ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ ᠳᠤ ᠠᠮᠵᠢᠯᠳᠠᠳᠠᠢ ᠬᠦᠴᠦᠨ ᠨᠡᠮᠡᠷᠢᠯᠡᠵᠦ᠂ | ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠰᠠᠶᠢᠵᠢᠷᠠᠭᠤᠯᠬᠤ ᠶᠢᠨ ᠲᠥᠯᠥᠭᠡ᠂ 2017 ᠣᠨ ᠠᠴᠠ ᠣᠳᠣ ᠬᠦᠷᠳᠡᠯ᠎ᠡ᠂ ᠬᠤᠲᠠ ᠶᠢᠨ ᠦᠨᠳᠦᠰᠦᠳᠡᠨ ᠤ ᠬᠡᠷᠡᠭ | ᠡᠷᠬᠢᠯᠡᠬᠦ ᠵᠥᠪᠯᠡᠯ 300 ᠲᠦᠮᠡ ᠰᠢᠬᠠᠮ ᠪᠡᠯᠡ ᠣᠷᠣᠭᠤᠯᠵᠣ᠂ ᠭᠤᠣᠯᠳᠠᠭᠤ ᠬᠠᠭᠠᠨᠳᠣ ᠠᠭᠤᠯᠠᠨ ᠤ ᠦᠵᠡᠮᠵᠢ ᠶᠢᠨ | ᠣᠷᠣᠨ ᠳᠤ 216 ᠰᠠᠭᠤᠷᠢ ᠨᠡᠷᠡᠨ ᠡᠨᠧᠷᠭᠢ ᠶᠢᠨ ᠵᠠᠮ ᠤᠨ ᠳ᠋ᠧᠩ ᠣᠭᠰᠠᠷᠠᠵᠣ᠂ ᠠᠭᠤᠯᠠᠨ ᠵᠠᠮ ᠳᠡᠭᠡᠷ᠎ᠡ 326 | ᠰᠠᠭᠤᠷᠢ ᠨᠡᠷᠡᠨ ᠡᠨᠧᠷᠭᠢ ᠶᠢᠨ ᠬᠠᠨ᠎ᠠ ᠶᠢᠨ ᠳ᠋ᠧᠩ ᠣᠭᠰᠠᠷᠠᠨ᠂ ᠦᠵᠡᠮᠵᠢ ᠶᠢᠨ ᠠᠭᠤᠳᠠᠮ ᠲᠠᠯᠠᠪᠠᠢ ᠶᠢᠨ | ᠦᠨᠳᠦᠰᠦᠲᠡᠨ ᠤ ᠰᠣᠶᠣᠯ ᠤᠨ ᠦᠵᠡᠰᠬᠦᠯᠡᠩ ᠤᠨ ᠣᠷᠳᠣᠨ ︵ᠮᠣᠩᠭᠤᠯ ᠰᠣᠶᠣᠯ ᠤᠨ ᠣᠷᠳᠣᠨ᠂ | ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ ᠶᠢᠨ ᠲᠢᠩᠬᠢᠮ ᠤᠨ ᠵᠤᠭᠠᠴᠠᠭᠰᠠᠳ ᠲᠤ ᠦᠢᠯᠡᠴᠢᠯᠡᠬᠦ ᠲᠥᠪ᠂ | ᠮᠣᠩᠭᠤᠯ ᠬᠠᠳᠬᠤᠮᠠᠯ ᠤᠨ ᠣᠷᠳᠣᠨ︶ ᠤ ᠵᠢᠷᠤᠭ ᠴᠢᠮᠡᠭᠯᠡᠯ᠂ ︽ᠬᠠᠰᠠᠷ︾ ᠤᠨ ᠱᠤᠭᠤᠮᠠᠯ᠂ ᠴᠢᠩᠭᠢᠰ ᠬᠠᠭᠠᠨ | ᠪᠣᠯᠤᠨ ᠬᠤᠪᠢᠯᠠᠶ ᠶᠢᠨ ᠬᠦᠷᠦᠭ ᠱᠣᠭᠤᠮᠠᠯ ᠢ ᠪᠠᠬᠢᠵᠢᠭᠦᠯᠦᠭᠰᠡᠨ ᠨᠤᠨᠲᠠᠭ᠂ ᠬᠤᠷᠴᠢᠨ ᠰᠣᠶᠣᠯ ᠤᠨ ᠶᠡᠭᠡ ᠵᠠᠮ ᠳᠠᠬᠢ | 7 ᠦᠵᠡᠮᠵᠢ ᠶᠢᠨ ᠱᠤᠭᠤᠮᠠᠯ᠂ ᠴᠢᠩᠭᠢᠰ ᠬᠠᠭᠠᠨ ᠤ ᠪᠢᠯᠢᠭ ᠰᠤᠷᠭᠠᠯ ᠤᠨ ᠬᠥᠰᠢᠶ᠎ᠡ ᠶᠢᠨ ᠪᠦᠲᠦᠭᠡᠨ ᠪᠠᠶᠢᠭᠤᠯᠣᠯᠳᠠ | ᠂ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠱᠤᠭᠤᠮᠠᠯ ᠵᠡᠷᠭᠡ 8 ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ | ᠲᠦᠰᠦᠯ ᠨᠢ ᠦᠵᠡᠮᠵᠢ ᠶᠢᠨ ᠣᠷᠣᠨ ᠤ ᠦᠵᠡᠮᠵᠢ ᠵᠢᠴᠢ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠭᠰᠠᠨ | ᠪᠦᠭᠡᠳ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠤᠲᠠ ᠶᠢᠨ | ᠠᠷᠠᠳ ᠲᠦᠮᠡᠨ ᠤ ᠵᠣᠯ ᠵᠢᠷᠭᠠᠯ ᠤᠨ ᠲᠥᠷᠥᠭᠳᠡᠯ᠂ ᠣᠯᠣᠯᠳᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠡ᠃ | ︵ᠴᠢᠮᠡᠭᠡᠯᠡᠭᠴᠢ/ ᠵᠠᠩ ᠱᠣ᠋ ᠭᠤᠸᠠᠩ︶ | | | | | | | | | | |