ᠮᠦᠰᠦᠨ ᠳ᠋ᠧᠩ ᠴᠠᠰᠦᠨ ᠱᠤᠭᠤᠮᠠᠯ ᠨᠢ ᠡᠪᠦᠯ ᠤᠨ ᠵᠤᠭᠠᠴᠠᠯ ᠳᠤ ᠨᠡᠩ ᠢᠯᠡᠬᠦᠤ ᠦᠩᠭᠡ ᠨᠡᠮᠡᠷᠢᠯᠡᠨ᠎ᠡ | ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠮᠠᠨ ᠤ ᠬᠤᠲᠠ ᠶᠢᠨ ᠡᠯ᠎ᠡ ᠭᠤᠤᠯ ᠵᠡᠭᠡᠯᠢ ᠭᠤᠳᠤᠮᠵᠢ | ᠠᠭᠤᠳᠠᠮ ᠲᠠᠯᠠᠪᠠᠢ ᠳᠤ ᠥᠩᠭᠡᠲᠦ ᠳ᠋ᠧᠩ ᠪᠣᠯᠤᠨ ᠮᠥᠰᠥ ᠴᠠᠰᠤᠨ ᠤ ᠦᠵᠡᠮᠵᠢ ᠮᠠᠰᠢ ᠭᠤᠶᠤ ᠬᠠᠷᠠᠭᠳᠠᠨ᠎ᠠ᠃ | ᠰᠥᠨᠢ ᠳᠡᠭᠡᠨ ᠥᠩᠭᠡᠲᠦ ᠳ᠋ᠧᠩ ᠠᠰᠠᠵᠤ᠂ ᠬᠤᠲᠠ ᠶᠢᠨ ᠠᠷᠠᠳ ᠰᠡᠭᠦᠳᠡᠷ ᠲᠠᠳᠠᠬᠤ᠂ ᠰᠣᠨᠢᠷᠬᠠᠬᠤ ᠦᠵᠡᠮᠵᠢ ᠲᠠᠢ | ᠪᠤᠯᠤᠭᠰᠠᠨ ᠪᠥᠭᠡᠳ ᠮᠠᠨ ᠤ ᠬᠤᠲᠠ ᠳᠤ ᠵᠤᠭᠠᠴᠠᠨ ᠨᠠᠭᠠᠳᠬᠤ ᠪᠠᠷ ᠢᠷᠡᠭᠰᠡᠨ ᠵᠣᠴᠢᠳ ᠲᠤ ᠬᠤᠤᠯᠢᠩᠭᠤᠤᠯ | ᠬᠤᠲᠠ ᠶᠢᠨ ᠡᠪᠦᠯ ᠤᠨ ᠤᠯᠠᠷᠢᠯ ᠳᠤ ᠣᠨᠴᠠ ᠪᠠᠶᠢᠳᠠᠭ ᠮᠥᠰᠥ ᠴᠠᠰᠤᠨ ᠤ ᠬᠡᠪ ᠨᠠᠮᠪᠠ ᠶᠢ ᠦᠵᠡᠬᠦᠯᠪᠡ᠃ | | | | | ᠬᠤᠤᠯᠢᠩᠭᠤᠤᠯ ᠤᠨ ᠠᠭᠤᠳᠠᠮ ᠲᠠᠯᠠᠪᠠᠶ ᠶᠢᠨ ᠮᠥᠰᠥᠨ ᠱᠤᠭᠤᠮᠠᠯ ᠤᠨ ᠬᠦᠷᠢᠶᠡᠯᠡᠩ ᠳᠤ ᠡᠯ᠎ᠡ ᠵᠦᠢᠯ ᠤᠨ | ᠮᠥᠰᠥᠨ ᠱᠤᠭᠤᠮᠠᠯ ᠳᠤ ᠰᠤᠯᠤᠩᠭᠠᠨ ᠥᠩᠭᠡ ᠶᠢᠨ ᠥᠩᠭᠡᠲᠦ ᠳ᠋ᠧᠩ ᠲᠠᠭᠠᠷᠠᠭᠤᠯᠵᠤ᠂ ᠭᠢᠯᠠᠭᠠᠷ ᠲᠤᠩᠭᠠᠯᠠᠭ᠂ | ᠭᠢᠯᠲᠠᠭᠠᠨᠠᠮ᠎ᠠ ᠰᠠᠶᠢᠬᠠᠨ ᠪᠠᠶᠢᠵᠤ᠂ ᠮᠥᠰᠥ ᠴᠠᠰᠤᠨ ᠤ ᠠᠭᠤᠷ ᠠᠮᠢᠰᠬᠤᠯ ᠢ ᠪᠣᠶ ᠪᠣᠯᠭᠠᠬᠤ ᠪᠠᠷ ᠪᠠᠷᠠᠬᠤ ᠥᠬᠡᠶ᠂ | ᠵᠤᠭᠠᠴᠠᠭᠰᠠᠳ ᠪᠠ ᠰᠠᠭᠤᠭᠠᠯᠢ ᠠᠷᠠᠳ ᠲᠤ ᠨᠠᠩ ᠣᠶᠢᠷ᠎ᠠ ᠵᠠᠶ ᠪᠠᠷ ᠮᠥᠰᠥ ᠴᠠᠰᠤᠨ ᠤ ᠤᠷᠠᠯᠢᠭ ᠢ ᠨᠠᠩ ᠰᠢᠭᠤᠳ | ᠰᠣᠨᠢᠷᠬᠠᠭᠤᠯᠵᠤ᠂ ᠮᠥᠰᠥ ᠴᠠᠰᠤᠨ ᠤ ᠰᠣᠶᠣᠯ ᠢ ᠮᠡᠳᠡᠷᠡᠬᠦᠯᠬᠦ ᠪᠤᠯᠤᠨ᠎ᠠ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠮᠥᠰᠥᠨ ᠱᠤᠭᠤᠮᠠᠯ ᠤᠨ ᠦᠵᠡᠭᠦᠯᠭᠡ ᠳᠤ ᠨᠡᠶᠢᠲᠡ 32 ᠳᠦᠷᠰᠦ | ᠪᠦᠲᠦᠭᠡᠵᠦ᠂ ᠮᠥᠰᠥᠨ ᠤ ᠬᠡᠮᠵᠢᠶ᠎ᠡ ᠨᠢ 3057.475 ᠪᠣᠰᠤᠭ᠎ᠠ ᠳᠥᠷᠪᠡᠯᠵᠢᠨ ᠮᠧᠲᠷ ᠪᠠᠶᠢᠪᠠ᠃ ᠶᠠᠩᠵᠤ | ᠪᠦᠷᠢ ᠶᠢᠨ ᠮᠥᠰᠥᠨ ᠱᠤᠭᠤᠮᠠᠯ ᠨᠢ ᠪᠦᠷ ᠥᠩᠭᠡ ᠪᠦᠷᠢ ᠶᠢᠨ ᠳ᠋ᠧᠩ ᠤᠨ ᠴᠢᠮᠡᠭ ᠲᠠᠢ᠂ ᠮᠥᠰᠥ ᠴᠠᠰᠤᠨ ᠤ | ᠰᠣᠶᠣᠯ ᠤᠨ ᠠᠭᠤᠷ ᠠᠮᠢᠰᠬᠤᠯ ᠪᠠ ᠦᠨᠳᠦᠰᠦᠲᠡᠨ ᠤ ᠣᠨᠴᠠᠯᠢᠭ ᠢᠶᠠᠷ ᠪᠢᠯᠬᠠᠮ᠎ᠠ ᠥᠩᠭᠡᠲᠦ ᠳ᠋ᠧᠩ ᠰᠣᠯᠪᠢᠴᠠᠨ | ᠬᠡᠷᠡᠯᠳᠦᠵᠦ᠂ ᠬᠤᠲᠠ ᠶᠢᠨ ᠠᠷᠠᠳ᠂ ᠵᠤᠭᠠᠴᠠᠭᠰᠠᠳ ᠤᠨ ᠰᠤᠨᠢᠷᠬᠠᠯ ᠢ ᠲᠠᠳᠠᠨ᠂ ᠰᠡᠭᠦᠳᠡᠷ ᠲᠠᠲᠠᠵᠤ ᠳᠤᠷᠠᠰᠬᠠᠯ | ᠦᠯᠡᠳᠡᠭᠡᠳᠡᠭ᠃ | | | | | ᠡᠭᠦᠨ ᠠᠴᠠ ᠭᠠᠳᠠᠨ᠎ᠠ᠂ ᠤᠶᠢᠷᠠᠳᠴᠦ ᠪᠠᠶᠢᠭ᠎ᠠ ᠴᠠᠭᠠᠨ ᠰᠠᠷ᠎ᠠ ᠶᠢ ᠤᠭᠲᠤᠬᠤ ᠶᠢᠨ ᠲᠥᠯᠥᠭᠡ᠂ ᠮᠠᠨ ᠤ ᠬᠤᠲᠠ | ᠣᠳᠣᠬᠠᠨ ᠳᠤ ᠨᠥᠬᠦᠷᠯᠡᠯ ᠵᠠᠮ ᠤᠨ ᠪᠥᠬᠦ ᠬᠡᠰᠡᠭ᠂ ᠵᠢᠷᠢᠮ ᠶᠡᠭᠡ ᠵᠡᠭᠡᠯᠢ ᠶᠢᠨ ᠪᠠᠷᠠᠭᠤᠨ ᠬᠡᠰᠡᠭ᠂ ᠵᠢᠷᠢᠮ ᠶᠡᠭᠡ | ᠵᠡᠭᠡᠯᠢ ᠶᠢᠨ ᠵᠡᠭᠦᠨ ᠬᠡᠰᠡᠭ᠂ ᠵᠢᠴᠢ ᠱᠤᠸᠠᠩ ᠶᠤᠸᠠᠨ ᠠᠭᠤᠳᠠᠮ ᠲᠠᠯᠠᠪᠠᠶ ᠵᠡᠷᠭᠡ ᠭᠤᠤᠯᠳᠠᠯᠭ᠎ᠠ ᠲᠠᠢ ᠵᠡᠭᠡᠯᠢ | ᠭᠤᠳᠤᠮᠵᠢ ᠶᠢᠨ ᠵᠠᠮ ᠤᠨ ᠮᠣᠳᠣᠨ ᠳᠤ LED ᠳ᠋ᠧᠩ ᠰᠥᠨᠢ ᠶᠢᠨ ᠬᠥᠰᠢᠭᠡᠨ ᠳᠤ᠂ ᠨᠢᠳᠦ ᠭᠢᠯᠠᠰᠤᠮ᠎ᠠ᠂ ᠥᠩᠭᠡ | ᠢᠯᠭᠠᠷᠠᠮ᠎ᠠ ᠬᠡᠷᠡᠯ ᠭᠢᠯᠪᠠᠭ᠎ᠠ ᠨᠢ ᠬᠤᠲᠠ ᠶᠢᠨ ᠰᠥᠨᠢ ᠶᠢ ᠭᠡᠷᠡᠯᠲᠦᠭᠦᠯᠵᠦ᠂ ᠪᠠᠶᠠᠷ ᠤᠨ ᠡᠳᠦᠷ ᠤᠨ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠪᠠ᠃ | | | | | | | | | |