨᠠᠩ ᠢᠯᠡᠬᠦᠦ ᠴᠢᠷᠮᠠᠶᠢᠨ | ᠣᠯᠵᠦ᠂ ᠡᠳ᠋ ᠤᠨ ᠵᠠᠰᠠᠭ ᠤᠨ ᠲᠠᠷᠣᠭᠠᠰᠦ ᠶᠢ ᠬᠦᠩᠭᠡᠯᠡᠵᠦ᠂ ᠰᠢᠨᠵᠢᠯᠡᠬᠦ ᠣᠬᠠᠭᠠᠨᠴᠢ ᠵᠦᠢ ᠵᠣᠬᠢᠰᠲᠠᠢ᠂ ᠡᠬᠦᠷᠭᠡ | ᠬᠠᠷᠢᠭᠤᠴᠠᠯᠭ᠎ᠠ ᠲᠣᠳᠣᠷᠬᠠᠢ ᠡᠳ᠋ ᠤᠨ ᠵᠠᠰᠠᠭ ᠤᠨ ᠡᠷᠭᠡ ᠲᠣᠰᠢᠶᠠᠯ ᠪᠠ ᠵᠠᠷᠣᠯᠭ᠎ᠠ ᠶᠢᠨ ᠬᠠᠷᠢᠭᠤᠴᠠᠯᠭ᠎ᠠ ᠶᠢ | ᠬᠤᠪᠢᠶᠡᠷᠢᠯᠠᠬᠤ ᠰᠢᠰᠲ᠋ᠧᠮ ᠢ ᠪᠦᠷᠢᠯᠳᠣᠬᠦᠯᠦᠨᠡ᠃ | ᠭᠠᠳᠠᠭᠠᠳᠣ ᠨᠠᠬᠡᠬᠡᠯᠲᠠ ᠶᠢ ᠪᠦᠬᠦ ᠲᠠᠯ᠎ᠠ ᠪᠠᠷ ᠦᠷᠭᠡᠳᠭᠡᠨ᠎ᠡ᠃ ᠰᠢᠨ᠎ᠡ ᠴᠠᠭ ᠦᠶ᠎ᠡ ᠶᠢᠨ ᠵᠡᠬᠦᠨ ᠬᠤᠶᠢᠲᠦ | ᠣᠷᠣᠨ ᠢᠶᠠᠨ ᠬᠦᠭᠵᠢᠬᠦᠯᠦᠨ ᠮᠠᠨᠳᠣᠭᠤᠯᠬᠤ ᠶᠡᠭᠡ ᠲᠠᠯ᠎ᠠ ᠲᠤ ᠢᠳᠡᠪᠬᠢᠲᠠᠢ ᠠᠭᠤᠰᠣᠯᠴᠠᠵᠦ᠂ ᠵᠦᠷᠢᠯᠢᠭᠵᠢᠭᠰᠡᠨ ᠵᠠᠮ | ᠬᠠᠷᠢᠯᠴᠠᠭ᠎ᠠ ᠶᠢᠨ ᠲᠣᠣᠷ ᠰᠦᠯᠵᠢᠶ᠎ᠡ ᠶᠢᠨ ᠲᠠᠪᠠᠭᠤᠯᠢᠭ ᠪᠠ ᠡᠨᠧᠷᠬᠢ ᠶᠢᠨ ᠰᠣᠷᠪᠣᠯᠵᠢ ᠶᠢᠨ ᠠᠵᠤ ᠦᠢᠯᠡᠰ ᠤᠨ | ᠲᠠᠪᠠᠭᠤᠯᠢᠭ ᠢᠶᠠᠨ ᠪᠠᠳᠠᠷᠠᠭᠤᠯᠵᠦ᠂ ᠵᠡᠬᠦᠨ ᠬᠤᠶᠢᠲᠦ ᠶᠢᠨ ᠭᠤᠷᠪᠠᠨ ᠮᠣᠵᠢ᠂ ᠪᠡᠬᠡᠵᠢᠩ ᠲᠢᠶᠠᠨᠵᠢᠨ ᠾᠧᠪᠧᠢ᠂ | ᠪᠦᠧᠧᠬᠠᠢ ᠲᠠᠩᠬᠢᠰ ᠵᠡᠷᠭᠡ ᠲᠠᠭᠠᠣ ᠭᠠᠵᠠᠷ ᠣᠷᠣᠨ ᠤ ᠡᠨᠧᠷᠬᠢ ᠶᠢᠨ ᠰᠣᠷᠪᠣᠯᠵᠢ᠂ ᠴᠠᠬᠢᠯᠭᠠᠨ ᠬᠦᠴᠦ᠂ | ᠬᠦᠩᠬᠡᠨᠴᠠᠭᠠᠨ ᠤ ᠰᠢᠨ᠎ᠡ ᠮᠠᠲ᠋ᠧᠷᠢᠶᠠᠯ ᠵᠠᠷᠭᠡ ᠬᠦᠷᠢᠶ᠎ᠡ ᠴᠠᠷᠠᠭ᠎ᠠ ᠳᠠᠬᠢ ᠬᠠᠮᠳᠣᠷᠠᠯᠴᠠᠭ᠎ᠠ ᠶᠢ ᠭᠤᠣᠯᠳᠠᠭᠤ | ᠦᠷᠨᠢᠬᠦᠯᠦᠨ᠎ᠡ᠃ ᠪᠡᠬᠡᠵᠢᠩ ᠬᠤᠲᠠ ᠶᠢᠨ ᠹᠠᠩᠱᠠᠨ ᠲᠣᠭᠤᠷᠢᠭ ᠤᠨ ᠠᠳᠠᠯ ᠦᠢᠯᠡᠰ ᠪᠣᠰᠬᠠᠬᠤ ᠦᠢᠯᠡᠴᠢᠯᠡᠭᠡᠨ ᠤ | ᠨᠡᠪᠴᠢᠬᠦᠯᠣᠬᠦᠷ ᠤᠨ ᠬᠦᠷᠢᠶᠠᠯᠠᠩ ᠲᠣᠭᠤᠷᠢᠭ ᠲᠠᠢ ᠵᠣᠯᠭᠠᠯᠴᠠᠭᠤᠯᠵᠤ᠂ ︽ᠬᠠᠷᠢᠶᠡᠲᠦ ᠣᠷᠣᠨ ᠤ ᠠᠵᠤ ᠠᠬᠤᠢ︾ | ᠶᠢ ᠬᠦᠭᠵᠢᠬᠦᠯᠦᠨ᠎ᠡ᠃ ︽ᠨᠢᠭᠡ ᠪᠦᠰᠡ ᠨᠢᠭᠡ ᠵᠠᠮ︾ ᠳᠤ ᠢᠳᠡᠪᠬᠢᠲᠠᠢ ᠠᠭᠤᠰᠣᠯᠴᠠᠭᠤᠯᠵᠤ᠂ ᠵᠡᠬᠦᠨ ᠬᠠᠳᠠᠪᠴᠢ | ᠪᠣᠭᠤᠮᠲᠠ᠂ ᠷᠡᠰᠢᠶᠠᠨ ᠪᠣᠭᠤᠮᠲᠠ ᠲᠠᠢ ᠨᠠᠪᠳᠠᠷᠠᠯᠴᠠᠨ ᠬᠠᠷᠢᠯᠴᠠᠵᠤ᠂ ᠲᠣᠮᠳᠠᠲᠦ ᠮᠣᠩᠭᠤᠯ ᠣᠷᠣᠰ ᠤᠨ | ᠠᠷᠠᠯᠵᠢᠶᠠᠨ ᠤ ᠵᠦᠪᠳᠡᠯᠴᠠᠭᠡᠷ ᠤᠨ ᠬᠤᠷᠠᠯ ᠳᠤ ᠣᠷᠣᠯᠴᠠᠵᠦ᠂ ᠦᠨᠳᠣᠰᠦᠲᠠᠨ ᠤ ᠣᠨᠴᠠᠯᠢᠭᠲᠤ ᠠᠵᠤ ᠠᠬᠤᠶᠢᠯᠠᠯ ᠢ | ᠲᠠᠮᠵᠢᠵᠦ ᠭᠤᠷᠪᠠᠳᠣᠭᠠᠷ ᠡᠳᠡᠭᠡᠳ ᠤᠨ ᠲᠡᠪᠴᠡᠩ ᠢ ᠠᠰᠢᠭᠯᠠᠨ ᠬᠢᠯᠢ ᠶᠢᠨ ᠭᠠᠳᠠᠨᠠᠬᠢ ᠶᠢᠨ ᠵᠠᠬ᠎ᠠ ᠲᠠᠯᠬᠡᠬᠦᠷ ᠢ | ᠨᠡᠬᠡᠬᠡᠨ ᠠᠰᠢᠭᠯᠠᠵᠤ᠂ ᠭᠠᠳᠠᠭᠠᠲᠦ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠣᠨ᠎ᠠ᠃ ᠭᠤᠣᠯᠯᠠᠬᠤ | ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠵᠢᠶᠠᠯ ᠤᠨ ᠲᠣᠭᠤᠷᠢᠭ ᠲᠤ ᠬᠤᠳᠠᠯᠳᠣᠭᠠᠴᠢᠨ ᠣᠷᠢᠵᠦ ᠪᠡᠯᠡ | ᠣᠷᠣᠭᠤᠯᠣᠯᠳᠠ ᠶᠢ ᠦᠷᠨᠢᠬᠦᠯᠵᠦ᠂ ᠵᠢᠯ ᠤᠨ ᠲᠣᠳᠣᠷ᠎ᠠ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠣᠯ | ᠵᠦᠢᠯ ᠢ 10᠂ ᠬᠤᠲᠠ ᠶᠢᠨ ᠬᠠᠳᠠᠨᠠᠬᠢ ᠪᠡᠯᠡ ᠮᠦᠩᠬᠦ 70 ᠳ᠋ᠦᠩᠰᠢᠭᠤᠷ ᠲᠦᠬᠦᠷᠢᠭ ᠢ ᠲᠠᠳᠠᠨ ᠣᠷᠣᠭᠤᠯᠬᠤ ᠪᠠᠷ | ᠬᠦᠴᠦᠯᠠᠨ ᠴᠢᠷᠮᠠᠶᠢᠨ᠎ᠠ᠃ | ︵ᠵᠢᠷᠭᠤᠭ᠎ᠠ︶ ᠪᠣᠬᠢᠷᠳᠣᠯ ᠦᠬᠡᠢ ᠬᠦᠭᠵᠢᠯᠳᠡ ᠶᠢᠨ ᠰᠢᠨ᠎ᠡ ᠬᠠᠭᠤᠳᠠᠰᠣ ᠪᠢᠴᠢᠭᠯᠡᠬᠦ ᠶᠢ ᠠᠬᠢᠭᠤᠯᠵᠣ᠂ ᠠᠮᠢ | ᠠᠬᠤᠢ ᠶᠢᠨ ᠬᠤᠣᠯᠢᠩᠭᠤᠣᠯ ᠢ ᠪᠦᠳᠦᠬᠡᠨ ᠪᠠᠶᠢᠭᠤᠯᠣᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ | ᠦᠵᠡᠯ ᠰᠠᠨᠠᠭ᠎ᠠ ᠶᠢ ᠦᠢᠯᠡᠳᠦᠯᠬᠡᠵᠢᠬᠦᠯᠵᠣ᠂ ᠠᠮᠢ ᠠᠬᠤᠢ ᠶᠢ ᠳᠡᠷᠢᠬᠦᠨ ᠳᠤ ᠳᠠᠯᠪᠢᠬᠤ᠂ ᠶᠡᠷᠦᠩᠭᠡᠶᠢᠯᠡᠭᠰᠡᠨ | ᠵᠠᠰᠠᠯᠳᠠ ᠶᠢ ᠴᠢᠩᠭᠠᠳᠬᠠᠵᠣ᠂ ᠦᠨᠳᠦᠷ ᠠᠴᠢᠶᠠᠯᠡᠪᠣᠷᠢ ᠶᠢᠨ ᠴᠢᠳᠠᠮᠵᠢᠳᠣ ᠠᠵᠣ ᠦᠢᠯᠡᠰ ᠤᠨ ᠪᠣᠬᠢᠷᠳᠣᠯ ᠦᠬᠡᠢ | ᠬᠦᠭᠵᠢᠯᠳᠡ ᠶᠢᠨ ᠳᠣᠷᠰᠢᠯᠳᠠ ᠶᠢᠨ ᠣᠷᠣᠨ ᠢ ᠡᠬᠦᠳᠦᠨ ᠪᠠᠶᠢᠭᠤᠯᠵᠣ᠂ ᠠᠷᠠᠳ ᠳᠦᠮᠡᠨ ᠤ ᠡᠳᠦᠷ ᠢᠷᠡᠬᠦᠶ᠎ᠡ | ᠨᠡᠮᠡᠭᠳᠡᠵᠣ ᠪᠠᠶᠢᠭ᠎ᠠ ᠭᠤᠶᠣ ᠰᠠᠶᠢᠬᠠᠨ ᠠᠮᠢ ᠠᠬᠤᠢ ᠶᠢᠨ ᠣᠷᠴᠢᠨ ᠳᠣᠭᠤᠷᠢᠨ ᠤ ᠱᠠᠭᠠᠷᠳᠠᠯᠭ᠎ᠠ ᠶᠢ ᠳᠠᠰᠣᠷᠠᠯᠳᠠ | ᠦᠬᠡᠢ ᠬᠠᠩᠭᠠᠨ᠎ᠠ᠃ | ᠠᠮᠢ ᠠᠬᠤᠢ ᠶᠢᠨ ᠪᠣᠯᠪᠠᠰᠣᠨ ᠤ ᠪᠠᠶᠢᠭᠤᠯᠣᠯ ᠢ ᠳᠡᠬᠦᠯᠳᠡᠷᠵᠢᠬᠦᠯᠦᠨ᠎ᠡ᠃ ᠴᠢᠬᠤᠯᠠ ᠶᠡᠭᠡ ᠳᠦᠷᠦᠯ ᠵᠦᠢᠯ | ᠤᠨ ᠠᠮᠢ ᠠᠬᠤᠢ ᠶᠢᠨ ᠰᠣᠳᠣᠯᠣᠨ ᠮᠠᠭᠠᠳᠯᠠᠬᠤ ᠳᠣᠭᠳᠠᠴᠠ ᠶᠢ ᠪᠠᠶᠢᠭᠤᠯᠵᠣ᠂ ᠣᠷᠴᠢᠨ ᠳᠣᠭᠤᠷᠢᠨ ᠤ | ᠵᠦᠪᠰᠢᠶᠡᠷᠡᠯ ᠢ ᠴᠢᠩᠭᠠᠯᠠᠵᠣ᠂ ᠣᠷᠴᠢᠨ ᠳᠣᠭᠤᠷᠢᠨ ᠢ ᠬᠠᠮᠠᠭᠠᠯᠠᠬᠤ ᠳᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ | ᠨᠡᠶᠢᠴᠡᠬᠦ ᠦᠬᠡᠢ ᠳᠦᠷᠦᠯ ᠵᠦᠢᠯ ᠢ ︽ᠨᠢᠬᠡ ᠪᠢᠯᠧᠲ ᠢᠶᠠᠷ ᠦᠬᠡᠶᠢᠰᠬᠡᠬᠦ︾ ᠶᠢ ᠡᠷᠡᠰ ᠬᠡᠷᠡᠭᠵᠢᠬᠦᠯᠣᠨ᠎ᠠ᠃ ᠳᠡᠭᠡᠷ᠎ᠡ | ᠱᠠᠳᠣᠨ ᠤ ᠠᠮᠢ ᠠᠬᠤᠢ ᠶᠢᠨ ᠪᠣᠯᠪᠠᠰᠣᠨ ᠤ ᠦᠨᠡᠯᠡᠯᠳᠡ᠂ ᠠᠮᠢ ᠠᠬᠤᠢ ᠶᠢᠨ ᠣᠷᠴᠢᠨ ᠳᠣᠭᠤᠷᠢᠨ ᠢ ᠬᠠᠮᠠᠭᠠᠯᠠᠯᠳᠡ | ᠶᠢ ᠠᠯᠪᠠᠳᠠᠯᠭ᠎ᠠ ᠪᠠᠷ ᠨᠡᠶᠢᠳᠡᠯᠡᠬᠦ᠂ ᠠᠮᠢ ᠠᠬᠤᠢ ᠶᠢᠨ ᠣᠷᠴᠢᠨ ᠳᠣᠭᠤᠷᠢᠨ ᠤ ᠬᠤᠬᠢᠷᠠᠯ ᠢ ᠳᠦᠯᠦᠬᠦ ᠵᠡᠷᠬᠡ ᠳᠦᠷᠢᠮ | ᠢ ᠬᠢᠨᠠᠮᠠᠭᠠᠢ ᠪᠣᠳᠠᠳᠠᠶᠢᠵᠢᠭᠤᠯᠣᠨ᠎ᠠ᠃ ᠠᠮᠢ ᠠᠬᠤᠢ ᠶᠢᠨ ᠠᠵᠣ ᠦᠢᠯᠡᠰᠴᠢᠯᠡᠯᠳᠡ᠂ ᠠᠵᠣ ᠦᠢᠯᠡᠰ ᠤᠨ ᠠᠮᠢ | ᠠᠬᠤᠶᠢᠴᠢᠯᠠᠯᠳᠠ ᠶᠢ ᠬᠦᠨᠵᠡᠬᠡᠢ ᠳᠦᠯᠬᠢᠨ ᠠᠬᠢᠭᠤᠯᠵᠣ᠂ ᠪᠣᠬᠢᠷᠳᠣᠯ ᠦᠬᠡᠢ ᠠᠭᠤᠷᠬᠠᠢ᠂ ᠪᠣᠬᠢᠷᠳᠣᠯ ᠦᠬᠡᠢ ᠠᠵᠣ | ᠦᠢᠯᠡᠳᠪᠦᠷᠢ᠂ ᠪᠣᠬᠢᠷᠳᠣᠯ ᠦᠬᠡᠢ ᠬᠦᠷᠢᠶᠡᠯᠡᠩ ᠳᠣᠭᠤᠷᠢᠭ ᠢ ᠪᠦᠳᠦᠬᠡᠨ ᠪᠠᠶᠢᠭᠤᠯᠬᠤ ᠲᠠᠢ ᠣᠶᠠᠯᠳᠣᠭᠤᠯᠣᠨ ᠠᠮᠢ | ᠠᠬᠤᠢ ᠶᠢᠨ ᠠᠵᠣ ᠠᠬᠤᠢ ᠶᠢ ᠶᠡᠭᠡ ᠬᠦᠴᠦᠨ ᠢᠶᠠᠷ ᠬᠦᠭᠵᠢᠬᠦᠯᠵᠣ᠂ ᠠᠮᠢ ᠠᠬᠤᠢ ᠶᠢᠨ ᠣᠷᠴᠢᠨ ᠳᠣᠭᠤᠷᠢᠨ ᠢ | ᠬᠠᠮᠠᠭᠠᠯᠠᠯᠳᠡ ᠶᠢᠨ ᠠᠵᠣ ᠦᠢᠯᠡᠰ ᠤᠨ ᠨᠡᠩ ᠶᠡᠭᠡ ᠦᠷ᠎ᠡ ᠠᠰᠢᠭ ᠢ ᠡᠬᠦᠳᠦᠨ ᠪᠠᠶᠢᠭᠤᠯᠣᠨᠡ᠃ | ᠪᠦᠬᠦ ᠣᠷᠣᠨ ᠬᠡᠪᠴᠢᠶᠡᠵᠢᠭᠰᠡᠨ ᠠᠮᠢ ᠠᠬᠤᠢ ᠶᠢᠨ ᠬᠤᠳᠠ ᠶᠢᠨ ᠪᠦᠳᠦᠬᠡᠨ ᠪᠠᠶᠢᠭᠤᠯᠣᠯᠳᠠ ᠶᠢ | ᠳᠦᠷᠬᠡᠳᠬᠡᠨ᠎ᠡ᠃ ︽ᠴᠣᠩᠬᠤ ᠪᠠᠨ ᠨᠡᠭᠡᠭᠡᠪᠡᠯ ᠣᠢ ᠰᠢᠭᠤᠢ᠂ ᠡᠬᠦᠳᠡ ᠠᠴᠠ ᠪᠠᠨ ᠭᠠᠷᠪᠠᠯ ᠴᠡᠴᠡᠷᠯᠢᠭ᠂ ᠬᠤᠳᠠ | ᠠᠴᠠ ᠪᠠᠨ ᠭᠠᠷᠪᠠᠯ ᠳᠠᠯ᠎ᠠ ᠨᠣᠳᠤᠭ︾ ᠬᠡᠬᠦ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠶᠢᠨ ᠣᠶᠢᠯᠠᠭᠠᠭᠳᠠᠬᠤᠨ ᠢ | ᠦᠷᠬᠦᠯᠵᠢᠳᠡ ᠬᠦᠨᠵᠡᠬᠡᠶᠢᠷᠡᠬᠦᠯᠦᠨ᠎ᠡ᠃ ᠬᠤᠳᠠ ᠪᠠᠨ ᠣᠢ ᠰᠢᠭᠤᠢ ᠪᠠᠷ ᠰᠢᠮᠡᠨ᠎ᠡ᠃ ᠬᠤᠳᠠ ᠶᠢᠨ | ᠴᠡᠴᠡᠷᠯᠢᠭᠵᠢᠬᠦᠯᠦᠯᠳᠡ ᠶᠢᠨ ᠬᠡᠪᠴᠢᠶ᠎ᠠ ᠶᠢ ᠨᠡᠮᠡᠭᠳᠡᠬᠦᠯᠣᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠳᠤ ᠳᠦᠪᠯᠡᠷᠡᠬᠦᠯᠵᠣ | ᠂ ᠴᠡᠴᠡᠷᠯᠢᠭ᠂ ᠳᠠᠯᠠᠪᠠᠢ᠂ ᠵᠠᠮ ᠵᠡᠬᠡᠯᠢ ᠶᠢᠨ ᠨᠣᠭᠤᠭᠠᠷᠠᠭᠤᠯᠣᠯᠳᠠ ᠪᠠᠨ ᠳᠡᠭᠡᠭᠰᠢᠯᠡᠬᠦᠯᠬᠦ ᠶᠢ ᠳᠦᠯᠬᠢᠨ ᠠᠬᠢᠭᠤᠯᠵᠣ᠂ | ︽ᠬᠠᠪᠣᠷ ᠲᠠᠭᠠᠨ ᠨᠣᠭᠤᠭᠠᠨ ᠦᠩᠭᠡ ᠲᠠᠢ᠂ ᠵᠣᠨ ᠳᠠᠭᠠᠨ ᠰᠡᠬᠦᠳᠡᠷ ᠲᠠᠢ᠂ ᠨᠠᠮᠣᠷ ᠲᠠᠭᠠᠨ ᠰᠣᠨᠢᠷᠬᠠᠬᠤ ᠨᠠᠪᠴᠢ | ᠲᠠᠢ᠂ ᠡᠪᠣᠯ ᠳᠡᠭᠡᠨ ᠦᠵᠡᠮᠵᠢ ᠲᠠᠢ︾ ᠬᠤᠳᠠ ᠶᠢᠨ ᠦᠵᠡᠮᠵᠢ ᠶᠢ ᠴᠢᠷᠮᠠᠶᠢᠨ ᠪᠡᠶᠡᠯᠡᠬᠦᠯᠦᠨ᠎ᠡ᠃ ︽ᠭᠤᠷᠪᠠᠨ | ᠣᠮᠠᠷᠠᠳᠣ︾ ᠶᠢᠨ ᠬᠠᠮᠠᠭᠠᠯᠠᠯᠳᠠ ᠶᠢᠨ ᠣᠢ ᠶᠢ 2000 ᠮᠣ᠋ ᠪᠡᠶᠡᠯᠡᠬᠦᠯᠵᠣ᠂ 5 ᠳᠦᠮᠡᠨ ᠰᠠᠭᠤᠷᠢ ᠠᠯᠪᠠᠨ ᠵᠢᠷᠣᠮ | ᠤᠨ ᠮᠣᠳᠣ ᠵᠠᠶᠢᠯᠠᠵᠣ᠂ ᠵᠢᠩ ᠬᠣ᠋ ᠶᠢᠨ ᠣᠯᠣᠰ ᠤᠨ ᠳᠡᠰ ᠤᠨ ᠨᠣᠭᠤ ᠭᠠᠵᠠᠷ ᠤᠨ ᠴᠡᠴᠡᠷᠯᠢᠭ ᠤᠨ ᠪᠦᠳᠦᠬᠡᠨ | ᠪᠠᠶᠢᠭᠤᠯᠣᠯᠳᠠ ᠶᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠣ᠂ ᠣᠶᠢᠵᠢᠭᠤᠯᠣᠯᠳᠠ ᠶᠢᠨ ᠪᠦᠷᠬᠦᠴᠠ ᠶᠢᠨ | ᠬᠡᠮᠵᠢᠶ᠎ᠡ ᠶᠢ ᠣᠯᠠᠮ ᠨᠢᠬᠡ ᠠᠯᠬᠤᠮ ᠳᠡᠭᠡᠭᠰᠢᠯᠡᠬᠦᠯᠦᠨ᠎ᠡ᠃ ᠬᠤᠳᠠ ᠪᠠᠨ ᠴᠡᠴᠡᠷᠯᠢᠭᠵᠢᠬᠦᠯᠦᠨ ᠭᠤᠶᠣᠵᠢᠭᠤᠯᠣᠨ᠎ᠠ᠃ | ᠦᠵᠡᠮᠵᠢ ᠶᠢᠨ ᠵᠢᠵᠢᠭ ᠵᠦᠢᠯᠡᠰ ᠢ ᠦᠬᠡᠷᠡᠴᠢᠯᠡᠨ ᠳᠡᠭᠡᠭᠰᠢᠯᠡᠬᠦᠯᠬᠦ᠂ ᠠᠭᠤᠳᠠᠮ ᠳᠠᠯᠠᠪᠠᠢ ᠴᠡᠴᠡᠷᠯᠢᠭ ᠢ ᠨᠦᠬᠦᠨ | ᠣᠷᠭᠤᠭᠤᠯᠵᠣ ᠨᠦᠬᠦᠨ ᠪᠠᠶᠢᠭᠤᠯᠬᠤ᠂ ᠵᠠᠮ ᠵᠡᠬᠡᠯᠢ ᠶᠢᠨ ᠬᠤᠭᠤᠰᠣᠨ ᠭᠠᠵᠠᠷ ᠲᠤ ᠰᠣᠷᠭᠤᠭ ᠴᠡᠴᠡᠭ ᠢᠶᠠᠷ | ᠴᠢᠮᠡᠭᠯᠡᠬᠦ ᠢᠨᠵᠧᠨᠧᠷᠢᠭ ᠤᠨ ᠰᠢᠰᠲ᠋ᠧᠮ ᠢ ᠬᠡᠷᠡᠭᠵᠢᠬᠦᠯᠵᠣ᠂ ᠴᠡᠴᠡᠷᠯᠢᠭᠵᠢᠭᠰᠡᠨ ᠪᠠᠶᠢᠭᠤᠯᠭ᠎ᠠ᠂ ᠰᠣᠷᠭᠠᠭᠤᠯᠢ᠂ ᠠᠵᠣ | ᠦᠢᠯᠡᠳᠪᠦᠷᠢ᠂ ᠪᠠᠭ᠎ᠠ ᠳᠣᠭᠤᠷᠢᠭ ᠤᠨ ᠪᠦᠳᠦᠬᠡᠨ ᠪᠠᠶᠢᠭᠤᠯᠣᠯᠳᠠ ᠶᠢ ᠪᠦᠬᠦ ᠳᠠᠯ᠎ᠠ ᠪᠠᠷ ᠳᠦᠷᠬᠡᠳᠬᠡᠵᠣ᠂ ᠦᠨᠣ | ᠵᠢᠯ ᠴᠡᠴᠡᠷᠯᠢᠭᠵᠢᠭᠰᠡᠨ ᠪᠠᠶᠢᠭᠤᠯᠭ᠎ᠠ ᠶᠢ 33 ᠨᠢᠬᠡᠴᠠ᠂ ᠴᠡᠴᠡᠷᠯᠢᠭᠵᠢᠭᠰᠡᠨ ᠰᠣᠷᠭᠠᠭᠤᠯᠢ ᠶᠢ 18 ᠰᠠᠭᠤᠷᠢ᠂ | ᠴᠡᠴᠡᠷᠯᠢᠭᠵᠢᠭᠰᠡᠨ ᠠᠵᠣ ᠦᠢᠯᠡᠳᠪᠦᠷᠢ ᠶᠢ 11 ᠡᠷᠦᠬᠡ᠂ ᠴᠡᠴᠡᠷᠯᠢᠭᠵᠢᠭᠰᠡᠨ ᠪᠠᠭ᠎ᠠ ᠳᠣᠭᠤᠷᠢᠭ ᠢ 5 ᠠᠴᠠ | ᠳᠡᠭᠡᠭᠰᠢ ᠪᠠᠶᠢᠭᠤᠯᠵᠣ᠂ ᠬᠤᠳᠠ ᠶᠢᠨ ᠳᠣᠭᠤᠷᠢᠭ ᠲᠤ 28 ᠳᠦᠮᠡᠨ ᠳᠡᠭᠰᠢ ᠳᠦᠷᠪᠡᠯᠵᠢᠨ ᠮᠧᠲᠷ ᠳᠠᠯᠠᠪᠠᠢ ᠶᠢᠨ | ᠨᠣᠭᠤᠭᠠᠷᠠᠭᠤᠯᠣᠯᠳᠠ ᠶᠢ ᠰᠢᠨ᠎ᠡ ᠪᠠᠷ ᠨᠡᠮᠡᠭᠳᠡᠬᠦᠯᠬᠦ ᠶᠢ ᠪᠠᠳᠣᠯᠠᠵᠣ᠂ ᠬᠤᠳᠠ ᠪᠠᠨ ᠳᠠᠯ᠎ᠠ ᠨᠣᠳᠤᠭ ᠢᠶᠠᠷ | ᠬᠦᠷᠢᠶᠠᠯᠠᠨᠠ᠃ ᠦᠨᠳᠦᠰᠦᠨ ᠨᠣᠳᠤᠭ ᠪᠡᠯᠴᠢᠬᠡᠷ ᠤᠨ ᠬᠠᠮᠠᠭᠠᠯᠠᠯᠳᠠ ᠶᠢᠨ ᠳᠦᠷᠢᠮ ᠪᠠ ᠭᠠᠵᠠᠷ ᠬᠠᠭᠠᠯᠪᠣᠷᠢᠯᠠᠬᠤ | ᠮᠠᠯᠵᠢᠬᠤ ᠶᠢ ᠵᠣᠭᠰᠣᠭᠠᠬᠤ ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ | ᠠᠶᠠᠨᠳᠠᠭᠠᠨ ᠰᠡᠷᠬᠦᠬᠡᠬᠦ ᠪᠠᠷ ᠭᠤᠣᠯ ᠴᠢᠭᠯᠡᠯᠳᠡ ᠪᠣᠯᠭᠠᠬᠤ ᠶᠢ ᠪᠠᠷᠢᠮᠳᠠᠯᠠᠵᠣ᠂ ᠬᠤᠳᠠ ᠶᠢᠨ ᠭᠠᠳᠠᠷ ᠬᠦᠷᠢᠶ᠎ᠠ ᠪᠠ | ᠴᠡᠷᠢᠭ ᠤᠨ ᠠᠭᠳᠠ ᠶᠢᠨ ᠳᠠᠯᠠᠪᠠᠢ ᠶᠢᠨ ᠨᠣᠳᠤᠭ ᠪᠡᠯᠴᠢᠬᠡᠷ ᠤᠨ ᠬᠠᠮᠠᠭᠠᠯᠠᠯᠳᠠ ᠶᠢᠨ ᠬᠠᠮᠢᠶᠠᠷᠣᠯᠳᠠ ᠶᠢ | ᠴᠢᠩᠭᠠᠳᠬᠠᠵᠣ᠂ ᠨᠣᠳᠤᠭ ᠪᠡᠯᠴᠢᠬᠡᠷ ᠣᠷᠭᠤᠮᠠᠯ ᠬᠤᠴᠢᠯᠭ᠎ᠠ ᠪᠠ ᠵᠡᠷᠯᠢᠭ ᠠᠷᠢᠶᠠᠳᠠᠨ ᠢ ᠠᠩᠨᠠᠬᠤ ᠵᠡᠷᠬᠡ ᠬᠠᠣᠯᠢ | ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠳᠤ ᠬᠦᠨᠳᠣ ᠴᠣᠬᠢᠯᠳᠠ ᠦᠭᠬᠦᠨ᠎ᠡ᠃ ᠮᠠᠭᠤᠳᠠᠭᠰᠠᠨ ᠨᠣᠳᠤᠭ ᠪᠡᠯᠴᠢᠬᠡᠷ ᠢ | ᠵᠠᠰᠠᠬᠤ ᠬᠦᠴᠦᠯᠡᠴᠠ ᠪᠠᠨ ᠶᠡᠬᠡᠰᠬᠡᠵᠣ᠂ ᠳᠣᠰ ᠵᠢᠯ ᠳᠤ 2 ᠳᠦᠮᠡᠨ ᠮᠣ᠋ ︽ᠳᠠᠷᠢᠶᠠᠯᠠᠬᠤ ᠶᠢ ᠵᠣᠭᠰᠣᠭᠠᠵᠣ ᠨᠣᠳᠤᠭ | ᠪᠡᠯᠴᠢᠬᠡᠷ ᠢ ᠰᠡᠷᠬᠦᠬᠡᠬᠦ︾ ᠶᠢ ᠪᠡᠶᠡᠯᠡᠬᠦᠯᠦᠨ᠎ᠡ᠃ ᠬᠤᠣᠯᠢᠩᠭᠤᠣᠯ ᠳᠤ ᠪᠠᠨ ︽ᠴᠡᠯᠮᠡᠬᠦᠨ ᠳᠡᠭᠷᠢ ᠳᠡᠨᠢᠬᠦᠨ ᠳᠠᠯ᠎ᠠ | ᠲᠠᠢ᠂ ᠠᠶᠠᠰ ᠤᠨ ᠰᠠᠯᠬᠢ ᠦᠯᠢᠶᠡᠬᠦᠶᠡ ᠦᠬᠡᠷ ᠬᠤᠨᠢ ᠢᠷᠡᠯᠵᠡᠬᠤ︾ ᠭᠤᠶᠢᠳᠠ ᠰᠠᠶᠢᠬᠠᠨ ᠳᠠᠯ᠎ᠠ ᠨᠣᠳᠤᠭ ᠤᠨ | ᠦᠩᠭᠡ ᠦᠵᠡᠮᠵᠢ ᠶᠢ ᠠᠭᠠᠵᠢᠮ ᠢᠶᠠᠷ ᠢᠯᠡᠷᠡᠬᠦᠯᠦᠨ᠎ᠡ᠃ | ︵ᠳᠣᠯᠤᠭ᠎ᠠ︶ ᠬᠦᠴᠦᠨ ᠢᠶᠠᠨ ᠬᠠᠮᠳᠣᠳᠬᠠᠨ ᠪᠣᠯᠪᠠᠰᠣᠨ ᠬᠤᠳᠠ ᠪᠠᠨ ᠬᠠᠮᠳᠣᠪᠡᠷ ᠪᠠᠶᠢᠭᠤᠯᠵᠣ ᠬᠠᠮᠳᠣᠪᠡᠷ | ᠡᠳ᠋ᠯᠡᠵᠣ᠂ ᠬᠤᠳᠠ ᠬᠦᠳᠡᠭᠡ ᠶᠢᠨ ᠠᠭᠤᠰᠣᠯᠴᠠᠨ ᠬᠦᠭᠵᠢᠬᠦ ᠶᠢ ᠠᠬᠢᠭᠤᠯᠣᠨ᠎ᠠ᠃ ᠳᠦᠯᠦᠪᠵᠢᠬᠦᠯᠬᠡ ᠪᠠᠷ ᠬᠤᠳᠠ | ᠬᠦᠳᠡᠭᠡ ᠶᠢᠨ ᠠᠭᠤᠰᠣᠯᠴᠠᠯ ᠢ ᠬᠦᠳᠦᠯᠵᠣ᠂ ᠬᠤᠳᠠ ᠬᠦᠳᠡᠭᠡ ᠶᠢᠨ ᠣᠷᠴᠢᠨ ᠳᠣᠭᠤᠷᠢᠨ ᠢ ᠰᠢᠯᠢᠳᠡᠭᠵᠢᠬᠦᠯᠵᠣ᠂ | ᠬᠤᠳᠠ ᠭᠦᠳᠡᠭᠡ ᠶᠢᠨ ᠬᠦᠭᠵᠢᠨ ᠮᠠᠨᠳᠣᠯᠳᠠ ᠶᠢ ᠳᠦᠯᠬᠢᠨ ᠠᠬᠢᠭᠤᠯᠵᠣ᠂ ᠪᠣᠯᠪᠠᠰᠣᠨ ᠬᠤᠳᠠ ᠶᠢ ᠪᠦᠬᠦ ᠬᠦᠴᠦᠨ | ᠢᠶᠠᠷ ᠪᠠᠶᠢᠭᠤᠯᠵᠣ᠂ ᠬᠤᠳᠠ ᠬᠦᠳᠡᠭᠡ ᠨᠢᠬᠡ ᠴᠣᠭᠴᠠᠴᠢᠯᠠᠭᠰᠠᠨ ᠬᠦᠭᠵᠢᠯᠳᠡ ᠶᠢᠨ ᠰᠢᠨ᠎ᠡ ᠪᠦᠳᠦᠴᠠ ᠶᠢ | ᠪᠠᠶᠢᠭᠤᠯᠣᠨ᠎ᠠ᠃ | ᠳᠦᠯᠦᠪᠵᠢᠬᠦᠯᠬᠡ ᠶᠢ ᠳᠣᠭᠳᠠᠪᠣᠷᠢᠳᠠᠢ ᠬᠡᠷᠡᠭᠵᠢᠬᠦᠯᠬᠦ ᠶᠢ ᠴᠢᠩᠭᠠᠳᠬᠠᠨ᠎ᠠ᠃ ᠳᠦᠯᠦᠪᠵᠢᠬᠦᠯᠬᠡ ᠶᠢ | ᠣᠷᠢᠳᠠᠪᠠᠷ ᠶᠠᠪᠣᠭᠤᠯᠬᠤ ᠶᠢ ᠪᠠᠷᠢᠮᠳᠠᠯᠠᠵᠣ᠂ ᠬᠤᠳᠠ ᠶᠢᠨ ᠬᠦᠭᠵᠢᠯᠳᠡ ᠶᠢᠨ ︽ᠵᠦᠪᠰᠢᠶᠡᠷᠡᠬᠦ᠂ ᠪᠠᠶᠢᠭᠤᠯᠬᠤ᠂ | ᠬᠡᠷᠡᠭᠯᠡᠬᠦ᠂ ᠬᠠᠮᠢᠶᠠᠷᠬᠤ︾ ᠭᠤᠭᠴᠤᠭ᠎ᠠ ᠪᠦᠷᠢ ᠶᠢ ᠴᠢᠩᠭ᠎ᠠ ᠳᠦᠷᠢᠮᠵᠢᠬᠦᠯᠵᠣ᠂ ᠬᠤᠳᠠ ᠶᠢᠨ ᠠᠵᠣ | ᠦᠢᠯᠡᠳᠪᠦᠷᠢᠯᠡᠯ᠂ ᠣᠷᠣᠨ ᠰᠠᠭᠤᠴᠠ᠂ ᠠᠮᠢ ᠠᠬᠤᠢ ᠪᠠ ᠰᠠᠭᠤᠷᠢ ᠳᠦᠬᠦᠬᠡᠷᠦᠮᠵᠢ ᠶᠢᠨ ᠣᠷᠣᠨ ᠵᠠᠢ ᠶᠢᠨ | ᠪᠠᠶᠢᠷᠢᠰᠢᠭᠤᠯᠣᠯᠳᠠ ᠶᠢ ᠰᠢᠨᠵᠢᠯᠡᠬᠦ ᠣᠬᠠᠭᠠᠨᠴᠢ ᠪᠠᠷ ᠳᠦᠯᠦᠪᠵᠢᠭᠦᠯᠵᠣ᠂ ᠳᠣᠭᠤᠷᠢᠭ ᠤᠨ ᠴᠢᠨᠠᠷ ᠲᠠᠢ ᠳᠦᠪ | ᠬᠤᠳᠠ ᠶᠢᠨ ᠪᠠᠷᠢᠮᠵᠢᠶ᠎ᠠ ᠶᠣᠰᠣᠭᠠᠷ ᠪᠦᠳᠦᠬᠡᠨ ᠪᠠᠶᠢᠭᠤᠯᠵᠣ᠂ ︽ᠣᠯᠠᠨ ᠳᠦᠯᠦᠪᠵᠢᠬᠦᠯᠬᠡ ᠶᠢ ᠨᠢᠬᠡᠳᠬᠡᠬᠦ︾ ᠶᠢ | ᠠᠭᠠᠵᠢᠮ ᠢᠶᠠᠷ ᠬᠡᠷᠡᠭᠵᠢᠬᠦᠯᠣᠨ᠎ᠠ᠃ ᠭᠤᠷᠪᠠᠳᠣᠭᠠᠷ ᠣᠳᠠᠭᠠᠨ ᠤ ᠣᠯᠣᠰ ᠤᠨ ᠨᠣᠳᠤᠭ ᠳᠡᠪᠢᠰᠬᠡᠷ ᠤᠨ | ᠪᠠᠶᠢᠴᠠᠭᠠᠯᠳᠠ ᠶᠢ ᠯᠠᠪᠳᠠᠭᠤᠨ ᠪᠠᠳᠣᠳᠠᠢ ᠦᠷᠨᠢᠬᠦᠯᠵᠣ᠂ ᠭᠠᠵᠠᠷ ᠰᠢᠷᠣᠢ ᠶᠢ ᠠᠷᠪᠢᠯᠠᠨ ᠭᠠᠮᠨᠠᠵᠣ ᠡᠷᠴᠢᠮᠵᠢᠬᠦᠯᠣᠨ | ᠠᠰᠢᠭᠯᠠᠬᠤ ᠰᠠᠭᠤᠷᠢ ᠶᠢ ᠪᠠᠬᠢᠵᠢᠬᠦᠯᠦᠨ᠎ᠡ᠃ | ᠬᠤᠳᠠ ᠶᠢᠨ ᠪᠠᠶᠢᠭᠤᠯᠣᠯᠳᠠ ᠬᠠᠮᠢᠶᠠᠷᠣᠯᠳᠠ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠭᠤᠣᠯ | ᠬᠤᠳᠠ ᠳᠣᠭᠤᠷᠢᠭ ᠪᠣᠯᠣᠨ ᠬᠤᠣᠯᠢᠩᠭᠤᠣᠯ ᠷᠠᠰᠢᠶᠠᠨ ᠤ ᠬᠤᠭᠤᠷᠣᠨᠳᠣᠬᠢ ᠨᠢᠬᠡᠳᠦᠬᠡᠷ ᠳᠡᠰ ᠤᠨ ᠵᠠᠮ ᠤᠨ | ᠬᠤᠯᠪᠣᠯᠴᠠᠭᠠᠬᠤ ᠱᠣᠭᠤᠮ ᠤᠨ ᠳᠦᠷᠦᠯ ᠵᠦᠢᠯ ᠢ ᠪᠦᠬᠦ ᠬᠦᠴᠦᠨ ᠢᠶᠠᠷ ᠳᠦᠯᠬᠢᠨ ᠠᠬᠢᠭᠤᠯᠵᠣ᠂ ᠬᠠᠭᠠᠨᠳᠣ | ᠠᠭᠤᠯᠠ ᠶᠢᠨ ᠵᠢᠭᠤᠯᠴᠢᠯᠠᠯ ᠤᠨ ᠵᠠᠰᠠᠮᠠᠯ ᠵᠠᠮ᠂ ᠣᠯᠣᠰ ᠤᠨ ᠵᠠᠮ᠂ ᠮᠣᠵᠢ ᠶᠢᠨ ᠵᠠᠮ ᠤᠨ ᠬᠠᠭᠤᠷᠠᠢ ᠵᠠᠮ ᠱᠣᠭᠤᠮ | ᠵᠢᠴᠢ ᠬᠦᠳᠡᠭᠡ ᠳᠣᠰᠬᠤᠨ ᠤ ᠵᠠᠰᠠᠮᠠᠯ ᠵᠠᠮ ᠬᠠᠷᠢᠯᠴᠠᠭ᠎ᠠ ᠳᠡᠭᠡᠭᠡᠪᠦᠷᠢ ᠶᠢᠨ ᠠᠮᠣᠷ ᠳᠦᠪᠰᠢᠨ ᠤ ᠪᠠᠳᠣᠯᠠᠭ᠎ᠠ ᠶᠢᠨ | ᠢᠨᠵᠧᠨᠧᠷᠢᠩ ᠢ ᠳᠦᠷᠬᠡᠳᠬᠡᠨ ᠬᠡᠷᠡᠭᠵᠢᠬᠦᠯᠵᠣ᠂ ᠡᠯᠦᠨ ᠣᠩᠭᠤᠨ ᠪᠠᠶᠢᠭᠠᠯᠢ ᠶᠢᠨ ᠳᠠᠯ᠎ᠠ ᠨᠣᠳᠤᠭ ᠤᠨ ᠬᠦᠳᠡᠭᠡ | ᠳᠣᠰᠬᠤᠨ ᠤ ᠵᠢᠭᠤᠯᠴᠢᠯᠠᠯ ᠤᠨ ᠵᠠᠰᠠᠮᠠᠯ ᠵᠠᠮ ᠤᠨ ᠳᠦᠷᠦᠯ ᠵᠦᠢᠯ ᠤᠨ ᠨᠢᠬᠡᠳᠦᠬᠡᠷ ᠬᠤᠭᠤᠴᠠᠭ᠎ᠠ ᠶᠢᠨ ᠰᠡᠬᠦᠯ | ᠬᠤᠷᠢᠶᠠᠬᠤ ᠠᠵᠢᠯ ᠢ ᠪᠡᠶᠡᠯᠡᠬᠦᠯᠵᠣ᠂ ᠯᠦᠪᠸᠢ ᠠᠴᠠ ᠬᠤᠣᠯᠢᠩᠭᠤᠣᠯ ᠬᠦᠷᠳᠡᠯᠡᠬᠢ ᠦᠨᠳᠦᠷ ᠬᠤᠷᠳᠣᠴᠠᠳᠣ ᠵᠠᠰᠠᠮᠠᠯ | ᠵᠠᠮ ᠤᠨ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠠᠢ ᠦᠷᠨᠢᠬᠦᠯᠣᠨ᠎ᠠ᠃ | ᠨᠣᠭᠤᠭᠠᠷᠠᠭᠤᠯᠣᠯᠳᠠ᠂ ᠬᠠᠳᠠᠭᠤᠷᠠᠭᠤᠯᠣᠯᠳᠠ᠂ ᠵᠠᠮ᠂ ᠬᠤᠭᠤᠯᠠᠢ ᠶᠢᠨ ᠳᠣᠣᠷ ᠤᠨ ᠣᠳᠣᠬᠢ ᠪᠠᠶᠢᠳᠠᠯ ᠢ ᠪᠦᠬᠦ | ᠳᠠᠯ᠎ᠠ ᠪᠠᠷ ᠣᠶᠢᠯᠠᠭᠠᠨ᠂ ᠡᠬᠡ ᠳᠠᠩᠰᠠ ᠪᠠᠶᠢᠭᠤᠯᠵᠣ᠂ ᠪᠠᠶᠢᠭᠤᠯᠬᠤ ᠴᠠᠭ᠂ ᠪᠡᠯᠡ ᠣᠷᠣᠭᠤᠯᠬᠤ ᠳᠤᠭ᠎ᠠ ᠬᠡᠮᠵᠢᠶ᠎ᠡ᠂ | ᠠᠯᠪᠠ ᠬᠠᠭᠠᠬᠤ ᠬᠤᠭᠤᠴᠠᠭ᠎ᠠ ᠵᠡᠷᠬᠡ ᠰᠣᠷᠠᠭ ᠵᠠᠩᠬᠢ ᠶᠢᠨ ᠠᠭᠤᠯᠭ᠎ᠠ ᠶᠢ ᠳᠡᠬᠦᠯᠳᠡᠷᠵᠢᠬᠦᠯᠵᠣ᠂ ᠬᠤᠳᠠ ᠶᠢᠨ ᠵᠠᠰᠠᠭ | ᠤᠨ ᠶᠠᠪᠣᠳᠠᠯ ᠤᠨ ᠢᠨᠵᠧᠨᠧᠷᠢᠩ ᠵᠡᠷᠬᠡ ᠰᠠᠭᠤᠷᠢ ᠳᠦᠬᠦᠬᠡᠷᠦᠮᠵᠢ ᠶᠢᠨ ᠪᠡᠯᠡ ᠣᠷᠣᠭᠤᠯᠣᠯᠳᠠ ᠶᠢᠨ ᠨᠠᠷᠢᠯᠢᠭ | ᠣᠨᠣᠪᠴᠢᠳᠣ ᠴᠢᠨᠠᠷ ᠪᠠ ᠪᠦᠳᠦᠮᠵᠢᠳᠣ ᠴᠢᠨᠠᠷ ᠢ ᠳᠡᠭᠡᠭᠰᠢᠯᠡᠬᠦᠯᠦᠨ᠎ᠡ᠃ ᠡᠪᠣᠯ ᠤᠨ ᠣᠯᠠᠷᠢᠯ ᠤᠨ ᠳᠣᠯᠠᠭᠠᠯᠭ᠎ᠠ ᠶᠢᠨ | ᠢᠯᠡᠷᠬᠡᠢ ᠳᠣᠪᠣᠶᠢᠮ᠎ᠠ ᠠᠰᠠᠭᠤᠳᠠᠯ ᠢ ᠬᠢᠨᠠᠮᠠᠭᠠᠢ ᠡᠮᠬᠢᠳᠬᠡᠵᠣ᠂ ᠰᠢᠨ᠎ᠡ ᠬᠠᠭᠤᠴᠢᠨ ᠬᠤᠭᠤᠯᠠᠢ ᠶᠢᠨ ᠳᠣᠣᠷ ᠵᠢᠴᠢ | ᠬᠡᠰᠡᠭ ᠬᠠᠭᠤᠴᠢᠨ ᠪᠠᠭ᠎ᠠ ᠳᠣᠭᠤᠷᠢᠭ ᠢ ᠰᠡᠯᠪᠢᠨ ᠵᠠᠰᠠᠨ ᠰᠢᠨᠡᠳᠭᠡᠵᠣ᠂ ︽ᠡᠪᠣᠯ ᠤᠨ ᠡᠪᠡᠳᠴᠢᠨ ᠢ ᠵᠣᠨ ᠡᠮᠨᠡᠬᠦ︾ | ᠶᠢ ᠶᠡᠭᠡ ᠬᠦᠴᠦᠨ ᠢᠶᠠᠷ ᠦᠷᠨᠢᠬᠦᠯᠵᠣ᠂ ᠣᠯᠠᠨ ᠳᠦᠮᠡᠨ ᠤ ᠳᠣᠯᠠᠭᠠᠨ ᠡᠪᠣᠯ ᠦᠩᠭᠡᠷᠡᠬᠦᠯᠬᠦ ᠶᠢ ᠪᠠᠳᠣᠯᠠᠨ᠎ᠠ᠃ | ᠬᠤᠳᠠ ᠶᠢᠨ ᠨᠠᠷᠢᠯᠢᠭᠵᠢᠭᠤᠯᠣᠯᠳᠠ ᠶᠢᠨ ᠬᠠᠮᠢᠶᠠᠷᠣᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠨᠢᠬᠦᠯᠵᠣ᠂ ︽ | ᠭᠤᠷᠪᠠ ᠶᠢ ᠡᠵᠡᠯᠡᠵᠣ᠂ ᠠᠷᠪᠠᠨ ᠡᠮᠬᠢ ᠵᠠᠮᠪᠠᠷᠠᠭ᠎ᠠ ᠦᠬᠡᠢ︾ ᠪᠠᠶᠢᠭ᠎ᠠ ᠶᠢ ᠶᠡᠭᠡ ᠬᠦᠴᠦᠨ ᠢᠶᠠᠷ ᠴᠡᠭᠴᠡᠯᠡᠨ ᠵᠠᠰᠠᠨ᠎ᠠ | ᠃ ᠬᠠᠣᠯᠢ ᠠᠴᠠ ᠵᠦᠷᠢᠴᠡᠨ ᠭᠠᠵᠠᠷ ᠡᠵᠡᠯᠡᠬᠦ ᠠᠵᠢᠯᠯᠠᠭ᠎ᠠ ᠳᠤ ᠬᠦᠨᠳᠣ ᠴᠣᠬᠢᠯᠳᠠ ᠦᠭᠴᠣ᠂ ᠳᠦᠷᠢᠮ ᠠᠴᠠ | ᠵᠦᠷᠢᠴᠡᠨ ᠪᠠᠶᠢᠭᠤᠯᠣᠭᠰᠠᠨ ᠪᠠᠷᠢᠯᠭ᠎ᠠ ᠶᠢ ᠪᠦᠬᠦ ᠳᠠᠯ᠎ᠠ ᠪᠠᠷ ᠨᠣᠷᠠᠭᠠᠨ ᠴᠡᠪᠡᠷᠯᠡᠨ᠎ᠡ᠃ ᠣᠷᠴᠢᠨ ᠳᠣᠭᠤᠷᠢᠨ ᠤ | ᠡᠷᠡᠬᠦᠯ ᠬᠠᠮᠠᠭᠠᠯᠠᠯ ᠤᠨ ᠵᠠᠰᠠᠯᠳᠠ ᠶᠢ ᠴᠢᠩᠭᠠᠳᠬᠠᠵᠣ᠂ ᠬᠤᠭ ᠨᠣᠪᠰᠢ ᠶᠢ ᠳᠦᠷᠦᠯ ᠬᠤᠪᠢᠶᠠᠨ ᠴᠣᠭᠯᠠᠭᠤᠯᠣᠨ | ᠰᠢᠢᠳᠪᠦᠷᠢᠯᠡᠬᠦ ᠶᠢ ᠠᠬᠢᠭᠤᠯᠵᠣ᠂ ᠤᠭ ᠡᠬᠢ ᠠᠴᠠ ᠨᠢ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭ ᠢ ᠠᠰᠢᠭᠯᠠᠬᠤ | ᠶᠢ ᠳᠦᠯᠬᠢᠨ ᠠᠬᠢᠭᠤᠯᠣᠨ᠎ᠠ᠃ ︽ᠠᠳᠠᠯ ᠠᠬᠤᠢ ᠶᠢᠨ ᠦᠢᠯᠡᠴᠢᠯᠡᠬᠡᠨ ᠤ ᠶᠠᠰᠣ ᠴᠢᠨᠠᠷ ᠢ ᠳᠡᠭᠡᠭᠰᠢᠯᠡᠬᠦᠯᠬᠦ ᠵᠢᠯ︾ | ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠣ᠂ ᠠᠳᠠᠯ ᠠᠬᠤᠢ ᠶᠢᠨ ᠦᠢᠯᠡᠴᠢᠯᠡᠬᠡᠨ ᠤ ᠬᠠᠮᠢᠶᠠᠷᠣᠯᠳᠠ ᠶᠢᠨ | ᠳᠦᠷᠢᠮᠵᠢᠬᠦᠯᠦᠯᠳᠡ᠂ ᠪᠠᠷᠢᠮᠵᠢᠶᠠᠵᠢᠯᠠᠯᠳᠠ᠂ ᠮᠡᠷᠬᠡᠵᠢᠯᠡᠯᠳᠡ ᠶᠢ ᠳᠦᠯᠬᠢᠨ ᠠᠬᠢᠭᠤᠯᠵᠣ᠂ ᠠᠳᠠᠯ ᠠᠬᠤᠢ ᠶᠢᠨ | ᠦᠢᠯᠡᠴᠢᠯᠡᠭᠡᠨ ᠤ ᠬᠢᠷᠢ ᠳᠦᠪᠰᠢᠨ ᠠᠨᠠᠢ᠂ ᠠᠷᠠᠳ ᠣᠯᠠᠨ ᠤ ᠰᠦᠢᠳᠬᠡᠯ ᠳᠣᠰᠢᠶᠠᠬᠤ ᠣᠬᠠᠮᠰᠠᠷ ᠢᠶᠠᠷ ᠳᠣᠳᠠᠮᠠᠭ᠂ | ᠬᠢᠨᠠᠯᠳᠠ ᠬᠠᠮᠢᠶᠠᠷᠣᠯᠳᠠ ᠶᠢ ᠵᠣᠬᠢᠴᠠᠭᠤᠯᠣᠨ ᠠᠵᠢᠯᠯᠠᠭᠤᠯᠬᠤ ᠳᠤ ᠰᠠᠭᠠᠳ ᠪᠣᠯᠵᠣ ᠪᠠᠶᠢᠭ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ | ᠬᠦᠳᠡᠭᠡ ᠳᠣᠰᠬᠤᠨ ᠢ ᠬᠦᠭᠵᠢᠬᠦᠯᠣᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠦᠨ᠎ᠡ᠃ | ᠣᠳᠣᠬᠢᠴᠢᠯᠠᠭᠰᠠᠨ ᠳᠠᠷᠢᠶᠠᠯᠠᠩ ᠮᠠᠯ ᠠᠵᠣ ᠠᠬᠤᠢ ᠶᠢᠨ ᠦᠢᠯᠡᠰ ᠢ ᠳᠦᠷᠬᠡᠳᠭᠡᠨ ᠬᠦᠭᠵᠢᠬᠦᠯᠵᠣ᠂ | ᠨᠣᠭᠤᠭᠠᠷᠠᠭᠤᠯᠣᠯᠳᠠ᠂ ᠦᠪᠡᠷᠮᠢᠴᠢᠯᠡᠯᠳᠡ᠂ ᠨᠡᠷᠡᠳᠣ ᠳᠡᠮᠳᠡᠭ ᠤᠨ ᠳᠣᠭᠤᠷᠢᠨ ᠳᠤ ᠴᠡᠷᠢᠭ ᠤᠨ ᠠᠭᠳᠠ ᠶᠢᠨ | ᠳᠠᠯᠠᠪᠠᠢ ᠶᠢᠨ ᠣᠷᠣᠨ ᠤ ᠳᠣᠭᠤᠷᠢᠨ ᠦᠵᠡᠬᠦ ᠳᠠᠷᠢᠶᠠᠯᠠᠩ ᠮᠠᠯᠵᠢᠯ ᠤᠨ ᠦᠢᠯᠡᠰ ᠪᠠ ᠵᠢᠭᠤᠯᠴᠢᠯᠠᠯ ᠤᠨ ᠦᠢᠯᠡᠰ ᠢ | ᠬᠦᠭᠵᠢᠬᠦᠯᠦᠨ᠎ᠡ᠃ ︽ᠳᠠᠷᠢᠶᠠᠨ ᠭᠠᠵᠠᠷ ᠢ ᠨᠡᠷ᠎ᠡ ᠪᠣᠷᠣᠭᠤᠯᠠᠵᠣ ᠡᠵᠡᠯᠡᠭᠰᠡᠨ ᠬᠠᠣᠯᠢ ᠪᠣᠰᠣ ᠪᠠᠷᠢᠯᠭ᠎ᠠ︾ ᠶᠢᠨ | ᠠᠰᠠᠭᠤᠳᠠᠯ ᠢ ᠴᠡᠭᠴᠡᠯᠡᠨ ᠵᠠᠰᠠᠬᠤ ᠲᠠᠢ ᠣᠶᠠᠯᠳᠣᠭᠤᠯᠣᠨ᠂ ᠳᠦᠷᠦ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ | ᠮᠡᠷᠬᠡᠵᠢᠯ ᠤᠨ ᠳᠡᠮᠵᠢᠯᠬᠡ ᠶᠢ ᠴᠢᠩᠭᠠᠳᠬᠠᠵᠣ᠂ ᠪᠠᠷᠠᠭᠤᠨ ᠪᠣᠷᠭᠠᠰᠣᠳᠠᠢ ᠶᠢᠨ ᠬᠡᠰᠡᠭ ᠣᠷᠣᠨ ᠤ ᠳᠠᠷᠢᠶᠠᠯᠠᠩ | ᠦᠢᠯᠡᠳᠪᠦᠷᠢᠯᠡᠯ ᠢ ᠰᠡᠷᠬᠦᠬᠡᠬᠦ ᠶᠢ ᠠᠬᠢᠭᠤᠯᠵᠣ᠂ ᠳᠠᠷᠢᠶᠠᠯᠠᠩ ᠪᠠ ᠬᠡᠳᠣ ᠳᠡᠯᠭᠡᠬᠦᠷ ᠵᠣᠯᠭᠠᠯᠴᠠᠭᠤᠯᠬᠤ᠂ ᠳᠠᠷᠢᠶᠠᠯᠠᠩ | ᠪᠠ ᠬᠤᠭᠤᠯᠠᠨ ᠬᠡᠷ ᠵᠣᠯᠭᠠᠯᠴᠠᠭᠤᠯᠬᠤ᠂ ᠳᠠᠷᠢᠶᠠᠯᠠᠩ ᠠᠵᠣ ᠠᠬᠤᠶᠢᠯᠠᠯ ᠵᠣᠯᠭᠠᠯᠴᠠᠭᠤᠯᠬᠤ ᠶᠢ ᠳᠦᠷᠬᠡᠳᠬᠡᠵᠣ᠂ | ᠪᠦᠬᠦ ᠬᠤᠳᠠ ᠶᠢᠨ ᠠᠷᠠᠳ ᠳᠦᠮᠡᠨ ᠳᠤ ᠰᠢᠯᠢᠳᠡᠭ ᠴᠢᠨᠠᠷ ᠲᠠᠢ ︽ᠢᠳᠡᠰᠢᠨ ᠨᠣᠭᠤᠭ᠎ᠠ ᠶᠢᠨ ᠬᠠᠩᠭᠠᠯᠠᠭ᠎ᠠ︾ ᠶᠢ | ᠪᠠᠶᠢᠭᠤᠯᠣᠨ᠎ᠠ᠃ ᠦᠵᠡᠰᠬᠦᠯᠡᠩᠳᠣ ᠰᠠᠶᠢᠬᠠᠨ ᠬᠦᠳᠡᠭᠡ ᠳᠣᠰᠬᠤᠨ ᠢ ᠬᠦᠴᠦᠨ ᠨᠢᠬᠡᠳᠴᠣ ᠪᠦᠳᠦᠬᠡᠨ ᠪᠠᠶᠢᠭᠤᠯᠵᠣ᠂ | ᠪᠣᠯᠪᠠᠰᠣᠨ ᠬᠦᠳᠡᠭᠡ ᠶᠢᠨ ᠰᠣᠷᠳᠠᠯ᠂ ᠰᠠᠶᠢᠨ ᠰᠠᠶᠢᠬᠠᠨ ᠬᠡᠷ ᠤᠨ ᠰᠣᠷᠳᠠᠯ᠂ ᠪᠣᠷᠣᠭᠵᠢᠭᠤᠨ ᠠᠷᠠᠳ ᠤᠨ ᠰᠣᠷᠳᠠᠯ | ᠢ ᠰᠠᠶᠢᠳᠣᠷ ᠪᠣᠢ ᠪᠣᠯᠭᠠᠵᠣ᠂ ᠬᠦᠳᠡᠭᠡ ᠳᠣᠰᠬᠤᠨ ᠤ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠢ ᠴᠡᠭᠴᠡᠯᠡᠨ | ᠵᠠᠰᠠᠬᠤ ᠠᠵᠢᠯᠯᠠᠭ᠎ᠠ ᠶᠢ ᠶᠡᠭᠡ ᠬᠦᠴᠦᠨ ᠢᠶᠠᠷ ᠦᠷᠨᠢᠬᠦᠯᠵᠣ᠂ ᠬᠤᠭ ᠨᠣᠪᠰᠢ᠂ ᠪᠣᠬᠢᠷ ᠣᠰᠣ ᠶᠢ ᠰᠢᠢᠳᠪᠦᠷᠢᠯᠡᠬᠦ᠂ | ︽ᠵᠣᠷᠯᠣᠩ ᠤᠨ ᠬᠤᠪᠢᠰᠠᠬᠠᠯ︾᠂ ᠳᠣᠰᠬᠤᠨ ᠤ ᠳᠦᠷᠢ ᠳᠦᠷᠬᠦ ᠶᠢ ᠳᠡᠭᠡᠭᠰᠢᠯᠡᠬᠦᠯᠬᠦ ᠵᠡᠷᠬᠡ ᠳᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠳᠣᠷ ᠬᠢᠵᠣ᠂ ᠬᠦᠳᠡᠭᠡ ᠳᠣᠰᠬᠤᠨ ᠤ ᠠᠮᠢᠳᠣᠷᠠᠯ ᠤᠨ ᠬᠤᠭ ᠨᠣᠪᠰᠢ ᠶᠢᠨ ᠰᠢᠢᠳᠪᠦᠷᠢᠯᠡᠬᠦ | ᠨᠣᠷᠮ᠎ᠠ ᠶᠢ 70% ᠠᠴᠠ ᠳᠡᠭᠡᠭᠰᠢ ᠪᠣᠯᠭᠠᠬᠤ ᠶᠢ ᠪᠠᠳᠣᠯᠠᠵᠣ᠂ ᠬᠦᠳᠡᠭᠡ ᠳᠣᠰᠬᠤᠨ ᠤ ᠣᠷᠴᠢᠨ ᠳᠣᠭᠤᠷᠢᠨ ᠤ | ᠦᠷᠬᠦᠯᠵᠢᠳᠡ ᠰᠠᠶᠢᠵᠢᠷᠠᠭᠤᠯᠬᠤ ᠶᠢ ᠳᠦᠯᠬᠢᠨ ᠠᠬᠢᠭᠤᠯᠣᠨ᠎ᠠ᠃ | ᠪᠣᠯᠪᠠᠰᠣᠨ ᠢ ᠡᠬᠦᠳᠦᠨ ᠪᠠᠶᠢᠭᠤᠯᠬᠤ ᠠᠯᠬᠤᠴᠠ ᠪᠠᠨ ᠳᠦᠷᠬᠡᠳᠬᠡᠨ᠎ᠡ᠃ ᠪᠦᠬᠦ ᠣᠯᠣᠰ ᠤᠨ ᠪᠣᠯᠪᠠᠰᠣᠨ | ᠬᠤᠳᠠ ᠶᠢ ᠪᠠᠶᠢᠭᠤᠯᠬᠤ ᠪᠠᠷ ᠭᠠᠷᠳᠠᠴᠠ ᠪᠣᠯᠭᠠᠨ᠂ ᠠᠷᠠᠳ ᠢᠷᠬᠡᠳ ᠤᠨ ᠪᠣᠯᠪᠠᠰᠣᠨ ᠬᠡᠪ ᠰᠣᠷᠳᠠᠯ ᠪᠠ ᠨᠡᠶᠢᠬᠡᠮ | ᠤᠨ ᠪᠣᠯᠪᠠᠰᠣᠨ ᠤ ᠬᠢᠷᠢ ᠳᠦᠪᠰᠢᠨ ᠢ ᠦᠷᠬᠦᠯᠵᠢᠳᠡ ᠳᠡᠭᠡᠭᠰᠢᠯᠡᠬᠦᠯᠵᠣ᠂ ᠨᠡᠶᠢᠬᠡᠮ ᠵᠢᠷᠣᠮ ᠤᠨ ᠭᠤᠣᠯᠯᠠᠭᠴᠢ | ᠦᠷᠳᠡᠭ ᠤᠨ ᠦᠵᠡᠯᠳᠡ ᠶᠢ ᠶᠡᠭᠡ ᠬᠦᠴᠦᠨ ᠢᠶᠠᠷ ᠬᠦᠮᠦᠵᠢᠬᠦᠯᠦᠨ ᠦᠢᠯᠡᠳᠦᠯᠬᠡᠵᠢᠬᠦᠯᠵᠣ᠂ ᠯᠸᠢ ᠹᠧᠩ ᠠᠴᠠ | ᠰᠣᠷᠣᠯᠴᠠᠬᠤ ᠰᠠᠶᠢᠨ ᠳᠣᠷᠠᠴᠣᠳ ᠤᠨ ᠦᠢᠯᠡᠴᠢᠯᠡᠬᠡᠨ ᠤ ᠬᠦᠳᠡᠯᠬᠡᠬᠡᠨ ᠢ ᠦᠷᠬᠡᠨ ᠢᠶᠠᠷ ᠦᠷᠨᠢᠬᠦᠯᠦᠨ᠎ᠡ᠃ ᠬᠠᠮ | ᠵᠠᠭᠤᠴᠢᠯᠠᠭᠤᠷ ᠤᠨ ᠳᠠᠪᠴᠠᠩ ᠢ ᠬᠦᠢᠴᠡᠳ ᠠᠰᠢᠭᠯᠠᠵᠣ᠂ ᠪᠣᠯᠪᠠᠰᠣᠨ ᠵᠠᠮ ᠬᠠᠷᠢᠯᠴᠠᠭ᠎ᠠ ᠂ ᠪᠣᠯᠪᠠᠰᠣᠨ | ᠵᠢᠭᠤᠯᠴᠢᠯᠠᠯ᠂ ᠪᠣᠯᠪᠠᠰᠣᠨ ᠢᠶᠠᠷ ᠨᠣᠬᠠᠢ ᠳᠡᠵᠢᠬᠡᠬᠦ᠂ ᠪᠣᠯᠪᠠᠰᠣᠨ ᠦᠬᠡ ᠶᠠᠷᠢᠬᠤ᠂ ᠪᠣᠯᠪᠠᠰᠣᠨ ᠢᠶᠠᠷ ᠰᠦᠯᠵᠢᠶᠡᠨ | ᠳᠤ ᠭᠠᠷᠬᠤ ᠵᠡᠷᠬᠡ ᠣᠬᠠᠭᠤᠯᠭ᠎ᠠ ᠬᠦᠮᠦᠵᠢᠯ ᠢ ᠶᠡᠬᠡᠰᠬᠡᠵᠣ᠂ ︽ᠪᠣᠯᠪᠠᠰᠣᠨ ᠰᠢᠨ᠎ᠡ ᠰᠣᠷᠳᠠᠯ ᠢ ᠪᠣᠢ ᠪᠣᠯᠭᠠᠵᠣ᠂ | ᠪᠣᠯᠪᠠᠰᠣᠨ ᠬᠤᠳᠠ ᠶᠢᠨ ᠠᠷᠠᠳ ᠪᠣᠯᠬᠤ︾ ᠶᠢ ᠣᠷᠢᠶᠠᠯᠠᠵᠣ᠂ ᠪᠦᠬᠦ ᠨᠡᠶᠢᠬᠡᠮ ᠳᠤ ︽ᠬᠦᠮᠦᠨ ᠪᠦᠬᠦᠨ | ᠣᠷᠣᠯᠴᠠᠭᠰᠠᠨ᠂ ᠬᠦᠮᠦᠨ ᠪᠦᠬᠦᠨ ᠬᠦᠴᠦ ᠪᠠᠨ ᠡᠷᠬᠦᠭᠰᠡᠨ᠂ ᠬᠦᠮᠦᠨ ᠪᠦᠬᠦᠨ ᠡᠳ᠋ᠯᠡᠭᠰᠡᠨ︾ ᠪᠣᠯᠪᠠᠰᠣᠨ ᠡᠬᠦᠳᠦᠨ | ᠪᠠᠶᠢᠭᠤᠯᠬᠤ ᠠᠭᠤᠷ ᠠᠮᠢᠰᠬᠤᠯ ᠢ ᠪᠦᠷᠢᠯᠳᠦᠬᠦᠯᠬᠦ ᠪᠠᠷ ᠴᠢᠷᠮᠠᠶᠢᠨ᠎ᠠ᠃ | ︵ᠨᠠᠢᠮᠠ︶ ᠰᠡᠳᠬᠢᠯ ᠳᠠᠯᠪᠢᠨ ᠬᠠᠶᠢᠷ᠎ᠠ ᠡᠪᠦᠷᠯᠡᠨ ᠬᠦᠴᠦ ᠭᠠᠷᠭᠠᠵᠣ ᠪᠣᠳᠠᠳᠠᠢ ᠣᠴᠢᠷ ᠶᠠᠪᠣᠳᠠᠯ ᠬᠢᠬᠦ ᠶᠢ | ᠪᠠᠷᠢᠮᠳᠠᠯᠠᠵᠣ᠂ ᠵᠣᠯ ᠵᠢᠷᠭᠠᠯᠳᠣ ᠬᠤᠣᠯᠢᠩᠭᠤᠯ ᠢ ᠪᠦᠳᠦᠬᠡᠨ ᠪᠠᠶᠢᠭᠤᠯᠣᠨ᠎ᠠ᠃ ᠠᠷᠠᠳ ᠳᠦᠮᠡᠨ ᠢᠶᠠᠷ ᠭᠤᠣᠯ | ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠣ᠂ ᠣᠯᠠᠨ ᠳᠦᠮᠡᠨ ᠤ ᠬᠠᠮᠤᠭ ᠤᠨ ᠬᠠᠯᠠᠮᠵᠢᠯᠠᠵᠣ | ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠳᠣ ᠠᠰᠢᠭ ᠳᠣᠰᠠ ᠶᠢᠨ ᠠᠰᠠᠭᠤᠳᠠᠯ ᠤᠨ ᠳᠣᠭᠤᠷᠢᠨ ᠳᠤ | ᠠᠵᠢᠯᠯᠠᠵᠣ᠂ ᠠᠷᠠᠳ ᠤᠨ ᠠᠮᠢᠳᠣᠷᠠᠯ ᠤᠨ ᠪᠣᠳᠠᠳᠣ ᠶᠠᠪᠣᠳᠠᠯ ᠤᠨ ᠳᠦᠷᠦᠯ ᠵᠦᠢᠯ ᠤᠨ ᠠᠷᠠᠳ ᠤᠨ | ᠳᠦᠯᠦᠬᠡᠯᠡᠭᠴᠢᠳ ᠤᠨ ᠪᠢᠯᠧᠲ ᠢᠶᠠᠷ ᠳᠣᠭᠳᠠᠭᠠᠬᠤ ᠳᠦᠷᠢᠮ ᠤᠨ ᠳᠣᠷᠰᠢᠬᠤ ᠴᠡᠭ ᠤᠨ ᠠᠵᠢᠯ ᠢ ᠬᠦᠴᠦᠨ ᠢᠶᠠᠨ | ᠳᠦᠪᠯᠡᠷᠡᠬᠦᠯᠦᠨ ᠰᠠᠶᠢᠳᠣᠷ ᠬᠢᠵᠣ᠂ ᠠᠷᠠᠳ ᠣᠯᠠᠨ ᠳᠤ ᠨᠡᠩ ᠣᠯᠠᠨ ᠬᠦᠷᠳᠡᠮᠵᠢ ᠶᠢᠨ ᠳᠦᠷᠦᠭᠳᠡᠯ᠂ ᠵᠣᠯ | ᠵᠢᠷᠭᠠᠯᠳᠣ ᠳᠦᠷᠦᠭᠳᠡᠯ᠂ ᠠᠮᠣᠷ ᠳᠦᠪᠰᠢᠨ ᠤ ᠳᠦᠷᠦᠭᠳᠡᠯ ᠢ ᠬᠦᠷᠳᠡᠬᠡᠨ᠎ᠡ᠃ | ᠳᠣᠭᠳᠠᠭᠤᠨ ᠢᠶᠠᠷ ᠠᠵᠢᠯ ᠣᠯᠭᠤᠬᠤ ᠶᠢ ᠳᠣᠪᠣᠶᠢᠮ᠎ᠠ ᠪᠠᠶᠢᠷᠢᠨ ᠳᠤ ᠳᠠᠯᠪᠢᠨ᠎ᠠ᠃ ᠨᠡᠶᠢᠳᠡ ᠶᠢᠨ | ᠪᠣᠯᠪᠠᠰᠣᠷᠠᠯ ᠤᠨ ᠰᠠᠭᠤᠷᠢᠨ ᠭᠠᠵᠠᠷ ᠲᠤ ᠳᠦᠰᠢᠭᠯᠡᠨ᠂ ᠵᠠᠬᠢᠶᠠᠯᠠᠬᠤ ᠬᠠᠭᠤᠳᠠᠰᠣ᠂ ᠴᠢᠭᠯᠡᠯ ᠳᠣᠭᠳᠠᠭᠠᠬᠤ᠂ ᠪᠠᠶᠢᠷᠢ | ᠳᠣᠭᠳᠠᠭᠠᠬᠤ ᠬᠡᠯᠪᠡᠷᠢ ᠶᠢᠨ ᠳᠣᠬᠠᠶᠢᠯᠠᠭᠰᠠᠨ ᠠᠵᠢᠯ ᠮᠡᠷᠬᠡᠵᠢᠯ ᠤᠨ ᠪᠣᠯᠪᠠᠰᠣᠷᠠᠯ ᠢ ᠦᠷᠨᠢᠬᠦᠯᠵᠣ᠂ ᠶᠡᠭᠡ ᠳᠡᠬᠡᠳᠣ | ᠰᠣᠷᠭᠠᠭᠤᠯᠢ ᠳᠡᠬᠦᠰᠦᠭᠰᠡᠨ ᠣᠶᠣᠳᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠮᠠᠯᠴᠢᠨ ᠳᠠᠷᠢᠶᠠᠴᠢᠨ | ᠬᠦᠯᠦᠰᠣᠨ ᠳᠠᠷᠢᠶᠠᠴᠢᠨ᠂ ᠶᠠᠳᠠᠭᠤ ᠬᠦᠴᠢᠷᠳᠡᠯᠳᠡᠢ ᠭᠡᠷ ᠪᠦᠯᠢ ᠶᠢᠨ ᠬᠦᠳᠡᠯᠮᠣᠷᠢ ᠬᠦᠴᠦᠨ ᠵᠡᠷᠬᠡ ᠬᠠᠮᠳᠣ ᠨᠡᠶᠢᠳᠡ | ᠶᠢᠨ ᠠᠵᠢᠯ ᠣᠯᠭᠤᠯᠳᠠ ᠶᠢ ᠭᠤᠣᠯᠳᠠᠯᠭ᠎ᠠ ᠲᠠᠢ ᠰᠠᠶᠢᠳᠣᠷ ᠠᠳᠬᠤᠵᠣ᠂ ᠵᠢᠯ ᠳᠤ 2000 ᠠᠴᠠ ᠳᠡᠭᠡᠭᠰᠢ ᠬᠦᠮᠦᠨ | ᠳᠤ ᠰᠢᠨ᠎ᠡ ᠪᠠᠷ ᠠᠵᠢᠯ ᠣᠯᠭᠤᠨ᠎ᠠ᠃ ᠦᠢᠯᠡᠰ ᠪᠣᠰᠬᠠᠬᠤ ᠪᠠᠷ ᠠᠵᠢᠯ ᠣᠯᠭᠤᠯᠳᠠ ᠶᠢ ᠳᠠᠶᠢᠴᠢᠯᠠᠬᠤ ᠶᠢ | ᠴᠢᠬᠤᠯᠠᠴᠢᠯᠠᠵᠣ᠂ ᠦᠢᠯᠡᠰ ᠪᠣᠰᠬᠠᠬᠤ ᠦᠢᠯᠡᠴᠢᠯᠡᠬᠡᠨ ᠤ ᠳᠠᠪᠴᠠᠩ ᠢ ᠰᠠᠶᠢᠳᠣᠷ ᠪᠠᠶᠢᠭᠤᠯᠣᠨ ᠰᠠᠶᠢᠳᠣᠷ | ᠠᠰᠢᠭᠯᠠᠵᠣ᠂ ᠣᠯᠠᠨ ᠠᠷᠭ᠎ᠠ ᠵᠠᠮ᠂ ᠦᠷᠬᠡᠨ ᠬᠡᠪᠴᠢᠶ᠎ᠠ ᠪᠠᠷ ᠠᠵᠢᠯ ᠬᠦᠯᠢᠶᠡᠵᠣ ᠪᠠᠶᠢᠭ᠎ᠠ ᠬᠠᠮᠳᠣ ᠨᠡᠶᠢᠳᠡ ᠶᠢᠨ | ᠰᠢᠨ᠎ᠡ ᠶᠢ ᠡᠬᠦᠳᠴᠣ ᠦᠢᠯᠡᠰ ᠪᠣᠰᠬᠠᠬᠤ ᠶᠢ ᠵᠣᠷᠢᠭᠵᠢᠭᠤᠯᠣᠨ᠎ᠠ᠃ | ᠠᠷᠠᠳ ᠤᠨ ᠬᠠᠨᠣᠮᠵᠢᠳᠠᠢ ᠰᠣᠷᠭᠠᠨ ᠬᠦᠮᠦᠵᠢᠯ ᠢ ᠴᠢᠷᠮᠠᠶᠢᠨ ᠰᠠᠶᠢᠳᠣᠷ ᠡᠷᠬᠢᠯᠡᠨ᠎ᠡ᠃ ︽ᠠᠭᠤᠯᠣᠭᠳᠠᠬᠤᠨ | ᠮᠠᠶ᠋ᠢᠭ︾ ᠤᠨ ᠰᠣᠷᠭᠠᠨ ᠬᠦᠮᠦᠵᠢᠯ ᠢ ᠬᠦᠭᠵᠢᠬᠦᠯᠵᠣ᠂ ᠰᠣᠷᠭᠠᠨ ᠬᠦᠮᠦᠵᠢᠯ ᠬᠦᠭᠵᠢᠭᠰᠡᠨ ᠣᠷᠣᠨ ᠤ ᠰᠣᠯᠢᠯᠴᠠᠭ᠎ᠠ | ᠶᠢ ᠢᠳᠡᠪᠬᠢᠳᠠᠢ ᠦᠷᠨᠢᠬᠦᠯᠵᠣ᠂ ᠪᠠᠭᠰᠢ ᠶᠢᠨ ᠡᠩᠨᠡᠭᠡ ᠶᠢᠨ ︽ᠬᠤᠣᠰ ᠳᠡᠭᠡᠭᠰᠢᠯᠡᠬᠦᠯᠬᠦ︾ ᠢᠨᠵᠧᠨᠧᠷᠢᠩ ᠢ | ᠬᠡᠷᠡᠭᠵᠢᠬᠦᠯᠵᠣ᠂ ᠣᠷᠣᠨ ᠬᠡᠪᠴᠢᠶᠠᠨ ᠤ ᠰᠣᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢᠨ ᠦᠨᠳᠦᠷᠯᠢᠭ ᠤᠨ | ᠣᠷᠣᠨ ᠪᠣᠯᠭᠠᠨ ᠪᠦᠳᠦᠬᠡᠨ ᠪᠠᠶᠢᠭᠤᠯᠣᠨ᠎ᠠ᠃ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠪᠦᠳᠦᠴᠠ ᠶᠢ | ᠰᠢᠯᠢᠳᠡᠭᠵᠢᠬᠦᠯᠵᠣ᠂ ᠨᠢᠬᠡᠳᠦᠬᠡᠷ ᠪᠠᠭ᠎ᠠ ᠰᠣᠷᠭᠠᠭᠤᠯᠢ ᠶᠢᠨ ᠪᠠᠷᠠᠭᠤᠨ ᠳᠠᠬᠢ ᠰᠣᠷᠭᠠᠭᠤᠯᠢ ᠶᠢᠨ ᠳᠣᠭᠤᠷᠢᠭ ᠤᠨ | ᠵᠠᠳᠠᠭᠠᠢ ᠳᠠᠮᠢᠷ ᠤᠨ ᠳᠠᠯᠠᠪᠠᠢ ᠪᠠ ᠳᠦᠷᠪᠡᠳᠦᠬᠡᠷ ᠬᠡᠣᠬᠡᠳ ᠤᠨ ᠴᠡᠴᠡᠷᠯᠢᠭ ᠤᠨ ᠳᠦᠷᠦᠯ ᠵᠦᠢᠯ ᠤᠨ ᠪᠦᠳᠦᠬᠡᠨ | ᠪᠠᠶᠢᠭᠤᠯᠣᠯᠳᠠ ᠶᠢ ᠳᠦᠷᠬᠡᠳᠬᠡᠵᠣ᠂ ᠭᠤᠷᠪᠠᠳᠣᠭᠠᠷ ᠪᠠᠭ᠎ᠠ ᠰᠣᠷᠭᠠᠭᠤᠯᠢ ᠪᠠ ᠳᠣᠷᠰᠢᠯᠳᠠ ᠶᠢᠨ ᠪᠠᠭ᠎ᠠ ᠰᠣᠷᠭᠠᠭᠤᠯᠢ | ᠶᠢᠨ ᠵᠠᠳᠠᠭᠠᠢ ᠳᠠᠮᠢᠷ ᠤᠨ ᠳᠠᠯᠠᠪᠠᠢ ᠶᠢ ᠠᠰᠢᠭᠯᠠᠯᠳᠠ ᠳᠤ ᠣᠷᠣᠭᠤᠯᠣᠨ ᠬᠡᠷᠡᠭᠯᠡᠵᠣ᠂ ᠰᠣᠷᠭᠠᠭᠤᠯᠢ ᠳᠤ ᠣᠷᠣᠬᠤ | ᠳᠤ ᠬᠦᠴᠢᠷ᠂ ᠰᠣᠷᠣᠭᠴᠢ ᠣᠯᠠᠨᠳᠠᠢ ᠠᠩᠬᠢ᠂ ᠴᠢᠨᠠᠷ ᠰᠠᠶᠢᠳᠠᠢ ᠰᠣᠷᠬᠤ ᠠᠴᠠ ᠡᠮᠦᠨᠡᠬᠢ ᠰᠣᠷᠭᠠᠨ ᠬᠦᠮᠦᠵᠢᠯ ᠤᠨ | ᠡᠬᠢ ᠪᠠᠶᠠᠯᠢᠭ ᠳᠣᠳᠠᠮᠠᠭ ᠵᠡᠷᠬᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠳᠣᠮᠳᠠᠳᠣ ᠪᠠᠭ᠎ᠠ | ᠰᠣᠷᠭᠠᠭᠤᠯᠢ ᠶᠢᠨ ᠰᠣᠷᠭᠠᠭᠤᠯᠢ ᠶᠢᠨ ᠭᠠᠳᠠᠨᠠᠬᠢ ᠬᠠᠪᠰᠣᠷᠣᠨ ᠵᠢᠯᠣᠭᠤᠳᠬᠤ ︵ᠣᠷᠣᠯᠠᠨ ᠬᠠᠮᠢᠶᠠᠷᠬᠤ︶ | ᠪᠠᠶᠢᠭᠤᠯᠣᠮᠵᠢ ᠶᠢᠨ ᠬᠠᠮᠢᠶᠠᠷᠣᠯᠳᠠ ᠶᠢᠨ ᠠᠷᠭ᠎ᠠ ᠭᠠᠷᠭᠠᠵᠣ᠂ ᠨᠡᠶᠢᠬᠡᠮ ᠤᠨ ᠰᠣᠷᠭᠠᠭᠤᠯᠢ ᠡᠷᠬᠢᠯᠡᠬᠦ ᠠᠵᠢᠯᠯᠠᠭ᠎ᠠ ᠶᠢ | ᠳᠦᠷᠢᠮᠵᠢᠬᠦᠯᠦᠨ᠎ᠡ᠃ ᠮᠣᠷᠠᠯ ᠢᠶᠠᠷ ᠬᠦᠮᠦᠨ ᠢ ᠬᠦᠮᠦᠵᠢᠬᠦᠯᠬᠦ ᠪᠠᠷ ᠦᠨᠳᠦᠰᠣ ᠪᠣᠯᠭᠠᠨ᠂ ︽ᠪᠠᠭᠰᠢ ᠶᠢᠨ ᠮᠣᠷᠠᠯ | ᠰᠣᠷᠳᠠᠯ ᠤᠨ ᠪᠦᠳᠦᠬᠡᠨ ᠪᠠᠶᠢᠭᠤᠯᠣᠯᠳᠠ ᠶᠢ ᠳᠡᠭᠡᠭᠰᠢᠯᠡᠬᠦᠯᠬᠦ ᠵᠢᠯ︾ ᠭᠤᠣᠯ ᠰᠡᠳᠦᠪᠳᠣ ᠠᠵᠢᠯᠯᠠᠭ᠎ᠠ ᠶᠢ | ᠦᠷᠨᠢᠬᠦᠯᠵᠣ᠂ ᠴᠢᠨᠠᠷ ᠰᠠᠶᠢᠳᠠᠢ ᠰᠣᠷᠭᠠᠨ ᠬᠦᠮᠦᠵᠢᠯ ᠤᠨ ᠭᠤᠣᠯᠯᠠᠭᠴᠢ ᠦᠷᠢᠰᠦᠯᠳᠦᠭᠡᠨ ᠤ ᠬᠦᠴᠦᠨ ᠢ | ᠳᠡᠭᠡᠭᠰᠢᠯᠡᠬᠦᠯᠦᠨ᠎ᠡ᠃ | ᠡᠷᠡᠬᠦᠯ ᠡᠩᠭᠡ ᠬᠤᠣᠯᠢᠩᠭᠤᠣᠯ ᠤᠨ ᠪᠦᠳᠦᠬᠡᠨ ᠪᠠᠶᠢᠭᠤᠯᠣᠯᠳᠠ ᠶᠢ ᠳᠦᠯᠬᠢᠨ ᠠᠬᠢᠭᠤᠯᠣᠨ᠎ᠠ᠃ ︽ | ᠡᠮᠴᠢᠯᠡᠭᠡ ᠶᠢᠨ ᠬᠤᠯᠪᠣᠭᠠᠳᠣ ᠴᠣᠭᠴᠠ︾ ᠶᠢᠨ ᠪᠦᠳᠦᠴᠠ ᠶᠢ ᠦᠷᠬᠡᠳᠬᠡᠵᠣ᠂ ᠠᠷᠠᠳ ᠤᠨ ᠡᠮᠨᠡᠯᠬᠡ ᠶᠢᠨ ᠬᠤᠷᠢᠶ᠎ᠠ | ᠶᠢᠨ ᠰᠢᠨ᠎ᠡ ᠭᠠᠵᠠᠷ ᠲᠤ ᠨᠡᠬᠦᠭᠰᠡᠨ ᠪᠠ ᠬᠠᠳᠠᠭᠤ ᠳᠣᠨᠤᠭ ᠤᠨ ᠬᠢᠷᠢ ᠳᠦᠪᠰᠢᠨ ᠶᠡᠭᠡ ᠬᠡᠮᠵᠢᠶ᠎ᠡ ᠪᠠᠷ | ᠳᠡᠭᠡᠭᠰᠢᠯᠡᠭᠰᠡᠨ ᠳᠣᠬᠢᠶᠠᠯ ᠢ ᠠᠳᠬᠤᠨ᠂ ᠪᠡᠭᠡᠵᠢᠩ᠂ ᠬᠢᠷᠢᠨ᠂ ᠯᠢᠶᠣᠣᠨᠢᠩ ᠵᠡᠷᠬᠡ ᠨᠡᠷᠡᠳᠣ ᠡᠮᠨᠡᠯᠬᠡ ᠶᠢᠨ ᠬᠤᠷᠢᠶ᠎ᠠ | ᠶᠢᠨ ᠬᠠᠮᠳᠣᠷᠠᠯᠴᠠᠭ᠎ᠠ ᠪᠠᠨ ᠬᠦᠨᠵᠡᠬᠡᠶᠢᠷᠡᠬᠦᠯᠵᠣ᠂ ᠠᠯᠣᠰ ᠡᠵᠡᠮᠰᠢᠯᠳᠣ ᠣᠨᠣᠰᠢᠯᠠᠨ ᠵᠠᠰᠠᠬᠤ ᠪᠠ ᠡᠮᠴᠢᠯᠡᠭᠡ ᠪᠠᠨ | ᠰᠢᠯᠵᠢᠬᠦᠯᠦᠨ ᠡᠮᠨᠡᠬᠦ ︽ᠰᠠᠭᠠᠳ ᠦᠬᠡᠢ ᠨᠡᠪᠳᠡᠷᠡᠬᠦ ᠵᠠᠮ︾ ᠢ ᠨᠡᠬᠡᠬᠡᠨ᠎ᠡ᠃ ᠣᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠣᠯᠠᠮ ᠨᠢᠬᠡ ᠠᠯᠬᠤᠮ ᠳᠡᠬᠦᠯᠳᠡᠷᠵᠢᠬᠦᠯᠵᠣ᠂ ᠡᠮᠴᠢᠯᠡᠬᠡᠨ ᠤ ᠡᠷᠡᠬᠦᠯ | ᠬᠠᠮᠠᠭᠠᠯᠠᠯ ᠤᠨ ᠴᠢᠮᠡᠭᠡ ᠵᠠᠩᠬᠢᠴᠢᠯᠠᠯᠳᠡ ᠶᠢᠨ ᠪᠦᠳᠦᠬᠡᠨ ᠪᠠᠶᠢᠭᠤᠯᠣᠯᠳᠠ ᠶᠢ ᠳᠦᠷᠬᠡᠳᠬᠡᠨ ᠠᠬᠢᠭᠤᠯᠵᠣ᠂ ᠠᠷᠠᠳ | ᠳᠦᠮᠡᠨ ᠳᠤ ᠨᠡᠩ ᠰᠢᠯᠢᠳᠡᠭ᠂ ᠨᠡᠩ ᠳᠦᠬᠦᠮᠬᠡᠨ ᠡᠮᠴᠢᠯᠡᠬᠡᠨ ᠤ ᠦᠢᠯᠡᠴᠢᠯᠡᠭᠡ ᠬᠠᠩᠭᠠᠨ᠎ᠠ᠃ ᠪᠦᠬᠦ ᠠᠷᠠᠳ ᠤᠨ | ᠪᠡᠶ᠎ᠡ ᠴᠢᠬᠢᠷᠠᠭᠵᠢᠭᠤᠯᠬᠤ ᠳᠦᠪ ᠪᠠ ᠨᠠᠰᠣᠳᠠᠶᠢᠴᠣᠳ ᠤᠨ ᠪᠡᠶ᠎ᠡ ᠶᠢᠨ ᠳᠠᠮᠢᠷ ᠤᠨ ᠳᠦᠪ ᠂ ᠰᠢᠷ᠎ᠡ ᠬᠦᠣᠷ ᠵᠡᠬᠡᠯᠢ | ᠭᠤᠳᠣᠮᠵᠢ ᠶᠢᠨ ᠬᠦᠳᠡᠯᠬᠡᠬᠡᠨ ᠤ ᠳᠦᠪ ᠢ ᠪᠠᠶᠢᠭᠤᠯᠣᠨ ᠬᠡᠷᠡᠭᠯᠡᠬᠦ ᠶᠢ ᠪᠠᠳᠣᠯᠠᠵᠣ᠂ ᠰᠣᠷᠭᠠᠭᠤᠯᠢ ᠶᠢᠨ ᠪᠡᠶ᠎ᠡ ᠶᠢᠨ | ᠳᠠᠮᠢᠷ ᠤᠨ ᠣᠷᠳᠣᠨ ᠢ ᠪᠦᠬᠦ ᠳᠠᠯ᠎ᠠ ᠪᠠᠷ ᠨᠡᠬᠡᠬᠡᠵᠣ᠂ ᠬᠦᠯ ᠪᠦᠮᠪᠦᠭᠡ᠂ ᠮᠠᠷᠠᠽᠣᠨ᠂ ᠣᠮᠪᠠᠯᠳᠠ ᠵᠢᠴᠢ ᠮᠦᠰᠣ | ᠴᠠᠰᠣᠨ ᠤ ᠬᠦᠳᠡᠯᠬᠡᠬᠡᠨ ᠢ ᠬᠦᠭᠵᠢᠬᠦᠯᠬᠦ ᠶᠢ ᠵᠣᠷᠢᠭᠵᠢᠭᠤᠯᠵᠣ᠂ ᠣᠯᠣᠰ ᠤᠨ ᠡᠷᠡᠬᠦᠯ ᠴᠢᠬᠢᠷᠠᠭ ᠢᠶᠠᠷ ᠬᠤᠳᠠ ᠶᠢ | ᠠᠬᠢᠭᠤᠯᠬᠤ ᠶᠢ ᠢᠳᠡᠪᠬᠢᠳᠠᠢ ᠴᠢᠷᠮᠠᠶᠢᠨ ᠳᠡᠮᠡᠴᠡᠵᠣ᠂ ᠪᠦᠬᠦ ᠠᠷᠠᠳ ᠤᠨ ᠡᠷᠡᠬᠦᠯ ᠡᠩᠬᠡ ᠶᠢᠨ ᠬᠢᠷᠢ ᠳᠦᠪᠰᠢᠨ ᠢ | ᠪᠦᠬᠦᠨ ᠬᠦᠴᠦᠨ ᠢᠶᠠᠷ ᠳᠡᠭᠡᠭᠰᠢᠯᠡᠬᠦᠯᠦᠨ᠎ᠡ᠃ | ᠣᠯᠠᠨ ᠳᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠣᠨ᠎ᠠ᠃ ᠦᠨᠳᠦᠰᠦᠨ ᠣᠯᠠᠨ ᠨᠡᠶᠢᠳᠡ ᠶᠢᠨ | ᠰᠣᠶᠣᠯ ᠤᠨ ᠦᠢᠯᠡᠴᠢᠯᠡᠬᠡᠨ ᠤ ᠪᠠᠷᠢᠮᠵᠢᠶᠠᠴᠢᠯᠡᠯᠳᠡ ᠪᠠ ᠳᠡᠩᠴᠡᠬᠦᠷᠢᠴᠢᠯᠡᠯᠳᠡ ᠶᠢ ᠠᠬᠢᠭᠤᠯᠣᠨ᠎ᠠ᠃ ᠠᠷᠠᠳ ᠤᠨ | ᠳᠣᠮᠳᠠᠬᠢ ᠰᠣᠶᠣᠯ ᠣᠷᠠᠯᠢᠭ ᠤᠨ ᠦᠯᠡᠳᠡᠭᠳᠡᠯ ᠢ ᠴᠣᠭᠯᠠᠭᠤᠯᠣᠨ ᠬᠠᠮᠠᠭᠠᠯᠠᠬᠤ ᠪᠠᠨ ᠴᠢᠩᠭᠠᠳᠬᠠᠵᠣ᠂ ᠮᠦᠽᠸᠢ᠂ | ᠨᠣᠮ ᠤᠨ ᠰᠠᠩ ᠤᠨ ᠬᠠᠳᠠᠭᠠᠯᠠᠮᠵᠢ ᠶᠢ ᠪᠠᠶᠠᠯᠢᠭᠵᠢᠭᠤᠯᠣᠨ᠎ᠠ᠃ ᠣᠯᠠᠭᠠᠨᠮᠦ᠋ᠴᠢᠷ ᠤᠨ ᠣᠯᠠᠨ ᠳᠦᠮᠡᠨ ᠤ ᠰᠣᠶᠣᠯ | ᠤᠨ ᠳᠣᠮᠳᠠᠬᠢ ᠬᠦᠳᠦᠯᠣᠨ ᠵᠢᠯᠣᠭᠤᠳᠬᠤ ᠦᠢᠯᠡᠳᠦᠯ ᠢ ᠪᠠᠳᠠᠷᠠᠭᠤᠯᠵᠣ᠂ ᠨᠠᠮ ᠤᠨ ᠳᠣᠯᠠᠭᠠᠨ ᠬᠠᠶᠢᠷ᠎ᠠ ᠪᠠ | ᠬᠠᠯᠠᠮᠵᠢ ᠶᠢ ᠦᠨᠳᠦᠰᠦᠨ ᠱᠠᠳᠣᠨ ᠤ ᠣᠯᠠᠨ ᠳᠦᠮᠡᠨ ᠤ ᠳᠡᠷᠬᠡᠳᠡ ᠬᠦᠷᠬᠡᠵᠣ᠂ ᠦᠷᠬᠡᠨ ᠣᠯᠠᠨ ᠳᠦᠮᠡᠨ ᠳᠤ | ᠦᠬᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠮᠵᠢ ᠶᠢ ᠡᠳ᠋ᠯᠡᠬᠦᠯᠦᠨ᠎ᠡ᠃ ᠪᠦᠬᠦᠳᠡ ᠨᠠᠶᠢᠷᠠᠮᠳᠠᠬᠤ ᠳᠣᠮᠳᠠᠳᠣ | ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢᠨ ᠰᠢᠷᠢᠰ ᠰᠣᠶᠣᠯ ᠤᠨ ᠬᠦᠳᠡᠯᠬᠡᠬᠡᠨ ᠢ ᠯᠠᠪᠳᠠᠭᠤᠨ | ᠪᠠᠳᠣᠳᠠᠢ ᠦᠷᠨᠢᠬᠦᠯᠦᠨ᠎ᠡ᠃ | ᠨᠡᠶᠢᠬᠡᠮ ᠤᠨ ᠪᠠᠳᠣᠯᠠᠭ᠎ᠠ ᠶᠢᠨ ᠴᠢᠳᠠᠪᠣᠷᠢ ᠶᠢ ᠳᠡᠭᠡᠭᠰᠢᠯᠡᠬᠦᠯᠦᠨ᠎ᠡ᠃ ᠪᠦᠬᠦ ᠠᠷᠠᠳ ᠤᠨ ᠳᠠᠭᠠᠳᠬᠠᠯ ᠳᠤ | ᠣᠷᠣᠯᠴᠠᠬᠤ ᠳᠦᠯᠦᠪᠯᠡᠭᠡ ᠶᠢ ᠪᠦᠷᠢᠨᠰᠢᠬᠦᠯᠵᠣ᠂ ᠨᠡᠶᠢᠬᠡᠮ ᠤᠨ ᠠᠪᠣᠷᠠᠨ ᠳᠣᠰᠠᠯᠠᠬᠤ᠂ ᠨᠡᠶᠢᠬᠡᠮ ᠤᠨ ᠠᠰᠠᠷᠠᠮᠵᠢ᠂ | ᠨᠢᠬᠦᠯᠡᠰᠣᠩᠭᠦᠢ ᠦᠢᠯᠡᠰ᠂ ᠠᠰᠠᠷᠠᠮᠵᠢ ᠬᠠᠷᠠᠭᠠᠯᠵᠠᠯ ᠵᠡᠷᠬᠡ ᠳᠦᠷᠢᠮ ᠢ ᠳᠡᠬᠦᠯᠳᠡᠷᠵᠢᠬᠦᠯᠵᠣ᠂ ᠡᠮᠡᠭᠳᠡᠶᠢᠴᠣᠳ | ᠬᠡᠣᠬᠡᠳ᠂ ᠨᠠᠰᠣᠳᠠᠶᠢᠴᠣᠳ᠂ ᠵᠡᠮᠳᠡᠭᠴᠣᠳ ᠢ ᠬᠠᠯᠠᠮᠵᠢᠯᠠᠬᠤ ᠦᠢᠯᠡᠴᠢᠯᠡᠬᠡᠨ ᠤ ᠰᠢᠰᠲ᠋ᠧᠮ ᠤᠨ ᠪᠦᠳᠦᠬᠡᠨ | ᠪᠠᠶᠢᠭᠤᠯᠣᠯᠳᠠ ᠶᠢ ᠴᠢᠩᠭᠠᠳᠬᠠᠵᠣ᠂ ᠣᠯᠠᠨ ᠠᠷᠭ᠎ᠠ ᠬᠡᠮᠵᠢᠶ᠎ᠡ ᠶᠢ ᠵᠡᠷᠬᠡᠪᠡᠷ ᠬᠡᠷᠡᠭᠯᠡᠵᠣ ᠬᠤᠳᠠ ᠬᠦᠳᠡᠭᠡ ᠶᠢᠨ | ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤ ᠠᠴᠠ ᠠᠩᠬᠢᠵᠢᠷᠠᠬᠤ ᠳᠤ ᠬᠦᠴᠦᠨ ᠨᠡᠮᠡᠷᠢᠯᠡᠵᠣ᠂ ᠶᠠᠳᠠᠭᠤ | ᠬᠦᠴᠢᠷᠳᠡᠯᠳᠡᠢ ᠣᠯᠠᠨ ᠳᠦᠮᠡᠨ ᠤ ᠦᠨᠳᠦᠰᠦᠨ ᠠᠮᠢᠳᠣᠷᠠᠯ ᠢ ᠪᠠᠳᠣᠯᠠᠨ᠎ᠠ᠃ | ᠨᠡᠶᠢᠬᠡᠮ ᠤᠨ ᠵᠠᠰᠠᠯᠳᠠ ᠶᠢ ᠴᠢᠩᠭᠠᠳᠬᠠᠬᠤ ᠪᠠ ᠰᠢᠨ᠎ᠡ ᠶᠢ ᠡᠬᠦᠳᠦᠨ᠎ᠡ᠃ ᠠᠶᠣᠯᠬᠦᠢ ᠦᠢᠯᠡᠳᠪᠦᠷᠢᠯᠡᠯ ᠤᠨ | ᠬᠠᠷᠢᠶᠠᠳᠣ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠶᠢᠨ ᠳᠦᠷᠢᠮ᠂ ᠰᠠᠯᠠᠭ᠎ᠠ ᠮᠦᠴᠢᠷ ᠤᠨ ᠬᠢᠨᠠᠯᠳᠠ | ᠬᠠᠮᠢᠶᠠᠷᠣᠯᠳᠠ ᠶᠢᠨ ᠬᠠᠷᠢᠭᠤᠴᠠᠯᠭ᠎ᠠ ᠪᠠ ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠢᠮᠪᠠᠢ ᠨᠠᠶᠢᠳᠠᠪᠣᠷᠢᠵᠢᠭᠤᠯᠵᠣ᠂ ᠢᠯᠡᠴᠢᠯᠡᠨ ᠮᠡᠳᠡᠬᠦᠯᠬᠦ ᠣᠳᠠᠰᠣ ᠳᠣᠬᠢᠷᠠᠭᠤᠯᠵᠣ᠂ ᠠᠶᠣᠯᠬᠦᠢ ᠦᠢᠯᠡᠳᠪᠦᠷᠢᠯᠡᠯ ᠤᠨ | ᠶᠡᠭᠡ ᠪᠠᠶᠢᠴᠠᠭᠠᠯᠳᠠ ᠶᠡᠭᠡ ᠴᠡᠭᠴᠡᠯᠡᠨ ᠵᠠᠰᠠᠯᠳᠠ ᠶᠢ ᠪᠠᠶᠢᠩᠭᠤᠵᠢᠭᠤᠯᠵᠣ᠂ ᠬᠦᠨᠳᠣ ᠳᠣᠮᠣ ᠠᠶᠣᠯᠬᠦᠢ | ᠦᠢᠯᠡᠳᠪᠦᠷᠢᠯᠡᠯ ᠤᠨ ᠬᠡᠷᠡᠭ ᠡᠬᠦᠰᠬᠦ ᠶᠢ ᠡᠷᠡᠰ ᠰᠡᠷᠬᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠣᠯᠳᠠ ᠶᠢᠨ ᠰᠢᠰᠲ᠋ᠧᠮ ᠤᠨ ᠪᠦᠳᠦᠬᠡᠨ ᠪᠠᠶᠢᠭᠤᠯᠣᠯᠳᠠ ᠪᠠᠨ ᠴᠢᠩᠭᠠᠳᠬᠠᠵᠣ᠂ ᠬᠡᠨᠡᠳᠳᠡ ᠶᠢᠨ ᠬᠡᠷᠡᠭ ᠢ | ᠰᠢᠢᠳᠪᠦᠷᠢᠯᠡᠬᠦ ᠪᠠ ᠶᠡᠷᠦᠩᠭᠡᠶᠢᠯᠡᠭᠰᠡᠨ ᠠᠪᠣᠷᠠᠨ ᠳᠣᠰᠠᠯᠠᠬᠤ ᠴᠢᠳᠠᠪᠣᠷᠢ ᠶᠢ ᠳᠡᠭᠡᠭᠰᠢᠯᠡᠬᠦᠯᠣᠨ᠎ᠠ᠃ ᠢᠳᠡᠬᠡᠨ ᠪᠠ ᠡᠮ | ᠤᠨ ᠵᠦᠢᠯᠡᠰ ᠤᠨ ᠠᠮᠣᠷ ᠳᠦᠪᠰᠢᠨ ᠤ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠠᠮᠢᠳᠠᠨ ᠤ ᠬᠢᠵᠢᠭ ᠢ | ᠰᠡᠷᠬᠡᠶᠢᠯᠡᠨ ᠡᠵᠡᠮᠳᠡᠬᠦ ᠶᠢ ᠴᠢᠩᠭ᠎ᠠ ᠠᠳᠬᠤᠵᠣ᠂ ᠣᠯᠣᠰ ᠤᠨ ᠳᠡᠰ ᠤᠨ ᠢᠳᠡᠬᠡᠨ ᠤ ᠠᠮᠣᠷ ᠳᠦᠪᠰᠢᠨ ᠤ ᠵᠢᠱᠢᠶ᠎ᠠ | ᠦᠵᠡᠬᠦᠯᠬᠦ ᠬᠤᠳᠠ ᠶᠢ ᠪᠦᠬᠦ ᠬᠦᠴᠦᠨ ᠢᠶᠠᠷ ᠡᠬᠦᠳᠦᠨ ᠪᠠᠶᠢᠭᠤᠯᠣᠨ᠎ᠠ᠃ ᠨᠡᠶᠢᠬᠡᠮ ᠳᠣᠭᠤᠷᠢᠭ ᠤᠨ ᠵᠠᠰᠠᠯᠳᠠ ᠶᠢᠨ | ᠴᠢᠳᠠᠪᠣᠷᠢ ᠶᠢ ᠬᠦᠴᠦᠯᠡᠨ ᠳᠡᠭᠡᠭᠰᠢᠯᠡᠬᠦᠯᠵᠣ᠂ ︽ᠵᠡᠬᠡᠯᠢ ᠭᠤᠳᠣᠮᠵᠢ ᠮᠡᠳᠡᠭᠳᠡᠪᠡᠯ᠂ ᠰᠠᠯᠠᠭ᠎ᠠ ᠮᠦᠴᠢᠷ ᠬᠠᠮᠵᠢᠯᠴᠠᠬᠤ︾ | ᠬᠤᠯᠪᠣᠭᠠᠯᠠᠨ ᠬᠦᠳᠡᠯᠦᠯᠴᠡᠬᠦ ᠳᠣᠭᠳᠠᠴᠠ ᠶᠢ ᠰᠦᠪᠡᠭᠴᠢᠯᠡᠨ ᠪᠠᠶᠢᠭᠤᠯᠣᠨ᠎ᠠ᠃ ᠰᠢᠨ᠎ᠡ ᠴᠠᠭ ᠦᠶ᠎ᠡ ᠶᠢᠨ ︽ᠹᠧᠩ | ᠴᠢᠶᠣᠣ ᠶᠢᠨ ᠳᠣᠷᠰᠢᠯᠭ᠎ᠠ︾ ᠶᠢ ᠰᠣᠷᠣᠯᠴᠠᠨ ᠳᠦᠬᠡᠮᠡᠯᠵᠢᠬᠦᠯᠵᠣ᠂ ᠵᠠᠬᠢᠳᠠᠯ ᠰᠣᠷᠪᠣᠯᠵᠢᠯᠠᠯ ᠤᠨ ᠡᠮᠬᠢ ᠲᠢᠭᠯᠢᠮ ᠢ | ᠣᠯᠠᠮ ᠨᠢᠬᠡ ᠠᠯᠬᠤᠮ ᠳᠦᠷᠢᠮᠵᠢᠬᠦᠯᠵᠣ᠂ ︽ᠭᠤᠷᠪᠠ ᠶᠢ ᠪᠣᠳᠠᠳᠠᠶᠢᠵᠢᠭᠤᠯᠵᠣ ᠨᠢᠬᠡ ᠶᠢ ᠰᠢᠢᠳᠪᠦᠷᠢᠯᠡᠬᠦ︾ ᠶᠢ | ᠪᠠᠷᠢᠮᠳᠠᠯᠠᠵᠣ᠂ ᠵᠠᠬᠢᠳᠠᠯ ᠰᠣᠷᠪᠣᠯᠵᠢᠯᠠᠯ ᠤᠨ ᠵᠦᠷᠢᠴᠠᠯ ᠢ ᠵᠣᠬᠢᠰᠳᠠᠢ ᠡᠶᠡᠳᠡᠬᠦᠯᠦᠨᠡ᠃ ᠣᠯᠣᠰ ᠤᠨ ᠦᠨᠳᠦᠰᠦᠳᠠᠨ | ᠤ ᠳᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠣ᠂ ᠬᠤᠳᠠ ᠶᠢᠨ ᠴᠦᠬᠡᠨ ᠳᠣᠭᠠᠳᠣ ᠦᠨᠳᠦᠰᠦᠳᠠᠨ | ᠤ ᠶᠠᠪᠣᠭᠤᠯ ᠬᠦᠮᠦᠨ ᠠᠮᠠ ᠶᠢᠨ ᠦᠢᠯᠡᠴᠢᠯᠡᠬᠡᠨ ᠤ ᠬᠠᠮᠢᠶᠠᠷᠣᠯᠳᠠ ᠶᠢᠨ ᠰᠢᠨ᠎ᠡ ᠶᠢ ᠡᠬᠦᠳᠴᠣ᠂ ᠪᠦᠬᠦ ᠣᠯᠣᠰ ᠤᠨ | ᠦᠨᠳᠦᠰᠦᠳᠠᠨ ᠤ ᠪᠦᠯᠬᠦᠮᠳᠠᠯ ᠳᠠᠪᠰᠢᠯᠳᠠ ᠶᠢᠨ ᠵᠢᠱᠢᠶ᠎ᠠ ᠦᠵᠡᠬᠦᠯᠬᠦ ᠬᠤᠳᠠ ᠶᠢ ᠢᠳᠡᠪᠬᠢᠳᠠᠢ ᠡᠬᠦᠳᠦᠨ | ᠪᠠᠶᠢᠭᠤᠯᠣᠨ᠎ᠠ᠃ ᠬᠦᠳᠡᠯᠮᠣᠷᠢ ᠬᠦᠴᠦ ᠶᠢ ᠭᠠᠳᠠᠭᠰᠢ ᠭᠠᠷᠭᠠᠬᠤ ᠪᠠ ᠢᠨᠵᠧᠨᠧᠷᠢᠩ ᠢ ᠭᠠᠳᠠᠭᠰᠢ ᠳᠠᠭᠠᠭᠠᠴᠢᠯᠠᠭᠤᠯᠬᠤ | ᠡᠬᠢ ᠶᠢ ᠬᠠᠮᠢᠶᠠᠷᠣᠨ ᠡᠵᠡᠮᠳᠡᠬᠦ ᠪᠠᠨ ᠴᠢᠩᠭᠠᠳᠬᠠᠵᠣ᠂ ᠴᠠᠯᠢᠩ ᠦᠷᠢᠳᠦᠬᠦ ᠶᠢ ᠴᠡᠭᠴᠡᠯᠡᠨ ᠵᠠᠰᠠᠵᠣ᠂ ᠴᠠᠯᠢᠩ | ᠣᠯᠭᠤᠬᠤ ᠶᠢ ᠪᠠᠳᠣᠯᠠᠬᠤ ᠬᠦᠴᠦᠯᠡᠴᠠ ᠪᠠᠨ ᠴᠢᠩᠭᠠᠳᠬᠠᠵᠣ᠂ ᠮᠠᠯᠴᠢᠨ ᠳᠠᠷᠢᠶᠠᠴᠢᠨ ᠬᠦᠯᠦᠰᠣᠨ ᠠᠵᠢᠯᠴᠢᠨ ᠤ | ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠨᠡᠶᠢᠬᠡᠮ ᠤᠨ ᠠᠮᠣᠷ ᠢ ᠬᠠᠮᠠᠭᠠᠯᠠᠵᠣ ᠰᠡᠷᠬᠡᠶᠢᠯᠡᠨ ᠡᠵᠡᠮᠳᠡᠬᠦ | ᠰᠢᠰᠲ᠋ᠧᠮ ᠢ ᠳᠡᠬᠦᠯᠳᠡᠷᠵᠢᠬᠦᠯᠵᠣ᠂ ︽ᠱᠠᠯᠢᠭ ᠵᠠᠪᠬᠠᠢ᠂ ᠵᠣᠭᠤᠰ ᠮᠦᠷᠦᠶᠢᠴᠡᠬᠦ᠂ ᠬᠤᠣᠷ ᠳᠠᠳᠠᠬᠤ︾ ᠵᠡᠷᠬᠡ ᠡᠯ᠎ᠡ | ᠳᠦᠷᠦᠯ ᠤᠨ ᠬᠠᠣᠯᠢ ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠳᠤ ᠬᠦᠴᠦᠳᠠᠢ ᠳᠠᠷᠣᠯᠳᠠ ᠦᠭᠬᠦ ᠪᠠᠶᠢᠳᠠᠯ ᠢ | ᠪᠠᠷᠢᠮᠳᠠᠯᠠᠵᠣ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠦᠷᠦᠯ ᠤᠨ ᠳᠡᠮᠡᠴᠡᠯ ᠢ ᠬᠦᠨᠵᠡᠬᠡᠢ | ᠦᠷᠨᠢᠬᠦᠯᠬᠦ ᠶᠢ ᠳᠦᠯᠬᠢᠨ ᠠᠬᠢᠭᠤᠯᠣᠨ᠎ᠠ᠃ | ᠭᠤᠷᠪᠠ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠦᠳᠦᠬᠡᠨ ᠪᠠᠶᠢᠭᠤᠯᠣᠯᠳᠠ ᠶᠢ ᠪᠦᠬᠦ ᠳᠠᠯ᠎ᠠ ᠪᠠᠷ | ᠰᠠᠶᠢᠳᠣᠷ ᠠᠳᠬᠤᠨ᠎ᠠ | ᠳᠦᠷᠦ ᠪᠠᠷᠢᠬᠤ ᠳᠤ ᠦᠪᠡᠷ ᠢ ᠪᠠᠨ ᠵᠠᠰᠠᠬᠤ ᠪᠠᠷ ᠦᠨᠳᠦᠰᠦ ᠪᠣᠯᠭᠠᠨ᠎ᠠ᠃ ᠪᠢᠳᠠ ᠨᠠᠮ ᠤᠨ ᠪᠦᠬᠦ ᠳᠠᠯ᠎ᠠ | ᠶᠢᠨ ᠣᠳᠣᠷᠢᠳᠣᠯᠭ᠎ᠠ ᠶᠢ ᠢᠮᠠᠭᠳᠠ ᠪᠠᠷᠢᠮᠳᠠᠯᠠᠵᠣ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠦᠳᠦᠬᠡᠨ | ᠪᠠᠶᠢᠭᠤᠯᠣᠯᠳᠠ ᠶᠢ ᠳᠣᠪᠣᠶᠢᠮ᠎ᠠ ᠪᠠᠶᠢᠷᠢᠨ ᠳᠤ ᠳᠠᠯᠪᠢᠵᠣ᠂ ᠣᠯᠣᠰ ᠳᠦᠷᠦ ᠶᠢ ᠡᠷᠬᠢᠮᠯᠡᠬᠦ᠂ ᠬᠠᠣᠯᠢ ᠪᠠᠷ ᠵᠠᠰᠠᠬᠤ ᠶᠢ | ᠬᠡᠷᠡᠭᠵᠢᠬᠦᠯᠬᠦ᠂ ᠵᠣᠷᠢᠭᠳᠠᠢ ᠡᠬᠦᠷᠬᠡᠯᠡᠬᠦ᠂ ᠬᠤᠷᠢᠭ᠎ᠠ ᠱᠣᠭᠤᠮ ᠢᠶᠠᠨ ᠪᠠᠷᠢᠮᠳᠠᠯᠠᠬᠤ ᠶᠢ ᠦᠨᠡᠨᠬᠦ ᠰᠠᠶᠢᠳᠣᠷ ᠬᠢᠵᠣ᠂ | ᠰᠢᠨ᠎ᠡ ᠴᠠᠭ ᠦᠶ᠎ᠡ ᠶᠢᠨ ᠠᠷᠠᠳ ᠳᠦᠮᠡᠨ ᠳᠤ ᠰᠡᠳᠬᠢᠯ ᠬᠠᠨᠣᠮᠵᠢᠳᠠᠢ ᠵᠠᠰᠠᠭ ᠤᠨ ᠣᠷᠳᠣᠨ ᠢ ᠪᠦᠳᠦᠬᠡᠨ | ᠪᠠᠶᠢᠭᠤᠯᠬᠤ ᠪᠠᠷ ᠴᠢᠷᠮᠠᠶᠢᠨ᠎ᠠ᠃ | ᠣᠯᠣᠰ ᠳᠦᠷᠦ ᠶᠢᠨ ᠴᠢᠭᠯᠡᠯ ᠢᠶᠠᠨ ᠡᠷᠡᠰ ᠪᠠᠳᠣ ᠪᠠᠶᠢᠯᠭᠠᠨ᠎ᠠ᠃ ᠣᠯᠣᠰ ᠳᠦᠷᠦ ᠶᠢᠨ ᠪᠦᠳᠦᠬᠡᠨ | ᠪᠠᠶᠢᠭᠤᠯᠣᠯᠳᠠ ᠶᠢ ᠳᠡᠷᠢᠬᠦᠨ ᠪᠠᠶᠢᠷᠢᠨ ᠳᠤ ᠳᠠᠯᠪᠢᠬᠤ ᠶᠢ ᠪᠠᠷᠢᠮᠳᠠᠯᠠᠵᠣ᠂ ᠨᠠᠮ ᠳᠤ ᠪᠠᠨ ᠦᠨᠡᠨᠴᠢ ᠪᠠᠶᠢᠬᠤ ᠶᠢ | ᠢᠮᠠᠭᠳᠠ ᠪᠠᠷᠢᠮᠳᠠᠯᠠᠵᠣ᠂ ︽ᠳᠦᠷᠪᠡᠨ ᠣᠬᠠᠮᠰᠠᠷ︾ ᠢ ᠪᠠᠳᠣᠳᠬᠠᠵᠣ᠂ ︽ᠳᠦᠷᠪᠡᠨ ᠢᠳᠡᠬᠡᠯ︾ ᠢ ᠡᠷᠡᠰ ᠪᠠᠳᠣ | ᠪᠠᠶᠢᠯᠭᠠᠵᠣ᠂ ︽ᠬᠤᠶᠠᠷ ᠢ ᠬᠠᠮᠠᠭᠠᠯᠠᠬᠤ︾ ᠶᠢ ᠳᠡᠷᠢᠬᠢᠨ ᠳᠤ ᠪᠠᠨ ᠰᠠᠭᠤᠭᠳᠠᠭᠤᠯᠵᠣ ᠰᠡᠳᠬᠢᠯ ᠳᠤ ᠪᠠᠨ ᠳᠣᠩᠭᠠᠵᠣ | ᠂ ᠴᠢᠰᠣᠨ ᠳᠤ ᠪᠠᠨ ᠰᠢᠩᠭᠡᠭᠡᠬᠦ ᠶᠢ ᠨᠠᠶᠢᠳᠠᠪᠣᠷᠢᠵᠢᠭᠤᠯᠵᠣ᠂ ᠣᠯᠣᠰ ᠳᠦᠷᠦ ᠶᠢᠨ ᠵᠣᠭᠰᠣᠴᠠ᠂ ᠣᠯᠣᠰ ᠳᠦᠷᠦ | ᠶᠢᠨ ᠴᠢᠭᠯᠡᠯ᠂ ᠣᠯᠣᠰ ᠳᠦᠷᠦ ᠶᠢᠨ ᠵᠠᠷᠴᠢᠮ᠂ ᠣᠯᠣᠰ ᠳᠦᠷᠦ ᠶᠢᠨ ᠵᠠᠮ ᠳᠤ ᠰᠢ ᠶᠢᠨ ᠫᠢᠩ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠳᠦᠪ ᠬᠤᠷᠢᠶ᠎ᠠ ᠳᠤ ᠳᠡᠭᠡᠳᠣ ᠬᠡᠮᠵᠢᠶ᠎ᠡ ᠪᠠᠷ ᠨᠢᠬᠡᠳᠦᠯᠳᠡᠢ ᠪᠠᠶᠢᠬᠤ ᠶᠢ ᠪᠠᠷᠢᠮᠳᠠᠯᠠᠨ᠎ᠠ᠃ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ | ᠰᠠᠨᠠᠭᠠᠨ ᠤ ᠬᠦᠨ ᠬᠦᠨᠵᠡᠬᠡᠢ ᠠᠭᠤᠯᠠᠭᠳᠠᠬᠤᠨ ᠢ ᠬᠦᠨᠵᠡᠬᠡᠢ ᠣᠶᠢᠯᠠᠭᠠᠵᠣ᠂ ᠨᠠᠮ ᠤᠨ ᠰᠢᠨ᠎ᠡ ᠶᠢ ᠡᠬᠦᠳᠬᠦ ᠣᠨᠣᠯ | ᠤᠨ ᠦᠷ᠎ᠡ ᠪᠦᠳᠦᠮᠵᠢ ᠪᠠᠷ ᠳᠠᠷᠢᠬᠢ ᠳᠣᠯᠣᠭᠠᠢ ᠪᠠᠨ ᠵᠡᠪᠰᠡᠭᠯᠡᠨ᠂ ᠦᠢᠯᠡᠳᠦᠯᠬᠡ ᠪᠠᠨ ᠵᠢᠯᠣᠭᠤᠳᠴᠣ᠂ ᠠᠵᠢᠯ ᠢᠶᠠᠨ | ᠳᠦᠯᠬᠢᠨ ᠠᠬᠢᠭᠤᠯᠣᠨ᠎ᠠ᠃ ᠣᠯᠣᠰ ᠳᠦᠷᠦ ᠶᠢᠨ ᠡᠮᠬᠢ ᠵᠢᠷᠣᠮ ᠪᠠ ᠣᠯᠣᠰ ᠳᠦᠷᠦ ᠶᠢᠨ ᠶᠣᠰᠣ ᠳᠦᠷᠢᠮ ᠢ | ᠴᠢᠩᠭ᠎ᠠ ᠰᠠᠬᠢᠵᠣ᠂ ᠳᠦᠪ ᠬᠤᠷᠢᠶ᠎ᠠ᠂ ᠦᠪᠡᠷᠳᠡᠬᠡᠨ ᠵᠠᠰᠠᠬᠤ ᠣᠷᠣᠨ᠂ ᠲᠦᠩᠯᠢᠶᠣᠣ ᠬᠤᠳᠠ ᠪᠠ ᠬᠤᠳᠠ ᠶᠢᠨ ᠨᠠᠮ | ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠡᠷᠡᠰ ᠳᠣᠣᠱᠯᠠᠭᠤᠯᠵᠣ᠂ | ᠵᠠᠰᠠᠭ ᠤᠨ ᠵᠠᠷᠯᠢᠭ ᠰᠠᠭᠠᠳ ᠦᠬᠡᠢ ᠶᠠᠪᠣᠭᠳᠠᠭᠤᠯᠵᠣ᠂ ᠵᠠᠷᠯᠢᠭ ᠴᠠᠭᠠᠵᠠ ᠶᠢ ᠳᠠᠭᠠᠬᠤ ᠶᠢ ᠪᠠᠳᠣᠯᠠᠨ᠎ᠠ᠃ | ᠬᠠᠣᠯᠢ ᠶᠣᠰᠣᠭᠠᠷ ᠵᠠᠰᠠᠭ ᠪᠠᠷᠢᠬᠤ ᠶᠢ ᠴᠢᠩᠭ᠎ᠠ ᠪᠠᠷᠢᠮᠳᠠᠯᠠᠨ᠎ᠠ᠃ ᠵᠠᠰᠠᠭ ᠤᠨ ᠣᠷᠳᠣᠨ ᠤ ᠠᠵᠢᠯᠯᠠᠭ᠎ᠠ ᠶᠢ | ᠪᠦᠬᠦ ᠳᠠᠯ᠎ᠠ ᠪᠠᠷ ᠬᠠᠣᠯᠢ ᠪᠠᠷ ᠵᠠᠰᠠᠬᠤ ᠵᠠᠮ ᠳᠤ ᠣᠷᠣᠭᠤᠯᠵᠣ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ | ᠪᠦᠳᠦᠬᠡᠨ ᠪᠠᠶᠢᠭᠤᠯᠣᠨ᠎ᠠ᠃ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠩᠭᠤ ᠶᠢᠨ | ᠬᠤᠷᠢᠶ᠎ᠠ ᠶᠢᠨ ᠬᠠᠣᠯᠢ ᠴᠠᠭᠠᠵᠠ ᠶᠢᠨ ᠬᠢᠨᠠᠯᠳᠠ ᠪᠣᠯᠣᠨ ᠠᠵᠢᠯ ᠢ ᠬᠢᠨᠠᠯᠳᠡ ᠳᠠᠯᠪᠢᠯᠳᠡ ᠬᠠᠣᠯᠢ ᠶᠣᠰᠣᠭᠠᠷ | ᠬᠦᠯᠢᠶᠡᠵᠣ᠂ ᠣᠯᠣᠰ ᠳᠦᠷᠦ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠳᠠᠯᠪᠢᠯᠳᠡ ᠶᠢ ᠣᠬᠠᠮᠰᠠᠷ ᠠᠴᠠ ᠪᠠᠨ | ᠬᠦᠯᠢᠶᠡᠵᠣ᠂ ᠨᠡᠶᠢᠬᠡᠮ ᠪᠣᠯᠣᠨ ᠬᠡᠯᠡᠯᠴᠡᠬᠡᠨ ᠤ ᠬᠢᠨᠠᠯᠳᠠ ᠳᠠᠯᠪᠢᠯᠳᠡ ᠶᠢ ᠣᠬᠠᠮᠰᠠᠷ ᠠᠴᠠ ᠪᠠᠨ ᠬᠦᠯᠢᠶᠡᠨ᠎ᠠ᠃ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠠ ᠣᠯᠣᠰ | ᠳᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠳᠣᠷᠠᠳᠣᠯᠭ᠎ᠠ ᠶᠢᠨ ᠬᠦᠢᠴᠡᠳᠬᠡᠬᠦ ᠴᠢᠨᠠᠷ ᠴᠢᠨᠰᠠᠭ᠎ᠠ ᠶᠢ ᠣᠯᠠᠮ | ᠨᠢᠬᠡ ᠠᠯᠬᠤᠮ ᠳᠡᠭᠡᠭᠰᠢᠯᠡᠬᠦᠯᠦᠨ᠎ᠡ᠃ ᠵᠠᠰᠠᠭ ᠤᠨ ᠶᠠᠪᠣᠳᠠᠯ ᠢ ᠢᠯᠡ ᠪᠣᠯᠬᠤ ᠳᠠᠪᠴᠠᠩ ᠤᠨ ᠪᠠᠶᠢᠭᠤᠯᠣᠯᠳᠠ ᠶᠢ | ᠴᠢᠩᠭᠠᠳᠬᠠᠵᠣ᠂ ᠴᠢᠮᠡᠭᠡ ᠵᠠᠩᠬᠢ ᠨᠡᠶᠢᠳᠡᠯᠡᠬᠦ ᠳᠦᠷᠢᠮ ᠢ ᠳᠡᠬᠦᠯᠳᠡᠷᠵᠢᠬᠦᠯᠦᠨ᠎ᠡ᠃ ᠬᠤᠳᠠ ᠶᠢᠨ ᠵᠠᠰᠠᠭ ᠤᠨ | ᠣᠷᠳᠣᠨ ᠤ ᠠᠵᠢᠯ ᠤᠨ ᠳᠦᠷᠢᠮ ᠢ ᠴᠢᠩᠭ᠎ᠠ ᠬᠡᠷᠡᠭᠵᠢᠬᠦᠯᠵᠣ᠂ ᠣᠯᠠᠨ ᠨᠡᠶᠢᠳᠡ ᠣᠷᠣᠯᠴᠠᠬᠤ᠂ ᠳᠣᠰᠬᠠᠢ | ᠮᠡᠷᠬᠡᠵᠢᠯᠳᠡᠨ ᠦᠨᠡᠯᠡᠨ ᠪᠠᠳᠣᠯᠠᠬᠤ᠂ ᠠᠶᠣᠯ ᠳᠦᠭᠰᠢᠬᠦᠷᠢ ᠶᠢ ᠦᠨᠡᠯᠡᠨ ᠳᠣᠭᠳᠠᠭᠠᠬᠤ᠂ ᠬᠠᠣᠯᠢ ᠶᠣᠰᠣᠨ ᠤ | ᠴᠢᠨᠠᠷᠳᠡᠢ ᠬᠢᠨᠠᠨ ᠪᠠᠶᠢᠴᠠᠭᠠᠯᠳᠠ ᠪᠠ ᠬᠠᠮᠳᠣ ᠪᠠᠷ ᠶᠠᠷᠢᠯᠴᠠᠨ ᠳᠣᠭᠳᠠᠭᠠᠬᠤ ᠶᠢ ᠪᠠᠷᠢᠮᠳᠠᠯᠠᠵᠣ᠂ ᠰᠢᠢᠳᠪᠦᠷᠢᠳᠣ | ᠪᠣᠳᠣᠯᠭ᠎ᠠ ᠶᠢᠨ ᠠᠷᠠᠳᠴᠢᠯᠠᠯᠳᠡ᠂ ᠰᠢᠨᠵᠢᠯᠡᠬᠦ ᠣᠬᠠᠭᠠᠨᠴᠢᠯᠠᠯᠳᠠ ᠪᠠ ᠬᠠᠣᠯᠢᠵᠢᠯᠳᠠ ᠶᠢ ᠳᠦᠯᠬᠢᠨ ᠠᠬᠢᠭᠤᠯᠣᠨ᠎ᠠ᠃ | ᠪᠣᠳᠠᠳᠣ ᠠᠵᠢᠯᠯᠠᠭ᠎ᠠ ᠶᠢ ᠡᠷᠬᠢᠮᠯᠡᠵᠣ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠠᠷᠠᠳ ᠳᠦᠮᠡᠨ ᠲᠤ | ᠦᠢᠯᠡᠴᠢᠯᠡᠬᠦ ᠵᠣᠷᠢᠯᠳᠠ ᠶᠢ ᠪᠠᠳᠣ ᠴᠡᠬᠡᠵᠢᠯᠡᠵᠣ᠂ ᠵᠠᠰᠠᠭ ᠤᠨ ᠣᠷᠳᠣᠨ ᠤ ᠠᠯᠪᠠᠨ ᠳᠣᠰᠢᠶᠠᠯᠳᠠᠨ ᠤ ᠶᠣᠰᠣ | ᠰᠣᠷᠳᠠᠬᠤᠨ ᠤ ᠪᠣᠯᠪᠠᠰᠣᠷᠠᠯ ᠪᠠ ᠳᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠴᠢᠩᠭᠠᠳᠬᠠᠵᠣ᠂ ︽ᠳᠠᠪᠣᠨ ᠳᠠᠯ᠎ᠠ | ᠪᠠᠷ ᠴᠠᠭᠠᠷᠠᠬᠤ︾ ᠶᠢ ᠳᠣᠪᠣᠶᠢᠯᠭᠠᠵᠣ᠂ ︽ᠨᠠᠢᠮᠠᠨ ᠴᠢᠳᠠᠪᠣᠷᠢ︾ ᠶᠢ ᠴᠢᠩᠭᠠᠷᠠᠭᠤᠯᠵᠣ᠂ ᠠᠵᠢᠯ ᠬᠢᠵᠣ ᠦᠢᠯᠡᠰ | ᠪᠣᠰᠬᠠᠬᠤ ︽ᠴᠤᠭ ᠵᠢᠪᠬᠤᠭ᠎ᠠ︾ ᠶᠢ ᠳᠡᠭᠡᠭᠰᠢᠯᠡᠬᠦᠯᠣᠨ᠎ᠠ᠃ ᠪᠢᠴᠢᠭ ᠮᠠᠲ᠋ᠧᠷᠢᠶᠠᠯ ᠢ ᠨᠠᠷᠢᠯᠢᠭᠵᠢᠭᠤᠯᠵᠣ ᠬᠤᠷᠠᠯ ᠢ | ᠪᠠᠭᠠᠰᠬᠠᠵᠣ᠂ ᠬᠤᠷᠠᠯ ᠢ ᠴᠦᠬᠡᠳᠬᠡᠵᠣ᠂ ᠠᠪᠰᠡᠷᠬᠠᠨ ᠬᠤᠷᠠᠯ ᠬᠤᠷᠠᠯᠳᠣᠵᠣ᠂ ᠬᠡᠷᠡᠭᠴᠡᠭᠡ ᠲᠠᠢ ᠬᠤᠷᠠᠯ | ᠬᠤᠷᠠᠯᠳᠣᠵᠣ᠂ ᠠᠰᠠᠭᠤᠳᠠᠯ ᠰᠢᠢᠳᠪᠦᠷᠢᠯᠡᠬᠦ ᠦᠬᠡᠢ ᠬᠤᠷᠠᠯ ᠢ ᠡᠷᠡᠰ ᠬᠤᠷᠠᠯᠳᠣᠬᠤ ᠦᠬᠡᠢ᠂ ᠪᠣᠳᠠᠳᠣ ᠠᠴᠢ | ᠬᠤᠯᠪᠣᠭᠳᠠᠯ ᠦᠬᠡᠢ ᠪᠢᠴᠢᠭ ᠮᠠᠲ᠋ᠧᠷᠢᠶᠠᠯ ᠢ ᠡᠷᠡᠰ ᠶᠠᠪᠣᠭᠤᠯᠬᠤ ᠦᠬᠡᠢ᠂ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ ᠪᠠᠭᠤᠯᠭᠠᠬᠤ ᠳᠤᠭ᠎ᠠ ᠶᠢ ᠭᠤᠷᠪᠠᠨ ᠤ ᠨᠢᠬᠡ ᠬᠤᠪᠢ ᠠᠴᠠ ᠳᠡᠭᠡᠭᠰᠢᠬᠢ ᠪᠠᠭᠠᠰᠬᠠᠬᠤ ᠶᠢ ᠪᠠᠳᠣᠯᠠᠨ᠎ᠠ᠃ | ᠪᠠᠶᠢᠴᠠᠭᠠᠨ ᠰᠣᠳᠣᠯᠣᠯᠳᠠ ᠪᠠᠨ ᠴᠢᠩᠭᠠᠳᠬᠠᠵᠣ᠂ ᠦᠷᠬᠡᠨ ᠣᠯᠠᠨ ᠺᠠᠳ᠋ᠷ ᠡᠮᠦᠨ᠎ᠡ ᠹᠷᠣᠨᠲ ᠤᠨ ᠠᠵᠢᠯ ᠢ | ᠠᠬᠢᠭᠤᠯᠵᠣ᠂ ᠠᠰᠠᠭᠤᠳᠠᠯ ᠢ ᠰᠢᠢᠳᠪᠦᠷᠢᠯᠡᠬᠦᠯᠣᠨᠡ᠃ ︽ᠦᠨᠳᠦᠷ ᠪᠠᠷᠢᠮᠵᠢᠶ᠎ᠠ᠂ ᠦᠨᠳᠦᠷ ᠦᠷ᠎ᠡ ᠠᠰᠢᠭ︾᠂ ︽ | ᠪᠢᠴᠢᠭ ᠮᠠᠲ᠋ᠧᠷᠢᠶᠠᠯ ᠢ ᠳᠣᠬᠠᠢ ᠶᠢᠨ ᠡᠳᠦᠷ ᠲᠤ ᠨᠢ ᠰᠢᠢᠳᠪᠦᠷᠢᠯᠡᠵᠣ᠂ ᠶᠠᠪᠣᠳᠠᠯ ᠢ ᠬᠤᠶᠠᠷ ᠡᠳᠦᠷ ᠪᠣᠯᠭᠠᠬᠤ ᠦᠬᠡᠢ | ︾ ᠪᠠᠶᠢᠬᠤ ᠠᠵᠢᠯ ᠤᠨ ᠵᠠᠷᠴᠢᠮ ᠢ ᠪᠠᠷᠢᠮᠳᠠᠯᠠᠵᠣ᠂ ᠴᠢᠬᠤᠯᠠ ᠶᠡᠭᠡ ᠪᠠᠶᠢᠷᠢᠯᠠᠭᠤᠯᠣᠯᠳᠠ᠂ ᠴᠢᠬᠤᠯᠠ ᠠᠵᠢᠯ᠂ | ᠴᠢᠬᠤᠯᠠ ᠢᠨᠵᠧᠨᠧᠷᠢᠩ ᠤᠨ ᠳᠠᠯ᠎ᠠ ᠪᠠᠷ ᠬᠡᠯᠡᠪᠡᠰᠣ ᠢᠳᠡᠬᠡᠬᠦᠰᠢᠳᠠᠢ᠂ ᠬᠢᠪᠡᠰᠣ ᠪᠦᠳᠦᠮᠵᠢᠳᠠᠢ ᠬᠢᠬᠦ ᠶᠢ ᠰᠠᠶᠢᠳᠣᠷ | ᠪᠠᠷᠢᠮᠳᠠᠯᠠᠵᠣ᠂ ᠪᠣᠳᠠᠳᠠᠢ ᠦᠷ᠎ᠡ ᠪᠦᠳᠦᠮᠵᠢ ᠪᠠᠷ ᠵᠠᠰᠠᠭ ᠤᠨ ᠣᠷᠳᠣᠨ ᠤ ᠠᠵᠢᠯ ᠤᠨ ᠦᠷ᠎ᠡ ᠠᠰᠢᠭ ᠢ ᠰᠢᠯᠭᠠᠨ᠎ᠠ᠃ | | ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠬᠢᠴᠢᠶᠡᠩᠭᠦᠶᠢᠯᠡᠨ ᠵᠢᠷᠣᠮᠯᠠᠨ᠎ᠠ᠃ ᠰᠢᠨ᠎ᠡ ᠴᠠᠭ ᠦᠶ᠎ᠡ ᠶᠢᠨ | ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠣ᠂ ᠵᠠᠰᠠᠭ ᠤᠨ ᠣᠷᠳᠣᠨ | ᠤ ᠰᠢᠰᠲ᠋ᠧᠮ ᠤᠨ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠪᠠ ᠦᠵᠡᠯ ᠣᠬᠠᠮᠰᠠᠷ ᠤᠨ ᠬᠡᠯᠪᠡᠷᠢ ᠶᠢᠨ | ᠠᠵᠢᠯ ᠢ ᠬᠦᠨᠵᠡᠬᠡᠢ ᠠᠬᠢᠭᠤᠯᠵᠣ᠂ ︽ᠨᠢᠬᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠡᠬᠦᠷᠬᠡᠯᠡᠬᠦ︾ ᠶᠢ | ᠬᠢᠨᠠᠮᠠᠭᠠᠢ ᠬᠡᠷᠡᠭᠵᠢᠬᠦᠯᠦᠨ᠎ᠡ᠃ ᠳᠦᠪ ᠤᠨ ᠨᠠᠢᠮᠠᠨ ᠳᠣᠭᠳᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠬᠡᠷᠡᠭᠵᠢᠬᠦᠯᠵᠣ᠂ ︽ᠳᠦᠷᠪᠡᠨ ᠰᠣᠷᠳᠠᠯ︾ ᠤᠨ ᠰᠢᠨ᠎ᠡ ᠢᠯᠡᠷᠡᠯ ᠰᠢᠨ᠎ᠡ ᠴᠢᠭᠯᠡᠯ ᠢ ᠶᠡᠭᠡ | ᠬᠦᠴᠦᠨ ᠢᠶᠠᠷ ᠴᠡᠭᠴᠡᠯᠡᠨ ᠵᠠᠰᠠᠵᠣ᠂ ᠢᠯᠵᠠᠷᠠᠯ ᠡᠬᠦᠰᠬᠦ ᠶᠢ ᠬᠦᠴᠦᠯᠡᠨ ᠠᠷᠢᠯᠭᠠᠨ᠎ᠠ᠃ ᠪᠦᠰᠠ ᠪᠠᠨ ᠴᠢᠩᠭᠠᠯᠠᠵᠣ | ᠠᠮᠢᠳᠣᠷᠠᠬᠤ ᠦᠵᠡᠯ ᠰᠠᠨᠠᠭ᠎ᠠ ᠶᠢ ᠪᠠᠳᠣ ᠪᠠᠬᠢ ᠪᠣᠢ ᠪᠣᠯᠭᠠᠵᠣ᠂ ᠠᠵᠢᠯᠴᠢ ᠠᠷᠪᠢᠴᠢ ᠪᠠᠶᠢᠵᠣ᠂ ᠪᠦᠷᠢᠯᠬᠡᠨ | ᠰᠦᠢᠳᠬᠡᠬᠦ ᠶᠢ ᠡᠷᠡᠰ ᠬᠤᠷᠢᠭᠯᠠᠨ ᠵᠣᠭᠰᠣᠭᠠᠵᠣ᠂ ᠬᠡᠮᠵᠢᠶ᠎ᠡ ᠲᠠᠢ ᠪᠡᠯᠡ ᠮᠦᠩᠭᠦ ᠶᠢ ᠵᠠᠩᠬᠢᠯᠠᠭ᠎ᠠ ᠶᠢᠨ ᠵᠦᠢᠯ ᠳᠤ | ᠬᠡᠷᠡᠭᠯᠡᠵᠣ᠂ ︽ᠭᠤᠷᠪᠠᠨ ᠠᠯᠪᠠᠨ ᠤ ᠶᠠᠪᠣᠳᠠᠯ︾ ᠤᠨ ᠵᠠᠷᠣᠳᠠᠯ ᠢ 3% ᠣᠷᠴᠢᠮ ᠪᠠᠭᠠᠰᠬᠠᠨ᠎ᠠ᠃ ᠡᠷᠬᠡ | ᠬᠡᠷᠡᠭᠵᠢᠬᠦᠯᠬᠦ ᠬᠢᠨᠠᠯᠳᠠ ᠳᠠᠯᠪᠢᠬᠤ ᠳᠣᠭᠳᠠᠴᠠ ᠶᠢ ᠪᠦᠷᠢᠨᠰᠢᠬᠦᠯᠵᠣ᠂ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ᠂ | ᠭᠠᠵᠠᠷ ᠰᠢᠷᠣᠢ ᠶᠢ ᠬᠢᠮᠳᠠ ᠪᠠᠷ ᠬᠤᠳᠠᠯᠳᠣᠬᠤ᠂ ᠵᠠᠰᠠᠭ ᠤᠨ ᠣᠷᠳᠣᠨ ᠤ ᠬᠤᠳᠠᠯᠳᠣᠨ ᠠᠪᠬᠤ ᠵᠡᠷᠬᠡ ᠬᠦᠷᠢᠶ᠎ᠠ | ᠬᠡᠪᠴᠢᠶᠡᠨ ᠤ ᠬᠢᠨᠠᠯᠳᠠ ᠳᠠᠯᠪᠢᠬᠤ ᠬᠠᠮᠢᠶᠠᠷᠣᠯᠳᠠ ᠪᠠᠨ ᠴᠢᠩᠭᠠᠳᠬᠠᠵᠣ᠂ ᠡᠯ᠎ᠡ ᠳᠦᠷᠦᠯ ᠤᠨ ᠰᠠᠬᠢᠯᠭ᠎ᠠ ᠪᠠᠳᠣ | ᠬᠠᠣᠯᠢ ᠴᠠᠭᠠᠵᠠ ᠠᠴᠠ ᠵᠦᠷᠢᠴᠡᠭᠰᠡᠨ ᠠᠵᠢᠯᠯᠠᠭ᠎ᠠ ᠪᠠ ᠢᠯᠵᠡᠷᠡᠯ ᠤᠨ ᠠᠰᠠᠭᠤᠳᠠᠯ ᠢ ᠡᠷᠬᠡᠪᠰᠢ ᠪᠠᠶᠢᠴᠠᠭᠠᠨ | ᠰᠢᠢᠳᠪᠦᠷᠢᠯᠡᠵᠣ᠂ ᠰᠣᠷᠳᠠᠯ ᠴᠢᠭᠡᠴᠢ ᠣᠪᠣᠷ ᠳᠦᠪ ᠪᠠᠶᠢᠬᠤ ᠠᠷᠢᠭᠤᠨ ᠴᠢᠭᠡᠴᠢ ᠵᠠᠰᠠᠭ ᠤᠨ ᠣᠷᠳᠣᠨ ᠢ | ᠪᠠᠶᠢᠭᠤᠯᠣᠨ᠎ᠠ᠃ | ᠳᠦᠯᠦᠭᠡᠯᠡᠭᠴᠢᠳ ᠡ᠂ ᠳᠦᠪ ᠶᠣᠰᠣ ᠪᠣᠯ ᠳᠣᠪᠴᠢ ᠬᠢᠯᠪᠡᠷ᠂ ᠪᠣᠳᠠᠳᠠᠢ ᠠᠵᠢᠯ ᠬᠢᠬᠦ ᠪᠠᠷ ᠭᠤᠣᠯ | ᠪᠣᠯᠭᠠᠨ᠎ᠠ᠃ ᠪᠢᠳᠠ ᠰᠢ ᠶᠢᠨ ᠫᠢᠩ ᠶᠡᠷᠦᠩᠭᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠳᠦᠪ ᠬᠤᠷᠢᠶ᠎ᠠ ᠶᠢᠨ | ᠳᠣᠭᠤᠷᠢᠨ ᠳᠤ ᠨᠢᠭᠳᠠᠷᠠᠨ ᠪᠦᠯᠬᠦᠮᠳᠠᠵᠣ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠠᠭᠤᠣ | ᠶᠡᠭᠡ ᠳᠤᠭ ᠢ ᠦᠨᠳᠦᠷ ᠮᠠᠨᠳᠣᠭᠤᠯᠵᠣ᠂ ᠨᠠᠮ ᠤᠨ ᠬᠤᠷᠢᠶ᠎ᠠ ᠶᠢᠨ ᠴᠢᠩᠭ᠎ᠠ ᠣᠳᠣᠷᠢᠳᠣᠯᠭ᠎ᠠ ᠳᠣᠣᠷ᠎ᠠ ᠡᠬᠦᠷᠬᠡ | ᠬᠠᠷᠢᠭᠤᠴᠠᠯᠭ᠎ᠠ ᠳᠣᠰᠢᠶᠠᠯ ᠢᠶᠠᠨ ᠪᠠᠳᠣ ᠴᠡᠬᠡᠵᠢᠯᠠᠵᠣ᠂ ᠠᠷᠠᠳ ᠳᠦᠮᠡᠨ ᠤ ᠬᠦᠰᠡᠯ ᠨᠠᠶᠢᠳᠠᠯᠭ᠎ᠠ ᠶᠢ ᠡᠬᠦᠷᠬᠡᠯᠡᠵᠣ᠂ | ᠴᠢᠷᠮᠠᠶᠢᠨ ᠳᠡᠮᠡᠴᠡᠵᠣ ᠰᠠᠶᠢᠨ ᠰᠠᠶᠢᠬᠠᠨ ᠢᠷᠡᠬᠡᠳᠦᠢ ᠢ ᠪᠢᠴᠢᠭᠯᠡᠵᠣ᠂ ᠬᠦᠴᠦ ᠬᠦᠯᠦᠰᠣ ᠪᠠᠷ ᠢᠶᠠᠨ ᠬᠡᠷᠡᠯ | ᠰᠠᠴᠣᠷᠠᠩᠭᠤᠢ ᠶᠢ ᠴᠣᠭᠴᠠᠯᠠᠵᠣ᠂ ᠰᠡᠳᠬᠢᠯ ᠨᠢᠬᠡᠳᠴᠣ ᠬᠦᠴᠦ ᠪᠠᠨ ᠬᠠᠮᠳᠣᠳᠬᠠᠵᠣ᠂ ᠵᠠᠮ ᠨᠡᠬᠡᠬᠡᠨ ᠣᠷᠣᠭᠰᠢᠯᠠᠵᠣ | ᠂ ᠦᠪᠦᠷ ᠮᠣᠩᠭᠤᠯ ᠤᠨ ᠵᠡᠬᠦᠨ ᠬᠡᠰᠡᠭ ᠣᠷᠣᠨ ᠤ ︽ᠠᠵᠣ ᠠᠬᠤᠢ ᠬᠦᠭᠵᠢᠯᠳᠡ ᠲᠠᠢ᠂ ᠣᠷᠴᠢᠨ ᠳᠣᠭᠤᠷᠢᠨ | ᠭᠤᠶᠣᠯᠢᠭ᠂ ᠨᠡᠶᠢᠬᠡᠮ ᠡᠶ᠎ᠡ ᠵᠣᠬᠢᠴᠠᠯ ᠲᠠᠢ᠂ ᠬᠤᠳᠠ ᠶᠢᠨ ᠠᠷᠠᠳ ᠵᠣᠯ ᠵᠢᠷᠭᠠᠯ ᠲᠠᠢ︾ ᠬᠡᠷᠡᠯᠳᠣ ᠰᠣᠪᠣᠳ ᠢ | ᠪᠦᠳᠦᠬᠡᠨ ᠪᠠᠶᠢᠭᠤᠯᠬᠤ ᠪᠠᠷ ᠴᠣᠴᠠᠯᠳᠠ ᠦᠬᠡᠢ ᠴᠢᠷᠮᠠᠶᠢᠨ ᠳᠡᠮᠡᠴᠡᠵᠣ᠂ ᠰᠢᠯᠢᠳᠡᠭ ᠬᠢᠷᠢ ᠪᠦᠳᠦᠮᠵᠢ ᠪᠠᠷ ᠪᠦᠬᠦᠳᠡ | ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠬᠡᠯᠡᠶᠠ︕ | | | | |