ᠵᠢᠩᠱᠠᠨ ᠨᠡᠶᠢᠭᠡᠮ ᠲᠣᠭᠤᠷᠢᠭ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/11/18
ᠵᠢᠩᠱᠠᠨ ᠨᠡᠶᠢᠭᠡᠮ ᠲᠣᠭᠤᠷᠢᠭ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ  ᠤᠨ ᠠᠵᠢᠯᠯᠠᠭ᠎ᠠ ᠦᠷᠨᠢᠬᠦᠯᠪᠡ      ᠵᠢᠩᠱᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠳᠤ ᠪᠠᠨ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ᠂ ᠵᠢᠩ ᠬᠤ᠋ ᠡᠮᠦᠨ᠎ᠡ ᠤᠮᠠᠷ᠎ᠠ ᠬᠦᠷᠢᠶᠠᠨ ᠤ ᠭᠤᠤᠯ ᠵᠠᠮ ᠤᠨ ᠠᠭᠤᠯᠵᠠᠷ ᠲᠤ ᠨᠠᠰᠢ ᠴᠠᠰᠢ ᠶᠠᠪᠤᠵᠤ ᠪᠠᠶᠢᠭ᠎ᠠ ᠬᠥᠮᠦᠨ ᠵᠢᠴᠢ ᠮᠠᠰᠢᠨ ᠲᠡᠷᠭᠡᠨ ᠤ ᠵᠢᠯᠣᠭᠤᠴᠢ ᠳᠤ ︽ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠨᠠᠭᠠᠴᠢᠯᠭ᠎ᠠ ᠶᠢᠨ ᠪᠢᠴᠢᠭ︾ ᠢ ᠲᠠᠷᠬᠠᠭᠠᠭᠰᠠᠨ ᠤ ᠬᠠᠮᠲᠤ ᠥᠷᠭᠡᠨ ᠣᠯᠠᠨ ᠰᠠᠭᠤᠭᠠᠯᠢ ᠠᠷᠠᠳ ᠲᠦᠮᠡᠨ ᠢ ᠪᠣᠯᠪᠠᠰᠤᠨ ᠢᠶᠠᠷ ᠲᠡᠷᠭᠡ ᠵᠢᠯᠣᠭᠤᠳᠴᠤ ᠪᠣᠯᠪᠠᠰᠤᠨ ᠢᠶᠠᠷ ᠶᠠᠪᠤᠬᠤ ᠶᠢ ᠰᠠᠨᠠᠭᠤᠯᠵᠠᠶ᠃ ᠣᠯᠠᠨ ᠢᠶᠠᠷ ᠢᠶᠠᠨ ᠪᠣᠯᠪᠠᠰᠤᠨ ᠨᠠᠶᠢᠷ ᠲᠠᠯᠪᠢᠬᠤ ᠰᠠᠶᠢᠨ ᠳᠠᠳᠬᠠᠯ ᠲᠠᠢ ᠪᠣᠯᠬᠤ ᠶᠢ ᠰᠠᠨᠠᠭᠠᠴᠢᠯᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号